ᠨᠢᠭᠡᠲᠦᠭᠡᠷ ᠪᠦᠯᠦᠭ ᠪᠦᠲᠦᠴᠡ ᠪᠠᠶᠢᠭᠤᠯᠤᠮᠵᠢ | ᠨᠢᠭᠡᠲᠦᠭᠡᠷ ᠬᠡᠰᠡᠭ ᠡᠵᠡᠩᠨᠡᠯᠳᠡ ᠶᠢᠨ ᠪᠦᠲᠦᠴᠡ | ᠨᠢᠭᠡ᠂ ᠤᠯᠠᠭᠠᠨᠬᠠᠳᠠ ᠬᠤᠳᠠ ᠶᠢᠨ ᠭᠠᠳᠠᠭᠠᠲᠦ ᠠᠵᠦ ᠠᠬᠤᠢ ᠠᠷᠠᠯᠵᠢᠶᠠᠨ ᠤ ᠺᠤᠮᠫᠠᠨᠢ | ᠤᠯᠠᠭᠠᠨᠬᠠᠳᠠ ᠬᠤᠳᠠ ᠶᠢᠨ ᠭᠠᠳᠠᠭᠠᠲᠦ ᠠᠵᠦ ᠠᠬᠤᠢ ᠠᠷᠠᠯᠵᠢᠶᠠᠨ ᠤ ᠺᠤᠮᠫᠠᠨᠢ ᠶᠢᠨ ᠶᠢ ᠡᠬᠢᠯᠡᠵᠦ ᠪᠠᠶᠢᠭᠤᠯᠬᠤ ᠳᠠᠭᠠᠨ ᠵᠤᠤ ᠤᠳᠠ ᠠᠶᠢᠮᠠᠭ ᠤᠨ ᠮᠠᠯ ᠤᠨ | ᠠᠰᠢᠭ ᠰᠢᠮ᠎ᠡ ᠶᠢᠨ ᠺᠤᠮᠫᠠᠨᠢ ᠭᠡᠵᠦ ᠪᠠᠶᠢᠪᠠ᠃ ᠪᠠᠶᠢᠭᠤᠯᠤᠮᠵᠢ ᠶᠢᠨ ᠨᠡᠷ᠎ᠡ ᠪᠤᠯᠤᠨ ᠬᠠᠷᠢᠶᠠᠯᠠᠭᠳᠠᠬᠤ ᠬᠠᠷᠢᠴᠠᠭ᠎ᠠ ᠨᠢ ᠭᠡᠲᠦ ᠤᠳᠠᠭ᠎ᠠ ᠬᠤᠪᠢᠷᠠᠭᠰᠠᠨ ᠪᠠᠶᠢᠨ᠎ᠠ᠄ | 1951 ᠤᠨ ᠤ 4 ᠰᠠᠷ᠎ᠠ ᠶᠢᠨ 20 ᠳᠤ᠂ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠭᠡᠵᠦ ᠪᠠᠭᠠᠷᠢᠨ ᠵᠡᠭᠦᠨ ᠬᠤᠰᠢᠭᠤᠨ ᠤ | ᠯᠢᠨᠳᠦ᠋ᠩ ᠪᠠᠯᠭᠠᠰᠦᠨ ᠳᠤ ᠪᠠᠶᠢᠭᠤᠯᠪᠠ᠂ ᠲᠡᠷᠡ ᠨᠢ ᠭᠠᠳᠠᠭᠠᠲᠦ ᠲᠤᠲᠤᠭᠠᠲᠦ ᠠᠷᠠᠯᠵᠢᠶ᠎ᠠ ᠶᠢ ᠬᠠᠪᠰᠦᠷᠭᠠᠨ ᠡᠵᠡᠩᠨᠡᠭᠰᠡᠨ ᠤᠯᠤᠰ ᠤᠨ ᠬᠤᠳᠠᠯᠲᠤᠭᠠᠨ ᠤ | ᠶᠠᠪᠤᠳᠠᠯ ᠤᠨ ᠪᠠᠶᠢᠭᠤᠯᠤᠮᠵᠢ ᠪᠤᠯᠬᠤ ᠶᠤᠮ᠃ ᠳᠡᠭᠦᠨ ᠤ ᠡᠵᠡᠩᠨᠡᠬᠦ ᠬᠡᠪᠴᠢᠶ᠎ᠡ ᠨᠢ ᠮᠠᠯ ᠤᠨ ᠠᠰᠢᠭ ᠰᠢᠮ᠎ᠡ᠂ ᠨᠤᠲᠤᠭ ᠤᠨ ᠤᠨᠴᠠ ᠭᠠᠷᠤᠯᠲᠠ᠂ ᠲᠤᠰᠤᠯᠢᠭ | ᠮᠠᠲ᠋ᠧᠷᠢᠶᠠᠯ᠂ ᠡᠮ ᠤᠨ ᠮᠠᠲ᠋ᠧᠷᠢᠶᠠᠯ ᠢ ᠬᠤᠳᠠᠯᠲᠤᠨ ᠠᠪᠬᠤ᠂ ᠲᠤᠭᠢᠷᠠᠭᠤᠯᠤᠨ ᠦᠭᠬᠦ᠂ ᠭᠠᠳᠠᠭᠰᠢ ᠭᠠᠷᠭᠠᠬᠤ᠂ ᠲᠤᠲᠤᠭᠠᠲᠦ ᠳᠤ ᠪᠠᠨ ᠪᠤᠷᠤᠯᠠᠭᠤᠯᠬᠤ ᠵᠡᠷᠭᠡ | ᠲᠤᠬᠠᠶᠢᠯᠠᠭᠰᠠᠨ ᠠᠵᠢᠯ ᠢ ᠪᠠᠭᠲᠠᠭᠠᠵᠤ᠂ ᠦᠪᠦᠷ ᠮᠤᠩᠭᠤᠯ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠪᠤᠯᠤᠨ ᠠᠶᠢᠮᠠᠭ ᠤᠨ ᠠᠵᠦ ᠤᠶᠢᠯᠡᠳᠪᠦᠷᠢ ᠬᠤᠳᠠᠯᠲᠤᠭᠠᠨ ᠤ | ᠭᠠᠵᠠᠷ ᠲᠤ ᠬᠠᠷᠢᠶᠠᠯᠠᠭᠳᠠᠵᠤ ᠪᠠᠶᠢᠪᠠ᠃ ᠺᠤᠮᠫᠠᠨᠢ ᠶᠢᠨ ᠲᠤᠤᠷ᠎ᠠ ᠨᠢ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠯᠢᠨᠰᠢ ᠳᠠᠬᠢ ᠭᠤᠤᠯ | ᠺᠤᠮᠫᠠᠨᠢ᠂ ᠠᠷᠦ ᠬᠤᠷᠴᠢᠨ ᠬᠤᠰᠢᠭᠤ ᠪᠤᠯᠤᠨ ᠪᠠᠭᠠᠷᠢᠨ ᠪᠠᠷᠠᠭᠤᠨ ᠬᠤᠰᠢᠭᠤᠨ ᠳᠠᠬᠢ ᠮᠠᠯ ᠤᠨ ᠠᠰᠢᠭ ᠰᠢᠮ᠎ᠡ ᠶᠢ ᠡᠵᠡᠩᠨᠡᠬᠦ ᠭᠠᠵᠠᠷ ᠪᠠ ᠵᠤᠤ ᠤᠳᠠ ᠠᠶᠢᠮᠠᠭ ᠤᠨ | ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠮᠠᠯ ᠠᠵᠦ ᠠᠬᠤᠢ ᠶᠢᠨ ᠳᠠᠯᠠᠪᠠᠢ ᠭᠡᠵᠦ ᠪᠠᠶᠢᠪᠠ᠃ ᠯᠢᠨᠰᠢ ᠳᠠᠬᠢ ᠭᠤᠤᠯ ᠺᠤᠮᠫᠠᠨᠢ ᠨᠢ ᠯᠢᠨᠰᠢ ᠶᠢᠨ ᠳᠠᠪᠢᠨ ᠠᠶᠢᠯ᠂ | ᠭᠡᠰᠢᠭᠲᠡᠨ ᠬᠤᠰᠢᠭᠤᠨ ᠤ ᠬᠤᠳᠠᠯᠲᠤᠨ ᠠᠪᠴᠦ ᠪᠤᠷᠤᠯᠠᠭᠤᠯᠬᠤ ᠳᠡᠯᠭᠡᠭᠦᠷ ᠢ ᠰᠢᠭᠤᠳ ᠬᠠᠮᠢᠶᠠᠷᠴᠦ ᠪᠠᠶᠢᠪᠠ᠃ | 1953 ᠤᠨ ᠤ 4 ᠰᠠᠷ᠎ᠠ ᠳᠤ᠂ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢ ᠵᠤᠤ ᠤᠳᠠ ᠠᠶᠢᠮᠠᠭ ᠤᠨ ᠢᠳᠡᠭᠡᠨ ᠤ ᠺᠤᠮᠫᠠᠨᠢ ᠪᠠ | ᠵᠤᠤ ᠤᠳᠠ ᠠᠶᠢᠮᠠᠭ ᠤᠨ ᠨᠤᠲᠤᠭ ᠤᠨ ᠤᠨᠴᠠ ᠭᠠᠷᠤᠯᠲᠠ ᠶᠢᠨ ᠺᠤᠮᠫᠠᠨᠢ ᠬᠡᠵᠦ ᠬᠤᠪᠢᠶᠠᠪᠠ᠃ ᠡᠭᠦᠨ ᠠᠴᠠ ᠭᠠᠳᠠᠨ᠎ᠠ ᠳᠤᠮᠳᠠᠲᠦ ᠤᠯᠤᠰ ᠤᠨ ᠮᠠᠯ ᠤᠨ ᠠᠰᠢᠭ | ᠰᠢᠮ᠎ᠡ ᠶᠢᠨ ᠺᠤᠮᠫᠠᠨᠢ ᠶᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠪᠢᠶᠠᠷᠢ ᠺᠤᠮᠫᠠᠨᠢ ᠶᠢᠨ ᠪᠠᠭᠠᠷᠢᠨ ᠵᠡᠭᠦᠨ ᠬᠤᠰᠢᠭᠤᠨ ᠳᠠᠬᠢ ᠰᠠᠯᠪᠤᠷᠢ | ᠺᠤᠮᠫᠠᠨᠢ ᠶᠢ ᠪᠠᠶᠢᠭᠤᠯᠪᠠ᠃ | 1954 ᠤᠨ ᠤ 7 ᠰᠠᠷ᠎ᠠ ᠳᠤ᠂ ᠳᠤᠮᠳᠠᠲᠦ ᠤᠯᠤᠰ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠬᠤᠪᠢᠶᠠᠷᠢ ᠺᠤᠮᠫᠠᠨᠢ ᠶᠢᠨ ᠵᠤᠤ ᠤᠳᠠ ᠠᠶᠢᠮᠠᠭ ᠤᠨ ᠰᠠᠯᠪᠤᠷᠢ ᠺᠤᠮᠫᠠᠨᠢ ᠶᠢ ᠪᠠᠶᠢᠭᠤᠯᠪᠠ᠃ ᠺᠤᠮᠫᠠᠨᠢ ᠶᠢᠨ ᠲᠤᠤᠷ᠎ᠠ ᠨᠢ ᠬᠤᠳᠠᠯᠲᠤᠨ ᠠᠪᠬᠤ ᠳᠡᠯᠭᠡᠭᠦᠷ ᠲᠠᠢ ᠪᠠᠶᠢᠪᠠ᠂ | ᠯᠢᠨᠰᠢ ᠶᠢᠨ ᠮᠠᠯ ᠤᠨ ᠠᠰᠢᠭ ᠰᠢᠮ᠎ᠡ ᠶᠢᠨ ᠰᠠᠯᠪᠤᠷᠢ ᠺᠤᠮᠫᠠᠨᠢ ᠨᠢ ᠪᠠᠭᠠᠷᠢᠨ ᠵᠡᠭᠦᠨ ᠬᠤᠰᠢᠭᠤᠨ ᠤ ᠮᠠᠯ ᠤᠨ ᠠᠰᠢᠭ ᠰᠢᠮ᠎ᠡ ᠶᠢᠨ ᠰᠠᠯᠪᠤᠷᠢ ᠺᠤᠮᠫᠠᠨᠢ᠂ ᠠᠷᠦ ᠬᠤᠷᠴᠢᠨ | ᠬᠤᠰᠢᠭᠤ ᠪᠠ ᠭᠡᠰᠢᠭᠲᠡᠨ ᠬᠤᠰᠢᠭᠤᠨ ᠤ ᠮᠠᠯ ᠤᠨ ᠠᠰᠢᠭ ᠰᠢᠮ᠎ᠡ ᠶᠢ ᠡᠵᠡᠩᠨᠡᠬᠦ ᠭᠠᠵᠠᠷ ᠲᠠᠢ ᠪᠠᠶᠢᠵᠤ᠂ ᠲᠦᠩᠯᠢᠶᠤᠤ ᠬᠤᠳᠠ ᠳᠤ ᠳᠠᠮᠵᠢᠭᠤᠯᠤᠨ ᠵᠦᠭᠡᠭᠡᠪᠦᠷᠢᠯᠡᠬᠦ | ᠦᠷᠳᠡᠭᠡ ᠪᠠᠶᠢᠭᠤᠯᠤᠭᠰᠠᠨ ᠪᠠᠶᠢᠨ᠎ᠠ᠃ | 1955 ᠤᠨ ᠤ 11 ᠰᠠᠷ᠎ᠠ ᠶᠢᠨ 28 ᠤ ᠡᠲᠦᠷ᠂ ᠵᠤᠤ ᠤᠳᠠ ᠠᠶᠢᠮᠠᠭ ᠤᠨ ᠰᠠᠯᠪᠤᠷᠢ ᠺᠤᠮᠫᠠᠨᠢ ᠨᠢ ᠯᠢᠨᠳᠥ᠋ᠩ ᠠᠴᠠ ᠤᠯᠠᠭᠠᠨᠬᠠᠳᠠ ᠳᠤ ᠰᠢᠯᠵᠢᠵᠦ᠂ | ᠠᠷᠦ ᠬᠤᠷᠴᠢᠨ ᠬᠤᠰᠢᠭᠤᠨ ᠤ ᠮᠠᠯ ᠤᠨ ᠠᠰᠢᠭ ᠰᠢᠮ᠎ᠡ ᠶᠢᠨ ᠡᠵᠡᠩᠨᠡᠬᠦ ᠭᠠᠵᠠᠷ ᠤᠨ ᠨᠡᠷ᠎ᠡ ᠶᠢ ᠠᠷᠦ ᠬᠤᠷᠴᠢᠨ ᠬᠤᠰᠢᠭᠤᠨ ᠤ ᠮᠠᠯ ᠤᠨ ᠠᠰᠢᠭ ᠰᠢᠮ᠎ᠡ ᠶᠢᠨ | ᠰᠠᠯᠪᠤᠷᠢ ᠺᠤᠮᠫᠠᠨᠢ ᠬᠡᠵᠦ ᠦᠭᠡᠷᠡᠴᠢᠯᠡᠨ ᠲᠦᠩᠯᠢᠶᠤᠤ ᠶᠢᠨ ᠳᠠᠮᠵᠢᠭᠤᠯᠤᠨ ᠵᠦᠭᠡᠭᠡᠪᠦᠷᠢᠯᠡᠬᠦ ᠦᠷᠳᠡᠭᠡ ᠶᠢ ᠬᠠᠰᠤᠪᠠ᠃ 1955 ᠤᠨ ᠤ ᠡᠴᠦᠰ ᠪᠤᠯᠲᠠᠯ᠎ᠠ᠂ ᠵᠤᠤ | ᠤᠳᠠ ᠠᠶᠢᠮᠠᠭ ᠤᠨ ᠰᠠᠯᠪᠤᠷᠢ ᠺᠤᠮᠫᠠᠨᠢ ᠶᠢᠨ ᠲᠤᠤᠷ᠎ᠠ ᠪᠠᠭᠠᠷᠢᠨ ᠵᠡᠭᠦᠨ ᠬᠤᠰᠢᠭᠤ᠂ ᠯᠢᠨᠰᠢ ᠰᠢᠶᠠᠨ᠂ ᠠᠷᠦ ᠬᠤᠷᠴᠢᠨ ᠬᠤᠰᠢᠭᠤ᠂ ᠤᠯᠠᠭᠠᠨᠬᠠᠳᠠ ᠰᠢᠶᠠᠨ ᠵᠡᠷᠭᠡ | ᠮᠠᠯ ᠤᠨ ᠠᠰᠢᠭ ᠰᠢᠮ᠎ᠡ ᠶᠢᠨ ᠰᠠᠯᠪᠤᠷᠢ ᠺᠤᠮᠫᠠᠨᠢ ᠲᠠᠢ ᠪᠠᠶᠢᠪᠠ᠃ | 1956 ᠤᠨ ᠤ 6 ᠰᠠᠷ᠎ᠠ ᠶᠢᠨ 1 ᠤ ᠡᠲᠦᠷ᠂ ᠳᠤᠮᠳᠠᠲᠦ ᠤᠯᠤᠰ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢᠨ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠬᠤᠪᠢᠶᠠᠷᠢ ᠺᠤᠮᠫᠠᠨᠢ ᠶᠢᠨ ᠵᠤᠤ ᠤᠳᠠ ᠠᠶᠢᠮᠠᠭ ᠤᠨ ᠭᠤᠤᠯ ᠰᠠᠯᠪᠤᠷᠢ ᠺᠤᠮᠫᠠᠨᠢ ᠪᠠᠨ ᠵᠤᠤ ᠤᠳᠠ ᠠᠶᠢᠮᠠᠭ ᠤᠨ ᠲᠠᠷᠢᠶᠠᠯᠠᠩ ᠤᠨ ᠭᠠᠷᠤᠯᠲᠠ | ᠬᠤᠳᠠᠯᠲᠤᠨ ᠠᠪᠬᠤ ᠲᠤᠪᠴᠢᠶ᠎ᠠ ᠬᠡᠮᠡᠨ ᠦᠭᠡᠷᠡᠴᠢᠯᠡᠨ᠂ ᠦᠪᠦᠷ ᠮᠤᠩᠭᠤᠯ ᠤᠨ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠢᠩᠬᠢᠮ ᠳᠤ | ᠬᠠᠷᠢᠶᠠᠯᠠᠭᠤᠯᠪᠠ᠃ ᠡᠭᠦᠨ ᠤ ᠬᠠᠮᠲᠦ᠂ ᠯᠢᠨᠰᠢ᠂ ᠪᠠᠭᠠᠷᠢᠨ ᠵᠡᠭᠦᠨ ᠬᠤᠰᠢᠭᠤ᠂ ᠠᠷᠦ ᠬᠤᠷᠴᠢᠨ ᠬᠤᠰᠢᠭᠤ᠂ ᠤᠯᠠᠭᠠᠨᠬᠠᠳᠠ ᠰᠢᠶᠠᠨ ᠤ ᠰᠠᠯᠪᠤᠷᠢ ᠺᠤᠮᠫᠠᠨᠢ ᠶᠢ | ᠦᠭᠡᠷᠡᠴᠢᠯᠡᠭᠡᠳ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠪᠤᠯᠭᠠᠵᠦ᠂ 1956 ᠤᠨ ᠤ ᠡᠴᠦᠰ ᠪᠤᠯᠲᠠᠯ᠎ᠠ ᠪᠠᠭᠠᠷᠢᠨ ᠪᠠᠷᠠᠭᠤᠨ ᠬᠤᠰᠢᠭᠤ | ᠂ ᠤᠩᠨᠢᠭᠤᠳ ᠬᠤᠰᠢᠭᠤ᠂ ᠬᠠᠷᠠᠴᠢᠨ ᠬᠤᠰᠢᠭᠤ᠂ ᠨᠢᠩᠴᠧᠩ ᠰᠢᠶᠠᠨ ᠨᠢ ᠵᠠᠯᠭᠠᠯᠳᠤᠭ᠎ᠠ ᠪᠠᠷ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ | ᠪᠠᠶᠢᠭᠤᠯᠤᠭᠰᠠᠨ ᠪᠠᠶᠢᠨ᠎ᠠ᠃ | 1957 ᠤᠨ ᠤ 1 ᠰᠠᠷ᠎ᠠ ᠶᠢᠨ 5 ᠤ ᠡᠲᠦᠷ᠂ ᠵᠤᠤ ᠤᠳᠠ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠶᠢ ᠬᠠᠰᠤᠵᠤ | ᠂ ᠤᠯᠠᠭᠠᠨᠬᠠᠳᠠ ᠶᠢᠨ ᠮᠠᠯ ᠤᠨ ᠠᠰᠢᠭ ᠰᠢᠮ᠎ᠡ ᠶᠢ ᠬᠤᠳᠠᠯᠲᠤᠨ ᠠᠪᠬᠤ ᠬᠠᠩᠭᠠᠬᠤ ᠦᠷᠳᠡᠭᠡ ᠪᠠᠶᠢᠭᠤᠯᠵᠦ᠂ ᠠᠶᠢᠮᠠᠭ ᠤᠨ ᠨᠤᠲᠤᠭ ᠤᠨ ᠭᠠᠷᠤᠯᠲᠠ ᠶᠢᠨ | ᠺᠤᠮᠫᠠᠨᠢ ᠲᠠᠢ ᠨᠡᠶᠢᠯᠡᠭᠦᠯᠵᠦ᠂ ᠠᠶᠢᠮᠠᠭ ᠤᠨ ᠬᠠᠩᠭᠠᠨ ᠪᠤᠷᠤᠯᠠᠭᠤᠯᠬᠤ ᠬᠤᠷᠰᠢᠶᠠᠨ ᠳᠤ ᠬᠠᠷᠢᠶᠠᠯᠠᠭᠤᠯᠤᠭᠰᠠᠨ ᠪᠠᠶᠢᠨ᠎ᠠ᠃ ᠡᠭᠦᠨ ᠤ ᠬᠠᠮᠲᠦ᠂ ᠪᠦᠭᠦ᠋ᠢᠯᠡ ᠬᠤᠰᠢᠭᠤ | ᠰᠢᠶᠠᠨ ᠤ ᠲᠠᠷᠢᠶᠠᠯᠠᠩ ᠤᠨ ᠪᠦᠲᠦᠭᠡᠭᠳᠡᠭᠦᠨ ᠬᠤᠳᠠᠯᠲᠤᠨ ᠠᠪᠬᠤ ᠲᠤᠪᠴᠢᠶ᠎ᠠ ᠶᠢ ᠬᠠᠰᠤᠵᠤ᠂ ᠲᠤᠬᠠᠢ ᠶᠢᠨ ᠭᠠᠵᠠᠷ ᠤᠨ ᠬᠠᠩᠭᠠᠨ ᠪᠤᠷᠤᠯᠠᠭᠤᠯᠬᠤ ᠬᠤᠷᠰᠢᠶ᠎ᠠ ᠲᠠᠢ | ᠨᠡᠶᠢᠯᠡᠭᠦᠯᠦᠭᠰᠡᠨ ᠪᠠᠶᠢᠨ᠎ᠠ᠃ | 1958 ᠤᠨ ᠳᠤ᠂ ᠮᠠᠯ ᠤᠨ ᠠᠰᠢᠭ ᠰᠢᠮ᠎ᠡ ᠶᠢ ᠬᠤᠳᠠᠯᠲᠤᠨ ᠠᠪᠬᠤ ᠬᠠᠩᠭᠠᠬᠤ ᠦᠷᠳᠡᠭᠡ ᠨᠢ ᠬᠠᠩᠭᠠᠨ ᠪᠤᠷᠤᠯᠠᠭᠤᠯᠬᠤ ᠬᠤᠷᠰᠢᠶ᠎ᠠ ᠠᠴᠠ ᠰᠠᠯᠤᠨ | ᠭᠠᠷᠴᠦ᠂ ᠦᠪᠦᠷ ᠮᠤᠩᠭᠤᠯ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠪᠠ᠃ ᠳᠤᠰ ᠵᠢᠯ ᠤᠨ 12 ᠰᠠᠷ᠎ᠠ ᠶᠢᠨ 5 ᠳᠤ ᠤᠯᠠᠭᠠᠨᠬᠠᠳᠠ ᠶᠢᠨ | ᠮᠠᠯ ᠤᠨ ᠠᠰᠢᠭ ᠰᠢᠮ᠎ᠡ ᠬᠤᠳᠠᠯᠲᠤᠨ ᠠᠪᠬᠤ ᠬᠠᠩᠭᠠᠬᠤ ᠦᠷᠳᠡᠭᠡ ᠨᠢ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠭᠡᠳᠡᠭ ᠨᠡᠷ᠎ᠡ ᠪᠠᠨ | ᠰᠡᠷᠭᠦᠭᠡᠵᠦ᠂ ᠵᠤᠤ ᠤᠳᠠ ᠠᠶᠢᠮᠠᠭ ᠤᠨ ᠵᠠᠭᠢᠷᠭ᠎ᠠ ᠶᠢᠨ ᠭᠠᠳᠠᠭᠠᠳᠤ ᠠᠷᠠᠯᠵᠢᠶᠠᠨ ᠤ ᠬᠡᠷᠡᠭ ᠡᠷᠭᠢᠯᠡᠬᠦ ᠭᠠᠵᠠᠷ ᠲᠠᠢ ᠬᠠᠮᠲᠤᠷᠠᠨ ᠠᠯᠪᠠᠯᠠᠵᠦ᠂ ᠵᠠᠰᠠᠭ ᠵᠠᠭᠢᠷᠭ᠎ᠠ ᠠᠵᠦ | ᠠᠬᠤᠶᠢᠯᠠᠯ ᠬᠠᠮᠲᠤᠷᠠᠵᠤ᠂ ᠵᠤᠤ ᠤᠳᠠ ᠠᠶᠢᠮᠠᠭ ᠤᠨ ᠬᠤᠳᠠᠯᠲᠤᠭᠠᠨ ᠤ ᠲᠤᠪᠴᠢᠶ᠎ᠠ ᠳᠤ ᠬᠠᠷᠢᠶᠠᠯᠠᠭᠳᠠᠵᠦ ᠪᠠᠶᠢᠪᠠ᠃ | 1962 ᠤᠨ ᠤ 1 ᠰᠠᠷ᠎ᠠ ᠳᠤ᠂ ᠤᠯᠠᠭᠠᠨᠬᠠᠳᠠ ᠶᠢᠨ ᠪᠠᠷᠠᠭ᠎ᠠ ᠬᠢᠨᠠᠨ ᠰᠢᠯᠭᠠᠬᠤ ᠭᠠᠵᠠᠷ ᠪᠠᠶᠢᠭᠤᠯᠵᠦ᠂ ᠵᠠᠰᠠᠭ ᠵᠠᠭᠢᠷᠭ᠎ᠠ ᠶᠢᠨ ᠲᠠᠯ᠎ᠠ ᠪᠠᠷ ᠵᠤᠤ ᠤᠳᠠ | ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ ᠮᠤᠩᠭᠤᠯ ᠤᠨ ᠪᠠᠷᠠᠭ᠎ᠠ ᠬᠢᠨᠠᠨ | ᠰᠢᠯᠭᠠᠬᠤ ᠲᠣᠪᠴᠢᠶ᠎ᠠ ᠳᠤ ᠬᠠᠷᠢᠶᠠᠯᠠᠭᠳᠠᠵᠤ ᠪᠠᠶᠢᠪᠠ᠃ | 1968 ᠤᠨ ᠤ 8 ᠰᠠᠷ᠎ᠠ ᠳᠤ᠂ ᠵᠤᠤ ᠤᠳᠠ ᠠᠶᠢᠮᠠᠭ ᠤᠨ ᠮᠠᠯ ᠤᠨ ᠠᠰᠢᠭ ᠰᠢᠮ᠎ᠡ ᠶᠢᠨ ᠺᠤᠮᠫᠠᠨᠢ ᠶᠢ ᠦᠭᠡᠷᠡᠴᠢᠯᠡᠨ ︽ᠵᠤᠤ ᠤᠳᠠ ᠠᠶᠢᠮᠠᠭ ᠤᠨ | ᠭᠠᠳᠠᠭᠠᠲᠦ ᠠᠷᠠᠯᠵᠢᠶᠠᠨ ᠤ ᠺᠤᠮᠫᠠᠨᠢ︾ ᠪᠤᠯᠭᠠᠪᠠ᠃ ᠡᠭᠦᠨ ᠤ ᠬᠠᠮᠲᠦ ᠪᠠᠷᠠᠭ᠎ᠠ ᠬᠢᠨᠠᠨ ᠰᠢᠯᠭᠠᠬᠤ ᠭᠠᠵᠠᠷ ᠪᠠ ᠠᠶᠢᠮᠠᠭ ᠤᠨ ᠭᠠᠳᠠᠭᠠᠲᠦ ᠠᠷᠠᠯᠵᠢᠶᠠᠨ ᠤ ᠺᠤᠮᠫᠠᠨᠢ ᠶᠢ | ᠨᠡᠶᠢᠯᠡᠭᠦᠯᠵᠦ᠂ ᠴᠦᠮ ᠠᠶᠢᠮᠠᠭ ᠤᠨ ᠬᠤᠳᠠᠯᠲᠤᠭᠠᠨ ᠤ ᠲᠤᠪᠴᠢᠶ᠎ᠠ ᠳᠤ ᠬᠠᠷᠢᠶᠠᠯᠠᠭᠤᠯᠪᠠ᠃ | 1969 ᠤᠨ ᠤ 8 ᠰᠠᠷ᠎ᠠ ᠳᠤ᠂ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠦ ᠪᠠᠶᠢᠭᠰᠠᠨ ᠨᠤᠲᠤᠭ ᠤᠨ ᠭᠠᠷᠤᠯᠲᠠ ᠮᠠᠯ ᠤᠨ | ᠠᠰᠢᠭ ᠰᠢᠮ᠎ᠡ᠂ ᠠᠮᠤ ᠲᠤᠰᠦ ᠢᠳᠡᠭᠡᠨ᠂ ᠳᠡᠮᠦᠷᠯᠢᠭ ᠠᠭᠤᠷᠬᠠᠢ ᠶᠢᠨ ᠭᠠᠷᠤᠯᠲᠠ᠂ ᠠᠵᠦ ᠤᠶᠢᠯᠡᠳᠪᠦᠷᠢ ᠶᠢᠨ ᠤᠶᠢᠯᠡᠳᠭᠦᠨ ᠵᠡᠷᠭᠡ ᠳᠤᠰᠬᠠᠢ ᠮᠡᠷᠭᠡᠵᠢᠯ ᠤᠨ | ᠰᠠᠯᠠᠭ᠎ᠠ ᠶᠢ ᠬᠠᠰᠤᠵᠤ᠂ ᠠᠶᠢᠮᠠᠭ ᠤᠨ ᠤᠷᠤᠨ ᠲᠤᠭ᠎ᠠ ᠶᠢᠨ ᠵᠦᠪᠯᠡᠯ ᠤᠨ ᠵᠦᠪᠰᠢᠶᠡᠷᠡᠯ ᠢᠶᠠᠷ ᠭᠠᠳᠠᠭᠠᠲᠦ ᠠᠴᠠ ᠤᠷᠤᠭᠤᠯᠵᠦ᠂ ᠭᠠᠳᠠᠭᠠᠲᠦ ᠳᠤ ᠭᠠᠷᠭᠠᠬᠤ ᠭᠤᠷᠪᠠᠨ | ᠺᠤᠮᠫᠠᠨᠢ ᠶᠢ ᠪᠠᠶᠢᠭᠤᠯᠪᠠ᠃ ᠤᠯᠠᠭᠠᠨᠬᠠᠳᠠ ᠶᠢᠨ ᠪᠠᠷᠠᠭ᠎ᠠ ᠬᠢᠨᠠᠨ ᠰᠢᠯᠭᠠᠬᠤ ᠭᠠᠵᠠᠷ ᠢ ᠵᠤᠤ ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠲᠤᠪᠴᠢᠶ᠎ᠠ ᠠᠴᠠ | ᠰᠠᠯᠭᠠᠵᠦ ᠳᠤᠰᠬᠠᠢ ᠪᠠᠶᠢᠭᠤᠯᠤᠮᠵᠢ ᠪᠤᠯᠭᠠᠪᠠ᠃ | 1983 ᠤᠨ ᠤ 10 ᠰᠠᠷ᠎ᠠ ᠳᠤ ᠵᠤᠤ ᠤᠳᠠ ᠠᠶᠢᠮᠠᠭ ᠨᠢ ᠬᠤᠳᠠ ᠠᠴᠠ ᠰᠢᠶᠠᠨ ᠢ ᠬᠠᠮᠢᠶᠠᠷᠬᠤ ᠪᠠᠶᠢᠭᠤᠯᠤᠮᠵᠢ ᠶᠢ ᠬᠡᠷᠡᠭᠵᠢᠭᠦᠯᠬᠦ ᠶᠢ ᠳᠠᠭᠠᠯᠲᠤᠨ᠂ ᠵᠤᠤ | ᠤᠳᠠ ᠠᠶᠢᠮᠠᠭ ᠤᠨ ᠭᠠᠳᠠᠭᠠᠲᠦ ᠠᠷᠠᠯᠵᠢᠶᠠᠨ ᠤ ᠺᠤᠮᠫᠠᠨᠢ ᠶᠢ ᠤᠯᠠᠭᠠᠨᠬᠠᠳᠠ ᠬᠤᠳᠠ ᠶᠢᠨ ᠭᠠᠳᠠᠭᠠᠲᠦ ᠠᠵᠦ ᠠᠬᠤᠢ ᠠᠷᠠᠯᠵᠢᠶᠠᠨ ᠤ ᠺᠤᠮᠫᠠᠨᠢ ᠭᠡᠵᠦ ᠦᠭᠡᠷᠡᠴᠢᠯᠡᠨ᠂ | 1986 ᠤᠨ ᠳᠤ ᠬᠠᠰᠤᠪᠠ᠃ | ᠬᠤᠶᠠᠷ᠂ ᠨᠤᠲᠤᠭ ᠤᠨ ᠭᠠᠷᠤᠯᠲᠠ ᠮᠠᠯ ᠤᠨ ᠠᠰᠢᠭ ᠰᠢᠮ᠎ᠡ ᠶᠢ ᠤᠷᠤᠭᠤᠯᠵᠦ ᠭᠠᠷᠭᠠᠬᠤ ᠺᠤᠮᠫᠠᠨᠢ | 1982 ᠤᠨ ᠤ 4 ᠰᠠᠷ᠎ᠠ ᠶᠢᠨ 1 ᠤ ᠡᠲᠦᠷ᠂ ᠤᠯᠠᠭᠠᠨᠬᠠᠳᠠ ᠬᠤᠳᠠ ᠶᠢᠨ ᠨᠤᠲᠤᠭ ᠤᠨ ᠭᠠᠷᠤᠯᠲᠠ᠂ ᠮᠠᠯ ᠤᠨ ᠠᠰᠢᠭ ᠰᠢᠮ᠎ᠡ ᠶᠢ ᠤᠷᠤᠭᠤᠯᠵᠦ | ᠭᠠᠷᠭᠠᠬᠤ ᠺᠤᠮᠫᠠᠨᠢ ᠪᠠᠶᠢᠭᠤᠯᠤᠭᠳᠠᠭᠰᠠᠨ ᠪᠠᠶᠢᠨ᠎ᠠ᠃ 1989 ᠤᠨ ᠪᠤᠯᠲᠠᠯ᠎ᠠ ᠬᠠᠷᠢᠶ᠎ᠠ ᠠᠵᠦ ᠠᠬᠤᠶᠢᠯᠠᠯ ᠨᠢ ᠬᠢᠮ᠎ᠠ ᠶᠢᠨ ᠬᠠᠯᠢᠰᠦ ᠶᠢᠨ ᠤᠶᠢᠯᠡᠳᠪᠦᠷᠢ᠂ ᠮᠠᠯ ᠤᠨ | ᠠᠰᠢᠭ ᠰᠢᠮ᠎ᠡ ᠪᠤᠯᠪᠠᠰᠦᠷᠠᠭᠤᠯᠬᠤ ᠤᠶᠢᠯᠡᠳᠪᠦᠷᠢ ᠪᠠᠶᠢᠪᠠ᠂ ᠺᠠᠳ᠋ᠷ ᠠᠵᠢᠯᠲᠠᠨ 178 ᠬᠦᠮᠦᠨ ᠪᠠᠶᠢᠪᠠ᠃ ᠵᠠᠰᠠᠭ ᠵᠠᠭᠢᠷᠭᠠᠨ ᠤ ᠲᠠᠯ᠎ᠠ ᠪᠠᠷ ᠬᠤᠳᠠ ᠶᠢᠨ ᠠᠵᠦ | ᠠᠬᠤᠢ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ ᠮᠤᠩᠭᠤᠯ ᠤᠨ ᠨᠤᠲᠤᠭ ᠤᠨ ᠭᠠᠷᠤᠯᠲᠠ ᠮᠠᠯ ᠤᠨ ᠠᠰᠢᠭ | ᠰᠢᠮ᠎ᠡ ᠶᠢ ᠤᠷᠤᠭᠤᠯᠵᠦ ᠭᠠᠷᠭᠠᠬᠤ ᠺᠤᠮᠫᠠᠨᠢ ᠳᠤ ᠬᠠᠷᠢᠶᠠᠯᠠᠭᠳᠠᠵᠤ ᠪᠠᠶᠢᠪᠠ᠃ ᠨᠤᠲᠤᠭ ᠤᠨ ᠭᠠᠷᠤᠯᠲᠠ᠂ ᠮᠠᠯ ᠤᠨ ᠠᠰᠢᠭ ᠰᠢᠮ᠎ᠡ ᠶᠢᠨ ᠲᠦᠷᠦᠯ ᠢ ᠡᠵᠡᠩᠨᠡᠵᠦ᠂ | ᠭᠠᠳᠠᠭᠠᠲᠦ ᠳᠤ ᠭᠠᠷᠭᠠᠵᠦ ᠪᠠᠶᠢᠭᠰᠠᠨ ᠲᠠᠸᠠᠷ ᠨᠢ ᠬᠤᠷᠢ ᠭᠠᠷᠤᠢ ᠵᠦᠢᠯ ᠪᠠᠶᠢᠪᠠ᠃ | 1982 ᠤᠨ ᠤ ᠡᠴᠦᠰ ᠲᠤ ᠲᠤᠭᠲᠠᠮᠠᠯ ᠬᠦᠷᠦᠩᠭᠡ ᠶᠢᠨ ᠴᠡᠪᠡᠷ ᠤᠷᠤᠯᠭ᠎ᠠ ᠨᠢ 160.95 ᠲᠦᠮᠡᠨ ᠲᠦᠭᠦᠷᠢᠭ ᠪᠠᠶᠢᠵᠦ᠂ ᠤᠤᠯ ᠦᠷᠳᠡᠭ ᠨᠢ 233. | 49 ᠲᠦᠮᠡᠨ ᠲᠦᠭᠦᠷᠢᠭ᠂ ᠡᠯᠡᠭᠳᠡᠯ ᠤᠨ ᠮᠥᠩᠭᠦ 72.54 ᠲᠦᠮᠡᠨ ᠲᠦᠭᠦᠷᠢᠭ᠃ | 1989 ᠤᠨ ᠳᠤ ᠲᠤᠭᠲᠠᠮᠠᠯ ᠬᠦᠷᠦᠩᠭᠡ ᠶᠢᠨ ᠴᠡᠪᠡᠷ ᠦᠷᠳᠡᠭ ᠨᠢ 400 ᠲᠦᠮᠡᠨ ᠲᠦᠭᠦᠷᠢᠭ ᠪᠠᠶᠢᠵᠦ᠂ ᠤᠤᠯ ᠦᠷᠳᠡᠭ ᠨᠢ 525.24 ᠲᠦᠮᠡᠨ | ᠲᠦᠭᠦᠷᠢᠭ᠂ ᠡᠯᠡᠭᠳᠡᠯ ᠤᠨ ᠮᠥᠩᠭᠦ 125.24 ᠲᠦᠮᠡᠨ ᠲᠦᠭᠦᠷᠢᠭ᠃ ᠭᠤᠤᠯ ᠪᠤᠯᠬᠤ ᠲᠦᠭᠦᠭᠡᠷᠦᠮᠵᠢ ᠳᠤ ᠬᠡᠷᠡᠭᠯᠡᠬᠦ ᠬᠦᠮᠦᠷᠭᠡ 3921.8 ᠳᠡᠭᠰᠢ ᠲᠦᠷᠪᠡᠯᠵᠢᠨ | ᠮᠧᠲᠷ᠂ ᠲᠦᠭᠦᠮ ᠬᠦᠮᠦᠷᠭᠡ 1918.6 ᠳᠡᠭᠰᠢ ᠲᠦᠷᠪᠡᠯᠵᠢᠨ ᠮᠧᠳ᠋ᠷ᠂ ᠡᠵᠡᠩᠨᠡᠯᠳᠡ ᠳᠤ ᠵᠠᠷᠤᠬᠤ ᠭᠡᠷ 11088 ᠳᠡᠭᠰᠢ ᠲᠦᠷᠪᠡᠯᠵᠢᠨ ᠮᠧᠳ᠋ᠷ᠂ ᠠᠵᠢᠯᠲᠠᠨ ᠤ | ᠤᠷᠤᠨ ᠰᠠᠭᠤᠴᠠ 4966 ᠳᠡᠭᠰᠢ ᠲᠦᠷᠪᠡᠯᠵᠢᠨ ᠮᠧᠳ᠋ᠷ᠂ ᠭᠡᠷᠡᠭᠯᠡᠬᠦ ᠡᠷᠭᠡ ᠲᠠᠢ ᠭᠠᠵᠠᠷ ᠤᠨ ᠳᠠᠯᠠᠪᠠᠢ 166604 ᠳᠡᠭᠰᠢ ᠲᠦᠷᠪᠡᠯᠵᠢᠨ ᠮᠧᠳ᠋ᠷ᠂ ᠬᠦᠮᠦᠷᠭᠡᠯᠡᠨ | ᠬᠠᠳᠠᠭᠠᠯᠠᠬᠤ ᠲᠦᠭᠦᠭᠡᠷᠦᠮᠵᠢ 9 ᠢᠵᠢ᠂ ᠤᠶᠢᠯᠡᠳᠪᠦᠷᠢᠯᠡᠯ ᠤᠨ ᠲᠦᠭᠦᠭᠡᠷᠦᠮᠵᠢ 25 ᠢᠵᠢ᠂ 17 ᠲᠣᠨ ᠤ ᠮᠠᠰᠢᠨ ᠬᠦᠳᠡᠯᠭᠡᠭᠦᠷᠲᠦ ᠳᠡᠷᠭᠡ 7 ᠪᠠᠶᠢᠪᠠ᠃ | ᠭᠤᠷᠪᠠ᠂ ᠳᠡᠮᠦᠷᠯᠢᠭ ᠠᠭᠤᠷᠬᠠᠢ ᠶᠢᠨ ᠭᠠᠷᠤᠯᠲᠠ ᠪᠠ ᠠᠵᠦ ᠤᠶᠢᠯᠡᠳᠪᠦᠷᠢ ᠶᠢᠨ ᠤᠶᠢᠯᠡᠳᠭᠦᠨ ᠢ ᠤᠷᠤᠭᠤᠯᠵᠦ ᠭᠠᠷᠭᠠᠬᠤ ᠺᠤᠮᠫᠠᠨᠢ | 1982 ᠤᠨ ᠤ 4 ᠰᠠᠷ᠎ᠠ ᠶᠢᠨ 1 ᠤ ᠡᠲᠦᠷ᠂ ᠤᠯᠠᠭᠠᠨᠬᠠᠳᠠ ᠬᠤᠳᠠ ᠶᠢᠨ ᠳᠡᠮᠦᠷᠯᠢᠭ ᠠᠭᠤᠷᠬᠠᠢ ᠶᠢᠨ ᠭᠠᠷᠤᠯᠲᠠ ᠪᠠ ᠠᠵᠦ ᠤᠶᠢᠯᠡᠳᠪᠦᠷᠢ ᠶᠢᠨ | ᠤᠶᠢᠯᠡᠳᠭᠦᠨ ᠢ ᠤᠷᠤᠭᠤᠯᠵᠦ ᠭᠠᠷᠭᠠᠬᠤ ᠺᠤᠮᠫᠠᠨᠢ ᠪᠠᠶᠢᠭᠤᠯᠤᠭᠳᠠᠭᠰᠠᠨ ᠪᠠᠶᠢᠨ᠎ᠠ᠃ ᠬᠠᠷᠢᠶᠠᠯᠠᠭᠳᠠᠬᠤ ᠠᠵᠦ ᠠᠬᠤᠢᠯᠠᠯ ᠨᠢ ᠹᠯᠤᠷᠲᠦ ᠴᠢᠯᠠᠭᠤ ᠪᠤᠯᠪᠠᠰᠦᠷᠠᠭᠤᠯᠬᠤ | ᠤᠶᠢᠯᠡᠳᠪᠦᠷᠢ᠂ ᠮᠠᠰᠢᠨ ᠳᠡᠷᠭᠡᠨ ᠤ ᠳᠡᠭᠡᠭᠡᠪᠦᠷᠢ ᠶᠢᠨ ᠠᠩᠭᠢ ᠪᠤᠯᠤᠨ᠎ᠠ᠃ | 1989 ᠤᠨ ᠪᠤᠯᠲᠠᠯ᠎ᠠ ᠺᠤᠮᠫᠠᠨᠢ ᠪᠠ ᠬᠠᠷᠢᠶᠠᠯᠠᠭᠳᠠᠬᠤ ᠠᠵᠦ ᠠᠬᠤᠶᠢᠯᠠᠯ ᠳᠤ ᠨᠡᠶᠢᠳᠡ ᠺᠠᠳ᠋ᠷ ᠠᠵᠢᠯᠲᠠᠨ 165 ᠨᠡᠷ᠎ᠡ ᠪᠠᠶᠢᠪᠠ᠃ ᠺᠤᠮᠫᠠᠨᠢ ᠨᠢ ᠵᠠᠰᠠᠭ | ᠵᠠᠭᠢᠷᠭᠠᠨ ᠤ ᠲᠠᠯ᠎ᠠ ᠪᠠᠷ ᠬᠤᠳᠠ ᠶᠢᠨ ᠠᠵᠦ ᠤᠶᠢᠯᠡᠳᠪᠦᠷᠢ ᠠᠷᠠᠯᠵᠢᠶᠠᠨ ᠤ ᠲᠤᠪᠴᠢᠶ᠎ᠠ ᠳᠤ ᠬᠠᠷᠢᠶᠠᠯᠠᠭᠳᠠᠵᠤ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠦᠪᠦᠷ | ᠮᠤᠩᠭᠤᠯ ᠤᠨ ᠳᠡᠮᠦᠷᠯᠢᠭ ᠠᠭᠤᠷᠬᠠᠢ ᠶᠢᠨ ᠭᠠᠷᠤᠯᠲᠠ ᠬᠢᠮᠢ ᠶᠢᠨ ᠠᠵᠦ ᠤᠶᠢᠯᠡᠳᠪᠦᠷᠢ ᠶᠢᠨ ᠤᠷᠤᠭᠤᠯᠵᠦ ᠭᠠᠷᠭᠠᠬᠤ ᠺᠤᠮᠫᠠᠨᠢ᠂ ᠬᠦᠩᠭᠡᠨ ᠠᠵᠦ ᠤᠶᠢᠯᠡᠳᠪᠦᠷᠢ ᠶᠢᠨ | ᠭᠠᠷ ᠤᠷᠠᠯᠠᠯ ᠤᠨ ᠪᠦᠲᠦᠭᠡᠭᠳᠡᠭᠦᠨ ᠢ ᠤᠷᠤᠭᠤᠯᠵᠦ ᠭᠠᠷᠭᠠᠬᠤ ᠺᠣᠮᠫᠠᠨᠢ᠂ ᠳᠡᠮᠦᠷᠯᠢᠭ ᠪᠤᠯᠪᠠᠰᠦᠷᠠᠭᠤᠯᠬᠤ ᠮᠠᠰᠢᠨ ᠢ ᠤᠷᠤᠭᠤᠯᠵᠦ ᠭᠠᠷᠭᠠᠬᠤ ᠺᠤᠮᠫᠠᠨᠢ᠂ ᠨᠡᠬᠡᠮᠡᠯ ᠤᠨ | ᠪᠦᠲᠦᠭᠡᠭᠳᠡᠭᠦᠨ ᠢ ᠤᠷᠤᠭᠤᠯᠵᠦ ᠭᠠᠷᠭᠠᠬᠤ ᠺᠤᠮᠫᠠᠨᠢ ᠳᠤ ᠬᠠᠷᠢᠶᠠᠯᠠᠭᠳᠠᠵᠤ ᠪᠠᠶᠢᠪᠠ᠃ | 1989 ᠤᠨ ᠳᠤ ᠲᠤᠭᠲᠠᠮᠠᠯ ᠬᠦᠷᠦᠩᠭᠡ ᠶᠢᠨ ᠤᠤᠯ ᠦᠷᠳᠡᠭ ᠨᠢ 390.54 ᠲᠦᠮᠡᠨ ᠲᠦᠭᠦᠷᠢᠭ᠂ ᠡᠯᠡᠭᠳᠡᠯ ᠤᠨ ᠮᠥᠩᠭᠦ 72.00 ᠲᠦᠮᠡᠨ | ᠲᠦᠭᠦᠷᠢᠭ᠃ ᠭᠤᠤᠯ ᠪᠤᠯᠬᠤ ᠲᠦᠭᠦᠭᠡᠷᠦᠮᠵᠢ ᠳᠤ ᠬᠡᠵᠢᠶᠡᠳᠡ ᠬᠡᠷᠡᠭᠯᠡᠬᠦ ᠬᠦᠮᠦᠷᠭᠡ᠂ 885.75 ᠳᠡᠭᠰᠢ ᠲᠦᠷᠪᠡᠯᠵᠢᠨ ᠮᠧᠳ᠋ᠷ᠂ ᠲᠦᠭᠦᠮ ᠬᠦᠮᠦᠷᠭᠡ 300 | ᠳᠡᠭᠰᠢ ᠲᠦᠷᠪᠡᠯᠵᠢᠨ ᠮᠧᠳ᠋ᠷ᠂ ᠳᠤᠰᠬᠠᠢ ᠬᠡᠷᠡᠭᠯᠡᠬᠦ ᠭᠡᠷ 3507 ᠳᠡᠭᠰᠢ ᠲᠦᠷᠪᠡᠯᠵᠢᠨ ᠮᠧᠳ᠋ᠷ᠂ ᠠᠵᠢᠯᠲᠠᠨ ᠤ ᠤᠷᠤᠨ ᠰᠠᠭᠤᠴᠠ 5873 ᠳᠡᠭᠰᠢ ᠲᠦᠷᠪᠡᠯᠵᠢᠨ | ᠮᠧᠳ᠋ᠷ᠂ ᠭᠡᠷᠡᠭᠯᠡᠬᠦ ᠡᠷᠭᠡ ᠲᠠᠢ ᠭᠠᠵᠠᠷ 22590 ᠳᠡᠭᠰᠢ ᠲᠦᠷᠪᠡᠯᠵᠢᠨ ᠮᠧᠳ᠋ᠷ᠂ ᠬᠦᠮᠦᠷᠭᠡ ᠶᠢᠨ ᠲᠦᠭᠦᠭᠡᠷᠦᠮᠵᠢ 9 ᠢᠵᠢ᠂ ᠤᠶᠢᠯᠡᠳᠪᠦᠷᠢᠯᠡᠯ ᠤᠨ ᠲᠦᠭᠦᠭᠡᠷᠦᠮᠵᠢ | 16 ᠢᠵᠢ᠂ ᠮᠠᠰᠢᠨ ᠬᠦᠳᠡᠯᠭᠡᠭᠦᠷᠲᠦ ᠳᠡᠷᠭᠡ 28/162.25 ᠲᠤᠨ ᠪᠠᠶᠢᠪᠠ᠃ | ᠭᠤᠤᠯᠳᠠᠭᠤ ᠳᠡᠮᠦᠷᠯᠢᠭ ᠪᠠ ᠠᠭᠤᠷᠬᠠᠢ ᠶᠢᠨ ᠭᠠᠷᠤᠯᠲᠠ᠂ ᠬᠢᠮᠢ ᠶᠢᠨ ᠪᠦᠲᠦᠭᠡᠭᠳᠡᠬᠦᠨ᠂ ᠦᠩᠭᠡᠲᠦ ᠳᠡᠮᠦᠷᠯᠢᠭ᠂ ᠮᠠᠰᠢᠨ ᠮᠧᠬᠠᠨᠢᠭ᠂ ᠬᠦᠩᠭᠡᠨ ᠠᠵᠦ | ᠤᠶᠢᠯᠡᠳᠪᠦᠷᠢ᠂ ᠭᠠᠷ ᠤᠷᠠᠯᠠᠯ᠂ ᠨᠡᠬᠡᠮᠡᠯ ᠤᠨ ᠲᠦᠷᠦᠯ ᠤᠨ ᠪᠦᠲᠦᠭᠡᠭᠳᠡᠭᠦᠨ ᠢ ᠡᠵᠡᠩᠨᠡᠵᠦ᠂ ᠡᠳ᠋ ᠤᠨ ᠶᠠᠪᠤᠳᠠᠯ ᠤᠨ ᠲᠠᠯ᠎ᠠ ᠪᠠᠷ ᠺᠤᠮᠫᠠᠨᠢ᠂ ᠳᠡᠭᠡᠭᠡᠪᠦᠷᠢ ᠶᠢᠨ | ᠮᠠᠰᠢᠨ ᠤ ᠠᠩᠭᠢ᠂ ᠨᠢᠩᠴᠧᠩ ᠤᠨ ᠭᠠᠳᠠᠭᠠᠲᠦ ᠠᠷᠠᠯᠵᠢᠶᠠᠨ ᠤ ᠺᠤᠮᠫᠠᠨᠢ ᠶᠢᠨ ᠳᠠᠪᠤᠲᠤᠭᠠᠷ ᠠᠭᠤᠷᠬᠠᠢ ᠵᠡᠷᠭᠡ ᠭᠤᠷᠪᠠᠨ ᠨᠢᠭᠡᠴᠢ ᠬᠠᠮᠲᠦ ᠪᠠᠷ ᠲᠣᠭᠠᠴᠠᠭ᠎ᠠ ᠬᠢᠵᠦ | ᠪᠠᠶᠢᠪᠠ᠃ 1986 ᠤᠨ ᠠᠴᠠ ᠡᠭᠢᠯᠡᠨ ᠺᠤᠮᠫᠠᠨᠢ᠂ ᠮᠠᠰᠢᠨ ᠠᠩᠭᠢ᠂ ᠠᠤᠬᠠᠨ ᠬᠤᠰᠢᠭᠤ᠂ ᠬᠠᠷᠠᠴᠢᠨ ᠬᠤᠰᠢᠭᠤᠨ ᠤ ᠭᠠᠳᠠᠭᠠᠲᠦ ᠠᠷᠠᠯᠵᠢᠶᠠᠨ ᠤ ᠺᠤᠮᠫᠠᠨᠢ ᠵᠡᠷᠭᠡ | ᠲᠦᠷᠪᠡᠨ ᠨᠢᠭᠡᠴᠢ ᠶᠢ ᠨᠢᠭᠡᠲᠦᠯᠲᠠᠢ ᠲᠣᠭᠠᠴᠠᠭ᠎ᠠ ᠬᠢᠵᠦ᠂ ᠺᠤᠮᠫᠠᠨᠢ ᠶᠢᠨ ᠳᠤᠰ ᠪᠡᠶ᠎ᠡ ᠨᠢ ᠴᠦ ᠳᠡᠮᠦᠷᠯᠢᠭ ᠪᠠ ᠠᠭᠤᠷᠬᠠᠢ᠂ ᠨᠡᠭᠡᠮᠡᠯ᠂ ᠭᠠᠷ ᠤᠷᠠᠯᠠᠯ᠂ ᠦᠩᠭᠡᠲᠦ | ᠳᠡᠮᠦᠷᠯᠢᠭ ᠵᠡᠷᠭᠡ ᠲᠦᠷᠪᠡᠨ ᠳᠤᠰᠬᠠᠢ ᠮᠡᠷᠭᠡᠵᠢᠯ ᠢᠶᠠᠷ ᠲᠦᠷᠦᠯ ᠬᠤᠪᠢᠶᠠᠨ ᠲᠠᠰᠤᠯᠤᠨ ᠪᠣᠳᠤᠵᠤ ᠪᠠᠶᠢᠪᠠ᠃ | |