ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠠᠷᠪᠠᠨ ᠭᠤᠷᠪᠠ︶
ᠨᠡᠶᠢᠲᠡᠯᠡᠭᠰᠡᠨ ᠴᠠᠭ᠄
2020/9/29
ᠭᠤᠷᠪᠠᠳᠤᠭᠠᠷ ᠬᠡᠰᠡᠭ ᠭᠤᠷᠪᠠᠨ ᠪᠡᠯᠡ ᠶᠢᠨ ᠠᠵᠤ ᠠᠬᠤᠢᠯᠠᠯ      1987 ᠣᠨ ᠤ 5 ᠰᠠᠷ᠎ᠠ ᠳᠤ᠂ ᠤᠯᠠᠭᠠᠨᠬᠠᠳᠠ ᠶᠢᠨ ᠬᠠᠢ ᠬᠤᠸᠠ ᠢᠳᠡᠭᠡᠨ ᠤ ᠬᠢᠵᠠᠭᠠᠷᠲᠤ ᠺᠣᠮᠫᠠᠨᠢ ᠨᠢ ᠠᠦ᠋ᠰᠳ᠋ᠷᠠᠯᠢᠶ᠎ᠠ ᠶᠢᠨ ᠳ᠋ᠠ ᠰᠢᠨ ᠺᠣᠮᠫᠠᠨᠢ ᠲᠠᠢ ᠭᠡᠷ᠎ᠡ ᠲᠣᠭᠲᠠᠵᠤ᠂ ᠦᠬᠡᠷ ᠤᠨ ᠮᠢᠬᠠᠨ ᠤ ᠵᠥᠭᠡᠯᠡᠨ ᠪᠣᠷᠴᠠ ᠦᠢᠯᠡᠳᠪᠦᠷᠢᠯᠡᠬᠦ ᠮᠡᠷᠭᠡᠵᠢᠯ ᠪᠠ ᠲᠥᠬᠦᠭᠡᠷᠦᠮᠵᠢ ᠶᠢ ᠣᠷᠣᠭᠤᠯᠵᠤ᠂ ᠪᠡᠯᠡ ᠨᠡᠢᠯᠡᠭᠦᠯᠦᠭᠰᠡᠨ ᠠᠵᠤ ᠠᠬᠤᠢᠯᠠᠯ ᠢ ᠡᠷᠬᠢᠯᠡᠭᠰᠡᠨ ᠪᠠᠶᠢᠨ᠎ᠠ᠃ ᠶᠡᠷᠦᠩᠬᠡᠢ ᠪᠡᠯᠡ ᠣᠷᠤᠭᠤᠯᠤᠯᠲᠠ ᠨᠢ 74 ᠲᠦᠮᠡᠨ ᠲᠥᠭᠦᠷᠢᠭ᠂ ᠠᠦ᠋ᠰᠳ᠋ᠷᠠᠯᠢᠶ᠎ᠠ ᠶᠢᠨ ᠳ᠋ᠠ ᠰᠢᠨ ᠺᠣᠮᠫᠠᠨᠢ ᠨᠢ 5 ᠲᠦᠮᠡᠨ ᠳ᠋ᠣᠯᠯᠠᠷ ᠤᠨ ᠪᠡᠯᠡ ᠣᠷᠣᠭᠤᠯᠵᠠᠢ᠃ ᠣᠷᠣᠭᠤᠯᠤᠭᠰᠠᠨ ᠭᠤᠣᠯ ᠪᠣᠯᠬᠤ ᠲᠥᠬᠦᠭᠡᠷᠦᠮᠵᠢ ᠳᠤ᠄      ᠠᠦ᠋ᠲ᠋ᠣᠴᠢᠯᠠᠭᠰᠠᠨ ᠬᠡᠷᠴᠢᠬᠦ ᠮᠠᠰᠢᠨ     1 ᠰᠠᠭᠤᠷᠢ    EF — 260   ᠲᠠᠢᠸᠠᠨ ᠮᠤᠵᠢ      ᠠᠦ᠋ᠲ᠋ᠣᠴᠢᠯᠠᠭᠰᠠᠨ ᠰᠢᠷᠠᠬᠤ ᠵᠤᠤᠬ᠎ᠠ    1 ᠰᠠᠭᠤᠷᠢ    SC — 43     ᠲᠠᠢᠸᠠᠨ ᠮᠤᠵᠢ      ᠬᠤᠶᠠᠷ ᠡᠭᠦᠳᠡ ᠲᠠᠢ ᠬᠠᠲᠠᠭᠠᠬᠤ ᠮᠠᠰᠢᠨ 1 ᠰᠠᠭᠤᠷᠢ    BOX — 30 ᠲᠠᠢᠸᠠᠨ ᠮᠤᠵᠢ      ᠬᠤᠶᠠᠷ ᠬᠥᠳᠡᠯᠭᠡᠭᠦᠷ ᠲᠠᠢ ᠬᠠᠮ ᠮᠠᠰᠢᠨ  1 ᠰᠠᠭᠤᠷᠢ    MX — 86   ᠲᠠᠢᠸᠠᠨ ᠮᠤᠵᠢ      ᠮᠢᠬ᠎ᠠ ᠬᠡᠷᠴᠢᠬᠦ ᠮᠠᠰᠢᠨ                1 ᠰᠠᠭᠤᠷᠢ    AS — 10     ᠲᠠᠢᠸᠠᠨ ᠮᠤᠵᠢ      1987 ᠣᠨ ᠳᠤ ᠤᠯᠠᠭᠠᠨᠬᠠᠳᠠ ᠬᠤᠲᠠ ᠶᠢᠨ ᠲᠡᠮᠦᠷᠯᠢᠭ ᠤᠨ ᠦᠢᠯᠡᠳᠪᠦᠷᠢ ᠨᠢ ᠣᠣᠮᠧᠨ ᠲᠠᠢ ᠪᠡᠯᠡ ᠨᠡᠢᠯᠡᠭᠦᠯᠵᠦ᠂ ᠤᠯᠠᠭᠠᠨᠬᠠᠳᠠ ᠳᠤ ᠨᠠᠨ ᠬᠤᠸᠠ ᠲᠡᠮᠦᠷᠯᠢᠭ ᠤᠨ ᠬᠢᠵᠠᠭᠠᠷᠲᠤ ᠺᠣᠮᠫᠠᠨᠢ ᠶᠢ ᠪᠠᠶᠢᠭᠤᠯᠵᠠᠢ᠂ ᠲᠤᠰ ᠲᠥᠷᠥᠯ ᠵᠦᠢᠯ ᠨᠢ 100 ᠲᠦᠮᠡᠨ ᠲᠥᠭᠦᠷᠢᠭ ᠤᠨ ᠪᠡᠯᠡ ᠣᠷᠣᠭᠤᠯᠵᠠᠢ᠃      1988 ᠣᠨ ᠤ 4 ᠰᠠᠷ᠎ᠠ ᠶᠢᠨ 23᠎ ᠤ ᠡᠳᠦᠷ ᠤᠯᠠᠭᠠᠨᠬᠠᠳᠠ ᠶᠢᠨ ᠬᠠᠳᠬᠤᠮᠠᠯ ᠪᠥᠮᠪᠥᠭᠡᠯᠢᠭ ᠤᠨ ᠦᠢᠯᠡᠳᠪᠦᠷᠢ ᠨᠢ ᠰᠢᠶᠠᠩᠭᠠᠩ ᠤᠨ ᠧᠦ ᠵᠢᠶᠠᠩ ᠣᠯᠠᠨ ᠤᠯᠤᠰ ᠤᠨ ᠬᠢᠵᠠᠭᠠᠷᠲᠤ ᠺᠣᠮᠫᠠᠨᠢ ᠪᠠ ᠲᠠᠢᠸᠠᠨ ᠤ ᠵᠧᠩ ᠳ᠋ᠠ ᠨᠢ ᠯᠥᠩ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠵᠤ᠂ ᠶᠠᠫᠤᠨ ᠠᠴᠠ ᠬᠡᠮᠡᠷᠯᠢᠭ ᠦᠢᠯᠡᠳᠪᠦᠷᠢᠯᠡᠬᠦ ᠲᠥᠬᠦᠭᠡᠷᠦᠮᠵᠢ ᠶᠢ ᠣᠷᠣᠭᠤᠯᠵᠤ᠂ ᠪᠡᠯᠡ ᠨᠡᠢᠯᠡᠭᠦᠯᠦᠭᠰᠡᠨ ᠠᠵᠤ ᠠᠬᠤᠢᠯᠠᠯ ᠡᠷᠬᠢᠯᠡᠭᠰᠡᠨ ᠪᠠᠶᠢᠨ᠎ᠠ᠃ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 300 ᠲᠦᠮᠡᠨ ᠲᠥᠭᠦᠷᠢᠭ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 100 ᠲᠦᠮᠡᠨ ᠳ᠋ᠣᠯᠯᠠᠷ ᠪᠠᠶᠢᠵᠤ᠂ ᠳᠤᠮᠳᠠᠳᠤ ᠤᠯᠤᠰ ᠤᠨ ᠲᠣᠷᠭ᠎ᠠ ᠳᠤᠷᠳᠤᠩ ᠢ ᠣᠷᠣᠭᠤᠯᠵᠤ ᠭᠠᠷᠭᠠᠬᠤ ᠺᠣᠮᠫᠠᠨᠢ᠂ ᠰᠢᠶᠠᠩᠭᠠᠩ ᠧᠦ ᠵᠢᠶᠠᠩ ᠣᠯᠠᠨ ᠤᠯᠤᠰ ᠤᠨ ᠬᠢᠵᠠᠭᠠᠷᠲᠤ ᠺᠣᠮᠫᠠᠨᠢ᠂ ᠲᠠᠢᠸᠠᠨ ᠤ ᠵᠧᠩ ᠳ᠋ᠠ ᠨᠢ ᠯᠥᠩ ᠬᠢᠵᠠᠭᠠᠷᠲᠤ ᠺᠣᠮᠫᠠᠨᠢ ᠪᠠ ᠤᠯᠠᠭᠠᠨᠬᠠᠳᠠ ᠬᠤᠲᠠ ᠬᠠᠮᠲᠤ ᠪᠠᠷ ᠪᠡᠯᠡ ᠣᠷᠣᠭᠤᠯᠵᠠᠢ᠃ ᠣᠷᠣᠭᠤᠯᠤᠭᠰᠠᠨ ᠭᠤᠣᠯ ᠪᠣᠯᠬᠤ ᠲᠥᠬᠦᠭᠡᠷᠦᠮᠵᠢ ᠨᠢ ᠶᠠᠫᠤᠨ ᠠᠴᠠ ᠣᠷᠣᠭᠤᠯᠤᠭᠰᠠᠨ KSW32 ᠬᠡᠯᠪᠡᠷᠢ ᠶᠢᠨ ᠰᠦᠯᠵᠢᠨ ᠣᠶᠣᠬᠤ ᠮᠠᠰᠢᠨ 20 ᠰᠠᠭᠤᠷᠢ ᠪᠣᠯᠣᠨ᠎ᠠ᠃      1988 ᠣᠨ ᠳᠤ᠂ ᠤᠯᠠᠭᠠᠨᠬᠠᠳᠠ ᠬᠤᠲᠠ ᠶᠢᠨ ᠨᠠᠷᠢᠨ ᠤ ᠨᠡᠬᠡᠮᠡᠯ ᠤᠨ ᠦᠢᠯᠡᠳᠪᠦᠷᠢ ᠨᠢ ᠰᠢᠶᠠᠩᠭᠠᠩ ᠲᠠᠢ ᠪᠡᠯᠡ ᠨᠡᠢᠯᠡᠭᠦᠯᠦᠨ ︽ᠴᠠᠩ ᠯᠢᠨ ᠨᠡᠬᠡᠮᠡᠯ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ︾᠎ ᠶᠢ ᠡᠷᠬᠢᠯᠡᠭᠰᠡᠨ ᠪᠠᠶᠢᠨ᠎ᠠ᠃ ᠶᠡᠷᠦᠩᠬᠡᠢ ᠪᠡᠯᠡ ᠣᠷᠤᠭᠤᠯᠤᠯᠲᠠ ᠨᠢ 42.23 ᠲᠦᠮᠡᠨ ᠳ᠋ᠣᠯᠯᠠᠷ᠃      1988 ᠣᠨ ᠳᠤ᠂ ᠤᠯᠠᠭᠠᠨᠬᠠᠳᠠ ᠬᠤᠲᠠ ᠶᠢᠨ ᠾᠥᠩ ᠳ᠋ᠠ ᠠᠵᠢᠯ ᠦᠢᠯᠡᠰ ᠤᠨ ᠶᠡᠷᠦᠩᠬᠡᠢ ᠺᠣᠮᠫᠠᠨᠢ᠂ ᠱᠧᠨᠵᠧᠨ ᠤ ᠾᠥᠩ ᠮᠣᠣ ᠠᠷᠠᠯᠵᠢᠶᠠᠨ ᠤ ᠬᠢᠵᠠᠭᠠᠷᠲᠤ ᠺᠣᠮᠫᠠᠨᠢ᠂ ᠰᠢᠶᠠᠩᠭᠠᠩ ᠤᠨ ᠾᠥᠩ ᠳ᠋ᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠭᠤᠷᠪᠠᠨ ᠲᠠᠯ᠎ᠠ ᠬᠠᠮᠲᠤᠷᠠᠨ ᠪᠡᠯᠡ ᠣᠷᠣᠭᠤᠯᠵᠤ᠂ ᠤᠯᠠᠭᠠᠨᠬᠠᠳᠠ ᠬᠤᠲᠠ ᠳᠤ ᠪᠡᠯᠡ ᠨᠡᠢᠯᠡᠭᠦᠯᠦᠨ ᠡᠵᠡᠩᠨᠡᠭᠰᠡᠨ ᠠᠵᠤ ᠠᠬᠤᠢᠯᠠᠯ ᠪᠣᠯᠬᠤ ︽ᠤᠯᠠᠭᠠᠨᠬᠠᠳᠠ ᠰᠢᠶᠠᠩᠭᠠᠩ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ︾᠎ ᠶᠢ ᠡᠷᠬᠢᠯᠡᠨ  ᠪᠠᠶᠢᠭᠤᠯᠤᠭᠰᠠᠨ ᠪᠠᠶᠢᠨ᠎ᠠ᠃ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 1496 ᠲᠦᠮᠡᠨ ᠲᠥᠭᠦᠷᠢᠭ ︵402.15 ᠲᠦᠮᠡᠨ ᠳ᠋ᠣᠯᠯᠠᠷ︶᠃ ᠳᠠᠩᠰᠠᠯᠠᠭᠰᠠᠨ ᠬᠥᠷᠥᠩᠭᠡ ᠶᠢᠨ ᠬᠡᠮᠵᠢᠶ᠎ᠡ ᠨᠢ 800 ᠲᠦᠮᠡᠨ ᠲᠥᠭᠦᠷᠢᠭ ︵215.25 ᠲᠦᠮᠡᠨ ᠳ᠋ᠣᠯᠯᠠᠷ︶᠃ ᠡᠭᠦᠨ ᠳᠤ᠂ ᠤᠯᠠᠭᠠᠨᠬᠠᠳᠠ ᠶᠢᠨ ᠾᠥᠩ ᠳ᠋ᠠ ᠠᠵᠢᠯ ᠦᠢᠯᠡᠰ ᠤᠨ ᠶᠡᠷᠦᠩᠬᠡᠢ ᠺᠣᠮᠫᠠᠨᠢ ᠨᠢ 440 ᠲᠦᠮᠡᠨ ᠲᠥᠭᠦᠷᠢᠭ ︵118.28 ᠲᠦᠮᠡᠨ ᠳ᠋ᠣᠯᠯᠠᠷ︶᠎ ᠤᠨ ᠪᠡᠯᠡ ᠣᠷᠣᠭᠤᠯᠵᠤ᠂ ᠳᠠᠩᠰᠠᠯᠠᠭᠰᠠᠨ ᠬᠥᠷᠥᠩᠭᠡ ᠨᠢ 55%᠎ ᠶᠢ ᠡᠵᠡᠯᠡᠵᠦ ᠪᠠᠶᠢᠪᠠ᠂ ᠱᠧᠨᠵᠧᠨ ᠤ ᠾᠥᠩ ᠮᠣᠣ ᠠᠷᠠᠯᠵᠢᠶᠠᠨ ᠤ ᠺᠣᠮᠫᠠᠨᠢ ᠨᠢ 120 ᠲᠦᠮᠡᠨ ᠲᠥᠭᠦᠷᠢᠭ ︵32.26 ᠲᠦᠮᠡᠨ ᠳ᠋ᠣᠯᠯᠠᠷ︶᠎ ᠤᠨ ᠪᠡᠯᠡ ᠣᠷᠣᠭᠤᠯᠵᠤ᠂ ᠳᠠᠩᠰᠠᠯᠠᠭᠰᠠᠨ ᠬᠥᠷᠥᠩᠭᠡ ᠨᠢ 15%᠎ ᠶᠢ ᠡᠵᠡᠯᠡᠵᠦ᠂ ᠰᠢᠶᠠᠩᠭᠠᠩ ᠤᠨ ᠾᠥᠩ ᠳ᠋ᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠨᠢ 64.51 ᠲᠦᠮᠡᠨ ᠳ᠋ᠣᠯᠯᠠᠷ ︵240 ᠲᠦᠮᠡᠨ ᠲᠥᠭᠦᠷᠢᠭ︶᠎ ᠤᠨ ᠪᠡᠯᠡ ᠣᠷᠣᠭᠤᠯᠵᠤ᠂ ᠳᠠᠩᠰᠠᠯᠠᠭᠰᠠᠨ ᠬᠥᠷᠥᠩᠭᠡ ᠨᠢ 30%᠎ ᠶᠢ ᠡᠵᠡᠯᠡᠭᠰᠡᠨ ᠪᠠᠶᠢᠨ᠎ᠠ᠃ ᠠᠵᠤ ᠠᠬᠤᠢᠯᠠᠯ ᠤᠨ ᠡᠵᠡᠩᠨᠡᠬᠦ ᠬᠡᠪᠴᠢᠶ᠎ᠡ ᠨᠢ᠄ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ᠂ ᠪᠤᠳᠤᠭᠲᠤ ᠮᠠᠲ᠋ᠧᠷᠢᠶᠠᠯ ᠢ ᠦᠢᠯᠡᠳᠪᠦᠷᠢᠯᠡᠨ ᠪᠣᠷᠣᠯᠠᠭᠤᠯᠤᠨ᠎ᠠ᠃ ᠵᠢᠯ ᠳᠤ H ᠬᠦᠴᠢᠯ 600 ᠲᠣᠨ ᠦᠢᠯᠡᠳᠪᠦᠷᠢᠯᠡᠵᠦ᠂ ᠦᠢᠯᠡᠳᠬᠦᠨ ᠤ 80%᠎ ᠢ ᠨᠢ ᠤᠯᠤᠰ ᠤᠨ ᠭᠠᠳᠠᠭᠠᠳᠤ ᠳᠤ ᠪᠣᠷᠣᠯᠠᠭᠤᠯᠤᠨ᠎ᠠ᠃ ᠪᠡᠯᠡ ᠨᠡᠢᠯᠡᠭᠦᠯᠦᠨ ᠡᠵᠡᠩᠨᠡᠬᠦ ᠬᠤᠭᠤᠴᠠᠭ᠎ᠠ ᠨᠢ 20 ᠵᠢᠯ᠃      1989 ᠣᠨ ᠳᠤ᠂ ᠤᠯᠠᠭᠠᠨᠬᠠᠳᠠ ᠬᠤᠲᠠ ᠶᠢᠨ ᠯᠢᠨᠳᠦ᠋ᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢ ᠨᠢ ᠹᠷᠠᠨᠼᠢ ᠤᠯᠤᠰ ᠲᠠᠢ ᠪᠡᠯᠡ ᠨᠡᠢᠯᠡᠭᠦᠯᠦᠨ ︽ᠢ ᠮᠧᠢ ᠵᠠᠰᠠᠯ ᠵᠢᠮᠰᠡᠭ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ︾᠎ ᠶᠢ ᠡᠷᠬᠢᠯᠡᠨ ᠪᠠᠶᠢᠭᠤᠯᠵᠤ᠂ ᠶᠡᠷᠦᠩᠬᠡᠢ ᠪᠡᠯᠡ ᠣᠷᠤᠭᠤᠯᠤᠯᠲᠠ ᠨᠢ 113 ᠲᠦᠮᠡᠨ ᠳ᠋ᠣᠯᠯᠠᠷ ᠪᠠᠶᠢᠵᠠᠢ᠃      1989 ᠣᠨ ᠳᠤ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠶᠢᠨ ᠾᠦᠢ ᠡᠳ᠋ ᠪᠠᠷᠠᠭ᠎ᠠ ᠬᠤᠳᠠᠯᠳᠤᠨ ᠠᠪᠴᠤ ᠪᠣᠷᠣᠯᠠᠭᠤᠯᠬᠤ ᠥᠷᠲᠡᠭᠡ ᠨᠢ ᠣᠣᠮᠧᠨ ᠲᠠᠢ ᠪᠡᠯᠡ ᠨᠡᠢᠯᠡᠭᠦᠯᠵᠦ ︽ᠤᠯᠠᠭᠠᠨᠬᠠᠳᠠ ᠬᠤᠲᠠ ᠶᠢᠨ ᠶᠢᠨ ᠮᠧᠢ ᠮᠣᠳᠣᠨ ᠬᠡᠷᠡᠭᠰᠡᠯ ᠤᠨ ᠬᠢᠵᠠᠭᠠᠷᠲᠤ ᠺᠣᠮᠫᠠᠨᠢ︾᠎ ᠶᠢ ᠡᠷᠬᠢᠯᠡᠨ ᠪᠠᠶᠢᠭᠤᠯᠤᠭᠰᠠᠨ ᠪᠠᠶᠢᠨ᠎ᠠ᠃ ᠲᠤᠰ ᠲᠥᠷᠥᠯ ᠵᠦᠢᠯ ᠨᠢ 25.3 ᠲᠦᠮᠡᠨ ᠳ᠋ᠣᠯᠯᠠᠷ ᠤᠨ ᠪᠡᠯᠡ ᠣᠷᠣᠭᠤᠯᠵᠠᠢ᠃ᠳᠥᠷᠪᠡᠳᠦᠭᠡᠷ ᠬᠡᠰᠡᠭ ᠬᠥᠳᠡᠯᠮᠦᠷᠢ ᠬᠦᠴᠦ ᠶᠢ ᠭᠠᠳᠠᠭᠰᠢ ᠭᠠᠷᠭᠠᠭᠰᠠᠨ      1990 ᠣᠨ ᠤ 3 ᠰᠠᠷ᠎ᠠ ᠳᠤ᠂ ᠨᠢᠩᠴᠧᠩ ᠰᠢᠶᠠᠨ ᠤ ᠢᠦᠢ ᠱᠤ᠋ ᠯᠢᠨᠽᠢ ᠰᠢᠶᠠᠩ᠂ ᠡᠯ ᠯᠥᠩ ᠪᠠᠯᠭᠠᠰᠤ᠂ ᠲᠧᠦ ᠳ᠋ᠣᠣ ᠢᠩᠽᠢ ᠰᠢᠶᠠᠩ ᠤᠨ 193 ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯᠲᠡᠨ ᠵᠥᠪᠯᠡᠯᠲᠦ ᠬᠤᠯᠪᠣᠭᠠᠲᠤ ᠤᠯᠤᠰ ᠤᠨ ᠪᠤᠷᠢᠶᠠᠳ ᠣᠷᠣᠨ ᠳᠤ ᠬᠦᠷᠴᠦ᠂ ᠤᠯᠠᠭᠠᠨ ᠤᠳᠠ ᠬᠤᠲᠠ ᠶᠢᠨ ᠮᠠᠯ ᠠᠵᠤ ᠠᠬᠤᠢ ᠲᠠᠷᠢᠶᠠᠯᠠᠩ ᠤᠨ ᠵᠥᠪᠯᠡᠯ ᠳᠤ ᠬᠠᠷᠢᠶᠠᠯᠠᠭᠳᠠᠬᠤ 406.85 ᠾᠧᠺᠲ᠋ᠠᠷ ᠮᠠᠯᠵᠢᠯ ᠤᠨ ᠲᠠᠯᠠᠪᠠᠢ ᠶᠢ ᠬᠠᠮᠲᠤ ᠪᠠᠷ ᠳᠠᠭᠠᠭᠠᠴᠢᠯᠠᠨ ᠠᠪᠴᠤ᠂ ᠪᠥᠭᠡᠷᠡᠩᠬᠡᠢ ᠴᠠᠭᠠᠨ ᠨᠣᠭᠤᠭ᠎ᠠ᠂ ᠬᠤ᠋ ᠯᠤᠤᠪᠠᠩ᠂ ᠥᠷᠭᠡᠰᠦᠲᠦ ᠬᠡᠮᠬᠡ᠂ ᠲᠥᠪᠡᠳ ᠬᠠᠰᠢ ᠵᠡᠷᠭᠡ 10 ᠭᠠᠷᠤᠢ ᠵᠦᠢᠯ ᠤᠨ ᠢᠳᠡᠰᠢᠨ ᠨᠣᠭᠤᠭ᠎ᠠ ᠲᠠᠷᠢᠭᠰᠠᠨ ᠪᠠᠶᠢᠨ᠎ᠠ᠃      ᠳᠠᠷᠠᠭ᠎ᠠ ᠵᠢᠯ ᠤᠨ 1 ᠰᠠᠷ᠎ᠠ ᠶᠢᠨ 15᠎ ᠤ ᠡᠳᠦᠷ᠂ ᠠᠤᠬᠠᠨ ᠬᠤᠰᠢᠭᠤᠨ ᠤ ᠵᠠᠰᠠᠭ ᠤᠨ ᠣᠷᠳᠣᠨ ᠮᠠᠰᠢᠨ ᠲᠡᠷᠭᠡ ᠲᠷᠠᠺᠲ᠋ᠣᠷ ᠤᠨ ᠵᠢᠯᠣᠭᠤᠴᠢ ᠶᠢ ᠪᠠᠭᠲᠠᠭᠠᠭᠰᠠᠨ 91 ᠨᠣᠭᠤᠭ᠎ᠠ ᠲᠠᠷᠢᠭᠴᠢ ᠶᠢ ᠲᠣᠮᠢᠯᠠᠵᠤ᠂ 4 ᠬᠠᠮᠢᠶᠠᠷᠤᠭᠴᠢ ᠺᠠᠳ᠋ᠷ ᠤᠨ ᠳᠠᠭᠠᠭᠤᠯᠭ᠎ᠠ ᠪᠠᠷ ᠵᠥᠪᠯᠡᠯᠲᠦ ᠬᠤᠯᠪᠣᠭᠠᠲᠤ ᠤᠯᠤᠰ ᠤᠨ ᠢᠸᠠᠷ ᠲᠠᠷᠢᠶᠠᠯᠠᠩ ᠤᠨ ᠲᠠᠯᠠᠪᠠᠢ ᠳᠤ ᠬᠦᠷᠴᠦ ᠪᠥᠭᠡᠷᠡᠩᠬᠡᠢ ᠴᠠᠭᠠᠨ ᠨᠣᠭᠤᠭ᠎ᠠ᠂ ᠰᠢᠬᠢᠷ ᠲᠥᠮᠥᠰᠥ᠂ ᠬᠤ᠋ ᠯᠤᠤᠪᠠᠩ ᠵᠡᠷᠭᠡ 11 ᠵᠦᠢᠯ ᠤᠨ ᠢᠳᠡᠰᠢᠨ ᠨᠣᠭᠤᠭ᠎ᠠ ᠲᠠᠷᠢᠭᠰᠠᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ