| ᠵᠠᠰᠠᠭ ᠤᠨ ᠣᠷᠳᠣᠨ ᠤ ᠠᠵᠢᠯ ᠤᠨ ᠢᠯᠡᠳᠬᠡᠯ | | | 2020 ᠤᠨ ᠤ 4 ᠰᠠᠷ᠎ᠠ ᠶᠢᠨ 9 ᠤ ᠡᠳᠥᠷ ᠤᠨ ᠤᠯᠠᠭᠠᠨᠬᠠᠳᠠ ᠬᠤᠳᠠ ᠶᠢᠨ ᠲᠤᠯᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ | | | ᠣᠷᠣᠯᠠᠭᠴᠢ ᠬᠤᠲᠠ ᠶᠢᠨ ᠳᠠᠷᠤᠭ᠎ᠠ ᠸᠠᠩ ᠸᠠᠩ ᠱᠧᠩ | | ᠲᠥᠯᠥᠭᠡᠯᠡᠭᠴᠢᠳ ᠡ᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ | ᠃ ᠡᠭᠦᠨ ᠤ ᠬᠠᠮᠲᠤ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠪᠤᠰᠤᠳ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠤᠭᠠᠷᠠᠢ᠃ | | | ᠨᠢᠭᠡ᠂ 2019 ᠣᠨ ᠤ ᠠᠵᠢᠯ ᠤᠨ ᠡᠷᠭᠢᠴᠡᠭᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠪᠠᠰᠠᠴᠤ ᠤᠯᠠᠭᠠᠨᠬᠠᠳᠠ ᠶᠢᠨ ᠬᠥᠭᠵᠢᠯᠲᠡ ᠶᠢᠨ ᠶᠠᠪᠤᠴᠠ ᠳᠠᠬᠢ | ᠣᠨᠴᠠ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠮᠥᠨ᠃ ᠰᠢ ᠶᠢᠨ ᠫᠢᠩ ᠶᠡᠷᠦᠩᠬᠡᠢ ᠱᠦᠵᠢ ᠮᠠᠨ ᠤ ᠬᠤᠲᠠ ᠳᠤ ᠪᠡᠶ᠎ᠡ ᠪᠠᠷ ᠢᠶᠠᠨ ᠢᠷᠡᠵᠦ ᠠᠵᠢᠯ | ᠪᠠᠶᠢᠴᠠᠭᠠᠨ ᠵᠢᠯᠣᠭᠤᠳᠴᠤ᠂ ᠬᠥᠳᠡᠭᠡ ᠲᠣᠰᠬᠤᠨ᠂ ᠣᠢ ᠶᠢᠨ ᠲᠠᠯᠠᠪᠠᠢ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ | ᠲᠣᠬᠤᠨᠢᠭᠤᠯᠤᠨ ᠪᠣᠯᠭᠤᠭᠠᠵᠤ᠂ ᠤᠯᠠᠭᠠᠨᠬᠠᠳᠠ ᠶᠢᠨ 460 ᠲᠦᠮᠡᠨ ᠠᠷᠠᠳ ᠲᠦᠮᠡᠨ ᠢ ᠨᠡᠩ ᠢᠯᠡᠭᠦᠦ ᠤᠷᠮᠠᠰᠢᠭᠤᠯᠤᠨ ᠵᠣᠷᠢᠬᠵᠢᠭᠤᠯᠵᠤ᠂ ᠰᠢᠨ᠎ᠡ ᠴᠠᠭ | ᠦᠶ᠎ᠠ ᠶᠢᠨ ᠤᠯᠠᠭᠠᠨᠬᠠᠳᠠ ᠶᠢᠨ ᠥᠭᠡᠷᠡᠴᠢᠯᠡᠯᠲᠡ ᠬᠥᠭᠵᠢᠯᠲᠡ ᠳᠤ ᠠᠤᠭ᠎ᠠ ᠶᠡᠭᠡ ᠬᠦᠴᠦᠨ ᠴᠢᠳᠠᠯ ᠨᠡᠮᠡᠷᠢᠯᠡᠪᠡ᠃ ᠨᠢᠭᠡ ᠵᠢᠯ ᠤᠨ ᠲᠤᠷᠰᠢ᠂ ᠬᠤᠲᠠ ᠶᠢᠨ | ᠵᠠᠰᠠᠭ ᠤᠨ ᠣᠷᠳᠣᠨ ᠨᠢ ᠬᠦᠴᠢᠷ ᠪᠡᠷᠬᠡᠰᠢᠶᠡᠯ ᠲᠠᠢ ᠠᠵᠤ ᠠᠬᠤᠢ ᠶᠢᠨ ᠪᠠᠶᠢᠳᠠᠯ ᠪᠠ ᠬᠦᠨᠳᠦ ᠨᠦᠰᠡᠷ ᠬᠥᠭᠵᠢᠯᠲᠡ ᠶᠢᠨ ᠡᠭᠦᠷᠭᠡ ᠳᠤ ᠲᠤᠯᠭᠠᠷᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ | ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠦᠰᠡᠯ | ᠨᠠᠶᠢᠳᠠᠯᠭ᠎ᠠ ᠶᠢ ᠨᠢ ᠪᠠᠲᠤ ᠴᠡᠭᠡᠵᠢᠯᠡᠵᠦ᠂ ᠠᠴᠢ ᠡᠨᠡᠷᠢᠯ ᠳᠤᠨᠢ ᠪᠠᠶᠠᠷᠯᠠᠨ ᠲᠠᠯᠠᠷᠬᠠᠵᠤ᠂ ᠡᠷᠡᠯᠬᠡᠭᠯᠡᠨ ᠤᠷᠤᠭᠰᠢᠯᠠᠵᠤ ᠤᠷᠮᠠᠰᠢᠨ ᠳᠠᠪᠰᠢᠭᠰᠠᠨ ᠠᠴᠠ ᠠᠵᠤ | ᠠᠬᠤᠢ ᠶᠢᠨ ᠬᠥᠭᠵᠢᠯᠲᠡ ᠲᠣᠭᠲᠠᠭᠤᠨ ᠮᠥᠷᠲᠡᠭᠡᠨ ᠬᠠᠨᠳᠤᠰᠢ ᠰᠠᠶᠢᠨ᠂ ᠨᠡᠶᠢᠭᠡᠮ ᠤᠨ ᠪᠦᠬᠦ ᠪᠠᠶᠢᠳᠠᠯ ᠡᠶ᠎ᠡ ᠵᠣᠬᠢᠴᠠᠯᠲᠠᠢ ᠲᠣᠭᠲᠠᠭᠤᠨ ᠪᠠᠶᠢᠵᠤ᠂ ᠬᠤᠲᠠ ᠶᠢᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠲᠣᠭᠲᠠᠭᠠᠭᠰᠠᠨ ᠵᠢᠯ ᠤᠨ | ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠡᠢ᠃ ᠪᠦᠬᠦ ᠬᠤᠲᠠ ᠶᠢᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 1708.4 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 5.1% ᠨᠡᠮᠡᠭᠳᠡᠵᠡᠢ᠂ 500 ᠲᠦᠮᠡᠨ ᠲᠦᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ 7.2% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠰᠤᠯᠠ ᠬᠤᠳᠠᠯᠳᠤᠭᠰᠠᠨ ᠶᠡᠷᠦᠩᠬᠡᠢ ᠨᠣᠷᠮ᠎ᠠ 6.8% ᠨᠡᠮᠡᠭᠳᠡᠵᠡᠢ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠵᠠᠷᠤᠴᠠᠭᠤᠯᠵᠤ ᠪᠣᠯᠬᠤ ᠣᠷᠣᠯᠭ᠎ᠠ ᠬᠥᠮᠥᠨ ᠪᠦᠷᠢ ᠲᠡᠭᠰᠢᠳᠬᠡᠭᠡᠳ ᠲᠤᠰᠪᠤᠷᠢ 34101 ᠲᠥᠭᠦᠷᠢᠭ ᠪᠠ 12620 ᠲᠥᠭᠦᠷᠢᠭ ᠪᠣᠯᠵᠤ᠂ | 6.8% ᠪᠠ 11% ᠨᠡᠮᠡᠭᠳᠡᠵᠡᠢ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 110.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2% | ᠨᠡᠮᠡᠭᠳᠡᠵᠡᠢ᠂ ᠭᠠᠶᠢᠯᠢ ᠬᠡᠯᠲᠦᠷᠢᠭᠦᠯᠵᠦ ᠰᠦᠢᠳᠬᠡᠯ ᠬᠠᠰᠤᠭᠰᠠᠨ ᠰᠢᠯᠲᠠᠭᠠᠨ ᠤ ᠨᠥᠯᠥᠭᠡᠯᠡᠯ ᠢ ᠭᠠᠷᠭᠠᠪᠠᠯ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 13.6% | ᠨᠡᠮᠡᠭᠳᠡᠵᠡᠢ᠃ | ᠡᠨᠡ ᠨᠢᠭᠡ ᠵᠢᠯ ᠳᠤ᠂ ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ ᠨᠢ ᠵᠠᠩᠭᠢᠯᠠᠭ᠎ᠠ ᠶᠢᠨ ᠴᠢᠨᠠᠷᠲᠠᠢ ᠠᠬᠢᠯᠲᠠ ᠲᠠᠢ ᠪᠣᠯᠵᠠᠢ᠃ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠮᠵᠢᠯᠲᠠ ᠢᠯᠡᠳᠲᠡ᠃ ︽ᠠᠷᠪᠠᠨ ᠵᠦᠢᠯ ᠢ ᠦᠭᠡᠶᠢᠰᠭᠡᠬᠦ ᠶᠢ ᠪᠠᠷᠢᠮᠵᠢᠶ᠎ᠠ ᠳᠤ ᠬᠦᠷᠭᠡᠬᠦ︾ ᠠᠵᠢᠯᠯᠠᠭᠠᠨ ᠢ ᠪᠦᠬᠦ | ᠲᠠᠯ᠎ᠠ ᠪᠠᠷ ᠪᠡᠶᠡᠯᠡᠭᠦᠯᠵᠦ᠂ ᠲᠥᠪ ᠬᠤᠷᠢᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠤᠰᠬᠠᠢ ᠲᠥᠷᠥᠯ ᠤᠨ ᠲᠣᠭᠤᠷᠢᠨ ᠪᠠᠶᠢᠴᠠᠭᠠᠯᠲᠠ ᠪᠠ | ᠲᠥᠷᠥ ᠶᠢᠨ ᠶᠠᠪᠤᠳᠠᠯ ᠤᠨ ᠬᠤᠷᠢᠶᠠᠨ ᠤ ᠦᠷ᠎ᠡ ᠪᠦᠲᠦᠮᠵᠢ ᠶᠢᠨ ᠬᠢᠨᠠᠨ ᠰᠢᠯᠭᠠᠷᠠᠭᠤᠯᠤᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠵᠠᠰᠠᠨ | ᠰᠠᠶᠢᠵᠢᠷᠠᠭᠤᠯᠵᠠᠢ᠃ ᠡᠳ᠋ ᠤᠨ ᠵᠠᠰᠠᠭ ᠤᠨ ᠪᠡᠯᠡ ᠮᠥᠩᠭᠦ 33.5 ᠳ᠋ᠦᠩᠰᠢᠭᠤᠷ ᠲᠥᠭᠦᠷᠢᠭ ᠨᠢᠳᠬᠡᠵᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ | ᠬᠠᠮᠵᠢᠯᠴᠠᠭ᠎ᠠ ᠪᠠ ᠴᠢᠭ᠋ ᠲᠣᠭᠲᠠᠭᠠᠨ ᠬᠠᠪᠰᠤᠷᠤᠨ ᠲᠡᠳᠬᠦᠬᠦ ᠲᠤᠰᠬᠠᠢ ᠲᠥᠷᠥᠯ ᠤᠨ ᠪᠡᠯᠡ ᠮᠥᠩᠭᠦ 4.9 ᠳ᠋ᠦᠩᠰᠢᠭᠤᠷ ᠲᠥᠭᠦᠷᠢᠭ ᠢ ᠴᠢᠷᠮᠠᠶᠢᠨ ᠤᠯᠵᠤ᠂ 4.83 | ᠲᠦᠮᠡᠨ ᠬᠥᠮᠥᠨ ᠢ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠵᠦ᠂ ᠪᠦᠬᠦ ᠬᠤᠲᠠ ᠶᠢᠨ ᠶᠠᠳᠠᠭᠤ ᠬᠦᠴᠢᠷᠲᠠᠢ ᠪᠣᠯᠬᠤ ᠨᠣᠷᠮ᠎ᠠ ᠶᠢ 0.28% ᠪᠣᠯᠲᠠᠯ᠎ᠠ | ᠪᠠᠭᠤᠷᠠᠭᠤᠯᠵᠤ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ᠂ ᠠᠤᠬᠠᠨ ᠬᠤᠰᠢᠭᠤ ᠨᠢ ᠤᠯᠤᠰ ᠤᠨ ᠲᠡᠰ ᠤᠨ ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠴᠠᠢ᠃ ᠮᠠᠨ ᠤ ᠬᠤᠲᠠ ᠨᠢ ᠪᠠᠷᠠᠭᠤᠨ ᠬᠡᠰᠡᠭ ᠤᠨ ᠮᠤᠵᠢ ᠣᠷᠣᠨ ᠤ ᠬᠠᠮᠤᠭ ᠲᠦᠷᠦᠭᠦᠨ ᠤ ᠤᠯᠤᠰ ᠤᠨ | ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠣᠷᠰᠢᠯᠲᠠ ᠶᠢᠨ ᠤᠷᠤᠨ ᠪᠣᠯᠵᠤ᠂ ᠯᠢᠨᠰᠢ ᠰᠢᠶᠠᠨ ᠤ ︽ᠣᠨᠳᠣᠣ ᠭᠠᠵᠠᠷ ᠨᠡᠭᠦᠯᠭᠡᠬᠦ +︾ ᠶᠠᠳᠠᠭᠤ ᠶᠢ ᠲᠡᠳᠬᠦᠬᠦ | ᠬᠡᠯᠪᠡᠷᠢ ᠮᠠᠶ᠋ᠢᠭ ᠨᠢ ᠪᠦᠬᠦ ᠪᠥᠮᠪᠥᠷᠴᠡᠭ ᠤᠨ ᠬᠠᠮᠤᠭ ᠰᠢᠯᠢᠳᠡᠭ ᠶᠠᠳᠠᠭᠤ ᠶᠢ ᠲᠡᠳᠬᠦᠬᠦ ᠵᠢᠱᠢᠶ᠎ᠡ ᠪᠠᠷ ᠦᠨᠡᠯᠡᠭᠳᠡᠵᠡᠢ᠃ ᠪᠣᠬᠢᠷᠳᠤᠯ ᠢ ᠰᠡᠷᠭᠡᠶᠢᠯᠠᠨ ᠵᠠᠰᠠᠬᠤ ᠨᠢ ᠮᠥᠨ | ᠰᠢᠨ᠎ᠡ ᠦᠷ᠎ᠡ ᠪᠦᠲᠦᠮᠵᠢ ᠣᠯᠵᠠᠢ᠃ ᠲᠥᠪ ᠬᠤᠷᠢᠶ᠎ᠠ᠂ ᠥᠪᠡᠷᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠢᠨᠠᠯᠲᠠ ᠲᠠᠯᠪᠢᠭᠰᠠᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠭᠤᠣᠯ ᠬᠤᠲᠠ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠰᠢᠯᠢᠳᠡᠭ ᠡᠳᠦᠷ ᠤᠨ | ᠲᠤᠭ᠎ᠠ ᠨᠢ 342 ᠡᠳᠦᠷ ᠲᠤ ᠬᠦᠷᠴᠦ᠂ ᠠᠭᠠᠷ ᠤᠨ ᠶᠠᠰᠤ ᠴᠢᠨᠠᠷ ᠨᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠴᠡᠢ᠃ ᠭᠠᠵᠠᠷ ᠤᠨ ᠭᠠᠳᠠᠷᠭᠤ ᠶᠢᠨ ᠤᠰᠤ ᠨᠢ | ᠤᠯᠤᠰ ᠤᠨ ᠪᠠᠷᠢᠮᠵᠢᠶ᠎ᠠ ᠶᠢᠨ ᠣᠭᠲᠤᠯᠤᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠬᠠᠷᠢᠴᠠᠯ ᠨᠢ ᠨᠢᠳᠤᠨᠤᠨ ᠠᠴᠠ 33.4 ᠵᠠᠭᠤᠨ ᠤ ᠴᠢᠭ ᠳᠡᠭᠡᠭᠰᠢᠯᠡᠵᠦ | ᠂ ᠬᠤᠲᠠ ᠪᠠᠯᠭᠠᠰᠤᠨ ᠤ ᠲᠥᠪᠯᠡᠷᠡᠭᠦᠯᠦᠭᠰᠡᠨ ᠢᠳᠡᠬᠦ ᠤᠰᠤᠨ ᠤ ᠰᠤᠷᠪᠤᠯᠵᠢ ᠭᠠᠵᠠᠷ ᠤᠨ ᠣᠰᠣᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ | 100% ᠶᠢ ᠪᠠᠷᠢᠮᠲᠠᠯᠠᠵᠤ᠂ ᠭᠤᠣᠯ ᠨᠠᠭᠤᠷ ᠤᠨ ︽ᠳᠥᠷᠪᠡᠨ ᠡᠮᠬᠢ ᠪᠤᠰᠤ︾ 519 ᠠᠰᠠᠭᠤᠳᠠᠯ ᠢ ᠴᠡᠭᠴᠡᠯᠡᠵᠡᠢ᠃ ᠬᠦᠷᠦᠰᠦ ᠰᠢᠷᠣᠢ ᠶᠢᠨ ᠣᠷᠴᠢᠨ | ᠲᠣᠭᠤᠷᠢᠨ ᠨᠢ ᠶᠡᠷᠦᠩᠬᠡᠢ ᠳᠡᠭᠡᠨ ᠲᠣᠭᠲᠠᠭᠤᠨ ᠢ ᠪᠠᠲᠤᠯᠠᠵᠠᠢ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠠᠢ ᠰᠡᠷᠭᠡᠶᠢᠯᠡᠨ ᠡᠵᠡᠮᠳᠡᠵᠡᠢ | ᠃ ᠵᠢᠯ ᠤᠨ ᠥᠷᠢ ᠥᠭᠴᠡᠭᠡ ᠶᠢ ᠨᠠᠮᠬᠠᠳᠬᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ︽ᠠᠷᠪᠠ ᠶᠢ ᠪᠦᠷᠬᠦᠭᠦᠯᠦᠭᠰᠡᠨ︾ ᠪᠠᠷᠢᠯᠭ᠎ᠠ ᠶᠢᠨ ᠵᠣᠭᠤᠰ ᠮᠥᠩᠭᠦ ᠶᠢᠨ | ᠥᠷᠢᠲᠦᠯ ᠢ ᠪᠦᠬᠦᠨ ᠢ ᠪᠤᠴᠠᠭᠠᠨ᠂ ᠬᠡᠰᠢᠭᠲᠡᠨ ᠬᠤᠰᠢᠭᠤ ᠨᠢ ᠡᠳ᠋ ᠤᠨ ᠵᠠᠰᠠᠭ ᠤᠨ ᠶᠠᠮᠤᠨ ᠤ ᠪᠠᠶᠢᠭᠤᠯᠤᠯᠲᠠᠲᠤ ᠰᠢᠶᠠᠨ ᠤ ᠳᠠᠯᠳᠠ ᠥᠷᠢ ᠥᠭᠴᠡᠭᠡ ᠶᠢᠨ | ᠲᠦᠭᠰᠢᠭᠦᠷᠢ ᠶᠢ ᠨᠠᠮᠳᠠᠭᠠᠬᠤ ᠲᠣᠷᠰᠢᠯᠲᠠ ᠶᠢᠨ ᠴᠢᠭ᠋ ᠤᠨ ᠭᠠᠵᠠᠷ ᠣᠷᠣᠨ ᠢᠶᠠᠷ ᠵᠢᠭᠰᠠᠭᠠᠭᠳᠠᠵᠠᠢ᠃ ᠮᠥᠩᠭᠦᠨ ᠭᠦᠢᠯᠭᠡᠭᠡᠨ ᠤ ᠬᠦᠷᠢᠶ᠎ᠡ ᠬᠡᠪᠴᠢᠶ᠎ᠡ ᠶᠢᠨ | ᠲᠦᠭᠰᠢᠭᠦᠷᠢ ᠶᠢ ᠢᠳᠡᠪᠬᠢᠲᠠᠢ ᠠᠷᠭᠠᠴᠠᠭᠠᠵᠤ᠂ ᠯᠠᠪᠳᠠᠭᠤᠨ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠭᠠᠷᠬᠤ ᠶᠢ | ᠰᠡᠷᠭᠡᠶᠢᠯᠡᠬᠦ ᠬᠠᠮᠤᠭ ᠳᠣᠣᠷ᠎ᠠ ᠬᠡᠮᠵᠢᠶ᠎ᠡ ᠶᠢ ᠬᠠᠮᠠᠭᠠᠯᠠᠵᠠᠢ᠃ | ᠡᠨᠡ ᠨᠢᠭᠡ ᠵᠢᠯ ᠳᠤ᠂ ᠣᠳᠣ ᠦᠶ᠎ᠠ ᠶᠢᠨ ᠠᠵᠤ ᠦᠢᠯᠡᠰ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠᠶᠠᠷᠯᠠᠭᠤᠰᠢᠲᠠᠢ ᠠᠬᠢᠴᠠ ᠲᠠᠢ ᠪᠣᠯᠵᠠᠢ᠃ | ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠰᠢᠨ᠎ᠡ ᠠᠬᠢᠯᠲᠠ ᠲᠠᠢ᠃ ᠲᠥᠬᠦᠭᠡᠷᠦᠮᠵᠢᠲᠦ ᠲᠠᠷᠢᠶᠠᠯᠠᠩ 7.8 ᠲᠦᠮᠡᠨ ᠮᠦ᠂ ᠠᠵᠤ | ᠠᠬᠤᠢ ᠶᠢᠨ ᠲᠠᠷᠢᠮᠠᠯ 46 ᠲᠦᠮᠡᠨ ᠮᠦ᠂ ᠲᠡᠵᠢᠭᠡᠯ ᠪᠣᠷᠳᠤᠭ᠎ᠠ ᠶᠢᠨ ᠲᠠᠷᠢᠮᠠᠯ 9.3 ᠲᠦᠮᠡᠨ ᠮᠦ ᠰᠢᠨ᠎ᠡ ᠨᠡᠮᠡᠭᠳᠡᠵᠦ᠂ ᠡᠷᠳᠡᠨᠢ ᠰᠢᠰᠢ ᠲᠠᠷᠢᠬᠤ ᠶᠢ 33.9 ᠲᠦᠮᠡᠨ | ᠮᠦ ᠲᠣᠬᠢᠷᠠᠭᠤᠯᠤᠨ ᠬᠠᠰᠤᠵᠤ᠂ ᠦᠬᠡᠷ ᠤᠨ ᠲᠤᠭ᠎ᠠ ᠲᠣᠯᠣᠭᠠᠢ 12 ᠲᠦᠮᠡ ᠨᠡᠮᠡᠭᠳᠡᠵᠡᠢ᠃ ︽ᠤᠯᠠᠭᠠᠨᠬᠠᠳᠠ ᠨᠠᠷᠢᠮᠤ︾ ᠨᠢ ᠳᠤᠮᠳᠠᠳᠤ ᠤᠯᠤᠰ ᠤᠨ | ᠲᠠᠷᠢᠶᠠᠯᠠᠩ ᠤᠨ ᠪᠦᠳᠦᠭᠡᠭᠳᠡᠭᠦᠨ ᠤ ᠤᠯᠤᠰ ᠤᠨ ᠨᠡᠷᠡᠲᠦ ᠲᠡᠮᠳᠡᠭᠲᠦ ᠶᠢᠨ ᠭᠠᠷᠴᠠᠭ ᠲᠤ ᠣᠷᠣᠵᠤ᠂ ︽ᠠᠤᠬᠠᠨ ᠨᠠᠷᠢᠮᠤ︾ ᠨᠢ ᠲᠥᠪ ᠤᠨ ᠲᠧᠯᠸᠢᠰ ᠬᠤᠷᠢᠶᠠᠨ ᠤ | ︽ᠤᠯᠤᠰ ᠤᠨ ᠨᠡᠷᠡᠲᠦ ᠲᠡᠮᠳᠡᠭᠲᠦ ᠶᠢᠨ ᠲᠥᠯᠥᠪᠯᠡᠭᠡ︾ ᠳᠤ ᠰᠤᠩᠭᠤᠭᠳᠠᠵᠤ᠂ ᠪᠦᠬᠦ ᠬᠤᠲᠠ ᠳᠤ ︽ᠭᠤᠷᠪᠠᠨ ᠪᠦᠲᠦᠭᠡᠭᠳᠡᠭᠦᠨ ᠨᠢᠭᠡ ᠲᠡᠮᠳᠡᠭ︾ ᠲᠠᠷᠢᠶᠠᠯᠠᠩ ᠤᠨ | ᠪᠦᠲᠦᠭᠡᠭᠳᠡᠭᠦᠨ ᠮᠠᠯ ᠤᠨ ᠠᠰᠢᠭ ᠰᠢᠮ᠎ᠡ 54 ᠰᠢᠨ᠎ᠡ ᠨᠡᠮᠡᠭᠳᠡᠵᠦ᠂ ᠮᠠᠨ ᠤ ᠬᠤᠲᠠ ᠨᠢ ᠥᠪᠤᠷ ᠮᠣᠩᠭᠤᠯ ᠤᠨ ᠠᠩᠬᠠᠳᠠᠭᠴᠢ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠲᠣᠭᠤᠷᠢᠭ ᠤᠨ ︽ᠢᠳᠡᠰᠢᠨ ᠨᠣᠭᠤᠭ᠎ᠠ︾ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠤᠷᠤᠭᠰᠠᠨ ᠠᠶᠢᠮᠠᠭ ᠬᠤᠲᠠ ᠪᠣᠯᠪᠠ | ᠃ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠦᠷᠬᠦᠯᠵᠢᠯᠡᠨ ᠳᠡᠭᠡᠭᠰᠢᠯᠡᠵᠡᠢ᠃ ᠤᠯᠠᠭᠠᠨᠬᠠᠳᠠ ᠶᠢᠨ ᠶᠦᠨ ᠲᠦᠩ ᠤᠨ ᠨᠡᠭᠦᠵᠦ | ᠮᠡᠷᠭᠡᠵᠢᠯ ᠤᠨ ᠥᠭᠡᠷᠡᠴᠢᠯᠡᠯᠲᠡ ᠬᠢᠬᠦ ᠲᠥᠷᠥᠯ ᠵᠦᠢᠯ ᠠᠵᠢᠯ ᠳᠠᠭᠤᠰᠴᠤ ᠠᠰᠢᠭᠯᠠᠯᠲᠠ ᠳᠤ ᠣᠷᠣᠵᠤ᠂ ᠶᠤᠸᠠᠨ ᠯᠢᠶᠠᠨ ᠪᠣᠯᠣᠳ ᠲᠡᠮᠦᠷ ᠤᠨ ᠮᠡᠷᠭᠡᠵᠢᠯ ᠤᠨ | ᠰᠢᠨᠡᠴᠢᠯᠡᠯᠲᠡ ᠬᠢᠵᠦ ᠳᠡᠰ ᠳᠡᠪᠰᠢᠬᠦ ᠲᠥᠷᠥᠯ ᠵᠦᠢᠯ ᠡᠬᠢᠯᠡᠨ ᠲᠣᠷᠰᠢᠵᠤ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ 2 × 35 | ᠲᠦᠮᠡᠨ ᠺᠢᠯᠤᠸ᠋ᠲ ᠢᠯᠴᠢ ᠴᠠᠬᠢᠯᠭᠠᠨ ᠬᠤᠯᠪᠤᠭᠠᠯᠠᠭᠰᠠᠨ ᠲᠥᠷᠥᠯ ᠵᠦᠢᠯ ᠨᠢ ᠠᠵᠢᠯ ᠳᠠᠭᠤᠰᠴᠤ᠂ 129 ᠪᠡᠯᠡ ᠣᠷᠤᠭᠤᠯᠤᠯᠲᠠ ᠨᠢ ᠳ᠋ᠦᠩᠰᠢᠭᠤᠷ ᠲᠥᠭᠦᠷᠢᠭ ᠢ | ᠳᠠᠪᠠᠭᠰᠠᠨ ᠭᠤᠣᠯᠳᠠᠯᠭᠠᠲᠠᠢ ᠲᠥᠷᠥᠯ ᠵᠦᠢᠯ ᠨᠢ ᠠᠵᠢᠯ ᠡᠬᠢᠯᠡᠨ ᠪᠦᠲᠦᠭᠡᠨ ᠪᠠᠶᠢᠭᠤᠯᠵᠤ᠂ 170 ᠳ᠋ᠦᠩᠰᠢᠭᠤᠷ ᠪᠡᠯᠡ ᠣᠷᠣᠭᠤᠯᠤᠭᠰᠠᠨ ᠬᠥᠩᠭᠡᠨ ᠴᠠᠭᠠᠨ ᠤ | ᠢᠰᠦᠯ ᠤᠨ ᠲᠥᠷᠥᠯ ᠵᠦᠢᠯ ᠤᠨ ᠡᠮᠦᠨ᠎ᠡ ᠬᠤᠭᠤᠴᠠᠭᠠᠨ ᠤ ᠠᠵᠢᠯ ᠳᠠᠭᠤᠰᠴᠤ᠂ 400 ᠳ᠋ᠦᠩᠰᠢᠭᠤᠷ ᠪᠡᠯᠡ ᠣᠷᠣᠭᠤᠯᠤᠭᠰᠠᠨ ᠰᠢᠯᠢᠳᠡᠭ ᠲᠡᠮᠦᠷᠯᠢᠭ | ᠮᠠᠲ᠋ᠧᠷᠢᠶᠠᠯ ᠤᠨ ᠲᠥᠷᠥᠯ ᠵᠦᠢᠯ ᠨᠢ ᠵᠢᠩᠬᠢᠨᠢ ᠪᠠᠷ ᠭᠡᠷ᠎ᠡ ᠲᠣᠭᠲᠠᠵᠤ᠂ ᠲᠥᠸᠧ ᠵᠢᠶᠠ ᠴᠠᠬᠢᠮ ᠠᠵᠦ ᠦᠢᠯᠡᠰ ᠤᠨ ᠬᠦᠷᠢᠶᠡᠯᠡᠩ ᠳᠤ 8 ᠠᠵᠤ ᠠᠬᠤᠶᠢᠯᠠᠯ ᠰᠢᠨ᠎ᠡ | ᠰᠠᠭᠤᠷᠢᠰᠢᠵᠤ᠂ ᠰᠢᠩᠭᠡᠨ ᠲᠠᠯᠠᠰᠲᠤ ᠳᠡᠯᠭᠡᠴᠡ ᠶᠢᠨ ᠵᠠᠭᠪᠤᠷ ᠤᠨ ᠤᠭᠰᠠᠷᠠᠬᠤ ᠨᠢ ᠪᠦᠬᠦ ᠠᠵᠤ ᠦᠢᠯᠡᠰ ᠤᠨ ᠬᠡᠯᠬᠢᠶᠡᠵᠢᠯ ᠢ ᠪᠡᠶᠡᠯᠡᠭᠦᠯᠵᠡᠢ᠃ ᠪᠣᠬᠢᠷᠳᠤᠯ ᠦᠭᠡᠢ | ᠠᠭᠤᠷᠬᠠᠢ 31 ᠪᠠᠶᠢᠭᠤᠯᠵᠤ᠂ 5 ᠭᠤᠤᠯᠳᠠᠯᠭᠠᠲᠠᠢ ᠠᠭᠤᠷᠬᠠᠢ ᠶᠢᠨ ᠲᠣᠭᠤᠷᠢᠭ ᠤᠨ ᠡᠬᠢ ᠪᠠᠶᠠᠯᠢᠭ ᠢ ᠨᠢᠳᠬᠡᠬᠦ ᠠᠵᠢᠯ ᠢ ᠪᠡᠶᠡᠯᠡᠭᠦᠯᠵᠡᠢ᠃ ᠣᠳᠣ ᠦᠶ᠎ᠠ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠨᠢ ᠰᠢᠨ᠎ᠡ ᠠᠬᠢᠴᠠ ᠲᠠᠢ ᠪᠣᠯᠵᠠᠢ᠃ ᠰᠦᠩ ᠱᠠᠨ ᠤ ᠸᠠᠨ ᠳ᠋ᠠ ᠠᠭᠤᠳᠠᠮ ᠲᠠᠯᠠᠪᠤᠷ ᠢ ᠡᠬᠢᠯᠡᠨ ᠪᠠᠶᠢᠭᠤᠯᠵᠤ᠂ | ᠬᠥᠭᠦᠷᠭᠡᠨ ᠠᠷᠤ ᠳᠠᠬᠢ ᠲᠥᠪ ᠠᠷᠠᠯᠵᠢᠶᠠᠨ ᠤ ᠲᠣᠭᠤᠷᠢᠭ ᠪᠠᠳᠤᠲᠠᠢ ᠠᠬᠢᠵᠤ᠂ ᠰᠢᠨ᠎ᠡ ᠬᠤᠲᠠ ᠲᠣᠭᠤᠷᠢᠭ ᠤᠨ ᠳ᠋ᠢ ᠬᠤᠤ ᠬᠤᠳᠠᠯᠳᠤᠭᠠᠨ ᠤ ᠲᠣᠭᠤᠷᠢᠭ ᠡᠬᠢᠯᠡᠨ | ᠡᠵᠡᠩᠨᠡᠵᠡᠢ᠃ ᠣᠳᠣ ᠦᠶ᠎ᠠ ᠶᠢᠨ ᠪᠠᠷᠠᠭ᠎ᠠ ᠶᠢᠨ ᠭᠦᠢᠯᠭᠡᠭᠡᠨ ᠤ ᠬᠥᠭᠵᠢᠯᠲᠡ ᠶᠢ ᠲᠥᠷᠭᠡᠳᠬᠡᠬᠦ ᠲᠤᠬᠠᠢ ᠰᠠᠨᠠᠯ ᠪᠣᠯᠣᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠲᠣᠭᠲᠠᠭᠠᠵᠤ᠂ ᠪᠦᠬᠦ ᠬᠤᠲᠠ ᠶᠢᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠣᠷᠣᠯᠠᠭᠤᠯᠤᠨ ᠬᠤᠳᠠᠯᠳᠤᠭᠰᠠᠨ ᠣᠷᠣᠯᠭ᠎ᠠ 599 ᠳ᠋ᠦᠩᠰᠢᠭᠤᠷ | ᠲᠥᠭᠦᠷᠢᠭ ᠢ ᠪᠡᠶᠡᠯᠡᠭᠦᠯᠵᠡᠢ᠃ ᠮᠠᠨ ᠤ ᠬᠤᠲᠠ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ | ᠶᠠᠪᠤᠳᠠᠯ ᠤᠨ ᠶᠡᠷᠦᠩᠬᠡᠶᠢᠯᠡᠭᠰᠡᠨ ᠲᠣᠷᠰᠢᠯᠲᠠ ᠶᠢᠨ ᠲᠣᠭᠤᠷᠢᠭ ᠪᠠ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠭᠠᠳᠠᠭᠠᠳᠤ ᠠᠴᠠ ᠵᠢᠵᠢᠭᠯᠡᠨ ᠣᠷᠣᠭᠤᠯᠬᠤ | ᠲᠤᠷᠰᠢᠯᠲᠠ ᠶᠢᠨ ᠬᠤᠲᠠ ᠪᠣᠯᠭᠠᠨ ᠪᠠᠶᠢᠭᠤᠯᠵᠠᠢ᠃ ᠨᠢᠩᠴᠧᠩ ᠤᠨ ᠷᠠᠰᠢᠶᠠᠨ ᠪᠤᠯᠠᠭ ᠵᠢᠵᠢᠭ ᠪᠠᠯᠭᠠᠰᠤ᠂ ᠶᠤᠸᠠᠨ ᠪᠣᠣ ᠱᠠᠨ ᠤ ᠦᠷ᠎ᠡ ᠴᠢᠬᠢ ᠶᠢᠨ ᠵᠢᠵᠢᠭ | ᠪᠠᠯᠭᠠᠰᠤ᠂ ᠣᠩᠨᠢᠭᠤᠳ ᠬᠤᠰᠢᠭᠤᠨ ᠤ ᠮᠣᠩᠭᠤᠯ ᠬᠠᠭᠠᠨ ᠤ ᠬᠤᠲᠠ ᠵᠡᠷᠭᠡ 24 ᠭᠤᠣᠯᠳᠠᠯᠭᠠᠲᠠᠢ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠲᠦᠷᠭᠡᠨ | ᠪᠠᠶᠢᠭᠤᠯᠵᠤ᠂ ᠽᠢ ᠮᠧᠩ ᠬᠤ᠋ ᠨᠠᠭᠤᠷ ᠨᠢ ᠤᠯᠤᠰ ᠤᠨ 4A ᠳᠡᠰ ᠤᠨ ᠦᠵᠡᠮᠵᠢ ᠶᠢᠨ ᠣᠷᠣᠨ ᠪᠣᠯᠵᠤ ᠳᠡᠰ ᠳᠡᠪᠰᠢᠵᠦ᠂ ᠪᠦᠬᠦ ᠵᠢᠯ ᠳᠤ | ᠵᠢᠭᠤᠯᠴᠢᠯᠠᠭᠰᠠᠳ 2165.2 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 352.3 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ | ᠃ ᠬᠤᠸᠠᠰᠢᠶᠠ ᠪᠠᠩᠬᠢ ᠶᠢᠨ ᠤᠯᠠᠭᠠᠨᠬᠠᠳᠠ ᠶᠢᠨ ᠬᠤᠪᠢᠶᠠᠷᠢ ᠪᠠᠩᠬᠢ ᠠᠵᠢᠯ ᠡᠬᠢᠯᠡᠨ ᠡᠵᠡᠩᠨᠡᠵᠦ᠂ ᠲᠠᠢ ᠫᠢᠩ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ | ᠮᠠᠨ ᠤ ᠬᠤᠲᠠ ᠳᠤ ᠰᠠᠭᠤᠷᠢᠰᠢᠵᠤ᠂ ᠣᠷᠣᠨ ᠲᠣᠭᠤᠷᠢᠭ ᠤᠨ ᠰᠲ᠋ᠣᠺ ᠤᠨ ᠵᠠᠬ᠎ᠠ ᠳᠤ ᠫᠠᠶᠢᠰᠠ ᠡᠯᠭᠦᠭᠰᠡᠨ ᠠᠵᠤ ᠠᠬᠤᠶᠢᠯᠠᠯ 35 ᠰᠢᠨ᠎ᠡ ᠪᠠᠷ ᠨᠡᠮᠡᠭᠳᠡᠵᠡᠢ᠃ ᠪᠦᠬᠦ | ᠬᠤᠲᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠬᠡᠪᠴᠢᠶ᠎ᠡ 2000 ᠳ᠋ᠦᠩᠰᠢᠭᠤᠷ ᠲᠥᠭᠦᠷᠢᠭ ᠢ ᠳᠠᠪᠠᠵᠤ᠂ ᠬᠠᠳᠠᠭᠠᠯᠠᠮᠵᠢ | ᠵᠢᠭᠡᠯᠡᠯᠭᠡ ᠶᠢᠨ ᠦᠯᠡᠳᠡᠪᠦᠷᠢ 2421.5 ᠳ᠋ᠦᠩᠰᠢᠭᠤᠷ ᠲᠥᠭᠦᠷᠢᠭ ᠪᠠ 2008.1 ᠳ᠋ᠦᠩᠰᠢᠭᠤᠷ ᠲᠥᠭᠦᠷᠢᠭ ᠲᠤ ᠬᠦᠷᠴᠦ᠂ ᠲᠤᠰᠪᠦᠷᠢ 4.8% ᠪᠠ 7.5% | ᠥᠰᠴᠡᠢ᠃ | ᠡᠨᠡ ᠨᠢᠭᠡ ᠵᠢᠯ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠨᠡᠯᠢᠶᠡᠳ ᠶᠡᠭᠡ ᠰᠢᠪᠲᠤᠯᠤᠯᠲᠠ ᠶᠢ ᠪᠡᠶᠡᠯᠡᠭᠦᠯᠵᠡᠢ᠃ ᠭᠤᠣᠯ ᠬᠤᠲᠠ | ᠲᠣᠭᠤᠷᠢᠭ ᠤᠨ ᠥᠩᠭᠡ ᠶᠢ ᠨᠢ ᠵᠠᠰᠠᠬᠤ ᠪᠠ ᠴᠢᠨᠠᠷ ᠢ ᠨᠢ ᠰᠠᠶᠢᠵᠢᠷᠠᠭᠤᠯᠬᠤ ᠶᠢ ᠵᠡᠷᠭᠡ ᠳᠤᠨᠢ ᠠᠬᠢᠭᠤᠯᠵᠠᠢ᠃ ᠬᠠᠰ ᠯᠤᠤ ᠶᠡᠭᠡ ᠵᠡᠭᠡᠯᠢ ᠶᠢ ᠪᠦᠷᠢᠮᠦᠰᠦᠨ | ᠰᠢᠨᠡᠳᠭᠡᠵᠦ᠂ ᠳᠡᠭᠦᠯᠢᠯᠲᠡ ᠶᠡᠭᠡ ᠵᠠᠮ ᠦᠨᠳᠦᠰᠦᠨ ᠳᠡᠭᠡᠨ ᠨᠡᠪᠲᠡᠷᠡᠵᠦ᠂ ᠬᠤᠲᠠ ᠪᠠᠯᠭᠠᠰᠤᠨ ᠤ ᠭᠤᠣᠯ ᠤᠨ ᠤᠷᠤᠰᠬᠠᠯ ᠤᠨ ᠦᠶᠡᠷ ᠰᠡᠷᠭᠡᠶᠢᠯᠡᠬᠦ ᠪᠠᠷᠢᠯᠭ᠎ᠠ ᠶᠢᠨ | ᠭᠤᠣᠯ ᠴᠣᠭᠴᠠ ᠠᠵᠢᠯ ᠳᠠᠭᠤᠰᠴᠤ᠂ ᠬᠤᠩᠱᠠᠨ ᠴᠡᠴᠡᠷᠯᠢᠭ᠂ ᠤᠯᠠᠭᠠᠨᠬᠠᠳᠠ ᠴᠡᠴᠡᠷᠯᠢᠭ᠂ ᠬᠠᠳᠠᠨᠬᠤᠰᠢᠭᠤ ᠴᠡᠴᠡᠷᠯᠢᠭ ᠤᠨ ᠦᠵᠡᠮᠵᠢ ᠶᠢ ᠳᠡᠭᠡᠭᠰᠢᠯᠡᠭᠦᠯᠬᠦ | ᠪᠠᠷᠢᠯᠭ᠎ᠠ ᠦᠨᠳᠦᠰᠦᠨ ᠳᠡᠭᠡᠨ ᠪᠠᠶᠢᠭᠤᠯᠵᠤ ᠳᠠᠭᠤᠰᠤᠨ᠂ ᠭᠠᠵᠠᠷ ᠳᠣᠣᠷᠠᠬᠢ ᠬᠠᠮ ᠬᠤᠭᠤᠯᠠᠢ ᠬᠤᠩᠭᠢᠯ ᠤᠨ ᠨᠢᠭᠡᠳᠦᠭᠡᠷ ᠬᠤᠭᠤᠴᠠᠭ᠎ᠠ ᠶᠢᠨ ᠭᠤᠣᠯ ᠴᠣᠭᠴᠠ ᠨᠢ | ᠠᠵᠢᠯ ᠳᠠᠭᠤᠰᠤᠨ᠂ ᠢᠩᠭᠡ ᠶᠢᠨ ᠭᠤᠣᠯ ᠤᠨ ᠰᠢᠨ᠎ᠡ ᠤᠰᠤᠨ ᠰᠤᠷᠪᠤᠯᠵᠢ ᠭᠠᠵᠠᠷ ᠤᠨ ᠪᠠᠷᠢᠯᠭ᠎ᠠ ᠪᠦᠬᠦ ᠲᠠᠯ᠎ᠠ ᠪᠠᠷ ᠡᠬᠢᠯᠡᠵᠦ᠂ ᠰᠠᠨ ᠽᠦᠸᠧ ᠳ᠋ᠢᠶᠠᠨ ᠤᠰᠤᠨ | ᠴᠦᠭᠦᠷᠦᠮ ᠠᠴᠠ ᠤᠰᠤ ᠲᠠᠲᠠᠵᠤ ᠬᠠᠩᠭᠠᠬᠤ ᠪᠠᠷᠢᠯᠭ᠎ᠠ ᠦᠨᠳᠦᠰᠦᠨ ᠳᠡᠭᠡᠨ ᠨᠡᠪᠲᠡᠷᠡᠵᠦ᠂ ᠢᠯᠴᠢ ᠬᠠᠩᠭᠠᠬᠤ᠂ ᠤᠰᠤ ᠬᠠᠩᠭᠠᠬᠤ᠂ ᠤᠰᠤ ᠵᠠᠯᠠᠬᠤ᠂ ᠳᠠᠬᠢᠯᠲᠠ | ᠤᠰᠤ ᠵᠡᠷᠭᠡ ᠶᠢᠨ ᠬᠤᠭᠤᠯᠠᠢ ᠲᠣᠣᠷᠵᠢᠯ 260 ᠺᠢᠯᠤᠮᠧᠲᠷ ᠢ ᠰᠢᠨ᠎ᠡ ᠪᠠᠷ ᠵᠠᠰᠠᠭᠰᠠᠨ ᠪᠠ ᠥᠭᠡᠷᠡᠴᠢᠯᠡᠨ ᠵᠠᠰᠠᠵᠠᠢ᠃ ᠲᠤᠰᠬᠠᠢ ᠺᠣᠮᠫᠠᠨᠢ ᠣᠷᠣᠭᠤᠯᠤᠨ ᠠᠪᠴᠢᠷᠠᠵᠤ | ᠣᠷᠴᠢᠨ ᠲᠣᠭᠤᠷᠢᠨ ᠤ ᠬᠠᠮᠠᠭᠠᠯᠠᠯᠲᠠ ᠴᠡᠪᠡᠷᠯᠡᠭᠡ ᠬᠢᠬᠦ᠂ ᠬᠤᠲᠠ ᠶᠢᠨ ᠶᠠᠪᠤᠳᠠᠯ ᠴᠡᠴᠡᠷᠯᠢᠭᠵᠢᠭᠦᠯᠦᠯᠲᠡ ᠶᠢᠨ ᠠᠷᠠᠴᠢᠯᠠᠨ ᠬᠠᠮᠠᠭᠠᠯᠠᠬᠤ ᠠᠵᠢᠯ ᠢ ᠳᠠᠭᠠᠭᠠᠯᠭᠠᠵᠤ᠂ | ᠭᠤᠣᠯ ᠬᠤᠲᠠ ᠲᠣᠭᠤᠷᠢᠭ ᠤᠨ ᠮᠠᠰᠢᠨᠴᠢᠯᠠᠭᠰᠠᠨ ᠴᠡᠪᠡᠷᠯᠡᠭᠡ ᠶᠢᠨ ᠨᠣᠷᠮ᠎ᠠ 73.5% ᠬᠦᠷᠴᠡᠢ᠃ ᠨᠡᠶᠢᠲᠡ ᠶᠢᠨ ᠮᠠᠰᠢᠨ ᠤ ᠥᠷᠲᠡᠭᠡ ᠰᠠᠷᠠᠪᠴᠢ 100 ᠶᠢ ᠳᠡᠰ | ᠳᠡᠭᠡᠭᠰᠢᠯᠡᠭᠦᠯᠦᠨ ᠥᠭᠡᠷᠡᠴᠢᠯᠡᠵᠦ᠂ 4 ᠵᠤᠷᠪᠤᠰ ᠨᠡᠶᠢᠲᠡ ᠶᠢᠨ ᠮᠠᠰᠢᠨ ᠤ ᠱᠤᠭᠤᠮ ᠢ ᠰᠢᠨ᠎ᠡ ᠨᠡᠪᠲᠡᠷᠡᠭᠦᠯᠵᠦ᠂ ᠴᠠᠬᠢᠮ ᠰᠦᠢᠳᠬᠡᠯ ᠲᠤᠰᠢᠶᠠᠬᠤ ᠨᠡᠶᠢᠲᠡ ᠶᠢᠨ | ᠮᠠᠰᠢᠨ ᠤ ᠨᠡᠶᠢᠳᠡᠮ ᠪᠦᠷᠬᠦᠯᠲᠡ ᠶᠢ ᠪᠡᠶᠡᠯᠡᠭᠦᠯᠵᠡᠢ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠥᠷᠭᠡᠳᠬᠡᠵᠡᠢ᠃ ᠳ᠋ᠠᠪᠠᠨ ᠠᠴᠠ ᠪᠢᠷᠠᠭᠤ | ᠬᠦᠷᠬᠦ ᠲᠥᠷᠭᠡᠨ ᠵᠠᠮ ᠵᠡᠷᠭᠡ 7 ᠵᠠᠰᠠᠮᠠᠯ ᠵᠠᠮ ᠤᠨ ᠲᠥᠷᠥᠯ ᠵᠦᠢᠯ ᠢ ᠪᠠᠶᠢᠭᠤᠯᠵᠤ ᠳᠠᠭᠤᠰᠤᠨ᠂ ᠵᠢᠩ ᠲᠥᠩ ᠲᠡᠮᠦᠷ ᠵᠠᠮ ᠤᠨ ᠴᠠᠬᠢᠯᠭᠠᠨᠴᠢᠯᠠᠬᠤ ᠥᠭᠡᠷᠡᠴᠢᠯᠡᠯᠲᠡ᠂ | ᠶᠧ ᡂᠢ ᠲᠡᠮᠦᠷ ᠵᠠᠮ ᠤᠨ ᠴᠢᠳᠠᠪᠬᠢ ᠶᠢ ᠥᠷᠭᠡᠳᠬᠡᠬᠦ ᠥᠭᠡᠷᠡᠴᠢᠯᠡᠯᠲᠡ ᠶᠢ ᠪᠡᠶᠡᠯᠡᠭᠦᠯᠵᠦ᠂ ᠤᠯᠠᠭᠠᠨᠬᠠᠳᠠ ᠶᠢᠨ ᠲᠦᠷᠭᠡᠨ ᠲᠡᠮᠦᠷ ᠵᠠᠮ ᠤᠨ ᠪᠦᠬᠦ ᠱᠤᠭᠤᠮ ᠴᠢᠷᠭᠢ | ᠳᠡᠪᠢᠰᠴᠦ᠂ ᠲᠦᠷᠭᠡᠨ ᠲᠡᠮᠦᠷ ᠵᠠᠮ ᠤᠨ ᠤᠯᠠᠭᠠᠨᠬᠠᠳᠠ ᠥᠷᠲᠡᠭᠡ ᠶᠢᠨ ᠭᠤᠣᠯ ᠴᠣᠭᠴᠠ ᠠᠵᠢᠯ ᠳᠠᠭᠤᠰᠤᠨ᠂ ᠬᠠᠰ ᠯᠤᠤ ᠨᠢᠰᠬᠡᠯ ᠤᠨ ᠪᠠᠭᠤᠳᠠᠯ ᠢ ᠥᠭᠡᠷᠡᠴᠢᠯᠡᠵᠦ | ᠥᠷᠭᠡᠳᠬᠡᠬᠦ ᠪᠠᠷᠢᠯᠭ᠎ᠠ ᠶᠢ ᠡᠬᠢᠯᠡᠨ ᠪᠠᠶᠢᠭᠤᠯᠵᠠᠢ᠃ ᠣᠷᠣᠨ ᠠᠯᠤᠰᠯᠠᠨ ᠤᠰᠤ ᠲᠠᠲᠠᠬᠤ ᠪᠠᠷᠢᠯᠭ᠎ᠠ ᠨᠢ ᠴᠢᠬᠤᠯᠠ ᠶᠡᠭᠡ ᠠᠬᠢᠴᠠ ᠲᠠᠢ ᠪᠣᠯᠵᠤ᠂ ᠬᠡᠰᠢᠭᠲᠡᠨ | ᠬᠤᠰᠢᠭᠤᠨ ᠤ 120 ᠲᠦᠮᠡᠨ ᠺᠢᠯᠤᠸ᠋ᠲ ᠤᠰᠤ ᠲᠠᠲᠠᠨ ᠡᠨᠧᠷᠭᠢ ᠨᠦᠬᠡᠴᠢᠯᠡᠬᠦ ᠴᠠᠬᠢᠯᠭᠠᠨ ᠥᠷᠲᠡᠭᠡ᠂ ᠴᠣᠣᠶᠠᠩ ᠠᠴᠠ ᠤᠯᠠᠭᠠᠨᠬᠠᠳᠠ ᠬᠦᠷᠬᠦ ᠰᠢᠲᠠᠮᠠᠬᠠᠢ ᠬᠡᠢ | ᠬᠦᠷᠭᠡᠬᠦ ᠬᠤᠭᠤᠯᠠᠢ ᠵᠡᠷᠭᠡ ᠲᠥᠷᠥᠯ ᠵᠦᠢᠯ ᠢ ᠡᠬᠢᠯᠡᠨ ᠪᠠᠶᠢᠭᠤᠯᠵᠠᠢ᠃ ᠪᠦᠬᠦ ᠵᠢᠯ ᠳᠤ 774 ᠺᠢᠯᠤᠮᠧᠲᠷ ᠵᠠᠮ ᠨᠡᠪᠲᠡᠷᠡᠯᠬᠡ ᠶᠢᠨ ᠨᠣᠭᠤᠭᠠᠷᠠᠭᠤᠯᠤᠯᠲᠠ ᠶᠢ | ᠨᠠᠶᠢᠳᠠᠪᠤᠷᠢᠵᠢᠭᠤᠯᠵᠤ᠂ 133.4 ᠲᠦᠮᠡᠨ ᠮᠦ ᠣᠢ ᠮᠣᠳᠣ ᠲᠠᠷᠢᠵᠤ᠂ ᠤᠰᠤ ᠬᠦᠷᠦᠰᠦᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠯᠲᠠ 921 ᠲᠡᠭᠰᠢ | ᠳᠥᠷᠪᠡᠯᠵᠢᠨ ᠺᠢᠯᠣᠮᠧᠲᠷ ᠨᠡᠮᠡᠭᠳᠡᠵᠦ᠂ ᠭᠤᠣᠯᠳᠠᠯᠭᠠᠲᠠᠢ ᠤᠷᠤᠰᠬᠠᠯ ᠳᠠᠭᠠᠤ ᠣᠷᠣᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠨᠢ | ᠠᠩᠬ᠎ᠠ ᠪᠦᠲᠦᠮᠵᠢ ᠣᠯᠵᠠᠢ᠃ ᠰᠢᠶᠠᠩ ᠲᠣᠰᠬᠤᠨ ᠢ ᠮᠠᠨᠳᠤᠭᠤᠯᠬᠤ ᠪᠠᠶᠢᠯᠳᠤᠬᠤ ᠪᠣᠳᠣᠯᠭ᠎ᠠ ᠨᠢ ᠯᠠᠪᠳᠠᠭᠤᠨ ᠠᠬᠢᠵᠠᠢ᠃ ᠲᠣᠷᠰᠢᠯᠲᠠ ᠶᠢᠨ ᠵᠢᠱᠢᠶ᠎ᠡ ᠦᠵᠡᠭᠦᠯᠬᠦ | ᠲᠥᠷᠥᠯ ᠵᠦᠢᠯ 169 ᠶᠢ ᠬᠡᠷᠡᠭᠵᠢᠭᠦᠯᠵᠦ᠂ 53.4 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠡᠢ᠃ ᠬᠥᠳᠡᠭᠡ ᠲᠣᠰᠬᠤᠨ ᠮᠠᠯᠵᠢᠬᠤ | ᠣᠷᠣᠨ ᠤ ᠵᠣᠷᠯᠣᠩ 32137 ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠠᠢ᠃ ᠵᠠᠰᠠᠭ ᠵᠠᠬᠢᠷᠭᠠᠨ ᠤ ᠲᠣᠰᠬᠤᠨ ᠤ ᠥᠷᠭᠡᠨ ᠳᠠᠮᠵᠢᠯᠭᠠᠲᠤ | ᠰᠦᠯᠵᠢᠶ᠎ᠡ ᠪᠦᠷᠬᠦᠭᠰᠡᠨ ᠨᠣᠷᠮ᠎ᠠ 97.6% ᠬᠦᠷᠴᠡᠢ᠃ | ᠡᠨᠡ ᠨᠢᠭᠡ ᠵᠢᠯ ᠳᠤ᠂ ᠥᠭᠡᠷᠡᠴᠢᠯᠡᠯᠲᠡ ᠨᠡᠭᠡᠭᠡᠯᠲᠡ ᠨᠢ ᠥᠷᠬᠦᠯᠵᠢᠯᠡᠨ ᠭᠦᠨᠵᠡᠭᠡᠶᠢᠷᠡᠵᠡᠢ᠃ ᠭᠤᠣᠯᠳᠠᠯᠭᠠᠲᠠᠢ ᠬᠦᠷᠢᠶ᠎ᠡ ᠴᠠᠷ᠎ᠠ ᠶᠢᠨ ᠥᠭᠡᠷᠡᠴᠢᠯᠡᠯᠲᠡ ᠰᠢᠨ᠎ᠡ | ᠠᠬᠢᠯᠲᠠ ᠣᠯᠵᠠᠢ᠃ 248 ᠲᠥᠷᠥᠯ ᠵᠦᠢᠯ ᠤᠨ ᠥᠭᠡᠷᠡᠴᠢᠯᠡᠯᠲᠡ ᠶᠢᠨ ᠡᠭᠦᠷᠭᠡ ᠥᠷᠭᠡᠵᠢᠨ ᠭᠦᠨᠵᠡᠭᠡᠶᠢᠷᠡᠵᠦ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠲᠡᠭᠦᠰ ᠠᠮᠵᠢᠯᠲᠠᠲᠠᠢ ᠪᠡᠶᠡᠯᠡᠭᠳᠡᠵᠡᠢ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠳᠤ ᠬᠤᠲᠠ ᠰᠢᠶᠠᠨ ᠤ | ᠬᠠᠮᠲᠤ ᠶᠢᠨ ᠡᠳ᠋ ᠤᠨ ᠵᠠᠰᠠᠭ ᠤᠨ ᠡᠷᠬᠡ ᠪᠣᠯᠣᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠶᠢᠨ ᠥᠭᠡᠷᠡᠴᠢᠯᠡᠯᠲᠡ ᠶᠢ ᠡᠬᠢᠯᠡᠨ ᠬᠡᠷᠡᠭᠵᠢᠭᠦᠯᠵᠦ᠂ | ᠬᠤᠲᠠ ᠶᠢᠨ ᠳᠡᠰ ᠤᠨ ᠡᠳ᠋ ᠤᠨ ᠵᠠᠰᠠᠭ ᠤᠨ ᠪᠡᠯᠡ ᠣᠷᠤᠭᠤᠯᠤᠯᠲᠠ ᠶᠢᠨ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ ᠶᠢ ᠵᠠᠰᠠᠪᠤᠷᠢ ᠣᠷᠤᠭᠤᠯᠬᠤ ᠶᠢ | ᠪᠡᠶᠡᠯᠡᠭᠦᠯᠵᠡᠢ᠃ ᠭᠤᠣᠯ ᠬᠤᠲᠠ ᠲᠣᠭᠤᠷᠢᠭ ᠤᠨ ᠭᠡᠷ ᠭᠠᠵᠠᠷ ᠬᠥᠷᠥᠩᠭᠡ ᠶᠢᠨ ᠳᠡᠰ ᠳᠡᠪᠰᠢᠭᠰᠡᠨ ᠰᠢᠨ᠎ᠡ ᠲᠥᠷᠥ ᠶᠢᠨ ᠪᠣᠳᠣᠯᠭ᠎ᠠ᠂ ᠡᠮ ᠡᠮᠨᠡᠯᠭᠡ ᠶᠢᠨ ᠰᠠᠭᠤᠷᠢ | ᠮᠥᠩᠭᠦᠨ ᠤ ᠬᠤᠲᠠ ᠶᠢᠨ ᠳᠡᠰ ᠤᠨ ᠨᠢᠭᠡᠳᠦᠯᠲᠡᠢ ᠴᠤᠭᠯᠠᠭᠤᠯᠬᠤ᠂ ᠰᠤᠷᠭᠠᠨ ᠬᠥᠮᠥᠵᠢᠯ ᠤᠨ ᠬᠦᠷᠢᠶ᠎ᠡ ᠬᠡᠪᠴᠢᠶ᠎ᠡ ᠶᠢᠨ ᠥᠭᠡᠷᠡᠴᠢᠯᠡᠯᠲᠡ ᠵᠡᠷᠭᠡ ᠲᠥᠷᠥ ᠶᠢᠨ | ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠵᠠᠯᠭ᠎ᠠ ᠪᠠᠷ ᠲᠣᠭᠲᠠᠭᠠᠵᠠᠢ᠃ ᠪᠠᠭᠠᠷᠢᠨ ᠵᠡᠭᠦᠨ ᠬᠤᠰᠢᠭᠤᠨ ᠤ ᠣᠨᠴᠠ ᠬᠦᠴᠢᠷᠲᠡᠢ ᠡᠷᠦᠬᠡ ᠶᠢ ᠬᠠᠩᠭᠠᠨ | ᠲᠡᠵᠢᠭᠡᠬᠦ ︽ᠪᠠᠷᠢᠮᠵᠢᠶ᠎ᠠ + ᠭᠡᠷ᠎ᠡ︾ ᠶᠢᠨ ᠬᠡᠯᠪᠡᠷᠢ ᠮᠠᠶ᠋ᠢᠭ ᠨᠢ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠠᠪᠤᠷᠠᠨ ᠲᠡᠳᠬᠦᠬᠦ ᠬᠦᠷᠢᠶ᠎ᠡ ᠬᠡᠪᠴᠢᠶ᠎ᠡ ᠶᠢᠨ | ᠰᠢᠯᠢᠳᠡᠭ ᠡᠭᠦᠳᠦᠯᠲᠡ ᠶᠢᠨ ᠵᠢᠱᠢᠶ᠎ᠡ ᠪᠠᠷ ᠰᠣᠩᠭᠤᠭᠳᠠᠵᠠᠢ᠃ ᠡᠵᠡᠩᠨᠡᠯᠲᠡ ᠬᠤᠳᠠᠯᠳᠤᠭ᠎ᠠ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠠᠢ᠃ ᠪᠦᠬᠦ ᠵᠢᠯ ᠳᠤ | ᠭᠠᠶᠢᠯᠢ ᠬᠡᠯᠲᠦᠷᠢᠭᠦᠯᠵᠦ ᠰᠦᠢᠳᠬᠡᠯ ᠬᠠᠰᠤᠭᠰᠠᠨ 27.8 ᠳ᠋ᠦᠩᠰᠢᠭᠤᠷ ᠲᠥᠭᠦᠷᠢᠭ ᠰᠢᠨ᠎ᠡ ᠨᠡᠮᠡᠭᠳᠡᠵᠦ᠂ ᠳᠤᠮᠳᠠ ᠵᠢᠵᠢᠭ ᠠᠵᠤ ᠠᠬᠤᠶᠢᠯᠡᠯ ᠤᠨ ᠬᠠᠪᠰᠤᠷᠤᠨ | ᠪᠠᠲᠤᠯᠠᠭᠰᠠᠨ ᠵᠢᠭᠡᠯᠡᠯᠭᠡ 3.8 ᠳ᠋ᠦᠩᠰᠢᠭᠤᠷ ᠲᠥᠭᠦᠷᠢᠭ ᠲᠠᠯᠪᠢᠵᠠᠢ᠃ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠡᠭᠡᠷᠡᠬᠢ ᠶᠡᠭᠡ | ᠲᠢᠩᠬᠢᠮ᠂ e ᠵᠠᠰᠠᠭ ᠤᠨ ᠶᠠᠪᠤᠳᠠᠯ ᠤᠨ ᠰᠦᠯᠵᠢᠶ᠎ᠡ ᠳᠡᠭᠡᠷ᠎ᠡ ᠪᠡᠶᠡᠯᠡᠭᠦᠯᠬᠦ ᠲᠥᠪ ᠨᠢ ᠠᠰᠢᠭᠯᠠᠯᠲᠠ ᠳᠤ ᠣᠷᠣᠵᠤ ᠡᠵᠡᠩᠨᠡᠯᠲᠡ ᠡᠬᠢᠯᠡᠵᠡᠢ᠂ 345 ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠨᠢ ᠰᠥᠯᠵᠢᠶ᠎ᠡ ᠳᠡᠭᠡᠷ᠎ᠡ ᠠᠰᠠᠭᠤᠨ ᠯᠠᠪᠯᠠᠵᠦ ᠭᠦᠢᠴᠡᠳᠬᠡᠬᠦ ᠶᠢ ᠪᠡᠶᠡᠯᠡᠭᠦᠯᠵᠡᠢ᠃ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ 100 ᠠᠵᠢᠯᠯᠠᠬᠤ ᠡᠳᠦᠷ ᠳᠣᠲᠣᠷ᠎ᠠ ᠪᠣᠯᠲᠠᠯ᠎ᠠ ᠪᠠᠭᠠᠰᠬᠠᠵᠠᠢ᠃ ᠠᠵᠤ | ᠠᠬᠤᠶᠢᠯᠠᠯ ᠤᠨ ᠳᠠᠩᠰᠠᠯᠠᠬᠤ ᠶᠠᠪᠤᠳᠠᠯ ᠢ 1 ᠡᠳᠦᠷ ᠲᠤ ᠭᠦᠢᠴᠡᠳᠬᠡᠬᠦ ᠪᠣᠯᠭᠠᠵᠠᠢ᠃ ᠭᠠᠳᠠᠭᠰᠢ ᠴᠢᠯᠦᠭᠡᠲᠠᠢ ᠶᠠᠪᠤᠯᠴᠠᠬᠤ ᠨᠢ ᠰᠢᠨ᠎ᠡ ᠦᠷ᠎ᠡ ᠪᠦᠲᠦᠮᠵᠢ ᠣᠯᠵᠠᠢ᠃ | ᠳᠡᠳ᠋ ᠭᠠᠷᠠᠮ ᠣᠶᠢᠷᠠᠯᠴᠠᠭ᠎ᠠ ᠠᠵᠦ ᠦᠢᠯᠡᠰ ᠤᠨ ᠲᠣᠭᠤᠷᠢᠭ ᠨᠢ ᠰᠢᠪᠲᠤᠯᠤᠯᠲᠠ ᠠᠬᠢᠯᠲᠠ ᠲᠠᠢ ᠪᠣᠯᠵᠠᠢ᠃ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯᠯᠠᠭᠠᠨ ᠤ | ᠨᠠᠶᠢᠳᠠᠪᠤᠷᠢᠵᠢᠭᠰᠠᠨ ᠲᠥᠷᠥᠯ ᠵᠦᠢᠯ 228 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 985.8 ᠳ᠋ᠦᠩᠰᠢᠭᠤᠷ ᠲᠥᠭᠦᠷᠢᠭ ᠬᠥᠷᠪᠡ᠃ ᠵᠦᠵᠢᠶᠠᠩ ᠤᠨ | ᠭᠤᠷᠪᠠᠯᠵᠢᠨ ᠬᠤᠶᠢᠭ ᠤᠨ ᠴᠠᠬᠢᠮ ᠴᠢᠮᠡᠭᠡ ᠵᠠᠩᠭᠢ ᠬᠢᠭᠡᠳ ᠤᠶᠤᠨᠲᠦ ᠦᠢᠯᠡᠳᠬᠦ ᠠᠵᠦ ᠦᠢᠯᠡᠰ ᠤᠨ ᠠᠷᠠᠯᠵᠢᠶᠠᠴᠢᠨ ᠤᠷᠢᠬᠤ ᠠᠵᠢᠯᠯᠠᠭᠠᠨ ᠪᠠ ᠤᠯᠠᠭᠠᠨᠬᠠᠳᠠ | ᠭᠤᠸᠠᠩᠳᠦ᠋ᠩ ᠬᠤᠶᠠᠷ ᠭᠠᠵᠠᠷ ᠤᠨ ᠠᠵᠦ ᠦᠢᠯᠡᠰ ᠤᠨ ᠬᠤᠣᠰ ᠴᠢᠭᠯᠡᠯᠲᠦ ᠵᠣᠯᠭᠠᠯᠲᠠ ᠶᠢᠨ ᠠᠵᠢᠯᠯᠠᠭᠠᠨ ᠢ ᠪᠦᠲᠦᠮᠵᠢᠲᠡᠢ ᠡᠷᠬᠢᠯᠡᠵᠡᠢ᠃ ᠲᠣᠷᠰᠢᠯᠭ᠎ᠠ ᠰᠤᠷᠤᠯᠴᠠᠵᠤ | ᠂ ᠮᠠᠨ ᠤ ᠬᠤᠲᠠ ᠶᠢᠨ ᠠᠵᠦ ᠦᠢᠯᠡᠰ ᠪᠠ ᠬᠤᠲᠠ ᠤᠶᠠᠯᠳᠤᠬᠤ᠂ ᠲᠤᠰᠬᠠᠢ ᠵᠠᠬ᠎ᠠ ᠳᠡᠯᠭᠡᠭᠦᠷ ᠪᠦᠲᠦᠭᠡᠨ ᠪᠠᠶᠢᠭᠤᠯᠬᠤ ᠠᠵᠢᠯ ᠢ ᠡᠬᠢᠯᠡᠭᠦᠯᠵᠡᠢ᠃ ᠬᠤᠶᠠᠳᠤᠭᠠᠷ | ᠬᠤᠭᠤᠴᠠᠭᠠᠨ ᠤ ︽ᠤᠯᠠᠭᠠᠨᠬᠠᠳᠠ ᠶᠢᠨ ᠨᠡᠷᠡᠲᠦ ᠬᠥᠮᠥᠰ ᠤᠨ ᠴᠤᠭᠯᠠᠭᠠᠨ︾ ᠢ ᠠᠮᠵᠢᠯᠲᠠᠲᠠᠢ ᠡᠷᠬᠢᠯᠡᠵᠦ᠂ 21 ᠲᠥᠷᠥᠯ ᠵᠦᠢᠯ ᠤᠨ ᠭᠡᠷ᠎ᠡ ᠲᠣᠭᠲᠠᠵᠤ᠂ ᠪᠡᠯᠡ | ᠣᠷᠤᠭᠤᠯᠤᠯᠲᠠ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠵᠠᠢ᠃ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ 35.2 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠶᠢᠭᠤᠯᠵᠤ᠂ ᠬᠡᠷᠡᠭᠯᠡᠭᠡ ᠦᠭᠡᠢ ᠪᠠᠶᠢᠭᠰᠠᠨ ᠦᠢᠯᠡᠳᠪᠦᠷᠢ ᠶᠢᠨ ᠭᠡᠷ 13.5 ᠲᠦᠮᠡᠨ ᠲᠡᠭᠰᠢ ᠳᠥᠷᠪᠡᠯᠵᠢᠨ ᠮᠧᠲᠷ ᠢ ᠠᠰᠢᠭᠯᠠᠯᠲᠠ ᠳᠤ ᠣᠷᠤᠭᠤᠯᠵᠠᠢ᠃ | ᠡᠨᠡ ᠨᠢᠭᠡ ᠵᠢᠯ ᠳᠤ᠂ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠪᠠᠰᠠ ᠰᠢᠨ᠎ᠡ ᠳᠠᠪᠰᠢᠯᠲᠠ ᠲᠠᠢ ᠪᠣᠯᠵᠠᠢ᠃ ᠪᠦᠬᠦ ᠵᠢᠯ ᠳᠤ ᠠᠷᠠᠳ ᠤᠨ | ᠠᠮᠢᠳᠤᠷᠠᠯ ᠤᠨ ᠬᠦᠷᠢᠶ᠎ᠡ ᠬᠡᠪᠴᠢᠶ᠎ᠡ ᠳᠠᠬᠢ ᠣᠷᠤᠭᠤᠯᠤᠯᠲᠠ 409 ᠳ᠋ᠦᠩᠰᠢᠭᠤᠷ ᠲᠥᠭᠦᠷᠢᠭ ᠪᠠᠶᠢᠵᠤ᠂ ᠡᠳ᠋ ᠤᠨ ᠵᠠᠰᠠᠭ ᠤᠨ ᠵᠠᠷᠤᠯᠭ᠎ᠠ ᠶᠢᠨ 75.2% ᠢ | ᠡᠵᠡᠯᠡᠵᠡᠢ᠃ ᠬᠤᠲᠠ ᠪᠠᠯᠭᠠᠰᠤᠨ ᠤ ᠠᠵᠢᠯ ᠣᠯᠭᠤᠯᠲᠠ 2.6 ᠲᠦᠮᠡᠨ ᠬᠥᠮᠥᠨ ᠨᠡᠮᠡᠭᠳᠡᠵᠦ᠂ ᠬᠤᠳᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠭᠰᠠᠨ ᠨᠣᠷᠮ᠎ᠠ | 4.07% ᠪᠣᠯᠵᠠᠢ᠃ ᠬᠤᠲᠠ ᠪᠠᠯᠭᠠᠰᠤᠨ ᠤ ᠳᠣᠣᠷ᠎ᠠ ᠪᠠᠲᠤᠯᠠᠭ᠎ᠠ ᠶᠢ ᠰᠠᠷ᠎ᠠ ᠪᠦᠷᠢ 700 ᠲᠥᠭᠦᠷᠢᠭ ᠪᠣᠯᠭᠠᠨ ᠳᠡᠭᠡᠭᠰᠢᠯᠡᠭᠦᠯᠵᠦ᠂ ᠬᠥᠳᠡᠭᠡ ᠲᠣᠰᠬᠤᠨ ᠮᠠᠯᠵᠢᠬᠤ | ᠣᠷᠣᠨ ᠤ ᠳᠣᠣᠷ᠎ᠠ ᠪᠠᠲᠤᠯᠠᠭ᠎ᠠ ᠶᠢ ᠵᠢᠯ ᠪᠦᠷᠢ 4860 ᠲᠥᠭᠦᠷᠢᠭ ᠪᠣᠯᠭᠠᠨ ᠳᠡᠭᠡᠭᠰᠢᠯᠡᠭᠦᠯᠵᠡᠢ᠃ ᠪᠦᠬᠦ ᠬᠤᠲᠠ ᠶᠢᠨ ᠬᠤᠲᠠ ᠪᠠᠯᠭᠠᠰᠤᠨ ᠤ ᠠᠵᠢᠯᠴᠢᠨ | ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠳ 45 ᠲᠦᠮᠡᠨ ᠬᠥᠮᠥᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠳᠤ ᠣᠷᠣᠯᠴᠠᠭᠰᠠᠳ 164.7 ᠲᠦᠮᠡᠨ ᠬᠥᠮᠥᠨ ᠪᠣᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ 404 ᠲᠦᠮᠡᠨ ᠬᠥᠮᠥᠨ | ᠪᠣᠯᠵᠠᠢ᠃ ᠪᠦᠬᠦ ᠵᠢᠯ ᠳᠤ ᠴᠡᠷᠢᠭ ᠠᠴᠠ ᠬᠠᠯᠠᠭᠳᠠᠭᠰᠠᠳ 199 ᠬᠥᠮᠥᠨ ᠢ ᠲᠥᠪᠬᠢᠨᠡᠭᠦᠯᠵᠦ᠂ ᠥᠪᠡᠷᠲᠡᠭᠡᠨ ᠠᠵᠢᠯ ᠣᠯᠣᠭᠰᠠᠨ ᠴᠡᠷᠢᠭ ᠠᠴᠠ ᠬᠠᠯᠠᠭᠳᠠᠭᠰᠠᠳ | 1212 ᠬᠥᠮᠥᠨ ᠬᠦᠯᠢᠶᠡᠨ ᠠᠪᠴᠤ᠂ ᠠᠵᠤ ᠠᠬᠤᠢ ᠶᠢᠨ ᠨᠥᠬᠦᠪᠦᠷᠢ ᠮᠥᠩᠭᠦ 1.2 ᠳ᠋ᠦᠩᠰᠢᠭᠤᠷ ᠲᠥᠭᠦᠷᠢᠭ ᠲᠠᠷᠬᠠᠭᠠᠵᠠᠢ᠃ 78 ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠵᠦ᠂ ᠬᠤᠲᠠ ᠪᠠᠯᠭᠠᠰᠤᠨ ᠤ ᠳᠦᠭᠦᠮ ᠪᠦᠲᠦᠴᠢᠲᠦ ᠣᠷᠣᠨ ᠰᠠᠭᠤᠴᠠ 2021 ᠢᠵᠢ ᠥᠭᠡᠷᠡᠴᠢᠯᠡᠵᠦ᠂ ᠨᠢᠭᠡ ᠪᠦᠯᠦᠭ ᠭᠡᠷ ᠭᠠᠵᠠᠷ | ᠬᠥᠷᠥᠩᠭᠡ ᠶᠢᠨ ᠲᠡᠦᠬᠡᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠡᠢ᠃ ᠪᠦᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ | ᠦᠨᠳᠦᠰᠦᠨ ᠳᠡᠭᠡᠨ ᠲᠡᠩᠴᠡᠭᠦᠷᠢᠲᠡᠢ ᠰᠢᠶᠠᠨ ᠢ ᠡᠭᠦᠳᠦᠨ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ ᠳᠠᠭᠤᠰᠬᠠᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠰᠠᠶᠢᠵᠢᠷᠠᠭᠤᠯᠬᠤ ᠢᠨᠵᠧᠨᠧᠷᠢᠩ ᠢ | ᠪᠦᠬᠦᠨ ᠢ ᠪᠡᠶᠡᠯᠡᠭᠦᠯᠵᠦ᠂ ᠰᠤᠷᠭᠠᠭᠤᠯᠢ ᠶᠢᠨ ᠪᠠᠶᠢᠷᠢ 175.4 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂ | ᠳᠤᠮᠳᠠᠳᠤ ᠪᠠᠭ᠎ᠠ ᠰᠤᠷᠭᠠᠭᠤᠯᠢ 42᠂ ᠬᠡᠦᠬᠡᠳ ᠤᠨ ᠴᠡᠴᠡᠷᠯᠢᠭ 40 ᠶᠢ ᠰᠢᠨ᠎ᠡ ᠪᠠᠶᠢᠭᠤᠯᠵᠤ᠂ ᠰᠤᠷᠤᠭᠴᠢ ᠣᠯᠠᠨᠲᠠᠢ ᠠᠩᠭᠢ ᠨᠡᠶᠢᠲᠡ 709 ᠶᠢ ᠦᠭᠡᠶᠢᠰᠬᠡᠵᠡᠢ᠃ | ᠮᠠᠨ ᠤ ᠬᠤᠲᠠ ᠶᠢᠨ 9 ᠰᠠᠭᠤᠷᠢ ᠰᠤᠷᠭᠠᠭᠤᠯᠢ ᠪᠦᠬᠦ ᠤᠯᠤᠰ ᠤᠨ ᠮᠥᠰᠥ ᠴᠠᠰᠤᠨ ᠤ ᠬᠥᠳᠡᠯᠭᠡᠭᠡᠨ ᠤ ᠣᠨᠴᠠᠯᠢᠭᠲᠤ ᠰᠤᠷᠭᠠᠭᠤᠯᠢ ᠶᠢᠨ ᠡᠩᠨᠡᠭᠡᠨ ᠳᠤ ᠣᠷᠣᠵᠠᠢ᠃ | ᠬᠤᠲᠠ ᠶᠢᠨ ᠲᠥᠪ ᠴᠢᠰᠤᠨ ᠥᠷᠲᠡᠭᠡ ᠶᠢ ᠪᠠᠶᠢᠭᠤᠯᠵᠤ ᠳᠠᠭᠤᠰᠤᠨ ᠠᠰᠢᠭᠯᠠᠯᠲᠠ ᠳᠤ ᠤᠷᠤᠭᠤᠯᠵᠤ᠂ ᠬᠤᠲᠠ ᠶᠢᠨ ᠬᠠᠮ ᠪᠠᠶᠢᠴᠠᠭᠠᠨ ᠰᠢᠯᠭᠠᠵᠤ ᠬᠡᠮᠵᠢᠬᠦ ᠲᠥᠪ᠂ | ᠬᠤᠲᠠ ᠶᠢᠨ ᠡᠮᠨᠡᠯᠭᠡ ᠶᠢᠨ ᠬᠤᠷᠢᠶᠠᠨ ᠤ ᠲᠥᠷᠭᠡᠨ ᠡᠮᠨᠡᠯᠭᠡ ᠶᠢᠨ ᠠᠰᠠᠷ᠂ ᠬᠤᠲᠠ ᠶᠢᠨ ᠮᠣᠩᠭᠤᠯ ᠡᠮᠨᠡᠯᠭᠡ ᠬᠢᠲᠠᠳ ᠡᠮᠨᠡᠯᠭᠡ ᠶᠢᠨ ᠬᠤᠷᠢᠶ᠎ᠠ᠂ ᠬᠤᠲᠠ ᠶᠢᠨ | ᠬᠠᠯᠳᠠᠪᠤᠷᠢᠲᠦ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ ᠶᠢᠨ ᠭᠤᠣᠯ ᠴᠣᠭᠴᠠ ᠶᠢᠨ ᠪᠠᠷᠢᠯᠭ᠎ᠠ ᠦᠨᠳᠦᠰᠦᠨ ᠳᠡᠭᠡᠨ ᠳᠠᠭᠤᠰᠴᠤ᠂ ᠪᠦᠬᠦ | ᠬᠤᠲᠠ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 19 ᠶᠢ ᠰᠢᠨ᠎ᠡ ᠪᠠᠶᠢᠭᠤᠯᠤᠭᠰᠠᠨ ᠪᠠ ᠥᠷᠭᠡᠳᠬᠡᠨ ᠪᠠᠶᠢᠭᠤᠯᠵᠠᠢ᠃ ᠪᠦᠬᠦ ᠣᠷᠣᠨ ᠤ ᠬᠠᠮᠤᠭ | ᠠᠩᠬᠠᠨ ᠤ ︽ᠳ᠋ᠠᠸᠧᠠᠽ︾ ᠮᠡᠰᠡ ᠵᠠᠰᠠᠯ ᠤᠨ ᠮᠠᠰᠢᠨ ᠬᠥᠮᠥᠨ ᠬᠤᠲᠠ ᠶᠢᠨ ᠡᠮᠨᠡᠯᠭᠡ ᠶᠢᠨ ᠬᠤᠷᠢᠶᠠᠨ ᠳᠤ ᠠᠰᠢᠭᠯᠠᠯᠲᠠ ᠳᠤ ᠣᠷᠣᠵᠤ᠂ ︽ᠭᠡᠷᠡᠯ ᠭᠡᠭᠡ ᠶᠢᠨ | ᠠᠶᠠᠯᠠᠯ︾ ᠵᠡᠷᠭᠡ ᠬᠦᠨᠳᠦ ᠡᠪᠡᠳᠴᠢᠨ ᠢ ᠠᠪᠤᠷᠠᠨ ᠲᠡᠳᠬᠦᠬᠦ ᠠᠵᠢᠯᠯᠠᠭᠠᠨ ᠨᠢ 5.8 ᠲᠦᠮᠡᠨ ᠭᠡᠷ ᠪᠦᠯᠢ ᠶᠢ ᠬᠠᠷᠠᠭᠠᠯᠵᠠᠵᠠᠢ᠃ ᠪᠦᠬᠦ ᠤᠯᠤᠰ ᠤᠨ ᠦᠨᠳᠦᠰᠦᠨ | ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠲᠠ ᠶᠢᠨ ᠬᠤᠶᠠᠳᠠᠬᠢ ᠬᠢᠨᠠᠯᠲᠠ ᠶᠢ ᠤᠷᠤᠭᠰᠢᠲᠠᠢ ᠥᠩᠭᠡᠷᠡᠭᠡᠵᠡᠢ᠃ ᠤᠯᠤᠰ ᠤᠨ ᠳᠡᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 30 ᠶᠢ ᠰᠢᠨ᠎ᠡ ᠪᠠᠷ ᠨᠤᠲᠠᠯᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠲᠥᠪ 13 ᠰᠢᠨ᠎ᠡ ᠨᠡᠮᠡᠭᠳᠡᠵᠡᠢ᠃ ᠬᠢᠲᠠᠨ ᠯᠢᠶᠣᠣ ᠶᠢᠨ ᠮᠦᠽᠧᠢ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠭᠤᠣᠯ ᠴᠣᠭᠴᠠ ᠳᠠᠭᠤᠰᠴᠤ᠂ | ᠯᠢᠶᠣᠣ ᠶᠢᠨ ᠳᠡᠭᠡᠳᠦ ᠨᠡᠶᠢᠰᠯᠡᠯ ᠤᠨ ᠮᠦᠽᠧᠢ᠂ ᠬᠤᠩᠱᠠᠨ ᠰᠣᠶᠣᠯ ᠤᠨ ᠮᠦᠽᠧᠢ ᠨᠢ ᠡᠭᠦᠳᠡ ᠪᠠᠨ ᠨᠡᠭᠡᠭᠡᠵᠦ ᠡᠬᠢᠯᠡᠨ ᠡᠵᠡᠩᠨᠡᠵᠦ᠂ ᠬᠤᠲᠠ ᠶᠢᠨ ᠳᠠᠩᠰᠠ | ᠡᠪᠬᠡᠮᠡᠯ ᠤᠨ ᠣᠷᠳᠣᠨ ᠨᠢ ᠪᠠᠶᠢᠭᠤᠯᠵᠤ ᠳᠠᠭᠤᠰᠤᠨ ᠠᠰᠢᠭᠯᠠᠯᠲᠠ ᠳᠤ ᠣᠷᠣᠵᠠᠢ᠃ ︽ᠯᠢᠶᠣᠣ ᠶᠢᠨ ᠨᠡᠶᠢᠰᠯᠡᠯ ᠬᠤᠲᠠ ᠵᠸᠦ ᠬᠤᠲᠠ ᠬᠠᠭᠠᠨ ᠤ ᠣᠩᠭᠤᠨ ᠤ | ᠪᠠᠭᠤᠷᠢ ᠶᠢᠨ ᠬᠠᠮᠠᠭᠠᠯᠠᠯᠲᠠ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠵᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ | ᠲᠠᠮᠢᠷ ᠤᠨ ᠤᠷᠤᠯᠳᠤᠭᠠᠨ ᠤ ᠥᠨᠳᠥᠷ ᠠᠭᠤᠯᠠᠨ ᠤ ᠴᠠᠨᠠᠯᠠᠯᠲᠠ ᠶᠢᠨ ᠤᠷᠤᠯᠳᠤᠭᠠᠨ ᠨᠢ ᠮᠠᠨ ᠤ ᠬᠤᠲᠠ ᠳᠤ ᠠᠮᠵᠢᠯᠲᠠᠲᠠᠢ ᠶᠠᠪᠤᠭᠳᠠᠵᠠᠢ᠃ ᠪᠠᠭᠠᠷᠢᠨ ᠪᠠᠷᠠᠭᠤᠨ | ᠬᠤᠰᠢᠭᠤ᠂ ᠰᠥᠩᠱᠠᠨ ᠲᠣᠭᠤᠷᠢᠭ ᠤᠨ ᠯᠢᠨ ᠬᠤᠸᠠᠩ ᠨᠡᠶᠢᠭᠡᠮ ᠲᠣᠭᠤᠷᠢᠭ ᠨᠢ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠪᠠᠷ ᠨᠡᠷᠡᠶᠢᠳᠦᠭᠳᠡᠵᠡᠢ᠃ | ᠡᠨᠡ ᠨᠢᠭᠡ ᠵᠢᠯ ᠳᠤ᠂ ᠨᠡᠶᠢᠭᠡᠮ ᠤᠨ ᠪᠦᠬᠦ ᠲᠠᠯ᠎ᠠ ᠡᠶ᠎ᠡ ᠵᠣᠬᠢᠴᠠᠯ ᠲᠣᠭᠲᠠᠭᠤᠨ ᠢ ᠪᠠᠷᠢᠮᠲᠠᠯᠠᠵᠠᠢ᠃ ︽ᠠᠶᠤᠯᠭᠦᠢ ᠦᠢᠯᠡᠳᠪᠦᠷᠢᠯᠡᠯ ᠤᠨ | ᠥᠭᠡᠷᠡᠴᠢᠯᠡᠯᠲᠡ ᠶᠢᠨ ᠣᠨ︾ ᠢ ᠭᠦᠨᠵᠡᠭᠡᠢ ᠥᠷᠨᠢᠭᠦᠯᠵᠦ᠂ ᠬᠡᠰᠡᠭ ᠬᠤᠪᠢᠶᠠᠨ ᠬᠢᠨᠠᠨ ᠬᠠᠮᠢᠶᠠᠷᠬᠤ ᠪᠦᠷᠢᠳᠬᠡᠯ ᠢ ᠨᠠᠶᠢᠷᠠᠭᠤᠯᠤᠨ ᠳᠠᠭᠤᠰᠴᠤ᠂ ᠪᠦᠬᠦ ᠵᠢᠯ ᠳᠤ | ᠠᠶᠤᠯᠭᠦᠢ ᠦᠢᠯᠡᠳᠪᠦᠷᠢᠯᠡᠯ ᠤᠨ ᠬᠡᠷᠡᠭ ᠪᠠ ᠠᠳᠡᠯ ᠠᠳᠠᠯᠢ ᠬᠤᠭᠤᠴᠠᠭ᠎ᠠ ᠠᠴᠠ ᠲᠤᠰᠪᠤᠷᠢ 40.5% ᠪᠠ 39% ᠳᠣᠷᠣᠭᠰᠢᠯᠠᠵᠠᠢ᠃ ᠢᠳᠡᠭᠡᠨ ᠡᠮ ᠤᠨ | ᠵᠦᠢᠯ ᠤᠨ ᠠᠶᠤᠯᠭᠦᠢ ᠶᠢᠨ ᠬᠦᠷᠢᠶ᠎ᠡ ᠬᠡᠪᠴᠢᠶᠡᠨ ᠤ ᠲᠤᠰᠬᠠᠢ ᠵᠠᠰᠠᠯᠲᠠ ᠶᠢᠨ ᠠᠵᠢᠯᠯᠠᠭᠠᠨ ᠢ ᠭᠦᠨᠵᠡᠭᠡᠢ ᠥᠷᠨᠢᠭᠦᠯᠵᠦ᠂ ᠪᠦᠬᠦ ᠬᠤᠲᠠ ᠶᠢᠨ ᠲᠠᠷᠢᠶᠠᠯᠠᠩ ᠤᠨ | ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠰᠤᠭᠤᠴᠢᠨ ᠪᠠᠶᠢᠴᠠᠭᠠᠭᠰᠠᠨ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 98% ᠠᠴᠠ ᠳᠡᠭᠡᠭᠰᠢ ᠳᠤ | ᠲᠣᠭᠲᠠᠪᠤᠷᠢᠵᠢᠵᠠᠢ᠃ ᠠᠹᠷᠢᠺᠠ ᠲᠢᠪ ᠤᠨ ᠭᠠᠭ᠋ᠠᠢ ᠶᠢᠨ ᠬᠢᠵᠢᠭ᠂ ᠬᠤᠯᠤᠭᠠᠨ᠎ᠠ ᠶᠢᠨ ᠬᠢᠵᠢᠭ ᠵᠡᠷᠭᠡ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠪᠦᠬᠦ ᠵᠢᠯ ᠳᠤ ᠬᠦᠨᠳᠦ ᠶᠡᠭᠡ ᠬᠢᠵᠢᠭ ᠤᠨ ᠪᠠᠶᠢᠳᠠᠯ ᠭᠠᠷᠤᠭᠰᠠᠨ ᠦᠭᠡᠢ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠥᠷᠭᠡᠨ ᠬᠦᠨᠵᠡᠭᠡᠢ ᠥᠷᠨᠢᠭᠦᠯᠵᠦ᠂ 187 ᠬᠠᠷ᠎ᠠ ᠪᠦᠯᠦᠭᠲᠡᠨ ᠬᠠᠷᠬᠢᠰ ᠬᠦᠴᠦᠨ ᠤ ᠶᠠᠯᠠᠲᠤ ᠪᠦᠯᠦᠭᠲᠡᠨ ᠳᠤ ᠴᠣᠬᠢᠯᠲᠠ ᠥᠭᠴᠦ᠂ ᠶᠠᠯᠠᠲᠤ ᠬᠡᠷᠡᠭ | 1865 ᠡᠪᠳᠡᠵᠦ᠂ ᠶᠠᠯ᠎ᠠ ᠬᠢᠭᠰᠡᠨ ᠰᠡᠵᠢᠭᠲᠡᠨ 1227 ᠬᠥᠮᠥᠨ ᠪᠠᠷᠢᠪᠴᠢᠯᠠᠵᠠᠢ᠃ ᠠᠭᠤᠷᠬᠠᠢ ᠶᠢᠨ ᠡᠬᠢ ᠪᠠᠶᠠᠯᠢᠭ ᠵᠢᠴᠢ ᠭᠠᠵᠠᠷ ᠰᠢᠷᠣᠢ ᠶᠢᠨ ᠡᠮᠬᠢ ᠲᠢᠭᠯᠢᠮ᠂ | ᠭᠠᠵᠠᠷ ᠰᠢᠷᠣᠢ ᠬᠠᠳᠤᠯᠠᠩ ᠪᠡᠯᠴᠢᠭᠡᠷ ᠳᠠᠭᠠᠭᠠᠴᠢᠯᠠᠬᠤ᠂ ᠵᠠᠮ ᠬᠠᠷᠢᠯᠴᠠᠭᠠᠨ ᠤ ᠲᠡᠭᠡᠭᠡᠪᠦᠷᠢ ᠵᠡᠷᠭᠡ ᠠᠵᠢᠯ ᠲᠥᠷᠥᠯ ᠤᠨ ᠰᠠᠮᠠᠭᠤᠷᠠᠯ ᠢ ᠵᠠᠰᠠᠬᠤ ᠲᠤᠰᠬᠠᠢ | ᠠᠵᠢᠯᠯᠠᠭᠠᠨ ᠢ ᠲᠥᠪᠯᠡᠷᠡᠭᠦᠯᠦᠨ ᠥᠷᠨᠢᠭᠦᠯᠵᠦ᠂ ᠬᠠᠷ᠎ᠠ ᠪᠦᠯᠦᠭᠲᠡᠨ ᠬᠠᠷᠬᠢᠰ ᠬᠦᠴᠦᠨ ᠳᠤ ᠬᠤᠯᠪᠤᠭᠳᠠᠭᠰᠠᠨ 1673 ᠵᠤᠷᠪᠤᠰ ᠰᠦᠪᠡᠭᠴᠢ ᠶᠢ ᠰᠢᠯᠵᠢᠭᠦᠯᠦᠨ | ᠲᠤᠰᠢᠶᠠᠵᠠᠢ᠃ ᠮᠠᠨ ᠤ ᠬᠤᠲᠠ ᠨᠢ ︽ᠪᠦᠬᠦ ᠤᠯᠤᠰ ᠤᠨ ᠬᠤᠣᠷ ᠴᠠᠭᠠᠵᠠᠯᠠᠬᠤ ᠡᠭᠦᠳᠦᠨ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠬᠤᠲᠠ︾ ᠪᠠ ︽ᠪᠦᠬᠦ | ᠤᠯᠤᠰ ᠤᠨ ︿ᠲᠣᠯᠣᠳᠤᠭᠠᠷ ᠲᠠᠪᠤ﹀ ᠶᠢᠨ ᠬᠠᠤᠯᠢ ᠲᠦᠭᠡᠮᠡᠯᠵᠢᠯᠡᠭᠦᠯᠬᠦ ᠳᠤᠮᠳᠠ ᠬᠤᠭᠤᠴᠠᠭᠠᠨ ᠤ ᠲᠡᠷᠢᠭᠦᠨ ᠤ ᠬᠤᠲᠠ︾ ᠪᠠᠷ ᠦᠨᠡᠯᠡᠭᠳᠡᠵᠡᠢ᠃ ᠵᠠᠬᠢᠳᠠᠯ | ᠰᠤᠷᠪᠤᠯᠵᠢᠯᠠᠯ ᠤᠨ ᠬᠤᠷᠠᠮᠳᠤᠯ ᠬᠡᠷᠡᠭ ᠢ ᠰᠢᠢᠳᠪᠦᠷᠢᠯᠡᠬᠦ ᠲᠥᠪᠯᠡᠷᠡᠭᠦᠯᠦᠨ ᠰᠢᠪᠲᠤᠯᠬᠤ ᠠᠵᠢᠯᠯᠠᠭᠠᠨ ᠢ ᠢᠳᠡᠪᠬᠢᠲᠡᠢ ᠥᠷᠨᠢᠭᠦᠯᠵᠦ᠂ ᠨᠢᠭᠡ ᠶᠡᠭᠡ ᠪᠦᠯᠦᠭ ︽ | ᠬᠠᠲᠠᠭᠤ ᠶᠠᠪᠤᠳᠠᠯ︾᠂ ︽ᠬᠦᠴᠢᠷ ᠶᠠᠪᠤᠳᠠᠯ︾ ᠢ ᠪᠦᠲᠦᠮᠵᠢᠲᠡᠢ ᠰᠢᠢᠳᠪᠦᠷᠢᠯᠡᠵᠡᠢ᠃ | | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠪᠢᠳᠠ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠲᠠᠢ ᠤᠶᠠᠯᠳᠤᠭᠤᠯᠤᠨ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠤᠯᠠᠮ ᠴᠢᠩᠭᠠᠳᠬᠠᠵᠠᠢ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠳᠥᠷᠪᠡᠨ | ᠤᠬᠠᠮᠰᠠᠷ︾ ᠢ ᠪᠠᠲᠤ ᠪᠠᠬᠢ ᠪᠣᠢ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠡᠢ᠃ ︽ᠤᠭ | ᠵᠣᠷᠢᠯᠲᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠢ ᠰᠡᠳᠦᠪᠲᠦ ᠬᠥᠮᠥᠵᠢᠯ ᠢ ᠭᠦᠨᠵᠡᠭᠡᠢ ᠥᠷᠨᠢᠭᠦᠯᠵᠦ᠂ ᠣᠯᠠᠨ | ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠲᠠᠬᠤ ᠨᠢᠭᠡ ᠪᠦᠯᠦᠭ ᠰᠡᠳᠬᠢᠯ ᠴᠢᠯᠡᠭᠡᠬᠦ ᠶᠠᠪᠤᠳᠠᠯ᠂ ᠰᠡᠳᠬᠢᠯ ᠦᠢᠮᠡᠷᠡᠭᠦᠯᠬᠦ ᠶᠠᠪᠤᠳᠠᠯ᠂ ᠰᠡᠳᠬᠢᠯ | ᠵᠣᠪᠠᠭ᠋ᠤ ᠶᠠᠪᠤᠳᠠᠯ ᠢ ᠰᠢᠢᠳᠪᠦᠷᠢᠯᠡᠬᠦ ᠶᠢ ᠠᠬᠢᠭᠤᠯᠵᠠᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠳᠠᠯᠠᠵᠤ᠂ ︽ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢ ᠶᠢᠨ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠪᠣᠯᠣᠨ ᠠᠵᠢᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠣᠯᠣᠨ ᠨᠡᠶᠢᠭᠡᠮ ᠤᠨ ᠡᠯ᠎ᠡ ᠡᠳᠡᠬᠡᠳ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠵᠡᠢ᠃ ᠪᠦᠬᠦ ᠵᠢᠯ ᠳᠤ ᠠᠷᠠᠳ ᠤᠨ | ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ 280 ᠶᠢ ᠭᠦᠢᠴᠡᠳᠬᠡᠵᠦ᠂ | ᠭᠦᠢᠴᠡᠳᠬᠡᠭᠰᠡᠨ ᠨᠣᠷᠮ᠎ᠠ 100% ᠬᠦᠷᠴᠡᠢ᠃ ᠲᠥᠪ ᠬᠤᠷᠢᠶᠠᠨ ᠤ ᠨᠠᠢᠮᠠᠨ ᠵᠣᠷᠪᠣᠰ ᠲᠣᠭᠲᠠᠭᠠᠯ ᠵᠢᠴᠢ ᠡᠯ᠎ᠡ ᠱᠠᠲᠤᠨ ᠤ ᠲᠥᠬᠦᠷ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ︽ᠳᠥᠷᠪᠡᠨ ᠰᠤᠷᠲᠠᠯ︾ ᠢ ᠰᠤᠯᠠᠷᠠᠰᠢ ᠦᠭᠡᠢ ᠵᠠᠯᠠᠷᠠᠭᠤᠯᠵᠤ᠂ ᠬᠤᠲᠠ ᠶᠢᠨ ᠲᠤᠰ ᠱᠠᠲᠤᠨ ᠤ ᠪᠢᠴᠢᠭ ᠮᠠᠲ᠋ᠧᠷᠢᠶᠠᠯ ᠪᠠ ᠬᠤᠷᠠᠯ ᠤᠨ ᠲᠤᠭ᠎ᠠ | ᠲᠤᠰᠪᠦᠷᠢ 45% ᠪᠠ 37.5% ᠪᠠᠭᠤᠷᠠᠵᠠᠢ᠃ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠡᠷᠢᠭᠦᠨ ᠤ ᠬᠠᠮᠲᠤ ᠪᠣᠯᠵᠠᠢ᠃ ᠦᠨᠳᠦᠰᠦᠲᠡᠨ ᠱᠠᠰᠢᠨ ᠰᠤᠷᠲᠠᠬᠤᠨ᠂ ᠤᠯᠤᠰ ᠤᠨ ᠬᠠᠮᠠᠭᠠᠯᠠᠯᠲᠠ ᠶᠢᠨ ᠳᠠᠶᠢᠴᠢᠯᠠᠯᠲᠠ᠂ | ᠠᠷᠠᠳ ᠤᠨ ᠠᠭᠠᠷ ᠤᠨ ᠰᠡᠷᠭᠡᠶᠢᠯᠡᠯᠲᠡ᠂ ᠬᠢᠨᠠᠨ ᠪᠣᠳᠣᠬᠤ ᠲᠤᠭ᠎ᠠ ᠪᠦᠷᠢᠳᠬᠡᠯ᠂ ᠠᠮᠤ ᠪᠤᠳᠠᠭ᠎ᠠ ᠶᠢᠨ ᠠᠮᠤᠷ ᠲᠦᠪᠰᠢᠨ᠂ ᠴᠠᠭ ᠠᠭᠤᠷ ᠭᠠᠵᠠᠷ ᠬᠥᠳᠡᠯᠦᠯᠲᠡ᠂ | ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠳᠠᠩᠰᠠ ᠡᠪᠬᠡᠮᠡᠯ ᠲᠡᠦᠬᠡ ᠲᠡᠮᠳᠡᠭᠯᠡᠯ ᠵᠡᠷᠭᠡ ᠠᠵᠢᠯ ᠤᠨ ᠦᠷ᠎ᠡ ᠪᠦᠲᠦᠮᠵᠢ ᠢᠯᠡᠳᠲᠡ᠂ ᠡᠮᠡᠭᠲᠡᠶᠢᠴᠦᠳ ᠬᠡᠦᠬᠡᠳ | ᠂ ᠥᠲᠡᠭᠦᠰᠴᠦᠳ᠂ ᠨᠢᠭᠦᠯᠡᠰᠦᠩᠭᠦᠢ᠂ ᠤᠯᠠᠭᠠᠨ ᠵᠠᠭᠠᠯᠮᠠᠶᠢᠲᠠᠨ᠂ ᠵᠡᠮᠳᠡᠭᠴᠦᠳ ᠵᠡᠷᠭᠡ ᠠᠵᠢᠯ ᠦᠢᠯᠡᠰ ᠨᠢ ᠰᠢᠨ᠎ᠡ ᠠᠬᠢᠯᠲᠠ ᠲᠠᠢ ᠪᠣᠯᠵᠠᠢ᠃ | ᠲᠥᠯᠥᠭᠡᠯᠡᠭᠴᠢᠳ ᠡ᠂ ᠡᠳᠡᠭᠡᠷ ᠠᠮᠵᠢᠯᠲᠠ ᠶᠢ ᠣᠯᠣᠭᠰᠠᠨ ᠨᠢ ᠦᠨᠡᠨᠳᠡᠭᠡᠨ ᠬᠢᠯᠪᠠᠷ ᠪᠤᠰᠤ ᠶᠤᠮ᠂ ᠰᠢ ᠶᠢᠨ ᠫᠢᠩ ᠶᠢᠨ ᠰᠢᠨ᠎ᠡ ᠴᠠᠭ ᠦᠶ᠎ᠠ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠳᠡᠮᠵᠢᠯᠭᠡ ᠶᠢᠨ ᠦᠷ᠎ᠡ ᠳ᠋ᠦᠩ ᠮᠥᠨ᠂ ᠬᠤᠲᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠥᠨ᠂ ᠮᠥᠨᠴᠦ ᠪᠦᠬᠦ ᠬᠤᠲᠠ ᠳᠠᠶᠠᠭᠠᠷ ᠪᠦᠯᠭᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠡᠶᠢᠮᠦ ᠠᠴᠠ᠂ ᠪᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ᠂ ᠵᠠᠰᠠᠭ ᠤᠨ ᠣᠷᠳᠣᠨ ᠤ | ᠠᠵᠢᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠠᠷᠠᠳᠴᠢᠯᠠᠭᠰᠠᠨ ᠨᠠᠮ | ᠪᠦᠯᠦᠭ᠂ ᠠᠷᠠᠳ ᠣᠯᠠᠨ ᠤ ᠪᠦᠯᠬᠦᠮ ᠨᠡᠶᠢᠲᠡ᠂ ᠤᠯᠠᠭᠠᠨᠬᠠᠳᠠ ᠳᠤ ᠰᠠᠭᠤᠭ᠎ᠠ ᠪᠠᠶᠢᠭᠤᠯᠤᠮᠵᠢ᠂ ᠤᠯᠠᠭᠠᠨᠬᠠᠳᠠ ᠳᠤ ᠰᠠᠭᠤᠭ᠎ᠠ ᠳᠠᠷᠤᠭ᠎ᠠ ᠪᠠᠶᠢᠯᠳᠤᠭᠴᠢ ᠵᠢᠴᠢ | ᠪᠦᠬᠦ᠋ᠢᠯᠡ ᠤᠯᠠᠭᠠᠨᠬᠠᠳᠠ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠡᠷᠬᠢᠮ ᠳᠡᠭᠡᠳᠦ | ᠬᠥᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠦ ᠪᠠᠶᠢᠨ᠎ᠠ︕ | ᠠᠮᠵᠢᠯᠲᠠ ᠪᠠᠨ ᠣᠯᠵᠤ ᠦᠵᠡᠬᠦ ᠶᠢᠨ ᠵᠡᠷᠭᠡᠪᠡᠷ ᠪᠢᠳᠡ ᠪᠠᠰᠠ ᠪᠦᠬᠦ ᠬᠤᠲᠠ ᠶᠢᠨ ᠬᠥᠭᠵᠢᠯᠲᠡ ᠨᠢ ᠶᠠᠭ ᠰᠠᠶ᠋ᠢᠬᠠᠨ ᠰᠢᠨ᠎ᠡ ᠬᠠᠭᠤᠴᠢᠨ ᠴᠢᠳᠠᠪᠬᠢ ᠶᠢᠨ | ᠰᠤᠯᠢᠪᠴᠢᠯ ᠤᠨ ᠬᠠᠲᠠᠭᠤᠵᠢᠯᠲᠠᠢ ᠬᠤᠭᠤᠴᠠᠭ᠎ᠠ ᠪᠠ ᠵᠠᠩᠭᠢᠯᠠᠭ᠎ᠠ ᠶᠢᠨ ᠬᠤᠭᠤᠴᠠᠭ᠎ᠠ ᠳᠤ ᠪᠠᠶᠢᠵᠤ᠂ ᠬᠥᠭᠵᠢᠯᠲᠡ ᠨᠢ ᠲᠡᠩᠴᠡᠭᠦᠷᠢ ᠦᠭᠡᠢ ᠭᠦᠢᠴᠡᠳ ᠪᠤᠰᠤ ᠪᠠᠶᠢᠬᠤ | ᠵᠥᠷᠢᠴᠡᠯ ᠠᠰᠠᠭᠤᠳᠠᠯ ᠮᠥᠨᠴᠦ ᠲᠣᠪᠤᠶᠢᠮ᠎ᠠ ᠪᠠᠶᠢᠬᠤ ᠶᠢ ᠰᠡᠷᠭᠡᠭ ᠢᠶᠠᠷ ᠣᠯᠵᠤ ᠲᠠᠨᠢᠬᠤ ᠬᠡᠷᠡᠭᠲᠡᠢ᠃ ᠭᠤᠣᠯ ᠢᠯᠡᠷᠡᠯ ᠨᠢ᠄ ᠨᠢᠭᠡ ᠳᠤ ᠠᠵᠤ ᠠᠬᠤᠢ ᠶᠢᠨ | ᠳᠣᠷᠣᠭᠰᠢᠯᠠᠯ ᠤᠨ ᠳᠠᠷᠤᠯᠲᠠ ᠦᠷᠭᠦᠯᠵᠢᠯᠡᠨ ᠶᠡᠬᠡᠰᠴᠦ᠂ ᠪᠡᠯᠡ ᠣᠷᠤᠭᠤᠯᠤᠯᠲᠠ ᠶᠢᠨ ᠨᠡᠮᠡᠭᠳᠡᠯ ᠤᠨ ᠰᠤᠯᠠᠷᠠᠯ ᠪᠠ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠶᠢᠨ | ᠤᠳᠠᠭᠠᠰᠢᠷᠠᠯ ᠵᠡᠷᠭᠡᠪᠡᠷ ᠣᠷᠣᠰᠢᠵᠤ᠂ ᠪᠣᠳᠠᠲᠤ ᠠᠵᠤ ᠠᠬᠤᠢ ᠨᠢ ᠮᠠᠰᠢ ᠣᠯᠠᠨ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠬᠤᠶᠠᠷ ᠲᠤ ᠠᠵᠦ ᠦᠢᠯᠡᠰ ᠤᠨ | ᠬᠥᠭᠵᠢᠯᠲᠡ ᠨᠢ ᠬᠠᠳᠠᠭᠠᠯᠠᠭᠳᠠᠴᠠ ᠪᠠᠨ ᠰᠢᠯᠢᠳᠡᠭᠵᠢᠭᠦᠯᠬᠦ ᠪᠠ ᠨᠡᠮᠡᠭᠳᠡᠯ ᠢᠶᠠᠨ ᠳᠡᠭᠡᠭᠰᠢᠯᠡᠭᠦᠯᠬᠦ ᠬᠤᠣᠰ ᠬᠦᠴᠢᠷᠳᠡᠯ ᠲᠣᠯᠭᠠᠷᠠᠵᠤ᠂ ᠠᠵᠦ ᠦᠢᠯᠡᠰ ᠤᠨ ᠬᠡᠯᠪᠡᠷᠢ ᠪᠠᠨ | ᠬᠤᠪᠢᠷᠠᠭᠤᠯᠵᠤ ᠳᠡᠰ ᠳᠡᠪᠰᠢᠬᠦ ᠡᠭᠦᠷᠭᠡ ᠬᠠᠲᠠᠭᠤ ᠪᠡᠷᠬᠡᠰᠢᠶᠡᠯᠲᠡᠢ᠂ ᠠᠵᠦ ᠦᠢᠯᠡᠰ ᠤᠨ ᠬᠡᠯᠬᠢᠶᠡᠵᠢᠯ ᠨᠢ ᠳᠣᠷᠣᠭᠰᠢ ᠤᠷᠲᠤᠳᠬᠤ᠂ ᠦᠨ᠎ᠡ ᠥᠷᠲᠡᠭ ᠤᠨ | ᠬᠡᠯᠬᠢᠶᠡᠵᠢᠯ ᠨᠢ ᠳᠤᠮᠳᠠ ᠳᠡᠭᠡᠳᠦ ᠲᠦᠢᠯ ᠲᠡᠰᠢ ᠳᠡᠭᠡᠭᠰᠢᠯᠡᠬᠦ ᠨᠢ ᠪᠠᠰᠠᠴᠤ ᠨᠡᠩ ᠶᠡᠭᠡ ᠴᠢᠷᠮᠠᠶᠢᠯᠭ᠎ᠠ ᠭᠠᠷᠭᠠᠬᠤ ᠴᠢᠬᠤᠯᠠᠲᠠᠢ ᠪᠠᠶᠢᠨ᠎ᠠ᠃ ᠭᠤᠷᠪᠠ ᠳᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠣᠷᠣᠢ ᠲᠠᠯ᠎ᠠ ᠨᠡᠯᠢᠶᠡᠳ ᠣᠯᠠᠨ᠂ ᠬᠥᠭᠵᠢᠯᠲᠡ ᠶᠢᠨ ᠪᠠᠲᠤᠯᠠᠭ᠎ᠠ ᠳᠠᠬᠢ ᠲᠤᠯᠭᠠᠭᠤᠷᠢᠯᠠᠬᠤ ᠴᠢᠳᠠᠪᠤᠷᠢ ᠶᠢ | ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠳᠥᠷᠪᠡ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠷᠤᠯᠲᠠ ᠶᠡᠭᠡ᠂ ᠭᠤᠣᠯᠳᠠᠯᠭ᠎ᠠ ᠲᠠᠢ ᠰᠠᠪᠠ | ᠭᠠᠵᠠᠷ ᠢ ᠵᠠᠰᠠᠬᠤ᠂ ᠭᠠᠵᠠᠷ ᠳᠤᠤᠷᠠᠬᠢ ᠤᠰᠤ ᠶᠢ ᠬᠡᠳᠤᠷᠡᠳᠡᠯ᠎ᠠ ᠳᠠᠳᠠᠭᠰᠠᠨ ᠢ ᠵᠠᠰᠠᠬᠤ᠂ ᠠᠭᠤᠷᠬᠠᠢ ᠶᠢ ᠴᠡᠭᠴᠡᠯᠡᠨ ᠵᠠᠰᠠᠬᠤ ᠡᠬᠦᠷᠬᠡ ᠬᠠᠳᠠᠭᠤ ᠪᠡᠷᠬᠡ ᠪᠠᠶᠢᠵᠤ᠂ | ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠯᠳᠠ ᠵᠢᠴᠢ ︽ᠡᠷᠬᠢᠨ ᠬᠠᠷᠠᠵᠤ︾ ᠬᠠᠷᠢᠭᠤ ᠳᠤᠰᠬᠠᠭᠰᠠᠨ ᠠᠰᠠᠭᠤᠳᠠᠯ ᠢ ᠮᠦᠨ ᠬᠦ | ᠳᠤᠤᠱᠳᠠᠢ ᠴᠡᠭᠴᠡᠯᠡᠨ ᠰᠠᠶᠢᠵᠢᠷᠠᠭᠤᠯᠵᠤ ᠴᠢᠳᠠᠭᠠᠳᠤᠢ ᠪᠠᠶᠢᠵᠤ᠂ ᠤᠰᠤᠨ ᠤ ᠡᠬᠢ ᠪᠠᠶᠠᠯᠢᠭ ᠳᠤᠳᠠᠭᠳᠠᠵᠤ ᠪᠠᠶᠢᠭ᠎ᠠ ᠠᠰᠠᠭᠤᠳᠠᠯ ᠨᠢ ᠨᠢᠬᠡᠨᠳᠠ ᠠᠵᠤ ᠠᠬᠤᠢ | ᠨᠡᠶᠢᠬᠡᠮ ᠤᠨ ᠬᠦᠭᠵᠢᠯᠳᠠ ᠶᠢ ᠬᠦᠨᠳᠤ ᠨᠤᠴᠢᠳᠠᠢ ᠰᠦᠷᠳᠡᠬᠦᠯᠵᠤ ᠪᠠᠶᠢᠨ᠎ᠠ᠃ ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠰᠠᠴᠤ ᠭᠦᠢᠴᠡᠳ ᠪᠤᠰᠤ᠂ | ᠰᠤᠷᠭᠠᠨ ᠬᠥᠮᠥᠵᠢᠯ᠂ ᠡᠮ ᠡᠮᠨᠡᠯᠭᠡ᠂ ᠰᠣᠶᠣᠯ ᠭᠡᠭᠡᠷᠡᠯ᠂ ᠪᠡᠶ᠎ᠡ ᠶᠢᠨ ᠲᠠᠮᠢᠷ ᠵᠡᠷᠭᠡ ᠨᠡᠶᠢᠭᠡᠮ ᠤᠨ ᠦᠢᠯᠡᠰ ᠨᠢ ᠮᠥᠨᠴᠦ ᠮᠠᠰᠢ ᠶᠡᠭᠡ ᠵᠠᠰᠠᠨ ᠰᠠᠶᠢᠵᠢᠷᠠᠭᠤᠯᠬᠤ | ᠴᠢᠬᠤᠯᠠᠲᠠᠢ ᠭᠠᠵᠠᠷ ᠪᠠᠶᠢᠨ᠎ᠠ᠃ ᠵᠢᠷᠭᠤᠭ᠎ᠠ ᠳᠤ ᠡᠵᠡᠩᠨᠡᠯᠲᠡ ᠠᠷᠠᠯᠵᠢᠶ᠎ᠠ ᠶᠢᠨ ᠣᠷᠴᠢᠨ ᠲᠣᠭᠤᠷᠢᠨ ᠮᠥᠨᠴᠦ ᠨᠢᠭᠡ ᠪᠦᠯᠦᠭ ᠡᠮᠵᠢᠭᠯᠡᠯ᠂ ᠬᠦᠴᠢᠷᠳᠡᠯ᠂ | ᠲᠦᠭᠵᠢᠷᠡᠯ ᠢ ᠰᠢᠢᠳᠪᠦᠷᠢᠯᠡᠵᠦ ᠳᠡᠶᠢᠯᠦᠬᠡᠳᠤᠢ᠂ ᠲᠡᠷᠢᠭᠦᠨ ᠤ ᠭᠠᠵᠠᠷ ᠣᠷᠣᠨ᠂ ᠣᠯᠠᠨ ᠲᠦᠮᠡᠨ ᠤ ᠬᠦᠰᠡᠯ ᠯᠦᠭᠡ ᠬᠠᠷᠢᠴᠠᠭᠤᠯᠪᠠᠯ ᠪᠠᠰᠠᠴᠤ ᠵᠣᠬᠢᠬᠤ ᠬᠡᠮᠵᠢᠶᠡᠨ ᠤ | ᠵᠥᠷᠢᠶ᠎ᠡ ᠪᠠᠶᠢᠨ᠎ᠠ᠃ ᠳᠣᠯᠤᠭ᠎ᠠ ᠳᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠨᠢ ᠴᠢᠩᠭᠠᠳᠬᠠᠬᠤ ᠴᠢᠬᠤᠯᠠᠲᠠᠢ᠂ ᠬᠠᠷᠢᠭᠤᠴᠠᠯᠭ᠎ᠠ ᠦᠭᠡᠢ ᠵᠢᠳᠬᠦᠯ | ᠦᠭᠡᠢ ᠦᠵᠡᠭᠳᠡᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠤᠰᠢᠵᠤ ᠪᠠᠶᠢᠨ᠎ᠠ᠃ ᠡᠶᠢᠮᠦ ᠠᠴᠠ ᠪᠢᠳᠡ ᠵᠠᠪᠠᠯ ᠠᠰᠠᠭᠤᠳᠠᠯ ᠰᠢᠢᠳᠪᠦᠷᠢᠯᠡᠬᠦ ᠴᠢᠭᠯᠡᠯ ᠢ ᠪᠠᠷᠢᠮᠲᠠᠯᠠᠵᠤ᠂ | ᠬᠦᠴᠦᠲᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠎ᠡ᠃ | |