ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠠᠷᠪᠠᠨ ᠲᠥᠷᠪᠡ︶
ᠨᠡᠶᠢᠲᠡᠯᠡᠭᠰᠡᠨ ᠴᠠᠭ᠄
2020/9/29
ᠳᠠᠪᠤᠲᠤᠭᠠᠷ ᠪᠦᠯᠦᠭ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠᠨᠢᠭᠡᠲᠦᠭᠡᠷ ᠭᠡᠰᠡᠭ ᠲᠠᠸᠠᠷ ᠤᠨ ᠤᠶᠢᠯᠡᠳᠪᠦᠷᠢᠯᠡᠯ ᠤᠨ ᠰᠠᠭᠤᠷᠢᠨ ᠭᠠᠵᠠᠷ      1960 ᠤᠨ ᠤ 1 ᠰᠠᠷ᠎ᠠ ᠳᠤ᠂ ᠵᠤᠤ ᠤᠳᠠ ᠠᠶᠢᠮᠠᠭ ᠤᠨ ᠪᠠᠶᠠᠨᠬᠤᠳᠠ ᠬᠤᠨᠢᠨ ᠳᠠᠯᠠᠪᠠᠢ᠂ ᠬᠤᠸᠠᠲᠦᠰᠢ ᠶᠢᠨ ᠲᠠᠷᠢᠶᠠᠯᠠᠩ ᠤᠨ ᠳᠠᠯᠠᠪᠠᠢ᠂ ᠠᠤᠬᠠᠨ ᠬᠤᠰᠢᠭᠤᠨ ᠤ ᠬᠤᠴᠠ ᠶᠢᠨ ᠳᠠᠯᠠᠪᠠᠢ᠂ ᠯᠢᠨᠰᠢ ᠶᠢᠨ ᠯᠥᠩᠫᠢᠩ ᠲᠠᠷᠢᠶᠠᠯᠠᠩ ᠤᠨ ᠳᠠᠯᠠᠪᠠᠢ ᠶᠢᠨ ᠭᠠᠳᠠᠭᠠᠲᠦ ᠳᠤ ᠭᠠᠷᠭᠠᠬᠤ ᠲᠠᠸᠠᠷ ᠤᠨ ᠢᠷᠡᠯᠲᠡ ᠶᠢᠨ ᠰᠠᠭᠤᠷᠢᠨ ᠭᠠᠵᠠᠷ ᠢ ᠲᠦᠷ ᠵᠤᠭᠰᠤᠭᠠᠭᠰᠠᠨ ᠪᠠᠶᠢᠨ᠎ᠠ᠃ 9 ᠰᠠᠷ᠎ᠠ ᠳᠤ ᠵᠤᠤ ᠤᠳᠠ ᠠᠶᠢᠮᠠᠭ ᠤᠨ ᠵᠠᠭᠢᠷᠭ᠎ᠠ ᠨᠢ ᠪᠠᠭᠠᠷᠢᠨ ᠵᠡᠭᠦᠨ ᠬᠤᠰᠢᠭᠤᠨ ᠤ ᠪᠢᠯᠡᠭᠦᠲᠠᠢ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ᠂ ᠠᠤᠬᠠᠨ ᠬᠤᠰᠢᠭᠤᠨ ᠤ ᠸᠤᠯᠹᠷᠠᠮ ᠤᠨ ᠠᠭᠤᠷᠬᠠᠢ ᠶᠢ ᠬᠠᠷ᠎ᠠ ᠲᠤᠭᠤᠯᠭ᠎ᠠ᠂ ᠴᠠᠶᠢᠷ᠂ ᠸᠤᠯᠹᠷᠠᠮ ᠢ ᠭᠠᠳᠠᠭᠠᠲᠦ ᠳᠤ ᠭᠠᠷᠭᠠᠬᠤ ᠲᠠᠸᠠᠷ ᠤᠨ ᠢᠷᠡᠯᠲᠡ ᠶᠢᠨ ᠰᠠᠭᠤᠷᠢᠨ ᠭᠠᠵᠠᠷ ᠪᠤᠯᠭᠠᠪᠠ᠃ ᠠᠵᠦ ᠤᠶᠢᠯᠡᠳᠪᠦᠷᠢ ᠶᠢᠨ ᠰᠠᠯᠠᠭ᠎ᠠ ᠮᠦᠴᠢᠷ ᠤᠨ ᠤᠲᠦ ᠪᠠᠶᠢᠭ᠎ᠠ ᠲᠦᠭᠦᠭᠡᠷᠦᠮᠵᠢ᠂ ᠤᠶᠢᠯᠡᠳᠪᠦᠷᠢ ᠶᠢᠨ ᠭᠡᠷ ᠪᠠ ᠬᠦᠮᠦᠷᠭᠡᠯᠡᠵᠦ ᠪᠠᠶᠢᠭ᠎ᠠ ᠲᠠᠸᠠᠷ ᠢᠶᠠᠷ ᠰᠠᠭᠤᠷᠢ ᠪᠤᠯᠭᠠᠵᠦ᠂ ᠭᠠᠳᠠᠭᠠᠲᠦ ᠠᠷᠠᠯᠵᠢᠶᠠᠨ ᠤ ᠭᠠᠵᠠᠷ ᠠᠴᠠ ᠪᠦᠯᠦᠭ ᠬᠤᠪᠢᠶᠠᠨ ᠪᠡᠯᠡ ᠤᠷᠤᠭᠤᠯᠵᠦ᠂ ᠦᠷᠭᠡᠳᠬᠡᠨ ᠪᠠᠶᠢᠭᠤᠯᠵᠦ᠂ ᠦᠮᠴᠢᠯᠡᠬᠦ ᠡᠷᠬᠡ ᠶᠢ ᠬᠤᠶᠠᠷ ᠲᠠᠯ᠎ᠠ ᠳᠤ ᠦᠮᠴᠢᠯᠡᠭᠦᠯᠦᠭᠰᠡᠨ ᠪᠠᠶᠢᠨ᠎ᠠ᠃ ᠡᠭᠦᠨ ᠤ ᠬᠠᠮᠲᠦ ᠵᠤᠤ ᠤᠳᠠ ᠠᠶᠢᠮᠠᠭ ᠤᠨ ᠵᠠᠭᠢᠷᠭ᠎ᠠ ᠶᠢᠨ ᠭᠠᠳᠠᠭᠠᠲᠦ ᠠᠷᠠᠯᠵᠢᠶᠠᠨ ᠤ ᠲᠤᠪᠴᠢᠶ᠎ᠠ ᠨᠢ ᠪᠠᠭᠠᠷᠢᠨ ᠪᠠᠷᠠᠭᠤᠨ ᠬᠤᠰᠢᠭᠤᠨ ᠤ ᠭᠤᠷᠭᠤᠤᠯᠲᠠᠢ ᠰᠤᠮᠤᠨ ᠳᠤ ᠢᠳᠡᠭᠡᠨ ᠤ ᠭᠠᠳᠠᠭᠠᠲᠦ ᠳᠤ ᠭᠠᠷᠭᠠᠬᠤ ᠲᠠᠸᠠᠷ ᠤᠨ ᠰᠠᠭᠤᠷᠢᠨ ᠭᠠᠵᠠᠷ ᠪᠤᠯᠬᠤ ᠭᠡᠷ ᠤᠨ ᠵᠢᠭᠦᠷᠳᠡᠨ ᠢ ᠲᠡᠵᠢᠭᠡᠬᠦ ᠳᠠᠯᠠᠪᠠᠢ ᠪᠠᠶᠢᠭᠤᠯᠵᠦ᠂ ᠤᠯᠤᠰ ᠤᠨ ᠦᠮᠴᠢᠯᠡᠯᠲᠦ ᠠᠵᠦ ᠤᠶᠢᠯᠡᠰ ᠢᠶᠠᠷ ᠲᠤᠭᠲᠠᠭᠠᠨ᠂ ᠦᠮᠴᠢᠯᠡᠬᠦ ᠡᠷᠬᠡ ᠶᠢ ᠨᠢ ᠠᠶᠢᠮᠠᠭ ᠤᠨ ᠵᠠᠭᠢᠷᠭ᠎ᠠ ᠶᠢᠨ ᠭᠠᠳᠠᠭᠠᠲᠦ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠤᠯᠪᠠ᠃      ᠳᠤᠰ ᠵᠢᠯ ᠳᠤ᠂ ᠯᠢᠨᠰᠢ ᠶᠢᠨ ᠯᠢᠦᠢ ᠵᠧᠦ ᠪᠠᠭᠠᠨ᠎ᠠ ᠴᠢᠯᠠᠭᠤᠨ ᠤ ᠠᠭᠤᠷᠬᠠᠢ᠂ ᠤᠩᠨᠢᠭᠤᠳ ᠤᠨ ᠳ᠋ᠥᠩ ᠽᠢ ᠬᠠᠷ᠎ᠠ ᠲᠤᠭᠤᠯᠭ᠎ᠠ ᠶᠢᠨ ᠠᠭᠤᠷᠬᠠᠢ ᠪᠠ ᠬᠠᠷᠠᠴᠢᠨ ᠬᠤᠰᠢᠭᠤᠨ ᠤ ᠹᠯᠤᠷᠲᠦ ᠴᠢᠯᠠᠭᠤ ᠶᠢᠨ ᠠᠭᠤᠷᠬᠠᠢ᠂ ᠬᠠᠷᠠᠴᠢᠨ ᠬᠤᠰᠢᠭᠤᠨ ᠤ ᠹᠯᠤᠷᠲᠦ ᠴᠢᠯᠠᠭᠤ ᠶᠢᠨ ᠠᠭᠤᠷᠬᠠᠢ ᠨᠢ ᠭᠠᠳᠠᠭᠠᠲᠦ ᠳᠤ ᠭᠠᠷᠭᠠᠬᠤ ᠲᠠᠸᠠᠷ ᠤᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠪᠠ᠃ ᠠᠤᠬᠠᠨ ᠬᠤᠰᠢᠭᠤ ᠶᠢ ᠵᠤᠤ ᠤᠳᠠ ᠠᠶᠢᠮᠠᠭ ᠤᠨ ᠰᠢᠬᠢᠷ ᠡᠪᠡᠰᠦ ᠶᠢ ᠭᠠᠳᠠᠭᠠᠲᠦ ᠳᠤ ᠭᠠᠷᠭᠠᠬᠤ ᠤᠶᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠲᠤᠭᠲᠠᠭᠠᠭᠰᠠᠨ ᠪᠠᠶᠢᠨ᠎ᠠ᠃      1961 ᠤᠨ ᠳᠤ 9 ᠰᠠᠷ᠎ᠠ ᠳᠤ᠂ ᠪᠠᠭᠠᠷᠢᠨ ᠵᠡᠭᠦᠨ ᠬᠤᠰᠢᠭᠤᠨ ᠤ ᠪᠢᠯᠡᠭᠦᠲᠠᠢ ᠬᠠᠷ᠎ᠠ ᠲᠤᠭᠤᠯᠭ᠎ᠠ ᠴᠠᠶᠢᠷ ᠤᠨ ᠠᠭᠤᠷᠬᠠᠢ ᠶᠢ ᠠᠶᠢᠮᠠᠭ ᠤᠨ ᠰᠢᠭᠤᠳ ᠬᠠᠷᠢᠶ᠎ᠠ ᠠᠭᠤᠷᠬᠠᠢ ᠪᠤᠯᠭᠠᠨ ᠦᠭᠡᠷᠡᠴᠢᠯᠡᠵᠦ᠂ ᠠᠶᠢᠮᠠᠭ ᠤᠨ ᠠᠵᠦ ᠤᠶᠢᠯᠡᠳᠪᠦᠷᠢ ᠶᠢᠨ ᠲᠤᠪᠴᠢᠶ᠎ᠠ ᠪᠠ ᠠᠶᠢᠮᠠᠭ ᠤᠨ ᠵᠠᠭᠢᠷᠭ᠎ᠠ ᠶᠢᠨ ᠭᠠᠳᠠᠭᠠᠲᠦ ᠠᠷᠠᠯᠵᠢᠶᠠᠨ ᠤ ᠲᠤᠪᠴᠢᠶ᠎ᠠ ᠠᠴᠠ ᠬᠠᠮᠢᠶᠠᠷᠴᠦ ᠪᠠᠶᠢᠪᠠ᠃ ᠭᠡᠷ ᠤᠨ ᠵᠢᠭᠦᠷᠳᠡᠨ ᠲᠡᠵᠢᠭᠡᠬᠦ ᠳᠠᠯᠠᠪᠠᠢ ᠡᠷᠭᠢᠯᠡᠬᠦ ᠶᠢ ᠵᠤᠭᠰᠤᠭᠠᠪᠠ᠃      1973 ᠤᠨ ᠳᠤ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠺᠤᠮᠫᠠᠨᠢ ᠨᠢ ᠠᠷᠦ ᠬᠤᠷᠴᠢᠨ ᠬᠤᠰᠢᠭᠤᠨ ᠤ ᠬᠠᠨ ᠠᠭᠤᠯᠠ ᠶᠢᠨ ᠪᠤᠭᠤ ᠶᠢᠨ ᠳᠠᠯᠠᠪᠠᠢ᠂ ᠤᠩᠨᠢᠭᠤᠳ ᠬᠤᠰᠢᠭᠤᠨ ᠤ ᠲᠡᠩᠨᠡᠭᠦᠷ ᠤᠨ ᠭᠤᠤᠯ ᠠᠲᠤᠭᠤᠨ ᠳᠠᠯᠠᠪᠠᠢ᠂ ᠠᠤᠬᠠᠨ ᠬᠤᠰᠢᠭᠤᠨ ᠤ ᠰᠧ ᠵᠢᠶᠠᠽᠢ ᠨᠢᠭᠡᠲᠦᠯ ᠤᠨ ᠬᠠᠳᠠ ᠪᠠᠷᠢᠭᠠᠳᠠ ᠪᠠ ᠪᠠᠶᠢᠰᠠ ᠶᠢᠨ ᠰᠦᠮ᠎ᠡ ᠨᠢᠭᠡᠲᠦᠯ ᠤᠨ ᠪᠠᠷᠠᠭᠤᠨ ᠬᠠᠳᠠ ᠪᠠᠷᠢᠭᠠᠳᠠ ᠳᠤ ᠭᠠᠳᠠᠭᠠᠲᠦ ᠳᠤ ᠭᠠᠷᠭᠠᠬᠤ ᠴᠢᠰᠤᠨ ᠡᠪᠡᠷ ᠤᠨ ᠰᠠᠭᠤᠷᠢᠨ ᠭᠠᠵᠠᠷ ᠪᠠᠶᠢᠭᠤᠯᠤᠭᠰᠠᠨ ᠪᠠᠶᠢᠨ᠎ᠠ᠃ ᠠᠷᠦ ᠬᠤᠷᠴᠢᠨ ᠤ ᠬᠠᠨ ᠠᠭᠤᠯᠠ ᠶᠢᠨ ᠪᠤᠭᠤ ᠶᠢᠨ ᠳᠠᠯᠠᠪᠠᠢ ᠳᠤ 100 ᠭᠦᠷᠦᠭᠡᠰᠦ᠂ ᠤᠩᠨᠢᠭᠤᠳ ᠤᠨ ᠳᠡᠩᠨᠡᠭᠦᠷ ᠤᠨ ᠭᠤᠤᠯ ᠠᠲᠤᠭᠤᠨ ᠳᠠᠯᠠᠪᠠᠢ ᠳᠤ 22 ᠪᠤᠭᠤ᠂ ᠠᠤᠬᠠᠨ ᠬᠤᠰᠢᠭᠤᠨ ᠤ ᠰᠧ ᠵᠢᠶᠠᠽᠢ ᠨᠢᠭᠡᠲᠦᠯ ᠤᠨ ᠬᠠᠳᠠ ᠪᠠᠷᠢᠭᠠᠳᠠ ᠳᠤ 20 ᠭᠦᠷᠦᠭᠡᠰᠦ᠂ ᠪᠠᠶᠢᠰᠠ ᠶᠢᠨ ᠤᠷᠲᠦᠨ ᠨᠢᠭᠡᠲᠦᠯ ᠤᠨ ᠪᠠᠷᠠᠭᠤᠨ ᠬᠠᠳᠠ ᠪᠠᠷᠢᠭᠠᠳᠠ ᠳᠤ 22 ᠭᠦᠷᠦᠭᠡᠰᠦ ᠲᠠᠢ ᠪᠠᠶᠢᠵᠦ᠂ ᠨᠡᠶᠢᠲᠡ 167 ᠪᠤᠭᠤ ᠭᠦᠷᠦᠭᠡᠰᠦ ᠪᠠᠶᠢᠪᠠ᠃ ᠰᠠᠭᠤᠷᠢᠨ ᠭᠠᠵᠠᠷ ᠤᠨ ᠪᠦᠲᠦᠭᠡᠭᠳᠡᠭᠦᠨ ᠢ ᠭᠠᠳᠠᠭᠠᠲᠦ ᠠᠷᠠᠯᠵᠢᠶᠠᠨ ᠤ ᠰᠠᠯᠠᠭ᠎ᠠ ᠮᠦᠴᠢᠷ ᠠᠴᠠ ᠰᠢᠭᠤᠳ ᠬᠤᠳᠠᠯᠲᠤᠨ ᠠᠪᠴᠦ ᠪᠠᠶᠢᠪᠠ᠃      ᠳᠤᠰ ᠵᠢᠯ ᠳᠤ ᠠᠷᠦ ᠬᠤᠷᠴᠢᠨ ᠬᠤᠰᠢᠭᠤᠨ ᠤ ᠬᠤᠨᠲᠦ ᠨᠢᠭᠡᠲᠦᠯ ᠤᠨ ᠬᠤᠯᠪᠤᠭᠠᠲᠦ ᠪᠠᠷᠢᠭᠠᠳᠠ᠂ ᠠᠤᠬᠠᠨ ᠬᠤᠰᠢᠭᠤᠨ ᠤ ᠪᠠᠶᠢᠰᠠ ᠬᠤᠷᠢᠶ᠎ᠠ ᠨᠢᠭᠡᠲᠦᠯ ᠤᠨ ᠬᠠᠳᠠ ᠪᠠᠷᠢᠭᠠᠳᠠ᠂ ᠰᠧ ᠵᠢᠶᠠᠽᠢ ᠨᠢᠭᠡᠲᠦᠯ ᠤᠨ ᠬᠠᠳᠠ ᠪᠠᠷᠢᠭᠠᠳᠠ ᠳᠤ ᠭᠠᠳᠠᠭᠠᠲᠦ ᠳᠤ ᠭᠠᠷᠭᠠᠬᠤ ᠰᠦᠨ ᠤᠷᠬᠤᠲᠠᠢ ᠶᠢᠨ ᠰᠠᠭᠤᠷᠢᠨ ᠭᠠᠵᠠᠷ ᠢ ᠪᠠᠶᠢᠭᠤᠯᠵᠦ᠂ 75 ᠮᠦ ᠰᠦᠨ ᠤᠷᠬᠤᠲᠠᠢ ᠲᠠᠷᠢᠭᠰᠠᠨ ᠪᠠᠶᠢᠨ᠎ᠠ᠃ ᠤᠯᠠᠭᠠᠨᠬᠠᠳᠠ ᠬᠤᠳᠠ ᠶᠢᠨ ᠤᠷᠠᠯᠠᠯ ᠤᠷᠠᠨ ᠵᠢᠷᠤᠭ ᠤᠨ ᠦᠢᠯᠡᠳᠪᠦᠷᠢ᠂ ᠪᠠᠭᠠᠷᠢᠨ ᠪᠠᠷᠠᠭᠤᠨ ᠬᠤᠰᠢᠭᠤᠨ ᠤ ᠤᠷᠠᠯᠠᠯ ᠤᠷᠠᠨ ᠵᠢᠷᠤᠭ ᠤᠨ ᠤᠶᠢᠯᠡᠳᠪᠦᠷᠢ ᠶᠢ ᠪᠠᠶᠢᠭᠤᠯᠤᠭᠰᠠᠨ ᠤ ᠳᠠᠷᠠᠭ᠎ᠠ᠂ ᠯᠢᠶᠤᠤᠨᠢᠩ ᠤᠨ ᠬᠤᠶᠠᠲᠤᠭᠠᠷ ᠬᠦᠩᠭᠡᠨ ᠠᠵᠦ ᠤᠶᠢᠯᠡᠳᠪᠦᠷᠢ ᠶᠢᠨ ᠲᠤᠪᠴᠢᠶ᠎ᠠ᠂ ᠯᠢᠶᠤᠤᠨᠢᠩ ᠮᠤᠵᠢ ᠶᠢᠨ ᠤᠷᠠᠯᠠᠯ ᠤᠷᠠᠨ ᠵᠢᠷᠤᠭ ᠤᠨ ᠪᠦᠲᠦᠭᠡᠭᠳᠡᠭᠦᠨ ᠢ ᠤᠷᠤᠭᠤᠯᠵᠦ ᠭᠠᠷᠭᠠᠬᠤ ᠺᠤᠮᠫᠠᠨᠢ ᠠᠴᠠ ᠴᠢᠯᠠᠭᠤᠨ ᠰᠡᠶᠢᠯᠦᠮᠡᠯ ᠤᠶᠢᠯᠡᠳᠪᠦᠷᠢᠯᠡᠬᠦ ᠳᠤᠰᠬᠠᠢ ᠤᠶᠢᠯᠡᠳᠪᠦᠷᠢ ᠪᠠᠷ ᠵᠦᠪᠰᠢᠶᠡᠷᠡᠭᠦᠯᠵᠡᠢ᠂ ᠠᠤᠬᠠᠨ ᠬᠤᠰᠢᠭᠤᠨ ᠳᠤ ᠵᠦᠭᠡᠢ ᠶᠢᠨ ᠪᠠᠯ ᠭᠠᠷᠭᠠᠬᠤ ᠪᠠ ᠬᠠᠷ᠎ᠠ ᠢᠯᠵᠠᠮᠠᠭ ᠤᠶᠢᠯᠡᠳᠪᠦᠷᠢᠯᠡᠬᠦ ᠰᠠᠭᠤᠷᠢᠨ ᠭᠠᠵᠠᠷ ᠪᠠᠶᠢᠭᠤᠯᠤᠭᠰᠠᠨ ᠪᠠᠶᠢᠨ᠎ᠠ᠃      1975 ᠤᠨ ᠳᠤ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠺᠤᠮᠫᠠᠨᠢ ᠨᠢ ᠪᠠᠭᠠᠷᠢᠨ ᠵᠡᠭᠦᠨ ᠬᠤᠰᠢᠭᠤᠨ ᠳᠤ ᠱᠦᠭᠦᠷ ᠤᠨ ᠳᠠᠷᠢᠮᠠᠯ ᠤᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠦ᠂ ᠬᠠᠷᠠᠴᠢᠨ ᠬᠤᠰᠢᠭᠤᠨ ᠳᠤ ᠯᠠᠵᠤᠤ ᠶᠢᠨ ᠬᠠᠳᠠᠭᠠᠮᠠᠯ ᠤᠨ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃      1977 ᠤᠨ ᠤ 8 ᠰᠠᠷ᠎ᠠ ᠳᠤ᠂ ᠠᠶᠢᠮᠠᠭ ᠤᠨ ᠭᠠᠳᠠᠭᠠᠲᠦ ᠠᠷᠠᠯᠵᠢᠶᠠᠨ ᠤ ᠺᠤᠮᠫᠠᠨᠢ ᠨᠢ ᠠᠤᠬᠠᠨ ᠬᠤᠰᠢᠭᠤᠨ ᠤ ᠹᠧᠩ ᠱᠧᠦ᠂ ᠰᠢᠨ ᠳ᠋ᠢ᠂ ᠰᠧ ᠵᠢᠶᠠᠽᠢ ᠨᠢᠭᠡᠲᠦᠯ ᠪᠠ ᠨᠢᠩᠴᠧᠩ ᠰᠢᠶᠠᠨ ᠤ ᠱᠠᠨ ᠼᠦᠸᠧ ᠳ᠋ᠢᠶᠠᠨ᠂ ᠪᠠᠢᠰᠡ ᠶᠢᠨ ᠠᠶᠢᠯ᠂ ᠲᠧᠦ ᠳ᠋ᠤᠤ ᠢᠩᠽᠢ ᠨᠢᠭᠡᠲᠦᠯ ᠳᠤ ᠭᠦᠢᠯᠡᠰᠦ ᠳᠠᠷᠢᠬᠤ ᠰᠠᠭᠤᠷᠢᠨ ᠭᠠᠵᠠᠷ ᠢ ᠪᠠᠶᠢᠭᠤᠯᠵᠦ᠂ 2000 ᠮᠤ᠋ ᠲᠠᠷᠢᠵᠠᠢ᠃ 9 ᠰᠠᠷ᠎ᠠ ᠳᠤ ᠠᠤᠬᠠᠨ ᠬᠤᠰᠢᠭᠤᠨ ᠤ ᠨᠦᠬᠡᠲᠦ ᠨᠢᠭᠡᠲᠦᠯ᠂ ᠪᠠᠭᠠᠷᠢᠨ ᠵᠡᠭᠦᠨ ᠬᠤᠰᠢᠭᠤᠨ ᠤ ᠪᠢᠯᠡᠭᠦᠲᠠᠢ ᠨᠢᠭᠡᠲᠦᠯ ᠳᠤ ᠭᠠᠳᠠᠭᠠᠲᠦ ᠳᠤ ᠭᠠᠷᠭᠠᠬᠤ ᠰᠠᠷᠢᠮᠰᠤᠭ ᠳᠠᠷᠢᠬᠤ ᠰᠠᠭᠤᠷᠢᠨ ᠭᠠᠵᠠᠷ ᠢ ᠪᠠᠶᠢᠭᠤᠯᠤᠨ᠂ ᠲᠠᠷᠢᠭᠰᠠᠨ ᠳᠠᠯᠠᠪᠠᠢ ᠨᠢ 500 ᠮᠦ ᠬᠦᠷᠦᠭᠰᠡᠨ ᠪᠠᠶᠢᠨ᠎ᠠ᠃      ᠳᠤᠰ ᠵᠢᠯ ᠳᠤ᠂ ᠭᠡᠰᠢᠭᠲᠡᠨ ᠬᠤᠰᠢᠭᠤᠨ ᠤ ᠪᠠᠶᠠᠨᠴᠠᠭᠠᠨ ᠨᠢᠭᠡᠲᠦᠯ ᠳᠤ ᠬᠤᠨᠴᠢᠷ ᠲᠠᠷᠢᠬᠤ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃      1978 ᠤᠨ ᠤ 8 ᠰᠠᠷ᠎ᠠ ᠶᠢᠨ 22 ᠤ ᠡᠲᠦᠷ᠂ ᠵᠤᠤ ᠤᠳᠠ ᠠᠶᠢᠮᠠᠭ ᠤᠨ ᠲᠦᠯᠦᠪᠯᠡᠭᠡ ᠶᠢᠨ ᠵᠦᠪᠯᠡᠯ ᠨᠢ ᠪᠠᠭᠠᠷᠢᠨ ᠵᠡᠭᠦᠨ ᠬᠤᠰᠢᠭᠤᠨ ᠤ ᠶᠣᠯᠣ ᠶᠢᠨ ᠠᠷᠤ ᠪᠤᠭᠤ ᠶᠢᠨ ᠳᠠᠯᠠᠪᠠᠢ᠂ ᠤᠯᠠᠭᠠᠠᠳᠠᠪᠠᠭ᠎ᠠ ᠨᠢᠭᠡᠲᠦᠯ ᠤᠨ ᠪᠤᠭᠤ ᠶᠢᠨ ᠳᠠᠯᠠᠪᠠᠢ᠂ ᠱᠢ ᠫᠧᠩ ᠵᠧᠦ ᠤᠢ ᠰᠢᠭᠤᠢ ᠶᠢᠨ ᠳᠠᠯᠠᠪᠠᠢ᠂ ᠪᠠᠭᠠᠷᠢᠨ ᠪᠠᠷᠠᠭᠤᠨ ᠬᠤᠰᠢᠭᠤᠨ ᠤ ᠬᠠᠨ ᠠᠭᠤᠯᠠ ᠤᠢ ᠰᠢᠭᠤᠢ ᠶᠢᠨ ᠳᠠᠯᠠᠪᠠᠢ᠂ ᠭᠡᠰᠢᠭᠲᠡᠨ ᠬᠤᠰᠢᠭᠤᠨ ᠤ ᠪᠠᠶ᠋ᠬᠠᠤᠪᠤᠭ᠎ᠠ ᠤᠢ ᠰᠢᠭᠤᠢ ᠶᠢᠨ ᠳᠠᠯᠠᠪᠠᠢ ᠳᠤ ᠭᠠᠳᠠᠭᠠᠲᠦ ᠳᠤ ᠭᠠᠷᠭᠠᠬᠤ ᠴᠢᠰᠤᠨ ᠡᠪᠡᠷ ᠤᠨ ᠰᠠᠭᠤᠷᠢᠨ ᠭᠠᠵᠠᠷ ᠢ ᠪᠠᠶᠢᠭᠤᠯᠤᠨ᠂ ᠡᠳᠡᠭᠡᠷ ᠳᠠᠪᠤᠨ ᠭᠠᠵᠠᠷ ᠲᠤ 495 ᠪᠤᠭᠤ ᠪᠠᠶᠢᠪᠠ᠃      ᠳᠤᠰ ᠵᠢᠯ ᠤᠨ 8 ᠰᠠᠷ᠎ᠠ ᠳᠤ᠂ ᠬᠠᠷᠠᠴᠢᠨ ᠬᠤᠰᠢᠭᠤ᠂ ᠤᠯᠠᠭᠠᠨᠬᠠᠳᠠ ᠰᠢᠶᠠᠨ ᠤ ᠲᠦᠯᠦᠪᠯᠡᠭᠡ ᠶᠢᠨ ᠵᠦᠪᠯᠡᠯ᠂ ᠡᠳ᠋ ᠤᠨ ᠵᠠᠰᠠᠭ ᠤᠨ ᠠᠯᠪᠠᠨ ᠭᠡᠷ ᠤᠨ ᠵᠦᠪᠰᠢᠶᠡᠷᠡᠯ ᠢᠶᠠᠷ᠂ ᠭᠠᠳᠠᠭᠠᠲᠦ ᠠᠷᠠᠯᠵᠢᠶᠠᠨ ᠤ ᠭᠠᠵᠠᠷ ᠠᠴᠠ ᠳᠠᠮᠵᠢᠨ᠂ ᠤᠯᠠᠭᠠᠨᠬᠠᠳᠠ ᠰᠢᠶᠠᠨ ᠤ ᠵᠢᠶᠠᠨᠴᠠᠩ ᠨᠢᠭᠡᠲᠦᠯ ᠤᠨ ᠢᠮᠠᠭᠠᠲᠦ ᠪᠠᠷᠢᠭᠠᠳᠠ᠂ ᠲᠠᠢ ᠫᠢᠩ ᠳ᠋ᠢ ᠨᠢᠭᠡᠲᠦᠯ ᠤᠨ ᠬᠠᠷᠠᠮᠤᠲᠤ ᠪᠠᠷᠢᠭᠠᠳᠠ ᠪᠠ ᠬᠠᠷᠠᠴᠢᠨ ᠬᠤᠰᠢᠭᠤᠨ ᠤ ᠪᠠᠷᠠᠭᠤᠨ ᠬᠦᠬᠦᠷᠭᠡ ᠨᠢᠭᠡᠲᠦᠯ ᠤᠨ ᠨᠠᠷᠠᠰᠦᠲᠦ ᠶᠢᠨ ᠳᠠᠪᠠᠭ᠎ᠠ ᠪᠠᠷᠢᠭᠠᠳᠠ ᠳᠤ ᠭᠠᠳᠠᠭᠠᠲᠦ ᠳᠤ ᠭᠠᠷᠭᠠᠬᠤ ᠴᠢᠰᠤᠨ ᠡᠪᠡᠷ ᠤᠨ ᠰᠠᠭᠤᠷᠢᠨ ᠭᠠᠵᠠᠷ ᠪᠠᠶᠢᠭᠤᠯᠤᠭᠰᠠᠨ ᠪᠠᠶᠢᠨ᠎ᠠ᠃      ᠳᠤᠰ ᠵᠢᠯ ᠤᠨ 12 ᠰᠠᠷ᠎ᠠ ᠶᠢᠨ 25 ᠤ ᠡᠲᠦᠷ᠂ ᠵᠤᠤ ᠤᠳᠠ ᠠᠶᠢᠮᠠᠭ ᠤᠨ ᠲᠦᠯᠦᠪᠯᠡᠭᠡ ᠶᠢᠨ ᠵᠦᠪᠯᠡᠯ ᠤᠨ ᠵᠦᠪᠰᠢᠶᠡᠷᠡᠯ ᠢᠶᠠᠷ᠂ ᠪᠠᠭᠠᠷᠢᠨ ᠵᠡᠭᠦᠨ ᠬᠤᠰᠢᠭᠤᠨ ᠤ ᠤᠯᠠᠭᠠᠨᠳᠠᠪᠠᠭ᠎ᠠ ᠤᠢ ᠰᠢᠭᠤᠢ ᠶᠢᠨ ᠳᠠᠯᠠᠪᠠᠢ ᠳᠤ ᠬᠠᠷᠢᠶᠠᠯᠠᠭᠳᠠᠬᠤ ᠰᠢᠶᠠᠩ ᠶᠠᠩ ᠪᠤᠭᠤ ᠶᠢᠨ ᠳᠠᠯᠠᠪᠠᠢ ᠶᠢᠨ ᠬᠤᠪᠢᠶᠠᠷᠢ ᠳᠠᠯᠠᠪᠠᠢ᠂ ᠬᠡᠰᠢᠭᠲᠡᠨ ᠬᠤᠰᠢᠭᠤᠨ ᠤ ᠬᠤᠩᠭᠤ ᠶᠢᠨ ᠳᠠᠪᠠᠭ᠎ᠠ ᠤᠢ ᠰᠢᠭᠤᠢ ᠶᠢᠨ ᠳᠠᠯᠠᠪᠠᠢ᠂ ᠯᠢᠨᠰᠢ ᠰᠢᠶᠠᠨ ᠤ ᠹᠦ᠋ ᠯᠢᠨ ᠤᠢ ᠰᠢᠭᠤᠢ ᠶᠢᠨ ᠳᠠᠯᠠᠪᠠᠢ᠂ ᠠᠤᠬᠠᠨ ᠤ ᠬᠠᠷ᠎ᠠ ᠠᠭᠤᠯᠠ ᠶᠢᠨ ᠤᠢ ᠰᠢᠭᠤᠢ ᠶᠢᠨ ᠳᠠᠯᠠᠪᠠᠢ ᠳᠤ ᠭᠠᠳᠠᠭᠠᠲᠦ ᠳᠤ ᠭᠠᠷᠭᠠᠬᠤ ᠴᠢᠰᠤᠨ ᠡᠪᠡᠷ ᠤᠨ ᠰᠠᠭᠤᠷᠢᠨ ᠭᠠᠵᠠᠷ ᠢ ᠪᠠᠶᠢᠭᠤᠯᠵᠦ᠂ ᠡᠳᠡᠭᠡᠷ ᠲᠦᠷᠪᠡᠨ ᠭᠠᠵᠠᠷ ᠲᠤ ᠨᠡᠶᠢᠲᠡ 508 ᠪᠤᠭᠤ ᠪᠠᠶᠢᠪᠠ᠃      ᠳᠤᠰ ᠵᠢᠯ ᠳᠤ ᠯᠢᠶᠤᠤᠨᠢᠩ ᠤᠨ ᠲᠦᠯᠦᠪᠯᠡᠭᠡ ᠶᠢᠨ ᠵᠦᠪᠯᠡᠯ ᠪᠠ ᠡᠳ᠋ ᠤᠨ ᠵᠠᠰᠠᠭ ᠠᠷᠠᠯᠵᠢᠶᠠᠨ ᠤ ᠠᠯᠪᠠᠨ ᠭᠡᠷ ᠠᠴᠠ ᠠᠤᠬᠠᠨ ᠬᠤᠰᠢᠭᠤ ᠤᠩᠨᠢᠭᠤᠳ ᠬᠤᠰᠢᠭᠤ ᠶᠢ ᠨᠠᠷᠠᠨ ᠬᠤᠸᠠᠷ ᠤᠨ ᠦᠷ᠎ᠡ ᠶᠢᠨ ᠰᠠᠭᠤᠷᠢᠨ ᠭᠠᠵᠠᠷ ᠪᠤᠯᠭᠠᠬᠤ ᠪᠠᠷ ᠵᠦᠪᠰᠢᠶᠡᠷᠡᠭᠰᠡᠨ ᠪᠠᠶᠢᠨ᠎ᠠ᠃ ᠡᠭᠦᠨ ᠤ ᠬᠠᠮᠲᠦ ᠠᠶᠢᠮᠠᠭ ᠤᠨ ᠲᠦᠯᠦᠪᠯᠡᠭᠡ ᠶᠢᠨ ᠵᠦᠪᠯᠡᠯ ᠤᠨ ᠵᠦᠪᠰᠢᠶᠡᠷᠡᠯ ᠢᠶᠠᠷ᠂ ᠤᠯᠠᠭᠠᠨᠬᠠᠳᠠ ᠰᠢᠶᠠᠨ ᠤ ᠲᠦᠯᠦᠪᠯᠡᠭᠡ ᠶᠢᠨ ᠵᠦᠪᠯᠡᠯ ᠵᠦᠪᠰᠢᠶᠡᠷᠡᠨ᠂ ᠤᠯᠠᠭᠠᠨᠬᠠᠳᠠ ᠰᠢᠶᠠᠨ ᠤ ᠬᠡᠪᠴᠢᠶᠡᠨ ᠳᠠᠬᠢ ᠪᠤᠷᠤ ᠬᠤᠰᠢᠭᠤ ᠨᠢᠭᠡᠲᠦᠯ᠂ ᠬᠠᠷ᠎ᠠ ᠲᠤᠬᠤᠢ ᠨᠢᠭᠡᠲᠦᠯ᠂ ᠠᠩᠴᠢᠨ ᠭᠤᠤ ᠨᠢᠭᠡᠲᠦᠯ᠂ ᠪᠠᠭ᠎ᠠ ᠵᠦᠩ ᠨᠢᠭᠡᠲᠦᠯ᠂ ᠲᠠᠩ ᠫᠢᠩ ᠳ᠋ᠢ ᠨᠢᠭᠡᠲᠦᠯ ᠪᠠ ᠾᠧᠨᠠᠨ ᠢᠩᠽᠢ ᠨᠢᠭᠡᠲᠦᠯ ᠢ ᠨᠠᠷᠠᠨ ᠬᠤᠸᠠᠷ ᠤᠨ ᠦᠷ᠎ᠡ ᠶᠢ ᠭᠠᠳᠠᠭᠠᠲᠦ ᠳᠤ ᠭᠠᠷᠭᠠᠬᠤ ᠰᠠᠭᠤᠷᠢᠨ ᠭᠠᠵᠠᠷ ᠪᠤᠯᠭᠠᠬᠤ ᠪᠠᠷ ᠲᠤᠭᠲᠠᠪᠠ᠃ ᠤᠯᠠᠭᠠᠨᠬᠠᠳᠠ ᠰᠢᠶᠠᠨ ᠤ ᠲᠦᠯᠦᠪᠯᠡᠭᠡ ᠶᠢᠨ ᠵᠦᠪᠯᠡᠯ ᠤᠨ ᠵᠦᠪᠰᠢᠶᠡᠷᠡᠯ ᠢᠶᠠᠷ᠂ ᠤᠯᠠᠭᠠᠨᠬᠠᠳᠠ ᠰᠢᠶᠠᠨ ᠤ ᠡᠤ ᠰᠠᠨ᠂ ᠰᠠᠨ ᠶᠠᠨ ᠵᠢᠩ᠂ ᠲᠠᠩ ᠫᠢᠩ ᠳ᠋ᠢ᠂ ᠱᠦᠢ ᠳ᠋ᠢ 3 ᠨᠢᠭᠡᠲᠦᠯ ᠢ ᠭᠠᠳᠠᠭᠠᠲᠦ ᠳᠤ ᠭᠠᠷᠭᠠᠬᠤ ᠯᠠᠵᠤᠤ ᠶᠢᠨ ᠬᠠᠳᠠᠭᠠᠮᠠᠯ ᠤᠶᠢᠯᠡᠳᠪᠦᠷᠢᠡᠯᠬᠦ ᠰᠠᠭᠤᠷᠢᠨ ᠭᠠᠵᠠᠷ ᠪᠤᠯᠭᠠᠬᠤ ᠪᠠᠷ ᠲᠤᠭᠲᠠᠨ᠂ ᠡᠳᠡᠭᠡᠷ ᠲᠦᠷᠪᠡᠨ ᠨᠢᠭᠡᠲᠦᠯ ᠤᠨ ᠲᠠᠷᠢᠬᠤ ᠳᠠᠯᠠᠪᠠᠢ ᠨᠢ 450 ᠮᠤ᠋ ᠪᠠᠶᠢᠪᠠ᠃      ᠲᠤᠰ ᠵᠢᠯ ᠤᠨ 12 ᠰᠠᠷ᠎ᠠ ᠶᠢᠨ 20 ᠤ ᠡᠲᠦᠷ᠂ ᠵᠤᠤ ᠤᠳᠠ ᠠᠶᠢᠮᠠᠭ ᠤᠨ ᠵᠠᠰᠠᠭ ᠤᠨ ᠤᠷᠲᠦᠨ ᠠᠴᠠ ᠤᠩᠨᠢᠭᠤᠳ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠠᠷᠦ ᠬᠤᠷᠴᠢᠨ ᠬᠤᠰᠢᠭᠤ᠂ ᠬᠡᠰᠢᠭᠲᠡᠨ ᠬᠤᠰᠢᠭᠤ ᠵᠡᠷᠭᠡ ᠲᠦᠷᠪᠡᠨ ᠬᠤᠰᠢᠭᠤᠨ ᠳᠤ ᠭᠠᠳᠠᠭᠠᠲᠦ ᠳᠤ ᠭᠠᠷᠭᠠᠬᠤ ᠦᠬᠡᠷ ᠲᠡᠵᠢᠭᠡᠬᠦ ᠰᠠᠭᠤᠷᠢᠨ ᠭᠠᠵᠠᠷ ᠪᠠᠶᠢᠭᠤᠯᠬᠤ ᠪᠠᠷ ᠲᠤᠷᠰᠢᠵᠤ ᠡᠭᠢᠯᠡᠪᠡ᠃ ᠰᠠᠭᠤᠷᠢᠨ ᠭᠠᠵᠠᠷ ᠤᠨ ᠲᠠᠯ᠎ᠠ ᠨᠤᠲᠤᠭ ᠤᠨ ᠤᠯᠠᠭᠠᠨ ᠦᠬᠡᠷ ᠪᠠ ᠡᠷᠯᠢᠰᠡᠵᠢᠭᠦᠯᠦᠭᠰᠡᠨ ᠦᠭᠡᠷ ᠨᠢ 550 ᠵᠢᠩ ᠠᠴᠠ ᠳᠡᠭᠡᠭᠰᠢ ᠪᠠᠶᠢᠪᠠᠯ ᠴᠦᠮ ᠭᠠᠳᠠᠭᠠᠲᠦ ᠳᠤ ᠭᠠᠷᠭᠠᠵᠦ ᠪᠤᠯᠬᠤ ᠪᠠᠷ ᠲᠣᠭᠲᠠᠭᠠᠵᠠᠢ᠂ ᠰᠠᠭᠤᠷᠢᠨ ᠭᠠᠵᠠᠷ ᠤᠨ ᠬᠠᠷᠢᠶᠠᠯᠠᠭᠳᠠᠬᠤ ᠬᠠᠷᠢᠴᠠᠭ᠎ᠠ ᠨᠢ ᠬᠤᠪᠢᠷᠠᠭᠰᠠᠨ ᠦᠬᠡᠢ᠃      1978 — 1979 ᠤᠨ ᠪᠤᠯᠲᠠᠯ᠎ᠠ᠂ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠨᠢ ᠨᠢᠩᠴᠧᠩ ᠰᠢᠶᠠᠨ ᠤ ᠰᠣᠩᠭᠢᠨ᠎ᠠ ᠶᠢᠨ ᠭᠤᠤ ᠨᠢᠭᠡᠲᠦᠯ᠂ ᠳ᠋ᠠ ᠢᠩᠽᠢ ᠨᠢᠭᠡᠲᠦᠯ᠂ ᠬᠠᠷᠠᠴᠢᠨ ᠬᠤᠰᠢᠭᠤᠨ ᠤ ᠰᠧ ᠱᠢ ᠵᠢᠶᠠᠽᠢ ᠨᠢᠭᠡᠲᠦᠯ᠂ ᠤᠯᠠᠭᠠᠨᠬᠠᠳᠠ ᠰᠢᠶᠠᠨ ᠤ ᠨᠢᠶᠠᠨᠪᠠᠩ ᠨᠢᠭᠡᠲᠦᠯ᠂ ᠪᠤᠷᠤ ᠬᠤᠰᠢᠭᠤ ᠨᠢᠭᠡᠲᠦᠯ ᠨᠢ ᠬᠠᠷ᠎ᠠ ᠳᠡᠯᠳᠡᠦ ᠶᠢᠨ ᠤᠶᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠵᠦ᠂ ᠪᠠᠺᠲ᠋ᠧᠷᠢᠲᠦ ᠬᠠᠷ᠎ᠠ ᠳᠡᠯᠳᠡᠦ ᠶᠢ 485 ᠪᠤᠰᠤᠭ᠎ᠠ ᠲᠦᠷᠪᠡᠯᠵᠢᠨ ᠮᠧᠳ᠋ᠷ ᠲᠠᠷᠢᠭᠰᠠᠨ ᠪᠠᠶᠢᠨ᠎ᠠ᠃      1980 ᠤᠨ ᠳᠤ᠂ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ᠂ ᠤᠢ ᠰᠢᠭᠤᠢ ᠶᠢᠨ ᠲᠤᠪᠴᠢᠶ᠎ᠠ ᠨᠢ ᠨᠢᠩᠴᠧᠩ ᠰᠢᠶᠠᠨ ᠤ ᠱᠠᠨ ᠲᠧᠦ᠂ ᠴᠢᠩ ᠱᠠᠨ᠂ ᠡᠦ ᠬᠤᠸᠠ ᠭᠤᠷᠪᠠᠨ ᠨᠢᠭᠡᠲᠦᠯ ᠳᠤ ︽ᠰᠢᠵᠢᠷ︾ ᠨᠡᠷᠡᠮᠵᠢᠲᠦ ᠬᠤᠰᠢᠭ᠎ᠠ ᠶᠢ ᠭᠠᠳᠠᠭᠠᠲᠦ ᠳᠤ ᠭᠠᠷᠭᠠᠬᠤ ᠭᠠᠵᠠᠷ ᠪᠠᠶᠢᠭᠤᠯᠵᠦ᠂ ᠳᠠᠯᠠᠪᠠᠢ ᠨᠢ 15000 ᠮᠤ᠋ ᠪᠠᠶᠢᠪᠠ᠃      1982 ᠤᠨ ᠳᠤ᠂ ᠬᠠᠷᠠᠴᠢᠨ ᠬᠤᠰᠢᠭᠤ᠂ ᠨᠢᠩᠴᠧᠩ ᠰᠢᠶᠠᠨ ᠨᠢ ᠳᠤᠰ ᠪᠦᠷᠢ ᠰᠧ ᠱᠢ ᠵᠢᠶᠠᠽᠢ᠂ ᠰᠢ ᠴᠢᠤᠸᠠᠨ ᠬᠤᠶᠠᠷ ᠹᠯᠤᠷᠲᠦ ᠴᠢᠯᠠᠭᠤ ᠶᠢᠨ ᠤᠶᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠭᠰᠠᠨ ᠪᠠᠶᠢᠨ᠎ᠠ᠃      1983 ᠤᠨ ᠳᠤ ᠤᠯᠠᠭᠠᠨᠬᠠᠳᠠ ᠬᠤᠳᠠ ᠶᠢᠨ ᠠᠵᠦ ᠤᠶᠢᠯᠡᠳᠪᠦᠷᠢ ᠠᠷᠠᠯᠵᠢᠶᠠᠨ ᠤ ᠲᠤᠪᠴᠢᠶ᠎ᠠ ᠨᠢ ᠪᠦᠬᠦ ᠬᠤᠳᠠ ᠶᠢᠨ ᠭᠠᠳᠠᠭᠠᠲᠦ ᠳᠤ ᠭᠠᠷᠭᠠᠬᠤ ᠲᠠᠸᠠᠷ ᠤᠨ ᠰᠠᠭᠤᠷᠢᠨ ᠭᠠᠵᠠᠷ ᠲᠤ ᠴᠡᠭᠴᠡᠯᠡᠯᠲᠡ ᠬᠢᠵᠦ᠂ ᠳᠡᠭᠦᠷᠭᠡ ᠲᠤᠭᠤᠷᠢᠭ ᠤᠨ ᠵᠢᠷᠭᠤᠭᠠᠨ ᠨᠢᠭᠡᠲᠦᠯ ᠤᠨ ᠨᠠᠷᠠᠨ ᠬᠤᠸᠠᠷ ᠤᠨ ᠦᠷ᠎ᠡ ᠶᠢᠨ ᠰᠠᠭᠤᠷᠢᠨ ᠭᠠᠵᠠᠷ᠂ ᠳᠡᠭᠦᠷᠭᠡ ᠲᠤᠭᠤᠷᠢᠭ ᠤᠨ ᠲᠦᠷᠪᠡᠨ ᠯᠠᠵᠤᠤ ᠶᠢᠨ ᠬᠠᠲᠠᠭᠠᠮᠠᠯ ᠤᠨ ᠰᠠᠭᠤᠷᠢᠨ ᠭᠠᠵᠠᠷ ᠪᠠ ᠨᠢᠩᠴᠧᠩ᠂ ᠬᠠᠷᠠᠴᠢᠨ᠂ ᠳᠡᠭᠦᠷᠭᠡ ᠲᠤᠭᠤᠷᠢᠭ ᠤᠨ ᠳᠡᠯᠳᠡᠦ ᠶᠢᠨ ᠰᠠᠭᠤᠷᠢᠨ ᠭᠠᠵᠠᠷ ᠢ ᠬᠠᠰᠤᠭᠰᠠᠨ ᠪᠠᠶᠢᠨ᠎ᠠ᠃      1988 ᠤᠨ ᠳᠤ᠂ ᠪᠦᠬᠦ ᠬᠤᠳᠠ ᠶᠢᠨ ᠭᠠᠳᠠᠭᠠᠲᠦ ᠳᠤ ᠭᠠᠷᠭᠠᠬᠤ ᠲᠠᠸᠠᠷ ᠤᠨ ᠤᠶᠢᠯᠡᠳᠪᠦᠷᠢᠯᠡᠯ ᠤᠨ ᠰᠠᠭᠤᠷᠢᠨ ᠭᠠᠵᠠᠷ ᠨᠢ 18 ᠪᠠᠶᠢᠵᠦ᠂ ᠡᠭᠦᠨ ᠳᠤ ᠴᠢᠰᠤᠨ ᠡᠪᠡᠷ ᠤᠨ ᠰᠠᠭᠤᠷᠢᠨ ᠭᠠᠵᠠᠷ 16᠂ ᠹᠯᠤᠷᠲᠦ ᠴᠢᠯᠠᠭᠤ ᠶᠢᠨ ᠳᠤᠰᠬᠠᠢ ᠠᠭᠤᠷᠬᠠᠢ 2 ᠪᠤᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ