ᠤᠯᠠᠭᠠᠨᠬᠠᠳᠠ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠲᠡᠦᠬᠡ ︵ᠨᠢᠭᠡ︶
ᠨᠡᠶᠢᠲᠡᠯᠡᠭᠰᠡᠨ ᠴᠠᠭ᠄
2020/9/29
ᠨᠢᠭᠡᠳᠦᠭᠡᠷ ᠪᠦᠯᠦᠭ ᠠᠵᠢᠯ ᠲᠦᠷᠦᠯ ᠤᠨ ᠬᠠᠮᠢᠶᠠᠷᠣᠯᠳᠠ ᠨᠢᠭᠡᠳᠤᠭᠡᠷ ᠬᠡᠰᠡᠭ ᠠᠵᠢᠯ ᠲᠦᠷᠦᠯ ᠤᠨ ᠤᠯᠠᠷᠢᠯ ᠬᠤᠪᠢᠷᠠᠯ      ᠴᠢᠩ ᠤᠯᠤᠰ ᠤᠨ ᠦᠶ᠎ᠠ ᠳᠤ᠂ ᠬᠤᠳᠠᠯᠳᠤᠭᠠᠨ ᠤ ᠬᠤᠳᠠ ᠪᠠᠯᠭᠠᠰᠣ ᠪᠤᠢ ᠪᠣᠯᠣᠭᠰᠠᠨ ᠵᠢᠴᠢ ᠠᠷᠠᠯᠵᠢᠶᠠᠴᠢᠨ ᠤ ᠨᠡᠮᠡᠭᠳᠡᠬᠦ ᠶᠢ ᠲᠠᠭᠠᠯᠳᠣᠨ᠂ ᠢᠳᠡᠭᠡᠨ ᠪᠠ ᠪᠠᠭᠤᠳᠠᠯ ᠤᠨ ᠠᠵᠢᠯ ᠲᠥᠷᠥᠯ ᠠᠭᠠᠵᠢᠮ ᠢᠶᠠᠷ ᠬᠦᠭᠵᠢᠵᠦ ᠴᠢᠩ ᠤᠨ ᠰᠡᠭᠦᠯᠴᠢ ᠢᠷᠭᠡᠨ ᠤᠯᠤᠰ ᠤᠨ ᠡᠬᠢᠨ ᠪᠣᠯᠬᠤ ᠳᠤ ᠤᠯᠠᠭᠠᠨᠬᠠᠳᠠ ᠳᠤ 400 ᠭᠠᠷᠤᠢ ᠪᠣᠯᠪᠠ᠂ ᠡᠭᠦᠨ ᠤ ᠲᠤᠳᠤᠷ᠎ᠠ ᠨᠡᠯᠢᠶᠡᠳ ᠨᠡᠷ᠎ᠠ ᠲᠦᠷᠦ ᠲᠠᠢ ᠬᠤᠭᠤᠯᠠᠨ ᠭᠡᠷ ᠨᠢ ᠤᠯᠠᠭᠠᠨᠬᠠᠳᠠ ᠵᠡᠭᠡᠯᠢ ᠳᠤ ᠪᠠᠶᠢᠭ᠎ᠠ ︽ᠴᠢᠩ ᠦᠰᠦᠭᠳᠦ︾ ᠪᠠ ᠬᠤᠧᠠ ᠰᠢᠨ ᠬᠤᠭᠤᠯᠠᠨ ᠭᠡᠷ ᠪᠤᠯᠤᠨ᠎ᠠ᠃ ᠤᠳᠠᠭᠠᠨ ᠣᠨ ᠤ ᠨᠡᠷᠡᠲᠦ ᠪᠠᠭᠤᠳᠠᠯ ᠳᠤ ᠢᠦᠢ ᠯᠦᠩ ᠵᠤᠴᠢᠨ ᠤ ᠪᠠᠭᠤᠳᠠᠯ ᠵᠢᠴᠢ ᠭᠤᠧᠠᠩ ᠵᠢᠦᠢ ᠲᠦᠸᠧ ᠪᠠᠭᠤᠳᠠᠯ ᠨᠢ ᠬᠠᠮᠤᠭ ᠠᠴᠠ ᠨᠡᠷ᠎ᠠ ᠲᠠᠢ ᠪᠠᠢᠵᠠᠢ᠃ ᠢᠷᠭᠡᠨ ᠤᠯᠤᠰ ᠤᠨ 25 ᠤᠨ ᠪᠤᠯᠬᠤ ᠳᠤ᠂ ᠤᠯᠠᠭᠠᠨᠬᠠᠳᠠ ᠶᠢᠨ ᠢᠳᠡᠭᠡᠨ ᠤ ᠦᠢᠯᠡᠰ ᠲᠤ ᠺᠤᠹᠧ ᠶᠢᠨ ᠮᠤᠬᠤᠯᠠᠭ ᠢᠯᠡᠷᠡᠨ᠂ ᠦᠢᠯᠡᠴᠢᠯᠡᠭᠡᠨ ᠤ ᠦᠢᠯᠡᠰ ᠲᠤ ᠰᠡᠭᠦᠳᠡᠷᠯᠡᠬᠦ ᠭᠠᠵᠠᠷ ᠲᠠᠢ ᠪᠤᠯᠵᠠᠢ᠃ ᠴᠢᠯᠦᠭᠡᠯᠡᠭᠳᠡᠭᠰᠡᠨ ᠤ ᠲᠠᠷᠠᠭ᠎ᠠ᠂ ᠦᠢᠯᠡᠳᠪᠦᠷᠢᠯᠡᠯ ᠶᠢ ᠰᠡᠷᠭᠦᠭᠡᠨ ᠬᠦᠳᠡᠯᠮᠦᠷᠢᠴᠢᠨ ᠠᠷᠠᠳ ᠲᠦᠮᠡᠨ ᠤ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠠᠷᠠᠳ ᠤᠨ ᠵᠠᠰᠠᠭ ᠤ ᠤᠷᠳᠣᠨ ᠤ ᠲᠡᠮᠵᠢᠯᠭᠡ ᠶᠢᠨ ᠲᠤᠤᠷ᠎ᠠ ᠢᠳᠡᠭᠡᠨ ᠦᠢᠯᠡᠴᠢᠯᠡᠭᠡᠨ ᠤ ᠦᠢᠯᠡᠰ ᠨᠢ ᠲᠦᠷᠭᠡᠨ ᠭᠦᠭᠵᠢᠯᠳᠡ ᠲᠠᠢ ᠪᠤᠯᠵᠠᠢ᠃ 1947 ᠤᠨ ᠳᠤ ᠤᠯᠠᠭᠠᠨᠬᠠᠳᠠ ᠳᠤ ᠢᠳᠡᠭᠡᠨ ᠤ ᠡᠵᠡᠩᠨᠡᠯᠲᠡ ᠬᠢᠭᠰᠡᠳ 278 ᠡᠷᠦᠬᠡ᠂ ᠠᠵᠢᠯᠳᠠᠨ 610 ᠬᠦᠮᠦᠨ ᠪᠠᠶᠢᠵᠦ᠂ ᠡᠯ᠎ᠠ ᠲᠦᠷᠦᠯ ᠤᠨ ᠬᠤᠭᠤᠯᠠᠨ ᠭᠡᠷ᠂ ᠠᠷᠢᠬᠢᠨ ᠮᠣᠬᠤᠯᠠᠭ ᠢ ᠡᠵᠡᠩᠨᠡᠬᠦ ᠪᠠᠷ ᠭᠤᠤᠯᠯᠠᠵᠦ ᠪᠠᠶᠢᠪᠠ᠃ ᠦᠢᠯᠡᠴᠢᠯᠡᠭᠡᠨ ᠤ ᠦᠢᠯᠡᠰ ᠨᠢ 203 ᠡᠷᠦᠬᠡ᠂ ᠠᠵᠢᠯᠳᠠᠨ ᠨᠢ 637 ᠬᠦᠮᠦᠨ ᠪᠤᠯᠵᠦ᠂ ᠦᠰᠦ ᠵᠠᠰᠠᠬᠤ᠂ ᠠᠶᠠᠨᠴᠢᠨ ᠤ ᠪᠠᠭᠤᠳᠠᠯ ᠡᠷᠬᠢᠯᠡᠬᠦ ᠪᠠᠷ ᠭᠤᠣᠯᠯᠠᠵᠤ ᠪᠠᠢᠵᠠᠢ᠃ ᠡᠭᠦᠨ ᠤ ᠭᠠᠳᠠᠨ᠎ᠠ᠂ ᠵᠠᠮ ᠤᠨ ᠬᠠᠵᠠᠭᠤ ᠶᠢᠨ ᠢᠳᠡᠭᠡᠨ ᠤ ᠭᠠᠵᠠᠷ 229᠂ ᠠᠷᠠᠳ ᠤᠨ ᠠᠮᠢᠳᠣᠷᠠᠯ ᠳᠤ ᠦᠢᠯᠡᠴᠢᠯᠡᠭᠦ ᠡᠯ᠎ᠠ ᠲᠦᠷᠦᠯ ᠤᠨ ᠰᠡᠯᠪᠢᠨ ᠵᠠᠰᠠᠬᠤ ᠭᠠᠵᠠᠷ 231᠂ 802 ᠭᠦᠮᠦᠨ ᠪᠠᠢᠪᠠ᠃ 1956 ᠤᠨ ᠳᠤ ᠨᠡᠶᠢᠭᠡᠮ ᠵᠢᠷᠤᠮᠲᠤ ᠦᠭᠡᠷᠡᠴᠢᠯᠡᠯᠳᠡ ᠶᠢᠨ ᠳᠦᠯᠬᠢᠴᠡ ᠲᠤᠤᠷ᠎ᠠ᠂ ᠬᠤᠪᠢ ᠬᠦᠮᠦᠨ ᠤ ᠡᠷᠬᠢᠯᠡᠭᠰᠡᠨ ᠢᠳᠡᠭᠡᠨ ᠤ ᠦᠢᠯᠡᠰ 235᠂ ᠠᠵᠢᠯᠲᠠᠨ 588 ᠬᠦᠮᠦᠨ ᠪᠣᠯᠪᠠ᠃ ᠬᠤᠪᠢ ᠬᠦᠮᠦᠨ ᠤ ᠡᠵᠡᠩᠨᠡᠭᠰᠡᠨ ᠦᠢᠯᠡᠴᠢᠯᠡᠭᠡᠨ ᠤ ᠦᠢᠯᠡᠰ 174 ᠡᠷᠦᠭᠡ 342 ᠬᠦᠮᠦᠨ ᠦᠭᠡᠷᠡᠴᠢᠯᠡᠯᠳᠡ ᠶᠢ ᠬᠦᠯᠢᠶᠡᠨ ᠂ ᠲᠤᠰ ᠪᠦᠷᠢ ᠤᠯᠤᠰ ᠬᠤᠪᠢ ᠬᠤᠷᠰᠢᠭᠰᠠᠨ ᠪᠤᠶᠤ ᠬᠠᠮᠲᠤᠷᠠᠯᠴᠠᠭᠰᠠᠨ ᠲᠡᠯᠭᠡᠭᠦᠷ ᠤᠨ ᠪᠦᠯᠬᠦᠮ ᠳᠤ ᠤᠷᠣᠯᠴᠠᠪᠠ᠃ ᠡᠭᠦᠨ ᠤ ᠲᠠᠷᠠᠭ᠎ᠠ ᠲᠣᠰ ᠤᠷᠣᠨ ᠤ ᠢᠳᠡᠭᠡᠨ ᠦᠢᠯᠡᠴᠢᠯᠡᠭᠡᠨ ᠤ ᠦᠢᠯᠡᠰ ᠨᠢ ᠤᠯᠤᠰ ᠠᠴᠠ ᠡᠵᠡᠩᠨᠡᠭᠰᠡᠨ᠂ ᠬᠠᠩᠭᠠᠨ ᠪᠣᠷᠤᠯᠠᠭᠤᠯᠬᠤ ᠬᠤᠷᠰᠢᠶ᠎ᠠ ᠡᠷᠬᠢᠯᠡᠭᠰᠡᠨ᠂ ᠤᠯᠤᠰ ᠬᠤᠪᠢ ᠶᠢᠨ ᠬᠤᠷᠰᠢᠨ ᠡᠵᠡᠩᠨᠡᠭᠰᠡᠨ᠂ ᠬᠤᠪᠢ ᠬᠦᠮᠦᠨ ᠡᠵᠡᠩᠨᠡᠭᠰᠡᠨ ᠵᠡᠷᠭᠡ ᠲᠠᠪᠤᠨ ᠲᠦᠷᠦᠯ ᠤᠨ ᠠᠵᠤ ᠠᠬᠤᠢ ᠶᠢᠨ ᠬᠡᠯᠪᠡᠷᠢ ᠲᠠᠢ ᠪᠤᠯᠪᠠ᠃      1962 ᠤᠨ ᠤ ᠰᠡᠭᠦᠯᠴᠢ ᠪᠤᠯᠬᠤ ᠳᠤ ᠤᠯᠠᠭᠠᠨᠬᠠᠳᠠ ᠬᠤᠲᠠ ᠶᠢᠨ ᠢᠳᠡᠭᠡᠨ ᠤ ᠦᠢᠯᠡᠰ ᠨᠢ ᠤᠯᠤᠰ ᠠᠴᠠ ᠡᠵᠡᠩᠨᠡᠭᠰᠡᠨ᠂ ᠬᠠᠩᠭᠠᠨ ᠪᠣᠷᠤᠯᠠᠭᠤᠯᠬᠤ ᠬᠤᠷᠰᠢᠶ᠎ᠠ ᠡᠷᠬᠢᠯᠡᠭᠰᠡᠨ ᠠᠴᠠ ᠭᠠᠳᠠᠨ᠎ᠠ ᠨᠡᠶᠢᠲᠡ 1028 ᠡᠷᠦᠭᠡ ᠪᠠᠶᠢᠪᠠ᠃ ᠠᠵᠢᠯᠳᠠᠨ ᠨᠢ 1397 ᠬᠦᠮᠦᠨ᠂ ᠪᠡᠯᠡ ᠮᠦᠩᠬᠦ 214512 ᠲᠦᠭᠦᠷᠢᠭ᠂ ᠡᠭᠦᠨ ᠤ ᠲᠤᠳᠤᠷ᠎ᠠ ᠤᠯᠤᠰ ᠬᠤᠪᠢ ᠬᠤᠷᠰᠢᠭᠰᠠᠨ ᠨᠢ 145 ᠡᠷᠦᠬᠡ᠂ 253 ᠬᠦᠮᠦᠨ᠂ ᠪᠡᠯᠡ ᠮᠦᠩᠬᠦ ᠨᠢ 88228 ᠲᠦᠭᠦᠷᠢᠭ᠃ ᠬᠠᠮᠲᠤᠷᠠᠭᠰᠠᠨ ᠢᠳᠡᠭᠡᠨ ᠤ ᠲᠡᠯᠭᠡᠭᠦᠷ 429 ᠡᠷᠦᠬᠡ᠂ 621 ᠬᠦᠮᠦᠨ᠂ ᠪᠡᠯᠡ ᠮᠦᠩᠬᠦ ᠨᠢ 83476 ᠲᠦᠭᠦᠷᠢᠭ᠃ ᠬᠤᠷᠰᠢᠭᠰᠠᠨ ᠪᠠᠭ᠎ᠠ ᠲᠣᠭᠤᠢᠢᠯᠠᠩ 1 ᠡᠷᠦᠬᠡ᠂ 12 ᠬᠦᠮᠦᠨ᠂ ᠪᠡᠯᠡ ᠮᠦᠩᠬᠦ ᠨᠢ 15000 ᠲᠦᠭᠦᠷᠢᠭ᠃ ᠦᠨᠡᠮᠯᠡᠯ ᠲᠠᠢ ᠬᠤᠪᠢ ᠶᠢᠨ ᠡᠵᠡᠩᠨᠡᠭᠴᠢᠳ 199 ᠡᠷᠦᠬᠡ᠂ 257 ᠬᠦᠮᠦᠨ᠂ ᠪᠡᠯᠡ ᠮᠦᠩᠬᠦ ᠨᠢ 15215 ᠲᠦᠭᠦᠷᠢᠭ᠃ ᠦᠨᠡᠮᠯᠡᠯ ᠦᠬᠡᠢ ᠬᠤᠪᠢ ᠶᠢᠨ ᠡᠵᠡᠩᠨᠡᠭᠴᠢᠳ 254 ᠡᠷᠦᠬᠡ᠂ 254 ᠬᠦᠮᠦᠨ᠂ ᠪᠡᠯᠡ ᠮᠦᠩᠬᠦ ᠨᠢ 12593 ᠲᠦᠭᠦᠷᠢᠭ ᠪᠠᠢᠵᠠᠢ᠃ ᠦᠢᠯᠡᠴᠢᠯᠡᠭᠡᠨ ᠤ ᠦᠢᠯᠡᠰ ᠨᠡᠶᠢᠳᠡ 403 ᠡᠷᠦᠬᠡ᠂ 663 ᠬᠦᠮᠦᠨ᠂ ᠪᠡᠯᠡ ᠮᠦᠩᠬᠦ ᠨᠢ 112012 ᠲᠦᠭᠦᠷᠢᠭ᠃ ᠡᠭᠦᠨ ᠤ ᠳᠣᠲᠤᠷ᠎ᠠ ᠤᠯᠤᠰ ᠬᠤᠪᠢ ᠬᠤᠷᠰᠢᠭᠰᠠᠨ ᠨᠢ 237 ᠡᠷᠦᠬᠡ᠂ 410 ᠬᠦᠮᠦᠨ᠂ ᠪᠡᠯᠡ ᠮᠦᠩᠬᠦ ᠨᠢ 77303 ᠲᠦᠭᠦᠷᠢᠭ᠃ ᠬᠠᠮᠳᠤᠷᠠᠭᠰᠠᠨ ᠲᠡᠯᠭᠡᠭᠦᠷ 114 ᠡᠷᠦᠬᠡ᠂ 197 ᠬᠦᠮᠦᠨ᠂ ᠪᠡᠯᠡ ᠮᠦᠩᠬᠦ ᠨᠢ 31953 ᠲᠦᠭᠦᠷᠢᠭ᠃ ᠦᠨᠡᠮᠯᠡᠯ ᠲᠠᠢ ᠬᠤᠪᠢ ᠶᠢᠨ ᠡᠵᠡᠩᠨᠡᠭᠴᠢᠳ 14 ᠡᠷᠦᠬᠡ᠂ 18 ᠬᠦᠮᠦᠨ᠂ ᠪᠡᠯᠡ ᠮᠦᠩᠬᠦ ᠨᠢ 2336 ᠲᠦᠭᠦᠷᠢᠭ᠃ ᠦᠨᠡᠮᠯᠡᠯ ᠦᠬᠡᠢ ᠬᠤᠪᠢ ᠶᠢᠨ ᠡᠵᠡᠩᠨᠡᠭᠴᠢᠳ 38 ᠡᠷᠦᠬᠡ᠂ 38 ᠬᠦᠮᠦᠨ᠂ ᠪᠡᠯᠡ ᠮᠦᠩᠬᠦ ᠨᠢ 420 ᠲᠦᠭᠦᠷᠢᠭ ᠪᠠᠢᠵᠠᠢ᠃      1966 ᠤᠨ ᠤ ︽ᠰᠣᠶᠣᠯ ᠤᠨ ᠶᠡᠭᠡ ᠬᠤᠪᠢᠰᠬᠠᠯ︾ ᠤᠨ ᠦᠶ᠎ᠡ ᠳᠤ ᠤᠯᠤᠰ ᠬᠤᠪᠢ ᠬᠤᠷᠰᠢᠭᠰᠠᠨ ᠢᠳᠡᠭᠡᠨ ᠤᠮᠳᠠᠭᠠᠨ ᠤ ᠦᠢᠯᠡᠴᠢᠯᠡᠭᠡᠨ ᠤ ᠠᠵᠤ ᠠᠬᠤᠢᠢᠯᠠᠯ ᠨᠢ ᠪᠦᠬᠦᠨ ᠢᠶᠠᠷ ᠢᠶᠠᠨ ᠤᠯᠤᠰ ᠤᠨ ᠡᠵᠡᠩᠨᠡᠯᠲᠡᠲᠦ ᠠᠵᠤ ᠠᠬᠤᠢᠢᠯᠠᠯ ᠪᠣᠯᠪᠠ᠃ ᠬᠤᠪᠢ ᠶᠢᠨ ᠡᠵᠡᠩᠨᠡᠯᠲᠡ ᠶᠢᠨ ᠬᠢ ᠲᠤᠩ ᠴᠥᠭᠡᠨ ᠪᠣᠯᠵᠠᠢ ᠬᠤᠶᠠᠳᠤᠭᠠᠷ ᠭᠡᠰᠡᠭ ᠬᠠᠮᠢᠶᠠᠷᠣᠯᠳᠠ ᠶᠢᠨ ᠪᠠᠢᠭᠤᠯᠤᠮᠵᠢ      ᠤᠯᠠᠭᠠᠨᠬᠠᠳᠠ ᠤᠷᠣᠨ ᠳᠤ ᠢᠳᠡᠭᠡᠨ ᠤᠮᠳᠠᠭᠠᠨ ᠦᠢᠯᠡᠴᠢᠯᠡᠭᠡᠨ ᠤ ᠬᠢᠨ ᠳᠤ ᠠᠵᠢᠯ ᠲᠦᠷᠦᠯ ᠤᠨ ᠬᠠᠮᠢᠶᠠᠷᠣᠯᠳᠠ ᠡᠬᠢᠯᠡᠵᠦ ᠶᠠᠪᠤᠭᠤᠯᠤᠭᠰᠠᠨ ᠨᠢ ᠴᠢᠩ ᠤᠨ ᠦᠶ᠎ᠠ ᠶᠢᠨ ︽ᠨᠠᠢᠮᠠᠨ ᠠᠵᠢᠯ ᠲᠦᠷᠥᠯ ᠤᠨ ᠠᠯᠪᠠᠨ ᠭᠠᠵᠠᠷ︾ ᠪᠤᠯᠤᠨ ᠢᠷᠭᠡᠨ ᠤᠯᠤᠰ ᠤᠨ ᠦᠶ᠎ᠠ ᠶᠢᠨ ︽ᠢᠵᠢᠯ ᠠᠵᠢᠯ ᠲᠦᠷᠦᠯ ᠤᠨ ᠨᠡᠶᠢᠭᠡᠮᠯᠢᠭ︾ ᠪᠠᠢᠪᠠ᠃ ᠰᠢᠨ᠎ᠠ ᠲᠤᠮᠳᠠᠳᠣ ᠤᠯᠣᠰ ᠪᠠᠶᠢᠭᠤᠯᠤᠭᠳᠠᠭᠰᠠᠨ ᠤ ᠲᠠᠷᠠᠭ᠎ᠠ᠂ ᠢᠳᠡᠭᠡᠨ ᠤᠮᠳᠠᠭᠠᠨ ᠦᠢᠯᠡᠴᠢᠯᠡᠭᠡᠨ ᠤ ᠦᠢᠯᠡᠰ ᠨᠢ ᠬᠤᠳᠠᠯᠳᠣᠭᠠᠨ ᠤ ᠲᠤᠪᠴᠢᠶᠠᠨ ᠤ ᠲᠤᠤᠷ᠎ᠠ ᠪᠠᠶᠢᠭᠤᠯᠤᠭᠰᠠᠨ ᠢᠳᠡᠭᠡᠨ ᠤᠮᠳᠠᠭᠠᠨ ᠦᠢᠯᠡᠴᠢᠯᠡᠭᠡᠨ ᠤ ᠰᠠᠯᠠᠭ᠎ᠠ ᠳᠤ ᠬᠠᠮᠢᠶᠠᠷᠣᠭᠳᠠᠬᠤ ᠪᠤᠯᠵᠠᠢ᠃      1962 ᠤᠨ ᠳᠤ ᠵᠤᠤ ᠤᠳᠠ ᠠᠶᠢᠮᠠᠭ ᠤᠨ ᠬᠤᠳᠠᠯᠳᠣᠭᠠᠨ ᠤ ᠲᠤᠪᠴᠢᠶ᠎ᠠ ᠨᠢ ᠢᠳᠡᠭᠡᠨ ᠤᠮᠳᠠᠭᠠᠨ ᠦᠢᠯᠡᠴᠢᠯᠡᠭᠡᠨ ᠤ ᠰᠠᠯᠠᠭ᠎ᠠ ᠪᠠᠶᠢᠭᠤᠯᠤᠭᠰᠠᠨ ᠰᠠᠭᠤᠷᠢᠨ ᠲᠡᠭᠡᠷ᠎ᠠ ᠵᠤᠤ ᠤᠳᠠ ᠠᠶᠢᠮᠠᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠣᠮᠫᠠᠨᠢ ᠶᠢ ᠪᠠᠶᠢᠭᠤᠯᠤᠨ᠂ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠶᠢᠨ ᠲᠤᠬᠠᠢᠢᠯᠠᠭᠰᠠᠨ ᠠᠵᠢᠯ ᠤᠨ ᠲᠠᠯ᠎ᠠ ᠪᠠᠷ ᠲᠡᠭᠡᠷ᠎ᠠ ᠠᠴᠠ ᠲᠤᠷᠤᠭᠰᠢ ᠲᠤᠰᠬᠠᠢ ᠬᠠᠮᠢᠶᠠᠷᠣᠯᠳᠠ ᠶᠠᠪᠤᠭᠤᠯᠪᠠ᠃ ᠡᠯ᠎ᠠ ᠬᠤᠰᠢᠭᠤ ᠰᠢᠶᠠᠨ ᠤ ᠺᠤᠮᠫᠠᠨᠢ ᠨᠢ ᠲᠤᠰ ᠪᠦᠷᠢ ᠲᠤᠰ ᠭᠠᠵᠠᠷ ᠤᠷᠣᠨ ᠤ ᠬᠤᠳᠠᠯᠳᠣᠭᠠᠨ ᠤ ᠲᠤᠪᠴᠢᠶᠠᠨ ᠳᠤ ᠬᠠᠷᠢᠶᠠᠯᠠᠭᠳᠠᠵᠠᠢ᠃      1966 ᠤᠨ ᠤ ᠬᠠᠪᠤᠷ᠂ ᠵᠤᠤ ᠤᠳᠠ ᠠᠶᠢᠮᠠᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠶᠢ ᠨᠢᠭᠡ ᠦᠶ᠎ᠠ ᠬᠠᠰᠤᠪᠠ᠃ ᠡᠯ᠎ᠠ ᠭᠠᠵᠠᠷ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠨᠢ ᠠᠶᠢᠮᠠᠭ ᠤᠨ ᠠᠷᠠᠯᠵᠢᠶ᠎ᠠ ᠬᠤᠳᠠᠯᠳᠤᠭᠠᠨ ᠤ ᠺᠤᠮᠫᠠᠨᠢ ᠶᠢᠨ ᠵᠢᠯᠤᠭᠤᠳᠤᠯᠭ᠎ᠠ ᠶᠢ ᠭᠦᠯᠢᠶᠡᠪᠡ᠃      1968 ᠤᠨ ᠳᠤ ᠠᠶᠢᠮᠠᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠨᠢ ᠠᠶᠢᠮᠠᠭ ᠤᠨ ᠬᠤᠳᠠᠯᠳᠤᠭᠠᠨ ᠤ ᠲᠤᠪᠴᠢᠶᠠᠨ ᠳᠤ ᠬᠠᠮᠢᠶᠠᠷᠣᠭᠳᠠᠪᠠ᠃ ᠲᠤᠰ ᠵᠢᠯ ᠤᠨ 9 ᠰᠠᠷ᠎ᠠ ᠳᠤ᠂ ᠬᠤᠳᠠᠯᠳᠣᠭᠠᠨ ᠤ ᠲᠤᠪᠴᠢᠶ᠎ᠠ ᠶᠢ ᠬᠠᠰᠤᠭᠰᠠᠨ ᠤ ᠲᠠᠷᠠᠭ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠵᠢᠴᠢ ᠠᠶᠢᠮᠠᠭ ᠤᠨ ᠢᠳᠡᠭᠡᠨ ᠤᠮᠳᠠᠭᠠᠨ ᠤ ᠺᠤᠮᠫᠠᠨᠢ ᠶᠢ ᠨᠡᠢᠯᠡᠭᠦᠯᠵᠦ᠂ ᠵᠦᠪᠭᠡᠨ ᠡᠯ᠎ᠠ ᠬᠤᠰᠢᠭᠤ ᠰᠢᠶᠠᠨ ᠤ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠶᠢᠨ ᠡᠳ᠋ ᠶᠢᠨ ᠶᠠᠪᠤᠳᠠᠯ ᠤᠨ ᠬᠦᠰᠦᠨᠦᠭᠲᠦ ᠮᠡᠳᠡᠭᠦᠯᠬᠦ ᠶᠢ ᠬᠠᠮᠢᠶᠠᠷᠴᠠᠢ᠃      1972 ᠤᠨ ᠳᠤ ᠠᠶᠢᠮᠠᠭ ᠤᠨ ᠬᠤᠳᠠᠯᠳᠤᠭᠠᠨ ᠤ ᠲᠣᠪᠴᠢᠶ᠎ᠠ ᠶᠢ ᠰᠡᠷᠭᠦᠭᠡᠭᠰᠡᠨ ᠤ ᠲᠠᠷᠠᠭ᠎ᠠ ᠠᠶᠢᠮᠠᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠨᠢ ᠠᠶᠢᠮᠠᠭ ᠤᠨ ᠢᠳᠡᠭᠡᠨ ᠤ ᠺᠤᠮᠫᠠᠨᠢ ᠠᠴᠠ ᠰᠠᠯᠤᠨ ᠭᠠᠷᠴᠣ ᠬᠤᠳᠠᠯᠳᠣᠭᠠᠨ ᠤ ᠲᠤᠪᠴᠢᠶᠠᠨ ᠳᠤ ᠬᠠᠮᠢᠶᠠᠷᠣᠭᠳᠠᠨ᠂ ᠲᠤᠳᠤᠭᠠᠳᠣ ᠳᠤ ᠪᠠᠨ ᠰᠠᠯᠠᠭ᠎ᠠ ᠭᠡᠵᠦ ᠨᠡᠷᠡᠯᠡᠨ᠂ ᠭᠠᠳᠠᠭᠰᠢ ᠪᠠᠨ ᠺᠤᠮᠫᠠᠨᠢ ᠭᠡᠳᠡᠭ ᠪᠠᠶᠢᠵᠠᠢ᠃      1979 ᠤᠨ ᠤ 12 ᠰᠠᠷ᠎ᠠ ᠶᠢᠨ 6 ᠤ ᠡᠳᠦᠷ᠂ ᠠᠶᠢᠮᠠᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠪᠠ ᠠᠶᠢᠮᠠᠭ ᠤᠨ ᠬᠤᠳᠠᠯᠳᠣᠭᠠᠨ ᠤ ᠲᠤᠪᠴᠢᠶ᠎ᠠ ᠶᠢ ᠰᠠᠯᠭᠠᠵᠤ᠂ ᠵᠤᠤ ᠤᠳᠠ ᠠᠶᠢᠮᠠᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠶᠢ ᠵᠢᠩᠬᠢᠨᠢ ᠪᠠᠷ ᠪᠠᠶᠢᠭᠤᠯᠵᠠᠢ᠃ 1983 ᠤᠨ ᠤ 10 ᠰᠠᠷ᠎ᠠ ᠶᠢᠨ 10 ᠤ ᠡᠳᠦᠷ᠂ ᠤᠯᠠᠭᠠᠨᠬᠠᠳᠠ ᠬᠤᠲᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠭᠡᠵᠦ ᠨᠡᠷ᠎ᠠ ᠪᠠᠨ ᠬᠠᠯᠠᠪᠠ᠃      1984 ᠤᠨ ᠤ 7 ᠰᠠᠷ᠎ᠠ ᠶᠢᠨ 1 ᠤ ᠡᠳᠦᠷ᠂ ᠬᠤᠳᠠ ᠶᠢᠨ ᠬᠤᠳᠠᠯᠳᠣᠭᠠᠨ ᠤ ᠪᠠᠶᠢᠭᠤᠯᠣᠮᠵᠢ ᠶᠢᠨ ᠦᠬᠡᠷᠡᠴᠢᠯᠡᠯᠳᠡ ᠢᠶᠠᠷ ᠬᠤᠩᠱᠠᠨ ᠲᠤᠭᠤᠷᠢᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠶᠢ ᠪᠦᠭᠦᠨ ᠢᠶᠠᠷ ᠨᠢ ᠬᠤᠳᠠ ᠶᠢᠨ ᠺᠤᠮᠫᠠᠨᠢ ᠳᠤ ᠬᠠᠷᠢᠶᠠᠯᠠᠭᠤᠯᠵᠣ᠂ ᠬᠤᠳᠠ ᠶᠢᠨ ᠺᠤᠮᠫᠠᠨᠢ ᠨᠢ ᠤᠤᠯ ᠤᠨ ᠵᠠᠰᠠᠭ ᠵᠠᠬᠢᠷᠭᠠᠨ ᠤ ᠪᠠᠶᠢᠭᠤᠯᠤᠮᠵᠢ ᠪᠠᠢᠭᠰᠠᠨ ᠠᠴᠠ ᠪᠠᠨ ᠡᠵᠡᠩᠨᠡᠯᠲᠡ ᠬᠠᠮᠢᠶᠠᠷᠣᠯᠳᠠ ᠶᠢ ᠨᠢᠭᠡ ᠴᠤᠭᠴᠠᠵᠢᠭᠤᠯᠣᠭᠰᠠᠨ ᠠᠵᠤ ᠠᠬᠤᠢᠢᠯᠠᠯ ᠤᠨ ᠬᠡᠯᠪᠡᠷᠢ ᠲᠠᠢ ᠺᠤᠮᠫᠠᠨᠢ ᠪᠤᠯᠤᠭᠰᠠᠨ ᠪᠠᠶᠢᠨ᠎ᠠ᠃ ᠲᠤᠰ ᠵᠢᠯ ᠤᠨ 9 ᠰᠠᠷ᠎ᠠ ᠳᠤ᠂ ᠺᠤᠮᠫᠠᠨᠢ ᠳᠤ ᠬᠠᠷᠢᠶᠠᠯᠠᠭᠳᠠᠬᠤ ᠬᠠᠮᠲᠤ ᠶᠢᠨ ᠦᠮᠴᠢᠯᠡᠯᠲᠦ ᠠᠬᠤᠢᠢᠯᠠᠯ ᠳᠤ ︽ᠲᠦᠷᠢᠶᠡᠰᠦᠯᠡᠬᠦ ᠲᠦᠷᠢᠮ︾ ᠪᠠ ︽ᠬᠠᠮᠳᠣ ᠪᠠᠷ ᠲᠠᠭᠠᠭᠠᠴᠢᠯᠠᠬᠤ ᠲᠦᠷᠢᠮ︾ ᠢ ᠭᠡᠷᠡᠭᠵᠢᠭᠦᠯᠪᠡ᠃      1985 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠳᠠ ᠶᠢᠨ ᠺᠤᠮᠫᠠᠨᠢ ᠨᠢ ᠡᠯ᠎ᠠ ᠬᠤᠰᠢᠭᠤ ᠰᠢᠶᠠᠨ ᠤ ᠺᠤᠮᠫᠠᠨᠢ ᠠᠴᠠ ᠵᠠᠰᠠᠭ ᠵᠠᠬᠢᠷᠭᠠᠨ ᠤ ᠬᠠᠮᠢᠶᠠᠷᠣᠯᠲᠠ ᠶᠢᠨ ᠰᠦᠢᠳᠭᠡᠯ ᠬᠤᠷᠢᠶᠠᠬᠤ ᠪᠠᠨ ᠪᠣᠯᠢᠵᠤ᠂ ᠠᠰᠢᠭ ᠣᠯᠵᠠᠪᠤᠷᠢ ᠶᠢ ᠬᠤᠪᠢᠳᠠᠨ ᠦᠯᠡᠳᠡᠭᠡᠬᠦ ᠪᠠ ᠡᠯᠡᠭᠳᠡᠯ ᠤᠨ ᠰᠠᠭᠤᠷᠢ ᠮᠦᠩᠭᠦ ᠶᠢᠨ ᠲᠦᠷᠢᠮ ᠶᠢ ᠬᠦᠴᠦᠨ ᠦᠭᠡᠢ ᠪᠣᠯᠭᠠᠬᠤ ᠪᠠᠷ ᠲᠣᠭᠲᠠᠭᠠᠪᠠ᠂ ᠲᠤᠰ ᠵᠢᠯ ᠤᠨ 3 ᠰᠠᠷ᠎ᠠ ᠳᠤ᠂ ᠬᠤᠳᠠ ᠶᠢᠨ ᠺᠤᠮᠫᠠᠨᠢ ᠪᠠ ᠤᠯᠠᠭᠠᠨᠬᠠᠳᠠ ᠪᠠᠭᠤᠳᠠᠯ ᠲᠠᠢ ᠨᠡᠶᠢᠯᠡᠵᠦ᠂ ︽ᠺᠤᠮᠫᠠᠨᠢ ᠪᠠᠭᠤᠳᠠᠯ ᠨᠢᠭᠡᠳᠦᠭᠰᠡᠨ︾ ᠰᠢᠨ᠎ᠠ ᠪᠠᠶᠢᠭᠤᠯᠣᠮᠵᠢ ᠶᠢ ᠬᠡᠷᠡᠭᠵᠢᠭᠦᠯᠵᠡᠢ᠃ ᠤᠯᠠᠭᠠᠨᠬᠠᠳᠠ ᠪᠠᠭᠤᠳᠠᠯ ᠤᠨ ᠠᠷᠠᠳᠴᠢᠯᠠᠯ ᠤᠨ ᠬᠠᠮᠢᠶᠠᠷᠣᠯᠳᠠ ᠶᠢᠨ ᠺᠣᠮᠢᠰ ᠢ ᠪᠠᠶᠢᠭᠤᠯᠤᠨ ᠂ ᠺᠤᠮᠫᠠᠨᠢ ᠶᠢᠨ ᠲᠠᠭᠠᠭᠠᠮᠠᠯ ᠬᠠᠮᠢᠶᠠᠷᠣᠯᠳᠠ ᠶᠢᠨ ᠺᠣᠮᠢᠰ ᠤᠨ ᠡᠷᠬᠢᠯᠡᠭᠴᠢ ᠶᠢᠨ ᠲᠤᠰᠢᠶᠠᠯ ᠢ ᠬᠠᠪᠰᠣᠷᠭᠠᠨ ᠬᠠᠷᠢᠭᠤᠴᠠᠵᠤ᠂ 4 ᠲᠤᠰᠬᠠᠢ ᠰᠠᠯᠠᠭ᠎ᠠ ᠲᠠᠰᠤᠭ ᠤᠨ ᠬᠠᠷᠢᠴᠠᠭ᠎ᠠ ᠶᠢ ᠵᠤᠬᠢᠴᠠᠭᠤᠯᠳᠠᠭ ᠪᠣᠯᠪᠠ᠃ ᠡᠭᠦᠨ ᠠᠴᠠ᠂ ᠤᠯᠠᠭᠠᠨᠬᠠᠳᠠ ᠬᠤᠳᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠨᠢ ᠲᠤᠮᠦ ᠭᠡᠯᠪᠡᠷᠢ ᠶᠢᠨ ᠭᠤᠤᠯᠠᠭᠴᠢ ᠺᠤᠮᠫᠠᠨᠢ ᠪᠠᠷ ᠲᠦᠰᠢᠭ ᠪᠣᠯᠭᠠᠨ᠂ ᠬᠤᠳᠠ ᠶᠢᠨ ᠰᠢᠭᠤᠳ ᠬᠠᠷᠢᠶ᠎ᠠ ᠠᠵᠤ ᠠᠬᠤᠢᠯᠠᠯ ᠢ ᠰᠢᠭᠤᠳ ᠬᠠᠮᠢᠶᠠᠷᠴᠦ᠂ ᠬᠤᠰᠢᠭᠤ ᠰᠢᠶᠠᠨ ᠤ ᠺᠤᠮᠫᠠᠨᠢ ᠳᠤ ᠠᠵᠢᠯ ᠲᠦᠷᠦᠯ ᠤᠨ ᠬᠠᠮᠢᠶᠠᠷᠣᠯᠳᠠ ᠬᠢᠵᠦ ᠲᠤᠬᠠᠢᠢᠯᠠᠭᠰᠠᠨ ᠠᠵᠢᠯ ᠤ ᠮᠡᠷᠭᠡᠵᠢᠯ ᠤᠨ ᠵᠢᠭᠠᠨ ᠵᠢᠯᠦᠭᠤᠳᠤᠯᠭ᠎ᠠ ᠬᠢᠳᠡᠭ ᠦᠢᠯᠡᠴᠢᠯᠡᠭᠡᠨ ᠤ ᠰᠢᠨᠵᠢᠳᠠᠢ ᠪᠤᠳᠠᠳᠣ ᠺᠤᠮᠫᠠᠨᠢ ᠪᠤᠯᠵᠠᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ