ᠭᠤᠷᠪᠠᠳᠤᠭᠠᠷ ᠪᠦᠯᠦᠭ ᠦᠢᠯᠡᠴᠢᠯᠡᠭᠡᠨ ᠤ ᠦᠢᠯᠡᠰ | ᠨᠢᠭᠡᠳᠦᠭᠡᠷ ᠭᠡᠰᠡᠭ ᠠᠶᠠᠨᠴᠢᠳ ᠤᠨ ᠪᠠᠭᠤᠳᠠᠯ | ᠬᠠᠭᠤᠴᠢᠨ ᠨᠡᠶᠢᠭᠡᠮ ᠳᠤ ᠤᠯᠠᠭᠠᠨᠬᠠᠳᠠ ᠶᠢᠨ ᠵᠡᠭᠡᠯᠢ ᠳᠤ ᠠᠶᠠᠨᠴᠢᠳ ᠲᠤ ᠵᠤᠷᠢᠭᠤᠯᠤᠭᠰᠠᠨ ᠲᠤᠰᠬᠠᠢ ᠪᠠᠭᠤᠳᠠᠯ ᠲᠠᠢ ᠪᠠᠢᠵᠠᠢ᠂ ᠶᠡᠭᠡ ᠲᠡᠷᠭᠡᠨ ᠪᠠᠭᠤᠳᠠᠯ᠂ | ᠲᠡᠮᠡᠭᠡ ᠠᠶᠠᠨ ᠤ ᠪᠠᠭᠤᠳᠠᠯ ᠪᠠ ᠦᠭᠡᠷ ᠮᠤᠷᠢᠨ ᠲᠡᠷᠭᠡ ᠶᠢᠨ ᠪᠠᠭᠤᠳᠠᠯ ᠪᠠᠶᠢᠵᠠᠢ᠃ ᠪᠠᠭᠤᠳᠠᠯ ᠤᠨ ᠡᠵᠡᠨ ᠨᠢ ᠠᠶᠠᠨᠴᠢᠳ ᠢ ᠬᠦᠯᠢᠶᠡᠨ ᠠᠪᠴᠦ | ᠬᠤᠨᠤᠭᠯᠠᠭᠤᠯᠬᠤ ᠠᠴᠠ ᠭᠠᠳᠠᠨ᠎ᠠ᠂ ᠠᠶᠠᠨᠴᠢᠳ ᠲᠤ ᠡᠳ᠋ ᠪᠠᠷᠠᠭ᠎ᠠ ᠶᠢ ᠨᠢ ᠤᠷᠤᠯᠠᠨ ᠬᠤᠳᠠᠯᠳᠤᠨ ᠠᠪᠴᠦ ᠦᠭᠬᠦᠨ᠂ ᠮᠠᠶᠢᠮᠠᠢ ᠶᠢᠨ ᠬᠤᠶᠠᠷ ᠡᠳᠡᠭᠡᠳ ᠤᠨ | ᠲᠤᠮᠳᠠᠬᠢ ᠵᠠᠭᠤᠴᠢ ᠪᠤᠯᠵᠦ᠂ ᠡᠬᠦᠨ ᠤ ᠲᠤᠮᠳᠠ ᠠᠴᠠ ᠠᠰᠢᠭ ᠬᠦᠷᠳᠡᠳᠡᠭ᠃ ᠲᠠᠷᠢᠶᠠᠴᠢᠨ ᠬᠤᠳᠠ ᠤᠷᠤᠵᠦ ᠠᠮᠤ ᠪᠤᠳᠠᠭ᠎ᠠ᠂ ᠨᠤᠳᠤᠭ ᠤᠨ ᠭᠠᠷᠤᠯᠳᠠ | ᠬᠤᠳᠠᠯᠳᠤᠬᠤ ᠳᠤ ᠪᠠᠭᠤᠳᠠᠯ ᠤᠨ ᠡᠵᠡᠨ ᠵᠠᠬ᠎ᠠ ᠲᠡᠯᠭᠡᠬᠦᠷ ᠤᠨ ᠦᠨ᠎ᠡ ᠶᠢ ᠦᠨᠳᠦᠰᠦᠯᠡᠨ ᠬᠤᠳᠠᠯᠳᠤᠨ ᠠᠪᠤᠭᠴᠢ ᠶᠢ ᠡᠷᠢᠵᠦ ᠦᠭᠬᠦᠳᠡᠭ᠂ ᠠᠷᠠᠯᠵᠢᠶ᠎ᠠ | ᠪᠦᠳᠦᠭᠰᠡᠨ ᠤ ᠲᠠᠷᠠᠭ᠎ᠠ᠂ ᠪᠠᠭᠤᠳᠠᠯ ᠤᠨ ᠡᠵᠡᠨ ᠬᠤᠶᠠᠷ ᠲᠠᠯ᠎ᠠ ᠠᠴᠠ ᠨᠢ ᠠᠷᠠᠯᠵᠢᠶᠠᠨ ᠤ ᠰᠦᠢᠳᠭᠡᠯ ᠬᠤᠷᠢᠶᠠᠳᠠᠭ᠃ ᠴᠢᠩ ᠤᠯᠤᠰ ᠤᠨ ᠡᠬᠢᠨ ᠳᠤ᠂ | ᠤᠯᠠᠭᠠᠨᠬᠳᠠ ᠶᠢᠨ ᠤᠷᠤᠨ ᠤ ᠠᠶᠠᠨᠴᠢᠳ ᠤᠨ ᠪᠠᠭᠤᠳᠠᠯ ᠢ ᠲᠡᠭᠡᠳᠦ᠂ ᠲᠤᠮᠳᠠ᠂ ᠲᠤᠤᠷ᠎ᠠ ᠲᠡᠰ ᠭᠡᠵᠦ ᠭᠤᠷᠪᠡ ᠬᠤᠪᠢᠶᠠᠳᠠᠭ᠃ ᠲᠡᠭᠡᠳᠦ ᠲᠡᠰ ᠤᠨ ᠪᠠᠭᠤᠳᠠᠯ ᠨᠢ | ᠨᠤᠶᠠᠳ ᠢᠵᠠᠭᠤᠷᠲᠠᠨ ᠠᠷᠠᠯᠵᠢᠶᠠᠴᠢᠨ ᠤ ᠦᠷᠦᠭᠡ ᠪᠤᠶᠤ ᠪᠤᠰᠤᠳ ᠰᠤᠯᠠ ᠵᠤᠴᠢᠳ ᠤᠨ ᠨᠢᠭᠡ ᠬᠦᠮᠦᠨ ᠬᠤᠨᠣᠭᠯᠠᠳᠠᠭ ᠥᠷᠥᠭᠡ ᠪᠣᠯᠣᠨ᠎ᠠ᠂ ᠲᠦᠷᠦᠯ ᠬᠤᠪᠢᠶᠠᠨ | ᠬᠠᠮᠢᠶᠠᠷᠴᠦ᠂ ᠲᠡᠰ ᠬᠤᠪᠢᠶᠠᠨ ᠦᠢᠯᠡᠴᠢᠯᠡᠵᠦ᠂ ᠲᠤᠳᠤᠭᠠᠳᠦ ᠳᠤ ᠪᠠᠨ ᠲᠤᠭᠤᠭᠠᠨ ᠭᠡᠷ ᠲᠤᠬᠢᠷᠠᠭᠤᠯᠵᠦ᠂ ᠡᠳ᠋ ᠪᠤᠳᠠᠰ ᠢ ᠨᠢ ᠬᠠᠳᠠᠭᠠᠯᠠᠨ ᠦᠭᠴᠦ᠂ ᠰᠦᠨᠢ ᠶᠢᠨ | ᠡᠭᠡᠯᠵᠢ ᠬᠠᠷᠠᠭᠤᠯ ᠲᠠᠢ ᠪᠠᠶᠢᠵᠦ᠂ ᠠᠶᠠᠨᠴᠢᠳ ᠤᠨ ᠠᠮᠤᠷ ᠲᠦᠪᠰᠢᠨ ᠢ ᠪᠠᠳᠤᠯᠠᠳᠠᠭ᠃ ᠲᠤᠮᠳᠠ ᠵᠡᠷᠭᠡ ᠶᠢᠨ ᠪᠠᠭᠤᠳᠠᠯ ᠨᠢ ᠦᠷᠦᠭᠡᠨ ᠳᠤ ᠪᠠᠨ ᠬᠤᠯᠢᠯᠳᠤᠨ | ᠰᠠᠭᠤᠬᠤ ᠪᠠ ᠦᠷᠬᠦᠢ ᠣᠷᠣ ᠭᠡᠵᠦ ᠬᠤᠶᠠᠷ ᠵᠦᠢᠯ ᠪᠠᠢᠳᠠᠭ᠂ ᠠᠶᠠᠨᠴᠢᠳ ᠪᠠ ᠶᠠᠭᠤᠮ᠎ᠠ ᠭᠡᠦᠮ᠎ᠡ ᠶᠢ ᠨᠢᠭᠡ ᠥᠷᠥᠭᠡᠨ ᠳᠤ ᠲᠤᠬᠢᠷᠠᠭᠤᠯᠳᠠᠭ᠃ ᠡᠶᠢᠮᠦᠷᠬᠦ | ᠥᠷᠥᠭᠡ ᠨᠢ ᠨᠢᠭᠡ ᠬᠦᠮᠦᠨ ᠤ ᠥᠷᠥᠭᠡ ᠭᠡᠵᠦ ᠪᠠᠢᠬᠤ ᠦᠭᠡᠢ᠂ ᠲᠤᠭᠤᠭᠠᠨ ᠭᠡᠷ ᠦᠭᠡᠢ᠂ ᠦᠨ᠎ᠡ ᠬᠠᠩᠰᠢ ᠨᠢ ᠲᠡᠭᠡᠳᠦ ᠲᠡᠰ ᠤᠨ ᠪᠠᠭᠤᠳᠠᠯ ᠠᠴᠠ ᠬᠢᠮᠳᠠ | ᠪᠠᠶᠢᠳᠠᠭ᠃ ᠲᠤᠤᠷ᠎ᠠ ᠲᠡᠰ ᠤᠨ ᠪᠠᠭᠤᠳᠠᠯ ᠨᠢ ᠴᠦᠮ ᠦᠷᠬᠦᠢ ᠤᠷᠤ ᠪᠠᠶᠢᠵᠦ᠂ ᠨᠢᠭᠡ ᠥᠷᠥᠭᠡᠨ ᠳᠤ ᠠᠷᠪᠠᠭᠠᠳ ᠬᠦᠮᠦᠨ᠂ ᠠᠶᠠᠨᠴᠢᠳ ᠶᠠᠭᠤᠮ᠎ᠠ ᠭᠡᠦᠮ᠎ᠡ ᠪᠠᠨ | ᠠᠪᠴᠦ ᠬᠤᠨᠣᠭᠯᠠᠳᠠᠭ᠂ ᠪᠠᠭᠤᠳᠠᠯ ᠤᠨ ᠡᠵᠡᠨ ᠨᠢ ᠵᠦᠪᠭᠡᠨ ᠣᠷᠣ ᠶᠢᠨ ᠵᠤᠭᠤᠰ ᠬᠤᠷᠢᠶᠠᠬᠤ ᠠᠴᠠ ᠪᠤᠰᠤᠳ ᠵᠦᠢᠯ ᠢ ᠨᠢ ᠬᠠᠮᠢᠶᠠᠷᠳᠠᠭ ᠦᠭᠡᠢ᠃ ᠵᠠᠷᠢᠮ | ᠪᠠᠭᠤᠳᠠᠯ ᠨᠢ ᠠᠶᠠᠨᠴᠢᠳ ᠴᠦᠮ ᠬᠠᠨᠵᠤᠨ ᠲᠡᠭᠡᠷ᠎ᠡ ᠤᠨᠳᠠᠵᠦ᠂ ᠮᠤᠳᠤᠨ ᠤᠷᠤ ᠭᠡᠵᠦ ᠪᠠᠢᠳᠠᠭ ᠦᠭᠡᠢ᠂ ᠰᠦᠨᠢ ᠳᠤ ᠪᠠᠨ ᠲᠤᠰᠤᠨ ᠳ᠋ᠤᠩ ᠢᠶᠠᠷ ᠭᠡᠷᠡᠯᠳᠦᠬᠦᠯᠳᠡᠭ᠃ | ᠦᠭᠡᠷ ᠮᠤᠷᠢᠨ ᠲᠡᠷᠭᠡᠨ ᠪᠠᠭᠤᠳᠠᠯ ᠪᠠ ᠲᠡᠮᠡᠭᠡᠨ ᠠᠶᠠᠨ ᠤ ᠪᠠᠭᠤᠳᠠᠯ ᠨᠢ ᠨᠡᠩ ᠴᠤ ᠲᠦᠬᠦᠮ ᠪᠠᠢᠳᠠᠭ᠂ ᠥᠷᠥᠭᠡᠨ ᠳᠤ ᠨᠢ ᠲᠤᠮᠤ ᠬᠠᠨᠵᠦ ᠲᠠᠢ᠂ ᠬᠤᠷᠤᠭᠠᠨ ᠳᠤ ᠨᠢ | ᠢᠯᠡ ᠡᠪᠡᠰᠦᠨ ᠤᠩᠭᠤᠴᠠ ᠲᠠᠢ᠂ ᠤᠨᠤᠭ᠎ᠠ ᠪᠠᠨ ᠠᠶᠠᠨᠴᠢᠳ ᠦᠪᠡᠷ ᠢᠶᠠᠨ ᠡᠪᠡᠰᠦᠯᠡᠵᠦ᠂ ᠪᠠᠭᠤᠳᠠᠯ ᠤᠨ ᠡᠵᠡᠨ ᠡᠪᠡᠰᠦ ᠪᠤᠷᠳᠤᠭ᠎ᠠ ᠶᠢ ᠤᠷᠤᠯᠠᠨ ᠬᠤᠳᠠᠯᠳᠤᠳᠠᠭ᠃ | | 1921 ᠤᠨ ︵ᠢᠷᠭᠡᠨ ᠤᠯᠤᠰ ᠤᠨ 10 ᠤᠨ︶ ᠤ ᠤᠷᠢᠳ ᠬᠤᠵᠢᠳ ᠪᠤᠯ ᠤᠯᠠᠭᠠᠨᠬᠠᠳᠠ ᠶᠢᠨ ᠪᠠᠭᠤᠳᠠᠯ ᠤᠨ ᠦᠢᠯᠡᠰ ᠦᠷᠨᠢᠨ ᠬᠦᠭᠵᠢᠭᠰᠡᠨ ᠴᠠᠭ | ᠦᠶ᠎ᠡ ᠪᠤᠯᠤᠨ᠎ᠠ᠂ ᠤᠯᠠᠭᠠᠨᠬᠳᠠ ᠵᠡᠭᠡᠯᠢ ᠳᠤ 70 ᠪᠠᠭᠤᠳᠠᠯ ᠲᠠᠢ ᠪᠠᠶᠢᠵᠦ᠂ ᠦᠭᠡᠷ ᠮᠤᠷᠢᠨ ᠲᠡᠷᠭᠡᠨ ᠪᠠᠭᠤᠳᠠᠯ 40᠂ ᠲᠡᠮᠡᠭᠡᠨ ᠠᠶᠠᠨ ᠤ ᠪᠠᠭᠤᠳᠠᠯ 14 ᠪᠠᠶᠢᠪᠠ᠃ | ᠬᠦᠷᠢᠶ᠎ᠡ ᠭᠡᠪᠴᠢᠶ᠎ᠡ ᠨᠢ ᠨᠡᠯᠢᠶᠡᠳ ᠶᠡᠭᠡ ᠪᠠᠭᠤᠳᠠᠯ ᠳᠤ ᠭᠤᠸᠠᠩ ᠲᠠᠢ ᠲᠡᠮᠡᠭᠡᠨ ᠠᠶᠠᠨ ᠤ ᠪᠠᠭᠤᠳᠠᠯ ᠪᠠᠶᠢᠵᠦ᠂ ᠵᠠᠭᠤ ᠭᠠᠷᠤᠢ ᠲᠡᠮᠡᠭᠡ ᠲᠠᠢ ᠠᠶᠠᠨᠴᠢᠳ | ᠪᠠᠭᠤᠳᠠᠯᠯᠠᠵᠦ ᠪᠠᠭᠳᠠᠳᠠᠭ᠃ ᠭᠤᠸᠠᠩ ᠵᠢᠤᠸᠠᠢ ᠪᠠᠭᠤᠳᠠᠯ ᠨᠢ ᠬᠠᠮᠤᠭ ᠡᠷᠳᠡ ᠨᠡᠭᠡᠭᠡᠵᠠᠢ᠂ ᠡᠨᠡ ᠬᠤᠶᠠᠷ ᠪᠠᠭᠤᠳᠠᠯ ᠤᠨ ᠬᠦᠷᠢᠶᠡᠨ ᠳᠤ 300 ᠭᠠᠷᠤᠢ ᠲᠡᠮᠡᠭᠡ ᠲᠠᠢ | ᠠᠶᠠᠨᠴᠢᠳ ᠪᠠᠭᠤᠳᠠᠯᠯᠠᠵᠦ ᠪᠠᠭᠳᠠᠳᠠᠭ᠃ | 1933 ᠤᠨ ᠳᠤ᠂ ᠶᠠᠫᠤᠨ ᠴᠡᠷᠢᠭ ᠤᠯᠠᠭᠠᠨᠬᠠᠳᠠ ᠶᠢ ᠡᠵᠡᠯᠡᠭᠰᠡᠨ ᠤ ᠲᠠᠷᠠᠭ᠎ᠠ᠂ ᠶᠠᠫᠤᠨ ᠤ ᠠᠷᠠᠯᠵᠢᠶᠠᠴᠢᠳ ᠤᠯᠠᠭᠠᠨᠬᠳᠠ ᠳᠤ ᠶᠡᠭᠡ ᠪᠠᠷ ᠢᠪᠡᠷᠡᠨ ᠤᠷᠤᠵᠦ | ᠂ ᠤᠷᠢᠳ ᠬᠤᠵᠢᠳ ᠳ᠋ᠦ᠋ ᠮᠦ ᠠᠶᠠᠨᠴᠢᠨ ᠤ ᠪᠠᠭᠤᠳᠠᠯ᠂ ᠯᠦᠩ ᠱᠠᠨ ᠠᠶᠠᠨᠴᠢᠨ ᠤ ᠪᠠᠭᠤᠳᠠᠯ᠂ ᠪᠦ᠋ ᠡᠯ ᠠᠶᠠᠨᠴᠢᠨ ᠤ ᠪᠠᠭᠤᠳᠠᠯ᠂ ᠤᠯᠠᠭᠠᠨᠬᠳᠠ ᠠᠶᠠᠨᠴᠢᠨ ᠤ | ᠪᠠᠭᠤᠳᠠᠯ᠂ ᠶᠠᠫᠤᠨ ᠮᠠᠨᠵᠦ ᠶᠢᠨ ᠠᠶᠠᠨᠴᠢᠨ ᠤ ᠪᠠᠭᠤᠳᠠᠯ ᠵᠡᠷᠭᠡ ᠤᠯᠠᠨ ᠪᠠᠭᠤᠳᠠᠯ ᠡᠷᠬᠢᠯᠡᠵᠡᠢ᠂ ᠳ᠋ᠦ᠋ ᠮᠦ ᠪᠠᠭᠤᠳᠠᠯ ᠤᠨ ᠲᠦᠬᠦᠭᠡᠷᠦᠮᠵᠢ ᠨᠢ ᠬᠠᠮᠤᠭ ᠰᠠᠶᠢᠨ᠂ | ᠨᠤᠶᠠᠳ ᠠᠷᠠᠯᠵᠢᠶᠠᠴᠢᠳ᠂ ᠲᠡᠭᠡᠳᠦ ᠲᠡᠰ ᠤᠨ ᠬᠦᠮᠦᠰ ᠪᠠᠭᠤᠳᠠᠯᠯᠠᠳᠠᠭ ᠪᠦᠭᠡᠳ ᠰᠠᠷ᠎ᠠ ᠶᠢᠨ ᠤᠷᠤᠯᠭ᠎ᠠ ᠨᠢ ᠲᠠᠪᠤ᠂ ᠵᠢᠷᠭᠤᠭᠠᠨ ᠮᠢᠩᠭᠠᠨ ᠯᠠᠩ ᠴᠠᠭᠠᠨ ᠮᠦᠩᠬᠦ | ᠭᠦᠷᠳᠡᠭ᠃ ᠲᠤᠬᠠᠢ ᠶᠢᠨ ᠭᠠᠵᠠᠷ ᠤᠨ ᠬᠦᠮᠦᠰ ᠤᠨ ᠡᠷᠬᠢᠯᠡᠭᠰᠡᠨ ᠪᠠᠭᠤᠳᠠᠯ ᠶᠠᠪᠤᠬᠤ ᠲᠤᠳᠤᠮ ᠴᠦᠭᠡᠷᠡᠵᠦ᠂ 1945 ᠤᠨ ᠤ ︽8.15︾ ᠤ ᠶᠠᠫᠤᠨ ᠪᠠᠭᠤᠵᠦ | ᠦᠭᠬᠦ ᠪᠤᠯᠳᠠᠯ᠎ᠠ ᠤᠯᠠᠭᠠᠨᠬᠳᠠ ᠳᠤ ᠵᠦᠪᠭᠡᠨ 40 ᠭᠠᠷᠤᠢ ᠯᠠ ᠪᠠᠭᠤᠳᠠᠯ ᠪᠠᠶᠢᠪᠠ᠃ | ᠴᠢᠯᠦᠭᠡᠯᠡᠭᠳᠡᠭᠰᠡᠨ ᠤ ᠲᠠᠷᠠᠭ᠎ᠠ᠂ ᠤᠯᠠᠭᠠᠨᠬᠳᠠ ᠶᠢᠨ ᠠᠶᠠᠨᠴᠢᠳ ᠤᠨ ᠪᠠᠭᠤᠳᠠᠯ ᠶᠡᠭᠡ ᠲᠦᠯᠦᠪ ᠭᠤᠷᠪᠠᠨ ᠱᠠᠳᠦ ᠶᠢ ᠦᠩᠭᠡᠷᠡᠭᠡᠭᠰᠡᠨ ᠶᠤᠮ᠃ 1946 | — 1957 ᠤᠨ ᠪᠤᠯᠳᠠᠯ᠎ᠠ᠂ ᠰᠡᠷᠬᠦᠯᠳᠡ ᠪᠠ ᠬᠦᠭᠵᠢᠯᠳᠡ ᠶᠢᠨ ᠱᠠᠳᠦ ᠪᠤᠯᠤᠨ᠎ᠠ᠃ ᠪᠦᠬᠦ ᠬᠤᠳᠠ ᠶᠢᠨ ᠠᠶᠠᠨᠴᠢᠳ ᠤᠨ ᠪᠠᠭᠤᠳᠠᠯ ᠨᠢ ᠤᠯᠤᠰ ᠬᠤᠪᠢ | ᠬᠤᠷᠰᠢᠨ ᠡᠷᠬᠢᠯᠡᠬᠦ ᠪᠤᠯᠳᠠᠯ᠎ᠠ 40 ᠭᠠᠷᠤᠢ ᠪᠠᠢᠭᠰᠠᠨ ᠠᠴᠠ 70 ᠭᠠᠷᠤᠢ ︵ᠡᠬᠦᠨ ᠳᠤ ᠤᠯᠤᠰ ᠠᠴᠠ ᠡᠷᠬᠢᠯᠡᠭᠰᠡᠨ ᠨᠢ 26 ᠪᠤᠢ︶ ᠪᠤᠯᠤᠭᠰᠠᠨ ᠪᠠᠶᠢᠨ᠎ᠠ᠃ | ᠤᠯᠤᠰ ᠠᠴᠠ ᠬᠠᠭᠤᠴᠢᠨ ᠪᠠᠭᠤᠳᠠᠯ ᠢ ᠲᠡᠮᠵᠢᠬᠦ ᠲᠦᠷᠦ ᠶᠢᠨ ᠪᠤᠳᠤᠯᠭ᠎ᠠ ᠶᠢ ᠠᠪᠴᠦ᠂ ᠴᠡᠭᠴᠡᠯᠡᠬᠦ ᠪᠠ ᠦᠭᠡᠷᠡᠴᠢᠯᠡᠬᠦ ᠠᠴᠠ ᠡᠬᠦᠰᠴᠦ᠂ ᠲᠤᠷ᠎ᠠ ᠪᠠᠷ ᠢᠶᠠᠨ | ᠰᠦᠢᠳᠭᠡᠯ ᠬᠤᠷᠢᠶᠠᠬᠤ ᠪᠠ ᠵᠤᠬᠢᠰ ᠦᠭᠡᠢ ᠲᠦᠷᠢᠮ ᠲᠤᠭᠳᠠᠭᠠᠯ ᠢ ᠬᠦᠴᠦᠨ ᠦᠭᠡᠢ ᠪᠣᠯᠭᠠᠵᠤ᠂ ᠪᠠᠭᠤᠳᠠᠯ ᠤᠨ ᠦᠨ᠎ᠡ ᠬᠠᠩᠰᠢ ᠶᠢ ᠬᠢᠵᠠᠭᠠᠷᠯᠠᠨ ᠲᠤᠭᠳᠠᠭᠠᠵᠦ᠂ | ᠠᠶᠠᠨᠴᠢᠳ ᠤᠨ ᠪᠠᠭᠤᠳᠠᠯ ᠳᠤ ᠬᠤᠨᠣᠭᠯᠠᠬᠤ ᠠᠴᠠ ᠭᠠᠳᠠᠨ᠎ᠠ ᠪᠤᠰᠤᠳ ᠠᠯᠢᠪᠠ ᠠᠵᠢᠯᠯᠠᠭ᠎ᠠ ᠶᠢ ᠵᠤᠭᠰᠤᠭᠠᠵᠦ᠂ ᠬᠦᠳᠡᠯᠮᠤᠷᠢ ᠪᠠ ᠬᠦᠯᠦᠰᠦ ᠴᠠᠯᠢᠩ ᠤᠨ | ᠬᠠᠷᠢᠴᠠᠭ᠎ᠠ ᠶᠢ ᠲᠤᠬᠢᠷᠠᠭᠤᠯᠵᠦ᠂ ᠠᠵᠢᠯᠴᠢᠳ ᠤᠨ ᠬᠦᠯᠦᠰᠦ ᠤᠯᠭᠤᠮᠵᠢ ᠶᠢ ᠲᠡᠭᠡᠭᠰᠢᠯᠡᠬᠦᠯᠵᠦ ᠦᠭᠬᠦᠭᠰᠡᠨ ᠪᠠᠶᠢᠨ᠎ᠠ᠃ 1956 ᠤᠨ ᠳᠤ᠂ ᠤᠯᠠᠭᠠᠨᠬᠳᠠ | ᠬᠤᠳᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠪᠠᠶᠢᠭᠤᠯᠤᠭᠳᠠᠵᠦ᠂ ᠡᠯ᠎ᠡ ᠬᠤᠰᠢᠭᠤ ᠰᠢᠶᠠᠨ ᠤ ᠠᠵᠦ ᠦᠢᠯᠡᠳᠪᠦᠷᠢ ᠬᠤᠳᠠᠯᠳᠤᠭᠠᠨ ᠤ ᠰᠠᠯᠠᠭ᠎ᠠ | ᠮᠦᠴᠢᠷ ᠨᠢ ᠴᠤ ᠬᠠᠷᠠᠭᠠᠯᠵᠠᠭᠰᠠᠨ ᠪᠠᠶᠢᠭᠤᠯᠤᠮᠵᠢ ᠪᠠᠶᠢᠭᠤᠯᠵᠦ᠂ ᠪᠠᠭᠤᠳᠠᠯ ᠢ ᠠᠵᠢᠯ ᠲᠦᠷᠦᠯ ᠢᠶᠠᠷ ᠨᠢ ᠬᠠᠮᠢᠶᠠᠷᠴᠦ ᠪᠠᠶᠢᠪᠠ᠃ 1957 ᠤᠨ ᠤ ᠨᠡᠶᠢᠭᠡᠮ | ᠵᠢᠷᠦᠮᠳᠦ ᠦᠭᠡᠷᠡᠴᠢᠯᠡᠯᠳᠡ ᠶᠢᠨ ᠲᠠᠷᠠᠭ᠎ᠠ᠂ ᠪᠦᠬᠦ ᠬᠤᠳᠠ ᠶᠢᠨ ᠬᠤᠪᠢ ᠶᠢᠨ ᠡᠷᠬᠢᠯᠡᠭᠰᠡᠨ ᠪᠠᠭᠤᠳᠠᠯ ᠨᠢ 14 ᠦᠯᠡᠳᠡᠵᠦ ︵ᠤᠯᠠᠩᠬᠢ ᠨᠢ ᠦᠭᠡᠷ ᠮᠤᠷᠢᠨ ᠲᠡᠷᠭᠡᠨ | ᠪᠠᠭᠤᠳᠠᠯ︶ ᠤᠳᠠᠯ ᠦᠭᠡᠢ ᠤᠷᠤ ᠮᠦᠷ ᠲᠠᠰᠤᠷᠠᠵᠠᠢ᠃ | 1958 — 1977 ᠤᠨ ᠪᠣᠯᠬᠤ ᠳᠤ ᠬᠤᠳᠠ ᠲᠤᠭᠤᠷᠢᠭ ᠪᠤᠯᠤᠨ ᠡᠯ᠎ᠡ ᠬᠤᠰᠢᠭᠤ ᠰᠢᠶᠠᠨ ᠤ ᠵᠠᠰᠠᠭ ᠤᠨ ᠤᠷᠳᠤᠨ ᠤ ᠪᠠᠶᠢᠭᠤᠯᠭ᠎ᠠ᠂ ᠡᠯ᠎ᠡ | ᠰᠢᠰᠲ᠋ᠤᠮ ᠨᠢ ᠵᠤᠴᠢᠯᠠᠬᠤ ᠭᠠᠵᠠᠷ ᠲᠤᠬᠢᠷᠠᠭᠤᠯᠵᠦ᠂ ᠪᠦᠬᠦ ᠬᠤᠳᠠ ᠳᠤ ᠵᠦᠪᠭᠡᠨ 50 ᠭᠠᠷᠤᠢ ᠠᠶᠠᠨᠴᠢᠳ ᠤᠨ ᠪᠠᠭᠤᠳᠠᠯ ᠲᠠᠢ ᠯᠠ ᠪᠤᠯᠵᠦ᠂ 4000 | ᠤᠷᠴᠢᠮ ᠤᠨ ᠤᠷᠤ ᠲᠠᠢ ᠪᠠᠶᠢᠵᠦ᠂ ᠠᠶᠠᠨᠴᠢᠳ ᠪᠠᠭᠤᠳᠠᠯ ᠤᠯᠬᠤ ᠦᠭᠡᠢ ᠬᠦᠴᠢᠷᠳᠡᠳᠡᠭ ᠪᠠᠢᠪᠠ᠃ ᠡᠨᠡ ᠬᠤᠭᠤᠴᠠᠭᠠᠨ ᠳᠤ ᠪᠠᠭᠤᠳᠠᠯ ᠤᠨ ᠪᠦᠳᠦᠭᠡᠨ | ᠪᠠᠶᠢᠭᠤᠯᠤᠯᠳᠠ ᠳᠤ ᠵᠤᠤ ᠤᠳᠠ ᠵᠤᠴᠢᠳ ᠤᠨ ᠪᠠᠭᠤᠳᠠᠯ ︵ᠤᠳᠦ ᠶᠢᠨ ᠤᠯᠠᠭᠠᠨᠬᠠᠳᠠ ᠵᠤᠴᠢᠳ ᠤᠨ ᠪᠠᠭᠤᠳᠠᠯ︶᠂ ᠬᠤᠶᠠᠳᠤᠭᠠᠷ ᠭᠤᠷᠪᠠᠳᠤᠭᠠᠷ ᠵᠣᠴᠢᠯᠠᠬᠤ | ᠭᠠᠵᠠᠷ ᠪᠠ ᠦᠨᠳᠦᠰᠦᠳᠡᠨ ᠤ ᠪᠠᠭᠤᠳᠠᠯ ᠠᠴᠠ ᠭᠠᠳᠠᠨ᠎ᠠ ᠬᠤᠰᠢᠭᠤ ᠰᠢᠶᠠᠨ ᠪᠤᠯᠭᠠᠨ ᠳᠤ ᠴᠦᠮ ᠨᠢᠭᠡ ᠨᠡᠯᠢᠶᠡᠳ ᠪᠦᠷᠢᠨ ᠲᠦᠬᠦᠷ ᠵᠣᠴᠢᠯᠠᠬᠤ ᠭᠠᠵᠠᠷ ᠲᠠᠢ | ᠪᠤᠯᠤᠭᠰᠠᠨ ᠪᠠᠶᠢᠨ᠎ᠠ᠃ ᠬᠤᠳᠠ ᠲᠤᠭᠤᠷᠢᠭ ᠲᠤ ᠪᠠᠰᠠ ᠨᠢᠭᠡ᠂ ᠬᠤᠶᠠᠷ᠂ ᠭᠤᠷᠪᠠᠳᠤᠭᠠᠷ ᠠᠶᠠᠨᠴᠢᠳ ᠤᠨ ᠪᠠᠭᠤᠳᠠᠯ ᠢ ᠪᠠᠶᠢᠭᠤᠯᠤᠭᠰᠠᠨ ᠪᠠᠶᠢᠨ᠎ᠠ᠃ 1970 | ᠤᠨ ᠳᠤ ᠤᠯᠠᠭᠠᠨᠬᠠᠳᠠ ᠪᠠᠭᠤᠳᠠᠯ ᠤᠨ ᠲᠦᠷᠪᠡᠳᠦᠭᠡᠷ ᠲᠠᠪᠬᠤᠷᠭ᠎ᠠ ᠨᠢ ᠠᠰᠢᠭᠯᠠᠯᠳᠠ ᠳᠤ ᠤᠷᠤᠵᠦ᠂ ᠪᠠᠭᠤᠳᠠᠯ ᠤᠨ ᠪᠠᠷᠠᠭᠤᠨ ᠲᠠᠯ᠎ᠠ ᠳᠤ 300 — 500 | ᠬᠦᠮᠦᠨ ᠪᠠᠭᠳᠠᠭᠠᠬᠤ ᠬᠤᠭᠤᠯᠠᠨ ᠭᠡᠷ ᠪᠠᠶᠢᠭᠤᠯᠵᠦ᠂ ᠬᠤᠳᠠ ᠲᠤᠭᠤᠷᠢᠭ ᠤᠨ ᠲᠤᠳᠤᠷᠠᠬᠢ ᠠᠶᠠᠨᠴᠢᠳ ᠤᠨ ᠢᠳᠡᠵᠦ ᠬᠤᠨᠤᠬᠤ ᠪᠠᠴᠢᠮ ᠪᠠᠶᠢᠳᠠᠯ ᠢ ᠵᠣᠬᠢᠬᠤ | ᠬᠡᠮᠵᠢᠶᠡᠨ ᠳᠤ ᠨᠠᠮᠳᠠᠭᠠᠭᠰᠠᠨ ᠪᠠᠶᠢᠨ᠎ᠠ᠃ 1976 ᠤᠨ ᠪᠤᠯᠬᠤ ᠳᠤ ᠪᠦᠬᠦ ᠬᠤᠳᠠ ᠳᠤ 44 ᠪᠠᠭᠤᠳᠠᠯ ᠲᠠᠢ᠂ 616 ᠠᠵᠢᠯᠴᠢᠨ ᠲᠠᠢ ᠪᠤᠯᠵᠦ᠂ ᠡᠵᠡᠩᠨᠡᠯᠳᠡ ᠶᠢᠨ | ᠤᠷᠤᠯᠭ᠎ᠠ ᠨᠢ 232 ᠲᠦᠮᠡᠨ ᠲᠦᠬᠦᠷᠢᠭ᠂ ᠠᠰᠢᠭ ᠤᠷᠤᠯᠭ᠎ᠠ ᠨᠢ 75 ᠲᠦᠮᠡᠨ ᠲᠦᠬᠦᠷᠢᠭ ᠪᠤᠯᠤᠭᠰᠠᠨ ᠪᠠᠶᠢᠨ᠎ᠠ᠃ | ᠲᠤᠮᠳᠠᠳᠦ ᠤᠯᠤᠰ ᠤᠨ ᠡᠪ ᠬᠠᠮᠳᠦ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠬᠦ ᠬᠤᠷᠠᠯᠳᠤᠭᠠᠨ ᠤ ᠲᠠᠷᠠᠭ᠎ᠠ᠂ ᠤᠨᠴᠠᠭᠠᠢᠯᠠᠨ | 1980 ᠤ ᠦᠭᠡᠷᠡᠴᠢᠯᠡᠯᠳᠡ ᠬᠢᠵᠦ ᠴᠢᠯᠦᠭᠡᠳᠡᠢ ᠶᠠᠪᠤᠯᠴᠠᠭᠰᠠᠨ ᠤ ᠲᠠᠷᠠᠭ᠎ᠠ ᠪᠦᠬᠦ ᠨᠡᠶᠢᠭᠡᠮ ᠢᠶᠠᠷ ᠢᠶᠠᠨ ᠦᠷᠢᠰᠦᠯᠳᠦᠨ ᠪᠠᠭᠤᠳᠠᠯ ᠨᠡᠭᠡᠭᠡᠨ ᠡᠬᠢᠯᠡᠵᠦ᠂ 1990 | ᠤᠨ ᠪᠤᠯᠬᠤ ᠳᠤ ᠪᠦᠬᠦ ᠬᠤᠳᠠ ᠶᠢᠨ ᠤᠯᠤᠰ ᠠᠴᠠ ᠡᠵᠡᠩᠨᠡᠭᠰᠡᠨ᠂ ᠬᠠᠮᠳᠦ ᠶᠢᠨ᠂ ᠬᠤᠪᠢ ᠬᠦᠮᠦᠨ ᠤ ᠡᠵᠡᠩᠨᠡᠭᠰᠡᠨ ᠵᠤᠴᠢᠳ ᠤᠨ ᠪᠠᠭᠤᠳᠠᠯ᠂ ᠵᠤᠴᠢᠯᠠᠬᠤ ᠭᠠᠵᠠᠷ᠂ | ᠠᠶᠠᠨᠴᠢᠳ ᠤᠨ ᠪᠠᠭᠤᠳᠠᠯ 600 ᠰᠢᠬᠠᠮ ᠪᠤᠯᠵᠦ᠂ ᠠᠵᠢᠯ ᠡᠷᠬᠢᠯᠡᠵᠦ ᠪᠠᠶᠢᠭ᠎ᠠ ᠬᠦᠮᠦᠰ 5000 ᠭᠠᠷᠤᠢ ᠪᠤᠯᠵᠦ᠂ ᠤᠷᠤ ᠶᠢᠨ ᠲᠤᠭ᠎ᠠ 2 ᠲᠦᠮᠡ ᠳᠤ ᠬᠦᠷᠴᠦ᠂ | ᠵᠢᠯ ᠤᠨ ᠡᠵᠡᠩᠨᠡᠯᠳᠡ ᠶᠢᠨ ᠤᠷᠤᠯᠭ᠎ᠠ 2000 ᠭᠠᠷᠤᠢ ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ | |