ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠠᠷᠪᠠᠨ  ᠵᠢᠷᠭᠤᠭ᠎ᠠ︶
ᠨᠡᠶᠢᠲᠡᠯᠡᠭᠰᠡᠨ ᠴᠠᠭ᠄
2020/9/29
ᠵᠢᠷᠭᠤᠲᠤᠭᠠᠷ ᠪᠦᠯᠦᠭ ᠲᠠᠸᠠᠷ ᠢ ᠬᠠᠳᠠᠭᠠᠯᠠᠨ ᠵᠦᠭᠡᠭᠡᠪᠦᠷᠢᠯᠡᠬᠦᠨᠢᠭᠡᠲᠦᠭᠡᠷ ᠬᠡᠰᠡᠭ ᠲᠠᠸᠠᠷ ᠢ ᠬᠦᠮᠦᠷᠭᠡᠯᠡᠨ ᠬᠠᠳᠠᠭᠠᠯᠠᠬᠤ      ᠨᠢᠭᠡ ᠬᠦᠮᠦᠷᠭᠡᠯᠡᠨ ᠬᠠᠳᠠᠭᠠᠯᠠᠬᠤ ᠲᠦᠭᠦᠭᠡᠷᠦᠮᠵᠢ      1952 ᠤᠨ ᠳᠤ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠨᠢ ᠯᠢᠨᠳᠦ᠋ᠩ ᠪᠠᠯᠭᠠᠰᠦᠨ ᠳᠤ 138.6 ᠳᠡᠭᠰᠢ ᠲᠦᠷᠪᠡᠯᠵᠢᠨ ᠮᠧᠳ᠋ᠷ ᠤᠨ ᠰᠢᠷᠤᠢ ᠮᠤᠲᠤᠨ ᠪᠦᠲᠦᠴᠡ ᠲᠠᠢ ᠬᠦᠮᠦᠷᠭᠡ ᠪᠠᠶᠢᠭᠤᠯᠵᠠᠢ᠃      1955 ᠤᠨ ᠤ 5 ᠰᠠᠷ᠎ᠠ ᠳᠤ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠨᠢ 7 ᠳᠠᠰᠤᠯᠭ᠎ᠠ 195.22 ᠳᠡᠭᠰᠢ ᠲᠦᠷᠪᠡᠯᠵᠢᠨ ᠮᠧᠳ᠋ᠷ ᠤᠨ ᠲᠤᠭᠤᠰᠬᠠᠨ ᠬᠡᠷᠡᠮ ᠳᠤᠮᠤ ᠤᠷᠤᠢ ᠲᠠᠢ 65 ᠲᠤᠨ ᠬᠠᠳᠠᠭᠠᠯᠠᠵᠤ ᠳᠡᠢᠯᠬᠦ ᠬᠦᠮᠦᠷᠭᠡ ᠶᠢ ᠨᠡᠮᠡᠨ ᠪᠠᠶᠢᠭᠤᠯᠪᠠ᠃ ᠠᠷᠪᠠᠨ ᠨᠢᠭᠡᠨ ᠳᠠᠰᠤᠯᠭ᠎ᠠ 182.2 ᠳᠡᠭᠰᠢ ᠲᠦᠷᠪᠡᠯᠵᠢᠨ ᠮᠧᠳ᠋ᠷ ᠤᠨ ᠰᠢᠷᠤᠢ ᠶᠢᠨ ᠬᠡᠷᠡᠮ ᠲᠠᠢ ᠲᠤᠮᠤ ᠤᠷᠤᠢ ᠲᠠᠢ ᠬᠦᠮᠦᠷᠭᠡ ᠨᠢ 76 ᠲᠤᠨ ᠬᠠᠳᠠᠭᠠᠯᠠᠵᠤ ᠲᠡᠶᠢᠯᠦᠨ᠎ᠡ᠃ ᠪᠠᠷᠠᠭ᠎ᠠ ᠶᠢᠨ ᠳᠠᠯᠠᠪᠠᠢ ᠨᠢ 3548.52 ᠳᠡᠭᠰᠢ ᠲᠦᠷᠪᠡᠯᠵᠢᠨ ᠮᠧᠳ᠋ᠷ ᠲᠤ ᠬᠦᠷᠦᠭᠰᠡᠨ ᠪᠠᠶᠢᠨ᠎ᠠ᠃ ᠠᠷᠦ ᠬᠤᠷᠴᠢᠨ ᠬᠤᠰᠢᠭᠤᠨ ᠤ ᠮᠠᠯ ᠤᠨ ᠠᠰᠢᠭ ᠰᠢᠮ᠎ᠡ ᠶᠢ ᠡᠵᠡᠩᠨᠡᠬᠦ ᠭᠠᠵᠠᠷ ᠨᠢ 10 ᠳᠠᠰᠤᠯᠭ᠎ᠠ 406.8 ᠳᠡᠭᠰᠢ ᠲᠦᠷᠪᠡᠯᠵᠢᠨ ᠮᠧᠳ᠋ᠷ ᠤᠨ ᠲᠤᠭᠤᠰᠬᠠᠨ ᠬᠦᠮᠦᠷᠭᠡ ᠲᠠᠢ᠂ ᠬᠠᠳᠠᠭᠠᠯᠠᠬᠤ ᠬᠡᠮᠵᠢᠶ᠎ᠡ ᠨᠢ 250 ᠲᠤᠨ ᠪᠤᠯᠤᠨ᠎ᠠ᠃ ᠲᠤᠬᠠᠢ ᠶᠢᠨ ᠦᠶ᠎ᠡ ᠳᠤ ᠤᠯᠠᠭᠠᠨᠬᠠᠳᠠ ᠰᠢᠶᠠᠨ ᠤ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠳᠠᠯᠠᠪᠠᠢ ᠨᠢ 1.23 ᠲᠦᠮᠡᠨ ᠳᠡᠭᠰᠢ ᠲᠦᠷᠪᠡᠯᠵᠢᠨ ᠮᠧᠳ᠋ᠷ᠂ 280 ᠳᠡᠭᠰᠢ ᠲᠦᠷᠪᠡᠯᠵᠢᠨ ᠮᠧᠳ᠋ᠷ ᠤᠷᠲᠤᠮᠵᠢ ᠶᠢᠨ ᠬᠥᠮᠥᠷᠭᠡ ᠲᠠᠢ᠂ 172.5 ᠳᠡᠭᠰᠢ ᠲᠦᠷᠪᠡᠯᠵᠢᠨ ᠮᠧᠳ᠋ᠷ ᠲᠦᠭᠦᠮ ᠪᠦᠲᠦᠴᠡ ᠲᠠᠢ ᠬᠦᠮᠦᠷᠭᠡ ᠲᠠᠢ ᠪᠠᠶᠢᠪᠠ᠃      1986 ᠤᠨ ᠳᠤ᠂ ᠪᠦᠬᠦ ᠰᠢᠰᠲ᠋ᠧᠮ ᠤᠨ ᠬᠦᠮᠦᠷᠭᠡ ᠨᠢ 15755 ᠳᠡᠭᠰᠢ ᠲᠦᠷᠪᠡᠯᠵᠢᠨ ᠮᠧᠳ᠋ᠷ ᠪᠠᠶᠢᠵᠦ᠂ ᠡᠭᠦᠨ ᠳᠤ ᠤᠷᠲᠤᠮᠵᠢ ᠶᠢᠨ ᠬᠦᠮᠦᠷᠭᠡ ᠨᠢ 5874 ᠳᠡᠭᠰᠢ ᠲᠦᠷᠪᠡᠯᠵᠢᠨ ᠮᠧᠳ᠋ᠷ᠂ ᠲᠦᠭᠦᠮ ᠪᠦᠲᠦᠴᠡ ᠲᠠᠢ ᠬᠦᠮᠦᠷᠭᠡ ᠨᠢ 9881 ᠳᠡᠭᠰᠢ ᠲᠦᠷᠪᠡᠯᠵᠢᠨ ᠮᠧᠳ᠋ᠷ᠂ ᠬᠦᠮᠦᠷᠭᠡ ᠶᠢᠨ ᠲᠦᠭᠦᠭᠡᠷᠦᠮᠵᠢ 38 ᠢᠵᠢ ᠪᠠᠶᠢᠪᠠ᠃      1989 ᠤᠨ ᠤ ᠵᠢᠯ ᠤᠨ ᠡᠴᠦᠰ ᠪᠤᠯᠲᠠᠯ᠎ᠠ᠂ ᠪᠦᠬᠦ ᠰᠢᠰᠲ᠋ᠧᠮ ᠤᠨ ᠬᠦᠮᠦᠷᠭᠡ ᠨᠢ 14125 ᠳᠡᠭᠰᠢ ᠲᠦᠷᠪᠡᠯᠵᠢᠨ ᠮᠧᠳ᠋ᠷ ᠪᠤᠯᠵᠦ᠂ ᠡᠭᠦᠨ ᠳᠤ ᠤᠷᠲᠤᠮᠵᠢ ᠶᠢᠨ ᠬᠦᠮᠦᠷᠭᠡ ᠨᠢ 7735 ᠳᠡᠭᠰᠢ ᠲᠦᠷᠪᠡᠯᠵᠢᠨ ᠮᠧᠳ᠋ᠷ᠂ ᠲᠦᠭᠦᠮ ᠪᠦᠲᠦᠴᠡ ᠲᠠᠢ ᠬᠦᠮᠦᠷᠭᠡ ᠨᠢ 6390 ᠳᠡᠭᠰᠢ ᠲᠦᠷᠪᠡᠯᠵᠢᠨ ᠮᠧᠳ᠋ᠷ ᠪᠠᠶᠢᠪᠠ᠃      ᠬᠤᠶᠠᠷ᠂ ᠬᠦᠮᠦᠷᠭᠡᠯᠡᠨ ᠬᠠᠳᠠᠭᠠᠯᠠᠬᠤ ᠲᠦᠷᠢᠮ      1956 ᠤᠨ ᠤ 2 ᠰᠠᠷ᠎ᠠ ᠳᠤ᠂ ᠤᠯᠠᠭᠠᠨᠬᠠᠳᠠ ᠳᠤ ᠮᠠᠯ ᠤᠨ ᠠᠰᠢᠭ ᠰᠢᠨ᠎ᠡ ᠶᠢᠨ ᠰᠢᠰᠲ᠋ᠧᠮ ᠤᠨ ᠬᠤᠶᠠᠲᠤᠭᠠᠷ ᠬᠤᠭᠤᠴᠠᠭᠠᠨ ᠤ ᠬᠠᠳᠠᠭᠠᠯᠠᠨ ᠵᠦᠭᠡᠭᠡᠪᠦᠷᠢᠯᠡᠬᠦ ᠬᠤᠷᠠᠯ ᠢ ᠬᠤᠷᠠᠯᠲᠤᠭᠤᠯᠵᠦ᠂ ᠡᠯ᠎ᠡ ᠵᠦᠢᠯ ᠤᠨ ᠬᠦᠮᠦᠷᠭᠡᠯᠡᠨ ᠬᠠᠳᠠᠭᠠᠯᠠᠬᠤ ᠲᠦᠷᠢᠮ ᠢ ᠰᠤᠲᠤᠯᠤᠨ ᠶᠠᠷᠢᠯᠴᠠᠪᠠ᠃ 5 ᠰᠠᠷ᠎ᠠ ᠶᠢᠨ 17᠎ ᠤ ᠡᠲᠦᠷ ︽ᠬᠦᠮᠦᠷᠭᠡᠯᠡᠨ ᠬᠠᠳᠠᠭᠠᠯᠠᠬᠤ ᠪᠠᠶᠢᠴᠠᠭᠠᠬᠤ ᠲᠦᠷᠢᠮ ᠢ ᠲᠤᠭᠲᠠᠭᠠᠬᠤ ᠮᠡᠳᠡᠭᠳᠡᠯ︾᠎ ᠢ ᠪᠠᠭᠤᠯᠭᠠᠭᠰᠠᠨ ᠪᠠᠶᠢᠨ᠎ᠠ᠃ 8 ᠰᠠᠷ᠎ᠠ ᠶᠢᠨ ᠨᠢᠭᠡᠨ ᠤ ᠡᠲᠦᠷ ︽ᠮᠢᠩᠭ᠎ᠠ ᠶᠢᠰᠦᠨ ᠵᠠᠭᠤ ᠳᠠᠪᠢᠨ ᠵᠢᠷᠭᠤᠭᠠᠨ ᠤᠨ ᠤ ᠬᠠᠳᠠᠭᠠᠯᠠᠨ ᠵᠦᠭᠡᠭᠡᠪᠦᠷᠢᠯᠡᠬᠦ ᠠᠵᠢᠯ ᠤᠨ ᠴᠢᠭᠯᠡᠯᠲᠡ ᠶᠢᠨ ᠲᠤᠬᠠᠢ ᠮᠡᠳᠡᠭᠳᠡᠯ︾᠎ ᠢ ᠪᠠᠭᠤᠯᠭᠠᠵᠤ᠂ ᠬᠦᠮᠦᠷᠭᠡᠯᠡᠨ ᠬᠠᠳᠠᠭᠠᠯᠠᠬᠤ ᠠᠵᠢᠯ ᠳᠤ ︽ᠰᠡᠷᠭᠡᠶᠢᠯᠡᠬᠦ ᠪᠠᠷ ᠭᠤᠤᠯ ᠪᠤᠯᠭᠠᠬᠤ︾ ᠴᠢᠭᠯᠡᠯᠲᠡ ᠶᠢ ᠲᠤᠭᠤᠰᠢᠯᠠᠭᠤᠯᠬᠤ ᠶᠢ ᠴᠢᠩᠭᠠᠳᠬᠠᠨ᠂ ᠡᠳ᠋ ᠪᠤᠳᠠᠰ ᠤᠨ ᠠᠮᠦᠷ ᠲᠦᠪᠰᠢᠨ ᠬᠠᠮᠢᠶᠠᠷᠦᠯᠲᠠ ᠶᠢᠨ ᠠᠵᠢᠯ ᠢ ᠰᠠᠶᠢᠲᠦᠷ ᠬᠢᠵᠦ᠂ ᠠᠳᠡᠯ ᠪᠠ ᠣᠰᠣᠯ ᠭᠠᠷᠬᠤ ᠠᠴᠠ ᠰᠡᠷᠭᠡᠶᠢᠯᠡᠵᠡᠢ᠃      10 ᠰᠠᠷ᠎ᠠ ᠳᠤ ︽ᠪᠦᠬᠦ ᠠᠶᠢᠮᠠᠭ ᠤᠨ ᠦᠬᠡᠷ ᠤᠨ ᠠᠷᠠᠰᠦ ᠶᠢᠨ ᠦᠨ᠎ᠡ ᠬᠠᠩᠰᠢ ᠶᠢ ᠨᠢᠭᠡᠲᠦᠯᠲᠠᠢ ᠪᠤᠯᠭᠠᠬᠤ ᠠᠷᠭ᠎ᠠ︾᠎ ᠶᠢ ᠪᠠᠭᠤᠯᠭᠠᠭᠰᠠᠨ ᠪᠠᠶᠢᠨ᠎ᠠ᠃      1958 ᠤᠨ ᠳᠤ᠂ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠭᠠᠵᠠᠷ ᠨᠢ ︽ᠠᠷᠠᠰᠦ ᠰᠢᠷᠢ ᠳᠤ ᠭᠤᠷᠪᠠ ᠶᠢ ᠲᠤᠭᠲᠠᠭᠠᠨ ᠬᠠᠳᠠᠭᠠᠯᠠᠬᠤ ᠠᠷᠭ᠎ᠠ︾᠎ ᠶᠢ ᠲᠤᠷᠠᠲᠤᠨ ᠭᠠᠷᠭᠠᠭᠰᠠᠨ ᠪᠠᠶᠢᠨ᠎ᠠ᠂ ᠳᠠᠷᠤᠢ ᠰᠢᠷᠢᠭᠡᠭ ᠤᠨ ᠲᠤᠭ᠎ᠠ ᠪᠠᠷ ᠪᠠᠭᠯᠠᠭ᠎ᠠ ᠶᠢᠨ ᠲᠤᠭ᠎ᠠ ᠶᠢ ᠲᠤᠭᠲᠠᠭᠠᠬᠤ᠂ ᠪᠠᠭᠯᠠᠭ᠎ᠠ ᠶᠢᠨ ᠲᠤᠭ᠎ᠠ ᠪᠠᠷ ᠳᠠᠪᠬᠤᠷᠭ᠎ᠠ ᠶᠢᠨ ᠲᠤᠭ᠎ᠠ ᠶᠢ ᠲᠤᠭᠲᠠᠭᠠᠬᠤ᠂ ᠳᠠᠪᠬᠤᠷᠭ᠎ᠠ ᠶᠢᠨ ᠲᠤᠭ᠎ᠠ ᠪᠠᠷ ᠤᠪᠤᠭᠠᠨ ᠤ ᠲᠤᠭ᠎ᠠ ᠶᠢ ᠲᠤᠭᠲᠠᠭᠠᠬᠤ ᠪᠤᠯᠤᠨ᠎ᠠ᠃ ᠵᠡᠷᠭᠡ ᠳᠡᠰ ᠢ ᠲᠤᠭᠲᠠᠪᠤᠷᠢᠵᠢᠭᠤᠯᠬᠤ᠂ ᠲᠤᠭ᠎ᠠ ᠬᠡᠮᠵᠢᠶ᠎ᠡ ᠶᠢ ᠲᠤᠭᠲᠠᠪᠤᠷᠢᠵᠢᠭᠤᠯᠬᠤ᠂ ᠬᠤᠷᠢᠶᠠᠵᠤ ᠲᠢᠭᠯᠡᠬᠦ ᠶᠢ ᠲᠤᠭᠲᠠᠪᠤᠷᠢᠵᠢᠭᠤᠯᠬᠤ᠂ ᠬᠤᠷᠢᠶᠠᠭᠰᠠᠨ ᠪᠠᠷᠠᠭ᠎ᠠ ᠶᠢ ᠤᠪᠤᠭᠠᠯᠠᠵᠤ ᠳᠠᠯᠪᠢᠬᠤ᠂ ᠬᠤᠳᠠᠯᠲᠤᠭᠰᠠᠨ ᠪᠠᠷᠠᠭ᠎ᠠ ᠶᠢ ᠤᠪᠤᠭᠠᠨ ᠠᠴᠠ ᠭᠠᠷᠭᠠᠬᠤ᠂ ᠨᠢᠭᠡ ᠳᠠᠪᠬᠤᠷᠭ᠎ᠠ ᠨᠢᠭᠡ ᠪᠠᠭᠯᠠᠭ᠎ᠠ ᠪᠠᠷ ᠪᠤᠲᠤᠬᠤ ᠵᠡᠷᠭᠡ ᠠᠷᠭ᠎ᠠ ᠶᠢ ᠠᠪᠴᠦ ᠪᠠᠶᠢᠪᠠ᠃ ᠬᠦᠮᠦᠷᠭᠡᠯᠡᠨ ᠬᠠᠳᠠᠭᠠᠯᠠᠬᠤ ᠲᠦᠷᠢᠮ ᠢ ᠰᠢᠨ᠎ᠡ ᠪᠠᠷ ᠲᠤᠭᠲᠠᠭᠠᠨ᠂ ᠭᠠᠷ ᠭᠦᠢᠴᠡᠳᠬᠡᠯ ᠬᠢᠬᠦ ᠶᠠᠪᠤᠴᠠ ᠶᠢ ᠰᠠᠶᠢᠵᠢᠷᠠᠭᠤᠯᠤᠭᠰᠠᠨ ᠪᠠᠶᠢᠨ᠎ᠠ᠃      1962 ᠤᠨ ᠤ 4 ᠰᠠᠷ᠎ᠠ ᠳᠤ ᠬᠦᠮᠦᠷᠭᠡ ᠶᠢ ᠴᠡᠪᠡᠷᠯᠡᠨ ᠪᠠᠷᠠᠭ᠎ᠠ ᠶᠢ ᠬᠠᠷᠭᠤᠭᠤᠯᠬᠤ ᠠᠵᠢᠯ ᠢ ᠥᠷᠨᠢᠭᠦᠯᠦᠭᠡᠳ ᠭᠠᠷ ᠭᠦᠢᠴᠡᠳᠬᠡᠯ ᠤᠨ ᠲᠦᠷᠢᠮ ᠪᠦᠷᠢᠨ ᠪᠤᠰᠦ ᠪᠠᠶᠢᠬᠤ ᠶᠢ ᠢᠯᠡᠷᠡᠭᠦᠯᠵᠡᠢ᠃ 63 ᠤᠨ ᠳᠤ ᠲᠠᠸᠠᠷ ᠤᠨ ᠬᠦᠮᠦᠷᠭᠡ ᠳᠤ ︽ᠲᠦᠷᠪᠡ ᠰᠠᠯᠭᠠᠬᠤ︾ ︵ᠲᠠᠸᠠᠷ ᠤᠨ ᠬᠡᠮᠵᠢᠶ᠎ᠡ ᠪᠠ ᠶᠠᠰᠦ ᠴᠢᠨᠠᠷ ᠢ ᠰᠠᠯᠭᠠᠬᠤ᠂ ᠮᠠᠯ ᠤᠨ ᠠᠰᠢᠭ ᠰᠢᠮ᠎ᠡ ᠪᠠ ᠪᠤᠰᠤᠳ ᠲᠠᠸᠠᠷ ᠢ ᠰᠠᠯᠭᠠᠬᠤ᠂ ᠦᠨᠡᠲᠦ ᠴᠤᠬᠠᠭ ᠲᠠᠸᠠᠷ ᠪᠠ ᠤᠯᠠᠨ ᠨᠡᠶᠢᠲᠡ ᠶᠢᠨ ᠬᠡᠷᠡᠭᠯᠡᠭᠡᠨ ᠤ ᠲᠠᠸᠠᠷ ᠢ ᠰᠠᠯᠭᠠᠬᠤ᠂ ᠰᠠᠶᠢᠨ ᠲᠠᠸᠠᠷ ᠪᠠ ᠮᠠᠭᠤ ᠲᠠᠸᠠᠷ ᠢ ᠰᠠᠯᠭᠠᠬᠤ︶᠎ ᠶᠢ ᠬᠡᠷᠡᠭᠵᠢᠬᠦᠯᠵᠦ᠂ ︽ᠵᠢᠷᠭᠤᠭᠠᠨ ᠤᠨᠤᠪᠴᠢᠲᠠᠢ︾ ︵ᠪᠠᠷᠠᠭ᠎ᠠ ᠶᠢ ᠪᠠᠶᠢᠴᠠᠭᠠᠭᠰᠠᠨ ᠲᠤᠭ᠎ᠠ ᠬᠡᠮᠵᠢᠶ᠎ᠡ ᠨᠢ ᠤᠨᠤᠪᠴᠢᠲᠠᠢ᠂ ᠲᠠᠸᠠᠷ ᠤᠨ ᠲᠦᠷᠦᠯ ᠵᠦᠢᠯ ᠨᠢ ᠤᠨᠤᠪᠴᠢᠲᠠᠢ᠂ ᠬᠡᠮᠵᠢᠶ᠎ᠡ ᠶᠠᠰᠦ ᠴᠢᠨᠠᠷ ᠨᠢ ᠤᠨᠤᠪᠴᠢᠲᠠᠢ᠂ ᠨᠤᠮᠧᠷ ᠳ᠋ᠤᠭᠠᠷ ᠨᠢ ᠤᠨᠤᠪᠴᠢᠲᠠᠢ᠂ ᠪᠠᠷᠢᠮᠲᠠ ᠬᠡᠷᠡᠴᠢ ᠨᠢ ᠤᠨᠤᠪᠴᠢᠲᠠᠢ᠂ ᠬᠠᠶᠢᠷᠴᠠᠭ ᠪᠠᠭᠯᠠᠭ᠎ᠠ ᠨᠢ ᠤᠨᠤᠪᠴᠢᠲᠠᠢ︶ ᠪᠠᠶᠢᠬᠤ ᠡᠰᠡᠬᠦ ᠶᠢ ᠬᠢᠨᠠᠨ ᠪᠠᠶᠢᠴᠠᠭᠠᠭᠰᠠᠨ ᠪᠠᠶᠢᠨ᠎ᠠ᠃ ᠬᠥᠮᠥᠷᠭᠡᠯᠡᠨ ᠬᠠᠳᠠᠭᠠᠯᠠᠬᠤ ᠠᠷᠭ᠎ᠠ ᠶᠢᠨ ᠲᠠᠯ᠎ᠠ ᠪᠠᠷ ᠬᠦᠮᠦᠷᠭᠡ ᠳᠤ ᠤᠷᠤᠭᠤᠯᠬᠤ ᠲᠠᠸᠠᠷ ᠢ ᠲᠤᠭᠤᠷᠢᠭ ᠬᠤᠪᠢᠶᠠᠨ ᠬᠦᠮᠦᠷᠭᠡᠯᠡᠵᠦ᠂ ᠠᠶᠤᠯ ᠲᠠᠢ ᠪᠤᠳᠠᠰ᠂ ᠳᠤᠰᠬᠠᠢ ᠬᠡᠷᠡᠭᠯᠡᠬᠦ ᠪᠤᠳᠠᠰ ᠢ ᠳᠤᠰᠬᠠᠢ ᠬᠦᠮᠦᠷᠭᠡ ᠳᠤ ᠬᠠᠳᠠᠭᠠᠯᠠᠵᠠᠢ᠃ ︽ᠵᠢᠷᠭᠤᠭᠠᠨ ᠦᠬᠡᠢ︾᠎ ᠶᠢ ᠪᠡᠶᠡᠯᠡᠭᠦᠯᠬᠦ ᠶᠢ ᠱᠠᠭᠠᠷᠳᠠᠪᠠ᠃ ᠢᠯᠵᠢᠷᠡᠨ ᠴᠢᠨᠠᠷ ᠬᠤᠪᠢᠷᠠᠬᠤ ᠦᠬᠡᠢ ᠪᠠᠶᠢᠬᠤ᠂ ᠬᠤᠷᠤᠬᠠᠢ ᠬᠤᠯᠤᠭᠠᠨ᠎ᠠ ᠰᠦᠢᠳᠬᠡᠬᠦ ᠦᠬᠡᠢ ᠪᠠᠶᠢᠬᠤ᠂ ᠠᠳᠡ ᠲᠡᠨᠳᠡ ᠦᠬᠡᠢ ᠲᠤᠷ᠎ᠠ ᠪᠠᠷ ᠳᠠᠯᠪᠢᠬᠤ ᠦᠬᠡᠢ ᠪᠠᠶᠢᠬᠤ᠂ ᠬᠠᠷᠢᠭᠤᠴᠠᠯᠭ᠎ᠠ ᠠᠯᠳᠠᠬᠤ ᠦᠬᠡᠢ ᠪᠠᠶᠢᠬᠤ᠂ ᠭᠠᠷ ᠭᠦᠢᠴᠡᠳᠬᠡᠯ ᠦᠬᠡᠢ ᠪᠠᠷ ᠣᠷᠣᠭᠤᠯᠵᠤ ᠭᠠᠷᠭᠠᠬᠤ ᠦᠬᠡᠢ ᠪᠠᠶᠢᠬᠤ᠂ ᠠᠯᠳᠠᠭ᠎ᠠ ᠪᠤᠷᠤᠭᠤ ᠠᠳᠡᠭᠳᠡᠯ ᠭᠠᠷᠭᠠᠬᠤ ᠦᠬᠡᠢ ᠪᠠᠶᠢᠬᠤ ᠶᠢ ᠪᠡᠶᠡᠯᠡᠭᠦᠯᠵᠡᠢ᠃ ︽ᠳᠠᠪᠤ ᠶᠢ ᠰᠡᠷᠭᠡᠶᠢᠯᠡᠬᠦ︾᠎ ᠶᠢ ᠪᠡᠶᠡᠯᠡᠭᠦᠯᠬᠦ ᠶᠢ ᠱᠠᠭᠠᠷᠳᠠᠪᠠ᠂ ᠳᠠᠷᠤᠢ ᠤᠰᠦ ᠶᠢ ᠰᠡᠷᠭᠡᠶᠢᠯᠡᠬᠦ᠂ ᠭᠠᠯ ᠢ ᠰᠡᠷᠭᠡᠶᠢᠯᠡᠬᠦ᠂ ᠴᠢᠭᠢᠭᠳᠡᠬᠦ ᠶᠢ ᠰᠡᠷᠭᠡᠶᠢᠯᠡᠬᠦ᠂ ᠬᠤᠯᠠᠭᠠᠶᠢᠯᠠᠬᠤ ᠠᠴᠠ ᠰᠡᠷᠭᠡᠶᠢᠯᠡᠬᠦ᠂ ᠡᠪᠳᠡᠯᠡᠭᠡ ᠬᠢᠬᠦ ᠠᠴᠠ ᠰᠡᠷᠭᠡᠶᠢᠯᠡᠬᠦ ᠪᠤᠯᠤᠨ᠎ᠠ᠃ ︽ᠳᠠᠪᠤᠨ ᠲᠤᠲᠤᠷᠬᠠᠢ︾ ᠪᠠᠶᠢᠬᠤ᠂ ᠳᠠᠷᠤᠢ᠂ ᠲᠤᠭ᠎ᠠ ᠬᠡᠮᠵᠢᠶ᠎ᠡ ᠲᠤᠲᠤᠷᠬᠠᠢ᠂ ᠦᠩᠭᠡ᠂ ᠲᠦᠷᠦᠯ ᠵᠦᠢᠯ᠂ ᠬᠡᠮᠵᠢᠶ᠎ᠡ ᠶᠢᠨ ᠬᠤᠪᠢᠶᠠᠷᠢᠯᠠᠯ ᠨᠢ ᠲᠤᠲᠤᠷᠬᠠᠢ᠂ ᠡᠳ᠋ ᠪᠠᠷᠠᠭ᠎ᠠ ᠶᠢ ᠬᠠᠳᠠᠭᠠᠯᠠᠨ ᠬᠠᠮᠢᠶᠠᠷᠬᠤ ᠨᠢ ᠲᠤᠲᠤᠷᠬᠠᠢ᠂ ᠪᠠᠭᠯᠠᠭ᠎ᠠ ᠬᠠᠶᠢᠷᠴᠠᠭ ᠨᠢ ᠲᠤᠲᠤᠷᠬᠠᠢ ᠪᠠᠶᠢᠬᠤ ᠪᠤᠯᠤᠨ᠎ᠠ᠃ ︽ᠲᠦᠷᠪᠡᠨ ᠪᠠᠶᠢᠬᠤ ᠬᠡᠷᠡᠭᠲᠡᠢ︾ ᠬᠡᠳᠡᠭ ᠨᠢ ᠬᠠᠳᠠᠭᠠᠯᠠᠵᠤ ᠳᠠᠯᠪᠢᠬᠤ ᠨᠢ ᠳᠡᠷᠢ ᠳᠡᠭᠰᠢ ᠪᠠᠶᠢᠬᠤ ᠬᠡᠷᠡᠭᠲᠡᠢ᠂ ᠬᠤᠷᠢᠶᠠᠵᠤ ᠲᠤᠰᠢᠶᠠᠬᠤ ᠨᠢ ᠵᠦᠪ ᠤᠨᠤᠪᠴᠢᠲᠠᠢ ᠪᠠᠶᠢᠬᠤ ᠬᠡᠷᠡᠭᠲᠡᠢ᠂ ᠳᠠᠩᠰᠠ ᠪᠠ ᠪᠠᠷᠠᠭ᠎ᠠ ᠨᠢ ᠨᠡᠶᠢᠴᠡᠭᠰᠡᠨ ᠪᠠᠶᠢᠬᠤ ᠬᠡᠷᠡᠭᠲᠡᠢ᠂ ᠡᠷᠡᠭᠦᠯ ᠬᠠᠮᠠᠭᠠᠯᠠᠯ ᠢ ᠠᠩᠬᠠᠷᠤᠭᠰᠠᠨ ᠪᠠᠶᠢᠬᠤ ᠬᠡᠷᠡᠭᠲᠡᠢ᠃ ︽ᠭᠤᠷᠪᠠᠨ ᠠᠵᠢᠯᠴᠢ︾ ᠬᠡᠳᠡᠭ ᠨᠢ ᠪᠠᠶᠢᠴᠠᠭᠠᠬᠤ ᠳᠤ ᠠᠵᠢᠯᠴᠢ ᠪᠠᠶᠢᠬᠤ᠂ ᠤᠪᠤᠭᠠᠯᠠᠵᠤ ᠡᠬᠡᠬᠡᠬᠦ ᠳᠤ ᠠᠵᠢᠯᠴᠢ ᠪᠠᠶᠢᠬᠤ᠂ ᠳᠠᠩᠰᠠ ᠪᠠᠷᠠᠭ᠎ᠠ ᠶᠢ ᠬᠠᠷᠭᠤᠭᠤᠯᠬᠤ ᠳᠤ ᠠᠵᠢᠯᠴᠢ ᠪᠠᠶᠢᠬᠤ ᠪᠤᠯᠤᠨ᠎ᠠ᠃ ︽ᠨᠢᠭᠡ ᠮᠡᠷᠭᠡᠵᠢᠯ︾ ᠭᠡᠳᠡᠭ ᠨᠢ ᠬᠦᠮᠦᠨ ᠪᠦᠬᠦᠨ ᠮᠡᠷᠭᠡᠵᠢᠯ ᠰᠤᠷᠴᠦ᠂ ᠬᠦᠮᠦᠨ ᠪᠦᠬᠦᠨ ᠮᠡᠷᠭᠡᠵᠢᠯ ᠢᠶᠠᠨ ᠰᠠᠶᠢᠵᠢᠷᠠᠭᠤᠯᠤᠨ᠂ ᠬᠦᠮᠦᠨ ᠪᠦᠬᠦᠨ ᠮᠡᠷᠭᠡᠵᠢᠯ ᠤᠨ ᠠᠵᠢᠯ ᠬᠢᠵᠦ᠂ ᠮᠡᠷᠭᠡᠵᠢᠯ ᠲᠠᠢ ᠪᠤᠯᠬᠤ ᠶᠢ ᠪᠡᠶᠡᠯᠡᠭᠦᠯᠬᠦ ᠶᠠᠪᠤᠳᠠᠯ ᠪᠤᠯᠤᠨ᠎ᠠ᠃      1964 ᠤᠨ ᠳᠤ ︽ᠲᠠᠸᠠᠷ ᠢ ᠠᠷᠠᠴᠢᠯᠠᠨ ᠬᠠᠮᠠᠭᠠᠯᠠᠬᠤ ᠲᠤᠭᠤᠶᠢᠯᠠᠩ︾᠂ ︽ᠪᠠᠷᠠᠭ᠎ᠠ ᠶᠢ ᠪᠦᠷᠢᠳᠬᠡᠨ ᠲᠤᠭᠠᠯᠠᠬᠤ ᠤᠲᠤᠷᠢᠳᠬᠤ ᠲᠤᠭᠤᠶᠢᠯᠠᠩ︾᠎ ᠢ ᠪᠠᠶᠢᠭᠤᠯᠵᠦ᠂ ᠲᠠᠸᠠᠷ ᠢ ᠬᠤᠷᠢᠶᠠᠵᠦ ᠳᠠᠯᠪᠢᠬᠤ ᠳᠤ ᠪᠠᠨ ᠬᠤᠷᠤᠬᠠᠶᠢᠳᠠᠬᠤ ᠠᠴᠠ ᠰᠡᠷᠭᠡᠶᠢᠯᠡᠬᠦ᠂ ᠢᠯᠵᠢᠷᠡᠬᠦ ᠠᠴᠠ ᠰᠡᠷᠭᠡᠶᠢᠯᠡᠬᠦ᠂ ᠲᠤᠭᠤᠰᠦ ᠰᠢᠷᠤᠢ ᠠᠴᠠ ᠰᠡᠷᠭᠡᠶᠢᠯᠡᠬᠦ ᠴᠢᠭᠢᠭᠳᠡᠬᠦ ᠠᠴᠠ ᠰᠡᠷᠭᠡᠶᠢᠯᠡᠬᠦ ᠲᠦᠷᠢᠮ ᠂ ᠲᠠᠸᠠᠷ ᠢ ᠤᠪᠤᠭᠠᠯᠠᠬᠤ ᠳᠤ ᠭᠤᠷᠪᠠ ᠶᠢ ᠲᠤᠭᠲᠠᠭᠠᠨ ᠬᠡᠮᠵᠢᠶ᠎ᠡ ᠶᠢ ᠲᠤᠭᠲᠠᠭᠠᠬᠤ ᠲᠦᠷᠢᠮ᠂ ᠬᠤᠷᠢᠶᠠᠵᠤ ᠲᠤᠰᠢᠶᠠᠬᠤ ᠪᠠᠷᠠᠭ᠎ᠠ ᠶᠢ ᠲᠣᠭᠠᠯᠠᠵᠤ ᠬᠠᠷᠭᠤᠭᠤᠯᠬᠤ ᠪᠠ ᠪᠤᠭᠤᠳᠠᠯ ᠬᠡᠮᠵᠢᠶ᠎ᠡ ᠶᠢ ᠬᠠᠷᠭᠤᠭᠤᠯᠬᠤ ᠲᠦᠷᠢᠮ ᠂ ᠲᠠᠸᠠᠷ ᠢ ᠬᠠᠳᠠᠭᠠᠯᠠᠨ ᠬᠤᠷᠢᠶᠠᠭᠰᠠᠨ ᠢ ᠦᠵᠡᠭᠦᠯᠦᠭᠰᠡᠨ ᠵᠢᠷᠤᠭ᠂ ᠳᠤᠰᠬᠠᠢ ᠬᠦᠮᠦᠨ ᠳᠠᠩᠰᠠ ᠺᠠᠷᠲ ᠲᠤ ᠳᠠᠩᠰᠠᠯᠠᠬᠤ ᠲᠡᠮᠳᠡᠭᠯᠡᠬᠦ ᠲᠦᠷᠢᠮ᠂ ᠲᠤᠭᠲᠠᠭᠰᠠᠨ ᠬᠤᠭᠤᠴᠠᠭᠠᠨ ᠳᠤ ᠶᠠᠰᠦ ᠴᠢᠨᠠᠷ ᠤᠨ ᠪᠠᠶᠢᠴᠠᠭᠠᠯᠲᠠ ᠬᠢᠬᠦ ᠪᠠ ᠲᠤᠭ᠎ᠠ ᠬᠡᠮᠵᠢᠶ᠎ᠡ ᠶᠢ ᠪᠠᠶᠢᠴᠠᠭᠠᠬᠤ ᠲᠦᠷᠢᠮ ᠵᠡᠷᠭᠡ 6 ᠲᠦᠷᠢᠮ ᠲᠣᠭᠲᠠᠭᠠᠯ ᠢ ᠲᠤᠭᠲᠠᠭᠠᠭᠰᠠᠨ ᠪᠠᠶᠢᠨ᠎ᠠ᠃      1965 ᠤᠨ ᠳᠤ ᠹᠯᠣᠷᠲᠤ ᠴᠢᠯᠠᠭᠤ ᠶᠢ ᠬᠠᠳᠠᠭᠠᠯᠠᠨ ᠬᠠᠮᠢᠶᠠᠷᠬᠤ ᠳᠤ ᠲᠤᠭᠤᠷᠢᠭ ᠬᠤᠪᠢᠶᠠᠬᠤ᠂ ᠠᠭᠤᠷᠬᠠᠢ ᠪᠠᠷ ᠨᠢ ᠬᠤᠪᠢᠶᠠᠬᠤ᠂ ᠳᠡᠰ ᠬᠤᠪᠢᠶᠠᠬᠤ ᠲᠦᠷᠢᠮ ᠢ ᠬᠡᠷᠡᠭᠵᠢᠬᠦᠯᠦᠭᠰᠡᠨ ᠪᠦᠭᠡᠳ ᠠᠵᠢᠯᠲᠠᠨ ᠢ ᠲᠤᠭᠲᠠᠭᠠᠬᠤ᠂ ᠬᠡᠮᠵᠢᠶ᠎ᠡ ᠶᠢ ᠲᠤᠭᠲᠠᠭᠠᠬᠤ᠂ ᠤᠷᠤᠨ ᠪᠠᠶᠢᠷᠢ ᠲᠤᠭᠲᠠᠭᠠᠬᠤ ᠪᠠ ᠬᠦᠮᠦᠷᠭᠡ ᠶᠢᠨ ᠬᠠᠮᠢᠶᠠᠷᠦᠯᠲᠠ ᠶᠢ ᠴᠢᠩᠭᠠᠳᠬᠠᠬᠤ ᠲᠦᠷᠢᠮ ᠢ ᠬᠡᠷᠡᠭᠵᠢᠬᠦᠯᠦᠭᠰᠡᠨ ᠪᠠᠶᠢᠨ᠎ᠠ᠃ ᠳᠤᠰ ᠲᠦᠷᠢᠮ ᠢ ᠬᠡᠷᠡᠭᠵᠢᠬᠦᠯᠦᠭᠰᠡᠨ ᠤ ᠳᠠᠷᠠᠭ᠎ᠠ᠂ ᠤᠯᠠᠭᠠᠨᠬᠠᠳᠠ ᠶᠢᠨ ᠨᠤᠤᠰᠦ ᠨᠣᠣᠯᠣᠭᠤᠷ ᠢ 1.6 ᠲᠦᠮᠡᠨ ᠪᠤᠭᠤᠳᠠᠯ ᠪᠤᠭᠤᠳᠠᠯᠯᠠᠵᠦ᠂ ᠪᠦᠲᠦᠭᠦᠯᠢᠭ ᠪᠦᠰ ᠢ 4.5 ᠲᠦᠮᠡᠨ ᠮᠧᠳ᠋ᠷ ᠠᠷᠪᠢᠯᠠᠵᠦ᠂ ᠪᠡᠯᠡ ᠮᠦᠩᠭᠦ ᠶᠢ 3.14 ᠲᠦᠮᠡᠨ ᠲᠦᠭᠦᠷᠢᠭ ᠠᠷᠪᠢᠯᠠᠭᠰᠠᠨ ᠪᠠᠶᠢᠨ᠎ᠠ᠃      ︽ᠰᠤᠶᠤᠯ ᠤᠨ ᠶᠡᠭᠡ ᠬᠤᠪᠢᠰᠬᠠᠯ︾᠎ ᠤᠨ ᠬᠤᠭᠤᠴᠠᠭᠠᠨ ᠳᠤ᠂ ᠬᠦᠮᠦᠷᠭᠡᠯᠡᠨ ᠬᠠᠳᠠᠭᠠᠯᠠᠬᠤ ᠲᠦᠷᠢᠮ ᠢ ᠬᠡᠷᠡᠭᠵᠢᠬᠦᠯᠬᠦ ᠲᠠᠯ᠎ᠠ ᠪᠠᠷ ᠶᠡᠭᠡ ᠪᠠᠷ ᠰᠤᠯᠠᠷᠠᠵᠠᠢ᠃ 1972 ᠤᠨ ᠳᠤ ᠬᠦᠮᠦᠷᠭᠡ ᠶᠢ ᠴᠡᠪᠡᠷᠯᠡᠨ ᠪᠠᠶᠢᠴᠠᠭᠠᠬᠤ ᠦᠶᠡᠰ 8.2 ᠲᠦᠮᠡᠨ ᠲᠦᠭᠦᠷᠢᠭ ᠤᠨ ᠡᠳ᠋ ᠪᠠᠷᠠᠭ᠎ᠠ ᠳᠠᠷᠤᠭᠳᠠᠵᠤ᠂ 5400 ᠲᠦᠭᠦᠷᠢᠭ ᠤᠨ ᠬᠤᠬᠢᠷᠠᠯ ᠲᠠᠢ ᠪᠤᠯᠵᠠᠢ᠃ ᠲᠦᠮᠡᠨ ᠲᠦᠭᠦᠷᠢᠭ ᠤᠨ ᠦᠷᠳᠡᠭ ᠪᠦᠬᠦᠢ ᠮᠠᠰᠢᠨ ᠲᠦᠭᠦᠭᠡᠷᠦᠮᠵᠢ ᠨᠢ ᠳᠠᠩᠰᠠ ᠪᠠᠶᠢᠭᠠᠳ ᠶᠠᠭᠤᠮ᠎ᠠ ᠨᠢ ᠪᠠᠶᠢᠬᠤ ᠦᠬᠡᠢ ᠪᠤᠯᠤᠭᠰᠠᠨ ᠪᠠᠶᠢᠨ᠎ᠠ᠃ 1973 ᠤᠨ ᠳᠤ ᠬᠠᠳᠠᠭᠠᠯᠠᠨ ᠬᠠᠮᠢᠶᠠᠷᠬᠤ ᠨᠢ ᠴᠢᠩᠭ᠎ᠠ ᠪᠢᠰᠢ ᠠᠴᠠ ᠪᠤᠯᠵᠦ᠂ ᠯᠠᠵᠤᠤ ᠶᠢᠨ ᠬᠠᠲᠠᠭᠠᠮᠠᠯ ᠨᠢ ᠢᠯᠵᠡᠷᠡᠨ ᠴᠢᠨᠠᠷ ᠬᠤᠪᠢᠷᠠᠭᠰᠠᠨ ᠪᠠᠶᠢᠨ᠎ᠠ᠃ 1977 ᠤᠨ ᠤ 9 ᠰᠠᠷ᠎ᠠ ᠳᠤ᠂ ᠠᠵᠢᠯᠴᠢᠨ ᠤᠯᠤᠰᠦᠨ ᠤᠪᠤᠭᠠᠨ ᠳᠤ ᠭᠠᠯ ᠠᠯᠳᠠᠭᠰᠠᠨ ᠠᠴᠠ ᠪᠤᠯᠵᠦ᠂ 3450 ᠺᠢᠯᠤᠭ᠍ᠷᠠᠮ ᠤᠯᠤᠰᠦ ᠂ 2.76 m³ ᠳᠡᠷ᠎ᠡ ᠮᠣᠳᠣ ᠰᠢᠲᠠᠵᠤ 4778 ᠲᠦᠭᠦᠷᠢᠭ ᠤᠨ ᠬᠤᠬᠢᠷᠠᠯ ᠭᠠᠷᠭᠠᠵᠠᠢ᠃      1984 ᠣᠨ ᠤ 2 ᠰᠠᠷ᠎ᠠ ᠳᠤ᠂ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠨᠢ ᠬᠦᠮᠦᠷᠭᠡ ᠶᠢ ᠴᠡᠪᠡᠷᠯᠡᠨ ᠲᠢᠭᠯᠡᠬᠦ ᠤᠲᠤᠷᠢᠳᠬᠤ ᠲᠤᠭᠤᠶᠢᠯᠠᠩ ᠢ ᠪᠠᠶᠢᠭᠤᠯᠵᠦ᠂ ᠬᠦᠮᠦᠷᠭᠡ ᠴᠡᠪᠡᠷᠯᠡᠬᠦ ᠠᠵᠢᠯ ᠲᠠᠢ ᠤᠶᠠᠯᠲᠤᠭᠤᠯᠤᠨ᠂ ᠡᠯ᠎ᠡ ᠵᠦᠢᠯ ᠤᠨ ᠬᠦᠮᠦᠷᠭᠡᠯᠡᠨ ᠬᠠᠳᠠᠭᠠᠯᠠᠬᠤ ᠲᠦᠷᠢᠮ ᠢ ᠰᠡᠷᠭᠦᠭᠡᠨ ᠰᠠᠶᠢᠵᠢᠷᠠᠭᠤᠯᠤᠭᠰᠠᠨ ᠪᠠᠶᠢᠨ᠎ᠠ᠃ ᠡᠭᠦᠨ ᠠᠴᠠ ᠬᠤᠶᠢᠰᠢ ᠭᠠᠳᠠᠭᠠᠲᠦ ᠠᠷᠠᠯᠵᠢᠶᠠᠨ ᠤ ᠲᠠᠸᠠᠷ ᠤᠨ ᠬᠦᠮᠦᠷᠭᠡᠯᠡᠨ ᠬᠠᠳᠠᠭᠠᠯᠠᠬᠤ ᠠᠵᠢᠯ ᠨᠢ ᠪᠠᠷᠠᠭ᠎ᠠ ᠳᠠᠩᠰᠠ᠂ ᠳᠠᠩᠰᠠ ᠺᠠᠷᠲ ᠬᠠᠷᠢᠯᠴᠠᠨ ᠵᠣᠬᠢᠴᠠᠭᠰᠠᠨ ᠪᠠᠶᠢᠳᠠᠯ ᠢ ᠦᠨᠲᠦᠰᠦᠨ ᠳᠤ ᠪᠠᠨ ᠪᠡᠶᠡᠯᠡᠭᠦᠯᠦᠭᠰᠡᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ