ᠭᠤᠷᠪᠠᠳᠤᠭᠠᠷ ᠭᠡᠰᠡᠭ ᠭᠡᠷᠡᠯ ᠵᠢᠷᠤᠭ ᠲᠠᠳᠠᠬᠤ | 1916 ᠤᠨ ︵ᠢᠷᠭᠡᠨ ᠤᠯᠤᠰ ᠤᠨ 5 ᠤᠨ︶ ᠳᠤ ᠰᠡᠬᠦᠳᠡᠷᠯᠡᠭᠴᠢ ᠴᠠᠩ ᠴᠢᠩ ᠿᠦ ᠯᠢᠨᠰᠢ ᠵᠡᠭᠡᠯᠢ ᠳᠤ ᠭᠡᠷᠡᠯ ᠵᠢᠷᠤᠭ ᠲᠠᠳᠠᠬᠤ ᠭᠠᠵᠠᠷ ᠨᠡᠭᠡᠭᠡᠵᠦ᠂ | ᠤᠯᠠᠭᠠᠨᠬᠠᠳᠠ ᠬᠤᠳᠠ ᠶᠢᠨ ᠭᠡᠷᠡᠯ ᠵᠢᠷᠤᠭ ᠲᠠᠳᠠᠬᠤ ᠠᠵᠢᠯ ᠲᠥᠷᠥᠯ ᠡᠬᠢᠯᠡᠭᠰᠡᠨ ᠪᠠᠶᠢᠨ᠎ᠠ᠃ 1931 ᠤᠨ ᠳᠤ ᠤᠯᠠᠭᠠᠨᠬᠠᠳᠠ ᠬᠤᠳᠠ ᠶᠢᠨ ᠬᠤᠸᠠ ᠴᠠᠩ ᠭᠡᠷᠡᠯ | ᠵᠢᠷᠤᠭ ᠲᠠᠳᠠᠬᠤ ᠨᠢ ᠬᠤᠶᠠᠳᠤᠭᠠᠷ ᠵᠡᠭᠡᠯᠢ ᠶᠢᠨ ᠠᠷᠤ ᠳᠤ ᠪᠠᠶᠢᠭᠤᠯᠤᠭᠳᠠᠵᠦ᠂ ᠲᠠᠭᠠᠭᠠᠮᠠᠯ ᠨᠢ ᠵᠠᠩ ᠶᠤᠤ ᠭᠡᠳᠡᠭ᠃ ᠡᠬᠦᠨ ᠤ ᠲᠠᠷᠠᠭ᠎ᠠ ᠴᠢᠶᠠᠨ ᠵᠦᠩ ᠭᠡᠷᠡᠯ ᠵᠢᠷᠤᠭ | ᠲᠠᠳᠠᠬᠤ ᠭᠠᠵᠠᠷ᠂ ᠯᠦ ᠾᠤ᠋ ᠭᠡᠷᠡᠯ ᠵᠢᠷᠤᠭ ᠲᠠᠳᠠᠬᠤ ᠭᠠᠵᠠᠷ᠂ ᠸᠤᠨ ᠶᠢᠩ ᠭᠡᠷᠡᠯ ᠵᠢᠷᠤᠭ ᠲᠠᠳᠠᠬᠤ ᠭᠠᠵᠠᠷ᠂ ᠮᠢᠩ ᠰᠢᠩ ᠭᠡᠷᠡᠯ ᠵᠢᠷᠤᠭ ᠲᠠᠳᠠᠬᠤ ᠭᠠᠵᠠᠷ ᠵᠡᠷᠭᠡ ᠨᠢ | ᠤᠷᠢᠳ ᠬᠤᠵᠢᠳ ᠬᠤᠶᠠᠳᠤᠭᠠᠷ ᠵᠡᠭᠡᠯᠢ ᠳᠤ ᠨᠡᠭᠡᠭᠡᠨ ᠡᠬᠢᠯᠡᠭᠰᠡᠨ ᠪᠠᠶᠢᠨ᠎ᠠ᠃ 1932 ᠤᠨ ᠳᠤ ᠪᠢᠷᠠᠭᠤ ᠪᠠᠯᠭᠠᠰᠤᠨ ᠤ ᠠᠩᠬᠠᠳᠠᠭᠴᠢ ᠭᠡᠷᠡᠯ ᠵᠢᠷᠤᠭ ᠲᠠᠳᠠᠬᠤ | ᠭᠠᠵᠠᠷ ᠨᠡᠭᠡᠭᠡᠭᠰᠡᠨ ᠪᠠᠶᠢᠨ᠎ᠠ᠃ 1934 ᠤᠨ ᠳᠤ ᠶᠠᠫᠤᠨ ᠤ ᠠᠷᠠᠯᠵᠢᠶᠠᠴᠢᠨ ᠤᠯᠠᠭᠠᠨᠬᠠᠳᠠ ᠶᠢᠨ ᠭᠤᠷᠪᠠᠳᠤᠭᠠᠷ ᠵᠡᠭᠡᠯᠢ ᠪᠠ ᠬᠤᠶᠠᠳᠤᠭᠠᠷ ᠵᠡᠭᠡᠯᠢ ᠳᠤ ᠲᠤᠰ | ᠪᠦᠷᠢ ᠶᠢᠨ ᠲᠢᠶᠠᠨ ᠰᠡᠬᠦᠳᠡᠷᠯᠡᠬᠦ ᠭᠠᠵᠠᠷ ᠪᠤᠯᠤᠨ ᠱᠢ ᠴᠢᠶᠤᠤ ᠵᠢᠷᠤᠭᠯᠠᠬᠤ ᠭᠠᠵᠠᠷ ᠢ ᠪᠠᠶᠢᠭᠤᠯᠤᠭᠰᠠᠨ ᠪᠠᠶᠢᠨ᠎ᠠ᠃ ᠨᠢᠩᠴᠤᠩ ᠰᠢᠶᠠᠨ ᠤ ᠪᠤᠷᠬᠠᠨᠳᠦ ᠶᠢᠨ ᠬᠦᠩ | ᠵᠢᠶᠠ ᠭᠡᠷᠡᠯ ᠵᠢᠷᠤᠭ ᠲᠠᠳᠠᠬᠤ ᠭᠠᠵᠠᠷ ᠨᠢ ᠪᠠᠰᠠ ᠨᠡᠭᠡᠭᠡᠭᠳᠡᠭᠰᠡᠨ ᠪᠠᠶᠢᠨ᠎ᠠ᠃ ᠲᠤᠬᠠᠢ ᠶᠢᠨ ᠦᠶ᠎ᠡ ᠶᠢᠨ ᠤᠷᠤᠨ ᠨᠤᠳᠤᠭ ᠤᠨ ᠭᠡᠷᠡᠯ ᠵᠢᠷᠤᠭ ᠲᠠᠳᠠᠬᠤ ᠭᠠᠵᠠᠷ ᠪᠠ | ᠶᠠᠫᠤᠨ ᠠᠷᠠᠯᠵᠢᠶᠠᠴᠢᠨ ᠤ ᠭᠡᠷᠡᠯ ᠵᠢᠷᠤᠭ ᠲᠠᠳᠠᠬᠤ ᠭᠠᠵᠠᠷ ᠭᠡᠰᠡᠨ ᠦᠭᠡᠢ ᠴᠦᠮ ᠭᠡᠳᠦᠨ ᠰᠢᠷᠡᠭᠡ ᠰᠠᠨᠳᠠᠯᠢ᠂ ᠨᠢᠭᠡ ᠭᠡᠰᠡᠭ ᠦᠵᠡᠮᠵᠢ ᠶᠢᠨ ᠪᠦᠰ ᠲᠠᠢ ᠯᠠ ᠪᠠᠶᠢᠵᠦ᠂ | ᠲᠤᠨᠤᠭ ᠲᠦᠬᠦᠭᠡᠷᠦᠮᠵᠢ ᠨᠢ ᠲᠦᠢᠯ ᠤᠨ ᠳᠥᠭᠦᠮ ᠪᠠᠶᠢᠪᠠ᠃ ᠰᠡᠬᠦᠳᠡᠷᠯᠡᠬᠦ ᠮᠠᠰᠢᠨ ᠨᠢ ᠴᠦᠮ ᠮᠤᠳᠤᠨ ᠵᠢᠶᠠᠰᠠ ᠲᠡᠭᠡᠷ᠎ᠡ ᠰᠠᠭᠤᠯᠭᠠᠭᠰᠠᠨ ᠮᠠᠰᠢᠨ ᠪᠠᠶᠢᠵᠦ᠂ | ᠰᠡᠬᠦᠳᠡᠷᠯᠡᠬᠦ ᠳᠤ ᠪᠠᠨ ᠨᠠᠭᠠᠰᠢ ᠴᠠᠭᠠᠰᠢ ᠲᠦᠯᠬᠢᠨ ᠲᠠᠳᠠᠵᠦ᠂ ᠰᠡᠬᠦᠳᠡᠷ ᠵᠢᠷᠤᠭ ᠨᠢ ᠴᠦᠮ ᠪᠤᠳᠤᠭ ᠦᠭᠡᠢ ᠪᠠᠶᠢᠳᠠᠭ᠃ ᠭᠡᠷᠪᠡ ᠪᠤᠳᠤᠭ ᠤᠷᠤᠭᠤᠯᠬᠤ ᠭᠡᠪᠡᠯ | ᠰᠡᠬᠦᠳᠡᠷ ᠦᠭᠡᠢ ᠵᠢᠷᠤᠭ ᠤᠨ ᠲᠡᠭᠡᠷ᠎ᠡ ᠤᠰᠤᠨ ᠪᠤᠳᠤᠭ ᠤᠷᠤᠭᠤᠯᠵᠦ᠂ ᠠᠰᠳᠠᠭᠠᠨ ᠰᠦᠢᠳᠭᠡᠯ ᠬᠤᠷᠢᠶᠠᠳᠠᠭ᠃ ᠰᠡᠬᠦᠳᠡᠷᠯᠡᠬᠦ᠂ ᠭᠡᠪ ᠢᠶᠠᠨ ᠵᠠᠰᠠᠬᠤ᠂ | ᠰᠡᠬᠦᠳᠡᠷ ᠢᠶᠠᠨ ᠬᠠᠳᠠᠭᠠᠬᠤ ᠳᠤ ᠴᠦᠮ ᠨᠠᠷᠠᠨ ᠤ ᠭᠡᠷᠡᠯ ᠢ ᠭᠡᠷᠡᠭᠰᠡᠳᠡᠭ᠂ ᠪᠦᠷᠬᠦᠭ ᠪᠤᠷᠤᠭᠠᠨ ᠲᠠᠢ ᠡᠳᠦᠷ ᠪᠤᠯ ᠲᠡᠯᠭᠡᠬᠦᠷ ᠢᠶᠠᠨ ᠬᠠᠭᠠᠵᠦ᠂ ᠠᠵᠢᠯ ᠢᠶᠠᠨ ᠵᠤᠭᠰᠤᠳᠠᠭ | ᠃ | 1957 ᠤᠨ ᠪᠤᠯᠬᠤ ᠳᠤ᠂ ᠪᠦᠬᠦ ᠬᠤᠳᠠ ᠶᠢᠨ ᠭᠡᠷᠡᠯ ᠵᠢᠷᠤᠭ ᠲᠠᠳᠠᠬᠤ ᠠᠵᠢᠯ ᠲᠥᠷᠥᠯ ᠬᠦᠭᠵᠢᠭᠡᠳ 11 ᠭᠠᠵᠠᠷ ᠲᠠᠢ ᠪᠤᠯᠵᠦ ︵ᠳ᠋ᠠᠪᠠᠨ ᠠᠴᠠ ᠭᠠᠳᠠᠨ᠎ᠠ | ᠡᠯ᠎ᠡ ᠬᠤᠰᠢᠭᠤ ᠰᠢᠶᠠᠨ ᠨᠢ ᠴᠦᠮ ᠦᠪᠡᠷ ᠤᠨ ᠢᠶᠠᠨ ᠵᠢᠷᠤᠭ ᠰᠡᠬᠦᠳᠡᠷ ᠲᠠᠳᠠᠬᠤ ᠲᠤᠬᠠᠶᠢᠯᠠᠭᠰᠠᠨ ᠠᠵᠢᠯ ᠲᠠᠢ ᠪᠤᠯᠵᠠᠢ︶᠂ ᠡᠬᠦᠨ ᠳᠤ 8 ᠨᠢ ᠤᠯᠤᠰ ᠠᠴᠠ | ᠡᠵᠡᠩᠨᠡᠵᠦ᠂ ᠤᠯᠤᠰ ᠪᠠ ᠬᠤᠪᠢ ᠬᠦᠮᠦᠨ ᠬᠤᠷᠰᠢᠨ ᠡᠷᠬᠢᠯᠡᠭᠰᠡᠨ ᠨᠢ 3 ᠪᠠᠶᠢᠵᠦ᠂ ᠠᠵᠢᠯ ᠡᠷᠬᠢᠯᠡᠵᠦ ᠪᠠᠶᠢᠭ᠎ᠠ ᠨᠢ 53 ᠬᠦᠮᠦᠨ ᠪᠤᠯᠵᠦ᠂ ᠵᠢᠯ ᠤᠨ | ᠡᠵᠡᠩᠨᠡᠯᠳᠡ ᠶᠢᠨ ᠤᠷᠤᠯᠭ᠎ᠠ ᠨᠢ 4 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ 1960 ᠤᠨ ᠳᠤ᠂ ᠰᠡᠬᠦᠳᠡᠷᠯᠡᠬᠦ ᠨᠢ ᠨᠠᠷᠠᠨ ᠭᠡᠷᠡᠯ ᠢ ᠠᠰᠢᠭᠯᠠᠵᠤ | ᠪᠠᠢᠭᠰᠠᠨ ᠠᠴᠠ ᠳ᠋ᠤᠩ ᠤᠨ ᠭᠡᠷᠡᠯ ᠢᠶᠠᠷ ᠰᠡᠬᠦᠳᠡᠷᠯᠡᠬᠦ ᠪᠤᠯᠤᠭᠰᠠᠨ ᠪᠠᠶᠢᠨ᠎ᠠ᠃ ᠨᠠᠶᠠᠭᠠᠳ ᠤᠨ ᠪᠤᠯᠬᠤ ᠳᠤ᠂ ᠰᠡᠬᠦᠳᠡᠷᠯᠡᠬᠦ ᠦᠢᠯᠡᠰ ᠶᠡᠭᠡᠪᠡᠷ ᠬᠦᠭᠵᠢᠪᠡ᠃ | ᠪᠤᠳᠤᠭᠳᠦ ᠰᠡᠬᠦᠳᠡᠷᠯᠡᠨ ᠰᠢᠩᠭᠡᠭᠡᠬᠦ ᠮᠡᠷᠭᠡᠵᠢᠯ ᠢ ᠤᠷᠤᠭᠤᠯᠵᠦ᠂ ᠲᠤᠨᠤᠭ ᠲᠦᠬᠦᠭᠡᠷᠦᠮᠵᠢ ᠪᠠᠨ ᠰᠢᠨᠡᠳᠭᠡᠨ᠂ ᠪᠤᠳᠤᠭ ᠦᠭᠡᠢ᠂ ᠪᠤᠳᠤᠭᠳᠠᠢ ᠰᠡᠬᠦᠳᠡᠷᠯᠡᠬᠦ ᠮᠠᠰᠢᠨ᠂ | ᠡᠷᠬᠢᠯᠳᠦᠬᠦᠯᠬᠦ ᠮᠠᠰᠢᠨ᠂ ᠪᠡᠶ᠎ᠡ ᠳᠤ ᠪᠠᠨ ᠠᠪᠴᠦ ᠶᠠᠪᠤᠬᠤ ᠮᠠᠰᠢᠨ᠂ ᠪᠤᠳᠤᠭ ᠦᠭᠡᠢ ᠹᠢᠯᠢᠮ ᠢ ᠬᠠᠳᠠᠭᠠᠬᠤ ᠮᠠᠰᠢᠨ᠂ ᠲᠤᠮᠤᠷᠠᠭᠤᠯᠬᠤ ᠮᠠᠰᠢᠨ᠂ ᠭᠡᠷᠡᠯ ᠭᠠᠷᠭᠠᠬᠤ | ᠮᠠᠰᠢᠨ᠂ ᠪᠤᠳᠤᠭᠳᠦ ᠦᠷᠭᠡᠳᠭᠡᠬᠦ ᠮᠠᠰᠢᠨ᠂ ᠡᠭᠡ ᠹᠢᠯᠢᠮ ᠢ ᠤᠬᠢᠶᠠᠬᠤ ᠮᠠᠰᠢᠨ᠂ ᠠᠭᠠᠷ ᠲᠤᠬᠢᠷᠠᠭᠤᠯᠤᠭᠴᠢ᠂ ᠲᠦᠷᠪᠡᠨ ᠤᠯᠠᠷᠢᠯ ᠤᠨ ᠦᠵᠡᠭᠳᠡᠯ᠂ ᠶᠤᠰᠤᠯᠠᠯ ᠤᠨ | ᠬᠤᠪᠴᠠᠰᠦ ᠪᠠ ᠪᠠᠷᠢᠮᠵᠢᠶ᠎ᠠ ᠰᠡᠬᠦᠳᠡᠷ᠂ ᠲᠤᠭᠯᠠᠭᠴᠢ ᠶᠢᠨ ᠰᠡᠬᠦᠳᠡᠷ᠂ ᠠᠮᠢᠳᠤᠷᠠᠯ ᠤᠨ ᠰᠡᠬᠦᠳᠡᠷ ᠪᠦᠷᠢᠨ ᠲᠡᠬᠦᠯᠳᠡᠷ ᠪᠤᠯᠤᠭᠰᠠᠨ ᠪᠠᠶᠢᠨ᠎ᠠ᠃ 1990 ᠤᠨ | ᠪᠤᠯᠬᠤ ᠳᠤ᠂ ᠪᠦᠬᠦ ᠬᠤᠳᠠ ᠳᠤ ᠬᠤᠳᠠ ᠬᠦᠳᠡᠭᠡ ᠶᠢᠨ ᠭᠡᠷᠡᠯ ᠵᠢᠷᠤᠭ ᠲᠠᠳᠠᠬᠤ ᠠ ᠭᠠᠵᠠᠷ 285 ᠪᠤᠯᠵᠦ ᠬᠦᠭᠵᠢᠭᠡᠳ᠂ ᠠᠵᠢᠯ ᠡᠷᠬᠢᠯᠡᠵᠦ ᠪᠠᠶᠢᠭ᠎ᠠ ᠬᠦᠮᠦᠰ | 440 ᠪᠤᠯᠵᠦ᠂ ᠡᠵᠡᠩᠨᠡᠯᠳᠡ ᠶᠢᠨ ᠤᠷᠤᠯᠭ᠎ᠠ ᠨᠢ 200 ᠭᠠᠷᠤᠢ ᠲᠦᠮᠡᠨ ᠲᠦᠬᠦᠷᠢᠭ ᠪᠤᠯᠤᠭᠰᠠᠨ ᠪᠠᠶᠢᠨ᠎ᠠ᠃ | ᠲᠦᠷᠪᠡᠳᠦᠭᠡᠷ ᠭᠡᠰᠡᠭ ᠤᠬᠢᠶᠠᠵᠦ ᠪᠤᠳᠤᠬᠤ ᠠᠵᠢᠯ ᠲᠥᠷᠥᠯ | ᠴᠢᠩ ᠤᠯᠤᠰ ᠤᠨ ᠰᠡᠬᠦᠯᠴᠢ ᠢᠷᠭᠡᠨ ᠤᠯᠤᠰ ᠤᠨ ᠡᠬᠢᠨ ᠳᠤ᠂ ᠤᠯᠠᠭᠠᠨᠬᠠᠳᠠ ᠬᠤᠳᠠ ᠳᠤ ᠪᠤᠳᠤᠭ ᠤᠷᠤᠭᠤᠯᠬᠤ ᠭᠠᠵᠠᠷ 10 ᠭᠠᠷᠤᠢ ᠪᠠᠶᠢᠪᠠ᠂ | ᠡᠬᠦᠨ ᠳᠤ ᠤᠯᠠᠭᠠᠨᠬᠠᠳᠠ ᠶᠢᠨ ᠵᠡᠭᠡᠯᠢ ᠳᠤ 5 ᠪᠠᠶᠢᠵᠦ᠂ ᠲᠡᠷᠡ ᠨᠢ ᠰᠠᠨ ᠿᠦᠩ ᠬᠤᠸᠠ ᠪᠤᠳᠤᠭ ᠤᠷᠤᠭᠤᠯᠬᠤ ᠭᠠᠵᠠᠷ ᠢ ᠱᠠᠨᠳᠦ᠋ᠩ ᠤᠨ ᠬᠦᠮᠦᠨ ᠰᠢᠤᠢ ᠭᠤᠸᠠᠨ | ᠰᠠᠨ ᠭᠠᠭᠴᠠᠭᠠᠷ ᠪᠡᠯᠡ ᠤᠷᠤᠭᠤᠯᠵᠦ ᠡᠷᠬᠢᠯᠡᠵᠦ᠂ ᠭᠤᠷᠪᠠᠳᠤᠭᠠᠷ ᠵᠡᠭᠡᠯᠢ ᠶᠢᠨ ᠵᠠᠮ ᠤᠨ ᠡᠮᠦᠨ᠎ᠡ ᠪᠠᠶᠢᠳᠠᠭ᠃ ᠲᠠᠢ ᠯᠠᠢ ᠳ᠋ᠦᠩ ᠪᠤᠳᠤᠭ ᠤᠷᠤᠭᠤᠯᠬᠤ ᠭᠠᠵᠠᠷ ᠨᠢ | ᠾᠤᠪᠸᠢ ᠶᠢᠨ ᠶᠤᠸᠠᠢ ᠲᠦᠩ ᠤᠨ ᠬᠦᠮᠦᠨ ᠮᠠ ᠰᠢᠩ ᠭᠠᠭᠴᠠᠭᠠᠷ ᠪᠡᠯᠡ ᠤᠷᠤᠭᠤᠯᠵᠦ᠂ ᠡᠬᠢᠯᠡᠨ ᠪᠠᠶᠢᠭᠤᠯᠬᠤ ᠦᠶ᠎ᠡ ᠳᠤ ᠪᠠᠨ ᠬᠤᠶᠠᠳᠤᠭᠠᠷ ᠵᠡᠭᠡᠯᠢ ᠳᠤ | ᠪᠠᠶᠢᠭᠤᠯᠵᠦ᠂ ᠰᠡᠬᠦᠯᠡᠷ ᠨᠢ ᠭᠤᠷᠪᠠᠳᠤᠭᠠᠷ ᠪᠠᠷᠠᠭᠤᠨ ᠵᠡᠭᠡᠯᠢ ᠳᠤ ᠨᠡᠬᠦᠵᠡᠢ᠃ ᠯᠠᠨ ᠹᠠ ᠪᠤᠳᠤᠭ ᠤᠷᠤᠭᠤᠯᠬᠤ ᠭᠠᠵᠠᠷ ᠢ ᠲᠤᠬᠠᠢ ᠶᠢᠨ ᠭᠠᠵᠠᠷ ᠤᠨ ᠬᠦᠮᠦᠨ ᠰᠢᠶᠤᠤ | ᠤᠪᠤᠭᠳᠦ ᠠᠴᠠ ᠤᠯᠠᠮᠵᠢᠯᠠᠨ᠂ ᠲᠠᠪᠤᠳᠤᠭᠠᠷ ᠪᠠᠷᠠᠭᠤᠨ ᠵᠡᠭᠡᠯᠢ ᠶᠢᠨ ᠸᠧᠢ ᠽᠢ ᠺᠤᠩ ᠵᠠᠮ ᠤᠨ ᠵᠡᠬᠦᠨ ᠲᠠᠢ ᠪᠠᠶᠢᠷᠢᠯᠠᠵᠦ ᠪᠠᠶᠢᠪᠠ᠃ ᠯᠢᠦ ᠤᠪᠤᠭᠳᠦ ᠶᠢᠨ ᠪᠤᠳᠤᠭ | ᠤᠷᠤᠭᠤᠯᠬᠤ ᠭᠠᠵᠠᠷ ᠢ ᠯᠢᠦ ᠿᠠᠨ ᠲᠢᠶᠠᠨ ᠭᠠᠭᠴᠠᠭᠠᠷ ᠪᠡᠯᠡ ᠤᠷᠤᠭᠤᠯᠵᠦ ᠡᠷᠬᠢᠯᠡᠵᠡᠢ᠂ ᠡᠬᠢᠨ ᠳᠤ ᠪᠠᠨ ᠭᠤᠷᠪᠠᠳᠤᠭᠠᠷ ᠪᠠᠷᠠᠭᠤᠨ ᠵᠡᠭᠡᠯᠢ ᠶᠢᠨ ᠵᠠᠮ ᠤᠨ ᠡᠮᠦᠨ᠎ᠡ | ᠪᠠᠶᠢᠭᠤᠯᠵᠦ᠂ ᠰᠡᠬᠦᠯ ᠳᠤ ᠨᠢ ᠬᠤᠶᠠᠳᠤᠭᠠᠷ ᠵᠡᠭᠡᠯᠢ ᠶᠢᠨ ᠮᠠ ᠱᠢ ᠵᠠᠮ ᠤᠨ ᠬᠤᠶᠢᠨ᠎ᠠ ᠨᠡᠬᠦᠭᠰᠡᠨ ᠪᠠᠶᠢᠨ᠎ᠠ᠃ ᠰᠢᠩ ᠱᠦᠨ ᠪᠤᠳᠤᠭ ᠤᠷᠤᠭᠤᠯᠬᠤ ᠭᠠᠵᠠᠷ ᠢ ᠬᠤᠪᠢ | ᠤᠷᠤᠭᠤᠯᠤᠨ ᠪᠠᠶᠢᠭᠤᠯᠵᠦ᠂ ᠲᠡᠯᠭᠡᠬᠦᠷ ᠨᠢ ᠬᠤᠶᠢᠳᠦ ᠬᠦᠨᠳᠡᠯᠡᠨ ᠵᠡᠭᠡᠯᠢ ᠶᠢᠨ ᠵᠠᠮ ᠤᠨ ᠵᠡᠬᠦᠨ ᠲᠠᠢ ᠪᠠᠶᠢᠷᠢᠯᠡᠵᠦ᠂ ᠪᠤᠳᠤᠭ ᠤᠷᠤᠭᠤᠯᠬᠤ ᠭᠠᠵᠠᠷ ᠨᠢ ᠪᠠᠷᠠᠭᠤᠨ | ᠵᠡᠭᠡᠯᠢ ᠶᠢᠨ ᠦᠮᠡᠭᠡᠢ ᠤᠰᠤᠳᠦ ᠬᠤᠳᠤᠭᠤᠷ ᠤᠨ ᠬᠠᠵᠠᠭᠤ ᠳᠤ ᠪᠠᠶᠢᠳᠠᠭ᠃ ᠡᠬᠦᠨ ᠠᠴᠠ ᠭᠠᠳᠠᠨ᠎ᠠ ᠪᠤᠷᠤᠬᠤᠳᠠ᠂ ᠪᠢᠷᠠᠭᠤ᠂ ᠯᠢᠨᠰᠢ᠂ ᠬᠦᠩ ᠤᠨ ᠤᠷᠳᠤᠨ᠂ | ᠲᠢᠶᠠᠨ ᠢ ᠵᠡᠷᠭᠡ ᠭᠠᠵᠠᠷ ᠲᠤ ᠪᠠᠰᠠ ᠪᠤᠳᠤᠭ ᠤᠷᠤᠭᠤᠯᠬᠤ ᠭᠠᠵᠠᠷ ᠡᠵᠡᠩᠨᠡᠭᠰᠡᠨ ᠪᠠᠶᠢᠨ᠎ᠠ᠃ | ᠬᠠᠭᠤᠴᠢᠨ ᠨᠡᠶᠢᠭᠡᠮ ᠳᠤ᠂ ᠤᠬᠢᠶᠠᠬᠤ ᠪᠤᠳᠤᠬᠤ ᠠᠵᠢᠯ ᠪᠤᠯ ᠮᠡᠷᠭᠡᠵᠢᠯ ᠤᠨ ᠱᠠᠭᠠᠷᠳᠠᠯᠭ᠎ᠠ ᠪᠠᠷ ᠲᠤᠩ ᠦᠨᠳᠦᠷ ᠠᠵᠢᠯ ᠪᠤᠯᠤᠨ᠎ᠠ᠃ ᠪᠦᠰ ᠮᠠᠲ᠋ᠧᠷᠢᠶᠠᠯ᠂ | ᠬᠤᠪᠴᠠᠰᠦ ᠬᠤᠨᠠᠷ ᠠᠳᠠᠯᠢ ᠦᠭᠡᠢ᠂ ᠴᠢᠨᠠᠷ ᠴᠢᠨᠰᠠᠭ᠎ᠠ ᠨᠢ ᠠᠳᠠᠯᠢ ᠦᠭᠡᠢ᠂ ᠪᠤᠳᠤᠭ ᠤᠷᠤᠭᠤᠯᠬᠤ ᠱᠠᠭᠠᠷᠳᠠᠯᠭ᠎ᠠ ᠨᠢ ᠤᠯᠠᠨ ᠪᠠᠢᠳᠠᠭ᠂ ᠤᠯᠠᠮᠵᠢᠯᠠᠯᠳᠦ | ᠮᠡᠷᠭᠡᠵᠢᠯ ᠢᠶᠠᠷ ᠬᠢᠵᠦ ᠪᠡᠶᠡᠯᠡᠬᠦᠯᠳᠡᠭ᠃ ᠲᠤᠨᠤᠭ ᠲᠦᠬᠦᠭᠡᠷᠦᠮᠵᠢ ᠨᠢ ᠨᠢᠭᠡ ᠯᠠ ᠲᠠᠰᠤᠯᠭ᠎ᠠ ᠦᠢᠯᠡᠳᠪᠦᠷᠢ ᠶᠢᠨ ᠲᠠᠰᠤᠭ᠂ ᠭᠡᠳᠦᠨ ᠲᠤᠭᠤᠭ᠎ᠠ᠂ ᠭᠡᠳᠦᠨ ᠭᠠᠩ ᠲᠠᠢ | ᠂ ᠭᠡᠷᠡᠭᠯᠡᠵᠦ ᠪᠠᠶᠢᠭᠰᠠᠨ ᠪᠤᠳᠤᠭ ᠨᠢ ᠨᠡᠯᠢᠶᠡᠳ ᠰᠠᠶᠢᠨ᠂ ᠪᠦᠳᠦᠬᠦᠯᠢᠭ ᠰᠢᠷᠭᠡᠭ ᠲᠠᠢ ᠪᠦᠰ᠂ ᠨᠡᠭᠡᠮᠡᠯ ᠤᠨ ᠪᠦᠳᠦᠭᠡᠭᠳᠡᠬᠦᠨ ᠪᠤᠶᠤ ᠬᠠᠭᠤᠴᠢᠨ ᠬᠤᠪᠴᠠᠰᠦ ᠬᠤᠨᠠᠷ ᠢ | ᠴᠦᠮ ᠪᠤᠳᠤᠵᠦ ᠪᠤᠯᠳᠠᠭ᠃ ᠲᠤᠬᠠᠢ ᠶᠢᠨ ᠦᠶ᠎ᠡ ᠶᠢᠨ ᠦᠢᠯᠡᠴᠢᠯᠡᠬᠦ ᠲᠦᠷᠦᠯ ᠵᠦᠢᠯ ᠳᠤ᠄ ᠤᠬᠢᠶᠠᠬᠤ — ᠲᠤᠰᠦ ᠭᠬᠢᠷ ᠢ ᠨᠢ ᠤᠬᠢᠶᠠᠵᠦ ᠭᠠᠷᠭᠠᠬᠤ᠂ | ᠴᠠᠶᠢᠷᠠᠭᠤᠯᠤᠨ ᠤᠬᠢᠶᠠᠬᠤ᠂ ᠤᠰᠦ ᠶᠢ ᠨᠢ ᠰᠢᠪᠬᠠᠬᠤ᠂ ᠬᠠᠳᠠᠭᠠᠬᠤ᠂ ᠡᠰᠭᠡᠵᠦ ᠬᠠᠳᠠᠭᠠᠬᠤ᠃ ᠪᠤᠳᠤᠭ ᠤᠷᠤᠭᠤᠯᠬᠤ — ᠪᠦᠳᠦᠬᠦᠯᠢᠭ ᠰᠢᠷᠭᠡᠭ ᠲᠠᠢ | ᠬᠤᠪᠴᠠᠰᠦ᠂ ᠪᠦᠰ᠂ ᠤᠳᠠᠰᠤᠨ ᠳᠤ ᠪᠤᠳᠤᠭ ᠤᠷᠤᠭᠤᠯᠬᠤ᠂ ᠬᠠᠭᠤᠴᠢᠨ ᠬᠤᠪᠴᠰᠤᠨ ᠳᠤ ᠪᠤᠳᠤᠭ ᠤᠷᠤᠭᠤᠯᠬᠤ᠂ ᠺᠤᠰᠲ᠋ᠢᠶᠤᠮ ᠳᠤ ᠪᠤᠳᠤᠭ ᠤᠷᠤᠭᠤᠯᠬᠤ᠂ | ᠤᠷᠠᠨ ᠰᠠᠶᠢᠬᠠᠨ ᠤ ᠪᠦᠯᠬᠦᠮ ᠤᠨ ᠬᠤᠪᠴᠠᠰᠤᠨ ᠳᠤ ᠵᠢᠷᠤᠭ ᠲᠦᠷᠰᠦ ᠲᠠᠷᠤᠮᠯᠠᠬᠤ᠃ ᠨᠠᠭᠠᠯᠳᠠ ᠨᠠᠭᠠᠬᠤ — ᠴᠠᠭᠠᠨ ᠦᠩᠭᠡ ᠲᠠᠢ ᠬᠤᠪᠴᠠᠰᠤᠨ ᠳᠤ ᠨᠠᠭᠠᠯᠳᠠ | ᠨᠠᠭᠠᠵᠦ ᠬᠠᠳᠠᠭᠤᠷᠠᠭᠤᠯᠬᠤ᠃ ᠢᠯᠡᠦᠷᠳᠡᠬᠦ — ᠭᠠᠯ ᠪᠠ ᠤᠰᠦ ᠪᠠᠷ ᠢᠯᠡᠦᠷᠳᠡᠬᠦ᠃ ᠬᠠᠭᠤᠷᠮᠠᠭ ᠮᠠᠨᠵᠦ ᠶᠢᠨ ᠦᠶ᠎ᠡ ᠳᠤ᠂ ᠪᠦᠰ ᠢ ︽ᠨᠢᠭᠡᠳᠦᠯᠳᠡᠢ ᠬᠠᠮᠢᠶᠠᠷᠴᠦ︾ | ᠪᠠᠶᠢᠭᠰᠠᠨ ᠠᠴᠠ ᠭᠠᠳᠠᠭᠠᠳᠦ ᠠᠴᠠ ᠤᠷᠤᠭᠤᠯᠬᠤ ᠪᠤᠳᠤᠭ ᠲᠠᠢ ᠪᠦᠰ ᠢ ᠬᠢᠵᠠᠭᠠᠷᠯᠠᠵᠦ᠂ ᠶᠠᠫᠤᠨ ᠤ ᠠᠷᠠᠯᠵᠢᠶᠠᠴᠢᠨ ᠨᠸᠢ ᠲᠢᠶᠠᠨ ᠱᠠᠨ ᠤ ᠨᠡᠭᠡᠭᠡᠭᠰᠡᠨ ︽ᠿᠢ ᠨᠠᠢ | ᠴᠦ᠋ ᠪᠦᠰ ᠤᠬᠢᠶᠠᠬᠤ ᠭᠠᠵᠠᠷ︾ ᠠᠴᠠ ᠭᠠᠳᠠᠨ᠎ᠠ᠂ ᠪᠤᠰᠤᠳ ᠨᠢ ᠴᠦᠮ ᠡᠬᠦᠳᠡ ᠪᠠᠨ ᠬᠠᠭᠠᠭᠰᠠᠨ ᠪᠠᠶᠢᠨ᠎ᠠ᠃ ᠴᠢᠯᠦᠭᠡᠯᠡᠭᠳᠡᠭᠰᠡᠨ ᠤ ᠲᠠᠷᠠᠭ᠎ᠠ᠂ ᠪᠦᠬᠦ ᠬᠤᠳᠠ ᠶᠢᠨ | ᠤᠬᠢᠶᠠᠵᠦ ᠪᠤᠳᠤᠬᠤ ᠠᠵᠢᠯ ᠲᠥᠷᠥᠯ ᠬᠦᠭᠵᠢᠭᠡᠳ 21 ᠪᠤᠯᠵᠦ᠂ ᠠᠵᠢᠯ ᠡᠷᠬᠢᠯᠡᠵᠦ ᠪᠠᠶᠢᠭ᠎ᠠ ᠬᠦᠮᠦᠰ 39 ᠪᠤᠯᠵᠠᠢ᠃ ᠤᠯᠤᠰ ᠪᠠ ᠬᠤᠪᠢ ᠬᠤᠷᠰᠢᠨ | ᠡᠵᠡᠩᠨᠡᠭᠰᠡᠨ ᠤ ᠲᠠᠷᠠᠭ᠎ᠠ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠢᠯ ᠲᠥᠷᠥᠯ ᠳᠤ ᠬᠠᠷᠢᠶᠠᠯᠠᠭᠳᠠᠵᠦ᠂ ᠤᠳᠠᠯ ᠦᠭᠡᠢ ᠪᠤᠳᠤᠭ ᠤᠷᠤᠭᠤᠯᠬᠤ ᠠᠵᠢᠯ | ᠲᠥᠷᠥᠯ ᠵᠤᠭᠰᠤᠭᠰᠠᠨ ᠪᠠᠶᠢᠨ᠎ᠠ᠃ | ᠠᠮᠢᠳᠤᠷᠠᠯ ᠤᠨ ᠬᠢᠷᠢ ᠲᠦᠪᠰᠢᠨ ᠤ ᠲᠡᠭᠡᠭᠰᠢᠯᠡᠯᠳᠡ ᠪᠠ ᠬᠦᠩᠭᠡᠨ ᠠᠵᠦ ᠦᠢᠯᠡᠳᠪᠦᠷᠢ᠂ ᠨᠡᠭᠡᠮᠡᠯ ᠤᠨ ᠠᠵᠦ ᠦᠢᠯᠡᠳᠪᠦᠷᠢ ᠶᠢᠨ ᠬᠦᠭᠵᠢᠯᠳᠡ ᠶᠢ ᠲᠠᠭᠠᠯᠳᠤᠨ | ᠂ ᠨᠢᠽᠢ᠂ ᠨᠤᠤᠰᠤᠨ ᠮᠠᠲ᠋ᠧᠷᠢᠶᠠᠯ᠂ ᠦᠳᠦᠨ ᠬᠤᠪᠴᠠᠰᠦ ᠵᠡᠷᠭᠡ ᠲᠡᠭᠡᠳᠦ ᠵᠡᠷᠭᠡ ᠶᠢᠨ ᠬᠤᠪᠴᠠᠰᠦ ᠠᠶᠢᠯ ᠡᠷᠦᠭᠡ ᠳᠤ ᠲᠦᠭᠡᠮᠡᠯᠵᠢᠭᠰᠡᠨ ᠪᠠᠶᠢᠨ᠎ᠠ᠃ 1985 | ᠤᠨ ᠳᠤ ᠪᠦᠬᠦ ᠬᠤᠳᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠨᠢ 8 ᠲᠦᠮᠡᠨ ᠲᠦᠬᠦᠷᠢᠭ ᠤᠨ ᠪᠡᠯᠡ ᠤᠷᠤᠭᠤᠯᠤᠨ ᠭᠦ᠋ᠷᠮᠠᠨ ᠤ | ᠦᠢᠯᠡᠳᠪᠦᠷᠢᠯᠡᠭᠰᠡᠨ ᠬᠠᠭᠤᠷᠠᠢ ᠪᠠᠷ ᠤᠬᠢᠶᠠᠬᠤ ᠲᠦᠬᠦᠭᠡᠷᠦᠮᠵᠢ ᠨᠢᠭᠡ ᠢᠵᠢ ᠶᠢ ᠤᠷᠤᠭᠤᠯᠤᠨ᠂ ᠲᠠᠪᠤᠳᠤᠭᠠᠷ ᠪᠠᠷᠠᠭᠤᠨ ᠵᠡᠭᠡᠯᠢ ᠳᠤ ︽ᠫᠦ᠋ ᠯᠠᠨ ᠳᠤ︾ ᠲᠡᠭᠡᠳᠦ | ᠲᠡᠰ ᠤᠨ ᠬᠠᠭᠤᠷᠠᠢ ᠪᠠᠷ ᠤᠬᠢᠶᠠᠬᠤ ᠭᠠᠵᠠᠷ ᠢ ᠨᠡᠭᠡᠭᠡᠭᠰᠡᠨ ᠪᠠᠶᠢᠨ᠎ᠠ᠃ ᠦᠢᠯᠡᠴᠢᠯᠡᠭᠡᠨ ᠤ ᠲᠦᠷᠦᠯ ᠵᠦᠢᠯ ᠳᠤ᠄ ᠬᠠᠭᠤᠷᠠᠢ ᠪᠠᠷ ᠤᠬᠢᠶᠠᠬᠤ᠂ ᠰᠡᠭᠰᠦᠷᠦᠨ | ᠬᠠᠳᠠᠭᠠᠬᠤ᠂ ᠢᠯᠡᠦᠷᠳᠡᠬᠦ᠂ ᠨᠦᠬᠦᠨ ᠨᠡᠭᠡᠬᠦ ᠵᠡᠷᠭᠡ ᠲᠦᠷᠦᠯ ᠪᠤᠢ᠃ ᠡᠬᠦᠨ ᠤ ᠲᠠᠷᠠᠭ᠎ᠠ᠂ ᠭᠡᠷ ᠤᠨ ᠠᠳᠠᠯ ᠦᠢᠯᠡᠰ ᠤᠨ ᠬᠦᠳᠡᠯᠮᠤᠷᠢ ᠬᠦᠴᠦ ᠶᠢᠨ ᠠᠭᠠᠵᠢᠮ ᠢᠶᠠᠷ | ᠨᠡᠶᠢᠭᠡᠮᠴᠢᠯᠡᠬᠦ ᠶᠢ ᠲᠠᠭᠠᠯᠳᠤᠨ ᠬᠤᠪᠴᠠᠰᠦ ᠤᠬᠢᠶᠠᠬᠤ ᠠᠵᠢᠯ ᠲᠥᠷᠥᠯ ᠠᠯᠬᠤᠮ ᠠᠯᠬᠤᠮ ᠢᠶᠠᠷ ᠬᠦᠭᠵᠢᠭᠰᠡᠨ ᠪᠠᠶᠢᠨ᠎ᠠ᠃ 1990 ᠤᠨ ᠪᠤᠯᠬᠤ ᠳᠤ᠂ ᠪᠦᠬᠦ | ᠬᠤᠳᠠ ᠶᠢᠨ ᠤᠯᠤᠰ ᠠᠴᠠ ᠡᠵᠡᠩᠨᠡᠭᠰᠡᠨ᠂ ᠬᠠᠮᠳᠦ ᠶᠢᠨ᠂ ᠬᠤᠪᠢ ᠶᠢᠨ ᠡᠷᠬᠢᠯᠡᠭᠰᠡᠨ ᠬᠤᠪᠴᠠᠰᠤ ᠤᠬᠢᠶᠠᠬᠤ ᠭᠠᠵᠠᠷ 21 ᠪᠤᠯᠵᠦ᠂ ᠠᠵᠢᠯ ᠡᠷᠬᠢᠯᠡᠵᠦ ᠪᠠᠶᠢᠭ᠎ᠠ | ᠬᠦᠮᠦᠰ 250 ᠪᠤᠯᠵᠦ᠂ ᠪᠡᠯᠡ ᠮᠦᠩᠬᠦ ᠨᠢ 100 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ |