1. ᠠᠰᠠᠭᠤᠯᠳᠠ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠪᠠᠭ᠎ᠠ ᠨᠠᠰᠤᠨ ᠤ ᠬᠡᠦᠬᠡᠳ ᠲᠤ ᠠᠪᠴᠤ ᠬᠡᠯᠡᠪᠡᠯ᠂ ᠲᠠᠨᠢᠬᠤ ᠴᠢᠳᠠᠪᠤᠷᠢ᠂ ᠰᠤᠷᠬᠤ | ᠴᠢᠳᠠᠪᠤᠷᠢ᠂ ᠲᠠᠭᠠᠭᠠᠬᠤ ᠴᠢᠳᠠᠪᠤᠷᠢ ᠵᠡᠷᠭᠡ ᠶᠢᠨ ᠨᠦᠯᠦᠭᠡ ᠠᠴᠠ ᠪᠤᠯᠵᠤ᠂ ᠨᠢᠭᠡᠳᠦᠭᠡᠷ ᠤᠨ ᠤ ᠲᠡᠭᠡᠷ᠎ᠡ ᠬᠤᠭᠤᠴᠠᠭ᠎ᠠ ᠠᠴᠠ ᠮᠤᠩᠭᠤᠯ ᠬᠡᠯᠡᠨ ᠤ ᠴᠠᠭᠠᠨ | ᠲᠤᠯᠤᠭᠠᠢ ᠶᠢ ᠰᠤᠷᠴᠤ᠂ ᠲᠤᠤᠷ᠎ᠠ ᠬᠤᠭᠤᠴᠠᠭ᠎ᠠ ᠠᠴᠠ ᠬᠢᠳᠠᠳ ᠬᠡᠯᠡᠨ ᠤ ᠠᠪᠢᠶᠠᠨ ᠤ ᠦᠰᠦᠭ ᠢ ᠰᠤᠷᠬᠤ ᠨᠢ ᠬᠤᠶᠠᠷ ᠵᠦᠢᠯ ᠤᠨ ᠬᠡᠯᠡ ᠶᠢ | ᠬᠤᠳᠬᠤᠯᠳᠤᠭᠤᠯᠬᠤ ᠳᠤ ᠬᠦᠷᠦᠭᠦᠯᠬᠦ ᠲᠤᠯᠠ ᠬᠢᠳᠠᠳ ᠬᠡᠯᠡᠨ ᠤ ᠠᠪᠢᠶᠠᠨ ᠤ ᠦᠰᠦᠭ ᠢ ᠬᠤᠶᠠᠳᠤᠭᠠᠷ ᠤᠨ ᠠᠴᠠ ᠡᠬᠢᠯᠡᠨ ᠰᠤᠷᠴᠤ ᠪᠤᠯᠤᠨ᠎ᠠ ᠤᠤ︖ | ᠬᠠᠷᠢᠭᠤᠯᠳᠠ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠮᠤᠩᠭᠤᠯ ᠬᠡᠯᠡᠨ ᠤ ᠴᠠᠭᠠᠨ ᠲᠤᠯᠤᠭᠠᠢ ᠪᠠ ᠬᠢᠳᠠᠳ ᠬᠡᠯᠡᠨ ᠤ ᠠᠪᠢᠶᠠᠨ ᠤ ᠦᠰᠦᠭ ᠤᠨ | ᠵᠢᠭᠠᠨ ᠰᠤᠷᠭᠠᠯᠳᠠ ᠳᠤ ᠬᠤᠳᠬᠤᠯᠳᠤᠬᠤ ᠠᠰᠠᠭᠤᠳᠠᠯ ᠤᠷᠤᠰᠢᠵᠤ ᠮᠡᠳᠡᠬᠦ ᠶᠠᠪᠤᠳᠠᠯ ᠳᠤ ᠴᠢᠭᠯᠡᠭᠦᠯᠦᠨ᠂ ᠦᠪᠡᠷᠳᠡᠭᠡᠨ ᠵᠠᠰᠠᠬᠤ ᠤᠷᠤᠨ ᠠᠴᠠ ︽ᠴᠠᠭ ᠢ ᠨᠢ | ᠵᠦᠷᠢᠭᠦᠯᠬᠦ︾ ᠠᠷᠭ᠎ᠠ ᠪᠤᠳᠤᠯᠭ᠎ᠠ ᠶᠢ ᠲᠤᠷᠠᠳᠴᠠᠢ᠃ ᠡᠭᠦᠨ ᠳᠤ᠂ ︽ᠲᠡᠭᠡᠷ᠎ᠠ ᠬᠤᠭᠤᠴᠠᠭᠠᠨ ᠳᠤ ᠮᠤᠩᠭᠤᠯ ᠬᠡᠯᠡᠨ ᠤ ᠴᠠᠭᠠᠨ ᠲᠤᠯᠤᠭᠠᠢ ᠶᠢ ᠰᠤᠷᠴᠤ᠂ ᠲᠤᠤᠷ᠎ᠠ | ᠬᠤᠭᠤᠴᠠᠭᠠᠨ ᠳᠤ ᠬᠢᠳᠠᠳ ᠬᠡᠯᠡᠨ ᠤ ᠠᠪᠢᠶᠠᠨ ᠤ ᠦᠰᠦᠭ ᠢ ᠰᠤᠷᠬᠤ︾ ᠪᠣᠯ ᠵᠢᠭᠠᠨ ᠰᠤᠷᠭᠠᠯᠳᠠ ᠶᠢ ᠬᠡᠷᠡᠭᠵᠢᠭᠦᠯᠬᠦ ᠠᠷᠭ᠎ᠠ ᠵᠠᠮ ᠤᠨ ᠨᠢᠭᠡ ᠪᠤᠯᠬᠤ ᠲᠡᠳᠦᠢ ᠶᠤᠮ᠂ | ᠡᠯ᠎ᠡ ᠭᠠᠵᠠᠷ ᠤᠷᠤᠨ ᠡᠯ᠎ᠡ ᠰᠤᠷᠭᠠᠭᠤᠯᠢ ᠶᠢᠨ ᠬᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠰᠦᠪᠡᠭᠴᠢᠯᠡᠯᠲᠡ ᠬᠢᠵᠤ ᠰᠢᠨ᠎ᠡ ᠶᠢ ᠡᠭᠦᠳᠴᠤ ᠪᠤᠯᠤᠨ᠎ᠠ᠃ | ᠦᠪᠡᠷᠳᠡᠭᠡᠨ ᠵᠠᠰᠠᠬᠤ ᠤᠷᠤᠨ ᠠᠴᠠ ᠴᠦ ᠲᠦᠷᠦ ᠶᠢᠨ ᠪᠤᠳᠤᠯᠭ᠎ᠠ ᠲᠤᠭᠲᠠᠭᠠᠵᠤ᠂ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠶᠢᠨ ᠤᠯᠤᠰ ᠤᠨ ᠨᠢᠭᠡᠳᠦᠯᠳᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠳᠡ ᠶᠢ ᠨᠤᠳᠠᠯᠠᠬᠤ ᠴᠢᠨᠠᠷᠲᠠᠢ ᠬᠡᠷᠡᠭᠯᠡᠭᠡᠨ ᠤ ᠰᠤᠳᠤᠯᠭᠠᠨ ᠢ ᠵᠤᠷᠢᠭᠵᠢᠭᠤᠯᠤᠨ ᠲᠡᠮᠵᠢᠵᠦ᠂ ᠤᠯᠤᠰ ᠤᠨ | ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠴᠢᠨᠠᠷ ᠰᠠᠶᠢᠳᠠᠢ ᠠᠬᠢᠭᠤᠯᠬᠤ ᠲᠠᠯ᠎ᠠ ᠪᠠᠷ ᠬᠠᠮᠤᠭ ᠤᠨ ᠰᠠᠶᠢᠨ ᠠᠷᠭ᠎ᠠ ᠵᠠᠮ ᠢ | ᠡᠷᠢᠯᠬᠢᠯᠡᠨ᠎ᠡ᠃ | 2. ᠠᠰᠠᠭᠤᠯᠳᠠ᠄ ᠬᠡᠷᠪᠡ ᠬᠢᠳᠠᠳ ᠬᠡᠯᠡᠨ ᠤ ᠠᠪᠢᠶᠠᠨ ᠤ ᠦᠰᠦᠭ ᠢ ᠡᠷᠬᠡᠪᠰᠢ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠠᠴᠠ ᠡᠬᠢᠯᠡᠨ ᠰᠤᠷᠬᠤ ᠳᠤ | ᠬᠦᠷᠪᠡᠯ᠂ ᠮᠤᠩᠭᠤᠯ ᠬᠡᠯᠡᠨ ᠤ ᠴᠠᠭᠠᠨ ᠲᠤᠯᠤᠭᠠᠢ ᠶᠢ ᠰᠤᠷᠬᠤ ᠲᠠᠢ ᠬᠤᠳᠬᠤᠯᠳᠤᠬᠤ ᠠᠴᠠ ᠵᠠᠶᠢᠯᠠᠰᠬᠢᠬᠦ ᠶᠢᠨ ᠲᠦᠯᠦᠭᠡ ᠬᠢᠴᠢᠶᠡᠯ ᠤᠨ ᠪᠠᠷᠢᠮᠵᠢᠶ᠎ᠠ᠂ ᠵᠢᠭᠠᠬᠤ | ᠠᠭᠤᠯᠭ᠎ᠠ ᠶᠢ ᠲᠤᠳᠤᠷᠬᠠᠶᠢᠯᠠᠵᠤ᠂ ᠪᠠᠭᠰᠢ ᠶᠢᠨ ᠲᠤᠬᠢᠷᠠᠭᠤᠯᠤᠯᠳᠠ᠂ ᠵᠢᠭᠠᠨ ᠰᠤᠷᠭᠠᠬᠤ ᠪᠡᠯᠡᠳᠭᠡᠯ ᠢ ᠰᠠᠶᠢᠨ ᠠᠳᠬᠤᠭᠰᠠᠨ ᠰᠠᠭᠤᠷᠢᠨ ᠲᠡᠭᠡᠷ᠎ᠡ᠂ ᠦᠨᠳᠦᠰᠦᠳᠡᠨ ᠤ | ᠪᠠᠭ᠎ᠠ ᠰᠤᠷᠭᠠᠭᠤᠯᠢ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠶᠢ ᠰᠦᠪᠡᠭᠴᠢᠯᠡᠨ ᠨᠡᠭᠡᠭᠡᠵᠦ᠂ ᠮᠤᠩᠭᠤᠯ ᠬᠡᠯᠡᠨ ᠤ ᠴᠠᠭᠠᠨ ᠲᠤᠯᠤᠭᠠᠢ ᠶᠢ ᠤᠷᠢᠳᠴᠢᠯᠠᠨ | ᠰᠤᠷᠴᠤ ᠪᠤᠯᠤᠨ᠎ᠠ ᠤᠤ ᠦᠭᠡᠢ ᠤᠤ︖ | ᠬᠠᠷᠢᠭᠤᠯᠳᠠ᠄ ᠤᠳᠤᠬᠠᠨ ᠳᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠭᠠᠷᠭᠠᠵᠤ᠂ ︽ᠪᠠᠭ᠎ᠠ ᠰᠤᠷᠭᠠᠭᠤᠯᠢᠴᠢᠯᠠᠭᠰᠠᠨ︾ ᠰᠤᠷᠭᠠᠨ ᠬᠦᠮᠦᠵᠢᠯ ᠢ | ᠤᠷᠢᠳᠴᠢᠯᠠᠨ ᠬᠡᠷᠡᠭᠵᠢᠭᠦᠯᠬᠦ ᠶᠢ ᠤᠯᠤᠰ ᠠᠴᠠ ᠲᠤᠳᠤᠷᠬᠠᠢ ᠴᠠᠭᠠᠵᠠᠯᠠᠵᠤ ᠪᠠᠶᠢᠨ᠎ᠠ᠂ ᠡᠨᠡ ᠪᠣᠯ ᠪᠠᠭ᠎ᠠ ᠰᠤᠷᠭᠠᠭᠤᠯᠢ ᠶᠢᠨ ᠲᠡᠭ ᠠᠴᠠ ᠡᠬᠢᠯᠡᠨ ᠵᠢᠭᠠᠨ | ᠰᠤᠷᠭᠠᠬᠤ ᠶᠢᠨ ᠭᠤᠤᠯᠳᠠᠯᠭ᠎ᠠ ᠲᠠᠢ ᠴᠡᠭᠴᠡᠯᠡᠬᠦ ᠠᠭᠤᠯᠭ᠎ᠠ ᠪᠤᠯᠤᠨ᠎ᠠ᠃ ᠵᠠᠷᠴᠢᠮ ᠲᠡᠭᠡᠷ᠎ᠡ ᠪᠠᠨ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠶᠢᠨ ᠬᠢᠨ ᠰᠤᠯᠤᠩᠭᠤᠰ | ᠬᠡᠯᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠠᠴᠠ ᠡᠬᠢᠯᠡᠨ ︽ᠬᠢᠳᠠᠳ ᠬᠡᠯᠡ ᠪᠢᠴᠢᠭ︾ ᠵᠢᠭᠠᠬᠰᠠᠨ ᠦᠨᠳᠦᠰᠦᠨ ᠲᠤᠷᠰᠢᠯᠭ᠎ᠠ ᠪᠠᠷ | ᠯᠠᠪᠯᠠᠯᠳᠠ ᠪᠤᠯᠭᠠᠵᠤ᠂ ᠮᠤᠩᠭᠤᠯ ᠢᠶᠠᠷ ᠬᠢᠴᠢᠶᠡᠯᠯᠡᠬᠦ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ︽ᠴᠠᠭ ᠢ ᠨᠢ ᠵᠦᠷᠢᠭᠦᠯᠬᠦ︾ ᠵᠢᠭᠠᠨ ᠰᠤᠷᠭᠠᠯᠳᠠ ᠶᠢᠨ ᠠᠷᠭ᠎ᠠ | ᠪᠤᠳᠤᠯᠭ᠎ᠠ ᠶᠢ ᠠᠪᠴᠤ᠂ ᠬᠡᠦᠬᠡᠳ ᠤᠨ ᠪᠡᠶ᠎ᠡ ᠰᠡᠳᠬᠢᠯ ᠤᠨ ᠬᠦᠭᠵᠢᠯᠳᠡ ᠳᠤ ᠨᠡᠶᠢᠴᠡᠭᠰᠡᠨ ᠵᠢᠭᠠᠨ ᠰᠤᠷᠭᠠᠯᠳᠠ ᠶᠢ ᠬᠡᠷᠡᠭᠵᠢᠭᠦᠯᠬᠦ ᠠᠷᠭ᠎ᠠ ᠵᠠᠮ ᠢ ᠢᠳᠡᠪᠬᠢᠳᠡᠢ | ᠰᠦᠪᠡᠭᠴᠢᠯᠡᠬᠦ ᠶᠢ ᠵᠤᠷᠢᠭᠵᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠤᠷᠴᠢᠨ ᠲᠤᠭᠤᠷᠢᠨ ᠤᠨᠴᠠ ᠪᠠᠭᠤᠷᠠᠢ ᠭᠠᠵᠠᠷ ᠤᠷᠤᠨ ᠳᠤ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠩᠭᠢ ᠶᠢ ᠭᠠᠷᠭᠠᠵᠤ ᠪᠤᠯᠬᠤ ᠡᠰᠡᠬᠦ ᠲᠤᠬᠠᠢ ᠪᠢᠳᠠ ᠪᠠᠰᠠ ᠭᠦᠨᠵᠡᠭᠡᠢ ᠪᠠᠶᠢᠴᠠᠭᠠᠨ ᠰᠤᠳᠤᠯᠤᠯᠳᠠ ᠬᠢᠵᠦ᠂ ᠪᠤᠳᠠᠳᠤ | ᠪᠠᠶᠢᠳᠠᠯ ᠳᠤ ᠨᠡᠩ ᠢᠯᠡᠭᠦᠦ ᠨᠡᠶᠢᠴᠡᠭᠰᠡᠨ ᠰᠠᠨᠠᠯ ᠢ ᠲᠤᠷᠠᠳᠴᠦ᠂ ᠴᠢᠬᠤᠯᠠ ᠲᠠᠢ ᠦᠶ᠎ᠡ ᠳᠤ ᠤᠯᠤᠰ ᠤᠨ ᠰᠤᠷᠭᠠᠨ ᠬᠦᠮᠦᠵᠢᠯ ᠤᠨ ᠶᠠᠮᠤᠨ ᠠᠴᠠ ᠲᠡᠮᠵᠢᠯᠭᠡ | ᠦᠭᠬᠦ ᠶᠢ ᠵᠦᠪᠯᠡᠨ ᠭᠤᠶᠤᠴᠢᠯᠠᠨ᠎ᠠ᠃ | 3. ᠠᠰᠠᠭᠤᠯᠳᠠ᠄ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠨᠢᠭᠡᠳᠦᠯᠳᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ | ᠵᠢᠭᠠᠬᠤ ᠮᠠᠲ᠋ᠧᠷᠢᠶᠠᠯ ᠤᠨ ᠨᠢᠭᠡᠴᠢ ᠪᠦᠷᠢ ᠳᠤ ᠲᠦᠷᠪᠡᠨ ᠬᠢᠴᠢᠶᠡᠯ ᠲᠠᠢ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠦᠨᠳᠦᠰᠦᠳᠡᠨ ᠤ ᠰᠤᠷᠭᠠᠭᠤᠯᠢ ᠨᠢ | ᠰᠤᠩᠭᠤᠯᠳᠠ ᠲᠠᠢ ᠵᠢᠭᠠᠨ ᠰᠤᠷᠭᠠᠯᠳᠠ ᠶᠢ ᠬᠡᠷᠡᠭᠵᠢᠭᠦᠯᠵᠦ ᠪᠤᠯᠤᠨ᠎ᠠ ᠭᠡᠵᠤ ᠢᠯᠡᠷᠬᠡᠶᠢᠯᠡᠪᠡ᠃ ᠵᠢᠭᠠᠨ ᠰᠤᠷᠭᠠᠬᠤ ᠶᠠᠰᠤ ᠴᠢᠨᠠᠷ ᠪᠠ ᠰᠤᠷᠤᠭᠴᠢᠳ ᠤᠨ ᠬᠢᠷᠢ | ᠪᠦᠳᠦᠮᠵᠢ ᠶᠢ ᠪᠠᠳᠤᠯᠠᠬᠤ ᠶᠢᠨ ᠲᠦᠯᠦᠭᠡ ᠨᠢᠭᠡᠴᠢ ᠪᠦᠷᠢ ᠶᠢᠨ ᠡᠷᠬᠡᠪᠰᠢ ᠤᠩᠰᠢᠬᠤ᠂ ᠰᠤᠩᠭᠤᠨ ᠤᠩᠰᠢᠬᠤ᠂ ᠬᠢᠴᠢᠶᠡᠯ ᠤᠨ ᠭᠠᠳᠠᠭᠤᠷᠬᠢ ᠤᠩᠰᠢᠬᠤ ᠰᠢᠯᠦᠭ | ᠵᠤᠬᠢᠶᠠᠯ ᠢ ᠨᠢᠭᠡ ᠨᠢᠭᠡ ᠪᠠᠷ ᠲᠤᠳᠤᠷᠬᠠᠶᠢᠯᠠᠵᠤ ᠦᠭᠴᠦ ᠲᠡᠶᠢᠯᠤᠨ᠎ᠡ ᠤᠤ︖ | ᠬᠠᠷᠢᠭᠤᠯᠳᠠ᠄ ᠦᠪᠡᠷᠳᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠭ ᠠᠴᠠ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠰᠤᠳᠤᠯᠬᠤ ᠶᠠᠪᠤᠴᠠ ᠳᠠᠭᠠᠨ | ᠬᠢᠴᠢᠶᠡᠯᠯᠡᠬᠦ ᠴᠠᠭ ᠤᠨ ᠲᠤᠭ᠎ᠠ ᠶᠤᠰᠤᠭᠠᠷ ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠬᠡᠷᠡᠭᠯᠡᠬᠦ ᠱᠠᠭᠠᠷᠳᠠᠯᠭ᠎ᠠ ᠳᠤ ᠵᠤᠬᠢᠰᠳᠠᠢ ᠲᠤᠬᠢᠷᠠᠭᠤᠯᠤᠯᠳᠠ ᠬᠢᠵᠦ᠂ | ᠠᠭᠤᠯᠭ᠎ᠠ ᠶᠢᠨ ᠲᠠᠯ᠎ᠠ ᠪᠠᠷ ᠬᠠᠰᠤᠯᠳᠠ ᠬᠢᠪᠡ᠃ ᠨᠢᠭᠡ ᠲᠠᠯ᠎ᠠ ᠪᠠᠷ ᠤᠯᠤᠰ ᠤᠨ ᠬᠢᠴᠢᠶᠡᠯ ᠤᠨ ᠪᠠᠷᠢᠮᠵᠢᠶ᠎ᠠ ᠶᠢ ᠵᠢᠷᠤᠮᠯᠠᠬᠤ ᠪᠠ ᠨᠢᠭᠡᠴᠢ ᠶᠢᠨ ᠮᠡᠳᠡᠯᠭᠡ ᠶᠢᠨ | ᠰᠢᠰᠲ᠋ᠧᠮ ᠢ ᠪᠦᠷᠢᠨ ᠪᠦᠳᠦᠨ ᠢᠶᠠᠷ ᠵᠤᠯᠭᠠᠭᠤᠯᠤᠭᠰᠠᠨ ᠰᠠᠭᠤᠷᠢᠨ ᠲᠡᠭᠡᠷ᠎ᠡ᠂ ᠬᠢᠴᠢᠶᠡᠯ ᠤᠨ ᠠᠭᠤᠯᠭ᠎ᠠ ᠳᠤ ᠬᠠᠰᠤᠯᠳᠠ ᠬᠢᠵᠦ᠂ ᠨᠠᠷᠢᠨ ᠤᠩᠰᠢᠬᠤ ᠰᠢᠯᠦᠭ | ᠵᠤᠬᠢᠶᠠᠯ ᠢ ᠭᠤᠤᠯᠳᠠᠯᠭ᠎ᠠ ᠲᠠᠢ ᠲᠤᠬᠢᠷᠠᠭᠤᠯᠤᠨ ᠬᠠᠰᠤᠵᠤ᠂ ᠨᠠᠷᠢᠨ ᠤᠩᠰᠢᠬᠤ᠂ ᠲᠠᠭᠠᠵᠤ ᠤᠩᠰᠢᠬᠤ᠂ ᠦᠪᠡᠰᠦᠪᠡᠨ ᠤᠩᠰᠢᠬᠤ ᠪᠤᠯᠤᠨ ᠬᠢᠴᠢᠶᠡᠯ ᠤᠨ | ᠭᠠᠳᠠᠭᠤᠷᠬᠢ ᠤᠩᠰᠢᠬᠤ ᠰᠢᠯᠦᠭ ᠵᠤᠬᠢᠶᠠᠯ ᠢ ᠲᠤᠳᠤᠷᠬᠠᠶᠢᠯᠠᠵᠤ᠂ ᠰᠤᠷᠤᠭᠴᠢᠳ ᠤᠨ ᠰᠤᠷᠤᠯᠭ᠎ᠠ ᠶᠢᠨ ᠲᠠᠷᠤᠭᠠᠰᠤ ᠶᠢ ᠬᠦᠩᠭᠡᠷᠡᠭᠦᠯᠪᠡ᠃ ᠨᠦᠭᠦᠭᠡ ᠲᠠᠯ᠎ᠠ ᠪᠠᠷ᠂ | ᠵᠢᠭᠠᠨ ᠰᠤᠷᠭᠠᠯᠳᠠ ᠶᠢᠨ ᠦᠨᠡᠯᠡᠯᠳᠡ ᠳᠤ ᠦᠨᠳᠦᠰᠦᠨ ᠱᠠᠭᠠᠷᠳᠠᠯᠭ᠎ᠠ ᠲᠤᠷᠠᠳᠴᠤ᠂ ᠡᠯ᠎ᠡ ᠭᠠᠵᠠᠷ ᠤᠨ ᠬᠢᠨ ᠦᠨᠳᠦᠰᠦᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ | ᠪᠠᠳᠤᠯᠠᠭᠰᠠᠨ ᠰᠠᠭᠤᠷᠢᠨ ᠲᠡᠭᠡᠷ᠎ᠡ᠂ ᠪᠠᠭᠰᠢ ᠪᠠ ᠰᠤᠷᠤᠭᠴᠢ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠵᠢᠭᠠᠬᠤ ᠠᠭᠤᠯᠭ᠎ᠠ ᠪᠠᠨ ᠵᠤᠬᠢᠰᠳᠠᠢ ᠪᠠᠷ ᠦᠷᠭᠡᠳᠭᠡᠵᠦ | ᠪᠤᠯᠤᠨ᠎ᠠ᠃ | 4. ᠠᠰᠠᠭᠤᠯᠲᠠ᠄ ᠦᠨᠳᠦᠰᠦᠲᠡᠨ ᠤ ᠰᠤᠷᠭᠠᠭᠤᠯᠢ ᠳᠤ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠠᠬᠢᠭᠤᠯᠬᠤ ᠶᠢ ᠦᠨᠡᠨᠬᠦ | ᠪᠠᠲᠤᠯᠠᠬᠤ ᠶᠢᠨ ᠲᠦᠯᠦᠭᠡ ᠰᠢᠯᠵᠢᠯᠲᠡ ᠶᠢᠨ ᠬᠤᠭᠤᠴᠠᠭᠠᠨ ᠳᠤ ᠬᠠᠪᠰᠤᠷᠤᠨ ᠵᠢᠯᠤᠭᠤᠳᠤᠭᠴᠢ ᠶᠢᠨ ᠳᠦᠷᠢᠮ ᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ ᠬᠦᠴᠢᠷᠳᠡᠬᠦ ᠰᠤᠷᠤᠭᠴᠢᠳ ᠲᠤ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠠᠷᠭ᠎ᠠ ᠬᠡᠮᠵᠢᠶ᠎ᠡ ᠨᠢ | ᠰᠤᠷᠤᠭᠴᠢᠳ ᠤᠨ ᠬᠢᠴᠢᠶᠡᠯ ᠤᠨ ᠳᠠᠷᠤᠭᠠᠰᠤ ᠶᠢ ᠬᠦᠨᠳᠦᠷᠡᠭᠦᠯᠬᠦ ᠮᠠᠭᠠᠳ ᠦᠭᠡᠢ᠃ ᠡᠨᠡ ᠨᠢ ᠤᠯᠤᠰ ᠠᠴᠠ ᠰᠤᠷᠤᠭᠴᠢᠳ ᠤᠨ ᠳᠠᠷᠤᠭᠠᠰᠤ ᠶᠢ ᠬᠦᠩᠭᠡᠷᠡᠭᠦᠯᠬᠦ | ᠲᠦᠷᠦ ᠶᠢᠨ ᠪᠤᠳᠤᠯᠭ᠎ᠠ ᠲᠠᠢ ᠵᠤᠬᠢᠬᠤ ᠬᠡᠮᠵᠢᠶᠡᠨ᠎ᠡ ᠨᠢᠭᠡᠲᠦᠯ ᠦᠭᠡᠢ ᠪᠤᠯᠵᠤ ᠪᠠᠶᠢᠨ᠎ᠠ᠃ ᠡᠭᠦᠨ ᠢ ᠰᠢᠢᠳᠪᠦᠷᠢᠯᠡᠬᠦ ᠪᠤᠳᠠᠳᠠᠢ ᠠᠷᠭ᠎ᠠ ᠬᠡᠮᠵᠢᠶ᠎ᠡ ᠪᠠᠶᠢᠬᠤ ᠡᠰᠡᠬᠦ︖ | ᠬᠠᠷᠢᠭᠤᠯᠲᠠ᠄ ᠦᠨᠳᠦᠰᠦᠲᠡᠨ ᠤ ᠰᠤᠷᠭᠠᠭᠤᠯᠢ ᠳᠤ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠰᠤᠷᠭᠠᠨ ᠬᠦᠮᠦᠵᠢᠯ ᠤᠨ ᠴᠢᠨᠠᠷ | ᠴᠢᠨᠰᠠᠭ᠎ᠠ ᠶᠢ ᠲᠡᠭᠡᠭᠰᠢᠯᠡᠭᠦᠯᠬᠦ ᠶᠢᠨ ᠲᠦᠯᠦᠭᠡ ᠰᠢᠯᠵᠢᠯᠲᠡ ᠶᠢᠨ ᠬᠤᠭᠤᠴᠠᠭᠠᠨ ᠳᠤ ᠬᠠᠪᠰᠤᠷᠤᠨ ᠵᠢᠯᠤᠭᠤᠳᠤᠭᠴᠢ ᠶᠢᠨ ᠳᠦᠷᠢᠮ ᠢ ᠬᠡᠷᠡᠭᠵᠢᠭᠦᠯᠵᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠤᠷᠤᠯᠴᠠᠬᠤ ᠳᠤ ᠬᠦᠴᠢᠷᠳᠡᠬᠦ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠳᠠᠰᠬᠠᠯ ᠢ | ᠬᠠᠪᠰᠤᠷᠣᠨ ᠵᠢᠯᠤᠭᠤᠳᠬᠤ᠂ ᠮᠠᠳᠠᠭ ᠲᠠᠢ ᠵᠦᠢᠯᠡᠰ ᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠨ᠎ᠠ᠂ ᠡᠨᠡ ᠨᠢ | ᠤᠯᠤᠰ ᠤᠨ ᠰᠤᠷᠤᠭᠴᠢᠳ ᠤᠨ ᠳᠠᠷᠤᠭᠠᠰᠤ ᠶᠢ ᠬᠦᠩᠬᠡᠷᠡᠭᠦᠯᠬᠦ ᠲᠦᠷᠦ ᠶᠢᠨ ᠪᠤᠳᠤᠯᠭ᠎ᠠ ᠲᠠᠢ ᠵᠦᠷᠢᠴᠡᠯᠳᠦᠬᠦ ᠦᠭᠡᠢ ᠶᠤᠮ᠃ ᠳᠤᠮᠳᠠᠳᠤ ᠪᠠᠭ᠎ᠠ ᠰᠤᠷᠭᠠᠭᠤᠯᠢ ᠳᠤ | ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠨᠢ ᠰᠤᠷᠤᠯᠴᠠᠯᠭ᠎ᠠ ᠶᠢᠨ ᠤᠷᠤᠨ ᠵᠠᠢ ᠶᠢ ᠦᠷᠭᠡᠳᠭᠡᠬᠦ᠂ ᠬᠡᠪ ᠴᠢᠨᠠᠷ ᠤᠨ ᠰᠤᠷᠭᠠᠨ ᠬᠦᠮᠦᠵᠢᠯ ᠢ ᠬᠦᠭᠵᠢᠭᠦᠯᠭᠦ᠂ | ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠵᠠᠮ ᠮᠦᠨ᠃ ᠬᠢᠴᠢᠶᠡᠯ ᠤᠨ ᠳᠠᠷᠠᠭᠠᠬᠢ | ᠦᠢᠯᠡᠴᠢᠯᠡᠭᠡ ᠬᠠᠩᠭᠠᠬᠤ ᠶᠢ ᠵᠢᠷᠤᠮᠵᠢᠭᠤᠯᠬᠤ ᠶᠢᠨ ᠲᠦᠯᠦᠭᠡ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠵᠡᠷᠭᠡ ᠲᠠᠪᠤᠨ ᠰᠠᠯᠠᠭ᠎ᠠ ᠮᠦᠴᠢᠷ | ᠡᠨᠡ ᠵᠢᠯ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠵᠢᠯ ᠢ ᠤᠯᠠᠮ ᠴᠢᠨᠠᠬᠰᠢᠳᠠ ᠴᠢᠩᠭᠠᠳᠬᠠᠨ | ᠵᠢᠷᠤᠮᠵᠢᠭᠤᠯᠬᠤ ᠲᠤᠬᠠᠢ ᠮᠡᠳᠡᠭᠳᠡᠯ︾ ᠭᠠᠷᠭᠠᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠬᠠᠩᠭᠠᠬᠤ ᠡᠳᠡᠭᠡᠳ ᠪᠠ ᠴᠠᠭ ᠢ ᠵᠢᠷᠤᠮᠵᠢᠭᠤᠯᠵᠠᠢ᠃ ᠵᠠᠷᠴᠢᠮ | ᠳᠡᠭᠡᠷ᠎ᠡ ᠪᠠᠨ ᠪᠠᠭ᠎ᠠ ᠰᠤᠷᠭᠠᠭᠤᠯᠢ 17 ᠴᠠᠭ 30 ᠮᠢᠨᠦ᠋ᠲ᠂ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ 18 ᠴᠠᠭ ᠠᠴᠠ ᠤᠷᠦ᠋ᠢᠳᠠᠵᠤ ᠪᠤᠯᠬᠤ ᠦᠭᠡᠢ᠃ | ᠡᠭᠦᠨ ᠤ ᠬᠠᠮᠲᠤ᠂ ᠦᠢᠯᠡᠴᠢᠯᠡᠬᠦ ᠠᠭᠤᠯᠭ᠎ᠠ ᠪᠠ ᠬᠡᠯᠪᠡᠷᠢ ᠶᠢᠨ ᠲᠠᠯ᠎ᠠ ᠪᠠᠷ ᠪᠠᠰᠠ ᠵᠢᠷᠤᠮᠵᠢᠭᠤᠯᠤᠬᠰᠠᠨ ᠪᠠᠶᠢᠨ᠎ᠠ᠃ ᠪᠠᠭ᠎ᠠ ᠰᠤᠷᠭᠠᠭᠤᠯᠢ ᠶᠢᠨ ᠨᠢᠭᠡ᠂ ᠬᠤᠶᠠᠳᠤᠭᠠᠷ | ᠣᠨ ᠨᠢ ᠨᠡᠶᠢᠲᠡ ᠶᠢᠨ ᠬᠦᠳᠡᠯᠭᠡᠭᠡᠨ᠂ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠦᠢᠯᠡᠳᠦᠯᠭᠡ ᠶᠢᠨ ᠠᠵᠢᠯᠯᠠᠭ᠎ᠠ᠂ ᠭᠠᠷ ᠤᠷᠠᠯᠠᠯ ᠤᠨ ᠵᠦᠢᠯᠡᠰ ᠢᠶᠠᠷ ᠭᠤᠣᠯᠯᠠᠨ᠎ᠠ︔ | ᠭᠤᠷᠪᠠ ᠠᠴᠠ ᠵᠢᠷᠭᠤᠳᠤᠭᠠᠷ ᠣᠨ ᠨᠢ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠳᠠᠰᠬᠠᠯ ᠤᠨ ᠵᠢᠯᠤᠭᠤᠳᠤᠮᠵᠢ᠂ ᠲᠤᠷ᠎ᠠ ᠰᠤᠨᠢᠷᠬᠠᠯ ᠤᠨ ᠳᠤᠭᠤᠶᠢᠯᠠᠩ᠂ | ᠨᠡᠶᠢᠲᠡ ᠶᠢᠨ ᠬᠦᠳᠡᠯᠭᠡᠭᠡᠨ᠂ ᠶᠡᠷᠦᠩᠬᠡᠶᠢᠯᠡᠭᠰᠡᠨ ᠦᠢᠯᠡᠳᠦᠯᠭᠡ ᠪᠠᠷ ᠭᠤᠣᠯᠯᠠᠨ᠎ᠠ︔ ᠠᠩᠬ᠎ᠠ ᠵᠡᠷᠭᠡ ᠶᠢᠨ ᠲᠤᠮᠳᠠᠲᠤ ᠰᠤᠷᠭᠠᠭᠤᠯᠢ ᠶᠢᠨ ᠠᠩᠬᠢ ᠨᠢ ᠲᠠᠰᠬᠠᠯ ᠤᠨ | ᠵᠢᠯᠤᠭᠤᠳᠤᠮᠵᠢ᠂ ᠮᠠᠳᠠᠭ ᠲᠠᠢ ᠵᠦᠢᠯᠡᠰ ᠢ ᠲᠠᠶᠢᠯᠪᠤᠷᠢᠯᠠᠬᠤ᠂ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠨᠡᠶᠢᠭᠡᠮᠯᠢᠭ ᠤᠨ ᠠᠵᠢᠯᠯᠠᠭ᠎ᠠ᠂ ᠶᠡᠷᠦᠩᠬᠡᠶᠢᠯᠡᠭᠰᠡᠨ | ᠦᠢᠯᠡᠳᠦᠯᠭᠡ ᠪᠠᠷ ᠭᠤᠤᠯᠯᠠᠨ᠎ᠠ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠬᠤ ᠰᠤᠷᠭᠠᠭᠤᠯᠢ ᠶᠢᠨ ᠬᠠᠪᠰᠤᠷᠤᠨ ᠵᠢᠯᠤᠭᠤᠳᠤᠭᠴᠢ ᠬᠢᠴᠢᠶᠡᠯ ᠤᠨ ᠳᠠᠷᠠᠭᠠᠬᠢ | ᠦᠢᠯᠡᠴᠢᠯᠡᠭᠡ ᠦᠷᠨᠢᠭᠦᠯᠭᠦ ᠨᠢ ᠰᠤᠷᠤᠭᠴᠢᠳ ᠤᠨ ᠬᠡᠷᠡᠭᠴᠡᠭᠡ ᠪᠠ ᠭᠡᠷ ᠤᠨ ᠠᠬᠠᠮᠠᠳ ᠤᠨ ᠬᠦᠰᠡᠯ ᠢ ᠦᠨᠳᠦᠰᠦᠯᠡᠵᠦ ᠵᠤᠬᠢᠶᠠᠨ ᠪᠠᠶᠢᠭᠤᠯᠤᠨ ᠬᠢᠵᠦ ᠪᠠᠶᠢᠭ᠎ᠠ | ᠶᠠᠪᠤᠳᠠᠯ ᠪᠤᠯᠤᠨ᠎ᠠ᠂ ᠡᠩ ᠤᠨ ᠵᠢᠭᠠᠨ ᠰᠤᠷᠭᠠᠯᠳᠠ ᠶᠢᠨ ᠨᠦᠬᠦᠪᠦᠷᠢᠯᠡᠯ ᠪᠠ ᠬᠡᠪ ᠤᠨ ᠰᠤᠷᠭᠠᠯᠲᠠ ᠶᠢᠨ ᠬᠠᠪᠰᠤᠷᠤᠨ ᠵᠢᠯᠤᠭᠤᠳᠤᠮᠵᠢ ᠪᠤᠯᠤᠨ᠎ᠠ᠂ ᠰᠤᠷᠤᠭᠴᠢᠳ ᠤᠨ | ᠬᠢᠴᠢᠶᠡᠯ ᠤᠨ ᠳᠠᠷᠤᠭᠠᠰᠤ ᠶᠢ ᠬᠦᠨᠳᠦᠷᠦᠭᠦᠯᠵᠦ ᠪᠠᠶᠢᠬᠤ ᠠᠵᠢᠯᠯᠠᠭ᠎ᠠ ᠪᠢᠰᠢ ᠶᠤᠮ᠃ | 5. ᠠᠰᠠᠭᠤᠯᠲᠠ : ᠥᠨᠳᠦᠰᠦᠲᠡᠨ ᠤ ᠰᠤᠷᠭᠠᠭᠤᠯᠢ ᠶᠢᠨ ᠰᠤᠷᠤᠭᠴᠢᠳ ᠤᠨ ᠬᠢᠲᠠᠳ ᠬᠡᠯᠡᠨ ᠤ ᠰᠠᠭᠤᠷᠢ ᠮᠠᠰᠢ ᠪᠠᠭᠤᠷᠠᠢ᠂ ᠠᠩᠬ᠎ᠠ ᠳᠤᠮᠳᠠᠳᠤ ᠶᠢᠨ | ᠨᠢᠭᠡᠳᠦᠭᠡᠷ ᠤᠨ ᠤ ᠰᠤᠷᠤᠭᠴᠢᠳ ᠤᠨ ᠬᠢᠲᠠᠳ ᠬᠡᠯᠡᠨ ᠤ ᠬᠢᠷᠢ ᠬᠡᠮᠵᠢᠶ᠎ᠡ ᠨᠢ ᠬᠢᠲᠠᠳ ᠢᠶᠠᠷ ᠬᠢᠴᠢᠶᠡᠯᠯᠡᠬᠦ ᠰᠤᠷᠤᠭᠴᠢᠳ ᠤᠨ ᠭᠤᠷᠪᠠ᠂ ᠳᠥᠷᠪᠡᠳᠦᠭᠡᠷ ᠣᠨ ᠤ | ᠬᠢᠷᠢ ᠬᠡᠮᠵᠢᠶ᠎ᠡ ᠲᠠᠢ ᠯᠡ ᠲᠡᠩᠴᠡᠨ᠎ᠡ᠃ ᠬᠡᠷᠪᠡ ᠡᠨᠡ ᠵᠢᠯ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠠᠴᠠ ᠡᠬᠢᠯᠡᠨ ᠤᠯᠤᠰ ᠤᠨ | ᠨᠢᠭᠡᠲᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ ᠬᠦᠷᠪᠡᠯ᠂ ᠪᠠᠭ᠎ᠠ ᠰᠤᠷᠭᠠᠭᠤᠯᠢ ᠪᠣᠯᠣᠨ ᠠᠩᠬ᠎ᠠ ᠳᠤᠮᠳᠠᠳᠤ ᠶᠢᠨ | ᠬᠡᠯᠡ ᠪᠢᠴᠢᠭ ᠤᠨ ᠬᠢᠴᠢᠶᠡᠯ ᠤᠨ ᠮᠡᠳᠡᠯᠭᠡ ᠬᠤᠭᠤᠷᠣᠨᠳᠤ ᠪᠠᠨ ᠲᠠᠰᠤᠷᠠᠵᠤ᠂ ᠰᠤᠷᠤᠯᠭ᠎ᠠ ᠳᠠᠭᠠᠵᠤ ᠠᠮᠵᠢᠬᠤ ᠦᠭᠡᠢ ᠪᠣᠯᠣᠭᠠᠳ᠂ ᠬᠢᠷᠢ ᠬᠡᠮᠵᠢᠶ᠎ᠡ ᠨᠢ | ᠳᠤᠷᠤᠭᠰᠢᠯᠠᠬᠤ ᠪᠤᠯᠤᠨ᠎ᠠ᠂ ᠲᠡᠭᠡᠪᠡᠯ ᠪᠠᠭ᠎ᠠ ᠰᠤᠷᠭᠠᠭᠤᠯᠢ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠬᠢᠴᠢᠶᠡᠯ ᠢ ᠬᠡᠷᠬᠢᠨ ᠵᠤᠯᠭᠠᠭᠤᠯᠬᠤ ᠪᠤᠢ︖ ᠬᠡᠷᠪᠡ | ᠰᠤᠷᠤᠭᠴᠢᠳ ᠡᠭᠦᠨ ᠠᠴᠠ ᠪᠣᠯᠵᠣ ᠢᠯᠠᠭᠳᠠᠯ ᠳᠤ ᠤᠴᠠᠷᠠᠭᠠᠳ ᠰᠤᠷᠤᠯᠭ᠎ᠠ ᠶᠢᠨ ᠤᠷᠮ᠎ᠠ ᠬᠤᠭᠤᠷᠠᠪᠠᠯ ᠶᠠᠮᠠᠷ ᠠᠷᠭ᠎ᠠ ᠪᠠᠷ ᠬᠠᠪᠰᠣᠷᠤᠨ ᠳᠡᠮᠵᠢᠵᠦ ᠰᠢᠢᠳᠪᠦᠷᠢᠯᠡᠬᠦ | ᠪᠣᠢ︖ | ᠬᠠᠷᠢᠭᠤᠯᠲᠠ᠄ ᠵᠢᠭᠠᠬᠤ ᠮᠠᠲ᠋ᠧᠷᠢᠶᠠᠯ ᠢ ᠵᠠᠳᠠᠯᠵᠦ ᠰᠢᠨᠵᠢᠯᠡᠭᠰᠡᠨ ᠢᠶᠠᠷ᠂ ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠨᠤᠭᠤᠳ ᠤᠨ ᠤᠤᠯ ᠤᠨ | ᠬᠡᠷᠡᠭᠯᠡᠵᠦ ᠪᠠᠶᠢᠭᠰᠠᠨ ︽ᠬᠢᠲᠠᠳ ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠨᠢ ᠳᠦᠭᠦᠮ ᠰᠢᠭ᠂ ᠭᠤᠣᠯᠳᠠᠭᠤ ᠤᠩᠰᠢᠬᠤ ᠵᠤᠬᠢᠶᠠᠯ ᠤᠨ ᠬᠡᠪᠴᠢᠶ᠎ᠡ ᠪᠠᠭ᠎ᠠ᠂ | ᠰᠤᠷᠤᠭᠴᠢᠳ ᠤᠨ ᠡᠵᠡᠮᠰᠢᠬᠦ ᠦᠭᠡᠰ ᠤᠨ ᠲᠤᠭ᠎ᠠ ᠴᠦᠬᠡᠨ᠂ ᠵᠣᠬᠢᠶᠠᠨ ᠪᠢᠴᠢᠬᠦ ᠵᠢᠭᠠᠨ ᠰᠤᠷᠭᠠᠯᠲᠠ ᠳᠣᠷᠤᠢ ᠰᠢᠭ᠋ ᠪᠠᠶᠢᠳᠠᠯ ᠣᠷᠤᠰᠢᠵᠦ ᠪᠠᠶᠢᠨ᠎ᠠ᠃ ᠭᠡᠪᠡᠴᠦ ᠡᠯ᠎ᠡ | ᠭᠠᠵᠠᠷ ᠤᠨ ᠬᠢᠲᠠᠳ ᠬᠡᠯᠡᠨ ᠤ ᠰᠠᠭᠤᠷᠢ ᠶᠢᠨ ᠣᠷᠴᠢᠨ ᠲᠣᠭᠤᠷᠢᠨ ᠪᠠ ᠪᠠᠭᠰᠢ ᠨᠠᠷ ᠤᠨ ᠵᠢᠭᠠᠬᠤ ᠠᠷᠭ᠎ᠠ ᠪᠠ ᠬᠡᠯᠪᠡᠷᠢ ᠶᠢᠨ ᠠᠳᠠᠯᠢ ᠦᠭᠡᠢ ᠠᠴᠠ ᠪᠣᠯᠵᠤ᠂ | ᠰᠤᠷᠤᠭᠴᠢᠳ ᠤᠨ ᠮᠡᠳᠡᠯᠭᠡ ᠶᠢᠨ ᠬᠡᠮᠵᠢᠶ᠎ᠡ ᠪᠠᠰᠠ ᠠᠳᠠᠯᠢ ᠦᠭᠡᠢ ᠪᠠᠶᠢᠨ᠎ᠠ᠃ ᠣᠳᠤᠬᠠᠨ ᠳᠤ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠣᠳᠤᠯᠬᠤ | ᠲᠠᠰᠤᠭ ᠠᠴᠠ ᠲᠣᠭᠲᠠᠭᠠᠭᠰᠠᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠳᠣᠮᠳᠠᠳᠣ ᠪᠠᠭ᠎ᠠ ᠰᠤᠷᠭᠠᠭᠤᠯᠢ ᠳᠤ ᠬᠡᠷᠡᠭᠯᠡᠬᠦ ᠤᠯᠣᠰ ᠤᠨ ᠨᠢᠭᠡᠲᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠢᠯᠣᠭᠤᠳᠬᠤ ᠰᠠᠨᠠᠯ ᠢ ᠥᠨᠳᠦᠰᠦᠯᠡᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ | ᠬᠡᠷᠡᠭᠯᠡᠬᠦ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠳᠡᠭᠡᠳᠦ ᠳᠡᠪᠲᠡᠷ ᠤᠨ ᠭᠤᠤᠯ ᠠᠭᠤᠯᠭ᠎ᠠ ᠨᠢ ᠤᠩᠰᠢᠬᠤ ᠪᠠ ᠵᠣᠬᠢᠶᠠᠨ | ᠪᠢᠴᠢᠬᠦ ᠵᠢᠭᠠᠨ ᠰᠤᠷᠭᠠᠯᠲᠠ ᠪᠤᠯᠬᠤ ᠪᠤᠳᠠᠳᠠᠢ ᠪᠠᠶᠢᠳᠠᠯ ᠢ ᠦᠨᠳᠦᠰᠦᠯᠡᠵᠦ᠂ ᠬᠦᠴᠢᠷᠳᠡᠯ ᠪᠠ ᠭᠤᠣᠯᠳᠠᠯᠭ᠎ᠠ ᠶᠢᠨ ᠲᠠᠯ᠎ᠠ ᠪᠠᠷ ᠵᠣᠬᠢᠰᠲᠠᠢ ᠲᠣᠬᠢᠷᠠᠭᠤᠯᠵᠤ᠂ | ᠬᠦᠴᠢᠷᠳᠡᠯ ᠢ ᠪᠠᠭᠠᠰᠬᠠᠭᠰᠠᠨ ᠪᠠᠶᠢᠨ᠎ᠠ᠂ ᠡᠭᠦᠨ ᠤ ᠵᠣᠷᠢᠯᠭ᠎ᠠ ᠨᠢ ᠪᠣᠯ ᠡᠨᠡ ᠬᠦ ︽ᠲᠠᠰᠤᠯᠳᠠᠯ︾ ᠢ ᠰᠢᠢᠳᠪᠦᠷᠢᠯᠡᠬᠦ ᠶᠢᠨ ᠲᠥᠯᠦᠭᠡ ᠶᠤᠮ᠃ ᠡᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠠᠴᠠ ᠵᠢᠭᠠᠬᠤ ᠶᠢ ᠰᠤᠳᠤᠯᠬᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠲᠤᠰᠬᠠᠢ ᠬᠦᠴᠦᠨ ᠢ ᠵᠣᠬᠢᠶᠠᠨ ᠪᠠᠶᠢᠭᠤᠯᠤᠨ | ᠰᠤᠷᠤᠭᠴᠢᠳ ᠤᠨ ᠦᠰᠦᠭ ᠲᠠᠨᠢᠬᠤ ᠬᠡᠮᠵᠢᠶ᠎ᠡ ᠪᠠ ᠵᠣᠬᠢᠶᠠᠨ ᠪᠢᠴᠢᠯᠭᠡ ᠶᠢᠨ ᠵᠢᠭᠠᠨ ᠰᠤᠷᠭᠠᠯᠳᠠ ᠶᠢ ᠵᠤᠯᠭᠠᠭᠤᠯᠬᠤ ᠠᠰᠠᠭᠤᠳᠠᠯ ᠢ ᠰᠤᠳᠤᠯᠵᠤ᠂ ︽ᠮᠣᠩᠭᠤᠯ | ᠬᠢᠲᠠᠳ ᠬᠠᠷᠢᠴᠠᠭᠤᠯᠤᠭᠰᠠᠨ ᠬᠦᠨᠳᠦ ᠦᠭᠡᠰ ᠤᠨ ᠭᠠᠷ ᠠᠪᠤᠯᠭ᠎ᠠ︾ ᠶᠢ ᠨᠠᠶᠢᠷᠠᠭᠤᠯᠵᠤ᠂ ᠪᠠᠭᠰᠢ ᠰᠤᠷᠤᠭᠴᠢᠳ ᠤᠨ ᠰᠤᠷᠤᠯᠴᠠᠬᠤ ᠳᠤ ᠳᠦᠭᠦᠮ ᠦᠵᠡᠭᠦᠯᠵᠦ᠂ | ᠬᠡᠰᠡᠭ ᠰᠤᠷᠤᠭᠴᠢᠳ ᠤᠨ ᠦᠰᠦᠭ ᠲᠠᠨᠢᠬᠤ ᠲᠠᠷᠤᠯᠳᠠ ᠶᠢ ᠬᠦᠩᠭᠡᠷᠡᠭᠦᠯᠬᠦ ᠪᠠᠷ ᠪᠠᠶᠢᠨ᠎ᠠ᠃ ᠡᠭᠦᠨ ᠤ ᠬᠠᠮᠳᠦ᠂ ᠡᠯ᠎ᠡ ᠭᠠᠵᠠᠷ ᠤᠨ ᠳᠣᠮᠳᠠᠳᠣ ᠪᠠᠭ᠎ᠠ ᠰᠤᠷᠭᠠᠭᠤᠯᠢ | ᠪᠠᠰᠠ ᠦᠭᠡ ᠬᠡᠯᠡ ᠰᠤᠷᠬᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠦᠷᠢᠯᠳᠦᠭᠦᠯᠵᠦ᠂ ᠰᠤᠷᠤᠭᠴᠢᠳ ᠢ ᠬᠠᠪᠰᠤᠷᠤᠨ ᠬᠢᠷᠢ ᠪᠦᠳᠦᠮᠵᠢ ᠶᠢ ᠨᠢ | ᠰᠠᠶᠢᠲᠦᠷ ᠲᠡᠭᠡᠭᠰᠢᠯᠡᠭᠦᠯᠵᠦ᠂ ᠳᠤᠲᠠᠭᠤᠳᠠᠯ ᠢ ᠨᠢ ᠨᠦᠬᠦᠪᠦᠷᠢᠯᠡᠬᠦ ᠬᠡᠷᠡᠭᠳᠠᠢ᠃ | 6. ᠠᠰᠠᠭᠤᠯᠳᠠ᠄ ᠮᠤᠩᠭᠤᠯ ᠢᠶᠠᠷ ᠬᠢᠴᠢᠶᠡᠯᠯᠡᠬᠦ ᠰᠣᠷᠤᠭᠴᠢ ᠶᠢᠨ ᠬᠤᠪᠢ ᠳᠤ ᠠᠪᠴᠤ ᠬᠡᠯᠡᠪᠡᠯ᠂ ᠪᠠᠭ᠎ᠠ ᠰᠤᠷᠭᠠᠭᠤᠯᠢ ᠶᠢᠨ ᠱᠠᠳᠤᠨ ᠳᠤ ᠪᠢᠴᠢᠭ ᠤᠨ ᠬᠡᠯᠨ | ᠪᠤᠯᠤᠨ ᠡᠷᠳᠡᠨ ᠤ ᠰᠢᠯᠦᠭ ᠳᠠᠭᠤᠯᠠᠯ ᠢ ᠰᠤᠷᠴᠤ ᠥᠩᠭᠡᠷᠡᠭᠰᠡᠨ ᠦᠭᠡᠢ ᠪᠠᠷ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠣᠷᠤᠮᠠᠭᠴᠠ | ᠰᠢᠭᠤᠳ ᠬᠢᠳᠠᠳ ᠢᠶᠠᠷ ᠬᠢᠴᠢᠶᠡᠯᠯᠡᠬᠦ ᠰᠣᠷᠤᠭᠴᠢᠳ ᠲᠠᠢ ᠠᠳᠠᠯᠢᠬᠠᠨ ᠢᠶᠠᠷ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ︽ᠬᠡᠯᠨ ᠪᠢᠴᠢᠭ︾ ᠤᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠨᠢ ᠮᠠᠰᠢ ᠶᠡᠭᠡ ᠬᠦᠴᠢᠷᠳᠡᠯ ᠲᠠᠢ ᠪᠤᠯᠬᠤ ᠶᠤᠮ᠂ ᠡᠨᠡ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | ᠬᠠᠷᠢᠭᠤᠯᠳᠠ᠄ ᠮᠤᠩᠭᠤᠯ ᠢᠶᠠᠷ ᠬᠢᠴᠢᠶᠡᠯᠯᠡᠬᠦ ᠰᠤᠷᠤᠬᠴᠢᠳ ᠯᠡ ᠪᠢᠰᠢ᠂ ᠬᠢᠳᠠᠳ ᠢᠶᠠᠷ ᠬᠢᠴᠢᠶᠡᠯᠯᠡᠬᠦ ᠰᠣᠷᠤᠭᠴᠢᠳ ᠲᠤ ᠠᠪᠴᠤ ᠬᠡᠯᠡᠭᠰᠡᠨ ᠴᠦ᠂ | ᠪᠢᠴᠢᠭ ᠤᠨ ᠬᠡᠯᠡ ᠪᠤᠯᠤᠨ ᠡᠷᠳᠡᠨ ᠤ ᠰᠢᠯᠦᠭ ᠳᠠᠭᠤᠯᠠᠯ ᠨᠢ ᠢᠮᠠᠬᠳᠠ ᠵᠢᠭᠠᠨ ᠰᠤᠷᠭᠠᠯᠳᠠ ᠶᠢᠨ ᠬᠦᠴᠢᠷᠳᠡᠯᠬᠡ ᠪᠤᠯᠤᠬᠰᠠᠭᠠᠷ ᠢᠷᠡᠵᠠᠢ᠂ ᠪᠠᠰᠠᠴᠦ ᠭᠤᠤᠯᠳᠠᠯᠭᠠᠳᠠᠢ | ᠰᠢᠯᠭᠠᠨ ᠪᠠᠶᠢᠴᠠᠭᠠᠬᠤ ᠠᠭᠤᠯᠭ᠎ᠠ ᠪᠤᠯᠵᠦ ᠪᠤᠢ᠃ ᠤᠳᠤᠬᠠᠨ ᠳᠤ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠡᠷᠳᠡᠨ ᠤ ᠰᠢᠯᠦᠭ ᠳᠠᠭᠤᠯᠠᠯ ᠤᠨ | ᠳᠤᠭ᠎ᠠ ᠨᠢ ᠲᠡᠶᠢᠮᠦ ᠣᠯᠠᠨ ᠪᠢᠰᠢ ᠮᠦᠷᠳᠡᠬᠡᠨ ᠤᠷᠠᠨ ᠤᠩᠰᠢᠯᠭ᠎ᠠ ᠶᠢᠨ ᠠᠭᠤᠯᠭ᠎ᠠ ᠪᠤᠯᠪᠠᠴᠤ ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠰᠣᠷᠤᠭᠴᠢᠳ ᠤᠨ | ᠰᠠᠭᠤᠷᠢ ᠨᠢ ᠬᠠᠷᠢᠴᠠᠩᠭᠤᠢ ᠠᠨᠠᠢ ᠪᠠᠶᠢᠬᠤ ᠪᠤᠳᠠᠳᠤ ᠪᠠᠶᠢᠳᠠᠯ ᠳᠤ ᠴᠢᠭᠯᠡᠬᠦᠯᠦᠨ᠂ ᠥᠪᠡᠷᠳᠡᠭᠡᠨ ᠵᠠᠰᠠᠬᠤ ᠣᠷᠤᠨ ᠠᠴᠠ ᠰᠣᠳᠤᠯᠭᠠᠨ ᠤ ᠰᠡᠳᠦᠪ ᠤᠨ ᠳᠦᠰᠦᠯ ᠢ | ᠵᠤᠬᠢᠶᠠᠨ ᠪᠠᠶᠢᠭᠤᠯᠵᠤ᠂ ᠳᠤᠰᠬᠠᠢ ᠳᠦᠷᠦᠯ ᠤᠨ ᠰᠣᠳᠤᠯᠭᠠᠨ ᠬᠢᠵᠦ᠂ ᠵᠢᠭᠠᠨ ᠰᠤᠷᠭᠠᠯᠳᠠ ᠶᠢᠨ ᠳᠤᠷᠰᠢᠯᠳᠠ ᠪᠠᠷ ᠳᠠᠮᠵᠢᠵᠦ᠂ ᠭᠤᠤᠯᠳᠠᠯᠭᠠᠳᠠᠢ ᠰᠢᠪᠳᠤᠯᠤᠯᠳᠠ | ᠬᠢᠵᠦ᠂ ᠰᠤᠷᠭᠠᠨ ᠬᠦᠮᠦᠵᠢᠬᠦᠯᠬᠦ ᠠᠷᠭ᠎ᠠ ᠪᠠᠷᠢᠯ ᠪᠤᠯᠤᠨ ᠵᠢᠭᠠᠨ ᠰᠤᠷᠭᠠᠯᠳᠠ ᠶᠢᠨ ᠬᠡᠯᠪᠡᠷᠢ ᠪᠠᠨ ᠳᠠᠰᠤᠷᠠᠯᠳᠠ ᠦᠭᠡᠢ ᠰᠢᠨᠡᠳᠭᠡᠵᠦ᠂ ᠰᠤᠷᠤᠭᠴᠢᠳ ᠤᠨ ᠪᠢᠴᠢᠭ ᠤᠨ | ᠬᠡᠯᠡ ᠪᠤᠯᠤᠨ ᠡᠷᠳᠡᠨ ᠤ ᠰᠢᠯᠦᠭ ᠳᠠᠭᠤᠯᠠᠯ ᠢ ᠳᠦᠷᠬᠡᠨ ᠰᠤᠷᠴᠤ ᠡᠵᠡᠮᠰᠢᠬᠦ ᠬᠠᠮᠤᠭ ᠤᠨ ᠰᠠᠶᠢᠨ ᠠᠷᠭ᠎ᠠ ᠵᠠᠮ ᠢ ᠬᠠᠶᠢᠨ᠎ᠠ᠃ ᠡᠯ᠎ᠡ ᠭᠠᠵᠠᠷ ᠤᠨ ᠳᠤᠮᠳᠠᠳᠤ ᠪᠠᠭ᠎ᠠ | ᠰᠤᠷᠭᠠᠭᠤᠯᠢ ᠶᠢᠨ ᠬᠢᠨ ᠨᠤᠳᠠᠯᠠᠯ ᠤᠨ ᠳᠤᠷᠰᠢᠯᠳᠠ ᠶᠢ ᠢᠳᠡᠪᠬᠢᠳᠡᠢ ᠪᠠᠷ ᠥᠷᠨᠢᠬᠦᠯᠦᠨ᠂ ᠬᠡᠷᠡᠭᠵᠢᠭᠦᠯᠬᠦ ᠪᠤᠯᠤᠮᠵᠢᠳᠠᠢ ᠵᠢᠮ᠎ᠡ ᠶᠤᠰᠤ ᠶᠢ ᠳ᠋ᠦᠩᠨᠡᠵᠦ᠂ ᠵᠢᠭᠠᠨ | ᠰᠤᠷᠭᠠᠬᠤ ᠠᠷᠭ᠎ᠠ ᠪᠠᠷᠢᠯ ᠢᠶᠠᠨ ᠳᠠᠰᠤᠷᠠᠯᠳᠠ ᠦᠭᠡᠢ ᠰᠠᠶᠢᠵᠢᠷᠠᠭᠤᠯᠤᠨ᠂ ᠤᠩᠰᠢᠨ ᠰᠣᠨᠢᠷᠬᠠᠬᠤ ᠬᠢᠷᠢ ᠳᠦᠪᠰᠢᠨ ᠢ ᠳᠡᠭᠡᠭᠰᠢᠯᠡᠬᠦᠯᠬᠦ ᠶᠢ ᠵᠤᠷᠢᠭᠵᠢᠭᠤᠯᠤᠨ᠎ᠠ᠃ | 7. ᠠᠰᠠᠭᠤᠯᠳᠠ᠄ ᠦᠨᠳᠦᠰᠦᠳᠡᠨ ᠤ ᠰᠤᠷᠭᠠᠭᠤᠯᠢ ᠶᠢᠨ ᠪᠠᠭᠰᠢ ᠨᠠᠷ ᠲᠤ ᠠᠪᠴᠤ ᠬᠡᠯᠡᠪᠡᠯ᠂ ᠬᠡᠷᠪᠡ ᠰᠤᠷᠤᠯᠴᠠᠯᠭ᠎ᠠ ᠪᠤᠯᠪᠠᠰᠤᠷᠠᠭᠤᠯᠤᠯᠳᠠ ᠪᠠᠷ ᠳᠠᠮᠵᠢᠭᠠᠳ | ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠨ ᠦᠰᠦᠭ ᠪᠢᠴᠢᠭ ᠤᠨ ᠵᠢᠭᠠᠨ ᠰᠤᠷᠭᠠᠯᠳᠠ ᠶᠢᠨ ᠠᠵᠢᠯ ᠢ ᠮᠦᠨ ᠬᠦ ᠡᠬᠦᠷᠭᠡᠯᠡᠵᠦ ᠳᠡᠶᠢᠯᠬᠦ ᠦᠬᠡᠢ ᠪᠤᠯ ᠳᠡᠳᠡᠨ ᠤ | ᠬᠦᠮᠦᠨ ᠬᠢᠬᠡᠳ ᠠᠵᠢᠯ ᠤᠨ ᠪᠠᠶᠢᠷᠢ ᠶᠢ ᠵᠤᠬᠢᠴᠠᠭᠤᠯᠵᠤ᠂ ᠬᠤᠪᠢ ᠬᠦᠮᠦᠨ ᠤ ᠦᠷᠳᠡᠭ ᠢᠶᠠᠨ ᠬᠦᠢᠴᠡᠳ ᠢᠯᠡᠷᠡᠬᠦᠯᠬᠦ ᠶᠢ ᠬᠡᠷᠬᠢᠨ ᠪᠠᠳᠤᠯᠠᠬᠤ ᠪᠤᠢ︖ | ᠬᠠᠷᠢᠭᠤᠯᠳᠠ᠄ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ ᠨᠢᠬᠡ ᠪᠦᠯᠦᠭ ᠪᠠᠭᠰᠢ ᠵᠢᠭᠠᠨ ᠰᠤᠷᠭᠠᠬᠤ | ᠦᠬᠡ ᠬᠡᠯᠨ ᠰᠣᠯᠢᠭᠳᠠᠭᠰᠠᠨ ᠤ ᠬᠠᠷᠠᠭ᠎ᠠ ᠪᠠᠷ ᠳᠦᠷ ᠴᠠᠭ ᠵᠢᠭᠠᠨ ᠰᠤᠷᠭᠠᠯᠳᠠ ᠶᠢᠨ ᠠᠵᠢᠯ ᠤᠨ ᠪᠠᠶᠢᠷᠢ ᠳᠤ ᠭᠠᠷᠴᠤ ᠳᠡᠶᠢᠯᠬᠦ ᠦᠭᠡᠢ ᠪᠤᠶᠤ ᠳᠡᠷᠡᠴᠢᠯᠡᠨ | ᠪᠤᠯᠪᠠᠰᠤᠷᠠᠭᠤᠯᠤᠯᠳᠠ ᠪᠠᠷ ᠳᠠᠮᠵᠢᠭᠠᠳ ᠮᠥᠨ ᠯᠨ ᠵᠢᠭᠠᠨ ᠰᠤᠷᠭᠠᠯᠳᠠ ᠶᠢᠨ ᠠᠵᠢᠯ ᠢ ᠡᠬᠦᠷᠭᠡᠯᠡᠵᠦ ᠳᠡᠶᠢᠯᠬᠦ ᠦᠭᠡᠢ ᠪᠠᠶᠢᠳᠠᠯ ᠭᠠᠷᠬᠤ ᠪᠤᠯᠤᠨ᠎ᠠ᠃ ᠡᠳᠡᠭᠡᠷ ᠪᠠᠭᠰᠢ | ᠨᠠᠷ ᠤᠨ ᠬᠤᠪᠢ ᠬᠦᠮᠦᠨ ᠤ ᠬᠦᠰᠡᠯ ᠰᠤᠩᠭᠤᠯᠳᠠ ᠶᠢ ᠬᠦᠨᠳᠦᠳᠭᠡᠨ᠂ ᠬᠦᠮᠦᠨ ᠬᠢᠬᠡᠳ ᠠᠵᠢᠯ ᠤᠨ ᠪᠠᠶᠢᠷᠢ ᠶᠢ ᠵᠤᠬᠢᠴᠠᠭᠤᠯᠬᠤ ᠵᠠᠷᠴᠢᠮ ᠢᠶᠠᠷ ᠳᠡᠳᠡᠨ ᠢ | ᠬᠢᠴᠢᠶᠡᠯ ᠤᠨ ᠳᠠᠷᠠᠭᠠᠬᠢ ᠬᠠᠪᠰᠤᠷᠤᠨ ᠵᠢᠯᠤᠭᠤᠳᠤᠭᠴᠢ ᠪᠤᠯᠭᠠᠨ ᠬᠤᠪᠢᠷᠠᠭᠤᠯᠵᠤ ᠪᠤᠯᠤᠨ᠎ᠠ᠃ ᠰᠢᠶᠠᠨ ᠤ ᠬᠡᠪᠴᠢᠶᠡᠨ ᠳᠤᠳᠤᠷ᠎ᠠ ᠪᠠᠨ ᠳᠤᠰ ᠰᠤᠷᠭᠠᠭᠤᠯᠢ ᠪᠤᠶᠤ | ᠠᠬ᠎ᠠ ᠳᠡᠬᠦᠦ ᠰᠤᠷᠭᠠᠭᠤᠯᠢ ᠠᠴᠠ ᠰᠤᠩᠭᠤᠯᠳᠠ ᠬᠢᠯᠭᠡᠵᠦ᠂ ᠦᠪᠡᠷ ᠤᠨ ᠪᠡᠶ᠎ᠡ ᠳᠤᠨᠢ ᠳᠤᠬᠢᠷᠠᠭᠰᠠᠨ ᠠᠵᠢᠯ ᠳᠤ ᠰᠢᠯᠵᠢᠬᠦᠯᠵᠦ ᠴᠦ ᠪᠤᠯᠤᠨ᠎ᠠ᠃ ᠶᠡᠷᠦᠩᠬᠡᠢ ᠳᠤᠨᠢ | ᠬᠡᠯᠡᠪᠡᠯ᠂ ᠨᠢᠬᠡ ᠳᠠᠯ᠎ᠠ ᠪᠠᠷ ᠪᠠᠭᠰᠢ ᠶᠢᠨ ᠪᠠᠭᠰᠢᠯᠠᠬᠤ ᠪᠠᠷᠢᠮᠵᠢᠶ᠎ᠠ ᠱᠠᠭᠠᠷᠳᠠᠯᠭ᠎ᠠ ᠶᠢ ᠳᠤᠷᠤᠭᠰᠢᠯᠠᠭᠤᠯᠵᠤ ᠪᠤᠯᠬᠤ ᠦᠭᠡᠢ᠂ ᠨᠦᠬᠦᠬᠡ ᠳᠠᠯ᠎ᠠ ᠪᠠᠷ ᠪᠠᠭᠰᠢ ᠶᠢᠨ ᠬᠠᠤᠯᠢ | ᠶᠤᠰᠤᠨ ᠤ ᠡᠷᠬᠡ ᠠᠰᠢᠭ ᠢ ᠪᠠᠳᠤᠯᠠᠵᠤ᠂ ︽ᠭᠤᠷᠪᠠ ᠶᠢ ᠬᠤᠪᠢᠷᠠᠭᠤᠯᠬᠤ ᠦᠭᠡᠢ︾ ᠳᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠬᠤ ᠬᠡᠷᠡᠭᠳᠡᠢ᠃ | | 8. ᠠᠰᠠᠭᠤᠯᠳᠠ᠄ ᠤᠶᠢᠷ᠎ᠠ ᠳᠤ ᠥᠪᠡᠷᠳᠡᠭᠡᠨ ᠵᠠᠰᠠᠬᠤ ᠣᠷᠤᠨ ᠤ ᠰᠤᠷᠭᠠᠨ ᠬᠦᠮᠦᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠳᠠᠳ ᠢᠶᠠᠷ | ᠬᠢᠴᠢᠶᠡᠯᠯᠡᠬᠦ ᠪᠠᠭ᠎ᠠ ᠰᠤᠷᠭᠠᠭᠤᠯᠢ ᠶᠢᠨ ︽ᠬᠡᠯᠨ ᠪᠢᠴᠢᠭ︾ ᠤᠨ ᠬᠢᠴᠢᠶᠡᠯ ᠢ ᠭᠠᠷᠠᠭ ᠲᠤ 8 ᠬᠢᠴᠢᠶᠡᠯ ᠤᠨ ᠴᠠᠭ ᠭᠡᠵᠤ᠂ ᠬᠢᠳᠠᠳ ᠬᠡᠯᠡᠨ ᠤ ᠰᠠᠭᠤᠷᠢ ᠪᠠᠷ ᠨᠡᠩ | ᠪᠠᠷᠤᠭᠳᠠᠢ ᠦᠨᠳᠦᠰᠦᠳᠡᠨ ᠤ ᠪᠠᠭ᠎ᠠ ᠰᠤᠷᠭᠠᠭᠤᠯᠢ ᠶᠢᠨ ︽ᠬᠡᠯᠨ ᠪᠢᠴᠢᠭ︾ ᠤᠨ ᠬᠢᠴᠢᠶᠡᠯ ᠨᠢ ᠬᠠᠷᠢᠨ ᠭᠠᠷᠠᠭ ᠲᠤ 5 ᠬᠢᠴᠢᠶᠡᠯ ᠤᠨ ᠴᠠᠭ ᠭᠡᠵᠤ ᠳᠤᠳᠤᠷᠬᠠᠶᠢᠯᠠᠵᠠᠢ | ᠃ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠨᠢᠭᠡᠳᠦᠯᠳᠡᠢ ᠰᠢᠯᠭᠠᠯᠳᠠ ᠶᠢᠨ ᠬᠠᠭᠤᠳᠠᠰᠤᠨ ᠤ ᠦᠨᠡᠯᠡᠯᠳᠡ ᠶᠢ ᠬᠡᠷᠡᠭᠯᠡᠬᠦ ᠪᠠᠶᠢᠳᠠᠯ | ᠳᠤᠤᠷ᠎ᠠ ᠡᠶᠢᠮᠦᠷᠬᠦᠦ ᠬᠢᠴᠢᠶᠡᠯ ᠤᠨ ᠴᠠᠭ ᠤᠨ ᠳᠤᠬᠢᠷᠠᠭᠤᠯᠤᠯᠳᠠ ᠪᠠᠷ ᠳᠤᠭᠳᠠᠭᠰᠠᠨ ᠵᠢᠭᠠᠨ ᠰᠤᠷᠭᠠᠯᠳᠠ ᠶᠢᠨ ᠡᠬᠦᠷᠭᠡ ᠶᠢ ᠪᠡᠶᠡᠯᠡᠬᠦᠯᠬᠦ ᠶᠢᠨ ᠠᠷᠭ᠎ᠠ ᠦᠭᠡᠢ ᠪᠠᠶᠢᠵᠤ | ᠮᠡᠳᠡᠨ᠎ᠡ᠃ ᠡᠨᠡᠬᠦ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | ᠬᠠᠷᠢᠭᠤᠯᠳᠠ᠄ ᠮᠠᠨ ᠤ ᠣᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠢᠴᠢᠶᠡᠯ ᠤᠨ ᠳᠦᠯᠦᠪᠯᠡᠭᠡ ᠶᠢᠨ ᠳᠤᠬᠢᠷᠠᠭᠤᠯᠤᠯᠳᠠ ᠶᠤᠰᠤᠭᠠᠷ | ᠬᠢᠳᠠᠳ ᠢᠶᠠᠷ ᠬᠢᠴᠢᠶᠡᠯᠯᠡᠬᠦ ᠰᠤᠷᠭᠠᠭᠤᠯᠢ ᠶᠢᠨ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ︽ᠬᠡᠯᠨ ᠪᠢᠴᠢᠭ︾ ᠤᠨ ᠬᠢᠴᠢᠶᠡᠯ ᠨᠢ ᠭᠠᠷᠠᠭ ᠲᠤ 8 ᠬᠢᠴᠢᠶᠡᠯ ᠤᠨ | ᠴᠠᠭ᠂ ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠰᠤᠷᠭᠠᠭᠤᠯᠢ ᠶᠢᠨ ᠬᠢᠨᠢ ᠭᠠᠷᠠᠭ ᠲᠤ 5 ᠬᠢᠴᠢᠶᠡᠯ ᠤᠨ ᠴᠠᠭ ᠪᠠᠶᠢᠵᠤ᠂ ᠤᠨᠤᠯ ᠤᠨ ᠳᠠᠯ᠎ᠠ ᠪᠠᠷ ᠬᠢᠳᠠᠳ ᠢᠶᠠᠷ | ᠬᠢᠴᠢᠶᠡᠯᠯᠡᠬᠦ ᠰᠤᠷᠭᠠᠭᠤᠯᠢ ᠠᠴᠠ ᠭᠠᠷᠠᠭ ᠲᠤ 3 ᠬᠢᠴᠢᠶᠡᠯ ᠤᠨ ᠴᠠᠭ ᠪᠠᠭᠠᠰᠤᠭᠰᠠᠨ ᠪᠠᠶᠢᠨ᠎ᠠ᠃ ᠵᠢᠭᠠᠨ ᠰᠤᠷᠭᠠᠯᠳᠠ ᠶᠢᠨ ᠡᠬᠦᠷᠭᠡ ᠶᠢᠨ ᠨᠠᠶᠢᠳᠠᠪᠤᠷᠢᠵᠢᠭᠤᠯᠤᠯᠳᠠ ᠶᠢ | ᠪᠠᠳᠤᠯᠠᠬᠤ ᠶᠢᠨ ᠳᠦᠯᠦᠭᠡ ᠦᠪᠡᠷᠳᠡᠭᠡᠨ ᠵᠠᠰᠠᠬᠤ ᠣᠷᠤᠨ ᠠᠴᠠ ᠵᠢᠭᠠᠨ ᠰᠤᠷᠭᠠᠯᠳᠠ ᠶᠢᠨ ᠵᠢᠯᠤᠭᠤᠳᠬᠤ ᠰᠠᠨᠠᠭᠤᠯᠭ᠎ᠠ ᠪᠤᠯᠤᠨ ᠰᠤᠷᠤᠯᠭ᠎ᠠ ᠶᠢᠨ ᠦᠨᠡᠯᠡᠯᠳᠡ ᠶᠢᠨ | ᠱᠠᠭᠠᠷᠳᠠᠯᠭ᠎ᠠ ᠶᠢ ᠰᠣᠳᠤᠯᠤᠨ ᠳᠤᠭᠳᠠᠭᠠᠵᠤ᠂ ᠵᠢᠭᠠᠨ ᠰᠤᠷᠭᠠᠯᠳᠠ ᠶᠢᠨ ᠬᠦᠴᠢᠷ ᠤᠨ ᠬᠡᠮᠵᠢᠶ᠎ᠡ ᠶᠢ ᠵᠤᠬᠢᠰᠳᠠᠢ ᠳᠤᠷᠤᠭᠰᠢᠯᠠᠭᠤᠯᠤᠭᠰᠠᠨ ᠪᠠᠶᠢᠨ᠎ᠠ᠃ ᠬᠦᠴᠢᠷ ᠤᠨ | ᠬᠡᠮᠵᠢᠶᠡᠨ ᠤ ᠳᠤᠷᠤᠭᠰᠢᠯᠠᠯᠳᠠ ᠨᠢ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠮᠦᠷᠳᠡᠭᠰᠡᠨ ᠤᠷᠢᠳᠠᠯ ᠳᠤᠤᠷ᠎ᠠ ᠵᠢᠭᠠᠨ ᠰᠤᠷᠭᠠᠬᠤ ᠠᠭᠤᠯᠭ᠎ᠠ ᠶᠢᠨ ᠴᠠᠭ ᠤᠨ | ᠳᠠᠷᠠᠭᠠᠯᠠᠯ ᠤᠨ ᠳᠤᠬᠢᠷᠠᠭᠤᠯᠤᠯᠳᠠ ᠶᠢ ᠵᠣᠬᠢᠴᠠᠭᠤᠯᠬᠤ᠂ ᠤᠩᠰᠢᠯᠭ᠎ᠠ ᠶᠢᠨ ᠨᠢᠭᠡᠴᠢ ᠶᠢᠨ ᠠᠭᠤᠯᠭ᠎ᠠ ᠶᠢ ᠪᠠᠭᠠᠰᠬᠠᠬᠤ ᠵᠡᠷᠭᠡ ᠬᠡᠯᠪᠡᠷᠢ ᠪᠠᠷ ᠲᠦᠰᠦᠪᠯᠡᠭᠳᠡᠵᠦ᠂ | ᠮᠡᠳᠡᠯᠭᠡ ᠶᠢᠨ ᠪᠦᠳᠦᠴᠡ ᠪᠤᠯᠤᠨ ᠠᠭᠤᠯᠭ᠎ᠠ ᠶᠢᠨ ᠰᠢᠰᠲ᠋ᠧᠮ ᠢ ᠵᠤᠯᠭᠠᠭᠤᠯᠬᠤ ᠶᠢᠨ ᠳᠠᠯ᠎ᠠ ᠪᠠᠷ ᠬᠢᠴᠢᠶᠡᠯ ᠤᠨ ᠪᠠᠷᠢᠮᠵᠢᠶ᠎ᠠ ᠲᠠᠢ ᠨᠢᠭᠡᠳᠦᠯᠳᠡᠢ ᠶᠤᠮ᠃ ᠵᠢᠱᠢᠶᠡᠯᠡᠪᠡᠯ᠂ | ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠤᠨ ᠪᠠᠷᠢᠮᠵᠢᠶ᠎ᠠ ᠳᠤ ᠤᠩᠰᠢᠯᠭ᠎ᠠ ᠶᠢᠨ ᠨᠢᠭᠡᠴᠢ ᠳᠤ 4 ᠵᠤᠬᠢᠶᠠᠯ ᠢ ᠨᠠᠷᠢᠯᠢᠭ ᠤᠩᠰᠢᠬᠤ | ᠱᠠᠭᠠᠷᠳᠠᠯᠭ᠎ᠠ ᠲᠠᠢ ᠪᠠᠶᠢᠳᠠᠭ ᠲᠤ ᠬᠦᠷᠪᠡᠯ᠂ ᠵᠦᠪᠬᠡᠨ 1 — 2 ᠵᠤᠬᠢᠶᠠᠯ ᠢ ᠨᠠᠷᠢᠯᠢᠭ ᠤᠩᠰᠢᠬᠤ ᠶᠢ ᠱᠠᠭᠠᠷᠳᠠᠭᠠᠳ ᠪᠤᠰᠤᠳ ᠵᠤᠬᠢᠶᠠᠯ ᠢ ᠨᠢ ᠦᠪᠡᠷᠳᠡᠭᠡᠨ | ᠤᠩᠰᠢᠬᠤ ᠪᠤᠶᠤ ᠳᠠᠭᠠᠵᠤ ᠤᠩᠰᠢᠬᠤ ᠵᠤᠬᠢᠶᠠᠯ ᠪᠤᠯᠭᠠᠨ ᠳᠤᠬᠢᠷᠠᠭᠤᠯᠵᠤ᠂ ᠰᠤᠷᠤᠯᠭ᠎ᠠ ᠶᠢᠨ ᠦᠨᠡᠯᠡᠯᠳᠡ ᠳᠤ ᠨᠠᠷᠢᠯᠢᠭ ᠤᠩᠰᠢᠬᠤ ᠵᠤᠬᠢᠶᠠᠯ ᠳᠤ ᠯᠨ ᠦᠨᠳᠦᠰᠦᠨ | ᠱᠠᠭᠠᠷᠳᠠᠯᠭ᠎ᠠ ᠳᠤᠷᠠᠳᠬᠤ ᠪᠤᠯᠤᠨ᠎ᠠ᠃ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠨᠢ ᠪᠠᠭᠰᠢ ᠶᠢᠨ ᠵᠢᠭᠠᠨ ᠰᠤᠷᠭᠠᠯᠳᠠ ᠶᠢᠨ ᠬᠢᠷᠢ ᠳᠦᠪᠰᠢᠨ᠂ ᠵᠢᠭᠠᠨ ᠰᠤᠷᠭᠠᠬᠤ | ᠤᠪᠤᠷ ᠪᠤᠯᠤᠨ ᠵᠢᠭᠠᠨ ᠰᠤᠷᠭᠠᠬᠤ ᠠᠷᠭ᠎ᠠ ᠪᠠᠷᠢᠯ ᠠᠴᠠ ᠯᠨ ᠰᠢᠯᠳᠠᠭᠠᠯᠠᠳᠠᠭ ᠳᠡᠳᠦᠢ ᠪᠢᠰᠢ᠂ ᠰᠣᠷᠤᠭᠴᠢ ᠶᠢᠨ ᠰᠣᠷᠤᠯᠴᠠᠬᠤ ᠳᠠᠳᠬᠠᠯ᠂ ᠰᠣᠷᠤᠯᠴᠠᠬᠤ ᠤᠪᠤᠷ | ᠪᠤᠯᠤᠨ ᠦᠪᠡᠷ ᠢ ᠪᠠᠨ ᠡᠵᠡᠮᠳᠡᠬᠦ ᠴᠢᠳᠠᠪᠤᠷᠢ ᠵᠡᠷᠭᠡ ᠨᠢ ᠪᠦᠷ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠳᠤ ᠨᠦᠯᠦᠬᠡ ᠦᠵᠡᠬᠦᠯᠳᠡᠭ ᠶᠤᠮ᠃ ᠭᠡᠷ ᠪᠦᠯᠢ ᠪᠤᠯᠤᠨ | ᠰᠤᠷᠭᠠᠭᠤᠯᠢ ᠬᠠᠮᠳᠤᠷᠠᠵᠤ᠂ ᠪᠠᠭᠰᠢ ᠰᠤᠷᠤᠭᠴᠢ ᠬᠠᠮᠳᠤ ᠪᠠᠷ ᠬᠦᠴᠦᠯᠡᠨ ᠴᠢᠷᠮᠠᠶᠢᠳᠠᠭ ᠲᠤ ᠯᠨ ᠬᠦᠷᠪᠡᠯ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠪᠠᠳᠤᠯᠠᠵᠤ | ᠪᠣᠯᠬᠤ ᠶᠣᠮ᠃ | 9. ᠠᠰᠠᠭᠤᠯᠲᠠ᠄ ᠤᠯᠤᠰ ᠠᠴᠠ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ | ᠂ ᠬᠤᠰᠢᠭᠤ ᠰᠢᠶᠡᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠨᠢ ᠵᠢᠭᠠᠨ ᠰᠤᠷᠭᠠᠯᠲᠠ ᠶᠢᠨ ᠳᠤᠮᠲᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠡᠵᠦ᠂ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠ ᠰᠤᠷᠤᠭᠴᠢ ᠶᠢᠨ ᠬᠢᠷᠢ ᠪᠥᠲᠦᠮᠵᠢ ᠶᠢ ᠳᠡᠭᠡᠭᠰᠢᠯᠡᠭᠦᠯᠬᠦ ᠶᠢᠨ ᠲᠥᠯᠦᠭᠡ᠂ ᠤᠷᠳᠤ ᠬᠤᠭᠤᠴᠠᠭ᠎ᠠ | ᠲᠤᠬᠳᠠᠭᠤᠨ ᠪᠠᠶᠢᠬᠤ ︽ᠨᠢᠭᠤᠷᠲᠡᠨ ᠵᠢᠯᠤᠭᠤᠳᠬᠤ︾᠂ ︽ᠨᠢᠭᠡ ᠨᠢᠭᠡ ᠪᠠᠷ ᠬᠠᠷᠠᠭᠠᠯᠵᠠᠭᠤᠯᠤᠨ ᠬᠦᠮᠦᠵᠢᠭᠦᠯᠬᠦ︾ ᠮᠡᠳᠦ ᠶᠢᠨ ᠰᠠᠯᠤᠯ ᠦᠭᠡᠢ ᠳᠠᠭᠠᠵᠦ | ᠬᠠᠪᠰᠤᠷᠤᠨ ᠳᠡᠳᠬᠦᠬᠦ ᠲᠤᠭᠳᠠᠴᠠ ᠶᠢ ᠪᠠᠶᠢᠭᠤᠯᠵᠦ ᠪᠤᠯᠬᠤ ᠡᠰᠡᠬᠦ︖ | ᠬᠠᠷᠢᠭᠤᠯᠲᠠ᠄ ᠤᠯᠤᠰ ᠠᠴᠠ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠠᠪᠤᠴᠠ ᠳᠤ ᠲᠤᠯᠭᠠᠷᠠᠬᠤ ᠬᠦᠴᠢᠷᠳᠡᠯ ᠪᠠ ᠠᠰᠠᠭᠤᠳᠠᠯ ᠢ | ᠰᠢᠢᠳᠪᠦᠷᠢᠯᠡᠬᠦ ᠶᠢᠨ ᠲᠥᠯᠦᠭᠡ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠡᠨ ᠠᠴᠠ ᠰᠢᠯᠢᠳᠡᠭ ᠢ ᠨᠢ ᠰᠤᠩᠭᠤᠨ ᠤᠷᠢᠵᠦ ᠬᠡᠷᠡᠭᠯᠡᠬᠦ | ᠬᠡᠯᠪᠡᠷᠢ ᠪᠠᠷ ᠮᠤᠩᠭᠤᠯ ᠬᠢᠲᠡᠳ ᠬᠤᠤᠰ ᠬᠡᠯᠡᠨ ᠤ ᠵᠢᠭᠠᠨ ᠰᠤᠷᠭᠠᠯᠳᠠ ᠶᠢᠨ ᠵᠢᠭᠠᠬᠤ ᠶᠢ ᠰᠤᠳᠤᠯᠤᠭᠴᠢ ᠶᠢ ᠰᠢᠯᠢᠨ ᠰᠣᠩᠭᠤᠵᠤ ᠪᠦᠷᠢᠳᠦᠭᠦᠯᠦᠨ᠂ ᠰᠤᠳᠤᠯᠬᠤ᠂ | ᠵᠢᠯᠤᠭᠤᠳᠬᠤ᠂ ᠦᠢᠯᠡᠴᠢᠯᠡᠬᠦ ᠴᠢᠳᠠᠪᠬᠢ ᠶᠢ ᠨᠢ ᠭᠦᠢᠴᠡᠳ ᠪᠠᠳᠠᠷᠠᠭᠤᠯᠤᠨ᠎ᠠ᠃ ᠮᠤᠩᠭᠤᠯ ᠬᠢᠲᠡᠳ ᠬᠤᠤᠰ ᠬᠡᠯᠡᠨ ᠤ ᠬᠢᠴᠢᠶᠡᠯᠯᠡᠭᠡ ᠶᠢᠨ ᠰᠢᠯᠢᠳᠡᠭ ᠪᠠᠭᠰᠢ ᠨᠠᠷ ᠢ | ᠵᠤᠬᠢᠶᠠᠨ ᠪᠠᠶᠢᠭᠤᠯᠵᠦ᠂ ᠬᠠᠮᠲᠤ ᠪᠠᠷ ᠬᠢᠴᠢᠶᠡᠯ ᠪᠡᠯᠡᠳᠭᠡᠬᠦ᠂ ᠰᠤᠷᠭᠠᠨ ᠬᠦᠮᠦᠵᠢᠯ ᠢ ᠬᠥᠳᠡᠭᠡ ᠲᠤᠰᠬᠤᠨ ᠳᠤ ᠬᠦᠷᠭᠡᠬᠦ᠂ ᠡᠷᠳᠡᠮ ᠰᠢᠨᠵᠢᠯᠡᠭᠡᠨ ᠤ ᠢᠯᠡᠳᠬᠡᠯ ᠬᠢᠬᠦ | ᠵᠡᠷᠭᠡ ᠬᠦᠳᠡᠯᠭᠡᠭᠡᠨ ᠢ ᠥᠷᠨᠢᠭᠦᠯᠬᠦ ᠪᠠᠷ ᠳᠠᠮᠵᠢᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠤᠷᠤᠨ ᠠᠴᠠ ᠲᠥᠷᠦ ᠶᠢᠨ ᠪᠤᠳᠤᠯᠭ᠎ᠠ ᠲᠤᠬᠳᠠᠭᠠᠵᠦ᠂ ᠬᠤᠰᠢᠭᠤ ᠰᠢᠶᠡᠨ ᠤ ᠬᠡᠪᠴᠢᠶᠡᠨ ᠳᠤ ᠬᠤᠲᠠ ᠪᠠᠯᠭᠠᠰᠤ ᠪᠠᠷ ᠬᠥᠳᠡᠭᠡ ᠲᠤᠰᠬᠤᠨ | ᠮᠠᠯᠵᠢᠬᠤ ᠤᠷᠤᠨ ᠢ ᠳᠠᠶᠢᠴᠢᠯᠠᠨ᠂ ᠬᠦᠴᠦᠷᠬᠡᠭ ᠰᠤᠷᠭᠠᠭᠤᠯᠢ ᠨᠢ ᠪᠠᠭᠤᠷᠠᠢ ᠰᠤᠷᠭᠠᠭᠤᠯᠢ ᠶᠢ ᠳᠠᠶᠢᠴᠢᠯᠠᠬᠤ ᠪᠠᠷ ᠦᠨᠳᠦᠰᠦᠨ ᠠᠷᠭ᠎ᠠ ᠵᠠᠮ ᠪᠤᠯᠭᠠᠭᠰᠠᠨ ᠬᠤᠲᠠ | ᠬᠥᠳᠡᠭᠡ ᠶᠢᠨ ᠬᠤᠭᠤᠷᠤᠨᠳᠤᠬᠢ᠂ ᠰᠤᠷᠭᠠᠭᠤᠯᠢ ᠶᠢᠨ ᠬᠤᠭᠤᠷᠤᠨᠳᠤᠬᠢ ᠬᠠᠪᠰᠤᠷᠤᠨ ᠲᠡᠳᠭᠦᠬᠦ ᠲᠤᠭᠳᠠᠴᠠ ᠶᠢ ᠪᠠᠶᠢᠭᠤᠯᠬᠤ ᠪᠠᠷ ᠳᠡᠮᠵᠢᠨ᠂ ᠢᠵᠢᠯ ᠠᠯᠬᠤᠮᠲᠤ | ᠵᠢᠭᠠᠨ ᠰᠣᠳᠤᠯᠭᠠᠨ᠂ ᠬᠠᠮᠲᠤ ᠪᠠᠷ ᠬᠢᠴᠢᠶᠡᠯ ᠪᠡᠯᠡᠳᠭᠡᠬᠦ᠂ ᠵᠢᠭᠠᠨ ᠰᠤᠷᠭᠠᠯᠲᠠ ᠶᠢᠨ ᠬᠤᠯᠪᠤᠭ᠎ᠠ ᠶᠢ ᠪᠠᠶᠢᠭᠤᠯᠬᠤ ᠵᠠᠷᠭᠡ ᠠᠵᠢᠯ ᠤᠨ ᠲᠥᠷᠢᠮ ᠢ ᠲᠤᠭᠳᠠᠭᠠᠵᠤ᠂ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠤᠳᠠᠲᠦ ᠪᠠᠶᠢᠳᠠᠯ ᠢ ᠬᠠᠮᠲᠤ ᠳᠤ ᠨᠢ ᠬᠠᠷᠠᠭᠠᠯᠵᠠᠨ᠂ ᠬᠢᠴᠢᠶᠡᠯᠯᠡᠬᠦ ᠲᠥᠰᠦᠯ ᠪᠠ | ᠵᠢᠭᠠᠨ ᠰᠤᠷᠭᠠᠯᠲᠠ ᠶᠢᠨ ᠲᠦᠰᠦᠪ ᠲᠡᠭᠡᠨ ︽ᠨᠢᠭᠡ ᠳᠡᠪᠲᠠᠷ᠂ ᠨᠢᠭᠡ ᠬᠢᠴᠢᠶᠡᠯ ᠬᠤᠶᠠᠷ ᠲᠥᠰᠦᠯ︾ ᠪᠠᠶᠢᠬᠤ ᠶᠢ ᠪᠡᠶᠡᠯᠡᠭᠦᠯᠦᠨ᠂ ᠲᠤᠬᠠᠢ ᠶᠢᠨ ᠭᠠᠵᠠᠷ ᠤᠨ | ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠤᠤᠰ ᠬᠡᠯᠡᠨ ᠤ ᠵᠢᠭᠠᠨ ᠰᠤᠷᠭᠠᠯᠲᠠ ᠶᠢᠨ ᠬᠢᠷᠢ ᠲᠥᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | 10 . ᠠᠰᠠᠭᠤᠯᠲᠠ᠄ ᠲᠥᠪᠡᠳ᠂ ᠰᠢᠨᠵᠢᠶᠡᠩ ᠵᠡᠷᠭᠡ ᠴᠦᠬᠡᠨ ᠲᠤᠭᠠᠲᠦ ᠦᠨᠳᠦᠰᠦᠲᠡᠨ ᠤ ᠭᠠᠵᠠᠷ ᠤᠷᠤᠨ ᠨᠢ ᠮᠠᠨ ᠤ ᠤᠷᠤᠨ ᠠᠴᠠ ᠤᠷᠢᠳᠴᠢᠯᠠᠨ | ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠭᠤᠷᠪᠠᠨ ᠬᠢᠴᠢᠶᠡᠯ ᠲᠥᠷᠦᠯ ᠤᠨ ᠵᠢᠭᠠᠬᠤ ᠮᠠᠲ᠋ᠧᠷᠢᠶᠠᠯ ᠢ ᠨᠢᠭᠡᠨᠳᠡ ᠬᠡᠷᠡᠭᠯᠡᠪᠡ᠂ ᠲᠡᠭᠡᠪᠡᠯ ᠥᠪᠡᠷᠲᠡᠭᠡᠨ ᠵᠠᠰᠠᠬᠤ | ᠤᠷᠤᠨ ᠤ ᠰᠤᠷᠭᠠᠨ ᠬᠦᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠢᠳᠡᠨ ᠳᠤ ᠪᠤᠯᠪᠠᠰᠤᠷᠠᠩᠭᠤᠢ᠂ ᠯᠠᠪᠯᠠᠯᠲᠠ ᠪᠤᠯᠭᠠᠵᠦ ᠪᠤᠯᠬᠤ ᠲᠤᠷᠰᠢᠯᠭ᠎ᠠ᠂ | ᠠᠷᠭ᠎ᠠ ᠬᠡᠮᠵᠢᠶ᠎ᠡ ᠶᠢ ᠬᠠᠩᠭᠠᠨ ᠥᠭᠴᠦ ᠪᠤᠯᠬᠤ ᠦᠦ︖ | ᠬᠠᠷᠢᠭᠤᠯᠲᠠ᠄ ᠰᠢᠨᠵᠢᠶᠡᠩ᠂ ᠲᠥᠪᠡᠳ ᠲᠤᠰ ᠲᠤᠰ 2017 ᠤᠨ ᠪᠤᠯᠤᠨ 2018 ᠤᠨ ᠠᠴᠠ ᠤᠯᠤᠰ ᠤᠨ ᠨᠢᠭᠡᠳᠦᠯᠲᠠᠢ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠵᠦ ᠡᠬᠢᠯᠡᠵᠠᠢ᠃ ᠪᠠᠭᠰᠢ ᠶᠢᠨ ᠪᠤᠯᠪᠠᠰᠤᠷᠠᠯ᠂ ᠵᠢᠭᠠᠬᠤ ᠮᠠᠲ᠋ᠧᠷᠢᠶᠠᠯ ᠤᠨ ᠬᠡᠷᠡᠭᠯᠡᠯᠲᠡ᠂ ᠵᠢᠭᠠᠨ ᠰᠤᠷᠭᠠᠯᠲᠠ ᠶᠢᠨ ᠵᠤᠬᠢᠶᠠᠨ ᠪᠠᠶᠢᠭᠤᠯᠤᠯᠲᠠ᠂ | ᠵᠢᠭᠠᠨ ᠰᠤᠷᠭᠠᠬᠤ ᠠᠷᠭ᠎ᠠ᠂ ᠵᠢᠭᠠᠬᠤ ᠠᠷᠭ᠎ᠠ ᠪᠠᠷᠢᠯ ᠵᠠᠷᠭᠡ ᠲᠠᠯ᠎ᠠ ᠪᠠᠷ ᠡᠳᠦᠢ ᠲᠡᠳᠦᠢ ᠲᠤᠷᠰᠢᠯᠭ᠎ᠠ ᠬᠤᠷᠠᠮᠳᠤᠭᠤᠯᠤᠭᠰᠠᠨ ᠪᠠᠶᠢᠬᠤ ᠶᠤᠰᠤᠲᠠᠢ᠂ ᠪᠢᠳᠡ ᠵᠤᠬᠢᠰᠳᠠᠢ | ᠦᠶ᠎ᠡ ᠳᠤ ᠡᠯ᠎ᠡ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ᠂ ᠵᠢᠭᠠᠬᠤ ᠶᠢ ᠰᠤᠳᠤᠯᠬᠤ ᠪᠠᠶᠢᠭᠤᠯᠤᠮᠵᠢ ᠪᠤᠯᠤᠨ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠵᠠᠬᠢᠷᠤᠯ ᠢ ᠵᠤᠬᠢᠶᠠᠨ ᠪᠠᠶᠢᠭᠤᠯᠵᠦ ᠰᠤᠷᠤᠯᠴᠠᠯᠭ᠎ᠠ ᠰᠤᠯᠢᠯᠴᠠᠭ᠎ᠠ ᠬᠢᠵᠦ᠂ ᠮᠠᠨ ᠤ ᠤᠷᠤᠨ ᠤ ᠤᠯᠤᠰ ᠤᠨ ᠨᠢᠭᠡᠳᠦᠯᠲᠠᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠳᠤ ᠠᠰᠢᠭᠲᠠᠢ ᠰᠤᠷᠭᠠᠮᠵᠢ ᠪᠠ ᠯᠠᠪᠯᠠᠯᠲᠠ ᠬᠠᠩᠭᠠᠨ᠎ᠠ᠃ | 11. ᠠᠰᠠᠭᠤᠯᠳᠠ᠄ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ ᠦᠨᠳᠦᠰᠦᠳᠡᠨ ᠤ ᠬᠡᠯᠡᠨ ᠤ | ᠬᠢᠴᠢᠶᠡᠯ ᠤᠨ ᠵᠢᠭᠠᠨ ᠰᠤᠷᠭᠠᠯᠳᠠ ᠶᠢᠨ ᠴᠢᠨᠠᠷ ᠴᠢᠨᠰᠠᠭ᠎ᠠ ᠶᠢ ᠬᠡᠷᠬᠢᠨ ᠵᠡᠷᠭᠡ ᠪᠠᠷ ᠳᠡᠭᠡᠭᠰᠢᠯᠡᠬᠦᠯᠬᠦ ᠪᠤᠢ︖ ᠦᠪᠡᠷᠳᠡᠭᠡᠨ ᠵᠠᠰᠠᠬᠤ ᠣᠷᠤᠨ ᠠᠴᠠ ᠬᠤᠯᠪᠤᠭᠳᠠᠯ | ᠪᠦᠬᠦᠢ ᠳᠦᠯᠦᠪᠯᠡᠭᠡ ᠳᠤᠬᠢᠷᠠᠭᠤᠯᠤᠯᠳᠠ ᠪᠠᠶᠢᠨ᠎ᠠ ᠦᠦ︖ | ᠬᠠᠷᠢᠭᠤᠯᠳᠠ᠄ ᠦᠨᠳᠦᠰᠦᠳᠡᠨ ᠤ ᠬᠡᠯᠡᠨ ᠤ ᠬᠢᠴᠢᠶᠡᠯ ᠤᠨ ᠵᠢᠭᠠᠨ ᠰᠣᠷᠭᠠᠯᠳᠠ ᠶᠢᠨ ᠴᠢᠨᠠᠷ ᠴᠢᠨᠰᠠᠭ᠎ᠠ ᠶᠢ ᠪᠠᠳᠤᠯᠠᠨ ᠳᠡᠭᠡᠭᠰᠢᠯᠡᠬᠦᠯᠬᠦ ᠶᠢᠨ ᠳᠦᠯᠦᠬᠡ | ᠦᠪᠡᠷᠳᠡᠭᠡᠨ ᠵᠠᠰᠠᠬᠤ ᠣᠷᠤᠨ ᠠᠴᠠ ᠶᠠᠭ ᠪᠠᠭᠰᠢ ᠶᠢ ᠬᠦᠮᠦᠵᠢᠬᠦᠯᠦᠨ ᠪᠤᠯᠪᠠᠰᠤᠷᠠᠭᠤᠯᠬᠤ ᠪᠠ ᠨᠦᠬᠦᠨ ᠡᠯᠰᠡᠬᠦ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ | ᠳᠤᠭᠳᠠᠭᠠᠵᠤ᠂ ᠦᠨᠳᠦᠰᠦᠳᠡᠨ ᠤ ᠰᠤᠷᠭᠠᠭᠤᠯᠢ ᠶᠢᠨ ᠪᠠᠭᠰᠢ ᠶᠢᠨ ᠬᠢᠷᠢ ᠳᠦᠪᠰᠢᠨ ᠢ ᠬᠦᠴᠦᠯᠡᠨ ᠳᠡᠭᠡᠭᠰᠢᠯᠡᠬᠦᠯᠬᠦ ᠪᠠᠷ ᠪᠤᠢ᠂ ᠲᠡᠷᠡᠴᠢᠯᠡᠨ ᠣᠷᠤᠨ ᠤ ᠳᠤᠳᠤᠷᠠᠬᠢ | ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠪᠠ ᠬᠢᠳᠠᠳ ᠬᠡᠯᠨ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠬᠡᠯᠨ ᠪᠢᠴᠢᠭ ᠤᠨ ᠭᠤᠤᠯᠯᠠᠭᠴᠢ ᠪᠠᠭᠰᠢ | ᠪᠤᠯᠤᠨ ᠳᠤᠰᠬᠠᠢ ᠮᠡᠷᠭᠡᠵᠢᠯᠳᠡᠨ᠂ ᠡᠷᠳᠡᠮᠳᠡᠳ ᠢ ᠵᠤᠬᠢᠶᠠᠨ ᠪᠠᠶᠢᠭᠤᠯᠵᠤ ︽ᠪᠦᠬᠦ ᠣᠷᠤᠨ ᠤ ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠰᠤᠷᠭᠠᠭᠤᠯᠢ ᠶᠢᠨ | ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠵᠢᠭᠠᠨ ᠰᠤᠷᠭᠠᠯᠳᠠ ᠶᠢᠨ ᠰᠠᠨᠠᠭᠤᠯᠭ᠎ᠠ ᠬᠢᠬᠡᠳ ᠦᠨᠡᠯᠡᠯᠳᠡ ᠶᠢᠨ ᠱᠠᠭᠠᠷᠳᠠᠯᠭ᠎ᠠ︾ ᠶᠢ | ᠨᠠᠶᠢᠷᠠᠭᠤᠯᠤᠨ ᠵᠣᠬᠢᠶᠠᠵᠤ᠂ ᠪᠤᠳᠠᠳᠠᠢ ᠵᠢᠭᠠᠨ ᠰᠤᠷᠭᠠᠯᠳᠠ ᠶᠢᠨ ᠶᠠᠪᠤᠴᠠ ᠳᠠᠭᠠᠨ ᠬᠦᠮᠦᠨ ᠢᠶᠠᠷ ᠭᠤᠤᠯ ᠪᠤᠯᠭᠠᠬᠤ᠂ ᠪᠠᠶᠢᠳᠠᠯ ᠳᠤᠨᠢ ᠵᠤᠬᠢᠴᠠᠭᠤᠯᠤᠨ ᠵᠢᠭᠠᠨ | ᠰᠤᠷᠭᠠᠬᠤ᠂ ᠭᠠᠵᠠᠷ ᠣᠷᠤᠨ ᠤ ᠪᠠᠶᠢᠳᠠᠯ ᠳᠤ ᠳᠤᠬᠢᠷᠠᠭᠤᠯᠬᠤ᠂ ᠪᠦᠬᠦ ᠰᠣᠷᠤᠭᠴᠢ ᠳᠤ ᠬᠠᠨᠳᠤᠭᠤᠯᠬᠤ᠂ ᠬᠡᠷᠡᠭᠯᠡᠬᠦ ᠶᠢᠨ ᠳᠦᠯᠦᠬᠡ ᠰᠤᠷᠬᠤ ᠦᠨᠳᠦᠰᠦᠨ ᠵᠠᠷᠴᠢᠮ ᠢ | ᠪᠠᠷᠢᠮᠳᠠᠯᠠᠨ᠂ ᠬᠢᠴᠢᠶᠡᠯ ᠤᠨ ᠴᠠᠭ ᠤᠨ ᠬᠤᠪᠢᠶᠠᠷᠢᠯᠠᠯᠳᠠ᠂ ᠰᠤᠷᠭᠠᠨ ᠬᠦᠮᠦᠵᠢᠬᠦᠯᠬᠦ ᠠᠭᠤᠯᠭ᠎ᠠ ᠶᠢᠨ ᠳᠤᠬᠢᠷᠠᠭᠤᠯᠤᠯᠳᠠ᠂ ᠡᠯ᠎ᠡ ᠬᠡᠰᠡᠭ ᠤᠨ ᠵᠢᠭᠠᠨ ᠰᠤᠷᠭᠠᠯᠳᠠ ᠶᠢᠨ | ᠭᠤᠤᠯᠳᠠᠯᠭ᠎ᠠ᠂ ᠵᠢᠴᠢ ᠦᠨᠡᠯᠡᠯᠳᠡ ᠶᠢᠨ ᠱᠠᠭᠠᠷᠳᠠᠯᠭ᠎ᠠ ᠳᠤ ᠰᠠᠨᠠᠭᠤᠯᠭ᠎ᠠ ᠪᠠ ᠱᠠᠭᠠᠷᠳᠠᠯᠭ᠎ᠠ ᠲᠤᠷᠠᠳᠬᠤ ᠶᠢ ᠲᠤᠳᠤᠷᠬᠠᠶᠢᠯᠠᠭᠰᠠᠨ ᠪᠠᠶᠢᠨ᠎ᠠ᠃ ᠦᠪᠡᠷᠳᠡᠭᠡᠨ ᠵᠠᠰᠠᠬᠤ | ᠣᠷᠤᠨ ᠠᠴᠠ ᠬᠤᠰᠢᠭᠤ ᠰᠢᠶᠠᠨ ᠤ ᠬᠡᠪᠴᠢᠶᠡᠨ ᠳᠠᠬᠢ ᠦᠨᠳᠦᠰᠦᠳᠡᠨ ᠤ ᠬᠡᠯᠨ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠬᠢᠬᠡᠳ ᠬᠢᠳᠠᠳ ᠬᠡᠯᠨ ᠪᠠᠷ | ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠶᠢᠨ ᠢᠵᠢᠯ ᠠᠯᠬᠤᠮ ᠢᠶᠠᠷ ᠶᠠᠪᠤᠭᠳᠠᠭᠤᠯᠬᠤ ᠵᠢᠭᠠᠨ ᠰᠤᠷᠭᠠᠯᠳᠠ ᠶᠢᠨ ᠰᠣᠳᠤᠯᠭᠠᠨ ᠪᠤᠯᠤᠨ ᠬᠢᠴᠢᠶᠡᠯ ᠪᠡᠯᠡᠳᠭᠡᠬᠦ | ᠠᠵᠢᠯ ᠤᠨ ᠬᠤᠯᠪᠤᠯᠳᠤᠨ ᠨᠡᠪᠳᠡᠷᠡᠯᠴᠡᠬᠦ ᠳᠦᠷᠢᠮ ᠲᠤᠬᠳᠠᠭᠠᠬᠤ ᠶᠢ ᠳᠡᠮᠵᠢᠵᠦ᠂ ᠣᠷᠤᠨ ᠲᠤᠭᠤᠷᠢᠭ ᠤᠨ ᠦᠨᠳᠦᠰᠦᠳᠡᠨ ᠤ ᠳᠤᠮᠳᠠᠳᠤ ᠪᠠᠭ᠎ᠠ ᠰᠤᠷᠭᠠᠭᠤᠯᠢ ᠶᠢᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠰᠣᠳᠤᠯᠭᠠᠨ ᠤ ᠳᠦᠪᠰᠢᠨ ᠢ ᠳᠡᠭᠡᠭᠰᠢᠯᠡᠬᠦᠯᠦᠨ᠎ᠡ᠃ ᠡᠯ᠎ᠡ ᠭᠠᠵᠠᠷ ᠤᠨ ᠬᠢᠨ ᠮᠤᠩᠭᠤᠯ ᠬᠡᠯᠨ ᠪᠠᠷ ᠬᠢᠴᠢᠶᠡᠯᠯᠡᠬᠦ ᠰᠤᠷᠭᠠᠭᠤᠯᠢ ᠶᠢᠨ | ᠬᠤᠯᠪᠤᠭ᠎ᠠ᠂ ᠮᠤᠩᠭᠤᠯ ᠬᠢᠳᠠᠳ ᠰᠤᠷᠭᠠᠭᠤᠯᠢ ᠶᠢᠨ ᠬᠤᠯᠪᠤᠭ᠎ᠠ ᠪᠠᠶᠢᠭᠤᠯᠬᠤ ᠶᠢ ᠵᠤᠷᠢᠭᠵᠢᠭᠤᠯᠵᠤ᠂ ᠰᠤᠷᠭᠠᠭᠤᠯᠢ ᠶᠢᠨ ᠬᠤᠭᠤᠷᠤᠨᠳᠤᠬᠢ ᠬᠠᠮᠳᠤᠷᠠᠯᠴᠠᠭ᠎ᠠ ᠶᠢ | ᠬᠦᠨᠵᠡᠭᠡᠢ ᠥᠷᠨᠢᠬᠦᠯᠦᠨ᠎ᠡ᠃ | ᠣᠳᠤᠬᠢᠴᠢᠯᠠᠭᠰᠠᠨ ᠵᠢᠭᠠᠨ ᠰᠣᠷᠭᠠᠯᠳᠠ ᠶᠢᠨ ᠠᠷᠭ᠎ᠠ ᠪᠠᠷᠢᠯ ᠤᠨ ᠬᠡᠷᠡᠭᠯᠡᠯᠳᠡ ᠶᠢ ᠤᠯᠠᠮ ᠴᠢᠨᠠᠬᠰᠢᠳᠠ ᠴᠢᠩᠭᠠᠳᠬᠠᠨ᠎ᠠ᠃ ᠤᠳᠤᠬᠠᠨ ᠳᠤ ᠮᠠᠨ ᠤ ᠣᠷᠤᠨ ᠤ | ᠦᠨᠳᠦᠰᠦᠳᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠠᠩᠬᠢᠮ ᠳᠤ ᠨᠡᠶᠢᠳᠡᠮ ᠳᠡᠭᠡᠨ ᠤᠯᠠᠨ ᠵᠠᠭᠤᠴᠢᠳᠦ ᠵᠢᠭᠠᠨ ᠰᠤᠷᠭᠠᠯᠳᠠ ᠶᠢᠨ ᠳᠦᠬᠦᠭᠡᠷᠦᠮᠵᠢ | ᠤᠬᠰᠠᠷᠠᠭᠤᠯᠤᠬᠰᠠᠨ ᠮᠦᠷᠳᠡᠬᠡᠨ ᠪᠦᠷ ᠢᠨᠲ᠋ᠧᠷ ᠰᠦᠯᠵᠢᠶ᠎ᠡ ᠵᠠᠯᠭᠠᠭᠰᠠᠨ ᠠᠴᠠ ᠣᠯᠠᠨ ᠵᠠᠭᠤᠴᠢᠳᠤ ᠵᠢᠭᠠᠨ ᠰᠣᠷᠭᠠᠯᠳᠠ ᠶᠢᠨ ᠰᠢᠰᠲ᠋ᠧᠮ ᠢ ᠠᠰᠢᠬᠯᠠᠨ ︽ᠢᠵᠢᠯ | ᠲᠡᠯᠭᠡᠴᠡᠳᠦ ᠬᠤᠷᠰᠢᠯ︾ ᠤᠨ ᠵᠢᠭᠠᠨ ᠰᠣᠷᠭᠠᠯᠳᠠ ᠶᠢᠨ ᠠᠵᠢᠯᠯᠠᠭᠠᠨ ᠢ ᠦᠷᠨᠢᠬᠦᠯᠬᠦ ᠮᠡᠳᠡᠭᠡ ᠵᠠᠩᠬᠢᠴᠢᠯᠠᠯᠳᠠ ᠶᠢᠨ ᠣᠷᠴᠢᠨ ᠳᠤᠭᠤᠷᠢᠨ ᠲᠠᠢ ᠪᠤᠯᠤᠭᠰᠠᠨ ᠪᠠᠶᠢᠨ᠎ᠠ᠂ | ᠦᠪᠡᠷᠳᠡᠭᠡᠨ ᠵᠠᠰᠠᠬᠤ ᠣᠷᠤᠨ ᠠᠴᠠ ᠶᠠᠭ ᠨᠢᠬᠡᠳᠦᠯᠳᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠬᠡᠷᠡᠭᠯᠡᠬᠦ ᠠᠬᠢᠴᠠ ᠶᠢ | ᠦᠨᠳᠦᠰᠦᠯᠡᠨ᠂ ︽ᠢᠵᠢᠯ ᠠᠯᠬᠤᠮᠳᠤ ᠬᠢᠴᠢᠶᠡᠯ ᠤᠨ ᠳᠠᠩᠬᠢᠮ︾ ᠤᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠦᠷᠨᠢᠬᠦᠯᠵᠦ᠂ ᠨᠡᠷᠡᠳᠦ᠂ ᠰᠢᠯᠢᠳᠡᠭ᠂ | ᠭᠤᠤᠯᠯᠠᠭᠴᠢ ᠪᠠᠭᠰᠢ ᠨᠠᠷ ᠢ ᠵᠤᠬᠢᠶᠠᠨ ᠪᠠᠶᠢᠭᠤᠯᠵᠤ᠂ ᠢᠵᠢᠯ ᠠᠯᠬᠤᠮᠳᠤ ᠬᠢᠴᠢᠶᠡᠯᠯᠡᠭᠡ ᠶᠢᠨ ᠮᠠᠲ᠋ᠧᠷᠢᠶᠠᠯ ᠢ ᠨᠠᠶᠢᠷᠠᠭᠤᠯᠤᠨ᠂ ᠦᠪᠡᠷᠳᠡᠬᠡᠨ ᠵᠠᠰᠠᠬᠤ ᠣᠷᠤᠨ ᠤ | ᠰᠤᠷᠭᠠᠨ ᠬᠦᠮᠦᠵᠢᠯ ᠤᠨ ᠡᠭᠦᠯᠡᠨ ᠳᠠᠪᠴᠠᠩ ᠳᠤ ᠳᠦᠰᠢᠭᠯᠡᠵᠦ᠂ ᠨᠢᠬᠡᠳᠦᠯᠳᠡᠢ ᠨᠠᠶᠢᠷᠠᠭᠤᠯᠤᠭᠰᠠᠨ ᠭᠤᠷᠪᠠᠨ ᠳᠦᠷᠦᠯ ᠤᠨ ᠬᠢᠴᠢᠶᠡᠯ ᠤᠨ ᠲᠤᠰᠠᠯᠠᠮᠵᠢ ᠵᠢᠭᠠᠨ | ᠰᠤᠷᠭᠠᠯᠳᠠ ᠶᠢᠨ ᠡᠬᠢ ᠪᠠᠶᠠᠯᠢᠬ ᠢ ᠪᠦᠳᠦᠭᠡᠨ ᠪᠠᠶᠢᠭᠤᠯᠵᠦ ᠪᠠᠶᠢᠨ᠎ᠠ᠂ ᠡᠬᠦᠨ ᠳᠤ ᠬᠢᠴᠢᠶᠡᠯ ᠤᠨ ᠳᠤᠨᠤᠭ᠂ ᠺᠤᠨ᠋ᠰᠫᠧᠺᠲ᠂ ᠪᠢᠴᠢᠯ ᠸᠢᠳᠢᠤ᠋᠂ ᠪᠢᠴᠢᠯ ᠬᠢᠴᠢᠶᠡᠯᠯᠡᠭᠡ | ᠵᠡᠷᠭᠡ ᠶᠢ ᠪᠠᠭᠳᠠᠭᠠᠵᠦ ᠪᠠᠶᠢᠨ᠎ᠠ᠂ ᠡᠨᠡ ᠨᠢ ᠪᠠᠭᠰᠢ ᠨᠠᠷ ᠤᠨ ᠵᠢᠭᠠᠨ ᠰᠣᠷᠭᠠᠯᠳᠠ ᠳᠤ ᠡᠬᠢ ᠪᠠᠶᠠᠯᠢᠬ ᠤᠨ ᠲᠤᠯᠭᠠᠭᠤᠷᠢᠯᠠᠯ ᠬᠠᠩᠭᠠᠬᠤ ᠪᠤᠯᠤᠨ᠎ᠠ᠃ | 12. ᠠᠰᠠᠭᠤᠯᠲᠠ᠄ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠦᠪᠡᠷᠲᠡᠭᠡᠨ ᠵᠠᠰᠠᠬᠤ ᠣᠷᠣᠨ ᠤ | ᠰᠣᠷᠭᠠᠨ ᠬᠦᠮᠦᠵᠢᠯ ᠢ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠵᠢᠭᠠᠬᠤ ᠶᠢ ᠰᠣᠳᠣᠯᠬᠤ ᠰᠠᠯᠠᠭ᠎ᠠ ᠮᠦᠴᠢᠷ ᠠᠴᠠ ᠦᠨᠳᠦᠰᠦᠲᠡᠨ ᠤ ᠰᠣᠷᠭᠠᠭᠤᠯᠢ᠂ | ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠣᠷᠣᠭᠴᠢᠳ ᠤᠨ ᠣᠨᠴᠠᠯᠢᠭ ᠬᠢᠭᠡᠳ ᠪᠣᠳᠠᠳᠣ ᠪᠠᠶᠢᠳᠠᠯ ᠲᠠᠢ ᠣᠶᠠᠯᠳᠣᠭᠤᠯᠵᠣ᠂ ᠭᠤᠷᠪᠠᠨ | ᠲᠦᠷᠦᠯ ᠤᠨ ᠬᠢᠴᠢᠶᠠᠯ ᠤᠨ ᠵᠢᠭᠠᠨ ᠰᠣᠷᠭᠠᠬᠤ ᠬᠦᠳᠦᠯᠪᠦᠷᠢ ᠬᠢᠭᠡᠳ ᠰᠢᠯᠭᠠᠯᠳᠠ ᠶᠢᠨ ᠲᠣᠲᠣᠷᠬᠠᠶᠢᠯᠠᠯᠲᠠ ᠶᠢ ᠲᠤᠭᠳᠠᠭᠠᠬᠤ ᠤᠤ︖ | ᠬᠠᠷᠢᠭᠤᠯᠲᠠ᠄ ᠣᠯᠣᠰ ᠤᠨ ᠰᠣᠷᠭᠠᠨ ᠬᠦᠮᠦᠵᠢᠯ ᠤᠨ ᠶᠠᠮᠤᠨ ᠤ ᠱᠠᠭᠠᠷᠳᠠᠯᠭ᠎ᠠ ᠶᠣᠰᠣᠭᠠᠷ᠂ ᠬᠤᠶᠢᠰᠢᠲᠠ ᠡᠯ᠎ᠡ ᠭᠠᠵᠠᠷ ᠤᠨ ᠰᠢᠯᠭᠠᠯᠲᠠ ᠳᠤ ᠳᠠᠬᠢᠭᠠᠳ | ᠨᠢᠭᠡᠳᠦᠯᠳᠠᠢ ᠵᠢᠭᠠᠨ ᠰᠣᠷᠭᠠᠬᠤ ᠬᠦᠳᠦᠯᠪᠦᠷᠢ ᠬᠢᠭᠡᠳ ᠰᠢᠯᠭᠠᠯᠲᠠ ᠶᠢᠨ ᠲᠣᠳᠣᠷᠬᠠᠶᠢᠯᠠᠯᠲᠠ ᠨᠠᠶᠢᠷᠠᠭᠤᠯᠵᠦ ᠪᠢᠴᠢᠬᠦ ᠦᠭᠡᠢ᠂ ᠰᠢᠯᠭᠠᠯᠲᠠ ᠶᠢᠨ ᠰᠡᠳᠦᠪ | ᠭᠠᠷᠭᠠᠬᠤ ᠳᠤ ᠭᠤᠥᠯᠳᠠᠭᠤ ᠣᠯᠣᠰ ᠤᠨ ᠬᠢᠴᠢᠶᠡᠯ ᠤᠨ ᠪᠠᠷᠢᠮᠵᠢᠶ᠎ᠠ ᠪᠠᠷ ᠦᠨᠳᠦᠰᠦᠯᠡᠯ ᠪᠣᠯᠭᠠᠵᠤ᠂ ᠵᠢᠭᠠᠬᠤ ᠪᠠ ᠰᠢᠯᠭᠠᠬᠤ ᠶᠢ ᠰᠠᠯᠭᠠᠨ᠎ᠠ᠃ ᠦᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠰᠣᠷᠭᠠᠭᠤᠯᠢ ᠣᠯᠥᠰ ᠤᠨ ᠨᠢᠭᠡᠳᠦᠯᠲᠡᠢ ᠨᠠᠶᠢᠷᠠᠭᠤᠯᠤᠭᠰᠠᠨ ᠭᠤᠷᠪᠠᠨ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ | ᠲᠠᠷᠠᠭ᠎ᠠ᠂ ᠵᠢᠭᠠᠬᠤ ᠶᠢ ᠰᠣᠳᠣᠯᠬᠤ ᠰᠠᠯᠠᠭ᠎ᠠ ᠮᠦᠴᠢᠷ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠣᠷᠭᠠᠭᠤᠯᠢ ᠶᠢᠨ ᠪᠣᠳᠠᠳᠣ ᠪᠠᠶᠢᠳᠠᠯ ᠢ | ᠦᠨᠳᠦᠰᠦᠯᠡᠵᠦ᠂ ᠦᠨᠡᠨ ᠠᠴᠠ ᠵᠦᠪ ᠢ ᠡᠷᠢᠬᠦ ᠵᠠᠷᠴᠢᠮ ᠢᠶᠠᠷ᠂ ᠣᠯᠣᠰ ᠤᠨ ᠬᠢᠴᠢᠶᠡᠯ ᠤᠨ ᠪᠠᠷᠢᠮᠵᠢᠶ᠎ᠠ ᠵᠢᠴᠢ ᠮᠠᠨ ᠤ ᠣᠷᠣᠨ ᠠᠴᠠ ᠲᠣᠭᠲᠠᠭᠠᠭᠰᠠᠨ ᠵᠢᠭᠠᠨ | ᠰᠤᠷᠭᠠᠯᠲᠠ ᠶᠢᠨ ᠵᠢᠯᠤᠭᠤᠳᠬᠤ ᠰᠠᠨᠠᠯ ᠪᠠ ᠦᠨᠡᠯᠡᠬᠦ ᠱᠠᠭᠠᠷᠳᠠᠯᠭ᠎ᠠ ᠶᠢ ᠦᠨᠳᠦᠰᠦᠯᠡᠵᠦ ᠬᠠᠮᠢᠶ᠎ᠠ ᠪᠦᠬᠦᠢ ᠬᠢᠴᠢᠶᠡᠯ ᠲᠦᠷᠦᠯ ᠤᠨ ᠰᠢᠯᠭᠠᠯᠳᠠ ᠶᠢᠨ | ᠲᠣᠲᠣᠷᠬᠠᠶᠢᠯᠠᠯᠲᠠ ᠶᠢ ᠲᠣᠭᠲᠠᠭᠠᠨ᠂ ᠡᠯ᠎ᠡ ᠭᠠᠵᠠᠷ ᠲᠤ ᠬᠠᠩᠭᠠᠵᠣ ᠵᠢᠭᠠᠨ ᠰᠣᠷᠭᠠᠯᠲᠠ ᠳᠤᠨᠢ ᠬᠢᠨᠠᠯᠲᠠ ᠪᠤᠯᠭᠠᠨ ᠬᠡᠷᠡᠭᠯᠡᠭᠦᠯᠦᠨ᠎ᠡ᠃ | 13. ᠠᠰᠠᠭᠤᠯᠲᠠ᠄ ᠦᠪᠡᠷᠲᠡᠭᠡᠨ ᠵᠠᠰᠠᠬᠤ ᠤᠷᠤᠨ ᠤ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠦᠨᠳᠦᠰᠦᠲᠡᠨ ᠤ ᠰᠣᠷᠭᠠᠭᠤᠯᠢ ᠳᠤ ᠪᠦᠬᠦ | ᠣᠷᠣᠨ ᠤ ᠦᠨᠳᠦᠰᠦᠲᠡᠨ ᠤ ᠰᠣᠷᠭᠠᠭᠤᠯᠢ ᠶᠢᠨ ᠰᠣᠷᠣᠭᠴᠢ ᠪᠠ ᠬᠢᠲᠠᠳ ᠢᠶᠠᠷ ᠬᠢᠴᠢᠶᠡᠯᠯᠡᠵᠦ ᠪᠠᠶᠢᠭ᠎ᠠ ᠰᠣᠷᠣᠭᠴᠢᠳ ᠤᠨ ᠣᠯᠣᠰ ᠤᠨ ᠨᠢᠭᠡᠳᠦᠯᠲᠡᠢ | ᠨᠠᠶᠢᠷᠠᠭᠤᠯᠤᠭᠰᠠᠨ ︽ᠬᠡᠯᠡ ᠪᠢᠴᠢᠭ︾ ᠤᠨ ᠬᠢᠴᠢᠶᠡᠯ ᠤᠨ ᠳᠠᠯ᠎ᠠ ᠪᠠᠷ ᠬᠢ ᠵᠢᠭᠠᠨ ᠰᠣᠷᠭᠠᠯᠲᠠ ᠶᠢᠨ ᠲᠤᠭ᠎ᠠ ᠪᠠᠷᠢᠮᠳᠠ᠂ ᠬᠢᠷᠢ ᠪᠦᠲᠦᠮᠵᠢ ᠶᠢᠨ ᠲᠤᠭ᠎ᠠ ᠪᠠᠷᠢᠮᠳᠠ | ᠵᠡᠷᠭᠡ ᠶᠢ ᠬᠠᠩᠭᠠᠵᠣ᠂ ᠰᠣᠷᠭᠠᠭᠤᠯᠢ ᠶᠢᠨ ᠬᠢᠨ ᠬᠠᠷᠢᠴᠠᠭᠤᠯᠤᠨ ᠵᠠᠳᠠᠯᠵᠤ᠂ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠰᠣᠷᠭᠠᠨ ᠬᠦᠮᠦᠵᠢᠯ ᠤᠨ ᠳᠣᠳᠠᠭᠤᠳᠠᠯ ᠢᠶᠠᠨ | ᠡᠷᠢᠨ ᠭᠠᠷᠭᠠᠵᠤ᠂ ᠮᠤᠩᠭᠤᠯ ᠢᠶᠠᠷ ᠬᠢᠴᠢᠶᠡᠯᠯᠡᠬᠦ ᠰᠣᠷᠭᠠᠨ ᠬᠦᠮᠦᠵᠢᠯ ᠤᠨ ᠶᠡᠰᠦ ᠴᠢᠨᠠᠷ ᠢ ᠲᠡᠭᠡᠭᠰᠢᠯᠡᠭᠦᠯᠬᠦ ᠳᠤ ᠳᠦᠭᠦᠮ ᠦᠵᠡᠭᠦᠯᠬᠦ ᠦᠦ︖ | ᠬᠠᠷᠢᠭᠤᠯᠲᠠ᠄ ᠵᠢᠭᠠᠨ ᠰᠣᠷᠭᠠᠬᠤ ᠶᠠᠰᠦ ᠴᠢᠨᠠᠷ ᠢ ᠬᠠᠷᠢᠴᠠᠭᠤᠯᠣᠨ ᠰᠣᠳᠣᠯᠬᠤ ᠪᠣᠯ ᠨᠢᠭᠡᠨ ᠴᠢᠬᠤᠯᠠ ᠠᠵᠢᠯ ᠮᠦᠨ᠂ ᠬᠠᠷᠢᠴᠠᠭᠤᠯᠣᠭᠰᠠᠨ ᠰᠣᠳᠣᠯᠭᠠᠨ ᠢ | ᠰᠠᠶᠢᠳᠣᠷ ᠬᠢᠬᠦ ᠨᠢ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠵᠢᠭᠠᠨ ᠰᠣᠷᠭᠠᠬᠤ ᠶᠠᠰᠣ ᠴᠢᠨᠠᠷ ᠢ | ᠳᠡᠭᠡᠭᠰᠢᠯᠡᠭᠦᠯᠬᠦ ᠳᠤ ᠬᠠᠪᠰᠣᠷᠣᠯᠭ᠎ᠠ ᠪᠣᠯᠬᠤ ᠶᠣᠮ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠡᠨᠡᠬᠦ ᠠᠵᠢᠯ ᠢ ᠬᠡᠷᠡᠭᠯᠡᠭᠡᠨ ᠤ | ᠰᠣᠳᠣᠯᠭᠠᠨ ᠤ ᠰᠡᠳᠦᠪ ᠢᠶᠠᠷ ᠲᠣᠭᠲᠠᠭᠠᠵᠤ᠂ ᠬᠠᠮᠢᠶ᠎ᠠ ᠪᠦᠬᠦᠢ ᠰᠤᠳᠤᠯᠭᠠᠨ ᠤ ᠰᠠᠯᠠᠭ᠎ᠠ ᠮᠦᠴᠢᠷ ᠲᠤ ᠨᠠᠶᠢᠳᠠᠨ ᠬᠠᠷᠢᠴᠠᠭᠤᠯᠤᠭᠰᠠᠨ ᠰᠣᠳᠣᠯᠭᠠᠨ ᠤ ᠪᠣᠷᠣ | ᠲᠦᠯᠦᠪ ᠢ ᠲᠤᠭᠳᠠᠭᠠᠬᠤ ᠶᠢᠨ ᠬᠠᠮᠳᠣ᠂ ᠠᠶᠢᠮᠠᠭ ᠬᠤᠲᠠ ᠬᠤᠰᠢᠭᠤ ᠰᠢᠶᠠᠨ ᠤ ᠬᠤᠯᠪᠤᠭᠳᠠᠯ ᠪᠦᠬᠦᠢ ᠰᠣᠷᠭᠠᠭᠤᠯᠢ ᠶᠢ ᠰᠣᠩᠭᠤᠵᠣ ᠦᠯᠢᠭᠡᠷ ᠶᠠᠩᠵᠤ ᠶᠢ | ᠲᠣᠷᠰᠢᠬᠤ ᠰᠣᠳᠣᠯᠭᠠᠨ ᠦᠷᠨᠢᠭᠦᠯᠵᠦ᠂ ᠦᠨᠡᠨ ᠪᠣᠲᠠᠲᠠᠢ ᠰᠣᠳᠣᠯᠭᠠᠨ ᠤ ᠦᠷ᠎ᠡ ᠪᠦᠲᠦᠭᠡᠯ ᠪᠠ ᠲᠤᠭ᠎ᠠ ᠪᠠᠷᠢᠮᠳᠠ ᠶᠢᠨ ᠵᠠᠳᠠᠯᠣᠯᠲᠠ ᠶᠢ ᠠᠰᠢᠬᠯᠠᠨ᠂ | ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠬᠠᠮᠢᠶᠠᠷᠣᠯᠲᠠ ᠪᠠᠨ ᠰᠠᠶᠢᠵᠢᠷᠠᠭᠤᠯᠬᠤ ᠳᠤ ᠦᠨᠳᠦᠰᠦᠯᠡᠯ ᠬᠠᠩᠭᠠᠵᠣ᠂ ᠳᠣᠳᠠᠭᠤᠳᠠᠯ ᠢ ᠨᠢ ᠬᠦᠴᠦᠯᠡᠨ ᠨᠦᠬᠦᠪᠦᠷᠢᠯᠡᠨ᠂ | ᠲᠦᠪ ᠭᠤᠥᠯᠴᠢ ᠮᠦᠷᠳᠡᠭᠡᠨ ᠴᠢᠨᠠᠷ ᠰᠠᠶᠢᠳᠠᠢ ᠦᠨᠳᠦᠰᠦᠲᠡᠨ ᠤ ᠰᠣᠷᠭᠠᠨ ᠬᠦᠮᠦᠵᠢᠯ ᠢ ᠰᠠᠶᠢᠳᠣᠷ ᠡᠷᠬᠢᠯᠡᠨ᠎ᠠ᠃ | 14. ᠠᠰᠠᠭᠤᠯᠲᠠ᠄ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠤᠭᠴᠢᠳ ᠲᠤ ᠠᠪᠴᠤ ᠬᠡᠯᠡᠪᠡᠯ᠂ ᠤᠯᠤᠰ ᠤᠨ ᠨᠢᠭᠡᠲᠦᠯᠲᠡᠢ | ᠨᠠᠶᠢᠷᠠᠭᠤᠯᠤᠭᠰᠠᠨ ︽ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤᠢ︾᠂ ︽ᠲᠡᠤᠬᠡ︾ ᠶᠢᠨ ᠵᠢᠭᠠᠬᠤ ᠮᠠᠲ᠋ᠧᠷᠢᠶᠠᠯ ᠢ ᠬᠢᠲᠠᠳ ᠢᠶᠠᠷ ᠬᠢᠴᠢᠶᠡᠯᠯᠡᠭᠰᠡᠨ ᠤ ᠲᠠᠷᠠᠭ᠎ᠠ | ᠂ ᠤᠶᠢᠯᠠᠭᠠᠵᠤ ᠡᠵᠡᠮᠰᠢᠬᠦ ᠬᠦᠴᠢᠷᠳᠡᠯ ᠨᠢ ᠦᠳᠳᠡᠷ ᠨᠡᠮᠡᠭᠳᠡᠵᠦ᠂ ᠶᠡᠭᠡ ᠲᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ | ᠰᠢᠯᠭᠠᠯᠳᠠ ᠳᠤ ᠡᠨᠡ ᠬᠤᠶᠠᠷ ᠲᠦᠷᠦᠯ ᠤᠨ ᠬᠢᠴᠢᠶᠡᠯ ᠢ ᠰᠤᠩᠭᠤᠬᠤ ᠦᠭᠡᠢ ᠪᠠᠶᠢᠵᠤ ᠮᠡᠳᠡᠨ᠎ᠡ᠂ ᠢᠩᠭᠢᠬᠦ ᠳᠤ ᠬᠦᠷᠪᠡᠯ ᠡᠨᠡ ᠬᠤᠶᠠᠷ ᠲᠦᠷᠦᠯ ᠤᠨ ᠬᠢᠴᠢᠶᠠᠯ ᠢ | ᠵᠢᠭᠠᠬᠤ ᠪᠠᠭᠰᠢᠨᠠᠷ ᠠᠵᠢᠯ ᠰᠢᠯᠵᠢᠬᠦ ᠠᠰᠠᠭᠤᠳᠠᠯ ᠢᠯᠡᠷᠡᠬᠦ ᠪᠣᠯᠣᠨ᠎ᠠ᠂ ᠡᠨᠡ ᠠᠰᠠᠭᠤᠳᠠᠯ ᠢ ᠬᠡᠷᠬᠢᠨ ᠤᠷᠢᠳᠴᠢᠯᠠᠨ ᠰᠡᠷᠭᠡᠶᠢᠯᠡᠬᠦ ᠪᠤᠶᠤ ᠰᠢᠢᠳᠪᠦᠷᠢᠯᠡᠬᠦ ᠪᠤᠢ︖ | ᠬᠠᠷᠢᠭᠤᠯᠲᠠ᠄ ᠤᠳᠤ ᠤᠯᠤᠰ ᠠᠴᠠ ᠶᠠᠭ ᠶᠡᠭᠡ ᠳᠡᠭᠡᠲᠦ ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠲᠠ ᠳᠤ | ᠦᠭᠡᠷᠡᠴᠢᠯᠡᠯᠲᠡ ᠬᠢᠵᠦ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ᠂ ︽3+3︾ ᠵᠠᠭᠪᠤᠷ ᠢ | ᠬᠡᠷᠡᠭᠵᠢᠭᠦᠯᠬᠦ ᠪᠠᠷ ᠪᠠᠶᠢᠨ᠎ᠠ᠂ ᠲᠤᠬᠠᠶᠢᠯᠠᠪᠠᠯ᠄ ᠬᠡᠯᠡ ᠪᠢᠴᠢᠭ ︵ᠨᠢᠭᠡᠲᠦᠯᠲᠠᠢ ᠨᠠᠶᠢᠷᠠᠭᠤᠯᠤᠭᠰᠠᠨ ᠬᠡᠯᠡ ᠪᠢᠴᠢᠭ ᠪᠠ ᠮᠤᠩᠭᠤᠯ ᠬᠡᠯᠡ ᠪᠢᠴᠢᠭ︶᠂ ᠲᠤᠭᠠᠨ ᠤ | ᠤᠬᠠᠭᠠᠨ᠂ ᠭᠠᠳᠠᠭᠠᠳᠤ ᠬᠡᠯᠡ ᠶᠢ ᠡᠷᠬᠡᠪᠰᠢ ᠰᠢᠯᠭᠠᠬᠤ ᠬᠢᠴᠢᠶᠡᠯ ᠲᠦᠷᠦᠯ ᠪᠤᠯᠭᠠᠨ᠎ᠠ᠂ ᠪᠤᠰᠤᠳ 3 ᠲᠦᠷᠦᠯ ᠤᠨ ᠬᠢᠴᠢᠶᠡᠯ ᠢ ᠰᠤᠷᠤᠭᠴᠢᠳ ᠰᠢᠯᠭᠠᠬᠤ ᠪᠠᠷ | ᠮᠡᠳᠡᠭᠦᠯᠬᠦ ᠶᠡᠭᠡ ᠲᠡᠭᠡᠳᠦ ᠰᠤᠷᠭᠠᠭᠤᠯᠢ ᠶᠢᠨ ᠢᠶᠠᠨ ᠱᠠᠭᠠᠷᠳᠠᠯᠭ᠎ᠠ ᠪᠠ ᠦᠪᠡᠷ ᠤᠨ ᠳᠠᠪᠠᠭᠤᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ ᠤᠯᠤᠰ ᠲᠦᠷᠦ᠂ ᠲᠡᠤᠬᠡ᠂ | ᠭᠠᠵᠠᠷ ᠵᠦᠢ᠂ ᠹᠢᠽᠢᠺ᠂ ᠬᠢᠮᠢ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠠᠴᠠ 3 ᠬᠢᠴᠢᠶᠡᠯ ᠲᠦᠷᠦᠯ ᠢ ᠪᠡᠶ᠎ᠡ ᠪᠠᠨ ᠲᠠᠭᠠᠭᠠᠨ ᠰᠤᠩᠭᠤᠵᠦ᠂ ᠶᠡᠭᠡ ᠲᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠶᠢᠨ ᠬᠢᠷᠢ ᠪᠦᠲᠦᠮᠵᠢ ᠳᠤᠨᠢ ᠪᠤᠳᠤᠵᠦ ᠤᠷᠤᠭᠤᠯᠤᠨ᠎ᠠ᠃ ᠡᠭᠦᠨ ᠤ ᠵᠤᠷᠢᠯᠭ᠎ᠠ ᠨᠢ | ᠰᠤᠷᠤᠭᠴᠢ ᠶᠢᠨ ᠬᠢᠴᠢᠶᠡᠯ ᠲᠦᠷᠦᠯ ᠢ ᠰᠤᠩᠭᠤᠬᠤ ᠤᠶᠤᠨ ᠬᠠᠳᠠᠨ ᠴᠢᠨᠠᠷ ᠢ ᠨᠡᠮᠡᠭᠳᠡᠭᠦᠯᠦᠨ᠂ ᠰᠤᠷᠤᠭᠴᠢ ᠶᠢᠨ ᠭᠦᠭᠵᠢᠯᠲᠡ ᠳᠤ ᠨᠡᠩ ᠣᠯᠠᠨ ᠪᠤᠯᠤᠮᠵᠢ | ᠦᠯᠡᠳᠡᠭᠡᠨ ᠦᠭᠴᠦ᠂ ᠰᠤᠷᠤᠭᠴᠢ ᠨᠡᠩ ᠶᠡᠭᠡ ᠬᠡᠮᠵᠢᠶ᠎ᠡ ᠪᠠᠷ ᠦᠪᠡᠷ ᠤᠨ ᠳᠠᠪᠠᠭᠤᠯᠢᠭ ᠬᠢᠴᠢᠶᠡᠯ ᠲᠦᠷᠦᠯ ᠪᠠ ᠤᠨᠴᠠ ᠴᠢᠳᠠᠪᠤᠷᠢ ᠪᠠᠨ ᠪᠠᠳᠠᠷᠠᠭᠤᠯᠬᠤ ᠶᠢᠨ | ᠲᠦᠯᠦᠭᠡ ᠶᠣᠮ᠃ ᠲᠡᠳᠡᠭᠡᠷ ᠬᠢᠴᠢᠶᠡᠯ ᠲᠦᠷᠦᠯ ᠤᠨ ᠬᠡᠯᠪᠠᠶᠢᠯᠳᠡ ᠨᠡᠯᠢᠶᠡᠳ ᠶᠡᠭᠡ ᠰᠣᠷᠣᠭᠴᠢ ᠳᠤ ᠠᠪᠴᠣ ᠬᠡᠯᠡᠪᠡᠯ᠂ ᠰᠢᠨ᠎ᠡ ᠶᠡᠭᠡ ᠳᠡᠭᠡᠲᠦ ᠰᠣᠷᠭᠠᠭᠤᠯᠢ ᠶᠢᠨ | ᠰᠢᠯᠭᠠᠯᠲᠠ ᠶᠢᠨ ᠵᠠᠭᠪᠤᠷ ᠨᠢ ᠲᠠᠳᠡᠨᠠᠷ ᠢ ᠦᠪᠡᠷ ᠤᠨ ᠳᠣᠷᠣᠢ ᠪᠠᠭᠤᠷᠠᠢ ᠬᠢᠴᠢᠶᠡᠯ ᠲᠦᠷᠦᠯ ᠠᠴᠠ ᠨᠢ ᠵᠠᠶᠢᠯᠠᠰᠬᠢᠵᠤ᠂ ᠬᠠᠷᠢᠴᠠᠩᠭᠤᠢ ᠰᠠᠶᠢᠨ ᠬᠢᠴᠢᠶᠡᠯ | ᠲᠦᠷᠦᠯ ᠢ ᠨᠢ ᠰᠣᠩᠭᠤᠭᠤᠯᠬᠤ ᠪᠣᠯᠣᠨ᠎ᠠ᠂ ᠡᠨᠡ ᠨᠢ ᠰᠣᠷᠣᠯᠴᠠᠬᠤ ᠪᠠ ᠰᠣᠷᠭᠠᠭᠤᠯᠢ ᠲᠡᠭᠦᠰᠴᠦ ᠰᠣᠷᠭᠠᠭᠤᠯᠢ ᠳᠠᠪᠰᠢᠬᠤ ᠳᠤᠨᠢ ᠨᠡᠩ ᠠᠰᠢᠭᠲᠠᠢ ᠨᠢ ᠯᠠᠪᠳᠠᠢ᠃ | ᠣᠳᠣ ᠶᠢᠨ ᠬᠡᠷᠡᠭᠵᠢᠭᠦᠯᠵᠦ ᠪᠠᠶᠢᠭ᠎ᠠ ᠶᠡᠭᠡ ᠳᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠲᠦᠷᠦ ᠶᠢᠨ ᠪᠣᠳᠣᠯᠭ᠎ᠠ ᠶᠢᠨ ᠶᠣᠰᠣᠭᠠᠷ᠂ ᠦᠨᠳᠦᠰᠦᠲᠡᠨ ᠤ ᠦᠭᠡ | ᠬᠡᠯᠡ ᠪᠠᠷ ᠬᠢᠴᠢᠶᠡᠯᠯᠡᠵᠦ ᠪᠠᠶᠢᠭ᠎ᠠ ᠰᠢᠯᠭᠠᠭᠤᠯᠤᠭᠰᠠᠳ ᠤᠨ ᠶᠡᠭᠡ ᠳᠡᠭᠡᠳᠦ ᠰᠣᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠲᠠ ᠳᠤ | ᠮᠦᠨ ᠯᠡ ᠲᠣᠰᠠᠭᠠᠷ ᠨᠢ ᠬᠤᠪᠢ ᠶᠢᠨ ᠱᠣᠭᠤᠮ ᠲᠣᠭᠳᠠᠭᠠᠵᠣ᠂ ᠲᠣᠰᠠᠭᠠᠷ ᠡᠯᠰᠡᠨ᠎ᠡ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠪᠣᠰᠣ | ᠰᠣᠷᠣᠭᠴᠢᠳ ᠲᠠᠢ ᠦᠷᠢᠰᠦᠯᠳᠦᠬᠦ ᠦᠭᠡᠢ ᠶᠤᠮ᠃ | ᠰᠢᠯᠭᠠᠭᠤᠯᠤᠭᠰᠠᠳ ᠶᠡᠭᠡ ᠳᠡᠭᠡᠳᠦ ᠰᠣᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠳᠠ ᠳᠤ ᠣᠷᠣᠯᠴᠠᠬᠤ ᠦᠶ᠎ᠡ ᠳᠤ | ᠰᠣᠩᠭᠤᠬᠤ ᠬᠢᠴᠢᠶᠡᠯ ᠲᠦᠷᠦᠯ ᠤᠨ ᠬᠢᠨᠢ ᠲᠣᠭᠲᠠᠪᠣᠷᠢ ᠦᠭᠡᠢ ᠴᠢᠨᠠᠷ ᠪᠠ ᠲᠠᠰᠢᠷᠠᠮ ᠤᠨ ᠴᠢᠨᠠᠷ ᠠᠴᠠ ᠪᠣᠯᠵᠣ᠂ ᠡᠯ᠎ᠡ ᠲᠦᠷᠦᠯ ᠤᠨ ᠡᠩ ᠤᠨ ᠳᠡᠭᠡᠳᠦ ᠵᠡᠷᠭᠡ ᠶᠢᠨ | ᠳᠣᠮᠳᠠᠳᠣ ᠰᠣᠷᠭᠠᠭᠤᠯᠢ ᠶᠢᠨ ᠬᠡᠰᠡᠭ ᠬᠢᠴᠢᠶᠡᠯ ᠲᠦᠷᠦᠯ ᠤᠨ ᠪᠠᠭᠰᠢ ᠳᠣᠲᠠᠭᠳᠠᠬᠤ ᠪᠠ ᠬᠡᠰᠡᠭ ᠬᠢᠴᠢᠶᠡᠯ ᠲᠦᠷᠦᠯ ᠤᠨ ᠪᠠᠭᠰᠢ ᠢᠯᠡᠭᠦᠳᠡᠬᠦ᠂ ᠴᠠᠭᠠᠰᠢᠯᠠᠭᠠᠳ | ᠪᠦᠳᠦᠴᠡ ᠶᠢᠨ ᠴᠢᠨᠠᠷ ᠲᠠᠢ ᠲᠡᠩᠴᠡᠭᠦᠷᠢ ᠪᠠᠨ ᠠᠯᠳᠠᠬᠤ ᠠᠰᠠᠭᠤᠳᠠᠯ ᠭᠠᠷᠴᠣ ᠮᠡᠳᠡᠨ᠎ᠡ᠂ ᠡᠶᠢᠨᠬᠦ ᠨᠢᠭᠡ ᠲᠠᠯ᠎ᠠ ᠪᠠᠷ ᠪᠠᠭᠰᠢ ᠨᠠᠷ ᠤᠨ ᠰᠣᠷᠭᠠᠨ ᠬᠦᠮᠦᠵᠢᠭᠦᠯᠬᠦ ᠵᠢᠭᠠᠨ | ᠰᠣᠷᠭᠠᠬᠤ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠣᠷᠣᠭᠴᠢᠳ ᠤᠨ ᠰᠣᠷᠣᠯᠴᠠᠬᠤ ᠣᠷᠮ᠎ᠠ ᠪᠠᠬ᠎ᠠ ᠬᠢᠭᠡᠳ ᠬᠢᠴᠢᠶᠡᠯ ᠰᠣᠩᠭᠤᠬᠤ ᠲᠠᠳᠠᠬᠤ | ᠬᠦᠴᠦᠨ ᠢ ᠨᠡᠮᠡᠭᠳᠡᠭᠦᠯᠬᠦ ᠶᠢ ᠱᠠᠭᠠᠷᠳᠠᠨ᠎ᠠ᠂ ᠨᠦᠭᠦᠭᠡ ᠲᠠᠯ᠎ᠠ ᠪᠠᠷ ᠪᠠᠰᠠ ᠪᠠᠭᠰᠢ ᠨᠠᠷ ᠢ ᠬᠦᠳᠡᠯᠦᠩᠭᠦᠢ ᠬᠠᠮᠢᠶᠠᠷᠬᠤ ᠲᠤᠭᠳᠠᠴᠠ ᠶᠢ ᠪᠠᠶᠢᠭᠤᠯᠣᠨ ᠳᠡᠭᠦᠯᠳᠡᠷᠵᠢᠭᠦᠯᠵᠤ | ᠂ ᠪᠠᠭᠰᠢ ᠨᠠᠷ ᠢ ᠲᠡᠩᠴᠡᠭᠦᠷᠢ ᠲᠠᠢ ᠲᠤᠬᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠶᠢ ᠱᠠᠭᠠᠷᠳᠠᠨ᠎ᠠ᠃ | 15. ᠠᠰᠠᠭᠤᠯᠲᠠ᠄ ᠦᠨᠳᠦᠰᠦᠲᠡᠨ ᠤ ᠰᠣᠷᠭᠠᠭᠤᠯᠢ ᠳᠤ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ | ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ ᠶᠢᠨ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠨᠢᠭᠡᠴᠢ ᠪᠦᠯᠦᠭ ᠤᠨ ᠲᠠᠷᠠᠭᠠᠯᠠᠯ ᠢᠶᠠᠷ ᠬᠢᠴᠢᠶᠡᠯ | ᠪᠡᠯᠡᠳᠭᠡᠬᠦ ᠵᠢᠯᠤᠭᠤᠳᠬᠤ ᠰᠠᠨᠠᠭᠤᠯᠭ᠎ᠠ ᠬᠢᠭᠡᠳ ᠣᠷᠴᠢᠭᠤᠯᠭ᠎ᠠ ᠶᠢᠨ ᠵᠢᠭᠠᠨ ᠰᠣᠷᠭᠠᠯᠲᠠ ᠶᠢ ᠬᠠᠪᠰᠣᠷᠣᠨ ᠵᠢᠯᠤᠭᠤᠳᠬᠤ ᠶᠢ ᠠᠯᠢ ᠬᠤᠷᠳᠤᠨ ᠢᠶᠠᠷ ᠲᠣᠭᠲᠠᠭᠠᠨ | ᠲᠠᠷᠬᠠᠭᠠᠵᠤ᠂ ᠴᠢᠳᠠᠬᠤᠶᠢᠴᠠ ᠲᠠᠷᠤᠢ ᠲᠦᠷᠭᠡᠨ ᠬᠢᠴᠢᠶᠡᠯ ᠡᠬᠢᠯᠡᠬᠦ ᠠᠰᠠᠭᠤᠳᠠᠯ ᠢ ᠰᠢᠢᠳᠪᠦᠷᠢᠯᠡᠬᠦ ᠦᠦ︖ | ᠬᠠᠷᠢᠭᠤᠯᠲᠠ᠄ ᠡᠯ᠎ᠡ ᠭᠠᠵᠠᠷ ᠤᠨ ᠬᠢᠨ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ | ᠶᠠᠪᠤᠴᠠ ᠳᠤ ᠣᠯᠠᠨ ᠵᠦᠢᠯ ᠤᠨ ᠡᠭᠡᠳᠡᠷᠡᠭᠡᠨ ᠪᠠ ᠬᠦᠴᠢᠷ ᠠᠰᠠᠭᠤᠳᠠᠯ ᠲᠣᠯᠭᠠᠷᠠᠵᠤ ᠮᠡᠳᠡᠬᠦ ᠪᠠᠶᠢᠳᠠᠯ ᠢ ᠪᠣᠳᠣᠯᠬᠢᠯᠠᠭᠠᠳ᠂ ᠦᠪᠡᠷᠲᠡᠭᠡᠨ ᠵᠠᠰᠠᠬᠤ ᠣᠷᠣᠨ ᠠᠴᠠ | ᠨᠢᠭᠡᠨᠲᠡ ᠵᠢᠭᠠᠬᠤ ᠶᠢ ᠰᠣᠳᠣᠯᠬᠤ ᠰᠠᠯᠠᠭ᠎ᠠ ᠮᠦᠴᠢᠷ ᠬᠢᠭᠡᠳ ᠬᠡᠪᠯᠡᠯ ᠤᠨ ᠨᠢᠭᠡᠴᠢ ᠶᠢ ᠵᠤᠬᠢᠶᠠᠨ ᠪᠠᠶᠢᠭᠤᠯᠤᠨ᠂ ᠵᠢᠭᠠᠨ ᠰᠣᠷᠭᠠᠯᠳᠠ ᠶᠢ ᠵᠢᠯᠤᠭᠤᠳᠬᠤ ᠰᠠᠨᠠᠭᠤᠯᠭ᠎ᠠ | ᠬᠢᠭᠡᠳ ᠦᠨᠡᠯᠡᠬᠦ ᠱᠠᠭᠠᠷᠳᠠᠯᠭ᠎ᠠ ᠲᠣᠭᠲᠠᠭᠠᠵᠣ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠳᠣᠮᠳᠠᠳᠣ ᠪᠠᠭ᠎ᠠ ᠰᠣᠷᠭᠠᠭᠤᠯᠢ ᠶᠢᠨ ᠰᠣᠷᠭᠠᠨ | ᠬᠦᠮᠦᠵᠢᠯ ᠵᠢᠭᠠᠨ ᠰᠤᠷᠭᠠᠯᠳᠠ ᠶᠢ ᠦᠷᠨᠢᠭᠦᠯᠬᠦ ᠳᠤ ᠬᠡᠷᠡᠭᠴᠡᠭᠡ ᠪᠦᠬᠦᠢ ᠵᠢᠭᠠᠨ ᠰᠣᠷᠭᠠᠯᠳᠠ ᠶᠢ ᠵᠢᠯᠤᠭᠤᠳᠬᠤ ᠮᠠᠲ᠋ᠧᠷᠢᠶᠠᠯ ᠂ ᠰᠦᠯᠵᠢᠶᠡᠨ ᠳᠡᠭᠡᠷᠡᠬᠢ ᠸᠢᠳᠢᠣ᠋ | ᠬᠢᠴᠢᠶᠡᠯ᠂ ᠠᠳᠠᠯᠢ ᠪᠤᠰᠤ ᠶᠢᠨ ᠣᠨ ᠤ ᠬᠡᠰᠡᠭ ᠤᠨ ᠵᠢᠭᠠᠨ ᠰᠣᠷᠭᠠᠬᠤ ᠲᠦᠯᠦᠪᠯᠡᠭᠡ ᠶᠢᠨ ᠲᠦᠰᠦᠯ ᠬᠢᠭᠡᠳ ᠪᠢᠴᠢᠯ ᠬᠢᠴᠢᠶᠡᠯ ᠤᠨ ᠸᠢᠳᠢᠣ᠋ ᠶᠢ ᠨᠠᠶᠢᠷᠠᠭᠤᠯᠣᠨ | ᠵᠣᠬᠢᠶᠠᠵᠠᠢ᠃ ᠣᠳᠣᠬᠠᠨ ᠳᠤ᠂ ᠬᠡᠰᠡᠭ ᠡᠬᠢ ᠪᠠᠶᠠᠯᠢᠭ ᠢ ᠨᠢᠭᠡᠨᠲᠡ ᠬᠡᠪᠯᠡᠨ ᠲᠠᠷᠬᠠᠭᠠᠭᠰᠠᠨ ᠪᠠ ᠰᠦᠯᠵᠢᠶᠡᠨ ᠳᠤ ᠭᠠᠷᠭᠠᠵᠠᠢ᠂ ᠪᠣᠰᠣᠳ ᠬᠠᠮᠢᠶ᠎ᠠ ᠪᠦᠬᠦᠢ ᠠᠵᠢᠯ ᠢ | ᠴᠤ ᠱᠠᠯᠠᠪᠳᠠᠨ ᠬᠢᠵᠦ ᠪᠠᠶᠢᠨ᠎ᠠ᠃ | 16. ᠠᠰᠠᠭᠤᠯᠲᠠ᠄ ᠦᠨᠳᠦᠰᠦᠲᠡᠨ ᠤ ᠬᠡᠤᠭᠡᠳ ᠤᠨ ᠴᠡᠴᠡᠷᠯᠢᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠦᠮᠦᠵᠢᠯ ᠬᠢᠭᠡᠳ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ︽ᠬᠡᠯᠡ ᠪᠢᠴᠢᠭ︾ ᠤᠨ ᠵᠢᠭᠠᠨ ᠰᠤᠷᠭᠠᠯᠲᠠ ᠶᠢ ᠬᠡᠷᠬᠢᠨ ᠪᠦᠲᠦᠮᠵᠢᠲᠠᠢ ᠵᠤᠯᠭᠠᠭᠤᠯᠬᠤ ᠪᠤᠢ︖ | ᠬᠠᠷᠢᠭᠤᠯᠲᠠ᠄ ᠬᠡᠤᠬᠡᠳ ᠤᠨ ᠴᠡᠴᠡᠷᠯᠢᠭ ᠤᠨ ᠬᠤᠤᠰ ᠬᠡᠯᠡᠨ ᠤ ᠰᠤᠷᠭᠠᠨ ᠬᠦᠮᠦᠵᠢᠯ ᠨᠢ ᠬᠤᠤᠰ ᠬᠡᠯᠡᠨ ᠤ ᠰᠤᠷᠭᠠᠨ ᠬᠦᠮᠦᠵᠢᠯ ᠤᠨ ᠴᠢᠬᠤᠯᠠ | ᠪᠦᠷᠢᠯᠳᠦᠭᠦᠨ ᠬᠡᠰᠡᠭ ᠮᠦᠨ᠃ ᠬᠡᠦᠬᠡᠳ ᠤᠨ ᠴᠡᠴᠡᠷᠯᠢᠭ ᠤᠨ ᠬᠤᠤᠰ ᠬᠡᠯᠡᠨ ᠤ ᠰᠤᠷᠭᠠᠨ ᠬᠦᠮᠦᠵᠢᠯ ᠢ ᠬᠡᠷᠬᠢᠨ ᠬᠡᠷᠡᠭᠵᠢᠭᠦᠯᠬᠦ ᠨᠢ ᠲᠡᠤᠬᠡ ᠪᠤᠯᠤᠨ ᠣᠳᠤᠬᠢ᠂ | ᠤᠨᠤᠯ ᠪᠤᠯᠤᠨ ᠦᠢᠯᠡᠳᠦᠯᠭᠡ ᠶᠢᠨ ᠲᠠᠯ᠎ᠠ ᠪᠠᠷ ᠦᠷᠭᠦᠯᠵᠢᠯᠡᠨ ᠰᠦᠪᠡᠭᠴᠢᠯᠡᠬᠦ ᠰᠡᠳᠦᠪ ᠪᠣᠯᠣᠨ᠎ᠠ᠃ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠵᠢᠷᠤᠮᠵᠢᠭᠤᠯᠤᠨ ᠬᠦᠭᠵᠢᠭᠦᠯᠬᠦ ᠲᠤᠬᠠᠢ ᠰᠠᠨᠠᠯ ᠤᠳ︾ ᠲᠤ᠂ ᠬᠡᠦᠬᠡᠳ ᠤᠨ ᠴᠡᠴᠡᠷᠯᠢᠭ ᠨᠢ ᠲᠤᠭᠯᠠᠭᠠᠮ ᠢᠶᠠᠷ ᠦᠨᠳᠦᠰᠦᠨ ᠠᠵᠢᠯᠯᠠᠭ᠎ᠠ ᠪᠤᠯᠭᠠᠬᠤ ᠬᠡᠷᠡᠭᠲᠡᠢ ᠬᠡᠵᠤ | ᠲᠤᠳᠤᠷᠬᠠᠶᠢᠯᠠᠵᠠᠢ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ︾ ᠳᠤ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠳᠤᠨ ᠳᠤ ᠬᠡᠤᠬᠡᠳ ᠤᠨ ᠳᠣᠰ ᠦᠨᠳᠦᠰᠦᠳᠡᠨ ᠤ ᠦᠭᠡ ᠬᠡᠯᠡ ᠪᠠᠨ ᠰᠤᠷᠬᠤ ᠪᠠ ᠬᠢᠲᠡᠳ ᠬᠡᠯᠡ ᠶᠢ ᠰᠤᠷᠬᠤ | ᠤᠷᠮ᠎ᠠ ᠪᠠᠬ᠎ᠠ ᠶᠢ ᠨᠢ ᠬᠦᠮᠦᠵᠢᠭᠦᠯᠪᠡᠯ ᠵᠣᠬᠢᠨ᠎ᠠ ᠬᠡᠵᠤ ᠲᠤᠭᠳᠠᠭᠠᠪᠠ᠃ ᠦᠢᠯᠡᠳᠦᠯᠭᠡ ᠲᠤᠮᠲᠠ᠂ ᠬᠡᠦᠬᠡᠳ ᠤᠨ ᠴᠡᠴᠡᠷᠯᠢᠭ ᠤᠨ ᠦᠭᠡ ᠬᠡᠯᠡᠨ ᠤ ᠰᠤᠷᠤᠯᠴᠠᠯᠭ᠎ᠠ ᠪᠠ | ᠬᠡᠷ ᠵᠠᠭᠤᠷ᠎ᠠ ᠶᠢᠨ ᠦᠭᠡ ᠬᠡᠯᠡᠨ ᠤ ᠬᠡᠷᠡᠭᠯᠡᠭᠡ ᠶᠢᠨ ᠲᠡᠩᠴᠡᠭᠦᠷᠢ ᠶᠢᠨ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ ᠬᠡᠤᠬᠡᠳ ᠤᠨ ᠳᠣᠰ | ᠦᠨᠳᠦᠰᠦᠳᠡᠨ ᠤ ᠦᠭᠡ ᠬᠡᠯᠡ ᠪᠠᠨ ᠰᠠᠶᠢᠳᠣᠷ ᠰᠤᠷᠬᠤ ᠶᠢ ᠭᠦᠢᠴᠡᠳ ᠪᠠᠳᠤᠯᠠᠭᠰᠠᠨ ᠰᠠᠭᠤᠷᠢᠨ ᠳᠡᠭᠡᠷ᠎ᠡ᠂ ᠦᠨᠳᠦᠰᠦᠳᠡᠨ ᠤ ᠦᠭᠡ ᠬᠡᠯᠡ ᠶᠢᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠶᠢ ᠰᠤᠷᠬᠤ ᠳᠤ ᠦᠵᠡᠭᠦᠯᠬᠦ ᠢᠳᠡᠪᠬᠢᠳᠠᠢ ᠨᠥᠯᠦᠭᠡ ᠶᠢ ᠠᠰᠢᠬᠯᠠᠵᠤ᠂ ᠬᠡᠤᠬᠡᠳ ᠤᠨ ᠬᠡᠯᠡᠨ ᠤ ᠬᠦᠭᠵᠢᠯᠲᠡ ᠶᠢᠨ ᠪᠠᠶᠢᠳᠠᠯ ᠢ | ᠦᠨᠳᠦᠰᠦᠯᠡᠨ ᠪᠠᠶᠢᠳᠠᠯ ᠳᠤᠨᠢ ᠳᠣᠬᠢᠷᠠᠭᠤᠯᠣᠨ ᠲᠣᠭᠯᠠᠭᠠᠮ ᠢᠶᠠᠷ ᠭᠤᠤᠯᠯᠠᠭᠰᠠᠨ ᠰᠤᠷᠭᠠᠨ ᠬᠦᠮᠦᠵᠢᠯ ᠤᠨ ᠠᠵᠢᠯᠯᠠᠭ᠎ᠠ ᠦᠷᠨᠢᠭᠦᠯᠬᠦ ᠬᠡᠷᠡᠭᠲᠡᠢ᠃ ᠭᠤᠤᠯᠳᠠᠭᠤ | ᠨᠡᠶᠢᠯᠡᠮᠡᠯ ᠰᠢᠨᠵᠢ ᠲᠠᠢ ᠠᠵᠢᠯᠯᠠᠭ᠎ᠠ ᠦᠷᠨᠢᠭᠦᠯᠬᠦ ᠪᠠᠷ ᠲᠠᠮᠵᠢᠭᠤᠯᠣᠨ᠂ ᠬᠠᠮᠤᠭ ᠤᠨ ᠦᠨᠡᠨ ᠪᠤᠳᠠᠳᠠᠢ ᠦᠭᠡ ᠬᠡᠯᠡᠨ ᠤ ᠤᠷᠴᠢᠨ ᠲᠤᠭᠤᠷᠢᠨ ᠢ ᠴᠣᠭᠴᠠᠯᠠᠬᠤ ᠬᠡᠷᠡᠭᠳᠡᠢ | ᠃ ᠵᠢᠱᠢᠶᠡᠯᠡᠪᠡᠯ ᠬᠡᠦᠬᠡᠳ ᠤᠨ ᠴᠡᠴᠡᠷᠯᠢᠭ ᠤᠨ ᠤᠷᠤᠨ ᠵᠠᠢ ᠶᠢᠨ ᠪᠠᠶᠢᠷᠢᠯᠠᠭᠤᠯᠣᠯᠳᠠ᠂ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠶᠤᠯ ᠪᠠ | ᠠᠮᠢᠳᠤᠷᠠᠯ ᠢᠶᠠᠷ ᠰᠡᠳᠦᠪᠯᠡᠭᠰᠡᠨ ᠵᠢᠷᠤᠭ᠂ ᠸᠢᠳᠢᠣ᠋ ᠵᠡᠷᠭᠡ ᠶᠢᠨ ᠦᠵᠡᠭᠦᠯᠬᠡ ᠶᠢᠨ ᠠᠵᠢᠯᠯᠠᠭ᠎ᠠ ᠪᠠ ᠬᠡᠤᠬᠡᠳ ᠢ ᠵᠣᠬᠢᠶᠠᠨ ᠪᠠᠶᠢᠭᠤᠯᠤᠨ ᠡᠭᠡ ᠪᠠᠶᠢᠭᠠᠯᠢ ᠲᠠᠢ ᠡᠭᠡᠨᠡᠭᠰᠢᠨ | ᠲᠠᠰᠤᠯᠴᠠᠬᠤ᠂ ᠰᠢᠭᠤᠳ ᠲᠠᠨᠢᠵᠤ ᠮᠡᠳᠡᠬᠦ᠂ ᠪᠤᠳᠠᠳᠠᠢ ᠤᠷᠤᠯᠴᠠᠬᠤ᠂ ᠪᠡᠶᠡᠴᠢᠯᠡᠨ ᠦᠢᠯᠡᠳᠦᠯᠬᠡᠵᠢᠭᠦᠯᠬᠦ ᠵᠡᠷᠭᠡ ᠠᠵᠢᠯᠯᠠᠭ᠎ᠠ ᠦᠷᠨᠢᠭᠦᠯᠵᠦ ᠪᠤᠯᠤᠨ᠎ᠠ᠃ | ᠶᠡᠷᠦᠩᠬᠡᠶᠢᠯᠡᠪᠡᠯ᠂ ᠤᠷᠴᠢᠨ ᠲᠤᠭᠤᠷᠢᠨ᠂ ᠠᠵᠢᠯᠯᠠᠭ᠎ᠠ᠂ ᠨᠠᠭᠠᠳᠤᠮ ᠲᠤᠭᠯᠠᠭᠠᠮ ᠵᠡᠷᠭᠡ ᠠᠷᠭ᠎ᠠ ᠵᠠᠮ ᠢᠶᠠᠷ ᠳᠠᠮᠵᠢᠭᠤᠯᠣᠨ᠂ ᠬᠡᠤᠬᠡᠳ ᠢ ᠪᠠᠶᠠᠷ ᠪᠠᠶᠠᠰᠬᠤᠯᠠᠩ ᠲᠠᠢ᠂ | ᠡᠷᠡᠭᠦᠯ ᠢᠶᠠᠷ ᠦᠰᠴᠦ ᠪᠤᠶᠢᠵᠢᠬᠤ ᠶᠠᠪᠤᠴᠠ ᠳᠤ ᠬᠡᠯᠡᠨ ᠤ ᠴᠢᠳᠠᠪᠤᠷᠢ᠂ ᠬᠡᠯᠡᠨ ᠤ ᠣᠬᠠᠮᠰᠠᠷ ᠪᠠ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠶᠢ ᠰᠣᠷᠣᠯᠴᠠᠬᠤ | ᠤᠷᠮ᠎ᠠ ᠪᠠᠬ᠎ᠠ ᠶᠢ ᠬᠦᠮᠦᠵᠢᠭᠦᠯᠬᠦ ᠬᠡᠷᠡᠭᠲᠡᠢ᠃ | 17. ᠠᠰᠠᠭᠤᠯᠳᠠ᠄ ᠪᠠᠭ᠎ᠠ ᠰᠤᠷᠭᠠᠭᠤᠯᠢ ᠶᠢᠨ ᠨᠢᠭᠡᠳᠤᠭᠡᠷ ᠤᠨ ᠳᠤ ︽ᠭᠡᠯᠡ ᠪᠢᠴᠢᠭ︾ ᠪᠤᠯᠤᠨ ︽ᠮᠤᠩᠭᠤᠯ ᠭᠡᠯᠡ ᠪᠢᠴᠢᠭ︾ ᠤᠨ ᠬᠢᠴᠢᠶᠡᠯ ᠢ ᠵᠡᠷᠭᠡᠪᠡᠷ | ᠨᠡᠭᠡᠭᠡᠵᠤ᠂ ᠬᠤᠶᠠᠷ ᠵᠦᠢᠯ ᠤᠨ ᠦᠭᠡ ᠭᠡᠯᠡ ᠦᠰᠤᠭ᠌ ᠪᠢᠴᠢᠭ ᠢᠶᠠᠷ ᠭᠢᠴᠢᠶᠡᠯᠯᠡᠬᠦ ᠨᠢ᠂ ᠴᠦᠭᠡᠨ ᠳᠤᠭᠠᠳᠤ ᠦᠨᠳᠤᠰᠤᠳᠠᠨ ᠤ ᠦᠭᠡ ᠭᠡᠯᠡ ᠦᠰᠤᠭ᠌ ᠪᠢᠴᠢᠭ ᠤᠨ | ︽ᠰᠡᠳᠭᠢᠬᠦᠢ ᠶᠢᠨ ᠦᠭᠡ ᠬᠡᠯᠡ︾ ᠳᠤ ᠨᠦᠯᠤᠭᠡ ᠤᠴᠠᠷᠠᠭᠤᠯᠬᠤ ᠤᠤ︖ | ᠬᠠᠷᠢᠭᠤᠯᠳᠠ᠄ ︽ᠰᠡᠳᠭᠢᠬᠦᠢ ᠶᠢᠨ ᠦᠭᠡ ᠬᠡᠯᠡ︾ ᠪᠤᠯ ᠡᠷᠳᠡᠮ ᠰᠢᠨᠵᠢᠯᠡᠭᠡᠨ ᠤ ᠬᠦᠷᠢᠶᠡᠨ ᠳᠠᠬᠢ ᠠᠰᠠᠭᠤᠳᠠᠯ ᠪᠤᠯᠤᠨ᠎ᠠ᠃ ᠪᠠᠭ᠎ᠠ ᠰᠤᠷᠭᠠᠭᠤᠯᠢ ᠶᠢᠨ | ᠳᠤᠤᠷ᠎ᠠ ᠤᠨ ᠳᠤ ᠬᠠᠮᠳᠣ ᠳᠤᠨᠢ ᠬᠤᠶᠠᠷ ᠵᠦᠢᠯ ᠤᠨ ᠦᠭᠡ ᠭᠡᠯᠡ ᠦᠰᠤᠭ᠌ ᠪᠢᠴᠢᠭ ᠤᠨ ᠭᠢᠴᠢᠶᠠᠯ ᠨᠡᠭᠡᠭᠡᠬᠦ ᠨᠢ᠂ ᠡᠨᠡᠬᠦ ᠤᠨᠴᠠᠭᠠᠢ ᠨᠠᠰᠤᠨ ᠤ ᠱᠠᠳᠤ ᠦᠶ᠎ᠠ ᠶᠢᠨ | ᠭᠡᠤᠭᠡᠳ ᠤᠨ ᠦᠭᠡ ᠭᠡᠯᠡ ᠰᠤᠷᠤᠯᠴᠠᠬᠤ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠦᠷ᠎ᠠ ᠪᠦᠳᠤᠮᠵᠢ ᠨᠢ ᠮᠠᠰᠢ ᠢᠯᠠᠷᠬᠡᠢ ᠪᠠᠶᠢᠭ᠎ᠠ ᠶᠢ ᠮᠠᠨ ᠤ ᠤᠷᠤᠨ ᠤ ᠤᠯᠠᠨ | ᠵᠢᠯ ᠤᠨ ᠳᠤᠷᠰᠢ ᠪᠠᠷᠢᠮᠳᠠᠯᠠᠨ ᠬᠡᠷᠡᠭᠵᠢᠭᠦᠯᠦᠭᠰᠡᠨ ᠬᠤᠤᠰ ᠭᠡᠯᠡᠨ ᠤ ᠵᠢᠭᠠᠨ ᠰᠤᠷᠭᠠᠯᠳᠠ ᠶᠢᠨ ᠦᠢᠯᠡᠳᠤᠯᠭᠡ ᠭᠡᠷᠡᠴᠢᠯᠡᠵᠦ ᠪᠠᠶᠢᠨ᠎ᠠ᠃ ᠳᠤᠰ ᠦᠨᠳᠤᠰᠤᠳᠡᠨ ᠤ ᠦᠭᠡ | ᠭᠡᠯᠡ ᠦᠰᠤᠭ᠌ ᠪᠢᠴᠢᠭ ᠲᠤ ᠨᠦᠯᠤᠭᠡ ᠤᠴᠠᠷᠠᠭᠤᠯᠤᠭᠰᠠᠨ ᠦᠭᠡᠢ ᠮᠦᠷᠳᠡᠭᠡᠨ ᠰᠤᠷᠤᠭᠴᠢ ᠶᠢᠨ ᠬᠤᠪᠢ ᠬᠦᠮᠤᠨ ᠤ ᠦᠰᠤᠨ ᠪᠦᠢᠵᠢᠯᠳᠠ᠂ ᠦᠨᠳᠤᠰᠤᠳᠡᠨ ᠤ | ᠰᠤᠶᠤᠯ ᠢ ᠤᠯᠠᠮᠵᠢᠯᠠᠨ ᠵᠠᠯᠭᠠᠮᠵᠢᠯᠠᠬᠤ ᠪᠠ ᠤᠯᠤᠰ ᠤᠨ ᠳᠣᠬᠠᠢ ᠮᠡᠳᠡᠷᠡᠭᠦᠢ ᠳᠤ ᠨᠠᠵᠠᠭᠠᠢ ᠨᠦᠯᠤᠭᠡ ᠠᠪᠴᠢᠷᠠᠭᠰᠠᠨ ᠦᠭᠡᠢ᠃ | 18. ᠠᠰᠠᠭᠤᠯᠳᠠ᠄ ᠰᠤᠷᠤᠭᠴᠢᠳ ᠤᠨᠴᠠᠭᠠᠶᠢᠯᠠᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠤᠭ᠌ | ᠪᠢᠴᠢᠭ᠂ ᠴᠦᠭᠡᠨ ᠳᠤᠭᠠᠳᠤ ᠦᠨᠳᠤᠰᠤᠳᠡᠨ ᠤ ᠦᠭᠡ ᠭᠡᠯᠡ ᠦᠰᠤᠭ᠌ ᠪᠢᠴᠢᠭ᠂ ᠠᠩᠭ᠍ᠯᠢ ᠭᠡᠯᠡ ᠵᠡᠷᠭᠡ ᠭᠤᠷᠪᠠᠨ ᠵᠦᠢᠯ ᠤᠨ ᠦᠭᠡ ᠭᠡᠯᠡ ᠦᠰᠤᠭ᠌ ᠪᠢᠴᠢᠭ ᠢ | ᠰᠤᠷᠤᠯᠴᠠᠬᠤ ᠠᠰᠠᠭᠤᠳᠠᠯ ᠳᠣᠯᠭᠠᠷᠠᠵᠣ ᠪᠠᠶᠢᠨ᠎ᠠ᠂ ᠡᠭᠦᠨ ᠳᠤ ᠤᠯᠤᠰ ᠤᠨ ᠨᠠᠶᠢᠳᠠᠮ ᠭᠡᠷᠡᠭᠯᠡᠬᠦ ᠦᠭᠡ ᠭᠡᠯᠡ ᠦᠰᠤᠭ᠌ ᠪᠢᠴᠢᠭ ᠪᠤᠯᠤᠨ ᠠᠩᠭ᠍ᠯᠢ ᠭᠡᠯᠡ ᠵᠡᠷᠭᠡ ᠬᠤᠶᠠᠷ | ᠵᠦᠢᠯ ᠤᠨ ᠦᠭᠡ ᠭᠡᠯᠡ ᠦᠰᠤᠭ᠌ ᠪᠢᠴᠢᠭ ᠢ ᠡᠬᠢᠨ ᠠᠴᠠ ᠨᠢ ᠰᠤᠷᠤᠯᠴᠠᠬᠤ ᠪᠣᠯᠣᠨ᠎ᠠ᠂ ᠡᠨᠡ ᠨᠢ ᠰᠤᠷᠤᠭᠴᠢ ᠶᠢᠨ ᠳᠠᠷᠤᠭᠠᠰᠤ ᠶᠢ ᠬᠦᠨᠳᠤᠷᠠᠬᠦᠯᠬᠦ ᠦᠭᠡᠢ ᠤᠤ︖ | ᠬᠠᠷᠢᠭᠤᠯᠳᠠ᠄ ᠦᠨᠳᠤᠰᠤᠳᠡᠨ ᠤ ᠰᠣᠷᠭᠠᠭᠤᠯᠢ ᠶᠢᠨ ᠪᠠᠭ᠎ᠠ ᠰᠤᠷᠭᠠᠭᠤᠯᠢ ᠶᠢᠨ ᠱᠠᠳᠤᠨ ᠳᠤ ᠮᠤᠩᠭᠤᠯ᠂ ᠭᠢᠳᠡᠳ᠂ ᠠᠩᠭ᠍ᠯᠢ ᠭᠤᠷᠪᠠᠨ ᠵᠦᠢᠯ ᠤᠨ ᠦᠭᠡ | ᠭᠡᠯᠡ ᠶᠢ ᠰᠤᠷᠤᠯᠴᠠᠬᠤ ᠶᠢ ᠨᠢᠭᠡᠨᠳᠠ ᠤᠯᠠᠨ ᠵᠢᠯ ᠪᠠᠷᠢᠮᠳᠠᠯᠠᠵᠣ ᠪᠣᠢ᠃ ᠡᠨᠡ ᠵᠢᠯ ᠤᠨ ᠠᠳᠠᠯᠢ ᠦᠭᠡᠢ ᠵᠦᠢᠯ ᠨᠢ ᠤᠤᠯ ᠤᠨ ᠪᠠᠭ᠎ᠠ ᠰᠤᠷᠭᠠᠭᠤᠯᠢ ᠶᠢᠨ ᠬᠤᠶᠠᠳᠤᠭᠠᠷ | ᠤᠨ ᠠᠴᠠ ᠰᠤᠷᠤᠯᠴᠠᠵᠤ ᠪᠠᠶᠢᠭᠰᠠᠨ ︽ᠭᠢᠳᠡᠳ ᠭᠡᠯᠡ︾ ᠶᠢᠨ ᠭᠢᠴᠢᠶᠠᠯ ᠢ ᠬᠤᠪᠢᠷᠠᠭᠤᠯᠣᠭᠠᠳ ᠨᠢᠭᠡᠳᠤᠭᠡᠷ ᠤᠨ ᠠᠴᠠ ᠤᠯᠤᠰ ᠤᠨ ᠨᠢᠭᠡᠳᠤᠯᠳᠠᠢ | ᠨᠠᠶᠢᠷᠠᠭᠤᠯᠤᠭᠰᠠᠨ ︽ᠭᠡᠯᠡ ᠪᠢᠴᠢᠭ︾ ᠤᠨ ᠭᠢᠴᠢᠶᠠᠯ ᠢ ᠨᠡᠭᠡᠭᠡᠬᠦ ᠪᠤᠯᠤᠭᠰᠠᠨ ᠶᠤᠮ᠃ ᠪᠠᠭ᠎ᠠ ᠰᠤᠷᠭᠠᠭᠤᠯᠢ ᠶᠢᠨ ᠱᠠᠳᠤ ᠪᠤᠯ ᠭᠡᠤᠭᠡᠳ ᠪᠠᠭᠠᠴᠤᠳ ᠤᠨ ᠦᠭᠡ ᠭᠡᠯᠡ | ᠰᠤᠷᠤᠯᠴᠠᠬᠤ ᠳᠠᠪᠠᠭᠤᠯᠢᠭ ᠱᠠᠳᠤ ᠦᠶ᠎ᠠ ᠪᠣᠯᠣᠨ᠎ᠠ᠂ ᠡᠨᠡᠬᠦ ᠱᠠᠳᠤ ᠦᠶ᠎ᠠ ᠳᠤ ᠮᠤᠩᠭᠤᠯ ᠭᠡᠯᠡ ᠶᠢ ᠰᠤᠷᠤᠯᠴᠠᠬᠤ ᠳᠤᠮᠳᠠ ᠤᠯᠤᠭᠰᠠᠨ ᠳᠤᠷ᠎ᠠ ᠰᠤᠨᠢᠷᠬᠠᠯ᠂ ᠤᠪᠤᠷ | ᠪᠤᠯᠤᠨ ᠴᠢᠳᠠᠪᠤᠷᠢ ᠪᠠᠨ ᠠᠰᠢᠬᠯᠠᠨ ᠤᠯᠤᠰ ᠤᠨ ᠨᠠᠶᠢᠳᠠᠮ ᠭᠡᠷᠡᠭᠯᠡᠬᠦ ᠦᠭᠡ ᠭᠡᠯᠡ ᠦᠰᠤᠭ᠌ ᠪᠢᠴᠢᠭ ᠪᠤᠯᠤᠨ ᠭᠠᠳᠠᠭᠠᠳᠤ ᠭᠡᠯᠡ ᠶᠢ ᠰᠤᠷᠤᠯᠴᠠᠬᠤ ᠨᠢ ᠰᠤᠷᠤᠭᠴᠢ ᠶᠢᠨ | ᠳᠠᠨᠢᠨ ᠮᠡᠳᠡᠬᠦᠢ ᠪᠠ ᠦᠭᠡ ᠭᠡᠯᠡᠨ ᠤ ᠤᠬᠠᠮᠰᠠᠷ ᠤᠨ ᠬᠦᠭᠵᠢᠯᠳᠡ ᠳᠤ ᠢᠳᠡᠪᠭᠢᠳᠠᠢ ᠨᠦᠯᠤᠭᠡ ᠠᠪᠴᠢᠷᠠᠬᠤ ᠶᠢ ᠪᠤᠳᠠᠳᠤ ᠶᠠᠪᠣᠳᠠᠯ ᠭᠡᠷᠡᠴᠢᠯᠡᠵᠤ ᠪᠠᠶᠢᠨ᠎ᠠ᠃ | ᠡᠶᠢᠮᠤ ᠠᠴᠠ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠶᠢ ᠰᠠᠶᠢᠳᠤᠷ ᠰᠤᠷᠤᠯᠴᠠᠪᠠᠯ ᠪᠦᠬᠦ ᠤᠯᠤᠰ ᠲᠤ ᠬᠠᠨᠳᠤᠵᠣ᠂ ᠭᠠᠳᠠᠭᠠᠳᠤ ᠭᠡᠯᠡ ᠶᠢ ᠰᠠᠶᠢᠳᠤᠷ | ᠰᠤᠷᠤᠯᠴᠠᠪᠠᠯ ᠳᠡᠯᠡᠭᠡᠢ ᠳᠤ ᠬᠠᠨᠳᠤᠵᠣ ᠪᠣᠯᠬᠤ ᠨᠢ ᠨᠢᠭᠡᠨᠳᠡ ᠨᠡᠶᠢᠭᠡᠮ ᠨᠡᠶᠢᠳᠡ ᠶᠢᠨ ᠦᠷᠭᠡᠨ ᠳᠡᠯᠭᠡᠷ ᠬᠠᠮᠳᠤ ᠶᠢᠨ ᠳᠠᠨᠢᠯᠳᠠ ᠪᠣᠯᠪᠠ᠃ | 19. ᠠᠰᠠᠭᠤᠯᠲᠠ᠄ ᠴᠦᠬᠡᠨ ᠲᠤᠭᠠᠲᠦ ᠦᠨᠳᠤᠰᠤᠲᠡᠨ ᠤ ᠰᠤᠷᠤᠭᠴᠢᠳ ᠤᠨ ︽ᠬᠡᠯᠡ ᠪᠢᠴᠢᠭ︾ ᠤᠨ ᠰᠢᠯᠭᠠᠯᠲᠠ ᠶᠢᠨ ᠰᠡᠳᠦᠪ ᠨᠢ ᠬᠦᠬᠡ ᠪᠠ | ᠬᠦᠬᠡᠭᠴᠢᠨ ᠤ ᠠᠯᠢ ᠳᠤᠨᠢ ᠬᠠᠷᠢᠶᠠᠯᠠᠭᠳᠠᠬᠤ ᠪᠣᠢ︖ ᠬᠤᠵᠢᠮ ᠬᠦᠬᠡ ᠪᠤᠶᠤ ᠬᠦᠬᠡᠭᠴᠢᠨ ᠰᠢᠯᠭᠠᠯᠲᠠ ᠶᠢᠨ ᠰᠡᠳᠦᠪ ᠢ ᠬᠦᠴᠦᠨ ᠦᠭᠡᠢ ᠪᠤᠯᠭᠠᠬᠤ ᠤᠤ︖ | ᠬᠠᠷᠢᠭᠤᠯᠲᠠ᠄ ᠤᠳᠤ ᠶᠢᠨ ᠬᠡᠷᠡᠭᠵᠢᠭᠦᠯᠵᠦ ᠪᠠᠶᠢᠭ᠎ᠠ ᠲᠦᠷᠦ ᠶᠢᠨ ᠪᠤᠳᠤᠯᠭ᠎ᠠ ᠶᠢᠨ ᠶᠤᠰᠤᠭᠠᠷ ᠪᠤᠯ᠂ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠰᠤᠷᠤᠭᠴᠢᠳ | ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠳᠠ ᠳᠤ ᠣᠷᠣᠯᠴᠠᠬᠤ ᠦᠶ᠎ᠡ ᠳᠤ ︽ᠮᠤᠩᠭᠤᠯ ᠬᠡᠯᠡ ᠪᠢᠴᠢᠭ︾ ᠤᠨ | ᠬᠦᠬᠡ ᠰᠡᠳᠦᠪ ᠢ ᠬᠡᠷᠡᠭᠯᠡᠵᠦ᠂ ᠮᠤᠩᠭᠤᠯ ᠬᠡᠯᠡ ᠨᠡᠮᠡᠵᠦ ᠰᠤᠷᠴᠦ ᠪᠠᠶᠢᠭ᠎ᠠ ᠰᠤᠷᠤᠭᠴᠢᠳ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ | ᠨᠢᠭᠡᠳᠦᠯᠳᠡᠢ ᠰᠢᠯᠭᠠᠯᠳᠠ ᠳᠤ ᠣᠷᠣᠯᠴᠠᠬᠤ ᠦᠶ᠎ᠡ ᠳᠤ ︽ᠮᠤᠩᠭᠤᠯ ᠬᠡᠯᠡ ᠪᠢᠴᠢᠭ︾ ᠤᠨ ᠬᠦᠬᠡᠭᠴᠢᠨ ᠰᠡᠳᠦᠪ ᠢ ᠬᠡᠷᠡᠭᠯᠡᠵᠦ ᠪᠣᠢ᠂ ᠬᠤᠵᠢᠮ ︽ᠶᠠᠭᠤ ᠶᠢ | ᠰᠤᠷᠤᠭᠰᠠᠨ ᠪᠤᠯ ᠶᠠᠭᠤ ᠶᠢ ᠰᠢᠯᠭᠠᠬᠤ︾ ᠲᠦᠷᠦ ᠶᠢᠨ ᠪᠤᠳᠤᠯᠭ᠎ᠠ ᠬᠤᠪᠢᠷᠠᠬᠤ ᠦᠭᠡᠢ᠃ | 20. ᠠᠰᠠᠭᠤᠯᠲᠠ᠄ ᠴᠦᠬᠡᠨ ᠲᠤᠭᠠᠲᠦ ᠦᠨᠳᠦᠰᠦᠲᠡᠨ ᠤ ᠰᠤᠷᠤᠭᠴᠢᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ | ᠰᠤᠷᠤᠯᠴᠠᠵᠤ᠂ ᠰᠡᠳᠦᠪ ᠬᠠᠷᠢᠭᠤᠯᠪᠠᠯ᠂ ᠰᠢᠯᠭᠠᠬᠤ ᠪᠤᠶᠤ ᠰᠤᠷᠭᠠᠭᠤᠯᠢ ᠲᠠᠪᠰᠢᠬᠤ ᠦᠶ᠎ᠡ ᠳᠤ ︽ᠬᠤᠨᠵᠢᠭᠳᠠᠨᠠ︾ ᠭᠡᠵᠦ ᠵᠠᠷᠢᠮ ᠬᠦᠮᠦᠨ ᠦᠵᠡᠵᠦ ᠪᠤᠢ᠂ | ᠦᠨᠡᠭᠡᠷ ᠡᠶᠢᠮᠦ ᠤᠤ︖ | ᠬᠠᠷᠢᠭᠤᠯᠲᠠ᠄ ᠤᠳᠤᠬᠠᠨ ᠳᠤ ᠤᠯᠤᠰ ᠠᠴᠠ ᠶᠠᠭ ᠶᠡᠭᠡ ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠳᠤ | ᠦᠭᠡᠷᠡᠴᠢᠯᠡᠯᠲᠡ ᠬᠢᠵᠦ ᠪᠠᠶᠢᠨ᠎ᠠ᠂ ᠲᠠᠬᠢᠭᠠᠳ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠦᠭᠡᠢ᠂ ᠶᠡᠭᠡ | ᠲᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠳᠤ ᠶᠡᠷᠦ ᠳᠡᠭᠡᠨ ︽3+3︾ ᠶᠢᠨ ᠵᠠᠭᠪᠤᠷ ᠢ ᠬᠡᠷᠡᠭᠵᠢᠭᠦᠯᠦᠨ᠎ᠡ᠂ | ᠲᠤᠬᠠᠶᠢᠯᠠᠪᠠᠯ᠄ ᠬᠡᠯᠡ ᠪᠢᠴᠢᠭ ︵ᠨᠢᠭᠡᠲᠦᠯᠲᠠᠢ ᠨᠠᠶᠢᠷᠠᠭᠤᠯᠤᠭᠰᠠᠨ ᠬᠡᠯᠡ ᠪᠢᠴᠢᠭ ᠪᠠ ᠮᠤᠩᠭᠤᠯ ᠬᠡᠯᠡ ᠪᠢᠴᠢᠭ︶᠂ ᠲᠤᠭᠠᠨ ᠤ ᠤᠬᠠᠭᠠᠨ᠂ ᠭᠠᠳᠠᠭᠠᠳᠤ ᠬᠡᠯᠡ ᠶᠢ | ᠡᠷᠬᠡᠪᠰᠢ ᠰᠢᠯᠭᠠᠬᠤ ᠬᠢᠴᠢᠶᠡᠯ ᠲᠦᠷᠦᠯ ᠪᠤᠯᠭᠠᠨ᠎ᠠ᠂ ᠪᠤᠰᠤᠳ 3 ᠲᠦᠷᠦᠯ ᠤᠨ ᠬᠢᠴᠢᠶᠡᠯ ᠢ ᠰᠤᠷᠤᠭᠴᠢᠳ ᠰᠢᠯᠭᠠᠬᠤ ᠪᠠᠷ ᠮᠡᠳᠡᠭᠦᠯᠬᠦ ᠶᠡᠭᠡ ᠲᠡᠭᠡᠳᠦ | ᠰᠤᠷᠭᠠᠭᠤᠯᠢ ᠶᠢᠨ ᠢᠶᠠᠨ ᠱᠠᠭᠠᠷᠳᠠᠯᠭ᠎ᠠ ᠪᠠ ᠦᠪᠡᠷ ᠤᠨ ᠳᠠᠪᠠᠭᠤᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ ᠤᠯᠤᠰ ᠲᠦᠷᠦ᠂ ᠲᠡᠤᠬᠡ᠂ ᠭᠠᠵᠠᠷ ᠵᠦᠢ᠂ ᠹᠢᠽᠢᠺ᠂ | ᠬᠢᠮᠢ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠠᠴᠠ 3 ᠬᠢᠴᠢᠶᠡᠯ ᠲᠦᠷᠦᠯ ᠢ ᠪᠡᠶ᠎ᠡ ᠪᠠᠨ ᠲᠠᠭᠠᠭᠠᠨ ᠰᠤᠩᠭᠤᠵᠦ᠂ ᠶᠡᠭᠡ ᠲᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠪᠦᠬᠦ ᠣᠯᠣᠰ ᠤᠨ ᠨᠢᠭᠡᠳᠦᠯᠳᠡᠢ ᠰᠢᠯᠭᠠᠯᠲᠠ ᠶᠢᠨ ᠬᠢᠷᠢ ᠪᠦᠲᠦᠮᠵᠢ ᠳᠤᠨᠢ ᠪᠤᠳᠤᠵᠦ ᠤᠷᠤᠭᠤᠯᠤᠨ᠎ᠠ᠂ ᠡᠭᠦᠨ ᠳᠤ᠂ ᠦᠵᠡᠯ ᠰᠠᠨᠠᠭ᠎ᠠ ᠤᠯᠤᠰ ᠲᠦᠷᠦ᠂ | ᠲᠡᠤᠬᠡ ᠶᠢ ᠪᠤᠯ ︽ᠶᠠᠭᠤ ᠶᠢ ᠰᠤᠷᠤᠭᠰᠠᠨ ᠪᠤᠯ ᠶᠠᠭᠤ ᠪᠠᠨ ᠰᠢᠯᠭᠠᠬᠤ︾ ᠵᠠᠷᠴᠢᠮ ᠶᠤᠰᠤᠭᠠᠷ᠂ ᠬᠢᠲᠠᠳ ᠢᠶᠠᠷ ᠬᠢᠴᠢᠶᠡᠯᠯᠡᠭᠰᠡᠨ ᠰᠤᠷᠤᠭᠴᠢᠳ ᠤᠨ ᠨᠢᠭᠡᠲᠦᠯᠲᠠᠢ | ᠰᠢᠯᠭᠠᠯᠲᠠ ᠶᠢᠨ ᠰᠡᠳᠦᠪ ᠢ ᠬᠡᠷᠡᠭᠯᠡᠨ᠎ᠡ᠃ ᠤᠳᠤ ᠶᠢᠨ ᠬᠡᠷᠡᠭᠵᠢᠭᠦᠯᠵᠦ ᠪᠠᠶᠢᠭ᠎ᠠ ᠬᠤᠯᠪᠤᠭᠳᠠᠯ ᠪᠦᠬᠦᠢ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠶᠤᠰᠤᠭᠠᠷ᠂ | ᠦᠨᠳᠦᠰᠦᠲᠡᠨ ᠤ ᠰᠤᠷᠭᠠᠭᠤᠯᠢ ᠶᠢᠨ ᠰᠢᠯᠭᠠᠭᠤᠯᠤᠭᠰᠠᠳ ᠰᠣᠷᠭᠠᠭᠤᠯᠢ ᠳᠠᠪᠰᠢᠬᠤ ᠰᠢᠯᠭᠠᠯᠳᠠ ᠳᠤ ᠣᠷᠣᠯᠴᠠᠪᠠᠯ ᠮᠦᠨ ᠯᠡ ᠠᠰ ᠲᠤᠨᠢ ᠬᠤᠪᠢ ᠶᠢᠨ ᠱᠤᠭᠤᠮ | ᠲᠤᠭᠲᠠᠭᠠᠵᠦ᠂ ᠠᠰ ᠢᠶᠠᠷ ᠨᠢ ᠡᠯᠰᠡᠨ᠎ᠡ᠂ ᠴᠦᠬᠡᠨ ᠲᠤᠭᠠᠲᠦ ᠦᠨᠳᠦᠰᠦᠲᠡᠨ ᠤ ᠪᠤᠰᠤ ᠦᠭᠡ ᠬᠡᠯᠡ ᠪᠠᠷ ᠬᠢᠴᠢᠶᠡᠯᠯᠡᠭᠰᠡᠨ ᠰᠤᠷᠤᠭᠴᠢᠳ ᠲᠠᠢ ᠦᠷᠢᠰᠦᠯᠳᠦᠭᠦᠯᠬᠦ | ᠦᠭᠡᠢ ᠮᠦᠷᠲᠡᠭᠡᠨ ᠰᠤᠷᠤᠭᠴᠢ ᠡᠯᠰᠡᠬᠦ ᠬᠠᠷᠢᠴᠠᠯ ᠤᠨ ᠲᠤᠭᠲᠠᠭᠤᠨ ᠢ ᠪᠠᠲᠤᠯᠠᠵᠣ᠂ ᠰᠢᠯᠭᠠᠭᠤᠯᠤᠭᠰᠠᠳ ᠤᠨ ᠶᠡᠭᠡ ᠲᠡᠭᠡᠳᠦ ᠰᠤᠷᠭᠠᠭᠤᠯᠢ ᠳᠤ ᠲᠠᠪᠰᠢᠬᠤ | ᠬᠠᠷᠢᠴᠠᠯ ᠢ ᠨᠦᠯᠦᠭᠡᠯᠡᠬᠦ ᠦᠭᠡᠢ᠂ ᠬᠠᠮᠲᠤ ᠳᠤᠨᠢ ᠤᠯᠤᠰ ᠤᠨ ᠲᠦᠷᠦ ᠶᠢᠨ ᠪᠣᠳᠣᠯᠭ᠎ᠠ ᠶᠢᠨ ᠲᠡᠮᠵᠢᠯᠭᠡ ᠪᠠᠷ ᠲᠠᠮᠵᠢᠭᠤᠯᠵᠦ᠂ ᠰᠤᠷᠤᠭᠴᠢ ᠡᠯᠰᠡᠬᠦ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠰᠤᠷᠤᠭᠴᠢᠳ ᠤᠨ ᠰᠤᠷᠭᠠᠭᠤᠯᠢ ᠳᠤ ᠲᠠᠪᠰᠢᠨ ᠠᠵᠢᠯ ᠤᠯᠬᠤ ᠰᠤᠩᠭᠤᠯᠲᠠ ᠶᠢᠨ ᠤᠷᠤᠨ | ᠵᠠᠢ ᠶᠢ ᠨᠡᠩ ᠢᠯᠡᠭᠦᠦ ᠦᠷᠭᠡᠳᠭᠡᠬᠦ ᠪᠣᠯᠣᠨ᠎ᠡ᠃ | 21. ᠠᠰᠠᠭᠤᠯᠲᠠ᠄ ᠭᠤᠷᠪᠠᠨ ᠬᠢᠴᠢᠶᠡᠯ ᠲᠦᠷᠦᠯ ᠤᠨ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ | ᠴᠦᠬᠡᠨ ᠲᠤᠭᠠᠲᠦ ᠦᠨᠳᠦᠰᠦᠲᠡᠨ ᠤ ᠰᠤᠷᠤᠭᠴᠢᠳ ᠲᠤ ᠶᠠᠮᠠᠷ ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠪᠠᠶᠢᠬᠤ ᠪᠤᠢ︖ ᠲᠡᠳᠡᠨᠡᠷ ᠠᠯᠢ ᠠᠯᠢ ᠲᠠᠯ᠎ᠠ ᠪᠠᠷ | ᠪᠤᠳᠠᠳᠠᠢ ᠠᠰᠢᠭ ᠬᠦᠷᠲᠡᠬᠦ ᠪᠤᠢ︖ | ᠬᠠᠷᠢᠭᠤᠯᠲᠠ᠄ ᠭᠤᠷᠪᠠᠨ ᠬᠢᠴᠢᠶᠡᠯ ᠲᠦᠷᠦᠯ ᠤᠨ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠤᠯᠤᠰ | ᠪᠠ ᠦᠪᠡᠷᠲᠡᠭᠡᠨ ᠵᠠᠰᠠᠬᠤ ᠤᠷᠤᠨ ᠠᠴᠠ ᠴᠦᠬᠡᠨ ᠲᠤᠭᠠᠲᠦ ᠦᠨᠳᠦᠰᠦᠲᠡᠨ ᠤ ᠤᠯᠠᠨ ᠲᠦᠮᠡᠨ ᠤ ᠠᠬᠤᠢᠢᠴᠢ ᠬᠠᠯᠠᠮᠵᠢᠯᠠᠯ ᠢ ᠨᠡᠩ ᠢᠯᠡᠭᠦᠦ ᠬᠦᠨᠳᠦᠳᠭᠡᠨ | ᠦᠵᠡᠵᠦ᠂ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ᠂ ᠤᠳᠤ ᠶᠢᠨ ᠪᠠᠶᠢᠭ᠎ᠠ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠪᠠᠨ ᠬᠤᠪᠢᠷᠠᠭᠤᠯᠬᠤ | ᠦᠭᠡᠢ ᠪᠠᠶᠢᠬᠤ ᠶᠢᠨ ᠬᠠᠮᠲᠦ᠂ ᠲᠦᠷᠦ ᠶᠢᠨ ᠪᠤᠳᠤᠯᠭ᠎ᠠ ᠪᠠᠨ ᠦᠷᠬᠦᠯᠵᠢᠯᠡᠨ ᠲᠡᠭᠦᠯᠳᠡᠷᠵᠢᠭᠦᠯᠵᠦ᠂ ᠬᠠᠷᠠᠭᠠᠯᠵᠠᠬᠤ ᠡᠷᠴᠢᠮ ᠢᠶᠠᠨ ᠤᠯᠠᠮ ᠴᠢᠩᠭᠠᠷᠠᠭᠤᠯᠵᠣ᠂ ᠴᠦᠬᠡᠨ | ᠲᠤᠭᠠᠲᠦ ᠦᠨᠳᠦᠰᠦᠲᠡᠨ ᠤ ᠲᠡᠭᠡᠳᠦ ᠳᠡᠰ ᠤᠨ ᠴᠢᠳᠠᠪᠦᠷᠢᠲᠡᠨ ᠢ ᠬᠦᠮᠦᠵᠢᠭᠦᠯᠬᠦ ᠶᠢ ᠨᠡᠩ ᠲᠦᠷᠭᠡᠳᠭᠡᠵᠦ᠂ ᠴᠦᠬᠡᠨ ᠲᠤᠭᠠᠲᠦ ᠦᠨᠳᠦᠰᠦᠲᠡᠨ ᠤ ᠰᠢᠯᠢᠳᠡᠭ | ᠰᠤᠶᠤᠯ ᠢ ᠤᠯᠠᠮᠵᠢᠯᠠᠨ ᠵᠠᠯᠭᠠᠮᠵᠢᠯᠠᠬᠤ ᠳᠤ ᠦᠢᠯᠡᠴᠢᠯᠡᠭᠦᠯᠵᠦ᠂ ᠨᠡᠩ ᠣᠯᠠᠨ ᠴᠦᠬᠡᠨ ᠲᠤᠭᠠᠲᠦ ᠦᠨᠳᠦᠰᠦᠲᠡᠨ ᠤ ᠰᠤᠷᠤᠭᠴᠢᠳ ᠤᠨ ᠰᠤᠷᠭᠠᠨ ᠬᠦᠮᠦᠵᠢᠯ | ᠬᠦᠷᠲᠡᠬᠦ᠂ ᠠᠵᠢᠯ ᠤᠯᠵᠦ ᠦᠢᠯᠡᠰ ᠪᠤᠰᠬᠠᠬᠤ ᠵᠡᠷᠭᠡ ᠲᠠᠯ᠎ᠠ ᠪᠠᠷ ᠠᠰᠢᠭ ᠬᠦᠷᠲᠡᠭᠡᠬᠦ ᠪᠣᠯᠣᠨ᠎ᠡ᠃ | 22. ᠠᠰᠠᠭᠤᠯᠳᠠ᠄ ᠭᠡᠷ ᠤᠨ ᠠᠬᠠᠮᠠᠳ᠂ ᠪᠠᠭᠰᠢ ᠨᠠᠷ ᠶᠠᠮᠠᠷ ᠶᠠᠮᠠᠷ ᠪᠤᠳᠠᠳᠠᠢ ᠪᠡᠯᠡᠳᠭᠡᠯ ᠠᠵᠢᠯ ᠭᠢᠵᠤ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠳᠤ ᠵᠤᠬᠢᠴᠠᠬᠤ ᠪᠤᠢ︖ | ᠬᠠᠷᠢᠭᠤᠯᠳᠠ᠄ ᠭᠡᠷ ᠤᠨ ᠠᠬᠠᠮᠠᠳ ᠪᠤᠯ ᠭᠡᠤᠭᠡᠳ ᠤᠨ ᠠᠩᠬᠠᠨ ᠤ ᠪᠠᠭᠰᠢ ᠮᠥᠨ᠂ ᠪᠠᠰᠠᠴᠤ ᠭᠡᠤᠭᠡᠳ ᠤᠨ ᠦᠨᠢᠳᠠ ᠶᠢᠨ ᠳᠠᠭᠤᠷᠢᠶᠠᠯ ᠪᠤᠯᠤᠨ᠎ᠠ᠃ ᠭᠡᠷ ᠤᠨ | ᠠᠬᠠᠮᠠᠳ ᠨᠢᠭᠡᠪᠤᠷᠢ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤᠬᠠᠢ ᠳᠦᠷᠤ ᠶᠢᠨ ᠪᠤᠳᠤᠯᠭ᠎ᠠ ᠶᠢᠨ ᠲᠠᠶᠢᠯᠣᠮᠵᠢ ᠶᠢ ᠭᠢᠨᠠᠮᠠᠭᠠᠢ | ᠰᠤᠷᠤᠯᠴᠠᠬᠤ ᠭᠡᠷᠡᠭᠳᠡᠢ᠃ ᠤᠳᠤ ᠶᠢᠨ ᠪᠤᠳᠠᠳᠠᠢ ᠠᠴᠠ ᠡᠬᠦᠰᠬᠦ ᠮᠦᠷᠳᠡᠭᠡᠨ ᠠᠯᠤᠰ ᠢᠷᠡᠭᠡᠳᠦᠢ ᠳᠤ ᠬᠠᠨᠳᠣᠵᠣ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠶᠢ | ᠰᠤᠷᠤᠯᠴᠠᠬᠤ ᠶᠢᠨ ᠰᠤᠷᠤᠭᠴᠢ ᠶᠢᠨ ᠬᠤᠪᠢ ᠬᠦᠮᠦᠨ ᠤ ᠬᠦᠭᠵᠢᠯᠳᠡ᠂ ᠢᠷᠡᠭᠡᠳᠤᠢ ᠳᠤ ᠠᠵᠢᠯ ᠤᠯᠬᠤ ᠪᠠ ᠨᠠᠶᠢᠭᠡᠮ ᠳᠤ ᠠᠭᠤᠰᠬᠤ ᠳᠠᠬᠢ ᠢᠳᠡᠪᠭᠢᠳᠡᠢ | ᠦᠢᠯᠡᠳᠤᠯ ᠢ ᠬᠦᠢᠴᠡᠳ ᠳᠠᠨᠢᠬᠤ ᠭᠡᠷᠡᠭᠳᠡᠢ᠃ ᠰᠤᠷᠭᠠᠭᠤᠯᠢ ᠪᠠ ᠪᠠᠭᠰᠢ ᠨᠠᠷ ᠲᠠᠢ ᠢᠳᠡᠪᠭᠢᠳᠡᠢ ᠬᠠᠮᠵᠢᠯᠴᠠᠨ ᠭᠡᠤᠭᠡᠳ ᠢᠶᠠᠨ ᠬᠠᠤᠯᠢ ᠶᠤᠰᠤᠭᠠᠷ ᠰᠤᠷᠭᠠᠭᠤᠯᠢ ᠳᠤ | ᠤᠷᠤᠭᠤᠯᠵᠤ᠂ ᠬᠦᠮᠤᠵᠢᠭᠦᠯᠵᠦ ᠬᠠᠮᠢᠶᠠᠷᠬᠤ ᠪᠠ ᠰᠤᠷᠭᠠᠨ ᠬᠦᠮᠦᠵᠢᠭᠦᠯᠵᠦ ᠵᠢᠭᠠᠨ ᠰᠤᠷᠭᠠᠬᠤ ᠠᠵᠢᠯ ᠢ ᠰᠠᠶᠢᠳᠣᠷ ᠬᠢᠬᠦ ᠭᠡᠷᠡᠭᠳᠡᠢ᠂ ᠰᠤᠷᠭᠠᠭᠤᠯᠢ ᠶᠢ ᠬᠠᠮᠵᠢᠨ | ᠭᠡᠤᠭᠡᠳ ᠤᠨ ᠢᠶᠠᠨ ᠰᠡᠳᠭᠢᠴᠠ ᠶᠢ ᠵᠢᠯᠤᠭᠤᠳᠬᠤ ᠪᠠ ᠤᠷᠮ᠎ᠠ ᠰᠡᠳᠭᠢᠯᠭᠡ ᠶᠢ ᠬᠠᠮᠢᠶᠠᠷᠬᠤ ᠠᠵᠢᠯ ᠢ ᠰᠡᠶᠢᠳᠤᠷ ᠭᠢᠵᠤ᠂ ᠭᠡᠤᠭᠡᠳ ᠢᠶᠠᠨ ᠬᠠᠪᠰᠤᠷᠴᠤ ᠦᠪᠡᠷ ᠢ ᠪᠠᠨ | ᠢᠳᠡᠭᠡᠬᠦ ᠰᠡᠳᠭᠢᠯᠭᠡ ᠲᠠᠢ ᠪᠤᠯᠭᠠᠵᠤ᠂ ᠰᠠᠶᠢᠨ ᠰᠠᠶᠢᠬᠠᠨ ᠰᠤᠷᠤᠯᠴᠠᠬᠤ ᠳᠠᠳᠬᠠᠯ ᠲᠠᠢ ᠪᠤᠯᠭᠠᠬᠤ ᠭᠡᠷᠡᠭᠳᠡᠢ᠃ ᠭᠡᠤᠭᠡᠳ ᠤᠨ ᠢᠶᠠᠨ ᠤᠯᠤᠰ ᠤᠨ ᠨᠡᠶᠢᠳᠡᠮ ᠬᠡᠷᠡᠭᠯᠡᠬᠦ | ᠦᠭᠡ ᠭᠡᠯᠡ ᠦᠰᠤᠭ᠌ ᠪᠢᠴᠢᠭ ᠢ ᠰᠤᠷᠤᠯᠴᠠᠬᠤ ᠳᠤᠷ᠎ᠠ ᠪᠠᠬ᠎ᠠ ᠶᠢ ᠬᠦᠮᠤᠵᠢᠬᠦᠯᠬᠦ ᠶᠢ ᠠᠩᠬᠠᠷᠣᠨ ᠴᠢᠬᠤᠯᠠᠴᠢᠯᠠᠵᠤ᠂ ᠠᠭᠤᠵᠢᠭᠤ ᠳᠠᠯᠪᠢᠭᠤ ᠡᠶ᠎ᠡ ᠵᠣᠬᠢᠴᠠᠩᠭᠤᠢ | ᠦᠭᠡ ᠭᠡᠯᠡᠨ ᠤ ᠤᠷᠴᠢᠨ ᠳᠤᠭᠤᠷᠢᠨ ᠢ ᠢᠳᠡᠪᠭᠢᠳᠡᠢ ᠡᠬᠦᠳᠴᠤ᠂ ᠭᠡᠤᠭᠡᠳ ᠤᠨ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠤᠭ᠌ ᠪᠢᠴᠢᠭ ᠤᠨ | ᠭᠡᠤᠭᠡᠯᠳᠡᠢ ᠵᠦᠴᠤᠭᠡ ᠪᠠ ᠸᠢᠳᠢᠣ᠋ ᠰᠤᠷᠭᠠᠨ ᠬᠦᠮᠤᠵᠢᠯ ᠤᠨ ᠡᠭᠢ ᠪᠠᠶᠠᠯᠢᠭ ᠵᠡᠷᠭᠡ ᠶᠢ ᠰᠣᠨᠢᠷᠬᠠᠬᠤ ᠶᠢ ᠳᠠᠮᠵᠢᠬᠦ ᠭᠡᠷᠡᠭᠳᠡᠢ︔ ᠭᠡᠤᠭᠡᠳ ᠤᠨ ᠢᠶᠠᠨ ᠭᠢᠴᠢᠶᠠᠯ ᠤᠨ | ᠭᠠᠳᠠᠨᠠᠭᠢ ᠤᠩᠰᠢᠯᠭ᠎ᠠ ᠶᠢ ᠵᠤᠷᠢᠭᠵᠢᠭᠤᠯᠵᠤ᠂ ᠭᠡᠤᠭᠡᠳ ᠤᠨ ᠠᠮᠢᠳᠤᠷᠠᠯ ᠤᠨ ᠦᠩᠭᠡᠷᠡᠯᠳᠡ᠂ ᠡᠶ᠎ᠡ ᠵᠣᠬᠢᠴᠠᠩᠭᠤᠢ ᠤᠷᠴᠢᠨ ᠳᠤᠭᠤᠷᠢᠨ ᠪᠠ ᠨᠠᠭᠠᠳᠤᠮ | ᠳᠤᠭᠯᠠᠭᠠᠮ ᠤᠨ ᠠᠵᠢᠯᠯᠠᠭ᠎ᠠ ᠳᠤᠮᠳᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠤᠭ᠌ ᠪᠢᠴᠢᠭ ᠤᠨ ᠳᠦᠪᠰᠢᠨ ᠪᠠ ᠤᠯᠤᠰ ᠤᠨ ᠨᠡᠶᠢᠳᠡᠮ ᠬᠡᠷᠡᠭᠯᠡᠬᠦ ᠦᠭᠡ | ᠭᠡᠯᠡ ᠦᠰᠤᠭ᠌ ᠪᠢᠴᠢᠭ ᠢ ᠭᠡᠷᠡᠭᠯᠡᠨ ᠰᠤᠷᠤᠯᠴᠠᠬᠤ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠳᠡᠢ᠃ | ᠪᠠᠭᠰᠢ ᠪᠤᠯ ᠰᠤᠷᠤᠭᠴᠢ ᠶᠢᠨ ᠦᠰᠤᠨ ᠪᠦᠢᠵᠢᠯᠳᠡ ᠶᠢᠨ ᠵᠠᠮᠴᠢᠯᠠᠭᠴᠢ ᠮᠥᠨ᠃ ᠪᠠᠭᠰᠢ ᠨᠢᠭᠡᠪᠤᠷᠢ ᠶᠣᠰᠣ ᠰᠣᠷᠳᠠᠬᠤᠨ ᠢᠶᠠᠷ ᠬᠦᠮᠤᠨ ᠬᠦᠮᠤᠵᠢᠬᠦᠯᠬᠦ ᠣᠭ | ᠰᠠᠨᠠᠭ᠎ᠠ ᠪᠠᠨ ᠢᠮᠠᠭᠳᠠ ᠪᠠᠷᠢᠮᠳᠠᠯᠠᠵᠤ᠂ ᠨᠠᠮ ᠳᠤ ᠬᠦᠮᠤᠨ ᠬᠦᠮᠤᠵᠢᠬᠦᠯᠦᠨ ᠦᠭᠬᠦ᠂ ᠤᠯᠤᠰ ᠲᠤ ᠴᠢᠳᠠᠪᠤᠷᠢᠳᠠᠨ ᠬᠦᠮᠤᠵᠢᠬᠦᠯᠦᠨ ᠦᠭᠬᠦ ᠳᠡᠤᠭᠡᠳᠤ ᠡᠬᠦᠷᠭᠡ ᠪᠠᠨ | ᠪᠠᠳᠤ ᠴᠡᠭᠡᠵᠢᠯᠡᠬᠦ ᠭᠡᠷᠡᠭᠳᠡᠢ᠃ ᠨᠠᠮ ᠤᠨ ᠳᠦᠪ ᠬᠤᠷᠢᠶᠠᠨ ᠤ ᠰᠶᠢᠳᠪᠤᠷᠢᠳᠣ ᠪᠣᠳᠣᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠠᠵᠢᠯ ᠤᠨ | ᠪᠠᠶᠢᠷᠢᠯᠠᠭᠤᠯᠣᠯᠳᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠤᠯᠳᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ ᠠᠵᠢᠯ ᠢ ᠡᠷᠡᠰ ᠭᠤᠶᠢᠪᠢᠰᠢ | ᠦᠭᠡᠢ ᠠᠭᠢᠭᠤᠯᠵᠤ᠂ ᠭᠡᠷ ᠤᠨ ᠠᠬᠠᠮᠠᠳ ᠲᠤ ᠨᠠᠷᠢᠨ ᠭᠢᠨᠠᠮᠠᠭᠠᠢ ᠬᠦᠯᠢᠴᠡᠩᠬᠦᠢ ᠪᠠᠷ ︽ᠳᠠᠪᠤ ᠶᠢ ᠳᠤᠳᠤᠷᠬᠠᠢ ᠳᠠᠶᠢᠯᠪᠣᠷᠢᠯᠠᠨ ᠦᠭᠬᠦ︾᠂ ︽ᠭᠤᠷᠪᠠ ᠶᠢ | ᠬᠤᠪᠢᠷᠠᠭᠤᠯᠬᠤ ᠦᠭᠡᠢ︾ ᠳᠦᠷᠤ ᠶᠢᠨ ᠪᠤᠳᠤᠯᠭ᠎ᠠ ᠶᠢ ᠳᠠᠶᠢᠯᠪᠤᠷᠢᠯᠠᠨ ᠦᠭᠬᠦ ᠠᠵᠢᠯ ᠢ ᠰᠠᠶᠢᠳᠤᠷ ᠭᠢᠬᠦ ᠭᠡᠷᠡᠭᠳᠡᠢ᠃ ᠡᠬᠦᠨ ᠤ ᠬᠠᠮᠳᠤ ᠣᠳᠣ ᠶᠢᠨ | ᠪᠤᠳᠠᠳᠠᠢ ᠠᠴᠠ ᠪᠠᠨ ᠡᠬᠦᠰᠦᠨ᠂ ᠠᠯᠣᠰ ᠢᠷᠡᠭᠡᠳᠤᠢ ᠳᠤ ᠬᠠᠨᠳᠤᠵᠤ᠂ ᠢᠳᠡᠭᠡᠯ ᠵᠤᠷᠢᠭ ᠢᠶᠠᠨ ᠪᠠᠳᠣᠳᠬᠠᠨ ᠭᠢᠴᠢᠶᠠᠯ ᠨᠢᠭᠡᠪᠤᠷᠢ ᠶᠢ ᠰᠠᠶᠢᠳᠤᠷ ᠵᠢᠭᠠᠵᠤ᠂ ᠰᠤᠷᠤᠭᠴᠢ | ᠨᠢᠭᠡᠪᠤᠷᠢ ᠶᠢ ᠰᠠᠶᠢᠳᠤᠷ ᠬᠦᠮᠤᠵᠢᠬᠦᠯᠵᠤ᠂ ᠨᠢᠭᠡ ᠭᠡᠤᠭᠡᠳ ᠢ ᠴᠤ ᠡᠩᠨᠡᠭᠡ ᠠᠴᠠ ᠬᠤᠴᠤᠷᠤᠭᠤᠯᠬᠤ ᠦᠭᠡᠢ ᠪᠠᠶᠢᠬᠤ ᠶᠢ ᠦᠨᠡᠨᠬᠦ ᠪᠠᠳᠤᠯᠠᠬᠤ ᠭᠡᠷᠡᠭᠳᠡᠢ᠃ ᠠᠵᠢᠯ | ᠳᠤᠮᠳᠠ ᠪᠠᠨ ᠵᠢᠭᠠᠬᠤ ᠮᠠᠲ᠋ᠧᠷᠢᠶᠠᠯ ᠢᠶᠠᠨ ᠨᠠᠷᠢᠨ ᠭᠢᠨᠠᠮᠠᠭᠠᠢ ᠰᠤᠳᠤᠯᠵᠤ᠂ ᠭᠢᠴᠢᠶᠠᠯ ᠤᠨ ᠪᠠᠷᠢᠮᠵᠢᠶ᠎ᠠ ᠶᠢ ᠰᠤᠷᠤᠯᠴᠠᠵᠤ᠂ ᠵᠢᠭᠠᠬᠤ ᠠᠷᠭ᠎ᠠ ᠪᠠᠨ ᠰᠠᠶᠢᠵᠢᠷᠠᠭᠤᠯᠵᠣ᠂ | ᠰᠤᠷᠭᠠᠨ ᠬᠦᠮᠤᠵᠢᠭᠦᠯᠬᠦ ᠦᠢᠯᠠᠭᠠᠭᠳᠠᠬᠤᠨ ᠢᠶᠠᠨ ᠰᠢᠨᠡᠴᠢᠯᠡᠵᠤ᠂ ᠰᠤᠷᠤᠯᠴᠠᠯᠭ᠎ᠠ ᠶᠢᠨ ᠪᠠᠶᠢᠳᠠᠯ ᠢ ᠬᠦᠨᠵᠡᠭᠡᠢ ᠰᠤᠳᠤᠯᠵᠤ᠂ ᠭᠡᠷ ᠤᠨ ᠠᠬᠠᠮᠠᠳ ᠰᠤᠷᠭᠠᠭᠤᠯᠢ ᠶᠢᠨ | ᠬᠠᠮᠵᠢᠯᠴᠠᠭ᠎ᠠ ᠶᠢ ᠴᠢᠩᠭᠠᠳᠬᠠᠵᠤ᠂ ᠰᠢᠯᠢᠳᠡᠭ ᠪᠠᠭᠰᠢ ᠪᠤᠯᠬᠤ ᠪᠠᠷ ᠴᠢᠷᠮᠠᠶᠢᠵᠤ᠂ ᠰᠢᠯᠢᠳᠡᠭ ᠰᠤᠷᠤᠭᠴᠢ ᠶᠢ ᠬᠦᠮᠤᠵᠢᠬᠦᠯᠤᠨ᠂ ᠠᠷᠠᠳ ᠳᠦᠮᠠᠨ ᠤ ᠬᠦᠰᠡᠯ | ᠨᠠᠶᠢᠳᠠᠯᠭ᠎ᠠ ᠶᠢ ᠬᠦᠰᠡᠷᠳᠡᠬᠦᠯᠬᠦ ᠦᠭᠡᠢ ᠪᠠᠶᠢᠬᠤ ᠬᠡᠷᠡᠭᠳᠡᠢ᠃ | 23. ᠠᠰᠠᠭᠤᠯᠲᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠰᠤᠷᠤᠭᠴᠢᠳ ᠤᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠦᠷᠢ ᠲᠦᠪᠰᠢᠨ ᠲᠡᠭᠡᠭᠰᠢᠯᠡᠬᠦ ᠶᠢ ᠲᠠᠭᠠᠯᠳᠤᠨ᠂ ᠬᠤᠶᠢᠰᠢᠲᠡ ᠡᠨᠡᠬᠦ ᠭᠤᠷᠪᠠᠨ ᠬᠢᠴᠢᠶᠡᠯ | ᠲᠦᠷᠦᠯ ᠳᠤ ᠵᠦᠪᠬᠡᠨ ᠮᠤᠩᠭᠤᠯ ᠬᠢᠲᠠᠳ ᠬᠡᠯᠡᠨ ᠳᠤ ᠵᠡᠷᠭᠡ ᠪᠠᠷ ᠴᠠᠭᠠᠷᠠᠭᠰᠠᠨ ᠪᠠᠭᠰᠢ ᠶᠢ ᠯᠠ ᠤᠷᠢᠵᠦ ᠬᠡᠷᠡᠭᠯᠡᠬᠦ ᠤᠤ︖ ᠡᠰᠡᠬᠦᠯ᠎ᠡ ᠵᠦᠪᠬᠡᠨ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠵᠦ ᠴᠢᠳᠠᠬᠤ ᠪᠠᠭᠰᠢ ᠶᠢ ᠯᠠ ᠤᠷᠢᠵᠦ ᠬᠡᠷᠡᠭᠯᠡᠬᠦ ᠤᠤ︖ | ᠬᠠᠷᠢᠭᠤᠯᠲᠠ᠄ ᠪᠠᠭᠰᠢ ᠤᠷᠢᠵᠦ ᠬᠡᠷᠡᠭᠯᠡᠬᠦ ᠪᠤᠯ ᠤᠷᠤᠨ ᠨᠤᠲᠤᠭ ᠤᠨ ᠠᠵᠢᠯ ᠡᠷᠬᠡ ᠮᠦᠨ᠃ ᠤᠷᠤᠨ ᠨᠤᠲᠤᠭ ᠤᠨ ᠬᠤᠭᠤᠷᠤᠨᠳᠤᠬᠢ᠂ ᠬᠤᠲᠠ | ᠬᠦᠳᠡᠭᠡ ᠶᠢᠨ ᠬᠤᠭᠤᠷᠤᠨᠳᠤᠬᠢ ᠠᠵᠦ ᠠᠬᠤᠢ ᠨᠡᠶᠢᠭᠡᠮ ᠤᠨ ᠬᠦᠭᠵᠢᠯᠲᠡ᠂ ᠰᠤᠷᠭᠠᠨ ᠬᠦᠮᠦᠵᠢᠯ ᠤᠨ ᠬᠦᠭᠵᠢᠯᠲᠡ ᠶᠢᠨ ᠲᠦᠪᠰᠢᠨ ᠪᠠ ᠦᠭᠡ ᠬᠡᠯᠡᠨ ᠤ | ᠰᠠᠭᠤᠷᠢ ᠶᠢᠨ ᠤᠷᠴᠢᠨ ᠳᠣᠭᠤᠷᠢᠨ ᠳᠤ ᠵᠤᠬᠢᠬᠤ ᠵᠦᠷᠢᠶ᠎ᠠ ᠤᠷᠤᠰᠢᠵᠦ ᠪᠣᠢ᠂ ᠡᠯ᠎ᠡ ᠰᠤᠷᠭᠠᠭᠤᠯᠢ ᠶᠢᠨ ᠰᠤᠷᠤᠭᠴᠢ ᠶᠢᠨ ᠢᠷᠡᠯᠲᠡ ᠶᠢᠨ ᠪᠦᠲᠦᠴᠡ᠂ ᠵᠢᠭᠠᠨ | ᠰᠤᠷᠭᠠᠯᠲᠠ ᠶᠢᠨ ᠤᠨᠴᠠᠯᠢᠭ ᠤᠨ ᠲᠠᠯ᠎ᠠ ᠪᠠᠷ ᠪᠠᠭᠰᠢ ᠳᠤ ᠲᠠᠯᠪᠢᠬᠤ ᠵᠢᠭᠠᠨ ᠰᠤᠷᠭᠠᠬᠤ ᠴᠢᠳᠠᠪᠦᠷᠢ ᠶᠢᠨ ᠱᠠᠭᠠᠷᠳᠠᠯᠭ᠎ᠠ ᠨᠢ ᠴᠦ ᠪᠦᠷᠢᠮᠦᠰᠦᠨ ᠠᠳᠠᠯᠢ ᠪᠤᠰᠤ ᠪᠠᠶᠢᠳᠠᠭ | ᠃ ᠡᠶᠢᠮᠦ ᠠᠴᠠ᠂ ᠡᠯ᠎ᠡ ᠭᠠᠵᠠᠷ ᠤᠷᠤᠨ ᠤ ᠪᠠᠭᠰᠢ ᠤᠷᠢᠨ ᠬᠡᠷᠡᠭᠯᠡᠬᠦ ᠨᠦᠬᠦᠴᠡᠯ ᠨᠢ ᠴᠦ ᠵᠦᠷᠢᠶ᠎ᠡ ᠲᠠᠢ ᠶᠤᠮ᠃ ᠭᠡᠪᠡᠴᠦ ᠶᠡᠷᠦᠩᠬᠡᠢ ᠳᠤᠨᠢ ᠠᠪᠴᠦ ᠦᠵᠡᠪᠡᠯ᠂ | ᠮᠤᠩᠭᠤᠯ ᠬᠢᠲᠠᠳ ᠬᠡᠯᠡᠨ ᠳᠤ ᠵᠡᠷᠭᠡ ᠪᠠᠷ ᠴᠠᠭᠠᠷᠠᠭᠰᠠᠨ᠂ ᠦᠨᠳᠦᠷ ᠲᠦᠪᠰᠢᠨ ᠪᠦᠬᠦᠢ᠂ ᠲᠤᠰᠬᠠᠢ ᠮᠡᠷᠭᠡᠵᠢᠯ ᠤᠨ᠂ ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠪᠤᠯ | ᠰᠤᠷᠭᠠᠭᠤᠯᠢ ᠳᠤ ᠬᠠᠮᠤᠭ ᠠᠴᠠ ᠱᠠᠭᠠᠷᠳᠠᠭᠳᠠᠬᠤ ᠶᠤᠮ᠃ |