ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠭᠤᠷᠪᠠ︶
ᠨᠡᠶᠢᠲᠡᠯᠡᠭᠰᠡᠨ ᠴᠠᠭ᠄
2020/9/29
ᠬᠤᠶᠠᠲᠤᠭᠠᠷ ᠬᠡᠰᠡᠭ ᠬᠠᠮᠢᠶᠠᠷᠦᠯᠲᠠ ᠶᠢᠨ ᠪᠠᠶᠢᠭᠤᠯᠤᠮᠵᠢ      ᠨᠢᠭᠡ᠂ ᠵᠠᠰᠠᠭ ᠵᠠᠭᠢᠷᠭᠠᠨ ᠤ ᠬᠠᠮᠢᠶᠠᠷᠦᠯᠲᠠ      ᠤᠯᠠᠭᠠᠨᠬᠠᠳᠠ ᠶᠢᠨ ᠭᠠᠳᠠᠭᠠᠲᠦ ᠠᠷᠠᠯᠵᠢᠶᠠᠨ ᠤ ᠠᠵᠢᠯ ᠤᠶᠢᠯᠡᠰ ᠨᠢ 1948 ᠤᠨ ᠤ 5 ᠰᠠᠷ᠎ᠠ ᠠᠴᠠ ᠡᠭᠢᠯᠡᠭᠰᠡᠨ ᠶᠤᠮ᠃ ᠲᠤᠬᠠᠢ ᠶᠢᠨ ᠦᠶ᠎ᠡ ᠳᠤ ᠵᠤᠤ ᠤᠳᠠ ᠠᠶᠢᠮᠠᠭ ᠤᠨ ᠲᠠᠢ ᠬᠤᠸᠠ ᠠᠷᠠᠯᠵᠢᠶᠠᠨ ᠤ ᠺᠤᠮᠫᠠᠨᠢ ᠨᠢ ᠵᠦᠪᠯᠡᠯᠲᠦ ᠬᠤᠯᠪᠤᠭᠠᠲᠦ ᠤᠯᠤᠰ ᠤᠨ ᠬᠤᠳᠠᠯᠲᠤᠭᠠᠨ ᠤ ᠶᠠᠪᠤᠳᠠᠯ ᠤᠨ ᠲᠦᠯᠦᠭᠡᠯᠡᠭᠴᠢᠳ ᠲᠠᠢ ᠰᠢᠯᠢ ᠶᠢᠨ ᠭᠤᠤᠯ ᠠᠶᠢᠮᠠᠭ ᠤᠨ ᠪᠠᠶᠢᠰᠠ ᠶᠢᠨ ᠰᠦᠮ᠎ᠡ ᠳᠤ ᠪᠠᠷᠠᠭ᠎ᠠ ᠰᠤᠯᠢᠯᠴᠠᠬᠤ ᠠᠷᠠᠯᠵᠢᠶ᠎ᠠ ᠬᠢᠵᠦ ᠪᠠᠶᠢᠭᠰᠠᠨ ᠪᠦᠭᠡᠳ ᠦᠭᠡᠷ ᠬᠤᠨᠢ ᠪᠠᠷ ᠬᠦᠪᠦᠩ ᠪᠦᠰ ᠰᠤᠯᠢᠵᠦ ᠴᠢᠯᠦᠭᠡᠯᠡᠭᠳᠡᠭᠰᠡᠨ ᠤᠷᠤᠨ ᠤ ᠮᠠᠯᠴᠢᠨ ᠲᠠᠷᠢᠶᠠᠴᠢᠨ ᠤ ᠡᠮᠦᠰᠬᠦ ᠠᠰᠠᠭᠤᠳᠠᠯ ᠢ ᠰᠢᠢᠳᠪᠦᠷᠢᠯᠡᠵᠦ ᠪᠠᠶᠢᠪᠠ᠃      1941 ᠤᠨ ᠤ 1 ᠰᠠᠷ᠎ᠠ ᠳᠤ᠂ ᠦᠪᠦᠷ ᠮᠤᠩᠭᠤᠯ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠪᠠᠶᠢᠭᠤᠯᠤᠭᠳᠠᠵᠤ᠂ ᠤᠷᠤᠨ ᠨᠤᠲᠤᠭ ᠤᠨ ᠠᠷᠠᠯᠵᠢᠶᠠᠨ ᠤ ᠺᠤᠮᠫᠠᠨᠢ ᠲᠤᠰᠠᠭᠠᠷ ᠢᠶᠠᠨ ᠭᠠᠳᠠᠭᠠᠲᠦ ᠠᠷᠠᠯᠵᠢᠶ᠎ᠠ ᠬᠢᠵᠦ ᠪᠤᠯᠬᠤ ᠦᠬᠡᠢ ᠪᠤᠯᠵᠦ ᠵᠦᠪᠭᠡᠨ ᠪᠠᠷᠠᠭ᠎ᠠ ᠶᠢᠨ ᠢᠷᠡᠯᠲᠡ ᠶᠢ ᠵᠤᠬᠢᠶᠠᠨ ᠪᠠᠶᠢᠭᠤᠯᠵᠦ᠂ ᠦᠪᠦᠷ ᠮᠤᠩᠭᠤᠯ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠳᠤ ᠲᠤᠰᠢᠶᠠᠨ ᠨᠢᠭᠡᠲᠦᠯᠲᠠᠢ ᠭᠠᠳᠠᠭᠠᠲᠦ ᠳᠤ ᠭᠠᠷᠭᠠᠵᠤ ᠪᠠᠶᠢᠪᠠ᠃      1950 ᠤᠨ ᠳᠤ ᠤᠯᠠᠭᠠᠨᠬᠠᠳᠠ᠂ ᠪᠤᠷᠤᠬᠤᠳᠠ᠂ ᠨᠢᠩᠴᠧᠩ᠂ ᠬᠠᠷᠠᠴᠢᠨ᠂ ᠠᠤᠬᠠᠨ ᠵᠡᠷᠭᠡ ᠬᠤᠰᠢᠭᠤ ᠰᠢᠶᠠᠨ ᠤ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢ ᠤᠯᠠᠭᠠᠨᠬᠠᠳᠠ ᠰᠢᠶᠠᠨ ᠤ ᠨᠤᠲᠤᠭ ᠤᠨ ᠭᠠᠷᠤᠯᠲᠠ ᠶᠢᠨ ᠺᠤᠮᠫᠠᠨᠢ ᠨᠢᠭᠡᠲᠦᠯᠲᠠᠢ ᠡᠵᠡᠩᠨᠡᠨ ᠪᠤᠷᠤᠯᠠᠭᠤᠯᠵᠦ᠂ ᠿᠧᠾᠧ ᠮᠤᠵᠢ ᠶᠢᠨ ᠨᠤᠲᠤᠭ ᠤᠨ ᠭᠠᠷᠤᠯᠲᠠ ᠶᠢᠨ ᠺᠤᠮᠫᠠᠨᠢ ᠨᠢ ᠭᠠᠳᠠᠭᠠᠲᠦ ᠳᠤ ᠭᠠᠷᠭᠠᠵᠤ ᠪᠠᠶᠢᠪᠠ᠃      1951 ᠤᠨ ᠤ 4 ᠰᠠᠷ᠎ᠠ ᠳᠤ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠨᠢ ᠵᠢᠩᠬᠢᠨᠢ ᠪᠠᠷ ᠪᠠᠶᠢᠭᠤᠯᠤᠭᠳᠠᠪᠠ᠂ ᠳᠡᠭᠦᠨ ᠤ ᠪᠠᠶᠢᠭᠤᠯᠤᠮᠵᠢ ᠬᠡᠲᠦ ᠤᠳᠠᠭ᠎ᠠ ᠨᠡᠶᠢᠯᠡᠨ᠂ ᠨᠡᠷᠡᠶᠢᠲᠦᠯ ᠨᠢ ᠬᠡᠲᠦ ᠤᠳᠠᠭ᠎ᠠ ᠬᠤᠪᠢᠷᠠᠵᠦ᠂ ᠵᠠᠰᠠᠭ ᠵᠠᠭᠢᠷᠭᠠᠨ ᠤ ᠤᠲᠤᠷᠢᠲᠤᠯᠭ᠎ᠠ ᠨᠢ ᠴᠦ ᠳᠡᠭᠡᠷ᠎ᠡ ᠲᠤᠤᠷᠠᠬᠢ ᠱᠠᠲᠦᠨ ᠤ ᠬᠠᠮᠢᠶᠠᠷᠦᠯᠲᠠ ᠪᠠᠨ ᠳᠠᠭᠠᠯᠲᠤᠨ ᠭᠡᠲᠦ ᠤᠳᠠᠭ᠎ᠠ ᠬᠤᠪᠢᠷᠠᠭᠰᠠᠨ ᠪᠠᠶᠢᠨ᠎ᠠ᠃      1958 ᠤᠨ ᠤ 12 ᠰᠠᠷ᠎ᠠ ᠶᠢᠨ 5᠎ ᠤ ᠡᠲᠦᠷ᠂ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠬᠡᠷᠡᠭ ᠡᠷᠭᠢᠯᠡᠬᠦ ᠭᠠᠵᠠᠷ ᠵᠢᠩᠭᠢᠨᠢ ᠪᠠᠷ ᠪᠠᠶᠢᠭᠤᠯᠤᠭᠳᠠᠵᠤ᠂ ᠦᠪᠦᠷ ᠮᠤᠩᠭᠤᠯ ᠤᠨ ᠭᠠᠳᠠᠭᠠᠲᠦ ᠠᠷᠠᠯᠵᠢᠶᠠᠨ ᠤ ᠲᠤᠪᠴᠢᠶᠠᠨ ᠤ ᠲᠤᠮᠢᠯᠠᠭᠰᠠᠨ ᠪᠠᠶᠢᠭᠤᠯᠤᠮᠵᠢ ᠪᠣᠯᠪᠠ᠃ ᠡᠭᠦᠨ ᠠᠴᠠ ᠡᠭᠢᠯᠡᠨ ᠤᠯᠠᠭᠠᠨᠬᠠᠳᠠ ᠤᠷᠤᠨ ᠳᠤ ᠭᠠᠳᠠᠭᠠᠲᠦ ᠠᠷᠠᠯᠵᠢᠶ᠎ᠠ ᠶᠢ ᠲᠤᠰᠬᠠᠶᠢᠯᠠᠨ ᠬᠠᠮᠢᠶᠠᠷᠬᠤ ᠵᠠᠰᠠᠭ ᠵᠠᠭᠢᠷᠭᠠᠨ ᠤ ᠪᠠᠶᠢᠭᠤᠯᠤᠮᠵᠢ ᠲᠠᠢ ᠪᠤᠯᠤᠭᠰᠠᠨ ᠪᠠᠶᠢᠨ᠎ᠠ᠃      1959 ᠤᠨ ᠤ 12 ᠰᠠᠷ᠎ᠠ ᠶᠢᠨ 5᠎ ᠤ ᠡᠲᠦᠷ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠬᠡᠷᠡᠭ ᠡᠷᠭᠢᠯᠡᠬᠦ ᠭᠠᠵᠠᠷ ᠨᠢ ᠵᠤᠤ ᠤᠳᠠ ᠠᠶᠢᠮᠠᠭ ᠤᠨ ᠵᠠᠬᠢᠷᠭ᠎ᠠ ᠶᠢᠨ ᠭᠠᠳᠠᠭᠠᠲᠦ ᠠᠷᠠᠯᠵᠢᠶᠠᠨ ᠤ ᠬᠡᠷᠡᠭ ᠡᠷᠭᠢᠯᠡᠬᠦ ᠭᠠᠵᠠᠷ ᠬᠡᠵᠦ ᠨᠡᠷ᠎ᠡ ᠪᠠᠨ ᠦᠭᠡᠷᠡᠴᠢᠯᠡᠭᠡᠳ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠲᠠᠢ ᠵᠠᠰᠠᠭ ᠠᠵᠦ ᠠᠬᠤᠶᠢᠯᠠᠯ ᠨᠢᠷᠭᠡᠭᠲᠦᠨ ᠠᠵᠢᠯᠯᠠᠵᠤ᠂ ᠠᠶᠢᠮᠠᠭ ᠤᠨ ᠬᠤᠳᠠᠯᠲᠤᠭᠠᠨ ᠤ ᠶᠠᠪᠤᠳᠠᠯ ᠤᠨ ᠲᠤᠪᠴᠢᠶᠠᠨ ᠳᠤ ᠬᠠᠷᠢᠶᠠᠯᠠᠭᠳᠠᠵᠤ ᠪᠠᠶᠢᠪᠠ᠃      1960 ᠤᠨ ᠤ 8 ᠰᠠᠷ᠎ᠠ ᠳᠤ᠂ ᠵᠤᠤ ᠤᠳᠠ ᠠᠶᠢᠮᠠᠭ ᠤᠨ ᠵᠠᠭᠢᠷᠭ᠎ᠠ ᠶᠢᠨ ᠭᠠᠳᠠᠭᠠᠳᠤ ᠠᠷᠠᠯᠵᠢᠶᠠᠨ ᠤ ᠬᠡᠷᠡᠭ ᠡᠷᠭᠢᠯᠡᠬᠦ ᠭᠠᠵᠠᠷ ᠢ ᠵᠤᠤ ᠤᠳᠠ ᠠᠶᠢᠮᠠᠭ ᠤᠨ ᠵᠠᠭᠢᠷᠭ᠎ᠠ ᠶᠢᠨ ᠭᠠᠳᠠᠭᠠᠲᠦ ᠠᠷᠠᠯᠵᠢᠶᠠᠨ ᠤ ᠲᠤᠪᠴᠢᠶ᠎ᠠ ᠭᠡᠵᠦ ᠦᠭᠡᠷᠡᠴᠢᠯᠡᠨ᠂ ᠵᠤᠤ ᠤᠳᠠ ᠠᠶᠢᠮᠠᠭ ᠤᠨ ᠵᠠᠭᠢᠷᠭ᠎ᠠ ᠶᠢᠨ ᠡᠳ᠋ ᠤᠨ ᠵᠠᠰᠠᠭ ᠠᠷᠠᠯᠵᠢᠶᠠᠨ ᠤ ᠭᠠᠵᠠᠷ ᠲᠤ ᠬᠠᠷᠢᠶᠠᠯᠠᠭᠳᠠᠵᠤ ᠪᠠᠶᠢᠪᠠ᠃      1968 ᠤᠨ ᠤ 8 ᠰᠠᠷ᠎ᠠ ᠳᠤ ᠵᠤᠤ ᠤᠳᠠ ᠠᠶᠢᠮᠠᠭ ᠤᠨ ᠵᠠᠭᠢᠷᠭ᠎ᠠ ᠶᠢᠨ ᠭᠠᠳᠠᠭᠠᠲᠦ ᠠᠷᠠᠯᠵᠢᠶᠠᠨ ᠤ ᠲᠤᠪᠴᠢᠶ᠎ᠠ ᠶᠢ ᠬᠠᠰᠤᠪᠠ᠃      1973 ᠤᠨ ᠤ 1 ᠰᠠᠷ᠎ᠠ ᠶᠢᠨ 20᠎ ᠳᠤ᠂ ᠠᠶᠢᠮᠠᠭ ᠤᠨ ᠬᠤᠪᠢᠰᠬᠠᠯ ᠤᠨ ᠵᠦᠪᠯᠡᠯ ᠤᠨ ᠲᠤᠭᠲᠠᠭᠠᠯ ᠢᠶᠠᠷ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠶᠢ ᠪᠠᠶᠢᠭᠤᠯᠵᠦ᠂ ᠠᠶᠢᠮᠠᠭ ᠤᠨ ᠭᠠᠳᠠᠭᠠᠲᠤ ᠠᠷᠠᠯᠵᠢᠶᠠᠨ ᠤ ᠺᠤᠮᠫᠠᠨᠢ ᠲᠠᠢ ᠨᠡᠢᠯᠡᠭᠦᠯᠵᠦ᠂ ᠠᠶᠢᠮᠠᠭ ᠤᠨ ᠬᠤᠪᠢᠰᠬᠠᠯ ᠤᠨ ᠵᠦᠪᠯᠡᠯ ᠤᠨ ᠡᠳ᠋ ᠤᠨ ᠵᠠᠰᠠᠭ ᠠᠷᠠᠯᠵᠢᠶᠠᠨ ᠤ ᠲᠤᠭᠤᠶᠢᠯᠠᠩ ᠳᠤ ᠬᠠᠷᠢᠶᠠᠯᠠᠭᠤᠯᠪᠠ᠃      1983 ᠤᠨ ᠤ 10 ᠰᠠᠷ᠎ᠠ ᠳᠤ᠂ ᠵᠤᠤ ᠤᠳᠠ ᠠᠶᠢᠮᠠᠭ ᠤᠨ ᠭᠠᠳᠠᠭᠠᠲᠤ ᠠᠷᠠᠯᠵᠢᠶᠠᠨ ᠤ ᠲᠤᠪᠴᠢᠶ᠎ᠠ ᠶᠢ ᠤᠯᠠᠭᠠᠨᠬᠠᠳᠠ ᠬᠤᠳᠠ ᠶᠢᠨ ᠭᠠᠳᠠᠭᠠᠲᠤ ᠠᠵᠦ ᠠᠬᠤᠢ ᠠᠷᠠᠯᠵᠢᠶᠠᠨ ᠤ ᠲᠤᠪᠴᠢᠶ᠎ᠠ ᠭᠡᠵᠦ ᠦᠭᠡᠷᠡᠴᠢᠯᠡᠪᠡ᠃      ᠬᠤᠶᠠᠷ᠂ ᠡᠵᠡᠩᠨᠡᠯᠳᠡ ᠬᠠᠮᠢᠶᠠᠷᠦᠯᠲᠠ      ᠳᠠᠯᠠᠭᠠᠳ ᠤᠨ ᠠᠴᠠ ᠡᠮᠦᠨ᠎ᠡ ᠬᠤᠳᠠ ᠶᠢᠨ ᠭᠠᠳᠠᠭᠠᠲᠤ ᠠᠷᠠᠯᠵᠢᠶᠠᠨ ᠤ ᠠᠵᠦ ᠠᠬᠤᠶᠢᠯᠠᠯ ᠤᠨ ᠡᠵᠡᠩᠨᠡᠯᠳᠡ ᠶᠢᠨ ᠠᠵᠢᠯᠯᠠᠭᠠᠨ ᠨᠢ ᠤᠯᠤᠰ ᠤᠨ ᠭᠠᠳᠠᠭᠠᠲᠤ ᠠᠷᠠᠯᠵᠢᠶᠠᠨ ᠤ ᠨᠢᠭᠡᠲᠦᠯᠲᠠᠢ ᠵᠢᠯᠤᠭᠤᠲᠤᠯᠭ᠎ᠠ᠂ ᠨᠢᠭᠡᠲᠦᠯᠲᠠᠢ ᠡᠵᠡᠩᠨᠡᠯᠳᠡ᠂ ᠨᠢᠭᠡᠲᠦᠯᠲᠠᠢ ᠲᠦᠯᠦᠪᠯᠡᠭᠡ ᠶᠢ ᠳᠠᠭᠠᠵᠤ᠂ ᠱᠠᠲᠦ ᠬᠤᠪᠢᠶᠠᠨ ᠬᠠᠮᠢᠶᠠᠷᠬᠤ ᠡᠵᠡᠩᠨᠡᠯᠳᠡ ᠶᠢᠨ ᠪᠠᠶᠢᠭᠤᠯᠤᠮᠵᠢ ᠶᠢ ᠬᠡᠷᠡᠭᠵᠢᠬᠦᠯᠵᠦ ᠪᠠᠶᠢᠪᠠ᠃      ᠲᠦᠯᠦᠪᠯᠡᠭᠡᠲᠦ ᠬᠠᠮᠢᠶᠠᠷᠦᠯᠲᠠ ᠵᠢᠭᠠᠪᠤᠷᠢ ᠲᠦᠯᠦᠪᠯᠡᠭᠡ ᠪᠠᠷ ᠭᠤᠤᠯ ᠪᠤᠯᠭᠠᠵᠤ᠂ ᠭᠠᠳᠠᠭᠠᠲᠦ ᠠᠷᠠᠯᠵᠢᠶᠠᠨ ᠤ ᠲᠠᠸᠠᠷ ᠤᠨ ᠡᠷᠭᠢᠯᠳᠡ ᠶᠢᠨ ᠲᠦᠯᠦᠪᠯᠡᠭᠡ ᠶᠢ ᠤᠯᠤᠰ ᠠᠴᠠ ᠰᠢᠭᠤᠳ ᠲᠣᠭᠲᠠᠭᠠᠵᠤ ᠱᠠᠲᠦ ᠳᠠᠷᠠᠭᠠᠯᠠᠨ ᠪᠠᠭᠤᠯᠭᠠᠵᠤ ᠳᠤᠰ ᠳᠤᠰ ᠲᠤ ᠪᠠᠨ ᠭᠡᠷᠡᠭᠵᠢᠬᠦᠯᠵᠦ ᠪᠠᠶᠢᠪᠠ᠃ ᠬᠤᠳᠠ ᠶᠢᠨ ᠭᠠᠳᠠᠭᠠᠲᠦ ᠠᠷᠠᠯᠵᠢᠶᠠᠨ ᠤ ᠠᠵᠦ ᠠᠬᠤᠶᠢᠯᠠᠯ ᠤᠨ ᠡᠵᠡᠩᠨᠡᠯᠳᠡ ᠶᠢᠨ ᠠᠵᠢᠯᠯᠠᠭ᠎ᠠ ᠨᠢ ᠭᠤᠤᠯᠳᠠᠭᠤ ᠤᠯᠤᠰ ᠤᠨ ᠲᠦᠯᠦᠪᠯᠡᠭᠡ ᠪᠠᠷ ᠪᠠᠷᠠᠭ᠎ᠠ ᠶᠢᠨ ᠢᠷᠡᠯᠲᠡ ᠪᠠᠨ ᠵᠤᠭᠢᠶᠠᠨ ᠪᠠᠶᠢᠭᠤᠯᠵᠤ ᠳᠡᠭᠡᠷ᠎ᠡ ᠱᠠᠲᠦᠨ ᠤ ᠳᠤᠰᠬᠠᠢ ᠮᠡᠷᠭᠡᠵᠢᠯ ᠤᠨ ᠺᠤᠮᠫᠠᠨᠢ ᠳᠤ ᠪᠠᠨ ᠬᠠᠷᠢᠭᠤᠴᠠᠨ ᠪᠠᠷᠠᠭ᠎ᠠ ᠬᠠᠩᠭᠠᠵᠤ᠂ ᠭᠠᠳᠠᠭᠠᠲᠦ ᠠᠷᠠᠯᠵᠢᠶᠠᠨ ᠤ ᠤᠷᠤᠭᠤᠯᠵᠦ ᠭᠠᠷᠭᠠᠬᠤ ᠠᠵᠢᠯ ᠲᠦᠷᠦᠯ ᠢ ᠰᠢᠭᠤᠳ ᠡᠵᠡᠩᠨᠡᠬᠦ ᠦᠬᠡᠢ᠃ 1983 ᠤᠨ ᠠᠴᠠ ᠬᠤᠶᠢᠰᠢ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠨᠢ ᠨᠢᠭᠡᠲᠦᠯᠲᠠᠢ ᠲᠦᠯᠦᠪᠯᠡᠪᠡ᠂ ᠨᠢᠭᠡᠲᠦᠯᠲᠠᠢ ᠲᠦᠷᠦ ᠶᠢᠨ ᠪᠤᠲᠤᠯᠭ᠎ᠠ ᠭᠠᠷᠭᠠᠵᠤ᠂ ᠨᠢᠭᠡᠲᠦᠯᠲᠠᠢ ᠭᠠᠳᠠᠭᠠᠲᠤ ᠠᠷᠠᠯᠵᠢᠶ᠎ᠠ ᠶᠢᠨ ᠤᠷᠢᠳᠠᠯ ᠲᠤᠤᠷ᠎ᠠ ᠭᠠᠳᠠᠭᠠᠲᠦ ᠠᠷᠠᠯᠵᠢᠶ᠎ᠠ ᠶᠢ ᠭᠦᠭᠵᠢᠶᠡᠨ ᠲᠠᠢ ᠪᠤᠯᠭᠠᠬᠤ ᠶᠢᠨ ᠲᠦᠯᠦᠭᠡ ᠵᠠᠰᠠᠭ ᠵᠠᠭᠢᠷᠭ᠎ᠠ ᠪᠠ ᠠᠵᠦ ᠠᠬᠤᠶᠢᠯᠠᠯ ᠢ ᠰᠠᠯᠭᠠᠬᠤ᠂ ᠬᠠᠷᠢᠭᠤᠴᠠᠯᠭ᠎ᠠ ᠪᠠ ᠡᠷᠭᠡ ᠠᠰᠢᠭ ᠢ ᠨᠢᠭᠡᠳᠬᠡᠬᠦ᠂ ᠠᠵᠦ ᠠᠬᠤᠢ ᠪᠠ ᠠᠷᠠᠯᠵᠢᠶ᠎ᠠ ᠶᠢ ᠤᠶᠠᠯᠲᠤᠭᠤᠯᠬᠤ ᠵᠡᠷᠭᠡ ᠲᠠᠯ᠎ᠠ ᠪᠠᠷ ᠡᠵᠡᠩᠨᠡᠯᠳᠡ ᠬᠠᠮᠢᠶᠠᠷᠦᠯᠲᠠ ᠶᠢᠨ ᠦᠭᠡᠷᠡᠴᠢᠯᠡᠯᠳᠡ ᠶᠢ ᠠᠯᠬᠤᠮ ᠠᠯᠬᠤᠮ ᠢᠶᠠᠷ ᠲᠤᠷᠰᠢᠨ ᠭᠡᠷᠡᠭᠵᠢᠬᠦᠯᠵᠦ᠂ ᠠᠵᠦ ᠠᠬᠤᠶᠢᠯᠠᠯ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠭᠰᠡᠨ ᠠᠴᠠ ᠭᠠᠳᠠᠭᠠᠲᠦ ᠳᠤ ᠭᠠᠷᠭᠠᠬᠤ ᠲᠠᠸᠠᠷ ᠢ ᠬᠤᠳᠠᠯᠲᠤᠨ ᠠᠪᠤᠭᠰᠠᠨ ᠶᠡᠷᠦᠩᠬᠡᠢ ᠦᠷᠳᠡᠭ ᠦᠷᠭᠦᠯᠵᠢᠯᠡᠨ ᠲᠤᠭᠲᠠᠭᠤᠨ ᠢᠶᠠᠷ ᠨᠡᠮᠡᠭᠳᠡᠭᠰᠡᠨ ᠪᠠᠶᠢᠨ᠎ᠠ᠃      ᠡᠳ᠋ ᠤᠨ ᠶᠠᠪᠤᠳᠠᠯ ᠤᠨ ᠬᠠᠮᠢᠶᠠᠷᠦᠯᠲᠠ ᠳᠠᠯᠠᠭᠠᠳ ᠤᠨ ᠠᠴᠠ ᠡᠮᠦᠨ᠎ᠡ ᠨᠢᠭᠡᠲᠦᠯᠲᠠᠢ ᠡᠵᠡᠩᠨᠡᠬᠦ᠂ ᠨᠢᠭᠡᠲᠦᠯᠲᠠᠢ ᠬᠢᠨᠠᠨ ᠪᠤᠲᠤᠬᠤ ᠶᠢ ᠬᠡᠷᠡᠭᠵᠢᠬᠦᠯᠵᠦ᠂ ᠠᠵᠦ ᠠᠬᠤᠢ ᠶᠢᠨ ᠪᠠᠶᠢᠭᠤᠯᠤᠮᠵᠢ ᠶᠢ ᠦᠭᠡᠷᠡᠴᠢᠯᠡᠭᠰᠡᠨ ᠤ ᠳᠠᠷᠠᠭ᠎ᠠ ᠲᠤᠰᠠᠭᠠᠷ ᠲᠣᠭᠠᠴᠠᠭ᠎ᠠ ᠬᠢᠵᠦ᠂ ᠤᠯᠵᠦ ᠠᠯᠳᠠᠬᠤ ᠪᠠᠨ ᠦᠪᠡᠷ ᠢᠶᠠᠨ ᠬᠠᠷᠢᠭᠤᠴᠠᠬᠤ ᠪᠣᠯᠪᠠ᠃      1983 ᠤᠨ ᠤ 7 ᠰᠠᠷ᠎ᠠ ᠳᠤ᠂ ᠪᠦᠬᠦ ᠰᠢᠰᠲ᠋ᠧᠮ ᠢᠶᠠᠷ ᠢᠶᠠᠨ ᠳᠠᠭᠠᠭᠠᠴᠢᠯᠠᠨ ᠡᠵᠡᠩᠨᠡᠬᠦ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠦ᠂ ᠬᠢᠮ᠎ᠠ ᠶᠢᠨ ᠬᠠᠯᠢᠰᠦ ᠶᠢᠨ ᠤᠶᠢᠯᠡᠳᠪᠦᠷᠢ᠂ ᠳᠡᠮᠦᠷᠯᠢᠭ ᠪᠠ ᠠᠭᠤᠷᠬᠠᠢ ᠶᠢᠨ ᠮᠠᠰᠢᠨ ᠳᠡᠷᠭᠡᠨ ᠠᠩᠭᠢ᠂ ᠤᠯᠠᠭᠠᠨᠬᠠᠳᠠ ᠶᠢᠨ ᠭᠠᠳᠠᠭᠠᠲᠦ ᠠᠷᠠᠯᠵᠢᠶᠠᠨ ᠤ ᠬᠦᠯᠳᠡᠭᠡᠬᠦ ᠤᠶᠢᠯᠡᠳᠪᠦᠷᠢ ᠂ ᠨᠢᠩᠴᠧᠩ ᠤᠨ ᠭᠠᠳᠠᠭᠠᠲᠤ ᠠᠷᠠᠯᠵᠢᠶᠠᠨ ᠤ ᠬᠦᠯᠳᠡᠭᠡᠬᠦ ᠤᠶᠢᠯᠡᠳᠪᠦᠷᠢ ᠨᠢ ︽ᠠᠰᠢᠭ ᠤᠷᠤᠯᠭ᠎ᠠ ᠶᠢᠨ ᠬᠡᠮᠵᠢᠶ᠎ᠡ ᠶᠢ ᠲᠤᠭᠲᠠᠭᠠᠵᠤ ᠳᠠᠪᠠᠭᠤᠯᠤᠭᠰᠠᠨ ᠭᠡᠰᠡᠭ ᠢ ᠨᠢ ᠬᠤᠪᠢᠳᠠᠨ ᠤᠯᠭᠤᠬᠤ︾ ᠳᠠᠭᠠᠭᠠᠴᠢᠯᠠᠯᠲᠠ ᠶᠢᠨ ᠲᠦᠷᠢᠮ ᠢ ᠬᠡᠷᠡᠭᠵᠢᠬᠦᠯᠦᠭᠰᠡᠨ ᠪᠠᠶᠢᠨ᠎ᠠ᠃ ᠤᠯᠠᠭᠠᠨᠬᠠᠳᠠ ᠶᠢᠨ ᠮᠦ ᠵᠢᠶᠠ ᠢᠩᠽᠢ ᠠᠶᠢᠯ ᠪᠠ ᠳᠡᠭᠦᠷᠭᠡ ᠶᠢᠨ ᠠᠩᠴᠢᠨ ᠭᠤᠤ ᠶᠢᠨ ᠬᠤᠶᠠᠷ ᠦᠭᠡᠷ ᠪᠤᠷᠤᠯᠠᠭᠤᠯᠬᠤ ᠦᠷᠳᠡᠭᠡ ᠨᠢ ︽ᠵᠠᠷᠤᠳᠠᠯ ᠢᠶᠠᠨ ᠦᠪᠡᠷᠲᠡᠭᠡᠨ ᠬᠠᠷᠢᠭᠤᠴᠠᠨ᠂ ᠬᠡᠲᠦᠷᠡᠪᠡᠯ ᠦᠯᠦ ᠨᠦᠬᠦᠪᠦᠷᠢᠯᠡᠬᠦ᠂ ᠭᠠᠮᠨᠠᠪᠠᠯ ᠥᠪᠡᠷ ᠢᠶᠠᠨ ᠬᠡᠷᠡᠭᠯᠡᠬᠦ︾ ᠳᠠᠭᠠᠭᠠᠴᠢᠯᠠᠯᠲᠠ ᠶᠢᠨ ᠲᠦᠷᠢᠮ ᠢ ᠬᠡᠷᠡᠭᠵᠢᠬᠦᠯᠦᠭᠰᠡᠨ ᠪᠠᠶᠢᠨ᠎ᠠ᠃ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ᠂ ᠠᠮᠤ ᠲᠤᠰᠦ ᠢᠳᠡᠭᠡᠨ ᠤ ᠠᠵᠢᠯ ᠲᠦᠷᠦᠯ ᠤᠨ ᠠᠰᠢᠭ ᠤᠷᠤᠯᠭ᠎ᠠ ᠶᠢ ᠪᠦᠬᠦᠨ ᠢ ᠦᠯᠡᠳᠡᠭᠡᠵᠦ ᠦᠭᠬᠦ ᠶᠢ ᠬᠡᠷᠡᠭᠵᠢᠭᠦᠯᠦᠭᠰᠡᠨ ᠪᠠᠶᠢᠨ᠎ᠠ᠃ ᠳᠡᠮᠦᠷᠯᠢᠭ ᠪᠠ ᠠᠭᠤᠷᠬᠠᠢ ᠶᠢᠨ ᠭᠠᠷᠤᠯᠲᠠ ᠶᠢᠨ ᠠᠵᠢᠯ ᠲᠦᠷᠦᠯ ᠳᠤ ᠭᠤᠪᠢᠭᠤᠯᠭ᠎ᠠ ᠰᠣᠯᠢᠬᠤ ᠦᠷᠡᠳᠡᠭ ᠢᠶᠠᠨ ᠳᠣᠷᠤᠭᠰᠢᠯᠠᠭᠤᠯᠪᠠᠯ ᠠᠰᠢᠭ ᠤᠷᠤᠯᠭ᠎ᠠ ᠶᠢ ᠨᠢ ᠬᠤᠪᠢᠳᠠᠨ ᠦᠭᠭᠦᠭᠰᠡᠨ ᠪᠠᠶᠢᠨ᠎ᠠ᠃      1986 ᠤᠨ ᠤ 5 ᠰᠠᠷ᠎ᠠ ᠳᠤ᠂ ᠬᠤᠶᠠᠷ ᠱᠠᠲᠦ ᠪᠠᠷ ᠲᠣᠭᠠᠴᠠᠭ᠎ᠠ ᠬᠢᠳᠡᠭ ᠠᠵᠢᠯ ᠢ ᠨᠢᠭᠡ ᠯᠠ ᠱᠠᠲᠦ ᠪᠠᠷ ᠲᠣᠭᠠᠴᠠᠭ᠎ᠠ ᠬᠢᠬᠦ ᠪᠤᠯᠭᠠᠨ ᠦᠭᠡᠷᠡᠴᠢᠯᠡᠪᠡ᠃ 6 ᠰᠠᠷ᠎ᠠ ᠶᠢᠨ 6᠎ ᠤ ᠡᠲᠦᠷ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠨᠢ ︽ᠤᠯᠠᠭᠠᠨᠬᠠᠳᠠ ᠬᠤᠳᠠ ᠶᠢᠨ ᠠᠵᠦ ᠠᠬᠤᠢ ᠠᠷᠠᠯᠵᠢᠶᠠᠨ ᠤ ᠰᠢᠰᠲ᠋ᠧᠮ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠳᠠᠷᠠᠭᠠᠬᠢ ᠡᠳ᠋ ᠤᠨ ᠶᠠᠪᠤᠳᠠᠯ᠂ ᠡᠳ᠋ ᠬᠦᠷᠦᠩᠭᠡ᠂ ᠪᠡᠯᠡ ᠮᠦᠩᠭᠦ ᠶᠢᠨ ᠬᠠᠮᠢᠶᠠᠷᠦᠯᠲᠠ ᠶᠢᠨ ᠲᠤᠬᠠᠢ ᠮᠡᠳᠡᠭᠳᠡᠯ︾᠎ ᠢ ᠪᠠᠭᠤᠯᠭᠠᠵᠤ᠂ ᠲᠣᠭᠠᠴᠠᠨ ᠪᠣᠳᠤᠬᠤ᠂ ᠡᠳ᠋ ᠤᠨ ᠶᠠᠪᠤᠳᠠᠯ ᠤᠨ ᠬᠠᠮᠢᠶᠠᠷᠦᠯᠲᠠ᠂ ᠲᠤᠭᠲᠠᠮᠠᠯ ᠬᠦᠷᠦᠩᠭᠡ ᠪᠠ ᠰᠢᠨᠡᠳᠬᠡᠨ ᠰᠠᠢᠵᠢᠷᠠᠭᠤᠯᠬᠤ ᠪᠡᠯᠡ ᠮᠦᠩᠭᠦᠨ ᠤ ᠬᠠᠮᠢᠶᠠᠷᠦᠯᠲᠠ ᠂ ᠲᠣᠰᠬᠠᠢ ᠬᠠᠮᠢᠶᠠᠷᠤᠯᠲᠠᠲᠤ ᠲᠠᠸᠠᠷ ᠬᠤᠳᠠᠯᠲᠤᠨ ᠠᠪᠬᠤ᠂ ᠡᠳ᠋ ᠬᠤᠭᠰᠢᠯ ᠤᠨ ᠬᠤᠬᠢᠷᠠᠯ ᠢ ᠬᠢᠨᠠᠨ ᠵᠦᠪᠰᠢᠶᠡᠷᠡᠬᠦ ᠵᠡᠷᠭᠡ ᠶᠢ ᠪᠣᠳᠠᠲᠠᠢ ᠲᠤᠭᠲᠠᠭᠠᠵᠤ᠂ ᠬᠤᠰᠢᠭᠤ ᠰᠢᠶᠠᠨ ᠤ ᠭᠠᠳᠠᠭᠠᠲᠤ ᠠᠷᠠᠯᠵᠢᠶᠠᠨ ᠤ ᠺᠤᠮᠫᠠᠨᠢ ᠶᠢᠨ ᠠᠰᠢᠭ ᠤᠷᠤᠯᠭ᠎ᠠ ᠶᠢᠨ ᠦᠯᠡᠳᠡᠭᠰᠡᠨ ᠬᠡᠰᠡᠭ ᠤᠨ ᠰᠠᠭᠤᠷᠢ ᠮᠦᠩᠭᠦ ᠶᠢ ᠬᠤᠪᠢᠶᠠᠷᠢᠯᠠᠬᠤ ᠳᠤ ᠬᠠᠷᠠᠭᠠᠯᠵᠠᠯ ᠦᠵᠡᠭᠦᠯᠵᠦ᠂ ᠠᠷᠦ ᠬᠤᠷᠴᠢᠨ ᠬᠤᠰᠢᠭᠤ᠂ ᠬᠡᠰᠢᠭᠲᠡᠨ ᠬᠤᠰᠢᠭᠤ᠂ ᠪᠠᠭᠠᠷᠢᠨ ᠵᠡᠭᠦᠨ ᠬᠤᠰᠢᠭᠤᠨ ᠤ ᠭᠠᠳᠠᠭᠠᠲᠦ ᠠᠷᠠᠯᠵᠢᠶᠠᠨ ᠤ ᠺᠤᠮᠫᠠᠨᠢ ᠶᠢ ᠬᠤᠳᠠ ᠶᠢᠨ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢ ᠤᠷᠤᠭᠤᠯᠵᠤ ᠭᠠᠷᠭᠠᠬᠤ ᠺᠤᠮᠫᠠᠨᠢ ᠲᠠᠢ ᠨᠡᠢᠯᠡᠭᠦᠯᠦᠨ ᠲᠣᠭᠠᠴᠠᠭ᠎ᠠ ᠬᠢᠭᠰᠡᠨ ᠪᠠᠶᠢᠨ᠎ᠠ᠃      ᠤᠯᠠᠭᠠᠨᠬᠠᠳᠠ ᠶᠢᠨ ᠭᠠᠳᠠᠭᠠᠲᠦ ᠠᠷᠠᠯᠵᠢᠶᠠᠨ ᠤ ᠬᠦᠯᠳᠡᠭᠡᠬᠦ ᠤᠶᠢᠯᠡᠳᠪᠦᠷᠢ᠂ ᠳᠡᠭᠦᠷᠭᠡ᠂ ᠨᠢᠩᠴᠧᠩ᠂ ᠤᠩᠨᠢᠭᠤᠳ ᠬᠤᠰᠢᠭᠤᠨ ᠤ ᠭᠠᠳᠠᠭᠠᠲᠦ ᠠᠷᠠᠯᠵᠢᠶᠠᠨ ᠤ ᠺᠤᠮᠫᠠᠨᠢ ᠶᠢ ᠬᠤᠳᠠ ᠶᠢᠨ ᠠᠮᠦ ᠲᠤᠰᠦ ᠢᠳᠡᠭᠡᠨ ᠢ ᠤᠷᠤᠭᠤᠯᠵᠦ ᠭᠠᠷᠭᠠᠬᠤ ᠺᠤᠮᠫᠠᠨᠢ ᠶᠢᠨ ᠲᠣᠭᠠᠴᠠᠭ᠎ᠠ ᠬᠢᠬᠦ ᠳᠤ ᠤᠷᠤᠭᠤᠯᠵᠦ᠂ ᠠᠤᠬᠠᠨ᠂ ᠬᠠᠷᠠᠴᠢᠨ ᠬᠤᠰᠢᠭᠤᠨ ᠤ ᠭᠠᠳᠠᠭᠠᠲᠦ ᠠᠷᠠᠯᠵᠢᠶᠠᠨ ᠤ ᠺᠤᠮᠫᠠᠨᠢ ᠶᠢ ᠬᠤᠳᠠ ᠶᠢᠨ ᠳᠡᠮᠦᠷᠯᠢᠭ ᠪᠠ ᠠᠭᠤᠷᠬᠠᠢ ᠶᠢᠨ ᠭᠠᠷᠤᠯᠲᠠ᠂ ᠠᠵᠦ ᠤᠶᠢᠯᠡᠳᠪᠦᠷᠢ ᠶᠢᠨ ᠤᠶᠢᠯᠡᠳᠭᠦᠨ ᠢ ᠤᠷᠤᠭᠤᠯᠵᠦ ᠭᠠᠷᠭᠠᠬᠤ ᠺᠤᠮᠫᠠᠨᠢ ᠶᠢᠨ ᠬᠠᠷᠭᠤᠭᠤᠯᠤᠨ ᠪᠤᠲᠤᠬᠤ ᠳᠤ ᠤᠷᠤᠭᠤᠯᠵᠦ᠂ ᠳᠡᠮᠦᠷᠯᠢᠭ ᠠᠭᠤᠷᠬᠠᠢ ᠶᠢᠨ ᠭᠠᠷᠤᠯᠲᠠ ᠶᠢᠨ ᠺᠤᠮᠫᠠᠨᠢ ᠨᠢ ᠪᠠᠰᠠ ᠬᠦᠩᠭᠡᠨ ᠠᠵᠦ ᠤᠶᠢᠯᠡᠳᠪᠦᠷᠢ᠂ ᠭᠠᠷ ᠤᠷᠠᠯᠠᠯ᠂ ᠡᠮ ᠡᠮᠨᠡᠯᠭᠡ ᠡᠷᠡᠭᠦᠯᠵᠢᠯ᠂ ᠨᠡᠬᠡᠮᠡᠯ ᠤᠨ ᠪᠦᠲᠦᠭᠡᠭᠳᠡᠭᠦᠨ᠂ ᠦᠩᠭᠡᠲᠦ ᠳᠡᠮᠦᠷᠯᠢᠭ ᠤᠨ ᠠᠵᠢᠯ ᠲᠦᠷᠦᠯ ᠤᠨ ᠲᠣᠭᠠᠴᠠᠨ ᠪᠣᠳᠤᠯᠲᠠ ᠶᠢ ᠬᠠᠷᠢᠭᠤᠴᠠᠵᠦ ᠪᠠᠶᠢᠪᠠ᠃ 10 ᠰᠠᠷ᠎ᠠ ᠶᠢᠨ 9᠎ ᠤ ᠡᠲᠦᠷ᠂ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ︽ᠨᠠᠶᠠᠨ ᠳᠠᠪᠤᠨ ᠤᠨ ᠤ ᠭᠠᠳᠠᠭᠠᠲᠦ ᠳᠤ ᠭᠠᠷᠭᠠᠭᠰᠠᠨ ᠲᠠᠸᠠᠷ ᠤᠨ ᠭᠠᠳᠠᠭᠠᠲᠦ ᠭᠤᠪᠢᠭᠤᠯᠭ᠎ᠠ ᠶᠢᠨ ᠦᠯᠡᠳᠡᠭᠡᠯ ᠢ ᠬᠤᠪᠢᠶᠠᠷᠢᠯᠠᠬᠤ ᠮᠡᠳᠡᠭᠳᠡᠯ︾ ᠪᠠᠭᠤᠯᠭᠠᠪᠠ᠃ ᠪᠦᠬᠦ ᠬᠤᠳᠠ ᠶᠢᠨ ᠭᠠᠳᠠᠭᠠᠲᠦ ᠭᠤᠪᠢᠭᠤᠯᠭ᠎ᠠ ᠶᠢᠨ ᠦᠯᠡᠳᠡᠭᠡᠯ ᠨᠢ 289707 ᠳ᠋ᠤᠯᠯᠠᠷ ᠪᠠᠶᠢᠪᠠ᠃      82 ᠭᠠᠳᠠᠭᠠᠲᠦ ᠭᠤᠪᠢᠭᠤᠯᠭ᠎ᠠ ᠡᠭᠦᠲᠦᠭᠰᠡᠨ ᠠᠵᠦ ᠠᠬᠤᠶᠢᠯᠠᠯ ᠪᠠ ᠪᠠᠷᠠᠭ᠎ᠠ ᠬᠠᠩᠭᠠᠭᠰᠠᠨ ᠰᠠᠯᠠᠭ᠎ᠠ ᠮᠦᠴᠢᠷ ᠨᠢ ᠦᠯᠡᠳᠡᠭᠡᠯ ᠭᠤᠪᠢᠭᠤᠯᠭ᠎ᠠ ᠶᠢ ᠬᠤᠪᠢᠳᠠᠨ ᠤᠯᠵᠠᠢ᠃      1988 ᠤᠨ ᠳᠤ ᠦᠪᠦᠷ ᠮᠤᠩᠭᠤᠯ ᠤᠨ ᠠᠵᠦ ᠠᠬᠤᠢ ᠠᠷᠠᠯᠵᠢᠶᠠᠨ ᠤ ᠲᠢᠩᠭᠢᠮ ᠨᠢ ᠤᠯᠠᠭᠠᠨᠬᠠᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶᠠᠨ ᠳᠤ ᠡᠵᠡᠩᠨᠡᠨ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠪᠠ᠂ ᠬᠠᠷᠢᠭᠤᠴᠠᠯᠭ᠎ᠠ ᠶᠢᠨ ᠲᠦᠷᠢᠮ ᠳᠤ ᠪᠠᠨ ᠬᠤᠳᠠᠯᠲᠤᠨ ᠠᠪᠬᠤ ᠲᠦᠯᠦᠪᠯᠡᠭᠡ ᠶᠢᠨ ᠶᠡᠷᠦᠩᠬᠡᠢ ᠬᠡᠮᠵᠢᠶ᠎ᠡ᠂ ᠤᠯᠵᠠᠪᠦᠷᠢ ᠪᠤᠶᠤ ᠨᠦᠭᠦᠪᠦᠷᠢ ᠶᠢᠨ ᠶᠡᠷᠦᠩᠬᠡᠢ ᠬᠡᠮᠵᠢᠶ᠎ᠡ᠂ ᠵᠠᠷᠤᠳᠠᠯ ᠤᠨ ᠬᠡᠮᠵᠢᠶ᠎ᠡ᠂ ᠪᠡᠯᠡ ᠮᠦᠩᠭᠦ ᠶᠢᠨ ᠡᠷᠭᠢᠯᠳᠡ ᠶᠢᠨ ᠤᠳᠠᠭ᠎ᠠ ᠵᠡᠷᠭᠡ ᠲᠦᠷᠪᠡᠨ ᠲᠦᠷᠦᠯ ᠤᠨ ᠨᠤᠷᠮ᠎ᠠ ᠶᠢ ᠪᠠᠭᠲᠠᠭᠠᠵᠤ ᠪᠠᠶᠢᠪᠠ᠃ ᠲᠦᠷᠪᠡᠨ ᠲᠦᠷᠦᠯ ᠤᠨ ᠨᠤᠷᠮ᠎ᠠ ᠶᠢ ᠪᠡᠶᠡᠯᠡᠭᠦᠯᠪᠡᠯ ᠳᠠᠭᠠᠭᠠᠴᠢᠯᠠᠭᠰᠠᠨ ᠠᠰᠢᠭ ᠤᠷᠤᠯᠭ᠎ᠠ ᠶᠢ ᠲᠦᠷᠪᠡ ᠵᠢᠷᠭᠤᠭ᠎ᠠ ᠪᠠᠷ ᠬᠤᠪᠢᠶᠠᠷᠢᠯᠠᠵᠤ᠂ ᠠᠵᠦ ᠠᠬᠤᠢ 40%᠎ ᠶᠢ ᠨᠢ ᠦᠯᠡᠳᠡᠭᠡᠵᠦ᠂ ᠤᠷᠤᠨ ᠤ ᠺᠤᠮᠫᠠᠨᠢ ᠳᠤ 60%᠎ ᠶᠢ ᠨᠢ ᠲᠤᠰᠢᠶᠠᠨ᠎ᠠ᠃ ᠬᠡᠲᠦ ᠠᠰᠢᠭ ᠤᠷᠤᠯᠭ᠎ᠠ ᠶᠢᠨ ᠨᠤᠷᠮ᠎ᠠ ᠲᠠᠢ ᠰᠠᠯᠠᠭ᠎ᠠ ᠮᠦᠴᠢᠷ ᠨᠢ ᠳᠠᠪᠤ ᠳᠠᠪᠤ ᠪᠠᠷ ᠬᠤᠪᠢᠶᠠᠵᠤ᠂ ᠠᠵᠦ ᠠᠬᠤᠢᠯᠠᠯ ᠨᠢ 50%᠎ ᠶᠢ ᠨᠢ ᠦᠯᠡᠳᠡᠭᠡᠵᠦ᠂ 50%᠎ ᠶᠢ ᠨᠢ ᠲᠤᠰᠢᠶᠠᠨ᠎ᠠ᠃      ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠨᠢ ᠳᠠᠭᠠᠭᠠᠴᠢᠯᠠᠬᠤ ᠨᠤᠷᠮ᠎ᠠ ᠪᠠᠨ ᠱᠠᠲᠦ ᠳᠠᠷᠠᠭᠠᠯᠠᠨ ᠬᠤᠪᠢᠶᠠᠷᠢᠯᠠᠵᠤ᠂ ᠬᠠᠷᠢᠶᠠᠯᠠᠭᠳᠠᠬᠤ ᠺᠤᠮᠫᠠᠨᠢ᠂ ᠳᠡᠭᠡᠭᠡᠪᠦᠷᠢᠯᠡᠨ ᠪᠤᠯᠪᠠᠰᠦᠷᠠᠭᠤᠯᠬᠤ ᠠᠵᠦ ᠠᠬᠤᠶᠢᠯᠠᠯ ᠲᠠᠢ ᠳᠠᠭᠠᠭᠠᠴᠢᠯᠠᠬᠤ ᠭᠡᠷ᠎ᠡ ᠲᠤᠭᠲᠠᠪᠠ᠃ ᠳᠤᠰ ᠵᠢᠯ ᠳᠤ ᠪᠦᠬᠦ ᠰᠢᠰᠲ᠋ᠧᠮ ᠳᠤ ᠲᠣᠭᠠᠴᠠᠭ᠎ᠠ ᠬᠢᠭᠰᠡᠨ ᠠᠵᠦ ᠠᠬᠤᠶᠢᠯᠠᠯ 20 ᠪᠠᠶᠢᠪᠠ᠂ ᠡᠭᠦᠨ ᠤ ᠲᠤᠲᠤᠷ᠎ᠠ ᠪᠤᠯᠪᠠᠰᠦᠷᠠᠭᠤᠯᠬᠤ᠂ ᠳᠡᠭᠡᠭᠡᠪᠦᠷᠢᠯᠡᠬᠦ ᠠᠵᠦ ᠠᠬᠤᠶᠢᠯᠠᠯ ᠳᠠᠪᠤ ᠪᠤᠢ᠃ ᠤᠷᠤᠨ ᠤ ᠲᠢᠩᠭᠢᠮ ᠠᠴᠠ ᠪᠠᠭᠤᠯᠭᠠᠭᠰᠠᠨ ᠠᠰᠢᠭ ᠤᠷᠤᠯᠭ᠎ᠠ ᠶᠢᠨ ᠨᠤᠷᠮ᠎ᠠ ᠨᠢ 201 ᠲᠦᠮᠡᠨ ᠲᠦᠭᠦᠷᠢᠭ᠂ ᠪᠤᠳᠠᠲᠠᠢ ᠪᠡᠶᠡᠯᠡᠭᠦᠯᠦᠭᠰᠡᠨ ᠠᠰᠢᠭ ᠤᠷᠤᠯᠭ᠎ᠠ ᠨᠢ 609.08 ᠲᠦᠮᠡᠨ ᠲᠦᠭᠦᠷᠢᠭ᠂ ᠤᠷᠤᠨ ᠤ ᠲᠢᠩᠭᠢᠮ ᠤᠨ ᠳᠠᠭᠠᠭᠠᠴᠢᠯᠠᠬᠤ ᠲᠦᠰᠦᠪ ᠢ ᠦᠨᠲᠦᠰᠦᠯᠡᠪᠡᠯ᠂ ᠦᠯᠡᠳᠡᠭᠡᠪᠡᠯ ᠵᠣᠬᠢᠬᠤ ᠠᠰᠢᠭ ᠤᠷᠤᠯᠭ᠎ᠠ 787.87 ᠲᠦᠮᠡᠨ ᠲᠦᠭᠦᠷᠢᠭ᠂ ᠦᠨᠡᠨᠳᠡᠭᠡᠨ 502.11 ᠲᠦᠮᠡᠨ ᠲᠦᠭᠦᠷᠢᠭ ᠦᠯᠡᠳᠡᠭᠡᠨ ᠠᠪᠴᠠᠢ᠃      1989 ᠤᠨ ᠳᠤ᠂ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠨᠢ ︽ᠤᠯᠠᠭᠠᠨᠬᠠᠳᠠ ᠬᠤᠳᠠ ᠶᠢᠨ ᠠᠵᠦ ᠠᠬᠤᠢ ᠠᠷᠠᠯᠵᠢᠶᠠᠨ ᠤ ᠠᠵᠦ ᠠᠬᠤᠶᠢᠯᠠᠯ ᠤᠨ ᠳᠠᠭᠠᠭᠠᠴᠢᠯᠠᠨ ᠡᠵᠡᠩᠨᠡᠯᠲᠡ ᠶᠢᠨ ᠱᠠᠩᠨᠠᠨ ᠬᠦᠬᠢᠭᠦᠯᠬᠦ ᠠᠷᠭ᠎ᠠ︾᠎ ᠶᠢ ᠲᠤᠭᠲᠠᠭᠠᠵᠤ᠂ ᠵᠢᠯ ᠤᠨ ᠡᠴᠦᠰ ᠲᠤ ᠳᠠᠭᠠᠭᠠᠴᠢᠯᠠᠭᠰᠠᠨ ᠬᠦᠮᠦᠨ ᠳᠤ ᠱᠠᠩᠨᠠᠯ ᠤᠨ ᠮᠦᠩᠭᠦ ᠣᠯᠭᠤᠪᠠ᠂ ᠤᠯᠠᠨ ᠨᠢ 2800 ᠲᠦᠭᠦᠷᠢᠭ᠂ ᠪᠠᠭ᠎ᠠ ᠨᠢ 300 ᠲᠦᠭᠦᠷᠢᠭ ᠣᠯᠵᠠᠢ᠃ ᠳᠤᠰ ᠵᠢᠯ ᠳᠤ ᠠᠵᠦ ᠠᠬᠤᠶᠢᠯᠠᠯ ᠤᠨ ᠦᠪᠡᠷ ᠤᠨ ᠬᠢᠨᠢ ᠭᠠᠳᠠᠭᠠᠲᠦ ᠭᠤᠪᠢᠭᠤᠯᠭ᠎ᠠ ᠨᠢ 133 ᠲᠦᠮᠡᠨ ᠳ᠋ᠤᠯᠯᠠᠷ ᠪᠠᠶᠢᠪᠠ᠂ ᠡᠭᠦᠨ ᠳᠤ 30 ᠲᠦᠮᠡᠨ ᠳ᠋ᠤᠯᠯᠠᠷ ᠢ ᠨᠢ ᠴᠠᠷᠴᠠᠭᠠᠵᠠᠢ᠃      1990 ᠤᠨ ᠤ 3 ᠰᠠᠷ᠎ᠠ ᠳᠤ᠂ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠨᠢ ︽ᠤᠯᠠᠭᠠᠨᠬᠠᠳᠠ ᠬᠤᠳᠠ ᠶᠢᠨ ᠠᠵᠦ ᠠᠬᠤᠢ ᠠᠷᠠᠯᠵᠢᠶᠠᠨ ᠤ ᠠᠵᠦ ᠠᠬᠤᠶᠢᠯᠠᠯ ᠤᠨ ᠳᠠᠭᠠᠭᠠᠴᠢᠯᠠᠨ ᠡᠵᠡᠩᠨᠡᠬᠦ ᠬᠠᠷᠢᠭᠤᠴᠠᠯᠭ᠎ᠠ ᠶᠢᠨ ᠲᠦᠷᠢᠮ ᠢ ᠬᠢᠨᠠᠨ ᠰᠢᠯᠭᠠᠬᠤ ᠪᠠᠶᠢᠴᠠᠭᠠᠯᠲᠠ ᠶᠢᠨ ᠠᠷᠭ᠎ᠠ ᠶᠢ ᠲᠤᠭᠲᠠᠭᠠᠪᠠ᠃ ᠡᠭᠦᠨ ᠢ ᠪᠠᠰᠠ ᠬᠤᠣᠰ ᠳᠠᠭᠠᠭᠠᠴᠢᠯᠠᠨ ᠡᠵᠡᠩᠨᠡᠬᠦ ᠲᠦᠰᠦᠪ︾ ᠭᠡᠳᠡᠭ᠃ ᠦᠪᠡᠷᠲᠡᠭᠡᠨ ᠵᠠᠰᠠᠬᠤ ᠤᠷᠤᠨ ᠤ ᠠᠵᠦ ᠠᠬᠤᠢ ᠠᠷᠠᠯᠵᠢᠶᠠᠨ ᠤ ᠲᠢᠩᠭᠢᠮ ᠤᠨ ︽ᠳᠠᠭᠠᠭᠠᠴᠢᠯᠠᠬᠤ ᠲᠦᠰᠦᠪ︾᠎ ᠤᠨ ᠵᠤᠷᠢᠭ ᠰᠠᠨᠠᠭ᠎ᠠ ᠶᠢ ᠦᠨᠲᠦᠰᠦᠯᠡᠨ 1990 ᠤᠨ ᠠᠴᠠ ᠡᠭᠢᠯᠡᠨ ᠠᠯᠳᠠᠪᠤᠷᠢ ᠲᠠᠢ ᠪᠠᠶᠢᠭ᠎ᠠ ᠨᠠᠢᠮᠠᠨ ᠠᠵᠦ ᠠᠬᠤᠶᠢᠯᠠᠯ ᠤᠨ ᠠᠵᠢᠯᠴᠢᠳ ᠤᠨ ᠬᠡᠯᠪᠡᠯᠵᠡᠯᠲᠦ ᠴᠠᠯᠢᠩ ᠪᠠ 1989 ᠤᠨ ᠤ ᠵᠢᠯ ᠤᠨ ᠰᠡᠭᠦᠯᠴᠢ ᠶᠢᠨ ᠱᠠᠩᠨᠠᠯ ᠤᠨ ᠮᠦᠩᠭᠦ ᠶᠢ ᠵᠤᠭᠰᠤᠭᠠᠭᠰᠠᠨ ᠪᠠᠶᠢᠨ᠎ᠠ᠃      ᠳᠡᠭᠡᠷ᠎ᠡ ᠲᠤᠷᠠᠲᠤᠭᠰᠠᠨ ᠰᠢᠷᠢᠰ ᠦᠭᠡᠷᠡᠴᠢᠯᠡᠯᠳᠡ ᠪᠠᠷ ᠳᠠᠮᠵᠢᠨ᠂ ᠠᠵᠦ ᠠᠬᠤᠶᠢᠯᠠᠯ ᠤᠨ ᠡᠵᠡᠩᠨᠡᠯᠳᠡ ᠬᠠᠮᠢᠶᠠᠷᠦᠯᠲᠠ ᠨᠢ ᠰᠠᠶᠢᠵᠢᠷᠠᠵᠤ᠂ ᠭᠠᠳᠠᠭᠠᠲᠤ ᠠᠷᠠᠯᠵᠢᠶᠠᠨ ᠤ ᠠᠵᠦ ᠠᠬᠤᠢ ᠶᠢᠨ ᠦᠷ᠎ᠡ ᠠᠰᠢᠭ ᠳᠡᠭᠡᠭᠰᠢᠯᠡᠭᠰᠡᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ