ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠠᠷᠪᠠᠨ ᠬᠤᠶᠠᠷ︶
ᠨᠡᠶᠢᠲᠡᠯᠡᠭᠰᠡᠨ ᠴᠠᠭ᠄
2020/9/29
ᠬᠤᠶᠠᠳᠤᠭᠠᠷ ᠬᠡᠰᠡᠭ ᠮᠡᠷᠭᠡᠵᠢᠯ ᠣᠷᠣᠭᠤᠯᠤᠭᠰᠠᠨ      1979 ᠣᠨ ᠳᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠨᠡᠭᠡᠭᠡᠯᠲᠡ ᠶᠢᠨ ᠲᠥᠯᠥᠪᠯᠡᠭᠡ ᠶᠢᠨ ᠵᠠᠬᠢᠷᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠠᠴᠠ ᠤᠯᠠᠭᠠᠨᠬᠠᠳᠠ ᠬᠤᠲᠠ ᠳᠤ 152.4 ᠲᠦᠮᠡᠨ ᠳ᠋ᠣᠯᠯᠠᠷ ᠤᠨ ᠲᠥᠯᠥᠪᠦᠷᠢ ᠦᠭᠡᠢ ᠳᠡᠮᠵᠢᠯᠭᠡ ᠦᠵᠡᠭᠦᠯᠵᠦ᠂ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠤ ᠵᠢᠱᠢᠶ᠎ᠡ ᠦᠵᠡᠭᠦᠯᠬᠦ ᠮᠠᠯᠵᠢᠯ ᠤᠨ ᠲᠠᠯᠠᠪᠠᠢ ᠶᠢ ᠪᠠᠶᠢᠭᠤᠯᠵᠤ᠂ ︽ᠮᠡᠷᠭᠡᠵᠢᠯ ᠲᠥᠬᠦᠭᠡᠷᠦᠮᠵᠢ ᠣᠷᠣᠭᠤᠯᠵᠤ᠂ ᠬᠠᠳᠣᠯᠠᠩ ᠪᠡᠯᠴᠢᠭᠡᠷ ᠢ ᠰᠠᠢᠵᠢᠷᠠᠭᠤᠯᠤᠨ᠂ ᠰᠢᠨ᠎ᠡ ᠮᠡᠷᠭᠡᠵᠢᠯ ᠢᠶᠠᠷ ᠮᠠᠯ ᠰᠦᠷᠦᠭ ᠢ ᠠᠷᠠᠴᠢᠯᠠᠨ ᠲᠡᠵᠢᠭᠡᠬᠦ︾ ᠵᠡᠷᠭᠡ ᠨᠡᠭᠡᠭᠡᠨ ᠬᠥᠭᠵᠢᠭᠦᠯᠬᠦ ᠲᠥᠷᠥᠯ ᠵᠦᠢᠯ ᠢ ᠬᠢᠭᠰᠡᠨ ᠪᠠᠶᠢᠨ᠎ᠠ᠃ ᠲᠤᠰ ᠲᠥᠷᠥᠯ ᠵᠦᠢᠯ ᠤᠨ ᠮᠡᠷᠭᠡᠵᠢᠯ ᠣᠷᠣᠭᠤᠯᠬᠤ ᠠᠭᠤᠯᠭ᠎ᠠ ᠳᠤ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠢ ᠵᠠᠯᠠᠬᠤ᠂ ᠡᠪᠡᠰᠦ ᠪᠡᠯᠴᠢᠭᠡᠷ ᠢ ᠰᠠᠢᠵᠢᠷᠠᠭᠤᠯᠬᠤ ᠮᠠᠰᠢᠨ ᠲᠣᠨᠤᠭ ᠣᠷᠣᠭᠤᠯᠬᠤ᠂ ᠡᠪᠡᠰᠦ ᠪᠡᠯᠴᠢᠭᠡᠷ ᠢ ᠤᠰᠤᠯᠠᠬᠤ᠂ ᠬᠥᠮᠥᠨ ᠢ ᠬᠦᠴᠦ ᠪᠠᠷ ᠡᠪᠡᠰᠦ ᠲᠠᠷᠢᠵᠤ ᠨᠣᠭᠤᠭᠠᠨ ᠳᠠᠷᠤᠰᠢ ᠳᠠᠷᠤᠬᠤ᠂ ᠮᠠᠯ ᠰᠦᠷᠦᠭ ᠢ ᠠᠷᠠᠴᠢᠯᠠᠨ ᠬᠠᠮᠢᠶᠠᠷᠬᠤ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠨᠥᠬᠦᠴᠡᠯ ᠢ ᠪᠦᠷᠢᠯᠳᠦᠭᠦᠯᠬᠦ ᠠᠭᠤᠯᠭ᠎ᠠ ᠤᠳ ᠢ ᠪᠠᠭᠲᠠᠭᠠᠭᠰᠠᠨ ᠪᠠᠶᠢᠳᠠᠭ᠃ ᠭᠠᠳᠠᠭᠠᠳᠤ ᠠᠴᠠ ᠣᠷᠣᠭᠤᠯᠤᠭᠰᠠᠨ ᠭᠤᠣᠯ ᠪᠣᠯᠬᠤ ᠲᠥᠬᠦᠭᠡᠷᠦᠮᠵᠢ ᠳᠤ᠄ 1980 ᠣᠨ ᠳᠤ ᠠᠮᠧᠷᠢᠺᠠ ᠡᠴᠠᠡᠪᠡᠰᠦ ᠬᠠᠳᠤᠵᠤ ᠬᠤᠷᠢᠶᠠᠬᠤ ᠮᠠᠰᠢᠨ 35 ᠣᠷᠣᠭᠤᠯᠪᠠ᠂ 1981 ᠣᠨ ᠳᠤ ᠪᠧᠯᠭᠢ ᠠᠴᠠ 15 ︽ᠪᠡᠯᠴᠢᠭᠡᠷ ᠡᠪᠡᠰᠦ ᠢ ᠰᠢᠯᠭᠠᠨ ᠪᠠᠶᠢᠴᠠᠭᠠᠬᠤ ᠪᠠ ᠡᠪᠡᠰᠦ ᠪᠡᠯᠴᠢᠭᠡᠷ ᠲᠤ ᠬᠡᠷᠡᠭᠯᠡᠬᠦ ᠮᠠᠰᠢᠨ︾ ᠣᠷᠣᠭᠤᠯᠪᠠ ᠃ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 778 ᠲᠦᠮᠡᠨ ᠲᠥᠭᠦᠷᠢᠭ ᠠᠷᠠᠳ ᠤᠨ ᠵᠣᠭᠤᠰ ᠪᠣᠯᠣᠨ᠎ᠠ᠃      1981 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠤᠯᠠᠭᠠᠨᠬᠠᠳᠠ ᠬᠤᠲᠠ ᠶᠢᠨ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠠᠯᠪᠠᠨ ᠭᠡᠷ ᠤᠨ ᠡᠷᠬᠢᠯᠡᠭᠰᠡᠨ ︽ᠳᠤᠮᠳᠠᠳᠤ ᠤᠯᠤᠰ ᠤᠨ ᠨᠤᠲᠤᠭ ᠪᠡᠯᠴᠢᠭᠡᠷ ᠬᠢᠭᠡᠳ ᠮᠠᠯ ᠠᠵᠤ ᠠᠬᠤᠢ ᠶᠢᠨ ᠬᠥᠭᠵᠢᠭᠦᠯᠦᠯᠲᠡ ᠶᠢᠨ ᠲᠥᠷᠥᠯ ᠵᠦᠢᠯ︾ ᠢ ᠵᠥᠪᠰᠢᠶᠡᠷᠡᠭᠰᠡᠨ ᠪᠠᠶᠢᠨ᠎ᠠ ᠃ ᠲᠤᠰ ᠲᠥᠷᠥᠯ ᠵᠦᠢᠯ ᠨᠢ 1500 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠬᠥᠭᠵᠢᠭᠦᠯᠦᠯᠲᠡ ᠶᠢᠨ ᠰᠠᠭᠤᠷᠢ ᠮᠥᠩᠭᠦᠨ ᠤ ᠨᠡᠢᠭᠡᠮᠯᠢᠭ ᠨᠢ 1105.36 ᠲᠦᠮᠡᠨ ᠳ᠋ᠣᠯᠯᠠᠷ ᠤᠨ ᠳᠣᠣᠷ᠎ᠠ ᠬᠦᠦ ᠮᠥᠩᠭᠦ ᠲᠠᠢ ᠵᠢᠭᠡᠯᠡᠯᠭᠡ ᠶᠢ ᠵᠢᠭᠡᠯᠡᠭᠦᠯᠵᠦ ᠥᠭᠪᠡ ᠃ ᠰᠢᠨ᠎ᠡ ᠮᠡᠷᠭᠡᠵᠢᠯ ᠤᠨ ᠠᠭᠤᠯᠭ᠎ᠠ ᠨᠢ ︽ᠬᠠᠳᠤᠯᠠᠩ ᠢ ᠰᠠᠢᠵᠢᠷᠠᠭᠤᠯᠬᠤ᠂ ᠬᠠᠳᠤᠵᠤ ᠬᠤᠷᠢᠶᠠᠬᠤ ᠵᠡᠷᠭᠡ ᠮᠠᠯ ᠠᠵᠤ ᠠᠬᠤᠢ ᠳᠤ ᠬᠡᠷᠡᠭᠯᠡᠬᠦ ᠮᠠᠰᠢᠨ ᠲᠥᠬᠦᠭᠡᠷᠦᠮᠵᠢ ᠶᠢ ᠣᠷᠣᠭᠤᠯᠵᠤ᠂ ᠤᠯᠤᠰ ᠤᠨ ᠭᠠᠳᠠᠨᠠᠬᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠳᠠᠪᠰᠢᠩᠭᠤᠢ ᠰᠢᠨ᠎ᠡ ᠮᠡᠷᠭᠡᠵᠢᠯ ᠢ ᠣᠷᠣᠭᠤᠯᠵᠤ᠂ ᠬᠠᠳᠤᠯᠠᠩ ᠬᠦᠷᠢᠶᠡᠯᠡᠵᠦ᠂ ᠬᠥᠮᠥᠨ ᠤ ᠬᠦᠴᠦ ᠪᠠᠷ ᠡᠪᠡᠰᠦ ᠲᠠᠷᠢᠬᠤ ᠪᠠ ᠬᠠᠳᠤᠯᠠᠩ ᠤᠨ ᠪᠦᠲᠦᠭᠡᠨ ᠪᠠᠶᠢᠭᠤᠯᠤᠯᠲᠠ ᠬᠢᠵᠦ᠂ ᠮᠠᠯ ᠤᠨ ᠡᠭᠦᠯᠳᠡᠷ ᠢ ᠰᠠᠢᠵᠢᠷᠠᠭᠤᠯᠵᠤ ᠂ ᠮᠠᠯ ᠤᠨ ᠠᠰᠢᠭ ᠰᠢᠮ᠎ᠡ ᠶᠢᠨ ᠭᠠᠷᠤᠯᠲᠠ ᠶᠢ ᠨᠡᠮᠡᠭᠳᠡᠭᠦᠯᠵᠦ᠂ ᠮᠠᠯᠴᠢᠳ ᠤᠨ ᠠᠵᠤ ᠠᠬᠤᠢ ᠶᠢᠨ ᠣᠷᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︾᠃ ᠲᠤᠰ ᠲᠥᠷᠥᠯ ᠵᠦᠢᠯ ᠤᠨ ᠣᠷᠣᠭᠤᠯᠤᠭᠰᠠᠨ ᠭᠤᠣᠯ ᠪᠣᠯᠬᠤ ᠲᠥᠬᠦᠭᠡᠷᠦᠮᠵᠢ ᠳᠤ 1982 ᠣᠨ ᠳᠤ ᠠᠮᠧᠷᠢᠺᠠ ᠠᠴᠠ ᠣᠷᠣᠭᠤᠯᠤᠭᠰᠠᠨ 28 ︽ᠬᠠᠳᠤᠯᠠᠩ ᠢ ᠰᠠᠢᠵᠢᠷᠠᠭᠤᠯᠬᠤ ᠮᠠᠰᠢᠨ︾᠂ 1985 ᠣᠨ ᠳᠤ ᠶᠠᠫᠤᠨ ᠠᠴᠠ ᠣᠷᠣᠭᠤᠯᠤᠭᠰᠠᠨ 44 ︽ᠲᠡᠭᠡᠭᠡᠪᠦᠷᠢ ᠶᠢᠨ ᠮᠠᠰᠢᠨ ᠪᠠ ᠰᠢᠩᠭᠡᠨ ᠠᠽᠣᠲ ᠵᠥᠭᠡᠭᠡᠪᠦᠷᠢᠯᠡᠬᠦ ᠮᠠᠰᠢᠨ︾ ᠪᠣᠯᠣᠨ 314 ︽ᠬᠠᠳᠤᠯᠠᠩ ᠢ ᠰᠠᠢᠵᠢᠷᠠᠭᠤᠯᠬᠤ ᠮᠠᠰᠢᠨ︾ ᠵᠡᠷᠭᠡ ᠪᠤᠢ᠃      1984 ᠣᠨ ᠳᠤ᠂ ᠤᠯᠠᠭᠠᠨᠬᠠᠳᠠ ᠬᠤᠲᠠ ᠶᠢᠨ ᠨᠢᠭᠡᠳᠦᠭᠡᠷ ᠬᠤᠪᠴᠠᠰᠤᠨ ᠤ ᠦᠢᠯᠡᠳᠪᠦᠷᠢ ᠨᠢ ᠶᠠᠫᠤᠨ ᠤ ᠲᠣᠣᠺᠢᠤ᠋ ᠬᠦᠨᠳᠦ ᠠᠵᠤ ᠦᠢᠯᠡᠳᠪᠦᠷᠢ ᠶᠢᠨ ᠵᠦ ᠱᠢ ᠬᠤᠷᠢᠶ᠎ᠠ ᠲᠠᠢ ᠭᠡᠷ᠎ᠡ ᠲᠣᠭᠲᠠᠨ᠂ ᠶᠠᠫᠤᠨ ᠤ ᠺᠣᠰᠲ᠋ᠢᠶᠤᠮ ᠤᠨ ᠢᠯᠡᠦᠷᠳᠡᠨ ᠲᠡᠭᠰᠢᠯᠡᠬᠦ ᠮᠠᠰᠢᠨ ᠪᠠ ᠣᠶᠣᠳᠠᠯ ᠤᠨ ᠮᠠᠰᠢᠨ ᠣᠷᠣᠭᠤᠯᠤᠨ᠂ ᠭᠠᠳᠠᠭᠠᠳᠤ ᠳᠤ ᠭᠠᠷᠭᠠᠬᠤ ᠺᠣᠰᠲ᠋ᠢᠶᠤᠮ ᠢ ᠡᠬᠢᠯᠡᠨ ᠦᠢᠯᠡᠳᠪᠦᠷᠢᠯᠡᠭᠰᠡᠨ  ᠪᠠᠶᠢᠨ᠎ᠠ᠃ ᠭᠠᠳᠠᠭᠠᠳᠤ ᠠᠴᠠ ᠣᠷᠣᠭᠤᠯᠤᠭᠰᠠᠨ ᠭᠤᠣᠯ ᠪᠣᠯᠬᠤ ᠮᠠᠰᠢᠨ ᠲᠥᠬᠦᠭᠡᠷᠦᠮᠵᠢ ᠳᠤ DLN — 415 ᠬᠡᠯᠪᠡᠷᠢ ᠶᠢᠨ ᠣᠶᠣᠳᠠᠯ ᠤᠨ ᠮᠠᠰᠢᠨ 50᠂ JP ᠰᠢᠷᠢᠰ ᠢᠯᠡᠦᠷᠳᠡᠬᠦ ᠮᠠᠰᠢᠨ 18᠂ JVB — 500N ᠠᠭᠤᠷ ᠢᠶᠠᠷ ᠢᠯᠡᠦᠷᠳᠡᠬᠦ ᠮᠠᠰᠢᠨ 10 ᠪᠠᠶᠢᠪᠠ᠃ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 70 ᠲᠦᠮᠡᠨ ᠲᠥᠭᠦᠷᠢᠭ᠂ ᠥᠪᠥᠷ ᠮᠣᠩᠭᠤᠯ ᠤᠨ ᠠᠵᠤ ᠠᠬᠤᠢ ᠶᠢᠨ ᠵᠥᠪᠯᠡᠯ ᠤᠨ ᠵᠢᠭᠡᠯᠡᠯᠭᠡ ᠶᠢᠨ ᠭᠡᠷ᠎ᠡ ᠪᠠᠷ ᠣᠯᠣᠭᠰᠠᠨ ᠵᠣᠭᠤᠰ ᠨᠢ 19.1 ᠲᠦᠮᠡᠨ ᠳ᠋ᠣᠯᠯᠠᠷ ᠪᠣᠯᠣᠨ᠎ᠠ᠃      1985 ᠣᠨ ᠳᠤ ᠮᠡᠷᠭᠡᠵᠢᠯ᠂ ᠲᠣᠨᠤᠭ ᠲᠥᠬᠦᠭᠡᠷᠦᠮᠵᠢ ᠣᠷᠣᠭᠤᠯᠬᠤ 11 ᠲᠥᠷᠥᠯ ᠤᠨ ᠭᠡᠷ᠎ᠡ ᠲᠣᠭᠲᠠᠪᠠ᠄      ᠤᠯᠠᠭᠠᠨᠬᠠᠳᠠ ᠶᠢᠨ ᠬᠤᠶᠠᠳᠤᠭᠠᠷ ᠨᠣᠣᠰᠣᠨ ᠨᠡᠬᠡᠮᠡᠯ ᠤᠨ ᠦᠢᠯᠡᠳᠪᠦᠷᠢ ᠨᠢ ᠪᠠᠷᠠᠭᠤᠨ ᠭᠧᠷᠮᠠᠨ ᠤ HEUSCH ᠺᠣᠮᠫᠠᠨᠢ᠂ ᠢᠲ᠋ᠠᠯᠢ ᠶᠢᠨ MAT ᠺᠣᠮᠫᠠᠨᠢ᠂ ᠶᠠᠫᠤᠨ ᠤ ᠪᠧᠨ ᠼᠦᠨ ᠲᠢᠶᠧ ᠦᠢᠯᠡᠳᠬᠡᠯ ᠤᠨ ᠭᠠᠵᠠᠷ᠂ ᠰᠸᠢᠰ ᠤᠨ IFIIWGER — USTE ᠺᠣᠮᠫᠠᠨᠢ ᠲᠠᠢ ︽ᠨᠠᠷᠢᠯᠢᠭ ᠨᠡᠬᠡᠵᠦ ᠲᠡᠭᠰᠢᠯᠡᠬᠦ ᠲᠥᠬᠦᠭᠡᠷᠦᠮᠵᠢ︾ ᠣᠷᠣᠭᠤᠯᠬᠤ ᠭᠡᠷ᠎ᠡ ᠲᠣᠭᠲᠠᠭᠰᠠᠨ ᠪᠠᠶᠢᠨ᠎ᠠ᠃ ᠶᠡᠷᠦᠩᠬᠡᠢ ᠪᠡᠯᠡ ᠣᠷᠤᠭᠤᠯᠤᠯᠲᠠ ᠨᠢ 134.27 ᠲᠦᠮᠡᠨ ᠲᠥᠭᠦᠷᠢᠭ ᠪᠠᠶᠢᠵᠤ᠂ ᠳᠤᠮᠳᠠᠳᠤ ᠤᠯᠤᠰ ᠤᠨ ᠪᠠᠩᠬᠢ ᠶᠢᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 358059 ᠲᠥᠭᠦᠷᠢᠭ ᠪᠣᠯᠣᠨ᠎ᠠ᠃      ᠤᠯᠠᠭᠠᠨᠬᠠᠳᠠ ᠶᠢᠨ ᠨᠣᠣᠰᠣᠨ ᠨᠡᠬᠡᠮᠡᠯ ᠤᠨ ᠦᠢᠯᠡᠳᠪᠦᠷᠢ ᠨᠢ ᠰᠸᠢᠰ ᠤᠨ ᠬᠤᠸᠠ ᠵᠢᠶᠠ ᠺᠣᠮᠫᠠᠨᠢ ᠲᠠᠢ ︽ᠨᠢᠮᠭᠡᠨ ᠱᠠ ᠪᠥᠰ᠂ ᠪᠠᠭᠴᠠᠲᠤ ᠨᠣᠣᠰᠣᠨ ᠬᠡᠪᠢᠰ ︾ ᠦᠢᠯᠡᠳᠪᠦᠷᠢᠯᠡᠬᠦ ᠭᠡᠷ᠎ᠡ ᠲᠣᠭᠲᠠᠭᠰᠠᠨ ᠪᠠᠶᠢᠨ᠎ᠠ᠃ ᠭᠡᠷ᠎ᠡ ᠳᠤ ᠲᠣᠭᠲᠠᠭᠰᠠᠨ ᠨᠢ᠂ ᠠᠦ᠋ᠰᠳ᠋ᠷᠢᠶ᠎ᠠ ᠠᠴᠠ ︽ᠲᠧ ᠯᠠᠢ ᠹᠦ᠋ ᠱᠥᠷᠭᠡᠨ ᠨᠡᠬᠡᠬᠦ ᠮᠠᠰᠢᠨ ᠢ ᠣᠷᠣᠭᠤᠯᠵᠤ᠂ ᠨᠣᠣᠰᠣᠨ ᠨᠡᠬᠡᠮᠡᠯ ᠤᠨ ᠳᠠᠭᠠᠯᠲᠠ ᠪᠠᠷᠠᠭ᠎ᠠ ᠶᠢ ᠠᠰᠢᠭᠯᠠᠵᠤ᠂ ᠨᠢᠮᠭᠡᠨ ᠱᠠ᠂ ᠪᠠᠭᠴᠠᠲᠤ ᠨᠣᠣᠰᠣᠨ ᠬᠡᠪᠢᠰ ᠦᠢᠯᠡᠳᠪᠦᠷᠢᠯᠡᠨ᠎ᠡ︾᠂ ᠭᠤᠣᠯ ᠪᠣᠯᠬᠤ ᠭᠠᠳᠠᠭᠠᠳᠤ ᠠᠴᠠ ᠣᠷᠣᠭᠤᠯᠤᠭᠰᠠᠨ ᠲᠥᠬᠦᠭᠡᠷᠦᠮᠵᠢ ᠨᠢ ᠠᠦ᠋ᠰᠳ᠋ᠷᠢᠶ᠎ᠠ ᠶᠢᠨ ᠯᠢ ᠪᠧᠢ ᠯᠧ ᠺᠣᠮᠫᠠᠨᠢ ᠶᠢᠨ Ⅱ ᠬᠡᠯᠪᠡᠷᠢ ᠪᠠ Ⅲ ᠬᠡᠯᠪᠡᠷᠢ ᠶᠢᠨ ᠨᠡᠬᠡᠮᠡᠯ ᠤᠨ ᠮᠠᠰᠢᠨ ᠨᠢᠭᠡ ᠰᠠᠭᠤᠷᠢ᠃ ᠶᠡᠷᠦᠩᠬᠡᠢ ᠪᠡᠯᠡ ᠣᠷᠤᠭᠤᠯᠤᠯᠲᠠ ᠨᠢ 130 ᠲᠦᠮᠡᠨ ᠲᠥᠭᠦᠷᠢᠭ᠂ ᠥᠪᠥᠷ ᠮᠣᠩᠭᠤᠯ ᠤᠨ ᠠᠵᠤ ᠠᠬᠤᠢ ᠶᠢᠨ ᠵᠥᠪᠯᠡᠯ ᠤᠨ ᠵᠢᠭᠡᠯᠡᠯᠭᠡ ᠶᠢᠨ ᠵᠣᠭᠤᠰ ᠤᠨ ᠬᠡᠮᠵᠢᠶ᠎ᠡ ᠨᠢ 20 ᠲᠦᠮᠡᠨ ᠳ᠋ᠣᠯᠯᠠᠷ ᠪᠣᠯᠣᠨ᠎ᠠ᠃      ᠤᠯᠠᠭᠠᠨᠬᠠᠳᠠ ᠶᠢᠨ ᠴᠠᠬᠢᠯᠭᠠᠨ ᠤᠲᠠᠰᠤᠨ ᠤ ᠦᠢᠯᠡᠳᠪᠦᠷᠢ ᠨᠢ ᠪᠡᠭᠡᠵᠢᠩ ᠤᠨ ᠭᠤᠸᠠᠩ ᠳ᠋ᠠ ᠠᠵᠤ ᠦᠢᠯᠡᠰ ᠤᠨ ᠺᠣᠮᠫᠠᠨᠢ ᠪᠠᠷ ᠳᠠᠮᠵᠢᠨ ᠹᠢᠨᠯᠠᠨᠳ᠋ ᠤᠨ ᠨᠥᠸᠧ ᠵᠢᠢ ᠶᠠ ᠺᠣᠮᠫᠠᠨᠢ ᠲᠠᠢ ᠭᠡᠷ᠎ᠡ ᠲᠣᠭᠲᠠᠨ᠂ ᠹᠢᠨᠯᠠᠨᠳ᠋ ᠠᠴᠠ AEL — 22 ᠬᠡᠯᠪᠡᠷᠢ ᠶᠢᠨ 90 ᠦᠢᠯᠡᠳᠪᠦᠷᠢᠯᠡᠬᠦ ᠮᠡᠷᠭᠡᠵᠢᠯ ᠪᠠ YAL — 32 ᠬᠡᠯᠪᠡᠷᠢ ᠶᠢᠨ 120 ᠦᠢᠯᠡᠳᠪᠦᠷᠢᠯᠡᠬᠦ ᠮᠡᠷᠭᠡᠵᠢᠯ ᠢ ᠲᠤᠰ ᠪᠦᠷᠢ ᠨᠢᠭᠡ ᠢᠵᠢ ᠣᠷᠣᠭᠤᠯᠤᠭᠰᠠᠨ ᠪᠠᠶᠢᠨ᠎ᠠ᠃ ᠠᠦ᠋ᠰᠳ᠋ᠷᠠᠯᠢᠶ᠎ᠠ ᠶᠢᠨ 1.6 ᠮᠧᠳ᠋ᠷ ᠤᠨ ᠤᠲᠠᠰᠤ ᠶᠢᠨ ᠮᠡᠷᠭᠡᠵᠢᠯ ᠢ ᠨᠢᠭᠡ ᠢᠵᠢ ᠣᠷᠣᠭᠤᠯᠪᠠ᠂ ᠶᠡᠷᠦᠩᠬᠡᠢ ᠪᠡᠯᠡ ᠣᠷᠤᠭᠤᠯᠤᠯᠲᠠ ᠨᠢ 550 ᠲᠦᠮᠡᠨ ᠲᠥᠭᠦᠷᠢᠭ᠂ ᠳᠤᠮᠳᠠᠳᠤ ᠤᠯᠤᠰ ᠤᠨ ᠪᠠᠩᠬᠢ ᠶᠢᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 98.5 ᠲᠦᠮᠡᠨ ᠳ᠋ᠣᠯᠯᠠᠷ ᠪᠣᠯᠣᠨ᠎ᠠ᠃      ᠤᠯᠠᠭᠠᠨᠬᠠᠳᠠ ᠶᠢᠨ ᠬᠤᠶᠠᠳᠤᠭᠠᠷ ᠰᠦᠯᠢᠶᠥᠦ ᠶᠢᠨ ᠦᠢᠯᠡᠳᠪᠦᠷᠢ ᠨᠢ ᠰᠢᠶᠠᠩᠭᠠᠩ ᠤᠨ ᠢᠤᠢ ᠹᠧᠩ ᠮᠠᠰᠢᠨ ᠤ ᠦᠢᠯᠡᠳᠪᠦᠷᠢ ᠲᠠᠢ ︽ᠵᠢᠷᠭᠤᠭᠠᠨ ᠥᠩᠭᠡᠲᠦ ᠭᠤᠮ ᠢᠯᠲᠠᠰᠤ ᠶᠢᠨ ᠪᠤᠳᠤᠭᠲᠤ ᠳᠠᠷᠤᠮᠠᠯᠯᠠᠬᠤ ᠮᠡᠷᠭᠡᠵᠢᠯ︾ ᠤᠨ ᠭᠡᠷ᠎ᠡ ᠲᠣᠭᠲᠠᠵᠤ᠂ ᠶᠡᠷᠦᠩᠬᠡᠢ ᠪᠡᠯᠡ ᠣᠷᠤᠭᠤᠯᠤᠯᠲᠠ ᠨᠢ 18.08 ᠲᠦᠮᠡᠨ ᠲᠥᠭᠦᠷᠢᠭ ᠪᠠᠶᠢᠪᠠ ᠂ ᠳᠤᠮᠳᠠᠳᠤ ᠤᠯᠤᠰ ᠤᠨ ᠪᠠᠩᠬᠢ ᠶᠢᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 5632 ᠲᠦᠮᠡᠨ ᠳ᠋ᠣᠯᠯᠠᠷ ᠪᠠᠶᠢᠪᠠ᠃      ᠤᠯᠠᠭᠠᠨᠬᠠᠳᠠ ᠶᠢᠨ ᠨᠢᠭᠡᠳᠦᠭᠡᠷ ᠢᠳᠡᠭᠡᠨ ᠤ ᠦᠢᠯᠡᠳᠪᠦᠷᠢ ᠪᠠ ᠠᠮᠧᠷᠢᠺᠠ ᠶᠢᠨ Kingson ᠪᠦᠯᠦᠭᠯᠡᠯ ᠨᠢ ︽ᠭᠤᠣᠯ ᠲᠠᠢ ᠬᠠᠲᠠᠭᠤ ᠰᠢᠬᠢᠷ ᠦᠢᠯᠡᠳᠪᠦᠷᠢᠯᠡᠬᠦ ᠵᠢᠴᠢ ᠮᠠᠰᠢᠨ ᠲᠣᠨᠣᠭᠯᠠᠯ︾ ᠢ ᠣᠷᠣᠭᠤᠯᠬᠤ ᠭᠡᠷ᠎ᠡ ᠲᠣᠭᠲᠠᠭᠰᠠᠨ ᠪᠠᠶᠢᠨ᠎ᠠ᠃ ᠶᠡᠷᠦᠩᠬᠡᠢ ᠪᠡᠯᠡ ᠣᠷᠤᠭᠤᠯᠤᠯᠲᠠ ᠨᠢ 67 ᠲᠦᠮᠡᠨ ᠲᠥᠭᠦᠷᠢᠭ᠂ ᠳᠤᠮᠳᠠᠳᠤ ᠤᠯᠤᠰ ᠤᠨ ᠪᠠᠩᠬᠢ ᠶᠢᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 19.17 ᠲᠦᠮᠡᠨ ᠳ᠋ᠣᠯᠯᠠᠷ ᠪᠣᠯᠣᠨ᠎ᠠ᠃      ᠤᠯᠠᠭᠠᠨᠬᠠᠳᠠ ᠬᠤᠲᠠ ᠶᠢᠨ ᠠᠤᠬᠠᠨ ᠤ ᠠᠷᠠᠰᠤ ᠰᠢᠷᠢ ᠶᠢᠨ ᠦᠢᠯᠡᠳᠪᠦᠷᠢ ᠨᠢ ᠢᠰᠫᠠᠨᠢ ᠶᠢᠨ ᠵᠢᠶᠠ ᠪᠥᠸᠧ ᠳ᠋ᠧ ᠺᠣᠮᠫᠠᠨᠢ ᠲᠠᠢ ︽ᠬᠤᠨᠢᠨ ᠨᠣᠣᠰᠣ ᠬᠠᠢᠴᠢᠯᠠᠬᠤ ᠮᠠᠰᠢᠨ︾ ᠣᠷᠣᠭᠤᠯᠬᠤ ᠭᠡᠷ᠎ᠡ ᠲᠣᠭᠲᠠᠪᠠ᠃ ᠥᠪᠥᠷ ᠮᠣᠩᠭᠤᠯ ᠤᠨ ᠠᠵᠤ ᠠᠬᠤᠢ ᠶᠢᠨ ᠵᠥᠪᠯᠡᠯ ᠨᠢ 15675 ᠳ᠋ᠣᠯᠯᠠᠷ ᠤᠨ ᠵᠢᠭᠡᠯᠡᠯᠭᠡ ᠶᠢᠨ ᠭᠡᠷ᠎ᠡ ᠲᠣᠭᠲᠠᠭᠰᠠᠨ ᠪᠠᠶᠢᠨ᠎ᠠ᠃      ᠠᠤᠬᠠᠨ ᠬᠤᠰᠢᠭᠤᠨ ᠤ ᠬᠡᠪᠯᠡᠨ ᠳᠠᠷᠤᠮᠠᠯᠬᠤ ᠦᠢᠯᠡᠳᠪᠦᠷᠢ ᠨᠢ ᠶᠠᠫᠤᠨ ᠤ ᠰᠢᠶᠣᠣ ᠰᠧᠨ ᠬᠡᠪᠯᠡᠨ ᠳᠠᠷᠤᠮᠠᠯᠬᠤ ᠵᠦ ᠱᠢ ᠨᠡᠢᠭᠡᠮᠯᠢᠭ ᠲᠠᠢ ᠶᠠᠫᠤᠨ ᠤ ᠳᠥᠷᠪᠡᠨ ᠥᠩᠭᠡ ᠶᠢᠨ ᠢᠯᠲᠠᠰᠤᠨ ᠬᠡᠪ ᠤᠨ ᠳᠠᠷᠤᠮᠠᠯᠯᠠᠬᠤ ᠮᠠᠰᠢᠨ ᠤ ᠪᠦᠷᠢᠨ ᠲᠣᠨᠤᠭ ᠤᠨ ᠮᠡᠷᠭᠡᠵᠢᠯ ᠢ ᠣᠷᠣᠭᠤᠯᠬᠤ ᠭᠡᠷ᠎ᠡ ᠲᠣᠭᠲᠠᠭᠰᠠᠨ ᠪᠠᠶᠢᠨ᠎ᠠ᠃ ᠶᠡᠷᠦᠩᠬᠡᠢ ᠪᠡᠯᠡ ᠣᠷᠤᠭᠤᠯᠤᠯᠲᠠ ᠨᠢ 125 ᠲᠦᠮᠡᠨ ᠲᠥᠭᠦᠷᠢᠭ᠂ ᠥᠪᠥᠷ ᠮᠣᠩᠭᠤᠯ ᠤᠨ ᠠᠵᠤ ᠠᠬᠤᠢ ᠶᠢᠨ ᠵᠥᠪᠯᠡᠯ ᠤᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 50 ᠲᠦᠮᠡᠨ ᠳ᠋ᠣᠯᠯᠠᠷ ᠪᠠᠶᠢᠪᠠ᠃      ᠤᠯᠠᠭᠠᠨᠬᠠᠳᠠ ᠶᠢᠨ ᠨᠡᠬᠡᠮᠡᠯ ᠤᠨ ᠦᠢᠯᠡᠳᠪᠦᠷᠢ ᠨᠢ ᠲᠤᠰ ᠪᠦᠷᠢ ᠪᠠᠷᠠᠭᠤᠨ ᠭᠧᠷᠮᠠᠨ ᠤ ᠱᠣᠣ ᠧᠨ ᠰᠧ ᠺᠣᠮᠫᠠᠨᠢ᠂ ᠯᠢ ᠪᠠ ᠺᠣᠮᠫᠠᠨᠢ ᠪᠠ ᠰᠢᠶᠠᠩᠭᠠᠩ ᠤᠨ ᠿᠥᠩ ᠿᠥᠩ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠵᠤ᠂ ᠵᠢᠶᠠ ᠺᠠ ᠲᠢ ᠮᠠᠰᠢᠨ᠂ ᠳᠠᠩ ᠥᠩᠭᠡ ᠶᠢᠨ ᠨᠣᠣᠰᠣ ᠨᠡᠢᠳᠬᠡᠬᠦ ᠮᠠᠰᠢᠨ᠂ ᠬᠤᠸᠠᠷ ᠰᠢᠯᠵᠢᠭᠦᠯᠬᠦ ᠮᠠᠰᠢᠨ ᠵᠡᠷᠭᠡ ᠵᠠᠩᠭᠢᠯᠠᠭ᠎ᠠ ᠶᠢᠨ ᠲᠣᠨᠤᠭ ᠲᠥᠬᠦᠭᠡᠷᠦᠮᠵᠢ ᠶᠢ ᠣᠷᠣᠭᠤᠯᠬᠤ ᠪᠠᠷ ᠪᠣᠯᠪᠠ᠃ ᠶᠡᠷᠦᠩᠬᠡᠢ ᠪᠡᠯᠡ ᠣᠷᠤᠭᠤᠯᠤᠯᠲᠠ ᠨᠢ 266 ᠲᠦᠮᠡᠨ ᠲᠥᠭᠦᠷᠢᠭ᠂ ᠥᠪᠥᠷ ᠮᠣᠩᠭᠤᠯ ᠤᠨ ᠠᠵᠤ ᠠᠬᠤᠢ ᠶᠢᠨ ᠵᠥᠪᠯᠡᠯ ᠤᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 50 ᠲᠦᠮᠡᠨ ᠳ᠋ᠣᠯᠯᠠᠷ᠃      ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠵᠤ ᠭᠠᠷᠭᠠᠬᠤ ᠺᠣᠮᠫᠠᠨᠢ ᠪᠠᠷ ᠳᠠᠮᠵᠢᠨ᠂ ᠳ᠋ᠠᠨᠮᠠᠷᠺ ᠠᠴᠠ ᠴᠢᠰᠤ ᠶᠢ ᠠᠮᠢᠳᠤ ᠪᠣᠳᠠᠰ ᠬᠢᠮᠢ ᠶᠢᠨ ᠮᠡᠷᠭᠡᠵᠢᠯ ᠢᠶᠠᠷ ᠢᠯᠭᠠᠷᠠᠭᠤᠯᠬᠤ ᠮᠠᠰᠢᠨ ᠢ 1 ᠣᠷᠣᠭᠤᠯᠵᠤ᠂ ᠵᠣᠭᠤᠰ ᠨᠢ 1.53 ᠲᠦᠮᠡᠨ ᠳ᠋ᠣᠯᠯᠠᠷ ᠬᠡᠷᠡᠭᠯᠡᠭᠰᠡᠨ ᠪᠠᠶᠢᠨ᠎ᠠ᠃ ᠶᠠᠫᠤᠨ ᠠᠴᠠ ᠳ᠋ᠥᠸᠧ ᠫᠦ᠋ ᠯᠧ ᠬᠡᠳᠦ ᠳᠣᠯᠭᠢᠶᠠᠨ ᠤ ᠴᠢᠰᠤᠨ ᠤ ᠮᠠᠰᠢᠨ ᠣᠷᠣᠭᠤᠯᠵᠤ᠂ ᠵᠣᠭᠤᠰ ᠨᠢ 1.2 ᠲᠦᠮᠡᠨ ᠳ᠋ᠣᠯᠯᠠᠷ ᠪᠠᠶᠢᠪᠠ᠃      ᠤᠯᠠᠭᠠᠨᠬᠠᠳᠠ ᠶᠢᠨ ᠡᠮ ᠤᠨ ᠦᠢᠯᠡᠳᠪᠦᠷᠢ ᠨᠢ ᠪᠠᠷᠠᠭᠤᠨ ᠭᠧᠷᠮᠠᠨ ᠠᠴᠠ ᠶᠡᠭᠡ ᠪᠠᠭ᠎ᠠ ᠨᠢ ᠠᠳᠠᠯᠢ ᠪᠤᠰᠤ ᠵᠢᠭᠤᠲᠠᠩᠭᠤᠢ ᠮᠠᠰᠢᠨ ᠢ 3 ᠣᠷᠣᠭᠤᠯᠵᠤ᠂ ᠰᠠᠭᠤᠷᠢ ᠪᠦᠷᠢ ᠨᠢ 7.1 ᠲᠦᠮᠡᠨ ᠳ᠋ᠣᠯᠯᠠᠷ ᠪᠣᠯᠣᠨ᠎ᠠ᠃      1986 ᠣᠨ ᠳᠤ 6 ᠲᠥᠷᠥᠯ ᠤᠨ ᠮᠡᠷᠭᠡᠵᠢᠯ ᠣᠷᠣᠭᠤᠯᠬᠤ ᠭᠡᠷ᠎ᠡ ᠲᠣᠭᠲᠠᠪᠠ᠄      ᠤᠯᠠᠭᠠᠨᠬᠠᠳᠠ ᠬᠤᠲᠠ ᠶᠢᠨ ᠪᠣᠷᠣᠬᠤᠲᠠ ᠲᠣᠰᠣᠨ ᠤ ᠦᠢᠯᠡᠳᠪᠦᠷᠢ ᠨᠢ ᠪᠠᠷᠠᠭᠤᠨ ᠭᠧᠷᠮᠠᠨ ᠤ EX ᠺᠣᠮᠫᠠᠨᠢ ᠲᠠᠢ ︽ᠪᠠᠷᠠᠭᠤᠨ ᠭᠧᠷᠮᠠᠨ ᠤ ᠤᠷᠭᠤᠮᠠᠯ ᠤᠨ ᠲᠣᠰᠣ ᠬᠢᠬᠦ ᠭᠤᠣᠯ ᠲᠥᠬᠦᠭᠡᠷᠦᠮᠵᠢ ᠣᠷᠣᠭᠤᠯᠬᠤ︾ ᠭᠡᠷ᠎ᠡ ᠲᠣᠭᠲᠠᠪᠠ᠃ ᠶᠡᠷᠦᠩᠬᠡᠢ ᠪᠡᠯᠡ ᠣᠷᠤᠭᠤᠯᠤᠯᠲᠠ ᠨᠢ 266 ᠲᠦᠮᠡᠨ ᠲᠥᠭᠦᠷᠢᠭ᠂ ᠥᠪᠥᠷ ᠮᠣᠩᠭᠤᠯ ᠤᠨ ᠠᠵᠤ ᠠᠬᠤᠢ ᠶᠢᠨ ᠵᠥᠪᠯᠡᠯ ᠤᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 87 ᠲᠦᠮᠡᠨ ᠳ᠋ᠣᠯᠯᠠᠷ ᠪᠠᠶᠢᠪᠠ᠃      ᠤᠯᠠᠭᠠᠨᠬᠠᠳᠠ ᠶᠢᠨ ᠠᠷᠠᠰᠤ ᠰᠢᠷᠢ ᠶᠢᠨ ᠦᠢᠯᠡᠳᠪᠦᠷᠢ ᠪᠠ ᠢᠲ᠋ᠠᠯᠢ ᠶᠢᠨ ᠱᠢ ᠳ᠋ᠠ ᠭᠤᠣ ᠺᠣᠮᠫᠠᠨᠢ ᠨᠢ ᠢᠲ᠋ᠠᠯᠢ ᠠᠴᠠ ᠱᠠᠬᠠᠢ ᠦᠢᠯᠡᠳᠪᠦᠷᠢᠯᠡᠬᠦ ᠲᠤᠰᠬᠠᠢ ᠲᠥᠬᠦᠭᠡᠷᠦᠮᠵᠢ ᠣᠷᠣᠭᠤᠯᠬᠤ ᠭᠡᠷ᠎ᠡ ᠲᠣᠭᠲᠠᠵᠤ᠂ 1987 ᠣᠨ ᠤ 3 ᠰᠠᠷ᠎ᠠ ᠠᠴᠠ ᠡᠬᠢᠯᠡᠨ ᠢᠲ᠋ᠠᠯᠢ ᠠᠴᠠ ᠵᠠᠯᠭᠠᠯᠳᠤᠪᠠᠷ ᠳᠠᠪᠰᠢᠩᠭᠤᠢ ᠮᠡᠷᠭᠡᠵᠢᠯ ᠣᠷᠣᠭᠤᠯᠤᠭᠰᠠᠨ ᠪᠠᠶᠢᠨ᠎ᠠ᠃ ᠶᠡᠷᠦᠩᠬᠡᠢ ᠪᠡᠯᠡ ᠣᠷᠤᠭᠤᠯᠤᠯᠲᠠ ᠨᠢ 390 ᠲᠦᠮᠡᠨ ᠲᠥᠭᠦᠷᠢᠭ᠂ ᠥᠪᠥᠷ ᠮᠣᠩᠭᠤᠯ ᠤᠨ ᠠᠵᠤ ᠠᠬᠤᠢ ᠶᠢᠨ ᠵᠥᠪᠯᠡᠯ ᠤᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 203150 ᠲᠦᠮᠡᠨ ᠳ᠋ᠣᠯᠯᠠᠷ ᠪᠠᠶᠢᠪᠠ᠃      ᠤᠯᠠᠭᠠᠨᠬᠠᠳᠠ ᠶᠢᠨ ᠤᠲᠠᠰᠤ ᠦᠭᠡᠢ ᠴᠠᠬᠢᠯᠭᠠᠨ ᠬᠡᠷᠡᠭᠰᠡᠯ ᠤᠨ ᠦᠢᠯᠡᠳᠪᠦᠷᠢ ᠨᠢ ᠶᠠᠫᠤᠨ ᠤ ᠵᠣᠣ ᠾᠧ ᠴᠠᠬᠢᠯᠭᠠᠨ ᠤᠲᠠᠰᠤᠨ ᠤ ᠵᠦ ᠱᠢ ᠨᠡᠢᠭᠡᠮᠯᠢᠭ ᠲᠠᠢ ︽ᠶᠠᠫᠤᠨ ᠤ ᠪᠤᠳᠤᠭᠲᠤ ᠲᠧᠯᠸᠢᠰ ᠦᠢᠯᠡᠳᠪᠦᠷᠢᠯᠡᠬᠦ ᠮᠡᠷᠭᠡᠵᠢᠯ︾ ᠢ ᠣᠷᠣᠭᠤᠯᠬᠤ ᠭᠡᠷ᠎ᠡ ᠲᠣᠭᠲᠠᠭᠰᠠᠨ ᠪᠠᠶᠢᠨ᠎ᠠ᠃ ᠲᠤᠰ ᠦᠢᠯᠡᠳᠪᠦᠷᠢ ᠨᠢ 1987 ᠣᠨ ᠤ 6 ᠰᠠᠷ᠎ᠠ ᠶᠢᠨ 30 ᠤ ᠡᠳᠦᠷ ᠠᠴᠠ ᠡᠬᠢᠯᠡᠨ 95 ᠰᠠᠭᠤᠷᠢ ︽ᠪᠤᠳᠤᠭᠲᠤ ᠲᠧᠯᠸᠢᠰ ᠦᠢᠯᠡᠳᠪᠦᠷᠢᠯᠡᠬᠦ ᠲᠣᠨᠤᠭ ᠲᠥᠬᠦᠭᠡᠷᠦᠮᠵᠢ︾ ᠣᠷᠣᠭᠤᠯᠤᠭᠰᠠᠨ ᠪᠠᠶᠢᠨ᠎ᠠ᠃ ᠶᠡᠷᠦᠩᠬᠡᠢ ᠪᠡᠯᠡ ᠣᠷᠤᠭᠤᠯᠤᠯᠲᠠ ᠨᠢ 718 ᠲᠦᠮᠡᠨ ᠲᠥᠭᠦᠷᠢᠭ᠂ ᠤᠮᠠᠷᠠᠲᠤ ᠶᠢᠨ ᠣᠯᠠᠨ ᠤᠯᠤᠰ ᠤᠨ ᠲᠦᠷᠢᠶᠡᠰᠦᠯᠡᠭᠦᠯᠬᠦ ᠬᠢᠵᠠᠭᠠᠷᠲᠤ ᠺᠣᠮᠫᠠᠨᠢ 1400 ᠲᠦᠮᠡᠨ ᠳ᠋ᠣᠯᠯᠠᠷ ᠵᠢᠭᠡᠯᠡᠯᠭᠡ ᠥᠭᠴᠡᠢ᠃ ᠲᠤᠰ ᠲᠥᠷᠥᠯ ᠵᠦᠢᠯ ᠪᠣᠯ ᠥᠪᠥᠷ ᠮᠣᠩᠭᠤᠯ ᠤᠨ ᠲᠦᠷᠢᠶᠡᠰᠦᠯᠡᠭᠦᠯᠬᠦ ᠺᠣᠮᠫᠠᠨᠢ ᠨᠢ ᠤᠮᠠᠷᠠᠲᠤ ᠶᠢᠨ ᠣᠯᠠᠨ ᠤᠯᠤᠰ ᠤᠨ ᠲᠦᠷᠢᠶᠡᠰᠦᠯᠡᠭᠦᠯᠬᠦ ᠺᠣᠮᠫᠠᠨᠢ ᠠᠴᠠ ᠰᠢᠯᠵᠢᠭᠦᠯᠦᠨ ᠲᠦᠷᠢᠶᠡᠰᠦᠯᠡᠬᠦ ᠬᠡᠯᠪᠡᠷᠢ ᠪᠠᠷ ᠮᠡᠷᠭᠡᠵᠢᠯ ᠣᠷᠣᠭᠤᠯᠤᠭᠰᠠᠨ ᠲᠥᠷᠥᠯ ᠵᠦᠢᠯ ᠪᠣᠯᠣᠨ᠎ᠠ᠂ ᠦᠢᠯᠡᠳᠪᠦᠷᠢᠯᠡᠭᠰᠡᠨ ᠪᠦᠲᠦᠭᠡᠭᠳᠡᠬᠦᠨ ᠤ ᠶᠠᠰᠤ ᠴᠢᠨᠠᠷ ᠨᠢ ᠶᠠᠫᠤᠨ ᠤ ᠠᠳᠠᠯᠢ ᠲᠥᠷᠥᠯ ᠤᠨ ᠪᠦᠲᠦᠭᠡᠭᠳᠡᠬᠦᠨ ᠤ ᠬᠢᠷᠢ ᠲᠦᠪᠰᠢᠨ ᠳᠤ ᠬᠦᠷᠦᠭᠰᠡᠨ ᠪᠠᠶᠢᠨ᠎ᠠ᠃      ᠤᠯᠠᠭᠠᠨᠬᠠᠳᠠ ᠶᠢᠨ ᠬᠠᠳᠬᠤᠮᠠᠯ ᠪᠥᠮᠪᠥᠭᠡᠯᠢᠭ ᠤᠨ ᠦᠢᠯᠡᠳᠪᠦᠷᠢ ᠨᠢ ᠪᠡᠭᠡᠵᠢᠩ ᠤᠨ ᠨᠡᠬᠡᠮᠡᠯ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠺᠣᠮᠫᠠᠨᠢ ᠪᠠᠷ ᠳᠠᠮᠵᠢᠨ ᠢᠲ᠋ᠠᠯᠢ ᠶᠢᠨ ᠮᠢᠯᠠᠨ ᠺᠣᠮᠫᠠᠨᠢ ᠠᠴᠠ ᠬᠠᠳᠬᠤᠮᠠᠯ ᠳᠤ ᠬᠡᠷᠡᠭᠯᠡᠬᠦ ᠪᠥᠮᠪᠥᠭᠡᠯᠢᠭ ᠦᠢᠯᠡᠳᠪᠦᠷᠢᠯᠡᠬᠦ ᠲᠥᠬᠦᠭᠡᠷᠦᠮᠵᠢ ᠶᠢᠨ ᠲᠥᠷᠥᠯ ᠵᠦᠢᠯ ᠢ ᠬᠢᠭᠰᠡᠨ ᠪᠠᠶᠢᠨ᠎ᠠ᠃ ᠶᠡᠷᠦᠩᠬᠡᠢ ᠪᠡᠯᠡ ᠣᠷᠤᠭᠤᠯᠤᠯᠲᠠ ᠨᠢ 36 ᠲᠦᠮᠡᠨ ᠲᠥᠭᠦᠷᠢᠭ᠂ ᠪᠡᠭᠡᠵᠢᠩ ᠤᠨ ᠨᠡᠢᠭᠡᠮ ᠤᠨ ᠪᠦᠲᠦᠭᠡᠭᠳᠡᠬᠦᠨ ᠢ ᠣᠷᠣᠭᠤᠯᠬᠤ ᠺᠣᠮᠫᠠᠨᠢ ᠶᠢᠨ ᠪᠠᠷᠠᠭ᠎ᠠ ᠣᠷᠣᠭᠤᠯᠬᠤ ᠺᠣᠮᠫᠠᠨᠢ ᠶᠢᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 9 ᠲᠦᠮᠡᠨ ᠳ᠋ᠣᠯᠯᠠᠷ ᠪᠠᠶᠢᠪᠠ᠃ ᠣᠷᠣᠭᠤᠯᠤᠭᠰᠠᠨ ᠭᠤᠣᠯ ᠪᠣᠯᠬᠤ ᠲᠥᠬᠦᠭᠡᠷᠦᠮᠵᠢ ᠨᠢ 1986 ᠣᠨ ᠤ 7 ᠰᠠᠷ᠎ᠠ ᠶᠢᠨ 20 ᠤ ᠡᠳᠦᠷ ᠢᠲ᠋ᠠᠯᠢ ᠠᠴᠠ ᠣᠷᠣᠭᠤᠯᠤᠭᠰᠠᠨ 3 ᠰᠠᠭᠤᠷᠢ ᠳᠠᠷᠤᠵᠤ ᠬᠡᠪᠰᠢᠭᠦᠯᠬᠦ ᠮᠠᠰᠢᠨ ᠪᠣᠯᠣᠨ᠎ᠠ᠃      ᠤᠯᠠᠭᠠᠨᠬᠠᠳᠠ ᠶᠢᠨ ᠬᠤᠶᠠᠳᠤᠭᠠᠷ ᠬᠥᠩᠭᠡᠨ ᠠᠵᠤ ᠦᠢᠯᠡᠳᠪᠦᠷᠢ ᠶᠢᠨ ᠬᠠᠩᠭᠠᠨ ᠪᠣᠷᠣᠯᠠᠭᠤᠯᠬᠤ ᠺᠣᠮᠫᠠᠨᠢ ᠨᠢ ᠰᠢᠶᠠᠩᠭᠠᠩ ᠠᠴᠠ 4 ᠢᠵᠢ ᠭᠤᠯᠢᠷ ᠲᠠᠯᠬᠠᠳᠠᠬᠤ ᠲᠥᠬᠦᠭᠡᠷᠦᠮᠵᠢ ᠣᠷᠣᠭᠤᠯᠵᠤ᠂ ᠭᠡᠷ᠎ᠡ ᠶᠢᠨ ᠮᠥᠩᠭᠦ ᠨᠢ 17500 ᠳ᠋ᠣᠯᠯᠠᠷ  ᠪᠠᠶᠢᠵᠠᠢ᠃      ᠤᠯᠠᠭᠠᠨᠬᠠᠳᠠ ᠬᠤᠲᠠ ᠶᠢᠨ ᠨᠢᠩᠴᠧᠩ ᠨᠣᠣᠰᠣᠨ ᠬᠠᠨᠲᠠᠭᠠᠰᠤ ᠶᠢᠨ ᠦᠢᠯᠡᠳᠪᠦᠷᠢ ᠨᠢ ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠺᠣᠮᠫᠠᠨᠢ ᠪᠠᠷ ᠳᠠᠮᠵᠢᠨ ᠠᠮᠧᠷᠢᠺᠠ ᠠᠴᠠ ᠬᠤᠪᠴᠠᠰᠤ ᠦᠢᠯᠡᠳᠪᠦᠷᠢᠯᠡᠬᠦ ᠮᠠᠰᠢᠨ ᠣᠷᠣᠭᠤᠯᠵᠤ ᠢᠷᠡᠭᠰᠡᠨ ᠪᠠᠶᠢᠨ᠎ᠠ᠂ ᠡᠮᠵᠢᠶᠡᠷᠢᠯᠡᠬᠦ ᠮᠠᠰᠢᠨ 2 ᠪᠠᠶᠢᠵᠤ᠂ ᠭᠡᠷ᠎ᠡ ᠶᠢᠨ ᠮᠥᠩᠭᠦ ᠨᠢ 3 ᠲᠦᠮᠡᠨ ᠳ᠋ᠣᠯᠯᠠᠷ᠃ ᠶᠠᠫᠤᠨ ᠠᠴᠠ ᠡᠮᠵᠢᠶᠡᠷᠢᠯᠡᠬᠦ ᠮᠠᠰᠢᠨ 2 ᠰᠠᠭᠤᠷᠢ᠂ ᠲᠣᠪᠴᠢ ᠬᠠᠳᠠᠬᠤ ᠮᠠᠰᠢᠨ 2 ᠰᠠᠭᠤᠷᠢ ᠣᠷᠣᠭᠤᠯᠵᠤ᠂ ᠭᠡᠷ᠎ᠡ ᠶᠢᠨ ᠮᠥᠩᠭᠦ ᠨᠢ 0.99 ᠲᠦᠮᠡᠨ ᠳ᠋ᠣᠯᠯᠠᠷ ᠬᠦᠷᠴᠡᠢ᠃      1987 ᠣᠨ ᠳᠤ 4 ᠲᠥᠷᠥᠯ ᠤᠨ ᠮᠡᠷᠭᠡᠵᠢᠯ ᠣᠷᠣᠭᠤᠯᠬᠤ ᠭᠡᠷ᠎ᠡ ᠲᠣᠭᠲᠠᠪᠠ᠄      ᠤᠯᠠᠭᠠᠨᠬᠠᠳᠠ ᠶᠢᠨ ᠨᠢᠭᠡᠳᠦᠭᠡᠷ ᠨᠡᠬᠡᠮᠡᠯ ᠤᠨ ᠦᠢᠯᠡᠳᠪᠦᠷᠢ ᠨᠢ ᠢᠲ᠋ᠠᠯᠢ ᠶᠢᠨ ᠪᠢ ᠯᠢ ᠨᠢ ᠺᠣᠮᠫᠠᠨᠢ ᠲᠠᠢ ᠢᠲ᠋ᠠᠯᠢ ᠠᠴᠠ ᠬᠥᠨᠳᠡᠯᠡᠨ ᠬᠡᠯᠪᠡᠷᠢᠲᠦ ᠰᠣᠯᠪᠢᠴᠠᠭᠤᠯᠤᠨ ᠪᠣᠳᠤᠭ ᠣᠷᠣᠭᠤᠯᠬᠤ ᠮᠠᠰᠢᠨ ᠣᠷᠣᠭᠤᠯᠬᠤ ᠭᠡᠷ᠎ᠡ ᠲᠣᠭᠲᠠᠪᠠ᠃ ᠣᠷᠣᠭᠤᠯᠤᠭᠰᠠᠨ ᠭᠤᠣᠯ ᠪᠣᠯᠬᠤ ᠲᠥᠬᠦᠭᠡᠷᠦᠮᠵᠢ ᠨᠢ ᠪᠣᠯ APPC200 — HB ᠬᠡᠯᠪᠡᠷᠢ ᠶᠢᠨ ᠬᠥᠨᠳᠡᠯᠡᠨ ᠬᠡᠯᠪᠡᠷᠢᠲᠦ ᠰᠣᠯᠪᠢᠴᠠᠭᠤᠯᠤᠨ ᠪᠣᠳᠤᠭ ᠣᠷᠣᠭᠤᠯᠬᠤ ᠮᠠᠰᠢᠨ 2 ᠰᠠᠭᠤᠷᠢ᠂ 970 ︽RS︾ APP — 2 ᠬᠡᠯᠪᠡᠷᠢ ᠶᠢᠨ ᠪᠣᠳᠤᠭ ᠣᠷᠣᠭᠤᠯᠬᠤ ᠮᠠᠰᠢᠨ 1 ᠰᠠᠭᠤᠷᠢ᠂ ᠶᠡᠷᠦᠩᠬᠡᠢ ᠪᠡᠯᠡ ᠣᠷᠤᠭᠤᠯᠤᠯᠲᠠ ᠨᠢ 185 ᠲᠦᠮᠡᠨ ᠲᠥᠭᠦᠷᠢᠭ᠂ ᠳᠤᠮᠳᠠᠳᠤ ᠤᠯᠤᠰ ᠤᠨ ᠪᠠᠩᠬᠢ ᠶᠢᠨ ᠵᠢᠭᠡᠯᠡᠯᠭᠡ ᠶᠢᠨ ᠭᠡᠷ᠎ᠡ ᠶᠢᠨ ᠮᠥᠩᠭᠦ ᠨᠢ 370933 ᠳ᠋ᠣᠯᠯᠠᠷ ᠪᠠᠶᠢᠪᠠ᠃      ᠤᠯᠠᠭᠠᠨᠬᠠᠳᠠ ᠶᠢᠨ ᠭᠦᠸᠡᠯᠦ ᠶᠢᠨ ᠦᠢᠯᠡᠳᠪᠦᠷᠢ ᠨᠢ ᠳᠤᠮᠳᠠᠳᠤ ᠤᠯᠤᠰ ᠤᠨ ᠮᠠᠰᠢᠨ ᠲᠣᠨᠤᠭ ᠣᠷᠣᠭᠤᠯᠵᠤ ᠭᠠᠷᠭᠠᠬᠤ ᠺᠣᠮᠫᠠᠨᠢ ᠪᠠᠷ ᠳᠠᠮᠵᠢᠨ᠂ ᠶᠠᠫᠤᠨ ᠠᠴᠠ ᠭᠡᠷᠡᠯ ᠢᠶᠠᠷ ᠮᠥᠷᠳᠡᠨ ᠬᠡᠷᠴᠢᠬᠦ ᠮᠠᠰᠢᠨ 1 ᠰᠠᠭᠤᠷᠢ ᠣᠷᠣᠭᠤᠯᠤᠭᠰᠠᠨ ᠪᠠᠶᠢᠨ᠎ᠠ᠃ ᠭᠡᠷ᠎ᠡ ᠶᠢᠨ ᠮᠥᠩᠭᠦ ᠨᠢ 4.44 ᠲᠦᠮᠡᠨ ᠳ᠋ᠣᠯᠯᠠᠷ᠃      ᠨᠢᠩᠴᠧᠩ ᠤᠨ ᠨᠣᠣᠰᠣᠨ ᠬᠠᠨᠲᠠᠭᠠᠰᠤ ᠶᠢᠨ ᠦᠢᠯᠡᠳᠪᠦᠷᠢ ᠨᠢ ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠵᠤ ᠭᠠᠷᠭᠠᠬᠤ ᠶᠡᠷᠦᠩᠬᠡᠢ ᠺᠣᠮᠫᠠᠨᠢ ᠪᠠᠷ ᠳᠠᠮᠵᠢᠨ ᠰᠢᠶᠠᠩᠭᠠᠩ ᠠᠴᠠ ᠣᠶᠣᠳᠠᠯ ᠤᠨ ᠮᠠᠰᠢᠨ 2 ᠰᠠᠭᠤᠷᠢ᠂ ᠰᠦᠪᠡᠯᠡᠬᠦ ᠮᠠᠰᠢᠨ 21 ᠰᠠᠭᠤᠷᠢ ᠣᠷᠣᠭᠤᠯᠵᠤ᠂ ᠭᠡᠷ᠎ᠡ ᠶᠢᠨ ᠵᠣᠭᠤᠰ ᠨᠢ 2.52 ᠲᠦᠮᠡᠨ ᠳ᠋ᠣᠯᠯᠠᠷ ᠪᠠᠶᠢᠪᠠ᠃      ᠤᠯᠠᠭᠠᠨᠬᠠᠳᠠ ᠶᠢᠨ ᠬᠠᠪᠤᠳᠠᠷ ᠤᠨ ᠰᠤᠳᠤᠯᠭᠠᠨ ᠤ ᠭᠠᠵᠠᠷ ᠨᠢ ᠱᠠᠩᠬᠠᠢ ᠶᠢᠨ ᠡᠮ ᠡᠮᠨᠡᠯᠭᠡ ᠶᠢᠨ ᠪᠠᠭᠠᠵᠢ ᠬᠡᠷᠡᠭᠰᠡᠯ ᠤᠨ ᠦᠢᠯᠡᠳᠪᠦᠷᠢ ᠪᠠᠷ ᠳᠠᠮᠵᠢᠨ ᠪᠠᠷᠠᠭᠤᠨ ᠭᠧᠷᠮᠠᠨ ᠠᠴᠠ X ᠰᠠᠴᠤᠷᠠᠭ ᠤᠨ ᠺᠣᠮᠫᠢᠦ᠋ᠲ᠋ᠧᠷ ᠮᠠᠰᠢᠨ ᠢᠶᠠᠷ ᠪᠦᠬᠦ ᠪᠡᠶ᠎ᠡ ᠶᠢ ᠰᠢᠷᠪᠢᠬᠦ ᠲᠥᠬᠦᠭᠡᠷᠦᠮᠵᠢ ᠶᠢ 1 ᠰᠠᠭᠤᠷᠢ ᠣᠷᠣᠭᠤᠯᠵᠤ᠂ ᠭᠡᠷ᠎ᠡ ᠶᠢᠨ ᠮᠥᠩᠭᠦ ᠨᠢ 70 ᠲᠦᠮᠡᠨ ᠳ᠋ᠣᠯᠯᠠᠷ ᠬᠦᠷᠦᠭᠰᠡᠨ ᠪᠠᠶᠢᠨ᠎ᠠ᠃      1988 ᠣᠨ ᠳᠤ ᠤᠯᠠᠭᠠᠨᠬᠠᠳᠠ ᠶᠢᠨ ᠬᠠᠪᠤᠳᠠᠷ ᠤᠨ ᠰᠤᠳᠤᠯᠭᠠᠨ ᠤ ᠭᠠᠵᠠᠷ ᠨᠢ ᠥᠪᠥᠷ ᠮᠣᠩᠭᠤᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠺᠣᠮᠫᠠᠨᠢ ᠪᠠᠷ ᠳᠠᠮᠵᠢᠨ ᠶᠠᠫᠤᠨ ᠠᠴᠠ ᠡᠮᠴᠢᠯᠡᠭᠡᠨ ᠤ ᠲᠥᠬᠦᠭᠡᠷᠦᠮᠵᠢ 1 ᠰᠠᠭᠤᠷᠢ ᠣᠷᠣᠭᠤᠯᠵᠤ᠂ ᠭᠡᠷ᠎ᠡ ᠶᠢᠨ ᠮᠥᠩᠭᠦ ᠨᠢ 1.2 ᠲᠦᠮᠡᠨ ᠳ᠋ᠣᠯᠯᠠᠷ᠃      ᠲᠤᠰ ᠵᠢᠯ ᠤᠨ 6 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠬᠢᠭᠡᠳ ᠳ᠋ᠠᠨᠮᠠᠷᠺ ᠤᠨ ᠵᠠᠰᠠᠭ ᠤᠨ ᠣᠷᠳᠣᠨ ᠤ ᠣᠯᠠᠨ ᠤᠯᠤᠰ ᠤᠨ ᠨᠡᠭᠡᠭᠡᠨ ᠬᠥᠭᠵᠢᠭᠦᠯᠬᠦ ᠵᠠᠬᠢᠷᠭ᠎ᠠ ᠨᠢ ᠭᠡᠷ᠎ᠡ ᠲᠣᠭᠲᠠᠵᠤ᠂ ᠬᠠᠮᠲᠤᠪᠠᠷ ᠵᠢᠭᠡᠯᠡᠯᠭᠡ ᠵᠢᠭᠡᠯᠡᠵᠦ᠂ ᠤᠯᠠᠭᠠᠨᠬᠠᠳᠠ ᠶᠢᠨ ᠴᠠᠭᠠᠨ ᠼᠧᠮᠧᠨ᠋ᠲ ᠶᠢᠨ ᠦᠢᠯᠡᠳᠪᠦᠷᠢ ᠪᠠᠶᠢᠭᠤᠯᠬᠤ ᠪᠠᠷ ᠲᠣᠭᠲᠠᠪᠠ᠂ ᠶᠡᠷᠦᠩᠬᠡᠢ ᠪᠡᠯᠡ ᠣᠷᠤᠭᠤᠯᠤᠯᠲᠠ ᠨᠢ 3211 ᠲᠦᠮᠡᠨ ᠲᠥᠭᠦᠷᠢᠭ᠂ ᠡᠭᠦᠨ ᠳᠤ ᠳ᠋ᠠᠨᠮᠠᠷᠺ ᠤᠨ ᠬᠠᠮ ᠵᠢᠭᠡᠯᠡᠯᠭᠡ 3390 ᠲᠦᠮᠡᠨ ᠳ᠋ᠠᠨᠮᠠᠷᠺ ᠵᠣᠭᠤᠰ᠂ ᠠᠷᠠᠳ ᠤᠨ ᠵᠣᠭᠤᠰ ᠢᠶᠠᠷ ᠨᠤᠭᠤᠯᠤᠨ ᠪᠣᠳᠣᠪᠠᠯ 1837 ᠲᠦᠮᠡᠨ ᠲᠥᠭᠦᠷᠢᠭ ᠪᠣᠯᠣᠨ᠎ᠠ᠂ 495 ᠲᠦᠮᠡᠨ ᠳ᠋ᠣᠯᠯᠠᠷ ᠲᠠᠢ ᠲᠡᠩᠴᠡᠨ᠎ᠡ᠃ ᠦᠢᠯᠡᠳᠪᠦᠷᠢ ᠨᠢ ᠭᠤᠣᠯᠳᠠᠭᠤ ᠳ᠋ᠠᠨᠮᠠᠷᠺ ᠤᠨ ᠱᠢ ᠮᠢ ᠺᠣᠮᠫᠠᠨᠢ ᠶᠢᠨ ᠲᠥᠬᠦᠭᠡᠷᠦᠮᠵᠢ ᠪᠠ ᠮᠡᠷᠭᠡᠵᠢᠯ ᠢ ᠣᠷᠣᠭᠤᠯᠵᠤ ᠪᠠᠶᠢᠪᠠ᠂ ᠳ᠋ᠠᠨᠮᠠᠷᠺ ᠤᠨ ᠢᠵᠢ ᠪᠦᠷᠢᠳᠦᠭᠰᠡᠨ ᠮᠠᠰᠢᠨ ᠲᠥᠬᠦᠭᠡᠷᠦᠮᠵᠢ ᠶᠢ 245 ᠰᠠᠭᠤᠷᠢ ᠣᠷᠣᠭᠤᠯᠤᠭᠰᠠᠨ ᠪᠠᠶᠢᠨ᠎ᠠ᠃      1990 ᠣᠨ ᠤ 12 ᠰᠠᠷ᠎ᠠ ᠳᠤ᠂ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠨᠢ ᠶᠠᠫᠤᠨ ᠠᠴᠠ ᠵᠢᠷᠦᠬᠡᠨ ᠯᠤᠭᠰᠢᠯᠲᠠ ᠶᠢᠨ ᠵᠢᠷᠤᠭ ᠤᠨ ᠮᠠᠰᠢᠨ᠂ ᠴᠢᠰᠤᠨ ᠬᠥᠭᠡᠷᠭᠡ᠂ X ᠰᠠᠴᠤᠷᠠᠭ ᠤᠨ ᠭᠤᠤᠷᠰᠤ ᠶᠢᠨ ᠴᠠᠬᠢᠯᠭᠠᠨ ᠤᠲᠠᠰᠤ ᠵᠡᠷᠭᠡ ᠳᠠᠪᠰᠢᠩᠭᠤᠢ ᠡᠮᠴᠢᠯᠡᠭᠡᠨ ᠤ ᠲᠥᠬᠦᠭᠡᠷᠡᠮᠵᠢ ᠶᠢ ᠣᠷᠣᠭᠤᠯᠵᠤ᠂ ᠭᠡᠷ᠎ᠡ ᠶᠢᠨ ᠵᠣᠭᠤᠰ ᠨᠢ 4 ᠲᠦᠮᠡᠨ ᠳ᠋ᠣᠯᠯᠠᠷ ᠬᠦᠷᠴᠡᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ