ᠤᠯᠠᠭᠠᠨᠬᠠᠳᠠ ᠶᠢᠨ ᠭᠠᠳᠠᠭᠠᠲᠦ ᠠᠷᠠᠯᠵᠢᠶ᠎ᠠ ᠶᠢᠨ ᠲᠡᠦᠬᠡ ︵ᠬᠤᠶᠠᠷ︶
ᠨᠡᠶᠢᠲᠡᠯᠡᠭᠰᠡᠨ ᠴᠠᠭ᠄
2020/9/29
     ᠲᠦᠷᠪᠡ᠂ ᠠᠮᠤ ᠲᠤᠰᠦ ᠢᠳᠡᠭᠡᠨ ᠢ ᠤᠷᠤᠭᠤᠯᠵᠦ ᠭᠠᠷᠭᠠᠬᠤ ᠺᠤᠮᠫᠠᠨᠢ      1982 ᠤᠨ ᠤ 4 ᠰᠠᠷ᠎ᠠ ᠶᠢᠨ 1 ᠤ ᠡᠲᠦᠷ᠂ ᠤᠯᠠᠭᠠᠨᠬᠠᠳᠠ ᠬᠤᠳᠠ ᠶᠢᠨ ᠠᠮᠤ ᠲᠤᠰᠦ ᠢᠳᠡᠭᠡᠨ ᠢ ᠤᠷᠤᠭᠤᠯᠵᠦ ᠭᠠᠷᠭᠠᠬᠤ ᠺᠤᠮᠫᠠᠨᠢ ᠪᠠᠶᠢᠭᠤᠯᠤᠭᠳᠠᠪᠠ᠂ ᠬᠠᠷᠢᠶᠠᠯᠠᠭᠳᠠᠬᠤ ᠠᠵᠦ ᠠᠬᠤᠶᠢᠯᠠᠯ ᠳᠤ ᠨᠢ ᠦᠭᠡᠷ ᠰᠢᠯᠵᠢᠭᠦᠯᠦᠨ ᠵᠥᠭᠡᠭᠡᠪᠦᠷᠢᠯᠡᠬᠦ ᠦᠷᠳᠡᠭᠡ ᠲᠠᠢ ᠪᠠᠶᠢᠪᠠ᠃ 1989 ᠤᠨ ᠪᠤᠯᠬᠤ ᠳᠤ 128 ᠺᠠᠳ᠋ᠷ ᠠᠵᠢᠯᠲᠠᠨ ᠲᠠᠢ ᠪᠤᠯᠵᠦ᠂ ᠵᠠᠰᠠᠭ ᠵᠠᠭᠢᠷᠭᠠᠨ ᠤ ᠲᠠᠯ᠎ᠠ ᠪᠠᠷ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ ᠮᠤᠩᠭᠤᠯ ᠤᠨ ᠠᠮᠤ ᠳᠤᠰᠦ ᠢᠳᠡᠭᠡᠨ ᠢ ᠤᠷᠤᠭᠤᠯᠵᠦ ᠭᠠᠷᠭᠠᠬᠤ ᠺᠤᠮᠫᠠᠨᠢ ᠳᠤ ᠬᠠᠷᠢᠶᠠᠯᠠᠭᠳᠠᠵᠤ ᠪᠠᠶᠢᠪᠠ᠃ ᠲᠤᠭᠲᠠᠮᠠᠯ ᠬᠦᠷᠦᠩᠭᠡ ᠶᠢᠨ ᠤᠤᠯ ᠤᠨ ᠦᠷᠳᠡᠭ ᠨᠢ 917.88 ᠲᠦᠮᠡᠨ ᠲᠦᠭᠦᠷᠢᠭ ᠪᠠᠶᠢᠵᠤ᠂ ᠡᠯᠡᠭᠳᠡᠯ ᠤᠨ ᠮᠥᠩᠭᠦ 198.59 ᠲᠦᠮᠡᠨ ᠲᠦᠭᠦᠷᠢᠭ ᠪᠠᠶᠢᠪᠠ᠃ ᠭᠤᠤᠯ ᠪᠤᠯᠬᠤ ᠲᠦᠭᠦᠭᠡᠷᠦᠮᠵᠢ ᠳᠤ ᠬᠡᠷᠡᠭᠯᠡᠵᠦ ᠪᠤᠯᠬᠤ ᠬᠦᠮᠦᠷᠭᠡ 2927 ᠳᠡᠭᠰᠢ ᠲᠦᠷᠪᠡᠯᠵᠢᠨ ᠮᠧᠳ᠋ᠷ᠂ ᠲᠦᠭᠦᠮ ᠬᠦᠮᠦᠷᠭᠡ 3182 ᠳᠡᠭᠰᠢ ᠲᠦᠷᠪᠡᠯᠵᠢᠨ ᠮᠧᠳ᠋ᠷ᠂ ᠡᠵᠡᠩᠨᠡᠯᠳᠡ ᠳᠤ ᠬᠡᠷᠡᠭᠯᠡᠬᠦ ᠭᠡᠷ 9736 ᠳᠡᠭᠰᠢ ᠲᠦᠷᠪᠡᠯᠵᠢᠨ ᠮᠧᠳ᠋ᠷ᠂ ᠬᠥᠯᠳᠡᠭᠡᠬᠦ ᠬᠦᠮᠦᠷᠭᠡ 1220 ᠳᠡᠭᠰᠢ ᠲᠦᠷᠪᠡᠯᠵᠢᠨ ᠮᠧᠳ᠋ᠷ᠂ ᠠᠵᠢᠯᠲᠠᠳ ᠤᠨ ᠤᠷᠤᠨ ᠰᠠᠭᠤᠴᠠ 6043 ᠳᠡᠭᠰᠢ ᠲᠦᠷᠪᠡᠯᠵᠢᠨ ᠮᠧᠳ᠋ᠷ᠂ ᠬᠡᠷᠡᠭᠯᠡᠬᠦ ᠡᠷᠭᠡ ᠲᠠᠢ ᠭᠠᠵᠠᠷ 139788 ᠳᠡᠭᠰᠢ ᠲᠦᠷᠪᠡᠯᠵᠢᠨ ᠮᠧᠳ᠋ᠷ᠂ ᠤᠶᠢᠯᠡᠳᠪᠦᠷᠢᠯᠡᠯ ᠤᠨ ᠲᠦᠭᠦᠭᠡᠷᠦᠮᠵᠢ 485 ᠢᠵᠢ᠂ 4.25 ᠲᠣᠨ ᠤ ᠮᠠᠰᠢᠨ ᠬᠦᠳᠡᠯᠭᠡᠭᠦᠷᠲᠦ ᠳᠡᠷᠭᠡ 16 ᠪᠠᠶᠢᠪᠠ᠃      ᠭᠤᠤᠯᠳᠠᠭᠤ ᠢᠳᠡᠭᠡᠨ ᠤ ᠲᠦᠷᠦᠯ᠂ ᠮᠠᠯ᠂ ᠠᠮᠤ ᠲᠤᠰᠤ᠂ ᠪᠤᠷᠲᠤᠭᠠᠨ ᠤ ᠲᠦᠷᠦᠯ ᠤᠨ ᠲᠠᠸᠠᠷ ᠢ ᠡᠵᠡᠩᠨᠡᠵᠦ ᠤᠷᠤᠭᠤᠯᠵᠤ ᠭᠠᠷᠭᠠᠵᠤ ᠪᠠᠶᠢᠪᠠ᠃ 1982 ᠤᠨ ᠳᠤ ᠡᠳ᠋ ᠤᠨ ᠶᠠᠪᠤᠳᠠᠯ ᠤᠨ ᠲᠠᠯ᠎ᠠ ᠪᠠᠷ ᠺᠤᠮᠫᠠᠨᠢ ᠨᠢ ᠤᠯᠠᠭᠠᠨᠬᠠᠳᠠ ᠶᠢᠨ ᠭᠠᠳᠠᠭᠠᠲᠦ ᠠᠷᠠᠯᠵᠢᠶᠠᠨ ᠤ ᠬᠦᠯᠳᠡᠬᠡᠬᠦ ᠤᠶᠢᠯᠡᠳᠪᠦᠷᠢ᠂ ᠨᠢᠩᠴᠧᠩ ᠤᠨ ᠭᠠᠳᠠᠭᠠᠲᠦ ᠠᠷᠠᠯᠵᠢᠶᠠᠨ ᠤ ᠬᠦᠯᠳᠡᠭᠡᠬᠦ ᠤᠶᠢᠯᠡᠳᠪᠦᠷᠢ ᠪᠠ ᠤᠩᠨᠢᠭᠤᠳ ᠬᠤᠰᠢᠭᠤ᠂ ᠨᠢᠩᠴᠧᠩ ᠰᠢᠶᠠᠨ ᠤ ᠭᠠᠳᠠᠭᠠᠲᠦ ᠠᠷᠠᠯᠵᠢᠶᠠᠨ ᠤ ᠺᠤᠮᠫᠠᠨᠢ ᠶᠢᠨ ᠠᠮᠦ ᠲᠤᠰᠦ ᠢᠳᠡᠭᠡᠨ ‍ᠤᠳᠤᠰᠬᠠᠢ ᠮᠡᠷᠭᠡᠵᠢᠯ ᠤᠨ ᠬᠢᠨ ᠴᠤᠭ ᠲᠠᠰᠤᠯᠤᠨ ᠪᠣᠳᠤᠳᠠᠭ ᠪᠠᠶᠢᠪᠠ᠃ 1986 ᠤᠨ ᠠᠴᠠ ᠡᠭᠢᠯᠡᠨ ᠺᠤᠮᠫᠠᠨᠢ ᠨᠢ ᠤᠯᠠᠭᠠᠨᠬᠠᠳᠠ ᠶᠢᠨ ᠭᠠᠳᠠᠭᠠᠲᠦ ᠠᠷᠠᠯᠵᠢᠶᠠᠨ ᠤ ᠬᠦᠯᠳᠡᠭᠡᠬᠦ ᠤᠶᠢᠯᠡᠳᠪᠦᠷᠢ᠂ ᠨᠢᠩᠴᠧᠩ ᠤᠨ ᠭᠠᠳᠠᠭᠠᠲᠤ ᠠᠷᠠᠯᠵᠢᠶᠠᠨ ᠤ ᠬᠦᠯᠳᠡᠭᠡᠬᠦ ᠤᠶᠢᠯᠡᠳᠪᠦᠷᠢ᠂ ᠮᠠᠯ ᠠᠷᠠᠯᠵᠢᠶᠠᠨ ᠤ ᠭᠠᠵᠠᠷ ᠪᠠ ᠤᠩᠨᠢᠭᠤᠳ ᠬᠤᠰᠢᠭᠤ᠂ ᠨᠢᠩᠴᠧᠩ ᠰᠢᠶᠠᠨ᠂ ᠳᠡᠭᠦᠷᠭᠡ ᠲᠤᠭᠤᠷᠢᠭ ᠤᠨ ᠭᠠᠳᠠᠭᠠᠲᠦ ᠠᠷᠠᠯᠵᠢᠶᠠᠨ ᠤ ᠺᠤᠮᠫᠠᠨᠢ ᠵᠡᠷᠭᠡ 7 ᠲᠤᠰᠠᠭᠠᠷ ᠲᠣᠭᠠᠴᠠᠭ᠎ᠠ ᠬᠢᠳᠡᠭ ᠨᠢᠭᠡᠴᠢ ᠲᠠᠢ ᠴᠤᠭ ᠲᠠᠰᠤᠯᠤᠨ ᠪᠣᠳᠤᠳᠠᠭ ᠪᠠᠶᠢᠪᠠ᠃      ᠳᠠᠪᠤ᠂ ᠡᠮ ᠡᠮᠨᠡᠯᠭᠡ ᠡᠷᠡᠭᠦᠯᠵᠢᠯ ᠤᠨ ᠪᠤᠳᠠᠰ ᠢ ᠤᠷᠤᠭᠤᠯᠵᠦ ᠭᠠᠷᠭᠠᠬᠤ ᠺᠤᠮᠫᠠᠨᠢ      1986 ᠤᠨ ᠤ 10 ᠰᠠᠷ᠎ᠠ ᠶᠢᠨ 1 ᠳᠤ ᠤᠯᠠᠭᠠᠨᠬᠠᠳᠠ ᠬᠤᠳᠠ ᠶᠢᠨ ᠡᠮ ᠡᠮᠨᠡᠯᠭᠡ ᠡᠷᠡᠭᠦᠯᠵᠢᠯ ᠤᠨ ᠪᠤᠳᠠᠰ ᠢ ᠤᠷᠤᠭᠤᠯᠵᠦ ᠭᠠᠷᠭᠠᠬᠤ ᠺᠤᠮᠫᠠᠨᠢ ᠪᠠᠶᠢᠭᠤᠯᠤᠭᠳᠠᠵᠤ᠂ 1990 ᠤᠨ ᠤ ᠰᠡᠭᠦᠯᠴᠢ ᠪᠤᠯᠲᠠᠯ᠎ᠠ 36 ᠺᠠᠳ᠋ᠷ ᠠᠵᠢᠯᠲᠠᠨ ᠲᠠᠢ ᠪᠠᠶᠢᠪᠠ᠃ ᠵᠠᠰᠠᠭ ᠵᠠᠭᠢᠷᠭᠠᠨ ᠤ ᠲᠠᠯ᠎ᠠ ᠪᠠᠷ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ ᠮᠤᠩᠭᠤᠯ ᠤᠨ ᠡᠮ ᠡᠮᠨᠡᠯᠭᠡ ᠶᠢᠨ ᠤᠷᠤᠭᠤᠯᠵᠤ ᠭᠠᠷᠭᠠᠬᠤ ᠺᠤᠮᠫᠠᠨᠢ ᠳᠤ ᠬᠠᠷᠢᠶᠠᠯᠠᠭᠳᠠᠵᠤ ᠪᠠᠶᠢᠪᠠ᠃1986 ᠤᠨ ᠳᠤ ᠲᠤᠭᠲᠠᠮᠠᠯ ᠬᠦᠷᠦᠩᠭᠡ ᠶᠢᠨ ᠤᠤᠯ ᠦᠷᠳᠡᠭ ᠨᠢ 15.10 ᠲᠦᠮᠡᠨ ᠲᠦᠭᠦᠷᠢᠭ ᠪᠠᠶᠢᠵᠤ᠂ ᠤᠤᠯ ᠦᠨ᠎ᠡ ᠪᠠᠷ ᠨᠤᠭᠤᠯᠤᠨ ᠪᠤᠲᠤᠪᠠᠯ 0.64 ᠲᠦᠮᠡᠨ ᠲᠦᠭᠦᠷᠢᠭ ᠪᠠᠶᠢᠵᠠᠢ᠃ 1989 ᠤᠨ ᠪᠤᠯᠬᠤ ᠳᠤ ᠲᠤᠭᠲᠠᠮᠠᠯ ᠬᠦᠷᠦᠩᠭᠡ ᠶᠢᠨ ᠤᠤᠯ ᠦᠷᠳᠡᠭ ᠨᠢ 158.84 ᠲᠦᠮᠡᠨ ᠲᠦᠭᠦᠷᠢᠭ ᠪᠤᠯᠵᠦ᠂ ᠡᠯᠡᠭᠳᠡᠯ ᠤᠨ ᠮᠥᠩᠭᠦ 8.79 ᠲᠦᠮᠡᠨ ᠲᠦᠭᠦᠷᠢᠭ ᠪᠤᠯᠵᠠᠢ᠃ ᠭᠤᠤᠯ ᠪᠤᠯᠬᠤ ᠲᠦᠭᠦᠭᠡᠷᠦᠮᠵᠢ ᠳᠤ ᠲᠦᠭᠦᠮ ᠬᠦᠮᠦᠷᠭᠡ 988.86 ᠳᠡᠭᠰᠢ ᠲᠦᠷᠪᠡᠯᠵᠢᠨ ᠮᠧᠳ᠋ᠷ᠂ ᠡᠵᠡᠩᠨᠡᠯᠳᠡ ᠳᠤ ᠬᠡᠷᠡᠭᠯᠡᠬᠦ ᠭᠡᠷ 1794 ᠳᠡᠭᠰᠢ ᠲᠦᠷᠪᠡᠯᠵᠢᠨ ᠮᠧᠳ᠋ᠷ᠂ ᠠᠵᠢᠯᠲᠠᠳ ᠤᠨ ᠤᠷᠤᠨ ᠰᠠᠭᠤᠴᠠ 859 ᠳᠡᠭᠰᠢ ᠲᠦᠷᠪᠡᠯᠵᠢᠨ ᠮᠧᠳ᠋ᠷ᠂ ᠺᠤᠮᠫᠠᠨᠢ ᠶᠢᠨ ᠬᠡᠷᠡᠭᠯᠡᠬᠦ ᠡᠷᠭᠡ ᠲᠠᠢ ᠭᠠᠵᠠᠷ 9667 ᠳᠡᠭᠰᠢ ᠲᠦᠷᠪᠡᠯᠵᠢᠨ ᠮᠧᠳ᠋ᠷ ᠂ 8 ᠲᠣᠨ ᠤ ᠮᠠᠰᠢᠨ ᠬᠦᠳᠡᠯᠭᠡᠭᠦᠷᠲᠦ ᠳᠡᠷᠭᠡ 3 ᠲᠤᠨ ᠪᠠᠶᠢᠪᠠ᠃      ᠭᠤᠤᠯᠳᠠᠭᠤ᠂ ᠡᠧᠦ᠋ᠷᠤᠫᠠ ᠡᠮ ᠤᠨ ᠲᠦᠷᠦᠯ᠂ ᠬᠢᠲᠠᠳ ᠡᠮ ᠤᠨ ᠲᠦᠷᠦᠯ᠂ ᠠᠮᠢᠲᠦ ᠪᠤᠳᠠᠰ ᠤᠨ ᠮᠡᠷᠭᠡᠵᠢᠯ ᠢᠶᠠᠷ ᠦᠢᠯᠡᠳᠦᠭᠰᠡᠨ ᠡᠮ ᠤᠨ ᠵᠦᠢᠯ᠂ ᠡᠯ᠎ᠡ ᠵᠦᠢᠯ ᠤᠨ ᠡᠮ ᠡᠮᠨᠡᠯᠭᠡ ᠶᠢᠨ ᠪᠠᠭᠠᠵᠢ ᠬᠡᠷᠡᠭᠰᠡᠯ᠂ ᠡᠯ᠎ᠡ ᠵᠦᠢᠯ ᠤᠨ ᠡᠮᠲᠦ ᠠᠷᠢᠬᠢ ᠪᠠ ᠡᠷᠡᠭᠦᠯᠵᠢᠯ ᠤᠨ ᠪᠠᠭᠠᠵᠢ ᠬᠡᠷᠡᠭᠰᠡᠯ ᠢ ᠤᠷᠤᠭᠤᠯᠵᠤ ᠭᠠᠷᠭᠠᠬᠤ ᠲᠠᠸᠠᠷ ᠡᠵᠡᠩᠨᠡᠵᠦ ᠡᠳ᠋ ᠤᠨ ᠶᠠᠪᠤᠳᠠᠯ ᠤᠨ ᠲᠠᠯ᠎ᠠ ᠪᠠᠷ ᠲᠤᠰᠠᠭᠠᠷ ᠲᠣᠭᠠᠴᠠᠭ᠎ᠠ ᠬᠢᠵᠤ ᠪᠠᠶᠢᠪᠠ᠃      ᠵᠢᠷᠭᠤᠭ᠎ᠠ᠂ ᠭᠠᠳᠠᠭᠠᠲᠤ ᠠᠴᠠ ᠤᠷᠤᠭᠤᠯᠵᠤ ᠭᠠᠳᠠᠭᠠᠲᠤ ᠳᠤ ᠭᠠᠷᠭᠠᠬᠤ ᠠᠷᠠᠯᠵᠢᠶᠠᠨ ᠤ ᠺᠤᠮᠫᠠᠨᠢ      1986 ᠤᠨ ᠤ 5 ᠰᠠᠷ᠎ᠠ ᠳᠤ ᠤᠯᠠᠭᠠᠨᠬᠠᠳᠠ ᠬᠤᠳᠠ ᠶᠢᠨ ᠭᠠᠳᠠᠭᠠᠲᠤ ᠠᠴᠠ ᠤᠷᠤᠭᠤᠯᠵᠦ ᠭᠠᠳᠠᠭᠠᠲᠦ ᠳᠤ ᠭᠠᠷᠭᠠᠬᠤ ᠠᠷᠠᠯᠵᠢᠶᠠᠨ ᠤ ᠺᠤᠮᠫᠠᠨᠢ ᠪᠠᠶᠢᠭᠤᠯᠤᠭᠳᠠᠵᠤ᠂ 28 ᠺᠠᠳ᠋ᠷ ᠠᠵᠢᠯᠲᠠᠨ ᠲᠠᠢ ᠪᠠᠶᠢᠪᠠ᠂ ᠵᠠᠰᠠᠭ ᠵᠠᠭᠢᠷᠭᠠᠨ ᠤ ᠲᠠᠯ᠎ᠠ ᠪᠠᠷ ᠬᠤᠳᠠ ᠶᠢᠨ ᠠᠵᠦ ᠠᠬᠤᠢ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠡᠳ᠋ ᠤᠨ ᠵᠠᠰᠠᠭ ᠤᠨ ᠲᠠᠯ᠎ᠠ ᠪᠠᠷ ᠤᠷᠤᠨ ᠨᠤᠲᠤᠭ ᠤᠨ ᠡᠳ᠋ ᠤᠨ ᠵᠠᠰᠠᠭ ᠲᠠᠢ ᠬᠤᠯᠪᠤᠭᠳᠠᠵᠤ᠂ ᠠᠰᠢᠭ ᠤᠯᠵᠠᠪᠤᠷᠢ ᠪᠠᠨ ᠤᠷᠤᠨ ᠨᠤᠲᠤᠭ ᠲᠠᠢ ᠬᠠᠷᠢᠴᠠᠯ ᠢᠶᠠᠷ ᠬᠤᠪᠢᠶᠠᠵᠦ ᠪᠠᠶᠢᠪᠠ᠂ 1987 ᠤᠨ ᠤ 7 ᠰᠠᠷ᠎ᠠ ᠳᠤ ᠲᠤᠬᠠᠶᠢᠯᠠᠭᠰᠠᠨ ᠠᠵᠢᠯ ᠤᠨ ᠰᠠᠯᠠᠭ᠎ᠠ ᠶᠢ ᠬᠠᠰᠤᠵᠤ᠂ ᠬᠢᠯᠢ ᠶᠢᠨ ᠠᠷᠠᠯᠵᠢᠶᠠᠨ ᠤ ᠰᠠᠯᠠᠭ᠎ᠠ ᠪᠠ ᠤᠷᠤᠨ ᠨᠤᠲᠤᠭ ᠤᠨ ᠠᠷᠠᠯᠵᠢᠶᠠᠨ ᠤ ᠰᠠᠯᠠᠭ᠎ᠠ ᠭᠡᠵᠦ ᠬᠤᠪᠢᠶᠠᠨ ᠲᠤᠭᠢᠷᠠᠭᠤᠯᠪᠠ᠃ 1988 ᠤᠨ ᠤ 11 ᠰᠠᠷ᠎ᠠ ᠳᠤ ᠳᠠᠭᠢᠨ ᠬᠠᠰᠤᠪᠠ᠃ᠭᠤᠣᠯᠳᠠᠭᠤ ᠵᠢᠵᠢᠭ ᠬᠡᠮᠵᠢᠶᠡᠨ ᠤ ᠠᠷᠠᠯᠵᠢᠶ᠎ᠠ ᠪᠠ ᠵᠦᠪᠯᠡᠯᠲᠦ ᠬᠤᠯᠪᠤᠭᠠᠲᠤ ᠤᠯᠤᠰ᠂ ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠯᠤᠭ᠎ᠠ ᠪᠠᠷᠠᠭ᠎ᠠ ᠶᠢᠨ ᠰᠣᠯᠢᠯᠴᠠᠭ᠎ᠠ ᠬᠢᠵᠦ ᠪᠠᠶᠢᠪᠠ᠃      ᠲᠤᠯᠤᠭ᠎ᠠ᠂ ᠤᠯᠠᠨ ᠤᠯᠤᠰ ᠤᠨ ᠠᠷᠠᠯᠵᠢᠶᠠᠨ ᠤ ᠺᠤᠮᠫᠠᠨᠢ      1988 ᠤᠨ ᠤ 11 ᠰᠠᠷ᠎ᠠ ᠶᠢᠨ 14 ᠤ ᠡᠲᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠨ ᠤᠯᠤᠰ ᠤᠨ ᠠᠷᠠᠯᠵᠢᠶᠠᠨ ᠤ ᠶᠡᠷᠦᠩᠬᠡᠢ ᠺᠤᠮᠫᠠᠨᠢ ᠶᠢᠨ ᠤᠯᠠᠭᠠᠨᠬᠠᠳᠠ ᠳᠠᠬᠢ ᠬᠤᠪᠢᠶᠠᠷᠢ ᠺᠤᠮᠫᠠᠨᠢ ᠵᠢᠩᠬᠢᠨᠢ ᠪᠠᠷ ᠪᠠᠶᠢᠭᠤᠯᠤᠭᠳᠠᠵᠠᠢ᠃      ᠳᠤᠰ ᠺᠤᠮᠫᠠᠨᠢ ᠨᠢ ᠤᠤᠯ ᠤᠨ ᠤᠯᠠᠭᠠᠨᠬᠠᠳᠠ ᠬᠤᠳᠠ ᠶᠢᠨ ᠭᠠᠳᠠᠭᠠᠲᠤ ᠠᠴᠠ ᠤᠷᠤᠭᠤᠯᠵᠦ ᠭᠠᠳᠠᠭᠠᠲᠦ ᠳᠤ ᠭᠠᠷᠭᠠᠬᠤ ᠠᠷᠠᠯᠵᠢᠶᠠᠨ ᠤ ᠺᠤᠮᠫᠠᠨᠢ ᠶᠢᠨ ᠰᠠᠭᠤᠷᠢᠨ ᠳᠡᠭᠡᠷ᠎ᠡ ᠪᠠᠶᠢᠭᠤᠯᠤᠭᠳᠠᠵᠤ᠂ ᠲᠤᠲᠤᠭᠠᠲᠤ ᠳᠤ ᠪᠠᠨ ᠲᠠᠸᠠᠷ ᠤᠨ ᠡᠵᠡᠩᠨᠡᠨ ᠪᠤᠷᠤᠯᠠᠭᠤᠯᠬᠤ ᠬᠡᠯᠳᠡᠰ ᠲᠠᠢ᠃ ᠺᠤᠮᠫᠠᠨᠢ ᠨᠢ ᠡᠳ᠋ ᠤᠨ ᠵᠠᠰᠠᠭ ᠤᠨ ᠲᠠᠯ᠎ᠠ ᠪᠠᠷ ᠬᠤᠳᠠ ᠶᠢᠨ ᠠᠵᠦ ᠠᠬᠤᠢ ᠠᠷᠠᠯᠵᠢᠶᠠᠨ ᠤ ᠺᠤᠮᠫᠠᠨᠢ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ ᠮᠤᠩᠭᠤᠯ ᠤᠨ ᠤᠯᠠᠨ ᠤᠯᠤᠰ ᠤᠨ ᠠᠷᠠᠯᠵᠢᠶᠠᠨ ᠤ ᠶᠡᠷᠦᠩᠬᠡᠢ ᠺᠤᠮᠫᠠᠨᠢ ᠳᠤ ᠬᠠᠷᠢᠶᠠᠯᠠᠭᠳᠠᠵᠤ᠂ 1990 ᠤᠨ ᠤ ᠰᠡᠭᠦᠯᠴᠢ ᠪᠤᠯᠬᠤ ᠳᠤ 47 ᠺᠠᠳ᠋ᠷ ᠠᠵᠢᠯᠲᠠᠨ ᠲᠠᠢ ᠪᠠᠶᠢᠪᠠ᠃      1989 ᠤᠨ ᠳᠤ ᠲᠤᠭᠲᠠᠮᠠᠯ ᠬᠦᠷᠦᠩᠭᠡ ᠶᠢᠨ ᠤᠤᠯ ᠦᠷᠳᠡᠭ ᠨᠢ 115.89 ᠲᠦᠮᠡᠨ ᠲᠦᠭᠦᠷᠢᠭ᠂ ᠡᠯᠡᠭᠳᠡᠯ ᠤᠨ ᠮᠥᠩᠭᠦ 11.10 ᠲᠦᠮᠡᠨ ᠲᠦᠭᠦᠷᠢᠭ᠃ ᠭᠤᠤᠯ ᠪᠤᠯᠬᠤ ᠲᠦᠭᠦᠭᠡᠷᠦᠮᠵᠢ ᠳᠤ ᠬᠦᠮᠦᠷᠭᠡ 400 ᠳᠡᠭᠰᠢ ᠲᠦᠷᠪᠡᠯᠵᠢᠨ ᠮᠧᠳ᠋ᠷ᠂ ᠡᠵᠡᠩᠨᠡᠯᠳᠡ ᠳᠤ ᠬᠡᠷᠡᠭᠯᠡᠬᠦ ᠭᠡᠷ 98.35 ᠳᠡᠭᠰᠢ ᠲᠦᠷᠪᠡᠯᠵᠢᠨ ᠮᠧᠳ᠋ᠷ᠂ ᠠᠵᠢᠯᠲᠠᠳ ᠤᠨ ᠤᠷᠤᠨ ᠰᠠᠭᠤᠴᠠ 1434 ᠳᠡᠭᠰᠢ ᠲᠦᠷᠪᠡᠯᠵᠢᠨ ᠮᠧᠳ᠋ᠷ᠂ ᠮᠠᠰᠢᠨ ᠬᠦᠳᠡᠯᠭᠡᠭᠦᠷᠲᠦ ᠳᠡᠷᠭᠡ 4 ᠪᠠᠶᠢᠪᠠ᠃      ᠺᠤᠮᠫᠠᠨᠢ ᠨᠢ ᠭᠤᠤᠯᠳᠠᠭᠤ ᠵᠦᠪᠯᠡᠯᠲᠦ ᠬᠤᠯᠪᠤᠭᠠᠲᠦ ᠤᠯᠤᠰ᠂ ᠮᠤᠩᠭᠤᠯ ᠤᠯᠤᠰ ᠯᠤᠭ᠎ᠠ ᠶᠢᠨ ᠬᠢᠯᠢ ᠶᠢᠨ ᠠᠷᠠᠯᠵᠢᠶ᠎ᠠ᠂ ᠵᠡᠭᠦᠨ ᠡᠧᠦ᠋ᠷᠦᠫᠠ ᠯᠤᠭ᠎ᠠ ᠶᠢᠨ ᠤᠷᠤᠨ ᠨᠤᠲᠤᠭ ᠤᠨ ᠪᠠᠷᠠᠭ᠎ᠠ ᠶᠢᠨ ᠰᠣᠯᠢᠯᠴᠠᠭ᠎ᠠ᠂ ᠮᠤᠩᠭᠤᠯ ᠤᠯᠤᠰ᠂ ᠵᠡᠭᠦᠨ ᠡᠧᠦ᠋ᠷᠦᠫᠠ ᠯᠦᠭᠡ ᠶᠢᠨ ᠠᠵᠦ ᠠᠬᠤᠢ ᠶᠢᠨ ᠮᠡᠷᠬᠡᠵᠢᠯ ᠤᠨ ᠲᠠᠯ᠎ᠠ ᠪᠠᠷ ᠬᠠᠮᠵᠢᠯᠴᠠᠵᠤ ᠂ ᠪᠡᠯᠡ ᠨᠡᠶᠢᠯᠡᠭᠦᠯᠦᠨ ᠡᠵᠡᠩᠨᠡᠬᠦ᠂ ᠬᠠᠮᠲᠤᠷᠠᠨ ᠡᠵᠡᠩᠨᠡᠬᠦ ᠶᠢ ᠦᠷᠨᠢᠭᠦᠯᠵᠦ᠂ ᠪᠦᠲᠦᠭᠡᠭᠳᠡᠬᠦᠨ ᠪᠤᠯᠪᠠᠰᠦᠷᠠᠭᠤᠯᠬᠤ᠂ ᠬᠦᠳᠡᠯᠮᠦᠷᠢ ᠬᠦᠴᠦ ᠪᠠ ᠮᠡᠷᠭᠡᠵᠢᠯ ᠢ ᠭᠠᠳᠠᠭᠰᠢ ᠭᠠᠷᠭᠠᠬᠤ᠂ ᠯᠠᠲ᠋ᠢᠨ ᠠᠮᠧᠷᠢᠺᠡ ᠲᠢᠪ᠂ ᠠᠹᠷᠢᠺᠠ ᠲᠢᠪ᠂ ᠳᠠᠯᠠᠢ ᠶᠢᠨ ᠪᠤᠯᠤᠩ ᠤᠨ ᠤᠷᠤᠨ ᠯᠤᠭ᠎ᠠ ᠶᠢᠨ ᠠᠷᠠᠯᠵᠢᠶ᠎ᠠ ᠬᠢᠬᠦ ᠪᠠ ᠦᠪᠡᠷ ᠢᠶᠠᠨ ᠭᠠᠳᠠᠭᠠᠲᠤ ᠭᠤᠪᠢᠭᠤᠯᠭ᠎ᠠ ᠣᠯᠵᠤ ᠭᠠᠳᠠᠭᠠᠳᠤ ᠠᠴᠠ ᠪᠠᠷᠠᠭ᠎ᠠ ᠣᠷᠤᠭᠤᠯᠵᠤ ᠪᠠᠶᠢᠪᠠ᠃ ᠺᠤᠮᠫᠠᠨᠢ ᠨᠢ ᠭᠠᠳᠠᠭᠠᠲᠤ ᠳᠤ ᠬᠠᠨᠲᠤᠭᠤᠯᠤᠭᠰᠠᠨ ᠡᠵᠡᠩᠨᠡᠯᠳᠡ ᠶᠢᠨ ᠡᠷᠭᠡ ᠪᠠᠶᠢᠬᠤ ᠦᠬᠡᠢ ᠪᠤᠯᠪᠠᠴᠦ ᠦᠪᠡᠷᠲᠡᠭᠡᠨ ᠵᠠᠰᠠᠬᠤ ᠤᠷᠤᠨ ᠤ ᠶᠡᠷᠦᠩᠬᠡᠢ ᠺᠤᠮᠫᠠᠨᠢ ᠶᠢ ᠤᠷᠤᠯᠠᠨ ᠭᠦᠢᠴᠡᠳᠬᠡᠵᠦ ᠪᠤᠯᠤᠨ᠎ᠠ᠂ ᠦᠪᠡᠷᠲᠡᠭᠡᠨ ᠵᠠᠰᠠᠬᠤ ᠤᠷᠤᠨ ᠤ ᠺᠤᠮᠫᠠᠨᠢ ᠶᠢᠨ ᠨᠢᠭᠡᠲᠦᠯᠲᠠᠢ ᠲᠦᠯᠦᠪᠯᠡᠭᠡ ᠶᠢᠨ ᠲᠤᠭᠢᠷᠠᠭᠤᠯᠤᠯᠲᠠ ᠲᠤᠤᠷ᠎ᠠ ᠭᠠᠳᠠᠭᠠᠲᠦ ᠪᠠᠢ ᠠᠷᠠᠯᠵᠢᠶᠠᠨ ᠤ ᠵᠦᠪᠳᠡᠯᠴᠡᠭᠡ ᠬᠢᠵᠦ ᠠᠷᠠᠯᠵᠢᠶ᠎ᠠ ᠶᠢᠨ ᠭᠡᠷ᠎ᠡ ᠲᠤᠭᠲᠠᠵᠤ᠂ ᠭᠠᠷ ᠤᠨ ᠦᠰᠦᠭ ᠵᠢᠷᠤᠬᠤ ᠮᠡᠲᠦ ᠠᠷᠠᠯᠵᠢᠶᠠᠨ ᠤ ᠠᠵᠢᠯᠯᠠᠭ᠎ᠠ ᠬᠢᠳᠡᠭ ᠪᠠᠶᠢᠪᠠ᠃      ᠨᠠᠢᠮᠠ᠂ ᠭᠠᠳᠠᠭᠠᠲᠦ ᠠᠵᠦ ᠠᠬᠤᠢ ᠠᠷᠠᠯᠵᠢᠶᠠᠨ ᠤ ᠭᠠᠳᠠᠭᠠᠳᠤ ᠠᠴᠠ ᠤᠷᠤᠭᠤᠯᠵᠦ ᠭᠠᠷᠭᠠᠬᠤ ᠺᠤᠮᠫᠠᠨᠢ      1988 ᠤᠨ ᠤ 11 ᠰᠠᠷ᠎ᠠ ᠶᠢᠨ 28 ᠤ ᠡᠲᠦᠷ᠂ ᠤᠯᠠᠭᠠᠨᠬᠠᠳᠠ ᠬᠤᠳᠠ ᠶᠢᠨ ᠭᠠᠳᠠᠭᠠᠲᠦ ᠠᠵᠦ ᠠᠬᠤᠢ ᠠᠷᠠᠯᠵᠢᠶᠠᠨ ᠤ ᠤᠷᠤᠭᠤᠯᠵᠦ ᠭᠠᠷᠭᠠᠬᠤ ᠺᠤᠮᠫᠠᠨᠢ ᠪᠠᠶᠢᠭᠤᠯᠤᠭᠳᠠᠵᠤ᠂ ᠲᠤᠲᠤᠭᠠᠲᠦ ᠳᠤ ᠪᠠᠨ ᠭᠠᠳᠠᠭᠠᠳᠤ ᠠᠴᠠ ᠤᠷᠤᠭᠤᠯᠵᠤ ᠭᠠᠷᠭᠠᠬᠤ ᠠᠵᠢᠯ ᠤᠨ ᠬᠡᠯᠳᠡᠰ᠂ ᠨᠤᠲᠤᠭ ᠤᠨ ᠭᠠᠷᠤᠯᠲᠠ᠂ ᠮᠠᠯ ᠤᠨ ᠠᠰᠢᠭ ᠰᠢᠮ᠎ᠡ ᠶᠢᠨ ᠠᠵᠢᠯ ᠲᠦᠷᠦᠯ ᠤᠨ ᠬᠡᠯᠳᠡᠰ᠂ ᠠᠮᠤ ᠲᠤᠰᠦ ᠢᠳᠡᠭᠡᠨ ᠢ ᠭᠠᠳᠠᠭᠠᠳᠤ ᠠᠴᠠ ᠤᠷᠤᠭᠤᠯᠵᠦ ᠭᠠᠷᠭᠠᠬᠤ ᠬᠡᠯᠳᠡᠰ᠂ ᠳᠡᠮᠦᠷᠯᠢᠭ ᠠᠭᠤᠷᠬᠠᠢ ᠶᠢᠨ ᠭᠠᠷᠤᠯᠲᠠ᠂ ᠠᠵᠦ ᠤᠶᠢᠯᠡᠳᠪᠦᠷᠢ ᠶᠢᠨ ᠤᠶᠢᠯᠡᠳᠭᠦᠨ ᠢ ᠭᠠᠳᠠᠭᠠᠳᠤ ᠠᠴᠠ ᠤᠷᠤᠭᠤᠯᠵᠦ ᠭᠠᠷᠭᠠᠬᠤ ᠬᠡᠯᠳᠡᠰ᠂ ᠡᠮ ᠡᠮᠨᠡᠯᠭᠡ ᠡᠷᠡᠭᠦᠯᠵᠢᠯ ᠤᠨ ᠪᠤᠳᠠᠰ ᠢ ᠭᠠᠳᠠᠭᠠᠳᠤ ᠠᠴᠠ ᠤᠷᠤᠭᠤᠯᠵᠤ ᠭᠠᠷᠭᠠᠬᠤ ᠬᠡᠯᠳᠡᠰ ᠢ ᠪᠠᠭᠲᠠᠭᠠᠵᠤ ᠪᠠᠶᠢᠪᠠ᠃ ᠳᠠᠩᠰᠠᠯᠠᠭᠰᠠᠨ ᠪᠡᠯᠡ ᠮᠦᠩᠭᠦ ᠨᠢ 250 ᠲᠦᠮᠡᠨ ᠲᠦᠭᠦᠷᠢᠭ ᠪᠠᠶᠢᠵᠦ᠂ ᠲᠤᠰᠠᠭᠠᠷ ᠲᠣᠭᠠᠴᠠᠭ᠎ᠠ ᠬᠢᠵᠦ ᠪᠡᠶ᠎ᠡ ᠪᠠᠨ ᠳᠠᠭᠠᠭᠠᠵᠤ ᠡᠵᠡᠩᠨᠡᠨ ᠦᠪᠡᠷᠲᠡᠭᠡᠨ ᠠᠷᠠᠯᠵᠢᠶ᠎ᠠ ᠲᠤᠭᠲᠠᠵᠤ ᠭᠡᠷ᠎ᠡ ᠳᠤ ᠭᠠᠷ ᠤᠨ ᠦᠰᠦᠭ ᠵᠢᠷᠤᠵᠦ᠂ ᠭᠡᠷ᠎ᠡ ᠪᠠᠨ ᠭᠡᠷᠡᠭᠵᠢᠬᠦᠯᠦᠨ ᠬᠢᠯᠢ ᠶᠢᠨ ᠭᠠᠢᠯᠢ ᠮᠡᠳᠡᠭᠦᠯᠦᠨ ᠰᠢᠯᠭᠠᠭᠤᠯᠵᠤ᠂ ᠳᠠᠩᠰᠠ ᠪᠣᠳᠤᠵᠤ ᠪᠠᠷᠠᠭ᠎ᠠ ᠢᠯᠡᠭᠡᠳᠡᠭ ᠪᠠᠶᠢᠪᠠ᠃ ᠵᠠᠰᠠᠭ ᠵᠠᠭᠢᠷᠭ᠎ᠠ᠂ ᠲᠤᠬᠠᠶᠢᠯᠠᠭᠰᠠᠨ ᠠᠵᠢᠯ ᠨᠢ ᠴᠦᠮ ᠬᠤᠳᠠ ᠶᠢᠨ ᠠᠵᠦ ᠠᠬᠤᠢ ᠶᠢᠨ ᠠᠷᠠᠯᠵᠢᠶᠠᠨ ᠤ ᠲᠤᠪᠴᠢᠶᠠᠠ ᠳᠤ ᠬᠠᠷᠢᠶᠠᠯᠠᠭᠳᠠᠵᠤ᠂ 1990 ᠤᠨ ᠤ ᠰᠡᠭᠦᠯᠴᠢ ᠪᠣᠯᠬᠤ ᠳᠤ 27 ᠺᠠᠳ᠋ᠷ ᠠᠵᠢᠯᠲᠠᠨ ᠲᠠᠢ ᠪᠠᠶᠢᠪᠠ᠃ᠺᠤᠮᠫᠠᠨᠢ ᠨᠢ ᠡᠵᠡᠩᠨᠡᠯᠳᠡ ᠶᠢᠨ ᠲᠠᠯ᠎ᠠ ᠪᠠᠷ ᠠᠮᠤ ᠲᠤᠰᠦ ᠢᠳᠡᠭᠡᠨ᠂ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ᠂ ᠨᠡᠬᠡᠮᠡᠯ᠂ ᠬᠦᠩᠭᠡᠨ ᠠᠵᠦ ᠤᠶᠢᠯᠡᠳᠪᠦᠷᠢ᠂ ᠭᠠᠷ ᠤᠷᠠᠯᠠᠯ᠂ ᠬᠢᠮᠢ ᠶᠢᠨ ᠠᠵᠦ ᠤᠶᠢᠯᠡᠳᠪᠦᠷᠢ ᠶᠢᠨ ᠪᠦᠲᠦᠭᠡᠭᠳᠡᠬᠦᠨ᠂ ᠮᠠᠰᠢᠨ ᠮᠧᠬᠠᠨᠢᠭ᠂ ᠡᠮ ᠡᠮᠨᠡᠯᠭᠡ᠂ ᠳᠡᠮᠦᠷᠯᠢᠭ ᠪᠠ ᠠᠭᠤᠷᠬᠠᠢ ᠶᠢᠨ ᠭᠠᠷᠤᠯᠲᠠ᠂ ᠦᠩᠭᠡᠲᠦ ᠳᠡᠮᠦᠷᠯᠢᠭ ᠵᠡᠷᠭᠡ ᠭᠠᠳᠠᠭᠠᠲᠦ ᠳᠤ ᠭᠠᠷᠭᠠᠬᠤ ᠲᠠᠸᠠᠷ ᠢ ᠬᠤᠳᠠᠯᠲᠤᠨ ᠠᠪᠬᠤ᠂ ᠪᠤᠯᠪᠠᠰᠦᠷᠠᠭᠤᠯᠬᠤ᠂ ᠲᠤᠭᠢᠷᠠᠭᠤᠯᠬᠤ᠂ ᠬᠦᠮᠦᠷᠭᠡᠯᠡᠬᠦ᠂ ᠳᠡᠭᠡᠭᠡᠪᠦᠷᠢᠯᠡᠬᠦ ᠠᠵᠢᠯ ᠡᠷᠬᠢᠯᠡᠵᠦ ᠪᠠᠶᠢᠪᠠ᠃      ᠭᠤᠷᠪᠠᠳᠤᠭᠠᠷ ᠲᠦᠷᠦᠯ ᠤᠨ ᠲᠠᠸᠠᠷ ᠢ ᠰᠢᠭᠤᠳ ᠭᠠᠳᠠᠭᠠᠲᠤ ᠶᠢ ᠭᠠᠷᠭᠠᠬᠤ ᠪᠠ ᠳᠡᠭᠡᠷ᠎ᠡ ᠲᠤᠷᠠᠲᠤᠭᠰᠠᠨ ᠲᠦᠷᠦᠯ ᠤᠨ ᠲᠠᠸᠠᠷ ᠢ ᠲᠤᠲᠤᠭᠠᠲᠦ ᠳᠤ ᠪᠣᠷᠤᠯᠠᠭᠤᠯᠬᠤ ᠠᠵᠢᠯ ᠢ ᠡᠵᠡᠩᠨᠡᠵᠦ᠂ ︽ᠪᠣᠷᠤᠯᠠᠭᠤᠯᠬᠤ ᠠᠵᠢᠯ ᠪᠠ ᠨᠥᠬᠦᠪᠦᠷᠢ ᠠᠷᠠᠯᠵᠢᠶ᠎ᠠ︾ ᠡᠷᠭᠢᠯᠡᠵᠦ᠂ ᠭᠠᠳᠠᠭᠠᠲᠦ ᠲᠠᠢ ᠪᠡᠯᠡ ᠨᠡᠶᠢᠯᠡᠭᠦᠯᠦᠨ ᠡᠵᠡᠩᠨᠡᠬᠦ ᠪᠣᠶᠣ ᠬᠠᠮᠲᠤᠷᠠᠨ ᠡᠵᠡᠩᠨᠡᠵᠦ᠂ ᠦᠪᠡᠷ ᠤᠨ ᠭᠠᠳᠠᠭᠠᠲᠦ ᠭᠤᠪᠢᠭᠤᠯᠭ᠎ᠠ ᠪᠠᠷ ᠪᠠᠷᠠᠭ᠎ᠠ ᠣᠷᠤᠭᠤᠯᠬᠤ ᠪᠠ ᠪᠣᠰᠤᠳ ᠨᠢᠭᠡᠴᠢ ᠶᠢ ᠣᠷᠤᠯᠠᠨ ᠭᠠᠳᠠᠭᠠᠲᠦ ᠠᠴᠠ ᠤᠷᠤᠭᠤᠯᠬᠤ ᠠᠵᠢᠯ ᠦᠷᠨᠢᠭᠦᠯᠵᠦ ᠪᠠᠶᠢᠪᠠ᠃      1989 ᠤᠨ ᠳᠤ ᠠᠵᠢᠯ ᠢᠶᠠᠨ ᠡᠭᠢᠯᠡᠭᠦᠯᠵᠦ᠂ 1990 ᠤᠨ ᠤ 4 ᠰᠠᠷ᠎ᠠ ᠳᠤ ᠲᠤᠰᠠᠭᠠᠷ ᠲᠣᠭᠠᠴᠠᠭ᠎ᠠ ᠬᠢᠵᠦ᠂ ᠲᠠᠸᠠᠷ ᠤᠨ ᠪᠤᠷᠤᠯᠠᠭᠤᠯᠭ᠎ᠠ ᠶᠢᠨ ᠬᠡᠮᠵᠢᠶ᠎ᠡ ᠨᠢ 843.78 ᠲᠦᠮᠡᠨ ᠲᠦᠭᠦᠷᠢᠭ᠂ ᠠᠰᠢᠭ ᠤᠷᠤᠯᠭ᠎ᠠ ᠨᠢ 0.12 ᠲᠦᠮᠡᠨ ᠲᠦᠭᠦᠷᠢᠭ᠂ ᠵᠠᠷᠤᠳᠠᠯ ᠤᠨ ᠨᠣᠷᠮ᠎ᠠ ᠨᠢ 4.19%᠂ ᠪᠡᠯᠡ ᠮᠦᠩᠭᠦᠨ ᠤ ᠡᠷᠭᠢᠯᠳᠡ ᠶᠢᠨ ᠨᠤᠷᠮ᠎ᠠ ᠨᠢ 3.23 ᠤᠳᠠᠭ᠎ᠠ ᠳᠤ ᠬᠦᠷᠦᠭᠰᠡᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ