ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠨᠢᠭᠡ︶
ᠨᠡᠶᠢᠲᠡᠯᠡᠭᠰᠡᠨ ᠴᠠᠭ᠄
2020/9/29
ᠨᠢᠭᠡᠲᠦᠭᠡᠷ ᠪᠦᠯᠦᠭ ᠪᠦᠲᠦᠴᠡ ᠪᠠᠶᠢᠭᠤᠯᠤᠮᠵᠢᠨᠢᠭᠡᠲᠦᠭᠡᠷ ᠬᠡᠰᠡᠭ ᠡᠵᠡᠩᠨᠡᠯᠳᠡ ᠶᠢᠨ ᠪᠦᠲᠦᠴᠡ      ᠨᠢᠭᠡ᠂ ᠤᠯᠠᠭᠠᠨᠬᠠᠳᠠ ᠬᠤᠳᠠ ᠶᠢᠨ ᠭᠠᠳᠠᠭᠠᠲᠦ ᠠᠵᠦ ᠠᠬᠤᠢ ᠠᠷᠠᠯᠵᠢᠶᠠᠨ ᠤ ᠺᠤᠮᠫᠠᠨᠢ      ᠤᠯᠠᠭᠠᠨᠬᠠᠳᠠ ᠬᠤᠳᠠ ᠶᠢᠨ ᠭᠠᠳᠠᠭᠠᠲᠦ ᠠᠵᠦ ᠠᠬᠤᠢ ᠠᠷᠠᠯᠵᠢᠶᠠᠨ ᠤ ᠺᠤᠮᠫᠠᠨᠢ ᠶᠢᠨ ᠶᠢ ᠡᠬᠢᠯᠡᠵᠦ ᠪᠠᠶᠢᠭᠤᠯᠬᠤ ᠳᠠᠭᠠᠨ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠭᠡᠵᠦ ᠪᠠᠶᠢᠪᠠ᠃ ᠪᠠᠶᠢᠭᠤᠯᠤᠮᠵᠢ ᠶᠢᠨ ᠨᠡᠷ᠎ᠡ ᠪᠤᠯᠤᠨ ᠬᠠᠷᠢᠶᠠᠯᠠᠭᠳᠠᠬᠤ ᠬᠠᠷᠢᠴᠠᠭ᠎ᠠ ᠨᠢ ᠭᠡᠲᠦ ᠤᠳᠠᠭ᠎ᠠ ᠬᠤᠪᠢᠷᠠᠭᠰᠠᠨ ᠪᠠᠶᠢᠨ᠎ᠠ᠄      1951 ᠤᠨ ᠤ 4 ᠰᠠᠷ᠎ᠠ ᠶᠢᠨ 20᠎ ᠳᠤ᠂ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠭᠡᠵᠦ ᠪᠠᠭᠠᠷᠢᠨ ᠵᠡᠭᠦᠨ ᠬᠤᠰᠢᠭᠤᠨ ᠤ ᠯᠢᠨᠳᠦ᠋ᠩ ᠪᠠᠯᠭᠠᠰᠦᠨ ᠳᠤ ᠪᠠᠶᠢᠭᠤᠯᠪᠠ᠂ ᠲᠡᠷᠡ ᠨᠢ ᠭᠠᠳᠠᠭᠠᠲᠦ ᠲᠤᠲᠤᠭᠠᠲᠦ ᠠᠷᠠᠯᠵᠢᠶ᠎ᠠ ᠶᠢ ᠬᠠᠪᠰᠦᠷᠭᠠᠨ ᠡᠵᠡᠩᠨᠡᠭᠰᠡᠨ ᠤᠯᠤᠰ ᠤᠨ ᠬᠤᠳᠠᠯᠲᠤᠭᠠᠨ ᠤ ᠶᠠᠪᠤᠳᠠᠯ ᠤᠨ ᠪᠠᠶᠢᠭᠤᠯᠤᠮᠵᠢ ᠪᠤᠯᠬᠤ ᠶᠤᠮ᠃ ᠳᠡᠭᠦᠨ ᠤ ᠡᠵᠡᠩᠨᠡᠬᠦ ᠬᠡᠪᠴᠢᠶ᠎ᠡ ᠨᠢ ᠮᠠᠯ ᠤᠨ ᠠᠰᠢᠭ ᠰᠢᠮ᠎ᠡ᠂ ᠨᠤᠲᠤᠭ ᠤᠨ ᠤᠨᠴᠠ ᠭᠠᠷᠤᠯᠲᠠ᠂ ᠲᠤᠰᠤᠯᠢᠭ ᠮᠠᠲ᠋ᠧᠷᠢᠶᠠᠯ᠂ ᠡᠮ ᠤᠨ ᠮᠠᠲ᠋ᠧᠷᠢᠶᠠᠯ ᠢ ᠬᠤᠳᠠᠯᠲᠤᠨ ᠠᠪᠬᠤ᠂ ᠲᠤᠭᠢᠷᠠᠭᠤᠯᠤᠨ ᠦᠭᠬᠦ᠂ ᠭᠠᠳᠠᠭᠰᠢ ᠭᠠᠷᠭᠠᠬᠤ᠂ ᠲᠤᠲᠤᠭᠠᠲᠦ ᠳᠤ ᠪᠠᠨ ᠪᠤᠷᠤᠯᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠪᠠᠭᠲᠠᠭᠠᠵᠤ᠂ ᠦᠪᠦᠷ ᠮᠤᠩᠭᠤᠯ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠪᠤᠯᠤᠨ ᠠᠶᠢᠮᠠᠭ ᠤᠨ ᠠᠵᠦ ᠤᠶᠢᠯᠡᠳᠪᠦᠷᠢ ᠬᠤᠳᠠᠯᠲᠤᠭᠠᠨ ᠤ ᠭᠠᠵᠠᠷ ᠲᠤ ᠬᠠᠷᠢᠶᠠᠯᠠᠭᠳᠠᠵᠤ ᠪᠠᠶᠢᠪᠠ᠃ ᠺᠤᠮᠫᠠᠨᠢ ᠶᠢᠨ ᠲᠤᠤᠷ᠎ᠠ ᠨᠢ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠯᠢᠨᠰᠢ ᠳᠠᠬᠢ ᠭᠤᠤᠯ ᠺᠤᠮᠫᠠᠨᠢ᠂ ᠠᠷᠦ ᠬᠤᠷᠴᠢᠨ ᠬᠤᠰᠢᠭᠤ ᠪᠤᠯᠤᠨ ᠪᠠᠭᠠᠷᠢᠨ ᠪᠠᠷᠠᠭᠤᠨ ᠬᠤᠰᠢᠭᠤᠨ ᠳᠠᠬᠢ ᠮᠠᠯ ᠤᠨ ᠠᠰᠢᠭ ᠰᠢᠮ᠎ᠡ ᠶᠢ ᠡᠵᠡᠩᠨᠡᠬᠦ ᠭᠠᠵᠠᠷ ᠪᠠ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠮᠠᠯ ᠠᠵᠦ ᠠᠬᠤᠢ ᠶᠢᠨ ᠳᠠᠯᠠᠪᠠᠢ ᠭᠡᠵᠦ ᠪᠠᠶᠢᠪᠠ᠃ ᠯᠢᠨᠰᠢ ᠳᠠᠬᠢ ᠭᠤᠤᠯ ᠺᠤᠮᠫᠠᠨᠢ ᠨᠢ ᠯᠢᠨᠰᠢ ᠶᠢᠨ ᠳᠠᠪᠢᠨ ᠠᠶᠢᠯ᠂ ᠭᠡᠰᠢᠭᠲᠡᠨ ᠬᠤᠰᠢᠭᠤᠨ ᠤ ᠬᠤᠳᠠᠯᠲᠤᠨ ᠠᠪᠴᠦ ᠪᠤᠷᠤᠯᠠᠭᠤᠯᠬᠤ ᠳᠡᠯᠭᠡᠭᠦᠷ ᠢ ᠰᠢᠭᠤᠳ ᠬᠠᠮᠢᠶᠠᠷᠴᠦ ᠪᠠᠶᠢᠪᠠ᠃      1953 ᠤᠨ ᠤ 4 ᠰᠠᠷ᠎ᠠ ᠳᠤ᠂ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢ ᠵᠤᠤ ᠤᠳᠠ ᠠᠶᠢᠮᠠᠭ ᠤᠨ ᠢᠳᠡᠭᠡᠨ ᠤ ᠺᠤᠮᠫᠠᠨᠢ ᠪᠠ ᠵᠤᠤ ᠤᠳᠠ ᠠᠶᠢᠮᠠᠭ ᠤᠨ ᠨᠤᠲᠤᠭ ᠤᠨ ᠤᠨᠴᠠ ᠭᠠᠷᠤᠯᠲᠠ ᠶᠢᠨ ᠺᠤᠮᠫᠠᠨᠢ ᠬᠡᠵᠦ ᠬᠤᠪᠢᠶᠠᠪᠠ᠃ ᠡᠭᠦᠨ ᠠᠴᠠ ᠭᠠᠳᠠᠨ᠎ᠠ ᠳᠤᠮᠳᠠᠲᠦ ᠤᠯᠤᠰ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠪᠢᠶᠠᠷᠢ ᠺᠤᠮᠫᠠᠨᠢ ᠶᠢᠨ ᠪᠠᠭᠠᠷᠢᠨ ᠵᠡᠭᠦᠨ ᠬᠤᠰᠢᠭᠤᠨ ᠳᠠᠬᠢ ᠰᠠᠯᠪᠤᠷᠢ ᠺᠤᠮᠫᠠᠨᠢ ᠶᠢ ᠪᠠᠶᠢᠭᠤᠯᠪᠠ᠃1954 ᠤᠨ ᠤ 7 ᠰᠠᠷ᠎ᠠ ᠳᠤ᠂ ᠳᠤᠮᠳᠠᠲᠦ ᠤᠯᠤᠰ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠪᠢᠶᠠᠷᠢ ᠺᠤᠮᠫᠠᠨᠢ ᠶᠢᠨ ᠵᠤᠤ ᠤᠳᠠ ᠠᠶᠢᠮᠠᠭ ᠤᠨ ᠰᠠᠯᠪᠤᠷᠢ ᠺᠤᠮᠫᠠᠨᠢ ᠶᠢ ᠪᠠᠶᠢᠭᠤᠯᠪᠠ᠃ ᠺᠤᠮᠫᠠᠨᠢ ᠶᠢᠨ ᠲᠤᠤᠷ᠎ᠠ ᠨᠢ ᠬᠤᠳᠠᠯᠲᠤᠨ ᠠᠪᠬᠤ ᠳᠡᠯᠭᠡᠭᠦᠷ ᠲᠠᠢ ᠪᠠᠶᠢᠪᠠ᠂ ᠯᠢᠨᠰᠢ ᠶᠢᠨ ᠮᠠᠯ ᠤᠨ ᠠᠰᠢᠭ ᠰᠢᠮ᠎ᠡ ᠶᠢᠨ ᠰᠠᠯᠪᠤᠷᠢ ᠺᠤᠮᠫᠠᠨᠢ ᠨᠢ ᠪᠠᠭᠠᠷᠢᠨ ᠵᠡᠭᠦᠨ ᠬᠤᠰᠢᠭᠤᠨ ᠤ ᠮᠠᠯ ᠤᠨ ᠠᠰᠢᠭ ᠰᠢᠮ᠎ᠡ ᠶᠢᠨ ᠰᠠᠯᠪᠤᠷᠢ ᠺᠤᠮᠫᠠᠨᠢ᠂ ᠠᠷᠦ ᠬᠤᠷᠴᠢᠨ ᠬᠤᠰᠢᠭᠤ ᠪᠠ ᠭᠡᠰᠢᠭᠲᠡᠨ ᠬᠤᠰᠢᠭᠤᠨ ᠤ ᠮᠠᠯ ᠤᠨ ᠠᠰᠢᠭ ᠰᠢᠮ᠎ᠡ ᠶᠢ ᠡᠵᠡᠩᠨᠡᠬᠦ ᠭᠠᠵᠠᠷ ᠲᠠᠢ ᠪᠠᠶᠢᠵᠤ᠂ ᠲᠦᠩᠯᠢᠶᠤᠤ ᠬᠤᠳᠠ ᠳᠤ ᠳᠠᠮᠵᠢᠭᠤᠯᠤᠨ ᠵᠦᠭᠡᠭᠡᠪᠦᠷᠢᠯᠡᠬᠦ ᠦᠷᠳᠡᠭᠡ ᠪᠠᠶᠢᠭᠤᠯᠤᠭᠰᠠᠨ ᠪᠠᠶᠢᠨ᠎ᠠ᠃      1955 ᠤᠨ ᠤ 11 ᠰᠠᠷ᠎ᠠ ᠶᠢᠨ 28᠎ ᠤ ᠡᠲᠦᠷ᠂ ᠵᠤᠤ ᠤᠳᠠ ᠠᠶᠢᠮᠠᠭ ᠤᠨ ᠰᠠᠯᠪᠤᠷᠢ ᠺᠤᠮᠫᠠᠨᠢ ᠨᠢ ᠯᠢᠨᠳᠥ᠋ᠩ ᠠᠴᠠ ᠤᠯᠠᠭᠠᠨᠬᠠᠳᠠ ᠳᠤ ᠰᠢᠯᠵᠢᠵᠦ᠂ ᠠᠷᠦ ᠬᠤᠷᠴᠢᠨ ᠬᠤᠰᠢᠭᠤᠨ ᠤ ᠮᠠᠯ ᠤᠨ ᠠᠰᠢᠭ ᠰᠢᠮ᠎ᠡ ᠶᠢᠨ ᠡᠵᠡᠩᠨᠡᠬᠦ ᠭᠠᠵᠠᠷ ᠤᠨ ᠨᠡᠷ᠎ᠡ ᠶᠢ ᠠᠷᠦ ᠬᠤᠷᠴᠢᠨ ᠬᠤᠰᠢᠭᠤᠨ ᠤ ᠮᠠᠯ ᠤᠨ ᠠᠰᠢᠭ ᠰᠢᠮ᠎ᠡ ᠶᠢᠨ ᠰᠠᠯᠪᠤᠷᠢ ᠺᠤᠮᠫᠠᠨᠢ ᠬᠡᠵᠦ ᠦᠭᠡᠷᠡᠴᠢᠯᠡᠨ ᠲᠦᠩᠯᠢᠶᠤᠤ ᠶᠢᠨ ᠳᠠᠮᠵᠢᠭᠤᠯᠤᠨ ᠵᠦᠭᠡᠭᠡᠪᠦᠷᠢᠯᠡᠬᠦ ᠦᠷᠳᠡᠭᠡ ᠶᠢ ᠬᠠᠰᠤᠪᠠ᠃ 1955 ᠤᠨ ᠤ ᠡᠴᠦᠰ ᠪᠤᠯᠲᠠᠯ᠎ᠠ᠂ ᠵᠤᠤ ᠤᠳᠠ ᠠᠶᠢᠮᠠᠭ ᠤᠨ ᠰᠠᠯᠪᠤᠷᠢ ᠺᠤᠮᠫᠠᠨᠢ ᠶᠢᠨ ᠲᠤᠤᠷ᠎ᠠ ᠪᠠᠭᠠᠷᠢᠨ ᠵᠡᠭᠦᠨ ᠬᠤᠰᠢᠭᠤ᠂ ᠯᠢᠨᠰᠢ ᠰᠢᠶᠠᠨ᠂ ᠠᠷᠦ ᠬᠤᠷᠴᠢᠨ ᠬᠤᠰᠢᠭᠤ᠂ ᠤᠯᠠᠭᠠᠨᠬᠠᠳᠠ ᠰᠢᠶᠠᠨ ᠵᠡᠷᠭᠡ ᠮᠠᠯ ᠤᠨ ᠠᠰᠢᠭ ᠰᠢᠮ᠎ᠡ ᠶᠢᠨ ᠰᠠᠯᠪᠤᠷᠢ ᠺᠤᠮᠫᠠᠨᠢ ᠲᠠᠢ ᠪᠠᠶᠢᠪᠠ᠃      1956 ᠤᠨ ᠤ 6 ᠰᠠᠷ᠎ᠠ ᠶᠢᠨ 1᠎ ᠤ ᠡᠲᠦᠷ᠂ ᠳᠤᠮᠳᠠᠲᠦ ᠤᠯᠤᠰ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠪᠢᠶᠠᠷᠢ ᠺᠤᠮᠫᠠᠨᠢ ᠶᠢᠨ ᠵᠤᠤ ᠤᠳᠠ ᠠᠶᠢᠮᠠᠭ ᠤᠨ ᠭᠤᠤᠯ ᠰᠠᠯᠪᠤᠷᠢ ᠺᠤᠮᠫᠠᠨᠢ ᠪᠠᠨ ᠵᠤᠤ ᠤᠳᠠ ᠠᠶᠢᠮᠠᠭ ᠤᠨ ᠲᠠᠷᠢᠶᠠᠯᠠᠩ ᠤᠨ ᠭᠠᠷᠤᠯᠲᠠ ᠬᠤᠳᠠᠯᠲᠤᠨ ᠠᠪᠬᠤ ᠲᠤᠪᠴᠢᠶ᠎ᠠ ᠬᠡᠮᠡᠨ ᠦᠭᠡᠷᠡᠴᠢᠯᠡᠨ᠂ ᠦᠪᠦᠷ ᠮᠤᠩᠭᠤᠯ ᠤᠨ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠢᠩᠬᠢᠮ ᠳᠤ ᠬᠠᠷᠢᠶᠠᠯᠠᠭᠤᠯᠪᠠ᠃ ᠡᠭᠦᠨ ᠤ ᠬᠠᠮᠲᠦ᠂ ᠯᠢᠨᠰᠢ᠂ ᠪᠠᠭᠠᠷᠢᠨ ᠵᠡᠭᠦᠨ ᠬᠤᠰᠢᠭᠤ᠂ ᠠᠷᠦ ᠬᠤᠷᠴᠢᠨ ᠬᠤᠰᠢᠭᠤ᠂ ᠤᠯᠠᠭᠠᠨᠬᠠᠳᠠ ᠰᠢᠶᠠᠨ ᠤ ᠰᠠᠯᠪᠤᠷᠢ ᠺᠤᠮᠫᠠᠨᠢ ᠶᠢ ᠦᠭᠡᠷᠡᠴᠢᠯᠡᠭᠡᠳ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠪᠤᠯᠭᠠᠵᠦ᠂ 1956 ᠤᠨ ᠤ ᠡᠴᠦᠰ ᠪᠤᠯᠲᠠᠯ᠎ᠠ ᠪᠠᠭᠠᠷᠢᠨ ᠪᠠᠷᠠᠭᠤᠨ ᠬᠤᠰᠢᠭᠤ ᠂ ᠤᠩᠨᠢᠭᠤᠳ ᠬᠤᠰᠢᠭᠤ᠂ ᠬᠠᠷᠠᠴᠢᠨ ᠬᠤᠰᠢᠭᠤ᠂ ᠨᠢᠩᠴᠧᠩ ᠰᠢᠶᠠᠨ ᠨᠢ ᠵᠠᠯᠭᠠᠯᠳᠤᠭ᠎ᠠ ᠪᠠᠷ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠪᠠᠶᠢᠭᠤᠯᠤᠭᠰᠠᠨ ᠪᠠᠶᠢᠨ᠎ᠠ᠃      1957 ᠤᠨ ᠤ 1 ᠰᠠᠷ᠎ᠠ ᠶᠢᠨ 5᠎ ᠤ ᠡᠲᠦᠷ᠂ ᠵᠤᠤ ᠤᠳᠠ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠶᠢ ᠬᠠᠰᠤᠵᠤ ᠂ ᠤᠯᠠᠭᠠᠨᠬᠠᠳᠠ ᠶᠢᠨ ᠮᠠᠯ ᠤᠨ ᠠᠰᠢᠭ ᠰᠢᠮ᠎ᠡ ᠶᠢ ᠬᠤᠳᠠᠯᠲᠤᠨ ᠠᠪᠬᠤ ᠬᠠᠩᠭᠠᠬᠤ ᠦᠷᠳᠡᠭᠡ ᠪᠠᠶᠢᠭᠤᠯᠵᠦ᠂ ᠠᠶᠢᠮᠠᠭ ᠤᠨ ᠨᠤᠲᠤᠭ ᠤᠨ ᠭᠠᠷᠤᠯᠲᠠ ᠶᠢᠨ ᠺᠤᠮᠫᠠᠨᠢ ᠲᠠᠢ ᠨᠡᠶᠢᠯᠡᠭᠦᠯᠵᠦ᠂ ᠠᠶᠢᠮᠠᠭ ᠤᠨ ᠬᠠᠩᠭᠠᠨ ᠪᠤᠷᠤᠯᠠᠭᠤᠯᠬᠤ ᠬᠤᠷᠰᠢᠶᠠᠨ ᠳᠤ ᠬᠠᠷᠢᠶᠠᠯᠠᠭᠤᠯᠤᠭᠰᠠᠨ ᠪᠠᠶᠢᠨ᠎ᠠ᠃ ᠡᠭᠦᠨ ᠤ ᠬᠠᠮᠲᠦ᠂ ᠪᠦᠭᠦ᠋ᠢᠯᠡ ᠬᠤᠰᠢᠭᠤ ᠰᠢᠶᠠᠨ ᠤ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠶᠢ ᠬᠠᠰᠤᠵᠤ᠂ ᠲᠤᠬᠠᠢ ᠶᠢᠨ ᠭᠠᠵᠠᠷ ᠤᠨ ᠬᠠᠩᠭᠠᠨ ᠪᠤᠷᠤᠯᠠᠭᠤᠯᠬᠤ ᠬᠤᠷᠰᠢᠶ᠎ᠠ ᠲᠠᠢ ᠨᠡᠶᠢᠯᠡᠭᠦᠯᠦᠭᠰᠡᠨ ᠪᠠᠶᠢᠨ᠎ᠠ᠃      1958 ᠤᠨ ᠳᠤ᠂ ᠮᠠᠯ ᠤᠨ ᠠᠰᠢᠭ ᠰᠢᠮ᠎ᠡ ᠶᠢ ᠬᠤᠳᠠᠯᠲᠤᠨ ᠠᠪᠬᠤ ᠬᠠᠩᠭᠠᠬᠤ ᠦᠷᠳᠡᠭᠡ ᠨᠢ ᠬᠠᠩᠭᠠᠨ ᠪᠤᠷᠤᠯᠠᠭᠤᠯᠬᠤ ᠬᠤᠷᠰᠢᠶ᠎ᠠ ᠠᠴᠠ ᠰᠠᠯᠤᠨ ᠭᠠᠷᠴᠦ᠂ ᠦᠪᠦᠷ ᠮᠤᠩᠭᠤᠯ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠪᠠ᠃ ᠳᠤᠰ ᠵᠢᠯ ᠤᠨ 12 ᠰᠠᠷ᠎ᠠ ᠶᠢᠨ 5᠎ ᠳᠤ ᠤᠯᠠᠭᠠᠨᠬᠠᠳᠠ ᠶᠢᠨ ᠮᠠᠯ ᠤᠨ ᠠᠰᠢᠭ ᠰᠢᠮ᠎ᠡ ᠬᠤᠳᠠᠯᠲᠤᠨ ᠠᠪᠬᠤ ᠬᠠᠩᠭᠠᠬᠤ ᠦᠷᠳᠡᠭᠡ ᠨᠢ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠭᠡᠳᠡᠭ ᠨᠡᠷ᠎ᠡ ᠪᠠᠨ ᠰᠡᠷᠭᠦᠭᠡᠵᠦ᠂ ᠵᠤᠤ ᠤᠳᠠ ᠠᠶᠢᠮᠠᠭ ᠤᠨ ᠵᠠᠭᠢᠷᠭ᠎ᠠ ᠶᠢᠨ ᠭᠠᠳᠠᠭᠠᠳᠤ ᠠᠷᠠᠯᠵᠢᠶᠠᠨ ᠤ ᠬᠡᠷᠡᠭ ᠡᠷᠭᠢᠯᠡᠬᠦ ᠭᠠᠵᠠᠷ ᠲᠠᠢ ᠬᠠᠮᠲᠤᠷᠠᠨ ᠠᠯᠪᠠᠯᠠᠵᠦ᠂ ᠵᠠᠰᠠᠭ ᠵᠠᠭᠢᠷᠭ᠎ᠠ ᠠᠵᠦ ᠠᠬᠤᠶᠢᠯᠠᠯ ᠬᠠᠮᠲᠤᠷᠠᠵᠤ᠂ ᠵᠤᠤ ᠤᠳᠠ ᠠᠶᠢᠮᠠᠭ ᠤᠨ ᠬᠤᠳᠠᠯᠲᠤᠭᠠᠨ ᠤ ᠲᠤᠪᠴᠢᠶ᠎ᠠ ᠳᠤ ᠬᠠᠷᠢᠶᠠᠯᠠᠭᠳᠠᠵᠦ ᠪᠠᠶᠢᠪᠠ᠃      1962 ᠤᠨ ᠤ 1 ᠰᠠᠷ᠎ᠠ ᠳᠤ᠂ ᠤᠯᠠᠭᠠᠨᠬᠠᠳᠠ ᠶᠢᠨ ᠪᠠᠷᠠᠭ᠎ᠠ ᠬᠢᠨᠠᠨ ᠰᠢᠯᠭᠠᠬᠤ ᠭᠠᠵᠠᠷ ᠪᠠᠶᠢᠭᠤᠯᠵᠦ᠂ ᠵᠠᠰᠠᠭ ᠵᠠᠭᠢᠷᠭ᠎ᠠ ᠶᠢᠨ ᠲᠠᠯ᠎ᠠ ᠪᠠᠷ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ ᠮᠤᠩᠭᠤᠯ ᠤᠨ ᠪᠠᠷᠠᠭ᠎ᠠ ᠬᠢᠨᠠᠨ ᠰᠢᠯᠭᠠᠬᠤ ᠲᠣᠪᠴᠢᠶ᠎ᠠ ᠳᠤ ᠬᠠᠷᠢᠶᠠᠯᠠᠭᠳᠠᠵᠤ ᠪᠠᠶᠢᠪᠠ᠃      1968 ᠤᠨ ᠤ 8 ᠰᠠᠷ᠎ᠠ ᠳᠤ᠂ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢ ᠦᠭᠡᠷᠡᠴᠢᠯᠡᠨ ︽ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠺᠤᠮᠫᠠᠨᠢ︾ ᠪᠤᠯᠭᠠᠪᠠ᠃ ᠡᠭᠦᠨ ᠤ ᠬᠠᠮᠲᠦ ᠪᠠᠷᠠᠭ᠎ᠠ ᠬᠢᠨᠠᠨ ᠰᠢᠯᠭᠠᠬᠤ ᠭᠠᠵᠠᠷ ᠪᠠ ᠠᠶᠢᠮᠠᠭ ᠤᠨ ᠭᠠᠳᠠᠭᠠᠲᠦ ᠠᠷᠠᠯᠵᠢᠶᠠᠨ ᠤ ᠺᠤᠮᠫᠠᠨᠢ ᠶᠢ ᠨᠡᠶᠢᠯᠡᠭᠦᠯᠵᠦ᠂ ᠴᠦᠮ ᠠᠶᠢᠮᠠᠭ ᠤᠨ ᠬᠤᠳᠠᠯᠲᠤᠭᠠᠨ ᠤ ᠲᠤᠪᠴᠢᠶ᠎ᠠ ᠳᠤ ᠬᠠᠷᠢᠶᠠᠯᠠᠭᠤᠯᠪᠠ᠃      1969 ᠤᠨ ᠤ 8 ᠰᠠᠷ᠎ᠠ ᠳᠤ᠂ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠦ ᠪᠠᠶᠢᠭᠰᠠᠨ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ᠂ ᠠᠮᠤ ᠲᠤᠰᠦ ᠢᠳᠡᠭᠡᠨ᠂ ᠳᠡᠮᠦᠷᠯᠢᠭ ᠠᠭᠤᠷᠬᠠᠢ ᠶᠢᠨ ᠭᠠᠷᠤᠯᠲᠠ᠂ ᠠᠵᠦ ᠤᠶᠢᠯᠡᠳᠪᠦᠷᠢ ᠶᠢᠨ ᠤᠶᠢᠯᠡᠳᠭᠦᠨ ᠵᠡᠷᠭᠡ ᠳᠤᠰᠬᠠᠢ ᠮᠡᠷᠭᠡᠵᠢᠯ ᠤᠨ ᠰᠠᠯᠠᠭ᠎ᠠ ᠶᠢ ᠬᠠᠰᠤᠵᠤ᠂ ᠠᠶᠢᠮᠠᠭ ᠤᠨ ᠤᠷᠤᠨ ᠲᠤᠭ᠎ᠠ ᠶᠢᠨ ᠵᠦᠪᠯᠡᠯ ᠤᠨ ᠵᠦᠪᠰᠢᠶᠡᠷᠡᠯ ᠢᠶᠠᠷ ᠭᠠᠳᠠᠭᠠᠲᠦ ᠠᠴᠠ ᠤᠷᠤᠭᠤᠯᠵᠦ᠂ ᠭᠠᠳᠠᠭᠠᠲᠦ ᠳᠤ ᠭᠠᠷᠭᠠᠬᠤ ᠭᠤᠷᠪᠠᠨ ᠺᠤᠮᠫᠠᠨᠢ ᠶᠢ ᠪᠠᠶᠢᠭᠤᠯᠪᠠ᠃ ᠤᠯᠠᠭᠠᠨᠬᠠᠳᠠ ᠶᠢᠨ ᠪᠠᠷᠠᠭ᠎ᠠ ᠬᠢᠨᠠᠨ ᠰᠢᠯᠭᠠᠬᠤ ᠭᠠᠵᠠᠷ ᠢ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠠᠴᠠ ᠰᠠᠯᠭᠠᠵᠦ ᠳᠤᠰᠬᠠᠢ ᠪᠠᠶᠢᠭᠤᠯᠤᠮᠵᠢ ᠪᠤᠯᠭᠠᠪᠠ᠃      1983 ᠤᠨ ᠤ 10 ᠰᠠᠷ᠎ᠠ ᠳᠤ ᠵᠤᠤ ᠤᠳᠠ ᠠᠶᠢᠮᠠᠭ ᠨᠢ ᠬᠤᠳᠠ ᠠᠴᠠ ᠰᠢᠶᠠᠨ ᠢ ᠬᠠᠮᠢᠶᠠᠷᠬᠤ ᠪᠠᠶᠢᠭᠤᠯᠤᠮᠵᠢ ᠶᠢ ᠬᠡᠷᠡᠭᠵᠢᠭᠦᠯᠬᠦ ᠶᠢ ᠳᠠᠭᠠᠯᠲᠤᠨ᠂ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠺᠤᠮᠫᠠᠨᠢ ᠶᠢ ᠤᠯᠠᠭᠠᠨᠬᠠᠳᠠ ᠬᠤᠳᠠ ᠶᠢᠨ ᠭᠠᠳᠠᠭᠠᠲᠦ ᠠᠵᠦ ᠠᠬᠤᠢ ᠠᠷᠠᠯᠵᠢᠶᠠᠨ ᠤ ᠺᠤᠮᠫᠠᠨᠢ ᠭᠡᠵᠦ ᠦᠭᠡᠷᠡᠴᠢᠯᠡᠨ᠂ 1986 ᠤᠨ ᠳᠤ ᠬᠠᠰᠤᠪᠠ᠃      ᠬᠤᠶᠠᠷ᠂ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢ ᠤᠷᠤᠭᠤᠯᠵᠦ ᠭᠠᠷᠭᠠᠬᠤ ᠺᠤᠮᠫᠠᠨᠢ      1982 ᠤᠨ ᠤ 4 ᠰᠠᠷ᠎ᠠ ᠶᠢᠨ 1᠎ ᠤ ᠡᠲᠦᠷ᠂ ᠤᠯᠠᠭᠠᠨᠬᠠᠳᠠ ᠬᠤᠳᠠ ᠶᠢᠨ ᠨᠤᠲᠤᠭ ᠤᠨ ᠭᠠᠷᠤᠯᠲᠠ᠂ ᠮᠠᠯ ᠤᠨ ᠠᠰᠢᠭ ᠰᠢᠮ᠎ᠡ ᠶᠢ ᠤᠷᠤᠭᠤᠯᠵᠦ ᠭᠠᠷᠭᠠᠬᠤ ᠺᠤᠮᠫᠠᠨᠢ ᠪᠠᠶᠢᠭᠤᠯᠤᠭᠳᠠᠭᠰᠠᠨ ᠪᠠᠶᠢᠨ᠎ᠠ᠃ 1989 ᠤᠨ ᠪᠤᠯᠲᠠᠯ᠎ᠠ ᠬᠠᠷᠢᠶ᠎ᠠ ᠠᠵᠦ ᠠᠬᠤᠶᠢᠯᠠᠯ ᠨᠢ ᠬᠢᠮ᠎ᠠ ᠶᠢᠨ ᠬᠠᠯᠢᠰᠦ ᠶᠢᠨ ᠤᠶᠢᠯᠡᠳᠪᠦᠷᠢ᠂ ᠮᠠᠯ ᠤᠨ ᠠᠰᠢᠭ ᠰᠢᠮ᠎ᠡ ᠪᠤᠯᠪᠠᠰᠦᠷᠠᠭᠤᠯᠬᠤ ᠤᠶᠢᠯᠡᠳᠪᠦᠷᠢ ᠪᠠᠶᠢᠪᠠ᠂ ᠺᠠᠳ᠋ᠷ ᠠᠵᠢᠯᠲᠠᠨ 178 ᠬᠦᠮᠦᠨ ᠪᠠᠶᠢᠪᠠ᠃ ᠵᠠᠰᠠᠭ ᠵᠠᠭᠢᠷᠭᠠᠨ ᠤ ᠲᠠᠯ᠎ᠠ ᠪᠠᠷ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ ᠮᠤᠩᠭᠤᠯ ᠤᠨ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢ ᠤᠷᠤᠭᠤᠯᠵᠦ ᠭᠠᠷᠭᠠᠬᠤ ᠺᠤᠮᠫᠠᠨᠢ ᠳᠤ ᠬᠠᠷᠢᠶᠠᠯᠠᠭᠳᠠᠵᠤ ᠪᠠᠶᠢᠪᠠ᠃ ᠨᠤᠲᠤᠭ ᠤᠨ ᠭᠠᠷᠤᠯᠲᠠ᠂ ᠮᠠᠯ ᠤᠨ ᠠᠰᠢᠭ ᠰᠢᠮ᠎ᠡ ᠶᠢᠨ ᠲᠦᠷᠦᠯ ᠢ ᠡᠵᠡᠩᠨᠡᠵᠦ᠂ ᠭᠠᠳᠠᠭᠠᠲᠦ ᠳᠤ ᠭᠠᠷᠭᠠᠵᠦ ᠪᠠᠶᠢᠭᠰᠠᠨ ᠲᠠᠸᠠᠷ ᠨᠢ ᠬᠤᠷᠢ ᠭᠠᠷᠤᠢ ᠵᠦᠢᠯ ᠪᠠᠶᠢᠪᠠ᠃      1982 ᠤᠨ ᠤ ᠡᠴᠦᠰ ᠲᠤ ᠲᠤᠭᠲᠠᠮᠠᠯ ᠬᠦᠷᠦᠩᠭᠡ ᠶᠢᠨ ᠴᠡᠪᠡᠷ ᠤᠷᠤᠯᠭ᠎ᠠ ᠨᠢ 160.95 ᠲᠦᠮᠡᠨ ᠲᠦᠭᠦᠷᠢᠭ ᠪᠠᠶᠢᠵᠦ᠂ ᠤᠤᠯ ᠦᠷᠳᠡᠭ ᠨᠢ 233.49 ᠲᠦᠮᠡᠨ ᠲᠦᠭᠦᠷᠢᠭ᠂ ᠡᠯᠡᠭᠳᠡᠯ ᠤᠨ ᠮᠥᠩᠭᠦ 72.54 ᠲᠦᠮᠡᠨ ᠲᠦᠭᠦᠷᠢᠭ᠃      1989 ᠤᠨ ᠳᠤ ᠲᠤᠭᠲᠠᠮᠠᠯ ᠬᠦᠷᠦᠩᠭᠡ ᠶᠢᠨ ᠴᠡᠪᠡᠷ ᠦᠷᠳᠡᠭ ᠨᠢ 400 ᠲᠦᠮᠡᠨ ᠲᠦᠭᠦᠷᠢᠭ ᠪᠠᠶᠢᠵᠦ᠂ ᠤᠤᠯ ᠦᠷᠳᠡᠭ ᠨᠢ 525.24 ᠲᠦᠮᠡᠨ ᠲᠦᠭᠦᠷᠢᠭ᠂ ᠡᠯᠡᠭᠳᠡᠯ ᠤᠨ ᠮᠥᠩᠭᠦ 125.24 ᠲᠦᠮᠡᠨ ᠲᠦᠭᠦᠷᠢᠭ᠃ ᠭᠤᠤᠯ ᠪᠤᠯᠬᠤ ᠲᠦᠭᠦᠭᠡᠷᠦᠮᠵᠢ ᠳᠤ ᠬᠡᠷᠡᠭᠯᠡᠬᠦ ᠬᠦᠮᠦᠷᠭᠡ 3921.8 ᠳᠡᠭᠰᠢ ᠲᠦᠷᠪᠡᠯᠵᠢᠨ ᠮᠧᠲᠷ᠂ ᠲᠦᠭᠦᠮ ᠬᠦᠮᠦᠷᠭᠡ 1918.6 ᠳᠡᠭᠰᠢ ᠲᠦᠷᠪᠡᠯᠵᠢᠨ ᠮᠧᠳ᠋ᠷ᠂ ᠡᠵᠡᠩᠨᠡᠯᠳᠡ ᠳᠤ ᠵᠠᠷᠤᠬᠤ ᠭᠡᠷ 11088 ᠳᠡᠭᠰᠢ ᠲᠦᠷᠪᠡᠯᠵᠢᠨ ᠮᠧᠳ᠋ᠷ᠂ ᠠᠵᠢᠯᠲᠠᠨ ᠤ ᠤᠷᠤᠨ ᠰᠠᠭᠤᠴᠠ 4966 ᠳᠡᠭᠰᠢ ᠲᠦᠷᠪᠡᠯᠵᠢᠨ ᠮᠧᠳ᠋ᠷ᠂ ᠭᠡᠷᠡᠭᠯᠡᠬᠦ ᠡᠷᠭᠡ ᠲᠠᠢ ᠭᠠᠵᠠᠷ ᠤᠨ ᠳᠠᠯᠠᠪᠠᠢ 166604 ᠳᠡᠭᠰᠢ ᠲᠦᠷᠪᠡᠯᠵᠢᠨ ᠮᠧᠳ᠋ᠷ᠂ ᠬᠦᠮᠦᠷᠭᠡᠯᠡᠨ ᠬᠠᠳᠠᠭᠠᠯᠠᠬᠤ ᠲᠦᠭᠦᠭᠡᠷᠦᠮᠵᠢ 9 ᠢᠵᠢ᠂ ᠤᠶᠢᠯᠡᠳᠪᠦᠷᠢᠯᠡᠯ ᠤᠨ ᠲᠦᠭᠦᠭᠡᠷᠦᠮᠵᠢ 25 ᠢᠵᠢ᠂ 17 ᠲᠣᠨ ᠤ ᠮᠠᠰᠢᠨ ᠬᠦᠳᠡᠯᠭᠡᠭᠦᠷᠲᠦ ᠳᠡᠷᠭᠡ 7 ᠪᠠᠶᠢᠪᠠ᠃      ᠭᠤᠷᠪᠠ᠂ ᠳᠡᠮᠦᠷᠯᠢᠭ ᠠᠭᠤᠷᠬᠠᠢ ᠶᠢᠨ ᠭᠠᠷᠤᠯᠲᠠ ᠪᠠ ᠠᠵᠦ ᠤᠶᠢᠯᠡᠳᠪᠦᠷᠢ ᠶᠢᠨ ᠤᠶᠢᠯᠡᠳᠭᠦᠨ ᠢ ᠤᠷᠤᠭᠤᠯᠵᠦ ᠭᠠᠷᠭᠠᠬᠤ ᠺᠤᠮᠫᠠᠨᠢ      1982 ᠤᠨ ᠤ 4 ᠰᠠᠷ᠎ᠠ ᠶᠢᠨ 1᠎ ᠤ ᠡᠲᠦᠷ᠂ ᠤᠯᠠᠭᠠᠨᠬᠠᠳᠠ ᠬᠤᠳᠠ ᠶᠢᠨ ᠳᠡᠮᠦᠷᠯᠢᠭ ᠠᠭᠤᠷᠬᠠᠢ ᠶᠢᠨ ᠭᠠᠷᠤᠯᠲᠠ ᠪᠠ ᠠᠵᠦ ᠤᠶᠢᠯᠡᠳᠪᠦᠷᠢ ᠶᠢᠨ ᠤᠶᠢᠯᠡᠳᠭᠦᠨ ᠢ ᠤᠷᠤᠭᠤᠯᠵᠦ ᠭᠠᠷᠭᠠᠬᠤ ᠺᠤᠮᠫᠠᠨᠢ ᠪᠠᠶᠢᠭᠤᠯᠤᠭᠳᠠᠭᠰᠠᠨ ᠪᠠᠶᠢᠨ᠎ᠠ᠃ ᠬᠠᠷᠢᠶᠠᠯᠠᠭᠳᠠᠬᠤ ᠠᠵᠦ ᠠᠬᠤᠢᠯᠠᠯ ᠨᠢ ᠹᠯᠤᠷᠲᠦ ᠴᠢᠯᠠᠭᠤ ᠪᠤᠯᠪᠠᠰᠦᠷᠠᠭᠤᠯᠬᠤ ᠤᠶᠢᠯᠡᠳᠪᠦᠷᠢ᠂ ᠮᠠᠰᠢᠨ ᠳᠡᠷᠭᠡᠨ ᠤ ᠳᠡᠭᠡᠭᠡᠪᠦᠷᠢ ᠶᠢᠨ ᠠᠩᠭᠢ ᠪᠤᠯᠤᠨ᠎ᠠ᠃      1989 ᠤᠨ ᠪᠤᠯᠲᠠᠯ᠎ᠠ ᠺᠤᠮᠫᠠᠨᠢ ᠪᠠ ᠬᠠᠷᠢᠶᠠᠯᠠᠭᠳᠠᠬᠤ ᠠᠵᠦ ᠠᠬᠤᠶᠢᠯᠠᠯ ᠳᠤ ᠨᠡᠶᠢᠳᠡ ᠺᠠᠳ᠋ᠷ ᠠᠵᠢᠯᠲᠠᠨ 165 ᠨᠡᠷ᠎ᠡ ᠪᠠᠶᠢᠪᠠ᠃ ᠺᠤᠮᠫᠠᠨᠢ ᠨᠢ ᠵᠠᠰᠠᠭ ᠵᠠᠭᠢᠷᠭᠠᠨ ᠤ ᠲᠠᠯ᠎ᠠ ᠪᠠᠷ ᠬᠤᠳᠠ ᠶᠢᠨ ᠠᠵᠦ ᠤᠶᠢᠯᠡᠳᠪᠦᠷᠢ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ ᠮᠤᠩᠭᠤᠯ ᠤᠨ ᠳᠡᠮᠦᠷᠯᠢᠭ ᠠᠭᠤᠷᠬᠠᠢ ᠶᠢᠨ ᠭᠠᠷᠤᠯᠲᠠ ᠬᠢᠮᠢ ᠶᠢᠨ ᠠᠵᠦ ᠤᠶᠢᠯᠡᠳᠪᠦᠷᠢ ᠶᠢᠨ ᠤᠷᠤᠭᠤᠯᠵᠦ ᠭᠠᠷᠭᠠᠬᠤ ᠺᠤᠮᠫᠠᠨᠢ᠂ ᠬᠦᠩᠭᠡᠨ ᠠᠵᠦ ᠤᠶᠢᠯᠡᠳᠪᠦᠷᠢ ᠶᠢᠨ ᠭᠠᠷ ᠤᠷᠠᠯᠠᠯ ᠤᠨ ᠪᠦᠲᠦᠭᠡᠭᠳᠡᠭᠦᠨ ᠢ ᠤᠷᠤᠭᠤᠯᠵᠦ ᠭᠠᠷᠭᠠᠬᠤ ᠺᠣᠮᠫᠠᠨᠢ᠂ ᠳᠡᠮᠦᠷᠯᠢᠭ ᠪᠤᠯᠪᠠᠰᠦᠷᠠᠭᠤᠯᠬᠤ ᠮᠠᠰᠢᠨ ᠢ ᠤᠷᠤᠭᠤᠯᠵᠦ ᠭᠠᠷᠭᠠᠬᠤ ᠺᠤᠮᠫᠠᠨᠢ᠂ ᠨᠡᠬᠡᠮᠡᠯ ᠤᠨ ᠪᠦᠲᠦᠭᠡᠭᠳᠡᠭᠦᠨ ᠢ ᠤᠷᠤᠭᠤᠯᠵᠦ ᠭᠠᠷᠭᠠᠬᠤ ᠺᠤᠮᠫᠠᠨᠢ ᠳᠤ ᠬᠠᠷᠢᠶᠠᠯᠠᠭᠳᠠᠵᠤ ᠪᠠᠶᠢᠪᠠ᠃      1989 ᠤᠨ ᠳᠤ ᠲᠤᠭᠲᠠᠮᠠᠯ ᠬᠦᠷᠦᠩᠭᠡ ᠶᠢᠨ ᠤᠤᠯ ᠦᠷᠳᠡᠭ ᠨᠢ 390.54 ᠲᠦᠮᠡᠨ ᠲᠦᠭᠦᠷᠢᠭ᠂ ᠡᠯᠡᠭᠳᠡᠯ ᠤᠨ ᠮᠥᠩᠭᠦ 72.00 ᠲᠦᠮᠡᠨ ᠲᠦᠭᠦᠷᠢᠭ᠃ ᠭᠤᠤᠯ ᠪᠤᠯᠬᠤ ᠲᠦᠭᠦᠭᠡᠷᠦᠮᠵᠢ ᠳᠤ ᠬᠡᠵᠢᠶᠡᠳᠡ ᠬᠡᠷᠡᠭᠯᠡᠬᠦ ᠬᠦᠮᠦᠷᠭᠡ᠂ 885.75 ᠳᠡᠭᠰᠢ ᠲᠦᠷᠪᠡᠯᠵᠢᠨ ᠮᠧᠳ᠋ᠷ᠂ ᠲᠦᠭᠦᠮ ᠬᠦᠮᠦᠷᠭᠡ 300 ᠳᠡᠭᠰᠢ ᠲᠦᠷᠪᠡᠯᠵᠢᠨ ᠮᠧᠳ᠋ᠷ᠂ ᠳᠤᠰᠬᠠᠢ ᠬᠡᠷᠡᠭᠯᠡᠬᠦ ᠭᠡᠷ 3507 ᠳᠡᠭᠰᠢ ᠲᠦᠷᠪᠡᠯᠵᠢᠨ ᠮᠧᠳ᠋ᠷ᠂ ᠠᠵᠢᠯᠲᠠᠨ ᠤ ᠤᠷᠤᠨ ᠰᠠᠭᠤᠴᠠ 5873 ᠳᠡᠭᠰᠢ ᠲᠦᠷᠪᠡᠯᠵᠢᠨ ᠮᠧᠳ᠋ᠷ᠂ ᠭᠡᠷᠡᠭᠯᠡᠬᠦ ᠡᠷᠭᠡ ᠲᠠᠢ ᠭᠠᠵᠠᠷ 22590 ᠳᠡᠭᠰᠢ ᠲᠦᠷᠪᠡᠯᠵᠢᠨ ᠮᠧᠳ᠋ᠷ᠂ ᠬᠦᠮᠦᠷᠭᠡ ᠶᠢᠨ ᠲᠦᠭᠦᠭᠡᠷᠦᠮᠵᠢ 9 ᠢᠵᠢ᠂ ᠤᠶᠢᠯᠡᠳᠪᠦᠷᠢᠯᠡᠯ ᠤᠨ ᠲᠦᠭᠦᠭᠡᠷᠦᠮᠵᠢ 16 ᠢᠵᠢ᠂ ᠮᠠᠰᠢᠨ ᠬᠦᠳᠡᠯᠭᠡᠭᠦᠷᠲᠦ ᠳᠡᠷᠭᠡ 28/162.25 ᠲᠤᠨ ᠪᠠᠶᠢᠪᠠ᠃      ᠭᠤᠤᠯᠳᠠᠭᠤ ᠳᠡᠮᠦᠷᠯᠢᠭ ᠪᠠ ᠠᠭᠤᠷᠬᠠᠢ ᠶᠢᠨ ᠭᠠᠷᠤᠯᠲᠠ᠂ ᠬᠢᠮᠢ ᠶᠢᠨ ᠪᠦᠲᠦᠭᠡᠭᠳᠡᠬᠦᠨ᠂ ᠦᠩᠭᠡᠲᠦ ᠳᠡᠮᠦᠷᠯᠢᠭ᠂ ᠮᠠᠰᠢᠨ ᠮᠧᠬᠠᠨᠢᠭ᠂ ᠬᠦᠩᠭᠡᠨ ᠠᠵᠦ ᠤᠶᠢᠯᠡᠳᠪᠦᠷᠢ᠂ ᠭᠠᠷ ᠤᠷᠠᠯᠠᠯ᠂ ᠨᠡᠬᠡᠮᠡᠯ ᠤᠨ ᠲᠦᠷᠦᠯ ᠤᠨ ᠪᠦᠲᠦᠭᠡᠭᠳᠡᠭᠦᠨ ᠢ ᠡᠵᠡᠩᠨᠡᠵᠦ᠂ ᠡᠳ᠋ ᠤᠨ ᠶᠠᠪᠤᠳᠠᠯ ᠤᠨ ᠲᠠᠯ᠎ᠠ ᠪᠠᠷ ᠺᠤᠮᠫᠠᠨᠢ᠂ ᠳᠡᠭᠡᠭᠡᠪᠦᠷᠢ ᠶᠢᠨ ᠮᠠᠰᠢᠨ ᠤ ᠠᠩᠭᠢ᠂ ᠨᠢᠩᠴᠧᠩ ᠤᠨ ᠭᠠᠳᠠᠭᠠᠲᠦ ᠠᠷᠠᠯᠵᠢᠶᠠᠨ ᠤ ᠺᠤᠮᠫᠠᠨᠢ ᠶᠢᠨ ᠳᠠᠪᠤᠲᠤᠭᠠᠷ ᠠᠭᠤᠷᠬᠠᠢ ᠵᠡᠷᠭᠡ ᠭᠤᠷᠪᠠᠨ ᠨᠢᠭᠡᠴᠢ ᠬᠠᠮᠲᠦ ᠪᠠᠷ ᠲᠣᠭᠠᠴᠠᠭ᠎ᠠ ᠬᠢᠵᠦ ᠪᠠᠶᠢᠪᠠ᠃ 1986 ᠤᠨ ᠠᠴᠠ ᠡᠭᠢᠯᠡᠨ ᠺᠤᠮᠫᠠᠨᠢ᠂ ᠮᠠᠰᠢᠨ ᠠᠩᠭᠢ᠂ ᠠᠤᠬᠠᠨ ᠬᠤᠰᠢᠭᠤ᠂ ᠬᠠᠷᠠᠴᠢᠨ ᠬᠤᠰᠢᠭᠤᠨ ᠤ ᠭᠠᠳᠠᠭᠠᠲᠦ ᠠᠷᠠᠯᠵᠢᠶᠠᠨ ᠤ ᠺᠤᠮᠫᠠᠨᠢ ᠵᠡᠷᠭᠡ ᠲᠦᠷᠪᠡᠨ ᠨᠢᠭᠡᠴᠢ ᠶᠢ ᠨᠢᠭᠡᠲᠦᠯᠲᠠᠢ ᠲᠣᠭᠠᠴᠠᠭ᠎ᠠ ᠬᠢᠵᠦ᠂ ᠺᠤᠮᠫᠠᠨᠢ ᠶᠢᠨ ᠳᠤᠰ ᠪᠡᠶ᠎ᠡ ᠨᠢ ᠴᠦ ᠳᠡᠮᠦᠷᠯᠢᠭ ᠪᠠ ᠠᠭᠤᠷᠬᠠᠢ᠂ ᠨᠡᠭᠡᠮᠡᠯ᠂ ᠭᠠᠷ ᠤᠷᠠᠯᠠᠯ᠂ ᠦᠩᠭᠡᠲᠦ ᠳᠡᠮᠦᠷᠯᠢᠭ ᠵᠡᠷᠭᠡ ᠲᠦᠷᠪᠡᠨ ᠳᠤᠰᠬᠠᠢ ᠮᠡᠷᠭᠡᠵᠢᠯ ᠢᠶᠠᠷ ᠲᠦᠷᠦᠯ ᠬᠤᠪᠢᠶᠠᠨ ᠲᠠᠰᠤᠯᠤᠨ ᠪᠣᠳᠤᠵᠤ ᠪᠠᠶᠢᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ