ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠠᠷᠪᠠᠨ ᠨᠠᠢᠮᠠ︶
ᠨᠡᠶᠢᠲᠡᠯᠡᠭᠰᠡᠨ ᠴᠠᠭ᠄
2020/9/30
ᠳᠦᠷᠪᠡᠳᠦᠭᠡᠷ ᠪᠦᠯᠦᠭ ᠡᠳ᠋ ᠤᠨ ᠵᠠᠰᠠᠭ ᠤᠨ ᠬᠢᠨᠠᠯᠲᠠᠨᠢᠭᠡᠳᠦᠭᠡᠷ ᠬᠡᠰᠡᠭ ᠡᠳ᠋ ᠤᠨ ᠶᠠᠪᠤᠳᠠᠯ ᠤᠨ ᠪᠠᠶᠢᠴᠠᠭᠠᠯᠲᠠ      1960 ᠣᠨ ᠠᠴᠠ 1963 ᠣᠨ ᠤ ᠬᠤᠭᠤᠷᠣᠨᠳᠤ᠂ ᠪᠦᠬᠦ ᠠᠶᠢᠮᠠᠭ ᠲᠤ ᠣᠯᠠᠨ ᠤᠳᠠᠭ᠎ᠠ ᠡᠳ᠋ ᠤᠨ ᠶᠠᠪᠤᠳᠠᠯ ᠤᠨ ᠶᠡᠭᠡ ᠪᠠᠶᠢᠴᠠᠭᠠᠯᠲᠠ ᠬᠢᠵᠦ᠂ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠬᠢᠵᠠᠭᠠᠷᠯᠠᠬᠤ ᠲᠣᠭᠲᠠᠭᠠᠯ ᠢ ᠵᠥᠷᠢᠴᠡᠨ ᠲᠥᠯᠥᠪᠯᠡᠭᠡ ᠠᠴᠠ ᠭᠠᠳᠠᠭᠤᠷ ᠠᠰᠠᠷ ᠪᠠᠷᠢᠯᠭ᠎ᠠ ᠪᠠᠭᠤᠳᠠᠯ ᠰᠠᠭᠤᠴᠠ ᠪᠠᠷᠢᠭᠰᠠᠨ᠂ ᠪᠦᠷᠢᠯᠭᠡᠨ ᠰᠦᠢᠳᠬᠡᠭᠰᠡᠨ᠂ ᠵᠢᠯ ᠤᠨ ᠡᠴᠦᠰ ᠲᠤ ᠱᠠᠯᠠᠪᠳᠠᠨ ᠵᠣᠭᠤᠰ ᠵᠠᠷᠤᠭᠰᠠᠨ ᠵᠡᠷᠭᠡ ᠠᠰᠠᠭᠤᠳᠠᠯ ᠳᠤ ᠪᠠᠶᠢᠴᠠᠭᠠᠯᠲᠠ ᠬᠢᠵᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭᠠᠳᠬᠠᠬᠤ ᠪᠠ ᠲᠤᠬᠠᠢ ᠶᠢᠨ ᠵᠢᠯ ᠤᠨ ᠤᠯᠤᠰ ᠤᠨ ᠡᠳ᠋ ᠤᠨ ᠵᠠᠰᠠᠭ ᠤᠨ ᠲᠥᠰᠥᠪ ᠢ ᠲᠡᠩᠴᠡᠭᠦᠯᠬᠦ ᠳᠤ ᠴᠢᠬᠤᠯᠠ ᠦᠢᠯᠡᠳᠦᠯ ᠦᠵᠡᠭᠦᠯᠵᠡᠢ᠃      1980 ᠣᠨ ᠳᠤ ᠡᠯ᠎ᠡ ᠵᠦᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠣᠭᠤᠰ 1000 ᠲᠦᠮᠡᠨ ᠲᠥᠭᠦᠷᠢᠭ ᠪᠠᠶᠢᠴᠠᠭᠠᠨ ᠭᠠᠷᠭᠠᠪᠠ᠃ ᠡᠳᠡᠭᠡᠷ ᠰᠠᠬᠢᠯᠭ᠎ᠠ ᠪᠠᠲᠤ ᠶᠢ ᠵᠥᠷᠢᠴᠡᠭᠰᠡᠨ ᠵᠣᠭᠤᠰ ᠢ ᠠᠰᠠᠭᠤᠳᠠᠯ ᠤᠨ ᠰᠢᠨᠵᠢ ᠴᠢᠨᠠᠷ ᠢᠶᠠᠷ ᠨᠢ ᠬᠤᠪᠢᠶᠠᠪᠠᠯ ᠭᠤᠣᠯᠳᠠᠭᠤ᠄ ᠵᠠᠷᠤᠳᠠᠯ ᠨᠢ ᠣᠷᠣᠯᠭ᠎ᠠ ᠠᠴᠠ ᠪᠠᠨ ᠶᠡᠭᠡ ᠪᠣᠯᠵᠤ ᠠᠯᠪᠠᠨ ᠵᠣᠭᠤᠰ ᠢ ᠡᠵᠡᠯᠡᠭᠰᠡᠨ ᠪᠠ ᠰᠢᠯᠵᠢᠭᠦᠯᠦᠭᠰᠡᠨ᠂ ᠭᠠᠶᠢᠯᠢ ᠠᠴᠠ ᠵᠢᠭᠤᠲᠠᠭᠰᠠᠨ᠂ ᠠᠰᠢᠭ ᠭᠠᠶᠢᠯᠢ ᠥᠷᠢᠲᠦᠭᠰᠡᠨ᠂ ᠠᠰᠢᠭ ᠣᠷᠣᠯᠭ᠎ᠠ ᠶᠢ ᠳᠤᠮᠳᠠ ᠠᠴᠠ ᠨᠢ ᠠᠪᠤᠭᠰᠠᠨ᠂ ᠱᠠᠮᠰᠢᠵᠤ ᠬᠡᠭᠡᠯᠢ ᠢᠳᠡᠭᠰᠡᠨ ᠵᠡᠷᠭᠡ ᠠᠰᠠᠭᠤᠳᠠᠯ ᠢ ᠢᠯᠡᠷᠡᠭᠦᠯᠵᠦ᠂ ᠠᠳᠠᠯᠢ ᠪᠤᠰᠤ ᠠᠰᠠᠭᠤᠳᠠᠯ ᠪᠠ ᠪᠠᠶᠢᠳᠠᠯ ᠢ ᠦᠨᠳᠦᠰᠦᠯᠡᠨ ᠲᠤᠰ ᠲᠤᠰ ᠲᠤᠨᠢ ᠰᠢᠢᠳᠪᠦᠷᠢᠯᠡᠪᠡ᠃      1985 ᠣᠨ ᠳᠤ ᠪᠦᠬᠦ ᠬᠤᠲᠠ ᠶᠢᠨ ᠬᠡᠪᠴᠢᠶᠡᠨ ᠳᠤ ︽ᠭᠠᠶᠢᠯᠢ᠂ ᠡᠳ᠋ ᠤᠨ ᠶᠠᠪᠤᠳᠠᠯ᠂ ᠪᠠᠷᠠᠭ᠎ᠠ ᠶᠢᠨ ᠦᠨ᠎ᠡ ᠶᠢᠨ ᠶᠡᠭᠡ ᠪᠠᠶᠢᠴᠠᠭᠠᠯᠲᠠ︾ ᠬᠢᠪᠡ᠃ ᠪᠦᠬᠦ᠋ᠢᠯᠡ ᠡᠳ᠋ ᠤᠨ ᠶᠠᠪᠤᠳᠠᠯ ᠤᠨ ᠶᠡᠭᠡ ᠪᠠᠶᠢᠴᠠᠭᠠᠯᠲᠠ ᠨᠢ 10 ᠰᠠᠷ᠎ᠠ ᠠᠴᠠ ᠡᠬᠢᠯᠡᠵᠦ᠂ ᠭᠤᠷᠪᠠᠨ ᠱᠠᠲᠤ ᠬᠤᠪᠢᠶᠠᠨ ᠶᠠᠪᠤᠭᠳᠠᠵᠠᠢ᠃ ᠨᠢᠭᠡᠳᠦᠭᠡᠷ ᠱᠠᠲᠤᠨ ᠳᠤ ᠨᠢᠭᠡᠴᠢ ᠶᠢᠨ ᠥᠪᠡᠷ ᠤᠨ ᠪᠠᠶᠢᠴᠠᠭᠠᠯᠲᠠ ᠬᠢᠪᠡ᠃ ᠬᠤᠶᠠᠳᠤᠭᠠᠷ ᠱᠠᠲᠤᠨ ᠳᠤ ᠥᠪᠡᠷ ᠤᠨ ᠪᠠᠶᠢᠴᠠᠭᠠᠯᠲᠠ ᠶᠢᠨ ᠰᠠᠭᠤᠷᠢᠨ ᠳᠡᠭᠡᠷ᠎ᠡ ᠡᠯ᠎ᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠨᠢᠭᠡᠴᠢ ᠨᠢ ᠪᠠᠰᠠ ᠲᠤᠰ ᠰᠢᠰᠲ᠋ᠧᠮ ᠤᠨ ᠢᠶᠠᠨ ᠳᠣᠲᠣᠭᠠᠳᠤ ᠳᠤ ᠬᠠᠷᠢᠯᠴᠠᠨ ᠪᠠᠶᠢᠴᠠᠭᠠᠬᠤ ᠪᠠ ᠳᠠᠬᠢᠨ ᠪᠠᠶᠢᠴᠠᠭᠠᠯᠲᠠ ᠵᠣᠬᠢᠶᠠᠨ ᠪᠠᠶᠢᠭᠤᠯᠪᠠ᠃ ᠭᠤᠷᠪᠠᠳᠤᠭᠠᠷ ᠱᠠᠲᠤᠨ ᠳᠤ ᠰᠤᠭᠤᠴᠢᠨ ᠪᠠᠶᠢᠴᠠᠭᠠᠵᠤ ᠰᠢᠢᠳᠪᠦᠷᠢᠯᠡᠪᠡ᠃ 851.6 ᠲᠦᠮᠡᠨ ᠲᠥᠭᠦᠷᠢᠭ ᠤᠨ ᠡᠯ᠎ᠡ ᠵᠦᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠣᠭᠤᠰ ᠪᠠᠶᠢᠴᠠᠭᠠᠨ ᠭᠠᠷᠭᠠᠵᠤ᠂ ᠠᠰᠠᠭᠤᠳᠠᠯ ᠤᠨ ᠰᠢᠨᠵᠢ ᠴᠢᠨᠠᠷ ᠢᠶᠠᠷ ᠨᠢ ᠬᠤᠪᠢᠶᠠᠭᠰᠠᠨ ᠳᠤ ᠡᠬᠢ ᠪᠠᠶᠠᠯᠢᠭ᠂ ᠵᠠᠮ ᠬᠠᠷᠢᠯᠴᠠᠭ᠎ᠠ ᠶᠢᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠤᠶᠢᠰᠢᠯᠠᠭᠤᠯᠵᠤ ᠥᠷᠢᠲᠦᠭᠰᠡᠨ ᠵᠣᠭᠤᠰ 581.5 ᠲᠦᠮᠡᠨ ᠲᠥᠭᠦᠷᠢᠭ᠂ ᠳᠠᠶᠢᠯᠠᠯᠭ᠎ᠠ ᠬᠢᠵᠦ ᠪᠡᠯᠡᠭ ᠬᠦᠷᠭᠡᠨ ᠪᠦᠷᠢᠯᠭᠡᠭᠰᠡᠨ ᠵᠣᠭᠤᠰ 55.1 ᠲᠦᠮᠡᠨ ᠲᠥᠭᠦᠷᠢᠭ᠂ ᠪᠠᠷᠠᠭ᠎ᠠ ᠶᠢᠨ ᠦᠨ᠎ᠡ ᠶᠢᠨ ᠲᠦᠷᠦ ᠶᠢᠨ ᠪᠣᠳᠣᠯᠭ᠎ᠠ ᠶᠢ ᠵᠥᠷᠢᠴᠡᠭᠰᠡᠨ 79.3 ᠲᠦᠮᠡᠨ ᠲᠥᠭᠦᠷᠢᠭ᠂ ᠬᠤᠳᠠᠯᠳᠤᠨ ᠠᠪᠬᠤ ᠶᠢ ᠬᠢᠵᠠᠭᠠᠷᠯᠠᠵᠤ ᠪᠠᠶᠢᠭ᠎ᠠ ᠲᠠᠸᠠᠷ ᠢ ᠳᠤᠷ᠎ᠠ ᠪᠠᠷ ᠠᠪᠤᠭᠰᠠᠨ ᠵᠣᠭᠤᠰ 135.7 ᠲᠦᠮᠡᠨ ᠲᠥᠭᠦᠷᠢᠭ ᠪᠠᠶᠢᠪᠠ᠃ ︽ᠲᠠᠪᠤᠳᠤᠭᠠᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭ᠎ᠠ ᠪᠠ ︽ᠵᠢᠷᠭᠤᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠪᠠᠶᠢᠴᠠᠭᠠᠯᠲᠠ ᠪᠠᠷ ᠳᠠᠮᠵᠢᠨ 135 ᠲᠦᠮᠡᠨ ᠲᠥᠭᠦᠷᠢᠭ ᠬᠤᠷᠢᠶᠠᠨ ᠠᠪᠴᠢᠷᠠᠪᠠ᠃      1990 ᠣᠨ ᠳᠤ ᠡᠯ᠎ᠡ ᠵᠦᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠣᠭᠤᠰ 768 ᠲᠦᠮᠡᠨ ᠲᠥᠭᠦᠷᠢᠭ ᠪᠠᠶᠢᠴᠠᠭᠠᠨ ᠭᠠᠷᠭᠠᠵᠠᠢ᠂ ᠰᠢᠨᠵᠢ ᠴᠢᠨᠠᠷ ᠢᠶᠠᠷ ᠨᠢ ᠬᠤᠪᠢᠶᠠᠪᠠᠯ ᠦᠢᠯᠡᠳᠪᠦᠷᠢ ᠬᠤᠳᠠᠯᠳᠤᠭ᠎ᠠ ᠶᠢᠨ ᠭᠠᠶᠢᠯᠢ ᠠᠴᠠ ᠵᠢᠭᠤᠲᠠᠭᠰᠠᠨ 229 ᠲᠦᠮᠡᠨ ᠲᠥᠭᠦᠷᠢᠭ᠂ ᠤᠯᠤᠰ ᠤᠨ ᠵᠣᠬᠢᠴᠠᠭᠤᠯᠬᠤ ᠭᠠᠶᠢᠯᠢ 110 ᠲᠦᠮᠡᠨ ᠲᠥᠭᠦᠷᠢᠭ᠂ ᠡᠬᠢ ᠪᠠᠶᠠᠯᠢᠭ ᠵᠠᠮ ᠬᠠᠷᠢᠯᠴᠠᠭ᠎ᠠ ᠶᠢᠨ ᠰᠠᠭᠤᠷᠢ ᠮᠥᠩᠭᠦ ᠪᠠ ᠲᠥᠰᠥᠪ ᠤᠨ ᠲᠣᠬᠢᠷᠠᠭᠤᠯᠤᠯᠲᠠ ᠶᠢᠨ ᠰᠠᠭᠤᠷᠢ ᠮᠥᠩᠭᠦ ᠶᠢ ᠭᠤᠭᠤᠵᠢᠭᠳᠠᠭᠤᠯᠤᠭᠰᠠᠨ 113 ᠲᠦᠮᠡᠨ ᠲᠥᠭᠦᠷᠢᠭ᠂ ᠪᠦᠷᠢᠯᠭᠡᠨ ᠰᠦᠢᠳᠬᠡᠭᠰᠡᠨ 45 ᠲᠦᠮᠡᠨ ᠲᠥᠭᠦᠷᠢᠭ᠂ ᠬᠤᠳᠠᠯᠳᠤᠨ ᠠᠪᠬᠤ ᠶᠢ ᠬᠢᠵᠠᠭᠠᠷᠯᠠᠭᠰᠠᠨ ᠲᠠᠸᠠᠷ ᠠᠪᠤᠭᠰᠠᠨ 19 ᠲᠦᠮᠡᠨ ᠲᠥᠭᠦᠷᠢᠭ᠂ ᠤᠯᠤᠰ ᠤᠨ ᠪᠠᠷᠠᠭ᠎ᠠ ᠶᠢᠨ ᠦᠨ᠎ᠡ ᠶᠢᠨ ᠬᠠᠤᠯᠢ ᠳᠦᠷᠢᠮ ᠢ ᠵᠥᠷᠢᠴᠡᠭᠰᠡᠨ 80 ᠲᠦᠮᠡᠨ ᠲᠥᠭᠦᠷᠢᠭ᠂ ᠬᠤᠪᠢ ᠪᠠᠷ ᠢᠶᠠᠨ ᠪᠡᠯᠡ ᠮᠥᠩᠭᠦ ᠬᠥᠮᠥᠷᠭᠡᠯᠡᠭᠰᠡᠨ 2 ᠲᠦᠮᠡᠨ ᠲᠥᠭᠦᠷᠢᠭ᠂ ᠪᠤᠰᠤᠳ ᠰᠠᠬᠢᠯᠭ᠎ᠠ ᠪᠠᠲᠤ ᠶᠢ ᠵᠥᠷᠢᠴᠡᠭᠰᠡᠨ ᠵᠣᠭᠤᠰ 57 ᠲᠦᠮᠡᠨ ᠲᠥᠭᠦᠷᠢᠭ᠂ ᠪᠦᠬᠦᠨ ᠢ ᠪᠠᠶᠢᠳᠠᠯ ᠢ ᠨᠢ ᠢᠯᠭᠠᠵᠤ ᠰᠠᠯᠭᠠᠵᠤ ᠰᠢᠢᠳᠪᠦᠷᠢᠯᠡᠪᠡ᠃ᠬᠤᠶᠠᠳᠤᠭᠠᠷ ᠬᠡᠰᠡᠭ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠬᠢᠵᠠᠭᠠᠷᠯᠠᠭᠰᠠᠨ      1960 ᠣᠨ ᠤ 8 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠶᠡᠭᠡ ᠪᠠᠷ ᠪᠠᠭᠠᠰᠬᠠᠬᠤ ᠲᠤᠬᠠᠢ ᠵᠢᠭᠠᠪᠤᠷᠢ︾ ᠶᠣᠰᠣᠭᠠᠷ ᠠᠯᠢᠪᠠ ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠵᠢᠯ ᠤᠨ ᠡᠴᠦᠰ ᠪᠣᠯᠬᠤ ᠠᠴᠠ ᠡᠮᠦᠨ᠎ᠡ ᠠᠯᠪᠠᠨ ᠬᠡᠷᠡᠭᠯᠡᠭᠡᠨ ᠤ ᠰᠦᠢᠳᠬᠡᠯ ᠤᠨ ᠵᠠᠷᠤᠳᠠᠯ ᠢ 20% ᠣᠷᠴᠢᠮ ᠪᠠᠭᠠᠰᠬᠠᠬᠤ ᠶᠢ ᠱᠠᠭᠠᠷᠳᠠᠪᠠ᠃      1961 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠴᠢᠨᠠᠭᠰᠢᠲᠠ ᠪᠠᠭᠠᠰᠬᠠᠬᠤ ᠲᠤᠬᠠᠢ ᠰᠢᠢᠳᠪᠦᠷᠢ︾ ᠶᠣᠰᠣᠭᠠᠷ᠂ ᠠᠯᠢᠪᠠ ᠦᠢᠯᠡᠳᠪᠦᠷᠢᠯᠡᠯ ᠤᠨ ᠪᠤᠰᠤ ᠲᠥᠬᠦᠭᠡᠷᠦᠮᠵᠢ ᠬᠡᠷᠡᠭᠰᠡᠯ ᠬᠤᠳᠠᠯᠳᠤᠨ ᠠᠪᠬᠤ ᠶᠢ ᠦᠷᠬᠦᠯᠵᠢᠯᠡᠨ ᠬᠤᠷᠢᠭᠯᠠᠵᠤ᠂ ᠡᠯ᠎ᠡ ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠭᠤᠷᠪᠠᠨ ᠵᠢᠯ ᠤᠨ ᠳᠣᠲᠣᠷ᠎ᠠ ᠪᠤᠶᠢᠳᠠᠨ᠂ ᠬᠡᠪᠢᠰ᠂ ᠰᠢᠷᠡᠭᠡ ᠰᠠᠨᠳᠠᠯᠢ᠂ ᠰᠠᠭᠤᠳᠠᠯ ᠤᠨ ᠮᠠᠰᠢᠨ᠂ ᠲᠣᠮᠣ ᠮᠠᠰᠢᠨ᠂ ᠰᠡᠤᠬᠡ ᠮᠠᠰᠢᠨ᠂ ᠵᠢᠫᠦ᠋ ᠲᠡᠷᠭᠡ᠂ ᠮᠣᠲ᠋ᠣᠷ᠂ ᠳᠤᠭᠤᠢ᠂ ᠭᠡᠷᠡᠯ ᠵᠢᠷᠤᠭ ᠤᠨ ᠮᠠᠰᠢᠨ᠂ ᠷᠠᠳᠢᠣ᠋᠂ ᠰᠢᠩᠭᠡᠭᠡᠯᠲᠡ ᠶᠢᠨ ᠮᠠᠰᠢᠨ᠂ ᠴᠢᠩᠭ᠎ᠠ ᠶᠠᠷᠢᠭᠴᠢ᠂ ᠪᠢᠴᠢᠭ ᠤᠨ ᠮᠠᠰᠢᠨ᠂ ᠺᠣᠮᠫᠢᠦ᠋ᠲ᠋ᠧᠷ᠂ ᠴᠠᠬᠢᠯᠭᠠᠨ ᠰᠡᠩᠰᠡ᠂ ᠠᠯᠪᠠᠨ ᠬᠡᠷᠡᠭᠯᠡᠭᠡᠨ ᠤ ᠪᠥᠰ᠂ ᠲᠣᠷᠭ᠎ᠠ᠂ ᠨᠣᠣᠰᠣᠨ ᠪᠠᠷᠠᠭ᠎ᠠ ᠮᠡᠲᠦ ᠳᠡᠭᠡᠳᠦ ᠵᠡᠷᠭᠡ ᠶᠢᠨ ᠪᠤᠳᠠᠰ ᠪᠠ ᠪᠤᠰᠤᠳ ᠦᠢᠯᠡᠳᠪᠦᠷᠢᠯᠡᠯ ᠤᠨ ᠪᠤᠰᠤ ᠲᠥᠬᠦᠭᠡᠷᠦᠮᠵᠢ ᠶᠢᠨ ᠵᠦᠢᠯᠡᠰ ᠬᠤᠳᠠᠯᠳᠤᠨ ᠠᠪᠴᠤ ᠪᠣᠯᠬᠤ ᠦᠭᠡᠢ ᠭᠡᠵᠦ ᠲᠣᠭᠲᠠᠭᠠᠪᠠ᠃      ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠨᠡᠮᠡᠭᠳᠡᠬᠦ ᠶᠢ ᠴᠠᠶᠢᠯᠭ᠎ᠠ ᠬᠢᠵᠠᠭᠠᠷᠯᠠᠬᠤ ᠶᠢᠨ ᠲᠥᠯᠥᠭᠡ᠂ 1962 ᠣᠨ ᠳᠤ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠨᠣᠷᠮ᠎ᠠ ᠬᠢᠵᠠᠭᠠᠷᠯᠠᠨ ᠮᠡᠳᠡᠭᠦᠯᠬᠦ ᠠᠷᠭ᠎ᠠ ᠶᠢ ᠬᠡᠷᠡᠭᠵᠢᠭᠦᠯᠵᠦ᠂ ᠬᠤᠳᠠᠯᠳᠤᠨ ᠠᠪᠬᠤ ᠶᠢ ᠬᠢᠵᠠᠭᠠᠷᠯᠠᠬᠤ ᠠᠯᠪᠠᠨ ᠭᠡᠷ ᠠᠴᠠ ᠬᠢᠨᠠᠨ ᠵᠥᠪᠰᠢᠶᠡᠷᠡᠪᠡ᠃ ᠪᠦᠬᠦ ᠠᠶᠢᠮᠠᠭ ᠲᠤ 1962 ᠣᠨ ᠢ 1961 ᠣᠨ ᠲᠠᠢ ᠬᠠᠷᠢᠴᠠᠭᠤᠯᠪᠠᠯ ᠬᠤᠳᠠᠯᠳᠤᠨ ᠠᠪᠬᠤ ᠲᠤᠭ᠎ᠠ ᠨᠣᠷᠮ᠎ᠠ ᠶᠢ 340 ᠲᠦᠮᠡᠨ ᠲᠥᠭᠦᠷᠢᠭ ᠪᠠᠭᠠᠰᠬᠠᠵᠤ᠂ ᠳᠡᠭᠡᠷ᠎ᠡ ᠵᠢᠯ ᠤᠨ ᠬᠢ ᠠᠴᠠ 19.5%᠎ ᠪᠠᠷ ᠪᠠᠭᠤᠷᠠᠪᠠ᠃      1981 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠳᠠᠯᠳᠤᠨ ᠠᠪᠬᠤ ᠶᠢ ᠬᠢᠵᠠᠭᠠᠷᠯᠠᠬᠤ ᠤᠳᠤᠷᠢᠳᠬᠤ ᠳᠤᠭᠤᠶᠢᠯᠠᠩ ᠤᠨ ︽ᠨᠣᠷᠮ᠎ᠠ ᠲᠣᠭᠲᠠᠭᠠᠨ ᠬᠢᠵᠠᠭᠠᠷᠯᠠᠬᠤ ᠠᠷᠭ᠎ᠠ ᠶᠢ ᠬᠠᠯᠠᠨ ᠰᠠᠶᠢᠵᠢᠷᠠᠭᠤᠯᠵᠤ᠂ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠴᠢᠨᠠᠭᠰᠢᠲᠠ ᠰᠠᠶᠢᠲᠤᠷ ᠬᠠᠮᠢᠶᠠᠷᠬᠤ ᠲᠤᠬᠠᠢ ᠮᠡᠳᠡᠭᠳᠡᠯ︾᠎ ᠢ ᠦᠨᠳᠦᠰᠦᠯᠡᠨ ᠵᠤᠤ ᠤᠳᠠ ᠠᠶᠢᠮᠠᠭ ᠨᠢ ᠦᠢᠯᠡᠳᠪᠦᠷᠢᠯᠡᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠥᠵᠢᠯ ᠪᠠ ᠰᠢᠨ᠎ᠡ ᠪᠠᠷ ᠪᠠᠶᠢᠭᠤᠯᠵᠤ ᠪᠠᠶᠢᠭ᠎ᠠ ᠨᠢᠭᠡᠴᠢ ᠳᠤ ᠰᠢᠭᠤᠳ ᠬᠡᠷᠡᠭᠯᠡᠬᠦ ᠣᠨᠴᠠ ᠬᠡᠷᠡᠭᠴᠡᠭᠡ ᠠᠴᠠ ᠭᠠᠳᠠᠨ᠎ᠠ 32 ᠲᠥᠷᠥᠯ ᠤᠨ ᠲᠤᠰᠬᠠᠢ ᠬᠢᠵᠠᠭᠠᠷᠯᠠᠬᠤ ᠲᠠᠸᠠᠷ ᠢ ᠦᠷᠬᠦᠯᠵᠢᠯᠡᠨ ᠵᠥᠪᠰᠢᠶᠡᠷᠡᠬᠦ ᠶᠢ ᠵᠣᠭᠰᠣᠵᠤ᠂ ᠬᠠᠩᠭᠠᠬᠤ ᠶᠢ ᠵᠣᠭᠰᠣᠨ᠂ ᠬᠤᠳᠠᠯᠳᠤᠨ ᠠᠪᠬᠤ ᠶᠢ ᠵᠣᠭᠰᠣᠨ᠎ᠠ ᠭᠡᠵᠦ ᠲᠣᠭᠲᠠᠭᠠᠪᠠ᠃      1983 ᠣᠨ ᠳᠤ ᠪᠦᠬᠦ ᠬᠤᠲᠠ ᠬᠤᠳᠠᠯᠳᠤᠨ ᠠᠪᠬᠤ ᠶᠢ ᠬᠢᠵᠠᠭᠠᠷᠯᠠᠬᠤ ᠣᠷᠣᠨ ᠲᠤᠭ᠎ᠠ ᠶᠢ 147 ᠲᠦᠮᠡᠨ ᠲᠥᠭᠦᠷᠢᠭ ᠪᠣᠯᠭᠠᠨ ᠪᠠᠭᠠᠰᠬᠠᠭᠰᠠᠨ ᠮᠥᠷᠲᠡᠭᠡᠨ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠠᠷᠠᠳ ᠤᠨ ᠶᠠᠪᠤᠳᠠᠯ᠂ ᠭᠠᠳᠠᠭᠠᠳᠤ ᠠᠷᠠᠯᠵᠢᠶ᠎ᠠ ᠵᠡᠷᠭᠡ 22 ᠰᠢᠰᠲ᠋ᠧᠮ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠵᠡᠭᠦᠨ ᠬᠤᠶᠢᠲᠤ ᠶᠢᠨ ᠴᠠᠬᠢᠯᠭᠠᠨ ᠤ ᠨᠢᠭᠡᠳᠦᠭᠡᠷ ᠺᠣᠮᠫᠠᠨᠢ ᠵᠡᠷᠭᠡ 31 ᠨᠢᠭᠡᠴᠢ ᠳᠤ ᠭᠤᠣᠯᠳᠠᠯᠭ᠎ᠠ ᠲᠠᠢ ᠬᠤᠪᠢᠶᠠᠷᠢᠯᠠᠪᠠ᠃      1988 — 1989 ᠣᠨ ᠳᠤ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠤᠨ ᠨᠡᠮᠡᠭᠳᠡᠯ ᠢ ᠴᠢᠨᠠᠭᠰᠢᠲᠠ ᠬᠢᠵᠠᠭᠠᠷᠯᠠᠬᠤ ᠶᠢᠨ ᠲᠥᠯᠥᠭᠡ᠂ ᠲᠤᠰᠬᠠᠢ ᠬᠢᠵᠠᠭᠠᠷᠯᠠᠵᠤ ᠪᠠᠶᠢᠭ᠎ᠠ ᠲᠠᠸᠠᠷ ᠤᠨ ᠬᠠᠮᠢᠶᠠᠷᠤᠯᠲᠠ ᠳᠤ ᠶᠡᠭᠡ ᠪᠠᠶᠢᠴᠠᠭᠠᠯᠲᠠ ᠶᠠᠪᠤᠭᠤᠯᠪᠠ᠃ ᠬᠢᠵᠠᠭᠠᠷᠯᠠᠬᠤ ᠶᠢ ᠵᠥᠷᠢᠴᠡᠭᠰᠡᠨ ᠵᠣᠭᠤᠰ 1 636 860 ᠲᠥᠭᠦᠷᠢᠭ ᠪᠠᠶᠢᠴᠠᠭᠠᠨ ᠭᠠᠷᠭᠠᠵᠤ᠂ ᠲᠣᠷᠭᠠᠭᠰᠠᠨ ᠪᠠ ᠡᠳ᠋ ᠤᠨ ᠵᠠᠰᠠᠭ ᠲᠤ ᠲᠤᠰᠢᠶᠠᠯᠭᠠᠭᠰᠠᠨ ᠵᠣᠭᠤᠰ 1 087 241 ᠲᠥᠭᠦᠷᠢᠭ ᠬᠦᠷᠴᠦ᠂ ᠲᠣᠭᠲᠠᠭᠠᠯ ᠢ ᠵᠥᠷᠢᠴᠡᠨ ᠠᠪᠤᠭᠰᠠᠨ ᠪᠠᠭ᠎ᠠ ᠮᠠᠰᠢᠨ᠂ ᠰᠠᠭᠤᠳᠠᠯ ᠤᠨ ᠮᠠᠰᠢᠨ᠂ ᠳᠦᠷᠰᠦ ᠰᠢᠩᠭᠡᠭᠡᠯᠲᠡ ᠶᠢᠨ ᠮᠠᠰᠢᠨ ᠵᠡᠷᠭᠡ ᠲᠤᠰᠬᠠᠢ ᠬᠢᠵᠠᠭᠠᠷᠯᠠᠵᠤ ᠪᠠᠶᠢᠭ᠎ᠠ ᠲᠠᠸᠠᠷ ᠢ ᠬᠤᠷᠢᠶᠠᠨ ᠠᠪᠤᠪᠠ᠃      1990 ᠣᠨ ᠳᠤ ᠪᠦᠬᠦ ᠬᠤᠲᠠ ᠨᠢ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠬᠢᠵᠠᠭᠠᠷᠯᠠᠬᠤ ᠨᠣᠷᠮ᠎ᠠ ᠶᠢ 6 997 ᠲᠦᠮᠡᠨ ᠲᠥᠭᠦᠷᠢᠭ ᠪᠡᠶᠡᠯᠡᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠤᠭ᠎ᠠ ᠨᠣᠷᠮ᠎ᠠ ᠶᠢᠨ 99.96%᠎ ᠶᠢ ᠡᠵᠡᠯᠡᠪᠡ᠃ ᠲᠤᠰᠬᠠᠢ ᠬᠢᠵᠠᠭᠠᠷᠯᠠᠬᠤ ᠲᠠᠸᠠᠷ ᠤᠨ ᠨᠣᠷᠮ᠎ᠠ ᠶᠢ 969 ᠲᠦᠮᠡᠨ ᠲᠥᠭᠦᠷᠢᠭ ᠪᠡᠶᠡᠯᠡᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠤᠭ᠎ᠠ ᠨᠣᠷᠮ᠎ᠠ ᠶᠢᠨ 96 .9%᠎ ᠶᠢ ᠡᠵᠡᠯᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ