ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠶᠢᠰᠦ︶
ᠨᠡᠶᠢᠲᠡᠯᠡᠭᠰᠡᠨ ᠴᠠᠭ᠄
2020/9/29
ᠲᠦᠷᠪᠡᠲᠦᠭᠡᠷ ᠬᠡᠰᠡᠭ ᠲᠠᠸᠠᠷ ᠤᠨ ᠬᠢᠨᠠᠨ ᠰᠢᠯᠭᠠᠯᠲᠠ      1951 ᠤᠨ ᠳᠤ᠂ ᠤᠯᠠᠭᠠᠨᠬᠠᠳᠠ ᠶᠢᠨ ᠭᠠᠳᠠᠭᠠᠲᠦ ᠳᠤ ᠭᠠᠷᠭᠠᠬᠤ ᠲᠠᠸᠠᠷ ᠢ ᠬᠦᠬᠡᠬᠤᠲᠠ ᠶᠢᠨ ᠲᠠᠸᠠᠷ ᠢ ᠬᠢᠨᠠᠨ ᠰᠢᠯᠭᠠᠬᠤ ᠲᠤᠪᠴᠢᠶ᠎ᠠ ᠠᠴᠠ ᠬᠠᠷᠢᠭᠤᠴᠠᠨ ᠬᠢᠨᠠᠨ ᠰᠢᠯᠭᠠᠵᠦ ᠪᠠᠶᠢᠪᠠ᠃      1956 ᠤᠨ ᠳᠤ ᠭᠠᠳᠠᠭᠠᠲᠦ ᠳᠤ ᠭᠠᠷᠭᠠᠬᠤ ᠲᠠᠸᠠᠷ ᠢ ᠵᠢᠨᠵᠧᠦ ᠶᠢᠨ ᠲᠠᠸᠠᠷ ᠢ ᠬᠢᠨᠠᠨ ᠰᠢᠯᠭᠠᠬᠤ ᠲᠣᠪᠴᠢᠶ᠎ᠠ ᠠᠴᠠ ᠬᠠᠷᠢᠭᠤᠴᠠᠨ ᠬᠢᠨᠠᠨ ᠰᠢᠯᠭᠠᠵᠤ ᠪᠠᠶᠢᠪᠠ      1962 ᠤᠨ ᠤ 1 ᠰᠠᠷ᠎ᠠ ᠳᠤ ᠤᠯᠠᠭᠠᠨᠬᠠᠳᠠ ᠶᠢᠨ ᠲᠠᠸᠠᠷ ᠢ ᠬᠢᠨᠠᠨ ᠰᠢᠯᠭᠠᠬᠤ ᠭᠠᠵᠠᠷ ᠪᠠᠶᠢᠭᠤᠯᠤᠭᠳᠠᠵᠤ᠂ ᠤᠯᠠᠭᠠᠨᠬᠠᠳᠠ ᠭᠠᠵᠠᠷ ᠤᠷᠤᠨ ᠤ ᠤᠷᠤᠭᠤᠯᠵᠦ ᠭᠠᠷᠭᠠᠬᠤ ᠲᠠᠸᠠᠷ ᠢ ᠪᠠᠶᠢᠴᠠᠭᠠᠨ ᠰᠢᠯᠭᠠᠬᠤ ᠪᠠ ᠬᠢᠨᠠᠬᠤ ᠠᠵᠢᠯ ᠢ ᠬᠠᠷᠢᠭᠤᠴᠠᠵᠦ ᠪᠠᠶᠢᠪᠠ᠃      1963 ᠤᠨ ᠳᠤ ᠤᠯᠠᠭᠠᠨᠬᠠᠳᠠ ᠶᠢᠨ ᠲᠠᠸᠠᠷ ᠢ ᠪᠠᠶᠢᠴᠠᠭᠠᠬᠤ ᠭᠠᠵᠠᠷ ᠨᠢ ᠭᠠᠳᠠᠭᠠᠲᠦ ᠳᠤ ᠭᠠᠷᠭᠠᠬᠤ ᠹᠯᠤᠷᠲᠦ ᠴᠢᠯᠠᠭᠤ ᠳᠤ ᠪᠠᠶᠢᠴᠠᠭᠠᠨ ᠰᠢᠯᠭᠠᠪᠠ᠃ ᠭᠠᠳᠠᠭᠠᠲᠦ ᠳᠤ ᠭᠠᠷᠭᠠᠬᠤ ᠲᠦᠭᠦᠬᠡᠢ ᠦᠨᠳᠡᠭᠡ ᠶᠢ ᠪᠠᠶᠢᠴᠠᠭᠠᠨ ᠰᠢᠯᠭᠠᠬᠤ ᠠᠵᠢᠯ ᠳᠤ ᠲᠠᠸᠠᠷ ᠢ ᠪᠠᠶᠢᠴᠠᠭᠠᠬᠤ ᠭᠠᠵᠠᠷ ᠨᠢ ᠪᠠᠶᠢᠴᠠᠭᠠᠬᠤ ᠠᠵᠢᠯᠲᠠᠨ ᠲᠤᠮᠢᠯᠠᠨ ᠤᠶᠢᠯᠡᠳᠪᠦᠷᠢ ᠳᠤ ᠨᠢ ᠰᠠᠭᠤᠯᠭᠠᠨ ᠪᠠᠶᠢᠴᠠᠭᠠᠯᠪᠠ᠃      1964 — 1971 ᠤᠨ ᠳᠤ ᠲᠠᠸᠠᠷ ᠢ ᠪᠠᠶᠢᠴᠠᠭᠠᠨ ᠰᠢᠯᠭᠠᠬᠤ ᠭᠠᠵᠠᠷ ᠤᠨ ᠪᠠᠶᠢᠴᠠᠭᠠᠨ ᠰᠢᠯᠭᠠᠬᠤ ᠲᠦᠷᠦᠯ ᠵᠦᠢᠯ ᠨᠢ ᠭᠤᠤᠯᠳᠠᠭᠤ ᠭᠠᠳᠠᠭᠠᠲᠦ ᠳᠤ ᠭᠠᠷᠭᠠᠬᠤ ᠲᠠᠷᠢᠶᠠᠯᠠᠩ ᠤᠨ ᠳᠤᠰᠠᠯᠠᠬᠤ ᠪᠦᠲᠦᠭᠡᠭᠳᠡᠭᠦᠨ᠂ ᠹᠯᠤᠷᠲᠦ ᠴᠢᠯᠠᠭᠤ ᠵᠡᠷᠭᠡ ᠠᠷᠪᠠᠭᠠᠳ ᠲᠦᠷᠦᠯ ᠪᠠᠶᠢᠵᠦ᠂ ᠨᠢᠭᠡ ᠬᠢᠮᠢ ᠶᠢᠨ ᠲᠤᠷᠰᠢᠯᠲᠠ ᠶᠢᠨ ᠳᠠᠰᠤᠭ ᠲᠠᠢ ᠪᠠᠶᠢᠵᠦ᠂ ᠭᠠᠳᠠᠭᠠᠲᠦ ᠳᠤ ᠭᠠᠷᠭᠠᠬᠤ ᠹᠯᠤᠷᠲᠦ ᠴᠢᠯᠠᠭᠤ ᠶᠢᠨ ᠨᠢᠭᠡ ᠪᠦᠯᠦᠭ ᠬᠢᠮᠢ ᠪᠢᠽᠢᠺ ᠤᠨ ᠲᠤᠷᠰᠢᠯᠲᠠ ᠶᠢᠨ ᠲᠦᠷᠦᠯ ᠵᠦᠢᠯ ᠢ ᠪᠠᠶᠢᠴᠠᠭᠠᠨ ᠰᠢᠯᠭᠠᠵᠤ ᠪᠠᠶᠢᠪᠠ᠃      1972 ᠤᠨ ᠳᠤ ᠲᠠᠸᠠᠷ ᠢ ᠪᠠᠶᠢᠴᠠᠭᠠᠨ ᠰᠢᠯᠭᠠᠬᠤ ᠭᠠᠵᠠᠷ ᠨᠢ ᠭᠠᠳᠠᠭᠠᠲᠦ ᠳᠤ ᠭᠠᠷᠭᠠᠬᠤ ᠲᠠᠸᠠᠷ ᠢ ᠨᠡᠶᠢᠲᠡ 723 ᠪᠦᠯᠦᠭ ᠤᠳᠠᠭ᠎ᠠ᠂ 70218 ᠲᠤᠨ ᠪᠠᠶᠢᠴᠠᠭᠠᠨ ᠰᠢᠯᠭᠠᠭᠰᠠᠨ ᠪᠠᠶᠢᠨ᠎ᠠ᠃ ᠡᠭᠦᠨ ᠳᠤ ᠹᠯᠤᠷᠲᠦ ᠴᠢᠯᠠᠭᠤ 508 ᠤᠳᠠᠭ᠎ᠠ᠂ 57555 ᠲᠤᠨ᠃ ᠠᠮᠤ ᠪᠤᠳᠠᠭ᠎ᠠ 11600 ᠲᠤᠨ᠃ ᠬᠦᠯᠳᠡᠭᠡᠭᠰᠡᠨ ᠳᠠᠤᠯᠠᠢ ᠶᠢᠨ ᠮᠢᠬ᠎ᠠ᠂ ᠬᠦᠯᠳᠡᠭᠡᠭᠰᠡᠨ ᠲᠠᠭᠢᠶᠠᠨ ᠮᠢᠬ᠎ᠠ᠂ ᠬᠡᠭᠡᠷ᠎ᠡ ᠶᠢᠨ ᠵᠢᠭᠦᠷᠲᠡᠨ᠂ ᠬᠤᠯᠢᠰᠢᠨ ᠢᠳᠡᠭᠡᠨ᠂ ᠰᠢᠪᠠᠭᠤᠨ ᠨᠢᠳᠤᠷᠭ᠎ᠠ ᠵᠡᠷᠭᠡ 295 ᠲᠤᠨ᠃ ᠦᠭᠡᠷ᠂ ᠬᠤᠨᠢ᠂ ᠡᠯᠵᠢᠭᠡᠨ ᠮᠢᠬ᠎ᠠ 362 ᠲᠤᠨ᠃ ᠪᠤᠰᠤᠳ ᠪᠠᠶᠢᠭᠤᠯᠭ᠎ᠠ ᠨᠠᠶᠢᠳᠠᠵᠤ ᠪᠠᠶᠢᠴᠠᠭᠠᠨ ᠰᠢᠯᠭᠠᠭᠰᠠᠨ ᠹᠯᠤᠷᠲᠦ ᠴᠢᠯᠠᠭᠤ ᠨᠢ 215 ᠤᠳᠠᠭ᠎ᠠ ᠪᠤᠯᠤᠨ᠎ᠠ᠃      1977 ᠤᠨ ᠳᠤ ᠲᠠᠸᠠᠷ ᠢ ᠪᠠᠶᠢᠴᠠᠭᠠᠨ ᠰᠢᠯᠭᠠᠬᠤ ᠭᠠᠵᠠᠷ ᠠᠴᠠ ᠭᠠᠳᠠᠭᠠᠲᠦ ᠳᠤ ᠭᠠᠷᠭᠠᠬᠤ ᠲᠠᠸᠠᠷ ᠢ 765 ᠤᠳᠠᠭ᠎ᠠ ᠪᠠᠶᠢᠴᠠᠭᠠᠨ ᠰᠢᠯᠭᠠᠭᠰᠠᠨ ᠪᠠᠶᠢᠨ᠎ᠠ ᠃ ᠭᠠᠳᠠᠭᠠᠲᠦ ᠠᠴᠠ ᠤᠷᠤᠭᠤᠯᠤᠭᠰᠠᠨ ᠵᠢᠴᠢ ᠪᠦᠷᠢᠲᠦᠭᠰᠡᠨ ᠲᠦᠭᠦᠭᠡᠷᠦᠮᠵᠢ ᠶᠢ 19 ᠤᠳᠠᠭ᠎ᠠ᠂ 13997 ᠬᠠᠶᠢᠷᠴᠠᠭ ︵ᠢᠵᠢ︶᠎ ᠢ ᠪᠠᠶᠢᠴᠠᠭᠠᠨ᠂ 366 ᠵᠦᠢᠯ ᠳᠤ ᠠᠰᠠᠭᠤᠳᠠᠯ ᠢ ᠢᠯᠡᠷᠡᠭᠦᠯᠦᠨ᠂ 45.4 ᠲᠦᠮᠡᠨ ᠲᠦᠭᠦᠷᠢᠭ ᠢ ᠡᠭᠡᠭᠦᠯᠦᠨ ᠠᠪᠴᠢᠷᠠᠵᠦ᠂ 11800 ᠰᠠᠭᠤᠷᠢ ᠲᠦᠭᠦᠭᠡᠷᠦᠮᠵᠢ ᠶᠢ ᠲᠦᠯᠦᠭᠦᠯᠵᠦ᠂ ᠲᠠᠸᠠᠷ ᠢ ᠪᠠᠶᠢᠴᠠᠭᠠᠨ ᠰᠢᠯᠭᠠᠬᠤ ᠲᠤᠤᠷᠵᠢᠯ ᠢ ᠪᠠᠶᠢᠭᠤᠯᠤᠭᠰᠠᠨ ᠪᠠᠶᠢᠨ᠎ᠠ᠃      ᠳᠤᠰ ᠵᠢᠯ ᠳᠤ᠂ ᠶᠤᠸᠠᠨ ᠪᠤᠤ ᠱᠠᠨ ᠴᠠᠭᠢᠯᠭᠠᠨ ᠤᠶᠢᠯᠡᠳᠪᠦᠷᠢ ᠶᠢᠨ ᠨᠢᠭᠡᠲᠦᠭᠡᠷ ᠬᠤᠭᠤᠴᠠᠭᠠᠨ ᠤ ᠪᠠᠷᠢᠯᠭ᠎ᠠ ᠨᠢ 30 ᠲᠦᠮᠡᠨ ᠺᠢᠯᠤᠸᠠᠲ ᠤᠨ ᠴᠠᠬᠢᠯᠭᠠᠨ ᠦᠷᠳᠡᠭᠡᠨ ᠤ ᠲᠦᠭᠦᠭᠡᠷᠦᠮᠵᠢ ᠤᠷᠤᠭᠤᠯᠵᠦ᠂ ᠲᠠᠸᠠᠷ ᠢ ᠪᠠᠶᠢᠴᠠᠭᠠᠨ ᠰᠢᠯᠭᠠᠬᠤ ᠭᠠᠵᠠᠷ ᠨᠢ ᠬᠦᠮᠦᠨ ᠲᠤᠮᠢᠯᠠᠵᠤ ᠤᠶᠢᠯᠡᠳᠪᠦᠷᠢ ᠳᠤ ᠰᠠᠭᠤᠯᠭᠠᠨ ᠪᠠᠶᠢᠴᠠᠭᠠᠯᠭᠠᠵᠤ᠂ ᠶᠠᠰᠦ ᠴᠢᠨᠠᠷ ᠤᠨ ᠠᠰᠠᠭᠤᠳᠠᠯ ᠢ ᠢᠯᠡᠷᠡᠭᠦᠯᠦᠨ᠂ ᠬᠤᠬᠢᠷᠠᠯ ᠢ ᠲᠦᠯᠦᠭᠦᠯᠦᠭᠰᠡᠨ ᠪᠠᠶᠢᠨ᠎ᠠ᠃      1978 ᠤᠨ ᠳᠤ ᠲᠠᠸᠠᠷ ᠢ ᠪᠠᠶᠢᠴᠠᠭᠠᠨ ᠰᠢᠯᠭᠠᠬᠤ ᠭᠠᠵᠠᠷ ᠨᠢ ᠭᠠᠳᠠᠭᠠᠲᠦ ᠳᠤ ᠭᠠᠷᠭᠠᠬᠤ ᠲᠠᠸᠠᠷ ᠢ 1400 ᠤᠳᠠᠭ᠎ᠠ᠂ 51085 ᠲᠤᠨ ᠪᠠᠶᠢᠴᠠᠭᠠᠨ᠂ ᠠᠩᠬ᠎ᠠ ᠤᠳᠠᠭ᠎ᠠ ᠸᠤᠯᠹᠷᠠᠮ ᠬᠦᠳᠡᠷ ᠢ 51 ᠲᠤᠨ ᠪᠠᠶᠢᠴᠠᠭᠠᠨ ᠰᠢᠯᠭᠠᠪᠠ᠃      1979 ᠤᠨ ᠤ 9 ᠰᠠᠷ᠎ᠠ ᠳᠤ ᠬᠦᠬᠡᠬᠤᠳᠠ ᠶᠢᠨ ᠲᠠᠸᠠᠷ ᠢ ᠪᠠᠶᠢᠴᠠᠭᠠᠨ ᠰᠢᠯᠭᠠᠬᠤ ᠲᠤᠪᠴᠢᠶ᠎ᠠ ᠪᠠ ᠳ᠋ᠠᠯᠢᠶᠠᠨ ᠤ ᠲᠠᠸᠠᠷ ᠢ ᠪᠠᠶᠢᠴᠠᠭᠠᠨ ᠰᠢᠯᠭᠠᠬᠤ ᠲᠣᠪᠴᠢᠶ᠎ᠠ ᠨᠢ ᠤᠯᠠᠭᠠᠨᠬᠠᠳᠠ ᠶᠢᠨ ᠲᠠᠸᠠᠷ ᠢ ᠪᠠᠶᠢᠴᠠᠭᠠᠨ ᠰᠢᠯᠭᠠᠬᠤ ᠭᠠᠵᠠᠷ ᠢ ᠲᠤᠰᠢᠶᠠᠨ ᠵᠤᠯᠭᠠᠭᠤᠯᠬᠤ ᠠᠵᠢᠯ ᠢ ᠵᠦᠪᠳᠡᠯᠴᠡᠨ ᠵᠢᠩᠬᠢᠨᠢ ᠪᠠᠷ ᠰᠢᠯᠵᠢᠭᠦᠯᠦᠨ᠂ ᠬᠦᠬᠡᠬᠤᠳᠠ ᠶᠢᠨ ᠲᠠᠸᠠᠷ ᠢ ᠪᠠᠶᠢᠴᠠᠭᠠᠨ ᠰᠢᠯᠭᠠᠬᠤ ᠲᠤᠪᠴᠢᠶ᠎ᠠ ᠳᠤ ᠬᠠᠷᠢᠶᠠᠯᠠᠭᠳᠠᠭᠤᠯᠪᠠ᠃      1980 ᠣᠨ ᠳᠤ ᠤᠯᠠᠭᠠᠨᠬᠠᠳᠠ ᠶᠢᠨ ᠲᠠᠸᠠᠷ ᠰᠢᠯᠭᠠᠨ ᠪᠠᠶᠢᠴᠠᠭᠠᠬᠤ ᠭᠠᠵᠠᠷ ᠨᠢ ᠭᠠᠳᠠᠭᠠᠳᠤ ᠳᠤ ᠭᠠᠷᠭᠠᠭᠰᠠᠨ ᠲᠠᠸᠠᠷ 1 996 ᠪᠦᠯᠦᠭ ᠤᠳᠠᠭ᠎ᠠ ᠪᠠᠶᠢᠴᠠᠭᠠᠨ ᠰᠢᠯᠭᠠᠵᠤ᠂ ᠸᠣᠯᠹᠷᠣᠮ ᠬᠦᠳᠡᠷ ᠪᠠ ᠪᠠᠺᠲ᠋ᠧᠷᠢ ᠰᠢᠯᠭᠠᠨ ᠪᠠᠶᠢᠴᠠᠭᠠᠬᠤ ᠳᠠᠰᠤᠭ ᠢ ᠨᠡᠮᠡᠵᠦ ᠪᠠᠶᠢᠭᠤᠯᠪᠠ᠃      1981--1985 ᠤᠨ ᠳᠤ ᠤᠯᠠᠭᠠᠨᠬᠠᠳᠠ ᠶᠢᠨ ᠲᠠᠸᠠᠷ ᠢ ᠪᠠᠶᠢᠴᠠᠭᠠᠨ ᠰᠢᠯᠭᠠᠬᠤ ᠭᠠᠵᠠᠷ ᠤᠨ ᠭᠠᠳᠠᠭᠠᠲᠦ ᠳᠤ ᠭᠠᠷᠭᠠᠬᠤ ᠲᠠᠸᠠᠷ ᠢ ᠪᠠᠶᠢᠴᠠᠭᠠᠨ ᠰᠢᠯᠭᠠᠬᠤ ᠨᠢ ᠲᠠᠷᠢᠶᠠᠯᠠᠩ ᠤᠨ ᠳᠤᠰᠠᠯᠠᠬᠤ ᠪᠦᠲᠦᠭᠡᠭᠳᠡᠭᠦᠨ᠂ ᠠᠭᠤᠷᠬᠠᠢ ᠶᠢᠨ ᠭᠠᠷᠤᠯᠲᠠ᠂ ᠠᠮᠤ ᠲᠤᠰᠤᠨ ᠤ ᠢᠳᠡᠭᠡᠨ ᠤ ᠵᠦᠢᠯ ᠪᠠᠶᠢᠬᠤ ᠪᠠᠷ ᠪᠠᠷᠠᠬᠤ ᠦᠬᠡᠢ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ᠂ ᠠᠵᠦ ᠤᠶᠢᠯᠡᠳᠪᠦᠷᠢ ᠶᠢᠨ ᠪᠦᠲᠦᠭᠡᠭᠳᠡᠭᠦᠨ ᠪᠠ ᠭᠠᠷ ᠤᠷᠠᠯᠠᠯ ᠤᠷᠠᠨ ᠵᠢᠷᠤᠭ ᠤᠨ ᠪᠦᠲᠦᠭᠡᠭᠳᠡᠭᠦᠨ ᠵᠡᠷᠭᠡ ᠭᠠᠳᠠᠭᠠᠲᠦ ᠳᠤ ᠭᠠᠷᠭᠠᠬᠤ ᠲᠠᠸᠠᠷ ᠲᠤ ᠪᠠᠶᠢᠴᠠᠭᠠᠯᠲᠠ ᠬᠢᠵᠦ᠂ ᠭᠠᠳᠠᠭᠠᠲᠦ ᠠᠴᠠ ᠤᠷᠤᠭᠤᠯᠬᠤ ᠲᠠᠸᠠᠷ ᠢ ᠪᠠᠶᠢᠴᠠᠭᠠᠨ ᠰᠢᠯᠭᠠᠬᠤ ᠲᠦᠷᠦᠯ ᠵᠦᠢᠯ ᠳᠤ ᠮᠠᠰᠢᠨ ᠲᠡᠷᠭᠡ᠂ ᠪᠠᠭᠠᠵᠢ ᠬᠡᠷᠡᠭᠰᠡᠯ᠂ ᠬᠡᠮᠵᠢᠭᠦᠷ᠂ ᠮᠠᠰᠢᠨ ᠮᠧᠬᠠᠨᠢᠭ᠂ ᠲᠧᠯᠧᠢᠰ ᠮᠠᠰᠢᠨ᠂ ᠮᠤᠲ᠋ᠤᠷ ᠲᠡᠷᠭᠡ᠂ ᠬᠦᠯᠳᠡᠭᠡᠭᠦᠷ᠂ ᠲᠦᠷᠦ ᠰᠢᠩᠭᠡᠭᠡᠯᠳᠡ ᠶᠢᠨ ᠲᠦᠭᠦᠭᠡᠷᠦᠮᠵᠢ᠂ ᠬᠦᠪᠦᠩ᠂ ᠴᠢᠩᠯᠦ᠋ᠨ᠂ ᠨᠡᠶᠢᠯᠡᠮᠡᠯ ᠰᠢᠷᠬᠡᠭ᠂ ᠲᠤᠭᠤᠢ ᠲᠡᠷᠭᠡ᠂ ᠤᠶᠤᠳᠠᠯ ᠤᠨ ᠮᠠᠰᠢᠨ᠂ ᠱᠦᠢᠨᠢ᠂ ᠪᠤᠯᠤᠳ ᠮᠠᠲ᠋ᠧᠷᠢᠶᠠᠯ᠂ ᠢᠵᠢ ᠪᠦᠷᠢᠲᠦᠭᠰᠡᠨ ᠲᠦᠭᠦᠭᠡᠷᠦᠮᠵᠢ᠂ ᠦᠭᠡᠷ ᠤᠨ ᠠᠷᠠᠰᠦ᠂ ᠰᠢᠯ᠂ ᠬᠦᠷᠲᠦ᠂ ᠬᠠᠳᠠᠭᠤ ᠴᠠᠭᠠᠰᠦ ᠵᠡᠷᠭᠡ ᠪᠤᠢ᠃ ᠤᠯᠠᠭᠠᠨᠬᠠᠳᠠ ᠶᠢᠨ ᠠᠷᠠᠰᠦ ᠰᠢᠷᠢ ᠶᠢᠨ ᠤᠶᠢᠯᠡᠳᠪᠦᠷᠢ ᠶᠢᠨ ᠤᠷᠤᠭᠤᠯᠤᠭᠰᠠᠨ ᠠᠮᠧᠷᠢᠺᠡ ᠂ ᠪᠷᠠᠽᠧᠢᠯ ᠤᠨ ᠵᠦᠭᠡᠯᠡᠨ ᠦᠭᠡᠷ ᠤᠨ ᠠᠷᠠᠰᠦ ᠶᠢ ᠲᠠᠸᠠᠷ ᠢ ᠪᠠᠶᠢᠴᠠᠭᠠᠨ ᠰᠢᠯᠭᠠᠬᠤ ᠭᠠᠵᠠᠷ ᠨᠢ ᠬᠢᠨᠠᠨ ᠰᠢᠯᠭᠠᠵᠤ᠂ ᠶᠠᠰᠦ ᠴᠢᠨᠠᠷ ᠢᠶᠠᠷ ᠠᠨᠠᠢ᠂ ᠲᠤᠭ᠎ᠠ ᠭᠡᠮᠵᠢᠶ᠎ᠡ ᠨᠢ ᠬᠦᠷᠦᠯᠴᠡᠬᠦ ᠦᠬᠡᠢ ᠪᠠᠶᠢᠳᠠᠯ ᠢ ᠢᠯᠡᠷᠡᠭᠦᠯᠵᠦ᠂ 66.29 ᠲᠦᠮᠡᠨ ᠲᠦᠭᠦᠷᠢᠭ ᠲᠦᠯᠦᠭᠦᠯᠪᠡ᠃ ᠶᠤᠸᠠᠨ ᠪᠤᠤ ᠱᠠᠨ ᠤ ᠴᠠᠭᠢᠯᠭᠠᠨ ᠤᠶᠢᠯᠡᠳᠪᠦᠷᠢ ᠶᠢᠨ ᠬᠤᠶᠠᠲᠤᠭᠠᠷ ᠬᠤᠭᠤᠴᠠᠭᠠᠨ ᠤ ᠪᠠᠷᠢᠯᠭ᠎ᠠ ᠨᠢ 60 ᠲᠦᠮᠡᠨ ᠺᠢᠯᠤᠸᠠᠲ ᠤᠨ ᠴᠠᠭᠢᠯᠭᠠᠨ ᠦᠷᠳᠡᠭᠡᠨ ᠤ ᠢᠵᠢ ᠪᠦᠷᠢᠲᠦᠭᠰᠡᠨ ᠲᠦᠭᠦᠭᠡᠷᠦᠮᠵᠢ ᠤᠷᠤᠭᠤᠯᠤᠨ᠂ ᠲᠠᠸᠠᠷ ᠢ ᠪᠠᠶᠢᠴᠠᠭᠠᠨ ᠰᠢᠯᠭᠠᠬᠤ ᠭᠠᠵᠠᠷ ᠠᠴᠠ ᠳᠤᠰᠬᠠᠢ ᠬᠦᠮᠦᠨ ᠲᠤᠮᠢᠯᠠᠨ ᠤᠶᠢᠯᠡᠳᠪᠦᠷᠢ ᠳᠤ ᠰᠠᠭᠤᠯᠭᠠᠨ ᠰᠢᠯᠭᠠᠨ ᠪᠠᠶᠢᠴᠠᠭᠠᠵᠤ᠂ ᠶᠠᠰᠦ ᠴᠢᠨᠠᠷ ᠤᠨ ᠠᠰᠠᠭᠤᠳᠠᠯ ᠢ ᠢᠯᠡᠷᠡᠭᠦᠯᠦᠨ᠂ ᠴᠠᠭ ᠲᠤᠬᠠᠢ ᠳᠤ ᠨᠢ ᠬᠤᠬᠢᠷᠠᠯ ᠢ ᠲᠦᠯᠦᠭᠦᠯᠪᠡ᠃      1985 — 1986 ᠤᠨ ᠳᠤ ᠤᠯᠠᠭᠠᠨᠬᠠᠳᠠ ᠬᠤᠳᠠ ᠶᠢᠨ ᠮᠤᠲᠤᠨ ᠮᠠᠲ᠋ᠧᠷᠢᠶᠠᠯ ᠤᠨ ᠺᠤᠮᠫᠠᠨᠢ ᠨᠢ ᠨᠢᠭᠡ ᠪᠦᠯᠦᠭ ᠵᠦᠪᠯᠡᠯᠲᠦ ᠬᠤᠯᠪᠤᠭᠠᠲᠦ ᠤᠯᠤᠰ ᠤᠨ ᠮᠤᠲᠤᠨ ᠮᠠᠲ᠋ᠧᠷᠢᠶᠠᠯ ᠢ ᠤᠷᠤᠭᠤᠯᠵᠦ᠂ ᠲᠠᠸᠠᠷ ᠢ ᠰᠢᠯᠭᠠᠨ ᠪᠠᠶᠢᠴᠠᠭᠠᠬᠤ ᠭᠠᠵᠠᠷ ᠨᠢ ᠰᠢᠯᠭᠠᠨ ᠪᠠᠶᠢᠴᠠᠭᠠᠭᠠᠳ ᠲᠤᠭ᠎ᠠ ᠬᠡᠮᠵᠢᠶ᠎ᠡ ᠨᠢ ᠬᠦᠷᠦᠯᠴᠡᠬᠦ ᠦᠬᠡᠢ ᠂ ᠶᠠᠰᠦ ᠴᠢᠨᠠᠷ ᠨᠢ ᠱᠠᠭᠠᠷᠳᠠᠯᠭ᠎ᠠ ᠳᠤ ᠨᠡᠶᠢᠴᠡᠬᠦ ᠦᠬᠡᠢ ᠪᠠᠶᠢᠬᠤ ᠶᠢ ᠢᠯᠡᠷᠡᠭᠦᠯᠵᠦ᠂ ᠠᠷᠠᠳ ᠤᠨ ᠵᠤᠭᠤᠰ 190 ᠲᠦᠮᠡᠨ ᠲᠦᠭᠦᠷᠢᠭ ᠲᠦᠯᠦᠭᠦᠯᠪᠡ᠃      1986 ᠤᠨ ᠳᠤ ᠲᠠᠸᠠᠷ ᠢ ᠰᠢᠯᠭᠠᠨ ᠪᠠᠶᠢᠴᠠᠭᠠᠬᠤ ᠭᠠᠵᠠᠷ ᠨᠢ ᠬᠢᠮᠢ ᠶᠢᠨ ᠪᠠᠶᠢᠴᠠᠭᠠᠯᠳᠠ᠂ ᠲᠠᠷᠢᠶᠠᠯᠠᠩ ᠤᠨ ᠪᠠᠶᠢᠴᠠᠭᠠᠯᠳᠠ᠂ ᠮᠠᠯ ᠠᠵᠦ ᠠᠬᠤᠢ ᠶᠢᠨ ᠪᠠᠶᠢᠴᠠᠭᠠᠯᠳᠠ᠂ ᠭᠠᠳᠠᠭᠠᠲᠦ ᠠᠴᠠ ᠤᠷᠤᠭᠤᠯᠬᠤ ᠲᠠᠸᠠᠷ ᠢ ᠰᠢᠯᠭᠠᠨ ᠪᠠᠶᠢᠴᠠᠭᠠᠬᠤ ᠲᠦᠷᠪᠡᠨ ᠰᠢᠯᠭᠠᠨ ᠪᠠᠶᠢᠴᠠᠭᠠᠬᠤ ᠲᠠᠰᠤᠭ ᠲᠤᠭᠢᠷᠠᠭᠤᠯᠵᠦ᠂ ᠡᠯ᠎ᠡ ᠲᠦᠷᠦᠯ ᠤᠨ ᠭᠠᠳᠠᠭᠠᠲᠦ ᠠᠴᠠ ᠤᠷᠤᠭᠤᠯᠵᠦ ᠭᠠᠳᠠᠭᠠᠲᠦ ᠳᠤ ᠭᠠᠷᠭᠠᠬᠤ ᠲᠠᠸᠠᠷ ᠢ 1847 ᠤᠳᠠᠭ᠎ᠠ ᠰᠢᠯᠭᠠᠨ ᠪᠠᠶᠢᠴᠠᠭᠠᠪᠠ᠂ ᠡᠭᠦᠨ ᠳᠤ᠄ ᠭᠠᠳᠠᠭᠠᠲᠦ ᠳᠤ ᠭᠠᠷᠭᠠᠭᠰᠠᠨ ᠲᠠᠸᠠᠷ ᠢ 954 ᠤᠳᠠᠭ᠎ᠠ᠂ ᠭᠠᠳᠠᠭᠠᠲᠦ ᠠᠴᠠ ᠤᠷᠤᠭᠤᠯᠤᠭᠰᠠᠨ ᠲᠠᠸᠠᠷ ᠢ 793 ᠤᠳᠠᠭ᠎ᠠ ᠰᠢᠯᠭᠠᠨ ᠪᠠᠶᠢᠴᠠᠭᠠᠪᠠ᠃ ᠡᠯ᠎ᠡ ᠲᠦᠷᠦᠯ ᠤᠨ ᠳᠡᠮᠳᠡᠭ ᠢ 2408 ᠬᠤᠪᠢ ᠵᠦᠪᠰᠢᠶᠡᠷᠡᠨ ᠲᠠᠷᠬᠠᠭᠠᠵᠤ᠂ ᠡᠭᠦᠨ ᠳᠤ᠄ ᠭᠠᠳᠠᠭᠠᠲᠦ ᠶᠢᠨ ᠬᠢ ᠶᠢ ᠬᠤᠬᠢᠷᠠᠯ ᠲᠦᠯᠦᠭᠦᠯᠦᠭᠰᠡᠨ ᠨᠢ 286 ᠬᠤᠪᠢ ᠪᠤᠯᠤᠨ᠎ᠠ᠃      1987 — 1989 ᠤᠨ ᠳᠤ ᠬᠤᠳᠠ ᠶᠢᠨ ᠭᠠᠳᠠᠭᠠᠲᠦ ᠠᠷᠠᠯᠵᠢᠶᠠᠨ ᠤ ᠭᠠᠳᠠᠭᠠᠲᠦ ᠳᠤ ᠭᠠᠷᠠᠭᠬᠤ ᠲᠠᠸᠠᠷ ᠢ ᠬᠤᠳᠠᠯᠲᠤᠨ ᠠᠪᠬᠤ ᠬᠡᠮᠵᠢᠶ᠎ᠡ ᠳᠠᠰᠤᠷᠠᠯᠲᠠ ᠦᠬᠡᠢ ᠨᠡᠮᠡᠭᠳᠡᠭᠦ ᠶᠢ ᠳᠠᠭᠠᠯᠲᠤᠨ᠂ ᠲᠠᠸᠠᠷ ᠢ ᠰᠢᠯᠭᠠᠨ ᠪᠠᠶᠢᠴᠠᠭᠠᠬᠤ ᠭᠠᠵᠠᠷ ᠤᠨ ᠭᠠᠳᠠᠭᠠᠲᠦ ᠳᠤ ᠭᠠᠷᠭᠠᠬᠤ ᠲᠠᠸᠠᠷ ᠢ ᠰᠢᠯᠭᠠᠨ ᠪᠠᠶᠢᠴᠠᠭᠠᠬᠤ ᠬᠡᠮᠵᠢᠶ᠎ᠡ ᠨᠢ ᠴᠦ ᠳᠠᠰᠦᠷᠠᠯᠲᠠ ᠦᠬᠡᠢ ᠨᠡᠮᠡᠭᠳᠡᠪᠡ᠃ ᠭᠠᠳᠠᠭᠠᠲᠦ ᠳᠤ ᠭᠠᠷᠭᠠᠬᠤ ᠲᠠᠸᠠᠷ ᠤᠨ ᠲᠦᠷᠦᠯ ᠵᠦᠢᠯ ᠳᠤ ᠡᠷᠳᠡᠨᠢ ᠰᠢᠰᠢ᠂ ᠬᠦᠯᠳᠡᠭᠡᠭᠰᠡᠨ ᠦᠭᠡᠷ ᠤᠨ ᠮᠢᠬ᠎ᠠ᠂ ᠬᠦᠯᠳᠡᠭᠡᠭᠰᠡᠨ ᠳᠠᠤᠯᠠᠢ ᠶᠢᠨ ᠮᠢᠬ᠎ᠠ᠂ ᠬᠡᠭᠡᠷ᠎ᠡ ᠶᠢᠨ ᠵᠢᠭᠦᠷᠳᠡᠨ᠂ ᠬᠡᠭᠡᠷ᠎ᠡ ᠶᠢᠨ ᠨᠤᠭᠤᠭ᠎ᠠ᠂ ᠬᠦᠯᠳᠡᠭᠡᠭᠰᠡᠨ ᠬᠤᠨᠢᠨ ᠮᠢᠬ᠎ᠠ᠂ ᠲᠦᠬᠦᠬᠡᠢ ᠦᠨᠳᠡᠭᠡ᠂ ᠦᠬᠡᠷ ᠤᠨ ᠮᠢᠬ᠎ᠠ ᠶᠢᠨ ᠭᠤᠸᠠᠨᠲ᠋ᠧᠦ᠂ ᠪᠤᠷᠲᠤᠭ᠎ᠠ ᠵᠡᠷᠭᠡ ᠪᠤᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ