ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠠᠷᠪᠠᠨ ᠨᠢᠭᠡ︶
ᠨᠡᠶᠢᠲᠡᠯᠡᠭᠰᠡᠨ ᠴᠠᠭ᠄
2020/9/29
ᠲᠦᠷᠪᠡᠲᠦᠭᠡᠷ ᠪᠦᠯᠦᠭ ᠭᠠᠳᠠᠭᠠᠲᠦ ᠠᠵᠦ ᠠᠬᠤᠢ ᠶᠢᠨ ᠬᠠᠮᠵᠢᠯᠴᠠᠭ᠎ᠠᠨᠢᠭᠡᠲᠦᠭᠡᠷ ᠬᠡᠰᠡᠭ ᠲᠦᠯᠦᠪᠦᠷᠢ ᠦᠭᠭᠦ ᠠᠷᠠᠯᠵᠢᠶ᠎ᠠ      1984 ᠤᠨ ᠤ 1 ᠰᠠᠷ᠎ᠠ ᠳᠤ ᠤᠯᠠᠭᠠᠨᠬᠠᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠶᠢᠨ ᠨᠢᠩᠴᠧᠩ ᠤᠨ ᠮᠦᠭᠦᠯᠢᠭᠲᠦ ᠪᠤᠷᠲᠤᠭ᠎ᠠ ᠶᠢᠨ ᠤᠶᠢᠯᠡᠳᠪᠦᠷᠢ ᠨᠢ ᠶᠠᠫᠤᠨ ᠤ ᠶᠤᠸᠠᠨ ᠳ᠋ᠠ ᠡᠳ᠋ ᠪᠤᠳᠠᠰ ᠤᠨ ᠤᠶᠢᠯᠡᠳᠪᠦᠷᠢᠯᠡᠯ ᠤᠨ ᠺᠤᠮᠫᠠᠨᠢ ᠲᠠᠢ ︽ᠶᠠᠫᠤᠨ ᠤ ᠮᠦᠬᠦᠯᠢᠭᠲᠦ ᠰᠢᠭᠠᠷᠤ ᠤᠶᠢᠯᠡᠳᠪᠦᠷᠢᠯᠡᠬᠦ ᠮᠡᠷᠭᠡᠵᠢᠯ ᠢ ᠤᠷᠤᠭᠤᠯᠬᠤ︾ ᠭᠡᠷ᠎ᠡ ᠶᠢ ᠲᠤᠭᠲᠠᠭᠰᠠᠨ ᠪᠠᠶᠢᠨ᠎ᠠ᠃ ᠶᠡᠷᠦᠩᠬᠡᠢ ᠪᠡᠯᠡ ᠤᠷᠤᠭᠤᠯᠤᠯᠲᠠ ᠨᠢ 373 ᠲᠦᠮᠡᠨ ᠲᠦᠭᠦᠷᠢᠭ᠂ ᠳᠤᠮᠳᠠᠲᠦ ᠤᠯᠤᠰ ᠤᠨ ᠪᠠᠩᠬᠢ ᠶᠢᠨ ᠵᠢᠭᠡᠯᠡᠯᠭᠡ ᠶᠢᠨ ᠭᠠᠳᠠᠭᠠᠲᠦ ᠭᠤᠪᠢᠭᠤᠯᠤᠯᠭ᠎ᠠ ᠨᠢ 117 ᠲᠦᠮᠡᠨ ᠳ᠋ᠤᠯᠯᠠᠷ᠃ ᠭᠡᠷ᠎ᠡ ᠳᠤ ᠲᠤᠭᠲᠠᠭᠰᠠᠨ ᠨᠢ᠂ ᠮᠦᠬᠦᠯᠢᠭᠲᠦ ᠰᠢᠭᠠᠷᠤ ᠶᠢ ᠤᠶᠢᠯᠡᠳᠪᠦᠷᠢᠯᠡᠬᠦ ᠮᠡᠷᠭᠡᠵᠢᠯ ᠤᠨ ᠪᠦᠭᠦ᠋ᠢᠯᠡ ᠲᠦᠭᠦᠭᠡᠷᠦᠮᠵᠢ ᠶᠢ ᠶᠠᠫᠤᠨ ᠤ ᠲᠠᠯ᠎ᠠ ᠠᠴᠠ ᠬᠠᠩᠭᠠᠵᠤ᠂ ᠳᠤᠮᠳᠠᠲᠦ ᠶᠢᠨ ᠲᠠᠯ᠎ᠠ ᠠᠴᠠ ᠮᠦᠭᠦᠯᠢᠭᠲᠦ ᠰᠢᠭᠠᠷᠤ ᠶᠢ ᠬᠠᠩᠭᠠᠵᠤ᠂ ᠭᠡᠷ᠎ᠡ ᠶᠢᠨ ᠵᠤᠭᠤᠰ ᠤᠨ ᠬᠡᠮᠵᠢᠶ᠎ᠡ ᠨᠢ 130 ᠲᠦᠮᠡᠨ ᠲᠦᠭᠦᠷᠢᠭ ᠲᠤ ᠬᠦᠷᠴᠠᠢ᠃ 1984 ᠤᠨ ᠤ 12 ᠰᠠᠷ᠎ᠠ ᠳᠤ ᠪᠦᠬᠦ ᠤᠶᠢᠯᠡᠳᠪᠦᠷᠢᠯᠡᠯ ᠤᠨ ᠶᠠᠪᠤᠴᠠ ᠨᠢ ᠨᠢᠭᠡᠯᠡ ᠤᠳᠠᠭ᠎ᠠ ᠶᠢᠨ ᠲᠤᠷᠰᠢᠨ ᠬᠢᠬᠦ ᠪᠠᠷ ᠠᠮᠵᠢᠯᠲᠠ ᠤᠯᠵᠦ᠂ 1985 ᠤᠨ ᠤ 1 ᠰᠠᠷ᠎ᠠ ᠶᠢᠨ ᠳᠤᠮᠳᠠᠴᠢ ᠪᠤᠯᠲᠠᠯ᠎ᠠ ᠰᠢᠯᠢᠳᠡᠭ ᠴᠢᠨᠠᠷᠲᠠᠢ ᠮᠦᠬᠦᠯᠢᠭᠲᠦ ᠰᠢᠭᠠᠷᠤ ᠶᠢ 250 ᠲᠤᠨ ᠤᠶᠢᠯᠡᠳᠪᠦᠷᠢᠯᠡᠭᠰᠡᠨ ᠪᠠᠶᠢᠨ᠎ᠠ᠃      1986 ᠤᠨ ᠳᠤ ᠤᠯᠠᠭᠠᠨᠬᠠᠳᠠ ᠶᠢᠨ ᠰᠢᠬᠢᠷ ᠤᠨ ᠤᠶᠢᠯᠡᠳᠪᠦᠷᠢ ᠨᠢ ᠶᠠᠫᠤᠨ ᠤ ᠶᠤᠸᠠᠨ ᠳ᠋ᠠ ᠡᠳ᠋ ᠪᠤᠳᠠᠰ ᠤᠨ ᠤᠶᠢᠯᠡᠳᠪᠦᠷᠢᠯᠡᠯ ᠤᠨ ᠺᠤᠮᠫᠠᠨᠢ ᠨᠢ ᠲᠦᠯᠦᠪᠦᠷᠢ ᠦᠭᠬᠦ ᠠᠷᠠᠯᠵᠢᠶ᠎ᠠ ᠶᠢᠨ ᠬᠡᠯᠪᠡᠷᠢ ᠪᠠᠷ ᠶᠠᠫᠤᠨ ᠤ ᠮᠦᠬᠦᠯᠢᠭᠲᠦ ᠰᠢᠭᠠᠷᠤ ᠶᠢᠨ ᠤᠶᠢᠯᠡᠳᠪᠦᠷᠢᠯᠡᠯ ᠤᠨ ᠮᠡᠷᠭᠡᠵᠢᠯ ᠤᠨ ᠭᠡᠷ᠎ᠡ ᠶᠢ ᠲᠤᠭᠲᠠᠪᠠ᠃ ᠶᠡᠷᠦᠩᠬᠡᠢ ᠪᠡᠯᠡ ᠤᠷᠤᠭᠤᠯᠤᠯᠲᠠ ᠨᠢ 663.16 ᠲᠦᠮᠡᠨ ᠲᠦᠭᠦᠷᠢᠭ ᠪᠠᠶᠢᠵᠦ᠂ ᠡᠭᠦᠨ ᠳᠤ ᠲᠦᠯᠦᠪᠦᠷᠢ ᠦᠭᠬᠦ ᠠᠷᠠᠯᠵᠢᠶᠠᠨ ᠤ ᠬᠡᠯᠪᠡᠷᠢ ᠪᠠᠷ ᠶᠠᠫᠤᠨ ᠤ ᠮᠦᠬᠦᠯᠢᠭᠲᠦ ᠰᠢᠭᠠᠷᠤ ᠶᠢᠨ ᠤᠶᠢᠯᠡᠳᠪᠦᠷᠢᠯᠡᠯ ᠤᠨ ᠮᠡᠷᠭᠡᠵᠢᠯ ᠤᠨ 11 ᠰᠠᠭᠤᠷᠢ ᠲᠦᠭᠦᠭᠡᠷᠦᠮᠵᠢ ᠪᠠ ᠬᠡᠰᠡᠭ ᠲᠤᠨᠤᠭ ᠪᠠ ᠮᠡᠷᠭᠡᠵᠢᠯ ᠤᠨ ᠤᠶᠢᠯᠡᠴᠢᠯᠡᠭᠡ ᠶᠢᠨ ᠰᠦᠢᠳᠬᠡᠯ ᠢ ᠪᠠᠭᠲᠠᠭᠠᠵᠤ᠂ ᠠᠷᠠᠳ ᠤᠨ ᠵᠤᠭᠤᠰ ᠢᠶᠠᠷ ᠨᠤᠭᠤᠯᠤᠨ ᠪᠤᠲᠤᠪᠠᠯ 380.70 ᠲᠦᠮᠡᠨ ᠲᠦᠭᠦᠷᠢᠭ ︵16099 ᠲᠦᠮᠡᠨ ᠶᠠᠫᠤᠨ ᠵᠤᠭᠤᠰ︶ ᠪᠤᠯᠤᠨ᠎ᠠ᠃ ᠪᠦᠬᠦ᠋ᠯᠡ ᠦᠢᠯᠡᠳᠪᠦᠷᠢᠯᠡᠯ ᠨᠢ 1987 ᠣᠨ ᠤ 2 ᠰᠠᠷ᠎ᠠ ᠠᠴᠠ ᠡᠬᠢᠯᠡᠨ ᠲᠤᠷᠰᠢᠨ ᠠᠵᠢᠯᠯᠠᠭᠠᠳ ᠠᠮᠵᠢᠯᠲᠠ ᠣᠯᠵᠤ᠂ 1989 ᠣᠨ ᠤ 3 ᠰᠠᠷ᠎ᠠ ᠶᠢᠨ ᠡᠴᠦᠰ ᠪᠣᠯᠲᠠᠯ᠎ᠠ ᠦᠢᠯᠡᠳᠪᠦᠷᠢᠯᠡᠭᠰᠡᠨ ᠮᠥᠬᠦᠯᠢᠭᠲᠦ ᠰᠢᠭᠠᠷᠤ ᠨᠢ 8000 ᠲᠣᠨ ᠪᠠᠶᠢᠵᠤ᠂ ᠡᠭᠦᠨ ᠳᠤ ᠭᠠᠳᠠᠭᠠᠳᠤ ᠳᠤ ᠭᠠᠷᠭᠠᠭᠰᠠᠨ ᠮᠥᠬᠦᠯᠢᠭᠲᠦ ᠰᠢᠭᠠᠷᠤ ᠨᠢ 6000 ᠲᠣᠨ᠂ ᠶᠠᠫᠤᠨ ᠤ ᠭᠠᠳᠠᠭᠠᠳᠤ ᠭᠤᠪᠢᠭᠤᠯᠭ᠎ᠠ ᠳᠤ 98 ᠲᠦᠮᠡᠨ ᠲᠥᠭᠦᠷᠢᠭ ᠤᠨ ᠲᠥᠯᠥᠪᠦᠷᠢ ᠥᠭᠭᠦᠭᠰᠡᠨ ᠪᠠᠶᠢᠨ᠎ᠠ᠃      1987 ᠣᠨ ᠳᠤ᠂ ᠤᠯᠠᠭᠠᠨᠬᠠᠳᠠ ᠶᠢᠨ ᠨᠣᠣᠰᠣᠨ ᠬᠠᠨᠲᠠᠭᠠᠰᠤ ᠶᠢᠨ ᠦᠢᠯᠡᠳᠪᠦᠷᠢ ᠨᠢ ᠰᠢᠶᠠᠩᠭᠠᠩ ᠤᠨ ᠢᠤᠢ ᠮᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠥᠯᠥᠪᠦᠷᠢ ᠥᠭᠬᠦ ᠠᠷᠠᠯᠵᠢᠶ᠎ᠠ ᠶᠢᠨ ᠬᠡᠯᠪᠡᠷᠢ ᠪᠠᠷ ᠠᠩᠭ᠍ᠯᠢ᠂ ᠪᠠᠷᠠᠭᠤᠨ ᠭᠧᠷᠮᠠᠨ᠂ ᠢᠲ᠋ᠠᠯᠢ᠂ ᠰᠸᠧᠳᠧᠨ ᠵᠡᠷᠭᠡ ᠤᠯᠤᠰ ᠠᠴᠠ ᠪᠦᠳᠦᠭᠦᠯᠢᠭ ᠨᠡᠬᠡᠮᠡᠯ ᠤᠨ ᠲᠥᠬᠦᠭᠡᠷᠦᠮᠵᠢ ᠶᠢ ᠣᠷᠣᠭᠤᠯᠤᠨ ᠠᠪᠴᠢᠷᠠᠪᠠ᠂ ᠭᠤᠣᠯ ᠪᠣᠯᠬᠤ ᠲᠥᠬᠦᠭᠡᠷᠦᠮᠵᠢ ᠳᠤ᠄      ᠨᠡᠷ᠎ᠡ                    ᠮᠠᠰᠢᠨ ᠤ ᠲᠤᠭ᠎ᠠ      ᠬᠡᠯᠪᠡᠷᠢ               ᠤᠯᠤᠰ      ᠨᠣᠣᠰᠣ ᠰᠠᠮᠨᠠᠬᠤ ᠮᠠᠰᠢᠨ        1          73                      ᠠᠩᠭ᠍ᠯᠢ      ᠨᠠᠷᠢᠯᠢᠭ ᠰᠠᠯᠭᠠᠬᠤ ᠮᠠᠰᠢᠨ        1         B5 — SE           ᠢᠲ᠋ᠠᠯᠢ      ᠤᠲᠠᠰᠤ ᠡᠭᠡᠷᠡᠬᠦ ᠮᠠᠰᠢᠨ        1          YTS — OT       ᠪᠠᠷᠠᠭᠤᠨ ᠭᠧᠷᠮᠠᠨ      ᠲᠤᠰ ᠲᠥᠷᠥᠯ ᠵᠦᠢᠯ ᠨᠢ 560 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳᠤᠮᠳᠠᠳᠤ ᠤᠯᠤᠰ ᠤᠨ ᠪᠠᠩᠬᠢ ᠶᠢᠨ ᠵᠢᠭᠡᠯᠡᠯᠭᠡ ᠶᠢᠨ ᠭᠡᠷ᠎ᠡ ᠶᠢᠨ ᠵᠣᠭᠤᠰ ᠨᠢ 105.5 ᠲᠦᠮᠡᠨ ᠳ᠋ᠣᠯᠯᠠᠷ ᠪᠠᠶᠢᠪᠠ᠃      1988 ᠣᠨ ᠳᠤ᠂ ᠠᠮᠧᠷᠢᠺᠠ ᠶᠢᠨ ᠯᠣᠣ ᠯᠢ ᠲᠣᠣ ᠰᠧ ᠺᠣᠮᠫᠠᠨᠢ ᠨᠢ ᠴᠢᠩᠯᠦ᠋ᠨ ᠪᠥᠰ ᠣᠷᠣᠭᠤᠯᠵᠤ᠂ ᠤᠯᠠᠭᠠᠨᠬᠠᠳᠠ ᠶᠢᠨ ᠨᠢᠭᠡᠨ ᠨᠡᠬᠡᠮᠡᠯ ᠤᠨ ᠦᠢᠯᠡᠳᠪᠦᠷᠢ ᠳᠤ ᠬᠡᠦᠬᠡᠳ ᠤᠨ ᠬᠤᠪᠴᠠᠰᠤ ᠶᠢᠨ ᠰᠢᠷᠢᠰ ᠪᠦᠲᠦᠭᠡᠭᠳᠡᠬᠦᠨ 7 ᠲᠦᠮᠡ ᠭᠠᠷᠤᠢ ᠵᠠᠬ᠎ᠠ ᠦᠢᠯᠡᠳᠪᠦᠷᠢᠯᠡᠭᠰᠡᠨ ᠪᠠᠶᠢᠨ᠎ᠠ᠃ ᠲᠤᠰ ᠲᠥᠷᠥᠯ ᠵᠦᠢᠯ ᠤᠨ ᠪᠥᠬᠦ ᠥᠷᠲᠡᠭ ᠨᠢ 100 ᠲᠦᠮᠡᠨ ᠲᠥᠭᠦᠷᠢᠭ ᠠᠷᠠᠳ ᠤᠨ ᠵᠣᠭᠤᠰ ᠬᠦᠷᠴᠦ᠂ ᠠᠰᠢᠭ ᠣᠯᠵᠠᠪᠤᠷᠢ ᠨᠢ 10 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃      1990 ᠣᠨ ᠤ 6 ᠰᠠᠷ᠎ᠠ ᠳᠤ᠂ ᠰᠢᠶᠠᠩᠭᠠᠩ ᠤᠨ ᠵᠠᠨ ᠢ ᠠᠷᠠᠯᠵᠢᠶᠠᠨ ᠤ ᠺᠣᠮᠫᠠᠨᠢ ᠨᠢ ᠤᠯᠠᠭᠠᠨᠬᠠᠳᠠ ᠶᠢᠨ ᠭᠠᠳᠠᠭᠠᠳᠤ ᠠᠵᠤ ᠠᠬᠤᠢ ᠠᠷᠠᠯᠵᠢᠶᠠᠨ ᠤ ᠣᠷᠣᠭᠤᠯᠵᠤ ᠭᠠᠷᠭᠠᠬᠤ ᠺᠣᠮᠫᠠᠨᠢ ᠪᠠᠷ ᠳᠠᠮᠵᠢᠨ ᠪᠥᠰ ᠪᠠᠷᠠᠭ᠎ᠠ ᠣᠷᠣᠭᠤᠯᠵᠤ ᠬᠤᠪᠴᠠᠰᠤ ᠦᠢᠯᠡᠳᠪᠦᠷᠢᠯᠭᠦᠯᠪᠡ᠂ ᠤᠯᠠᠭᠠᠨᠬᠠᠳᠠ ᠶᠢᠨ ᠭᠤᠷᠪᠠᠳᠤᠭᠠᠷ ᠬᠤᠪᠴᠠᠰᠤᠨ ᠦᠢᠯᠡᠳᠪᠦᠷᠢ ᠳᠠᠭᠠᠭᠠᠴᠢᠯᠠᠨ ᠡᠷᠬᠢᠯᠡᠵᠦ ᠪᠠᠶᠢᠪᠠ᠃      ᠦᠢᠯᠡᠳᠪᠦᠷᠢᠯᠡᠭᠰᠡᠨ ᠪᠦᠲᠦᠭᠡᠭᠳᠡᠬᠦᠨ ᠳᠤ ᠴᠣᠩᠬᠤᠨ ᠪᠦᠲᠡᠭᠡᠯᠭᠡ᠂ ᠬᠦᠷᠮ᠎ᠡ᠂ ᠥᠮᠥᠳᠦ᠂ ᠵᠢᠭᠤᠯᠴᠢᠯᠠᠯ ᠳᠤ ᠬᠡᠷᠡᠭᠯᠡᠬᠦ ᠤᠭᠤᠲᠠ᠂ ᠬᠠᠨᠲᠠᠭᠠᠰᠤ᠂ ᠲᠣᠮᠣ᠂ ᠳᠤᠮᠳᠠ᠂ ᠵᠢᠵᠢᠭ ᠬᠡᠯᠪᠡᠷᠢ ᠶᠢᠨ ᠶᠡᠭᠡ ᠪᠠᠭ᠎ᠠ ᠨᠢ ᠠᠳᠠᠯᠢ ᠪᠤᠰᠤ ᠬᠤᠪᠴᠠᠰᠤ ᠶᠢ 4 000 ᠪᠠᠭᠯᠠᠭ᠎ᠠ ᠦᠢᠯᠡᠳᠪᠦᠷᠢᠯᠡᠭᠰᠡᠨ ᠪᠠᠶᠢᠨ᠎ᠠ᠃ ᠭᠤᠷᠪᠠᠨ ᠲᠠᠯ᠎ᠠ ᠪᠠᠷ ᠬᠡᠯᠡᠯᠴᠡᠨ ᠲᠣᠭᠲᠠᠭᠰᠠᠨ ᠨᠢ᠂ ᠰᠢᠶᠠᠩᠭᠠᠩ ᠤᠨ ᠲᠠᠯ᠎ᠠ ᠠᠴᠠ ᠪᠥᠰ ᠪᠠᠷᠠᠭ᠎ᠠ᠂ ᠲᠤᠰᠠᠯᠠᠬᠤ ᠵᠦᠢᠯ᠂ ᠭᠠᠳᠠᠨ᠎ᠠ ᠳᠣᠲᠣᠨᠠᠬᠢ ᠪᠠᠭᠯᠠᠭ᠎ᠠ ᠵᠢᠴᠢ ᠬᠡᠰᠡᠭ ᠪᠦᠯᠦᠭ ᠲᠥᠬᠦᠭᠡᠷᠦᠮᠵᠢ ᠶᠢ ᠪᠥᠬᠦᠨ ᠢ ᠬᠠᠩᠭᠠᠵᠤ᠂ ᠲᠦᠭᠦᠬᠡᠢ ᠮᠠᠲ᠋ᠧᠷᠢᠶᠠᠯ ᠵᠢᠴᠢ ᠡᠳ᠋ᠰᠢᠭᠦᠯᠬᠦ ᠪᠦᠲᠦᠭᠡᠭᠳᠡᠬᠦᠨ ᠢ ᠰᠢᠶᠠᠩᠭᠠᠩ ᠳᠤ ᠪᠤᠴᠠᠭᠠᠨ ᠪᠣᠷᠣᠯᠠᠭᠤᠯᠵᠤ᠂ ᠤᠯᠠᠭᠠᠨᠬᠠᠳᠠ ᠶᠢᠨ ᠭᠤᠷᠪᠠᠳᠤᠭᠠᠷ ᠬᠤᠪᠴᠠᠰᠤᠨ ᠦᠢᠯᠡᠳᠪᠦᠷᠢ ᠨᠢ ᠴᠢᠨᠠᠷ ᠬᠡᠮᠵᠢᠶ᠎ᠡ ᠶᠢ ᠪᠠᠲᠤᠯᠠᠨ ᠡᠯ᠎ᠡ ᠵᠦᠢᠯ ᠤᠨ ᠬᠤᠪᠴᠠᠰᠤ ᠦᠢᠯᠡᠳᠪᠦᠷᠢᠯᠡᠨ᠂ ᠴᠠᠭ ᠲᠤᠬᠠᠢ ᠳᠤ ᠨᠢ ᠪᠠᠷᠠᠭ᠎ᠠ ᠪᠠᠨ ᠲᠤᠰᠢᠶᠠᠨ ᠥᠭᠴᠠᠢ᠂ ᠨᠢᠭᠡ ᠵᠢᠯ ᠳᠤ ᠦᠢᠯᠡᠳᠪᠦᠷᠢᠯᠡᠭᠰᠡᠨ ᠰᠦᠢᠳᠬᠡᠯ 650 000 ᠰᠢᠶᠠᠩᠭᠠᠩ ᠵᠣᠭᠤᠰ ᠣᠯᠣᠭᠰᠠᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ