ᠬᠤᠶᠠᠷ᠂ ᠲᠤᠲᠤᠭᠠᠲᠦ ᠪᠤᠷᠤᠯᠠᠭᠤᠯᠭ᠎ᠠ | 1952 ᠤᠨ ᠳᠤ᠂ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠨᠢ ᠡᠵᠡᠩᠨᠡᠯᠳᠡ ᠶᠢᠨ ᠲᠠᠯ᠎ᠠ ᠪᠠᠷ ︽ᠬᠠᠳᠠᠭᠠᠲᠦ ᠲᠤᠲᠤᠭᠠᠲᠦ | ᠪᠤᠷᠤᠯᠠᠭᠤᠯᠭ᠎ᠠ ᠶᠢ ᠵᠡᠷᠭᠡᠪᠡᠷ ᠴᠢᠬᠤᠯᠠᠴᠢᠯᠠᠬᠤ︾ ᠴᠢᠭᠯᠡᠯᠲᠡ ᠶᠢ ᠳᠤᠤᠱᠯᠠᠭᠤᠯᠵᠦ ᠬᠡᠷᠡᠭᠵᠢᠭᠦᠯᠦᠭᠰᠡᠨ ᠪᠠᠶᠢᠨ᠎ᠠ᠃ ᠦᠪᠦᠷ ᠮᠤᠩᠭᠤᠯ ᠤᠨ ᠮᠠᠯ ᠤᠨ ᠠᠰᠢᠭ | ᠰᠢᠮ᠎ᠡ ᠶᠢᠨ ᠺᠤᠮᠫᠠᠨᠢ ᠶᠢᠨ ᠭᠠᠳᠠᠭᠠᠲᠦ ᠳᠤ ᠭᠠᠷᠭᠠᠬᠤ ᠬᠡᠰᠡᠭ ᠲᠠᠸᠠᠷ ᠢ ᠲᠤᠰᠢᠶᠠᠭᠰᠠᠨ ᠠᠴᠠ ᠭᠠᠳᠠᠨ᠎ᠠ᠂ ᠪᠤᠰᠤᠳ ᠢ ᠨᠢ ᠲᠤᠲᠤᠭᠠᠲᠦ ᠳᠤ ᠪᠠᠨ ᠪᠤᠷᠤᠯᠠᠭᠤᠯᠬᠤ ᠶᠢ | ᠵᠦᠪᠰᠢᠶᠡᠷᠡᠵᠦ ᠪᠠᠶᠢᠪᠠ᠃ ᠠᠶᠢᠮᠠᠭ ᠤᠨ ᠺᠤᠮᠫᠠᠨᠢ ᠶᠢᠨ ᠲᠤᠤᠷ᠎ᠠ ᠪᠠᠨ ᠬᠤᠳᠠᠯᠲᠦᠨ ᠪᠤᠷᠤᠯᠠᠭᠤᠯᠬᠤ ᠳᠡᠯᠭᠡᠭᠦᠷ ᠨᠡᠭᠡᠭᠡᠵᠦ᠂ ᠬᠤᠰᠢᠭᠤ ᠰᠢᠶᠠᠨ ᠤ ᠺᠤᠮᠫᠠᠨᠢ ᠨᠢ | ᠲᠤᠤᠷ᠎ᠠ ᠪᠠᠨ ᠬᠤᠳᠠᠯᠲᠤᠨ ᠪᠤᠷᠤᠯᠠᠭᠤᠯᠬᠤ ᠳᠡᠯᠭᠡᠭᠦᠷ ᠨᠡᠭᠡᠭᠡᠵᠦ ᠪᠠᠶᠢᠪᠠ᠃ ᠳᠤᠰ ᠵᠢᠯ ᠳᠤ ᠪᠦᠬᠦ ᠠᠶᠢᠮᠠᠭ ᠤᠨ ᠲᠤᠲᠤᠭᠠᠲᠦ ᠪᠤᠷᠤᠯᠠᠭᠤᠯᠭ᠎ᠠ ᠳᠤ ᠦᠭᠡᠷ 400᠂ | ᠮᠤᠷᠢ 100᠂ ᠬᠤᠨᠢ 2000᠂ ᠮᠠᠭᠠᠵᠢ ᠶᠢᠨ ᠦᠷ᠎ᠡ 50 ᠲᠤᠨ ᠳᠤ ᠬᠦᠷᠴᠠᠢ᠃ ᠡᠭᠦᠨ ᠠᠴᠠ ᠭᠠᠳᠠᠨ᠎ᠠ ᠡᠯ᠎ᠡ ᠵᠦᠢᠯ ᠤᠨ ᠠᠷᠠᠰᠦ ᠰᠢᠷᠢ ᠵᠡᠷᠭᠡ ᠮᠠᠯ ᠤᠨ | ᠠᠰᠢᠭ ᠰᠢᠮ᠎ᠡ ᠶᠢ ᠪᠤᠷᠤᠯᠠᠭᠤᠯᠵᠦ ᠪᠠᠶᠢᠪᠠ᠃ | 1954 ᠤᠨ ᠳᠤ᠂ ᠤᠯᠤᠰ ᠠᠴᠠ ᠠᠮᠦ ᠪᠤᠳᠠᠭ᠎ᠠ᠂ ᠲᠤᠰᠤᠯᠢᠭ ᠳᠠᠷᠢᠮᠠᠯ ᠤᠨ ᠮᠠᠲ᠋ᠧᠷᠢᠶᠠᠯ᠂ ᠠᠷᠠᠰᠦ ᠨᠤᠤᠰᠦ ᠵᠡᠷᠭᠡ ᠮᠠᠯ ᠤᠨ ᠠᠰᠢᠭ ᠰᠢᠮ᠎ᠡ ᠵᠡᠷᠭᠡ | ᠪᠦᠲᠦᠭᠡᠭᠳᠡᠭᠦᠨ ᠳᠤ ᠨᠢᠭᠡᠲᠦᠯᠲᠠᠢ ᠬᠤᠳᠠᠯᠲᠤᠨ ᠠᠪᠴᠦ ᠨᠢᠭᠡᠲᠦᠯᠲᠠᠢ ᠪᠤᠷᠤᠯᠠᠭᠤᠯᠬᠤ ᠶᠢ ᠬᠡᠷᠡᠭᠵᠢᠬᠦᠯᠵᠦ᠂ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠨᠢ | ᠲᠦᠯᠦᠪᠯᠡᠭᠡ ᠶᠤᠰᠤᠭᠠᠷ ᠡᠯ᠎ᠡ ᠭᠠᠵᠠᠷ ᠤᠨ ᠭᠦᠢᠲᠡᠨ ᠠᠴᠠ ᠰᠡᠷᠭᠡᠶᠢᠯᠡᠬᠦ ᠵᠦᠢᠯᠡᠰ ᠢ ᠬᠠᠩᠭᠠᠵᠤ ᠪᠠᠶᠢᠪᠠ᠃ ᠳᠤᠰ ᠵᠢᠯ ᠳᠤ ᠮᠠᠯ ᠤᠨ ᠠᠰᠢᠭ ᠰᠢᠮ᠎ᠡ ᠶᠢᠨ | ᠲᠦᠷᠦᠯ ᠤᠨ ᠲᠠᠸᠠᠷ ᠤᠨ ᠲᠤᠲᠤᠭᠠᠲᠦ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠨᠢ 43 ᠲᠦᠮᠡᠨ ᠲᠦᠭᠦᠷᠢᠭ ᠲᠤ ᠬᠦᠷᠴᠦ᠂ ᠴᠦᠮ ᠤᠷᠤᠨ ᠤ ᠲᠤᠲᠤᠭᠠᠲᠦ ᠳᠤ | ᠪᠤᠷᠤᠯᠠᠭᠤᠯᠤᠨ᠂ ᠬᠤᠨᠢᠨ ᠨᠤᠤᠰᠦ᠂ ᠢᠮᠠᠭᠠᠨ ᠨᠤᠤᠰᠦ᠂ ᠲᠡᠮᠡᠭᠡᠨ ᠨᠤᠤᠰᠦ ᠪᠠ ᠦᠭᠡᠷ ᠤᠨ ᠠᠷᠠᠰᠦ ᠵᠡᠷᠭᠡ 21 ᠵᠦᠢᠯ ᠪᠠᠶᠢᠪᠠ᠃ | 1955 ᠤᠨ ᠳᠤ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠨᠢ ᠲᠤᠲᠤᠭᠠᠲᠦ ᠪᠤᠷᠤᠯᠠᠭᠤᠯᠭ᠎ᠠ ᠶᠢᠨ ᠵᠠᠬ᠎ᠠ ᠳᠡᠯᠭᠡᠭᠦᠷ ᠲᠤ ᠨᠢᠭᠡᠲᠦᠯᠲᠠᠢ | ᠲᠤᠭᠢᠷᠠᠭᠤᠯᠤᠯᠲᠠ ᠬᠢᠵᠦ᠂ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠨᠢ ᠯᠢᠨᠳᠦ᠋ᠩ᠂ ᠯᠢᠨᠰᠢ᠂ ᠴᠢᠪᠠᠭ᠎ᠠ ᠵᠡᠷᠭᠡ ᠭᠤᠷᠪᠠᠨ ᠵᠠᠬ᠎ᠠ ᠳᠡᠯᠭᠡᠭᠦᠷ ᠢ | ᠬᠠᠷᠢᠭᠤᠴᠠᠵᠦ ᠪᠠᠶᠢᠪᠠ᠃ ᠬᠠᠩᠭᠠᠨ ᠪᠤᠷᠤᠯᠠᠭᠤᠯᠬᠤ ᠬᠤᠷᠰᠢᠶ᠎ᠠ ᠨᠢ ᠪᠢᠷᠠᠭᠤ᠂ ᠶᠡᠭᠡ ᠪᠠᠶᠢᠰᠢᠩ ᠬᠤᠶᠠᠷ ᠵᠠᠬ᠎ᠠ ᠳᠡᠯᠭᠡᠭᠦᠷ ᠢ ᠰᠢᠰᠲ᠋ᠧᠮᠴᠢᠯᠡᠨ ᠬᠠᠷᠢᠭᠤᠴᠠᠵᠦ ᠪᠠᠶᠢᠪᠠ᠃ | ᠡᠯ᠎ᠡ ᠬᠤᠰᠢᠭᠤ ᠰᠢᠶᠠᠨ ᠤ ᠬᠡᠷᠡᠭᠰᠡᠬᠦ ᠨᠤᠲᠤᠭ ᠤᠨ ᠭᠠᠷᠤᠯᠲᠠ᠂ ᠮᠠᠯ ᠤᠨ ᠠᠰᠢᠭ ᠰᠢᠮ᠎ᠡ ᠶᠢᠨ ᠭᠠᠷᠤᠯᠲᠠ᠂ ᠠᠵᠦ ᠤᠶᠢᠯᠡᠳᠪᠦᠷᠢ ᠶᠢᠨ ᠲᠦᠬᠦᠬᠡᠢ ᠮᠠᠲ᠋ᠧᠷᠢᠶᠠᠯ ᠢ | ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠠᠴᠠ ᠨᠢᠭᠡᠲᠦᠯᠲᠠᠢ ᠬᠠᠩᠭᠠᠵᠤ ᠪᠠᠶᠢᠪᠠ᠃ ᠳᠤᠰ ᠵᠢᠯ ᠳᠤ ᠠᠶᠢᠮᠠᠭ ᠤᠨ ᠮᠠᠯ ᠤᠨ ᠠᠰᠢᠭ ᠰᠢᠮ᠎ᠡ ᠶᠢᠨ | ᠺᠤᠮᠫᠠᠨᠢ ᠶᠢᠨ ᠪᠦᠲᠦᠭᠡᠭᠳᠡᠭᠦᠨ ᠤ ᠲᠤᠲᠤᠭᠠᠲᠦ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠨᠢ 191 ᠲᠦᠮᠡᠨ ᠲᠦᠭᠦᠷᠢᠭ ᠪᠤᠯᠵᠦ᠂ ᠡᠭᠦᠨ ᠳᠤ ᠨᠤᠤᠰᠦᠨ | ᠨᠡᠬᠡᠮᠡᠯ ᠤᠨ ᠲᠦᠭᠦᠬᠡᠢ ᠮᠠᠲ᠋ᠧᠷᠢᠶᠠᠯ ᠢ ᠬᠠᠩᠭᠠᠭᠰᠠᠨ ᠨᠢ 75 ᠲᠦᠮᠡᠨ ᠲᠦᠭᠦᠷᠢᠭ᠂ ᠤᠷᠤᠨ ᠤ ᠲᠤᠲᠤᠷᠠᠬᠢ ᠪᠤᠷᠤᠯᠠᠭᠤᠯᠭ᠎ᠠ ᠨᠢ 116 ᠲᠦᠮᠡᠨ ᠲᠦᠭᠦᠷᠢᠭ | ᠪᠤᠯᠤᠭᠰᠠᠨ ᠪᠠᠶᠢᠨ᠎ᠠ᠃ | 1956 ᠤᠨ ᠤ 8 ᠰᠠᠷ᠎ᠠ ᠠᠴᠠ ᠡᠭᠢᠯᠡᠨ᠂ ᠮᠠᠯ ᠤᠨ ᠠᠰᠢᠭ ᠰᠢᠮ᠎ᠡ ᠶᠢ ᠬᠤᠳᠠ ᠬᠦᠳᠡᠭᠡ ᠢᠯᠭᠠᠯ ᠦᠬᠡᠢ ᠪᠦᠬᠦᠨ ᠢ ᠠᠶᠢᠮᠠᠭ ᠤᠨ ᠲᠠᠷᠢᠶᠠᠯᠠᠩ ᠤᠨ | ᠪᠦᠲᠦᠭᠡᠭᠳᠡᠭᠦᠨ ᠢ ᠬᠤᠳᠠᠯᠲᠤᠨ ᠠᠪᠬᠤ ᠲᠤᠪᠴᠢᠶ᠎ᠠ ᠠᠴᠠ ᠡᠵᠡᠩᠨᠡᠵᠦ᠂ ᠬᠤᠳᠠᠯᠲᠤᠨ ᠠᠪᠬᠤ᠂ ᠪᠤᠯᠪᠠᠰᠦᠷᠠᠭᠤᠯᠬᠤ ᠪᠠ ᠬᠠᠩᠭᠠᠬᠤ ᠪᠤᠷᠤᠯᠠᠭᠤᠯᠬᠤ ᠶᠢ ᠬᠠᠷᠢᠭᠤᠴᠠᠵᠦ | ᠪᠠᠶᠢᠪᠠ᠃ ᠬᠦᠳᠡᠭᠡ ᠲᠤᠰᠬᠤᠨ ᠮᠠᠯᠵᠢᠬᠤ ᠤᠷᠤᠨ ᠳᠤ ᠬᠠᠩᠭᠠᠬᠤ ᠶᠢ ᠨᠢ ᠬᠠᠩᠭᠠᠨ ᠪᠤᠷᠤᠯᠠᠭᠤᠯᠬᠤ ᠬᠤᠷᠰᠢᠶ᠎ᠠ ᠠᠴᠠ ᠲᠦᠯᠦᠪᠯᠡᠭᠡ ᠭᠠᠷᠭᠠᠵᠤ᠂ ᠬᠤᠳᠠᠯᠲᠤᠨ | ᠠᠪᠬᠤ ᠲᠤᠪᠴᠢᠶ᠎ᠠ ᠲᠦᠯᠦᠪᠯᠡᠭᠡ ᠶᠤᠰᠤᠭᠠᠷ ᠬᠠᠩᠭᠠᠨ ᠪᠤᠷᠤᠯᠠᠭᠤᠯᠬᠤ ᠬᠤᠷᠰᠢᠶ᠎ᠠ ᠳᠤ ᠲᠠᠷᠬᠠᠭᠠᠨ ᠦᠭᠴᠦ ᠰᠤᠯᠠ ᠪᠠᠷ ᠪᠤᠷᠤᠯᠠᠭᠤᠯᠵᠦ ᠪᠠᠶᠢᠪᠠ᠃ ᠡᠯ᠎ᠡ ᠮᠠᠲ᠋ᠧᠷᠢᠶᠠᠯ | ᠬᠡᠷᠡᠭᠯᠡᠬᠦ ᠨᠢᠭᠡᠴᠢ ᠨᠢ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠳᠤ ᠤᠨ᠂ ᠤᠯᠠᠷᠢᠯ ᠤᠨ ᠬᠡᠷᠡᠭᠯᠡᠬᠦ ᠶᠡᠷᠦᠩᠬᠡᠢ | ᠬᠡᠮᠵᠢᠶᠡᠨ ᠤ ᠲᠦᠯᠦᠪᠯᠡᠭᠡ ᠪᠠᠨ ᠬᠠᠩᠭᠠᠵᠦ᠂ ᠬᠤᠳᠠᠯᠲᠤᠨ ᠠᠪᠬᠤ ᠲᠤᠪᠴᠢᠶ᠎ᠠ ᠲᠦᠯᠦᠪᠯᠡᠭᠡ ᠶᠤᠰᠤᠭᠠᠷ ᠨᠢ ᠬᠠᠩᠭᠠᠵᠤ ᠦᠭᠳᠡᠭ᠃ ᠳᠤᠰ ᠵᠢᠯ ᠳᠤ᠂ ᠠᠶᠢᠮᠠᠭ ᠤᠨ | ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠠᠴᠠ ᠤᠩᠨᠢᠭᠤᠳ ᠬᠤᠰᠢᠭᠤᠨ ᠤ ᠭᠠᠷ ᠤᠷᠠᠯᠠᠯ ᠤᠨ ᠤᠶᠢᠯᠡᠳᠪᠦᠷᠢᠯᠡᠯ ᠤᠨ ᠬᠤᠯᠪᠤᠭᠠᠲᠦ | ᠬᠤᠷᠰᠢᠶ᠎ᠠ ᠳᠤ ᠬᠠᠩᠭᠠᠭᠰᠠᠨ ᠡᠵᠦ ᠤᠶᠢᠯᠡᠳᠪᠦᠷᠢ ᠳᠤ ᠬᠡᠷᠡᠭᠯᠡᠬᠦ ᠨᠤᠤᠰᠦ ᠨᠢ 1 ᠲᠦᠮᠡᠨ ᠵᠢᠩ ᠳᠤ ᠬᠦᠷᠦᠭᠰᠡᠨ ᠪᠠᠶᠢᠨ᠎ᠠ᠃ | 1956 ᠤᠨ ᠤ 9 ᠰᠠᠷ᠎ᠠ ᠳᠤ᠂ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠭᠦᠨ ᠢ ᠬᠤᠳᠠᠯᠲᠤᠨ ᠠᠪᠬᠤ ᠲᠤᠪᠴᠢᠶ᠎ᠠ ᠨᠢ ᠮᠠᠯ ᠤᠨ ᠠᠰᠢᠭ ᠰᠢᠮ᠎ᠡ᠂ ᠮᠠᠭᠠᠵᠢ | ᠂ ᠴᠠᠢ ᠵᠡᠷᠭᠡ ᠵᠦᠢᠯ ᠳᠤ ︽ᠲᠤᠲᠤᠭᠠᠲᠦ ᠪᠤᠷᠤᠯᠠᠭᠤᠯᠭ᠎ᠠ ᠨᠢ ᠭᠠᠳᠠᠭᠠᠲᠦ ᠪᠤᠷᠤᠯᠠᠭᠤᠯᠭ᠎ᠠ ᠶᠢ ᠳᠠᠭᠠᠬᠤ︾ ᠵᠠᠷᠴᠢᠮ ᠢ ᠬᠡᠷᠡᠭᠵᠢᠬᠦᠯᠵᠦ᠂ ᠭᠠᠳᠠᠭᠠᠲᠦ ᠳᠤ ᠭᠠᠷᠭᠠᠬᠤ | ᠡᠭᠦᠷᠭᠡ ᠪᠠᠨ ᠪᠡᠶᠡᠯᠡᠭᠦᠯᠬᠦ ᠦᠶᠡᠰ᠂ ᠲᠤᠲᠤᠭᠠᠲᠦ ᠪᠤᠷᠤᠯᠠᠭᠤᠯᠭ᠎ᠠ ᠶᠢᠨ ᠬᠠᠩᠭᠠᠯᠭ᠎ᠠ ᠪᠠᠨ ᠵᠤᠬᠢᠰᠲᠠᠢ ᠬᠠᠷᠠᠭᠠᠯᠵᠠᠨ᠂ ᠴᠡᠷᠢᠭ ᠤᠨ ᠬᠡᠷᠡᠭᠴᠡᠭᠡ᠂ ᠠᠵᠦ | ᠤᠶᠢᠯᠡᠳᠪᠦᠷᠢ ᠶᠢᠨ ᠬᠡᠷᠡᠭᠴᠡᠭᠡ᠂ ᠤᠢ ᠰᠢᠭᠤᠢ ᠶᠢᠨ ᠬᠡᠷᠡᠭᠴᠡᠭᠡ ᠶᠢ ᠳᠡᠮᠵᠢᠵᠦ ᠪᠠᠶᠢᠪᠠ᠃ | 1957 ᠤᠨ ᠳᠤ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠭᠦᠨ ᠢ ᠬᠤᠳᠠᠯᠲᠤᠨ ᠠᠪᠴᠦ ᠬᠠᠩᠭᠠᠬᠤ ᠦᠷᠳᠡᠭᠡ ︵ᠬᠤᠳᠠᠯᠲᠤᠨ ᠠᠪᠬᠤ ᠲᠤᠪᠴᠢᠶ᠎ᠠ ᠶᠢᠨ | ᠨᠡᠷ᠎ᠡ ᠶᠢ ᠦᠭᠡᠷᠡᠴᠢᠯᠡᠪᠡ︶ ᠶᠢᠨ ᠮᠠᠯ ᠤᠨ ᠠᠰᠢᠭ ᠰᠢᠮ᠎ᠡ ᠶᠢᠨ ᠲᠤᠲᠤᠭᠠᠲᠦ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠨᠢ 296 ᠲᠦᠮᠡᠨ ᠲᠦᠭᠦᠷᠢᠭ ᠪᠤᠯᠤᠭᠰᠠᠨ | ᠪᠠᠶᠢᠨ᠎ᠠ᠃ ᠡᠭᠦᠨ ᠳᠤ᠄ ᠴᠡᠷᠢᠭ ᠤᠨ ᠬᠡᠷᠡᠭᠴᠡᠭᠡ ᠶᠢ ᠬᠠᠩᠭᠠᠭᠰᠠᠨ ᠨᠢ 24 ᠲᠦᠮᠡᠨ ᠲᠦᠭᠦᠷᠢᠭ᠂ ᠨᠤᠤᠰᠦᠨ ᠨᠡᠬᠡᠮᠡᠯ ᠤᠨ ᠬᠠᠩᠭᠠᠯᠭ᠎ᠠ ᠨᠢ 79 ᠲᠦᠮᠡᠨ | ᠲᠦᠭᠦᠷᠢᠭ᠂ ᠤᠷᠤᠨ ᠤ ᠲᠤᠲᠤᠭᠠᠲᠤᠬᠢ ᠪᠤᠷᠤᠯᠠᠭᠤᠯᠭ᠎ᠠ ᠨᠢ 193 ᠲᠦᠮᠡᠨ ᠲᠦᠭᠦᠷᠢᠭ᠃ ᠲᠦᠷᠦᠯ ᠵᠦᠢᠯ ᠳᠤ ᠬᠤᠨᠢᠨ ᠨᠤᠤᠰᠦ᠂ ᠢᠮᠠᠭᠠᠨ ᠨᠤᠤᠰᠦ᠂ ᠢᠮᠠᠭᠠᠨ | ᠨᠤᠤᠯᠤᠷ᠂ ᠲᠡᠮᠡᠭᠡᠨ ᠨᠤᠤᠰᠦ ᠵᠡᠷᠭᠡ 26 ᠵᠦᠢᠯ ᠪᠠᠶᠢᠪᠠ᠃ | 1962 ᠤᠨ ᠳᠤ᠂ ᠠᠶᠢᠮᠠᠭ ᠤᠨ ᠵᠠᠭᠢᠷᠭ᠎ᠠ ᠶᠢᠨ ᠭᠠᠳᠠᠭᠠᠲᠦ ᠠᠷᠠᠯᠵᠢᠶᠠᠨ ᠤ ᠲᠤᠪᠴᠢᠶ᠎ᠠ ᠨᠢ ᠲᠤᠲᠤᠭᠠᠲᠦ ᠪᠤᠷᠤᠯᠠᠭᠤᠯᠭ᠎ᠠ ᠶᠢᠨ ᠲᠦᠯᠦᠪᠯᠡᠭᠡ ᠶᠢ | ᠦᠨᠲᠦᠰᠦᠯᠡᠨ᠂ ᠠᠶᠢᠮᠠᠭ ᠤᠨ ᠭᠠᠳᠠᠨ᠎ᠠ ᠠᠴᠠ ᠭᠠᠮᠰᠢᠭᠳᠠᠭᠰᠠᠨ ᠤᠷᠤᠨ ᠳᠤ ᠬᠡᠷᠡᠭᠯᠡᠬᠦ ᠬᠤᠨᠢ ᠢᠮᠠᠭᠠᠨ ᠠᠷᠠᠰᠦ 8 ᠲᠦᠮᠡᠨ ᠬᠡᠰᠡᠭ ᠤᠷᠤᠭᠤᠯᠵᠦ᠂ | ᠭᠠᠮᠰᠢᠭᠳᠠᠭᠰᠠᠨ ᠤᠷᠤᠨ ᠤ ᠭᠦᠢᠲᠡᠨ ᠠᠴᠠ ᠰᠡᠷᠭᠡᠶᠢᠯᠡᠬᠦ ᠡᠳ᠋ ᠪᠤᠳᠠᠰ ᠲᠤᠭᠢᠷᠠᠭᠤᠯᠤᠨ᠂ ᠦᠨᠲᠦᠰᠦᠲᠡᠨ ᠤ ᠡᠳ᠋ᠯᠡᠯ ᠬᠡᠷᠡᠭᠰᠡᠯ ᠪᠤᠯᠬᠤ ᠮᠤᠩᠭᠤᠯ ᠭᠤᠲᠤᠯ ᠢ 1500 | ᠤᠶᠢᠯᠡᠳᠪᠦᠷᠢᠯᠡᠵᠦ᠂ ᠠᠷᠠᠰᠦᠨ ᠦᠮᠦᠲᠦ 18000 ᠵᠠᠬ᠎ᠠ ᠤᠶᠢᠯᠡᠳᠪᠦᠷᠢᠯᠡᠭᠰᠡᠨ ᠪᠠᠶᠢᠪᠠ᠃ ᠳᠤᠰ ᠵᠢᠯ ᠳᠤ ᠠᠶᠢᠮᠠᠭ ᠤᠨ ᠭᠠᠳᠠᠭᠠᠲᠦ ᠠᠷᠠᠯᠵᠢᠶᠠᠨ ᠤ | ᠲᠤᠪᠴᠢᠶ᠎ᠠ ᠨᠢ ᠠᠵᠦ ᠠᠬᠤᠢ ᠶᠢᠨ ᠲᠤᠭᠢᠷᠠᠭᠤᠯᠤᠯᠲᠠ ᠬᠢᠭᠰᠡᠨ ᠤ ᠳᠠᠷᠠᠭ᠎ᠠ᠂ ᠭᠠᠳᠠᠭᠠᠲᠦ ᠳᠤ ᠭᠠᠷᠭᠠᠬᠤ ᠲᠠᠸᠠᠷ ᠤᠨ ᠲᠤᠲᠤᠭᠠᠲᠦ ᠪᠤᠷᠤᠯᠠᠭᠤᠯᠭ᠎ᠠ ᠶᠢᠨ ᠶᠡᠷᠦᠩᠬᠡᠢ | ᠦᠷᠳᠡᠭ ᠨᠢ 1130.79 ᠲᠦᠮᠡᠨ ᠲᠦᠭᠦᠷᠢᠭ ᠪᠠᠶᠢᠵᠦ᠂ ᠠᠳᠠᠯᠢ ᠵᠢᠯ ᠤᠨ ᠲᠦᠯᠦᠪᠯᠡᠭᠡ ᠶᠢᠨ ᠲᠤᠭ᠎ᠠ ︵806 ᠲᠦᠮᠡᠨ ᠲᠦᠭᠦᠷᠢᠭ︶ ᠠᠴᠠ 40.3% ᠪᠠᠷ | ᠳᠠᠪᠠᠵᠦ᠂ 1962 ᠤᠨ ᠤ ᠲᠤᠲᠤᠭᠠᠲᠦ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠠᠴᠠ 107.5 ᠪᠠᠷ ᠨᠡᠮᠡᠭᠳᠡᠭᠰᠡᠨ ᠪᠠᠶᠢᠨ᠎ᠠ᠃ | 1976 ᠤᠨ ᠳᠤ᠂ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠲᠤᠭᠠᠲᠦ ᠪᠤᠷᠤᠯᠠᠭᠤᠯᠭ᠎ᠠ ᠶᠢᠨ ᠲᠠᠸᠠᠷ ᠤᠨ ᠶᠡᠷᠦᠩᠬᠡᠢ ᠬᠡᠮᠵᠢᠭᠳᠡᠯ ᠨᠢ ᠪᠠᠭᠤᠷᠠᠭᠠᠳ 17. | 92 ᠲᠦᠮᠡᠨ ᠲᠦᠭᠦᠷᠢᠭ ᠪᠤᠯᠤᠭᠰᠠᠨ ᠪᠠᠶᠢᠨ᠎ᠠ᠃ ︽ᠰᠤᠶᠤᠯ ᠤᠨ ᠶᠡᠭᠡ ᠬᠤᠪᠢᠰᠬᠠᠯ︾ ᠠᠴᠠ ᠡᠮᠦᠨᠡᠬᠢ 1965 ᠤᠨ ᠤ ᠬᠢ ᠠᠴᠠ 62.1% ᠪᠠᠷ ᠪᠠᠭᠤᠷᠠᠭᠰᠠᠨ | ᠪᠠᠶᠢᠨ᠎ᠠ᠃ | 1979 ᠤᠨ ᠳᠤ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠶᠢᠨ ᠲᠤᠲᠤᠭᠠᠲᠦ ᠪᠤᠷᠤᠯᠠᠭᠤᠯᠭ᠎ᠠ ᠶᠢᠨ ᠲᠠᠸᠠᠷ ᠤᠨ ᠶᠡᠷᠦᠩᠬᠡᠢ ᠦᠷᠳᠡᠭ ᠨᠢ | ᠨᠡᠮᠡᠭᠳᠡᠭᠡᠳ 94.54 ᠲᠦᠮᠡᠨ ᠲᠦᠭᠦᠷᠢᠭ ᠪᠤᠯᠪᠠ᠃ | 1985 ᠤᠨ ᠳᠤ ᠠᠶᠢᠮᠠᠭ ᠤᠨ ᠭᠠᠳᠠᠭᠠᠲᠦ ᠠᠵᠦ ᠠᠬᠤᠢ ᠠᠷᠠᠯᠵᠢᠶ᠎ᠠ ᠶᠢᠨ ᠲᠤᠪᠴᠢᠶ᠎ᠠ ᠶᠢᠨ ᠲᠤᠲᠤᠭᠠᠲᠦ ᠪᠤᠷᠤᠯᠠᠭᠤᠯᠭ᠎ᠠ ᠶᠢᠨ ᠭᠠᠳᠠᠭᠠᠲᠦ ᠳᠤ ᠭᠠᠷᠭᠠᠬᠤ | ᠲᠠᠸᠠᠷ ᠤᠨ ᠶᠡᠷᠦᠩᠬᠡᠢ ᠦᠷᠳᠡᠭ ᠨᠢ 1213.06 ᠲᠦᠮᠡᠨ ᠲᠦᠭᠦᠷᠢᠭ᠃ | ᠡᠭᠦᠨ ᠳᠤ ᠬᠤᠳᠠ ᠶᠢᠨ ᠡᠮ ᠡᠮᠨᠡᠯᠭᠡ ᠡᠷᠡᠭᠦᠯᠵᠢᠯ ᠤᠨ ᠪᠤᠳᠠᠰ ᠢ ᠤᠷᠤᠭᠤᠯᠵᠦ ᠭᠠᠷᠭᠠᠬᠤ ᠺᠤᠮᠫᠠᠨᠢ ᠶᠢᠨ ᠲᠤᠲᠤᠭᠠᠲᠦ ᠪᠤᠷᠤᠯᠠᠭᠤᠯᠭ᠎ᠠ ᠨᠢ 46.2 ᠲᠦᠮᠡᠨ | ᠲᠦᠭᠦᠷᠢᠭ᠃ ᠬᠤᠳᠠ ᠶᠢᠨ ᠠᠮᠤ ᠲᠤᠰᠦ ᠢᠳᠡᠭᠡᠨ ᠢ ᠤᠷᠤᠭᠤᠯᠵᠦ ᠭᠠᠷᠭᠠᠬᠤ ᠺᠤᠮᠫᠠᠨᠢ ᠶᠢᠨ ᠲᠤᠲᠤᠭᠠᠲᠦ ᠪᠤᠷᠤᠯᠠᠭᠤᠯᠭ᠎ᠠ ᠨᠢ 125.52 ᠲᠦᠮᠡᠨ ᠲᠦᠭᠦᠷᠢᠭ᠃ | ᠬᠤᠳᠠ ᠶᠢᠨ ᠳᠡᠮᠦᠷᠯᠢᠭ ᠠᠭᠤᠷᠬᠠᠢ ᠶᠢᠨ ᠭᠠᠷᠤᠯᠲᠠ ᠠᠵᠦ ᠤᠶᠢᠯᠡᠳᠪᠦᠷᠢ ᠶᠢᠨ ᠪᠦᠲᠦᠭᠡᠭᠳᠡᠭᠦᠨ ᠢ ᠤᠷᠤᠭᠤᠯᠵᠦ ᠭᠠᠷᠭᠠᠬᠤ ᠺᠤᠮᠫᠠᠨᠢ ᠶᠢᠨ ᠲᠤᠲᠤᠭᠠᠲᠦ | ᠪᠤᠷᠤᠯᠠᠭᠤᠯᠭ᠎ᠠ ᠨᠢ 409.21 ᠲᠦᠮᠡᠨ ᠲᠦᠭᠦᠷᠢᠭ᠄ ᠡᠭᠦᠨ ᠳᠤ ᠹᠯᠤᠷᠲᠦ ᠴᠢᠯᠠᠭᠤ 10910.46 ᠲᠤᠨ᠂ 124.6 ᠲᠦᠮᠡᠨ ᠲᠦᠭᠦᠷᠢᠭ᠂ ᠹᠯᠤᠷᠲᠦ | ᠴᠢᠯᠠᠭᠤᠨ ᠤ ᠨᠤᠨᠳᠠᠭ 5839.16 ᠲᠤᠨ᠂ 129.75 ᠲᠦᠮᠡᠨ ᠲᠦᠭᠦᠷᠢᠭ᠂ ᠰᠢᠬᠢᠷᠲᠦ ᠠᠯᠳᠧᠰᠧ 450 ᠲᠤᠨ᠂ 136.77 ᠲᠦᠮᠡᠨ ᠲᠦᠭᠦᠷᠢᠭ᠂ | ᠪᠤᠰᠤᠳ ᠨᠢ 18.09 ᠲᠦᠮᠡᠨ ᠲᠦᠭᠦᠷᠢᠭ᠃ ᠬᠤᠳᠠ ᠶᠢᠨ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢᠨ ᠤᠷᠤᠭᠤᠯᠵᠦ ᠭᠠᠷᠭᠠᠬᠤ ᠺᠤᠮᠫᠠᠨᠢ ᠶᠢᠨ | ᠲᠤᠲᠤᠭᠠᠲᠦ ᠪᠤᠷᠤᠯᠠᠭᠤᠯᠭ᠎ᠠ ᠨᠢ 624.66 ᠲᠦᠮᠡᠨ ᠲᠦᠭᠦᠷᠢᠭ᠃ ᠬᠤᠳᠠ ᠶᠢᠨ ᠭᠠᠳᠠᠭᠠᠲᠦ ᠳᠤ ᠭᠠᠷᠭᠠᠵᠤ ᠭᠠᠳᠠᠭᠠᠲᠦ ᠠᠴᠠ ᠤᠷᠤᠭᠤᠯᠬᠤ ᠺᠤᠮᠫᠠᠨᠢ ᠶᠢᠨ | ᠲᠤᠲᠤᠭᠠᠲᠦ ᠪᠤᠷᠤᠯᠠᠭᠤᠯᠭ᠎ᠠ ᠶᠢᠨ ᠭᠠᠳᠠᠭᠠᠲᠦ ᠳᠤ ᠭᠠᠷᠭᠠᠬᠤ ᠲᠠᠸᠠᠷ ᠨᠢ 7.41 ᠲᠦᠮᠡᠨ ᠲᠦᠭᠦᠷᠢᠭ ︵ᠭᠠᠳᠠᠭᠠᠲᠦ ᠠᠴᠠ ᠤᠷᠤᠭᠤᠯᠤᠭᠰᠠᠨ ᠲᠠᠸᠠᠷ ᠤᠨ 1171. | 24 ᠲᠦᠮᠡᠨ ᠲᠦᠭᠦᠷᠢᠭ ᠢ ᠪᠠᠭᠲᠠᠭᠠᠬᠤ ᠦᠬᠡᠢ︶᠃ | 1989 ᠤᠨ ᠳᠤ ᠬᠤᠳᠠ ᠶᠢᠨ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢ ᠤᠷᠤᠭᠤᠯᠵᠦ ᠭᠠᠷᠭᠠᠬᠤ ᠺᠤᠮᠫᠠᠨᠢ ᠶᠢᠨ ᠲᠤᠲᠤᠭᠠᠲᠦ | ᠪᠤᠷᠤᠯᠠᠭᠤᠯᠭ᠎ᠠ ᠶᠢᠨ ᠲᠠᠸᠠᠷ ᠤᠨ ᠶᠡᠷᠦᠩᠬᠡᠢ ᠦᠷᠳᠡᠭ ᠨᠢ 81.95 ᠲᠦᠮᠡᠨ ᠲᠦᠭᠦᠷᠢᠭ᠃ | ᠬᠤᠳᠠ ᠶᠢᠨ ᠠᠮᠤ ᠲᠤᠰᠦ ᠢᠳᠡᠭᠡᠨ ᠢ ᠤᠷᠤᠭᠤᠯᠵᠦ ᠭᠠᠷᠭᠠᠬᠤ ᠺᠤᠮᠫᠠᠨᠢ ᠶᠢᠨ ᠲᠤᠲᠤᠭᠠᠲᠦ ᠪᠤᠷᠤᠯᠠᠭᠤᠯᠭ᠎ᠠ ᠶᠢᠨ ᠲᠠᠸᠠᠷ ᠤᠨ ᠶᠡᠷᠦᠩᠬᠡᠢ ᠦᠷᠳᠡᠭ ᠨᠢ 184. | 98 ᠲᠦᠮᠡᠨ ᠲᠦᠭᠦᠷᠢᠭ᠃ ᠬᠤᠳᠠ ᠶᠢᠨ ᠳᠡᠮᠦᠷᠯᠢᠭ ᠠᠭᠤᠷᠬᠠᠢ ᠶᠢᠨ ᠭᠠᠷᠤᠯᠲᠠ ᠠᠵᠦ ᠤᠶᠢᠯᠡᠳᠪᠦᠷᠢ ᠶᠢᠨ ᠪᠦᠲᠦᠭᠡᠭᠳᠡᠭᠦᠨ ᠢ ᠤᠷᠤᠭᠤᠯᠵᠦ ᠭᠠᠷᠭᠠᠬᠤ | ᠺᠤᠮᠫᠠᠨᠢ ᠶᠢᠨ ᠲᠤᠲᠤᠭᠠᠲᠦ ᠪᠤᠷᠤᠯᠠᠭᠤᠯᠭ᠎ᠠ ᠶᠢᠨ ᠲᠠᠸᠠᠷ ᠤᠨ ᠶᠡᠷᠦᠩᠬᠡᠢ ᠦᠷᠳᠡᠭ ᠨᠢ 19.23 ᠲᠦᠮᠡᠨ ᠲᠦᠭᠦᠷᠢᠭ᠃ ᠦᠪᠦᠷ ᠮᠤᠩᠭᠤᠯ ᠤᠨ ᠤᠯᠠᠨ ᠤᠯᠤᠰ ᠤᠨ | ᠠᠷᠠᠯᠵᠢᠶᠠᠨ ᠤ ᠶᠡᠷᠦᠩᠬᠡᠢ ᠺᠤᠮᠫᠠᠨᠢ ᠶᠢᠨ ᠤᠯᠠᠭᠠᠨᠬᠠᠳᠠ ᠬᠤᠳᠠ ᠶᠢᠨ ᠬᠤᠪᠢᠶᠠᠷᠢ ᠺᠤᠮᠫᠠᠨᠢ ᠶᠢᠨ ᠲᠤᠲᠤᠭᠠᠲᠦ ᠪᠤᠷᠤᠯᠠᠭᠤᠯᠭ᠎ᠠ ᠶᠢᠨ ᠶᠡᠷᠦᠩᠬᠡᠢ ᠦᠷᠳᠡᠭ ᠨᠢ 636 | ᠲᠦᠮᠡᠨ ᠲᠦᠭᠦᠷᠢᠭ᠃ | |