ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠠᠷᠪᠠᠨ ᠳᠣᠯᠤᠭ᠎ᠠ︶
ᠨᠡᠶᠢᠲᠡᠯᠡᠭᠰᠡᠨ ᠴᠠᠭ᠄
2020/9/30
     ᠬᠤᠶᠠᠷ᠂ ᠲᠠᠷᠢᠶᠠᠯᠠᠩ ᠮᠠᠯ ᠠᠵᠤ ᠠᠬᠤᠢ ᠶᠢᠨ ᠡᠳ᠋ ᠤᠨ ᠵᠠᠰᠠᠭ ᠤᠨ ᠬᠠᠮᠢᠶᠠᠷᠤᠯᠲᠠ      ᠬᠦᠳᠡᠭᠡ ᠲᠤᠰᠬᠤᠨ ᠤ ᠵᠠᠰᠠᠭ ᠵᠠᠬᠢᠷᠭᠠᠨ ᠤ ᠰᠦᠢᠳᠬᠡᠯ ᠪᠠ ᠲᠠᠷᠢᠶᠠᠯᠠᠩ ᠤᠨ ᠡᠯ᠎ᠡ ᠲᠥᠷᠥᠯ ᠤᠨ ᠪᠡᠯᠡ ᠣᠷᠣᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠠᠵᠢᠯᠯᠠᠭᠠᠨ ᠤ ᠪᠡᠯᠡ ᠮᠥᠩᠭᠦ ᠶᠢᠨ ᠬᠠᠮᠢᠶᠠᠷᠤᠯᠲᠠ ᠪᠠᠭᠲᠠᠳᠠᠭ᠃      1957 ᠣᠨ ᠤ 1 ᠰᠠᠷ᠎ᠠ ᠶᠢᠨ 25᠎ ᠤ ᠡᠳᠦᠷ᠂ ᠵᠤᠤ ᠤᠳᠠ ᠠᠶᠢᠮᠠᠭ ᠤᠨ ᠠᠷᠠᠳ ᠤᠨ ᠵᠥᠪᠯᠡᠯ ᠠᠴᠠ ᠲᠠᠷᠢᠶᠠᠯᠠᠩ ᠤᠨ ᠵᠢᠭᠡᠯᠡᠯᠭᠡ ᠶᠢᠨ ᠠᠵᠢᠯ ᠢ ᠴᠢᠩᠭᠠᠳᠬᠠᠬᠤ ᠮᠡᠳᠡᠭᠳᠡᠯ ᠭᠠᠷᠭᠠᠵᠤ᠂ ᠲᠤᠬᠠᠢ ᠶᠢᠨ ᠵᠢᠯ ᠤᠨ ᠲᠠᠷᠢᠶᠠᠯᠠᠩ ᠤᠨ ᠵᠢᠭᠡᠯᠡᠯᠭᠡ ᠨᠢ ︽ᠬᠡᠳᠦᠢ ᠵᠢᠭᠡᠯᠡᠭᠦᠯᠦᠭᠰᠡᠨ ᠪᠣᠯ ᠲᠡᠳᠦᠢ ᠬᠤᠷᠢᠶᠠᠵᠤ᠂ ᠢᠯᠡᠭᠦᠳᠡᠪᠡᠯ ᠠᠪᠬᠤ ᠦᠭᠡᠢ᠂ ᠳᠤᠲᠠᠪᠠᠯ ᠨᠥᠬᠦᠬᠦ ᠦᠭᠡᠢ︾ ᠭᠡᠰᠡᠨ ᠵᠠᠷᠴᠢᠮ ᠲᠣᠭᠲᠠᠭᠠᠪᠠ᠃ ᠮᠥᠨ ᠵᠢᠯ ᠤᠨ 10 ᠰᠠᠷ᠎ᠠ ᠳᠤ ᠪᠠᠰᠠ ᠵᠢᠭᠡᠯᠡᠯᠭᠡ ᠬᠤᠷᠢᠶᠠᠵᠤ ᠠᠪᠴᠢᠷᠠᠬᠤ ᠮᠡᠳᠡᠭᠳᠡᠯ ᠪᠠᠭᠤᠯᠭᠠᠵᠤ᠂ ︽ᠵᠢᠭᠡᠯᠡᠭᠰᠡᠨ ᠪᠣᠯ ᠪᠤᠴᠠᠭᠠᠵᠤ᠂ ᠬᠤᠭᠤᠴᠠᠭ᠎ᠠ ᠶᠣᠰᠣᠭᠠᠷ ᠪᠤᠴᠠᠭᠠᠬᠤ︾ ᠢᠲᠡᠭᠡᠮᠵᠢ ᠶᠢᠨ ᠵᠢᠭᠡᠯᠡᠯᠭᠡ ᠶᠢᠨ ᠵᠠᠷᠴᠢᠮ ᠶᠣᠰᠣᠭᠠᠷ ᠡᠯᠪᠡᠭ ᠬᠤᠷᠢᠶᠠᠯᠲᠠᠲᠤ ᠭᠠᠵᠠᠷ ᠣᠷᠣᠨ ᠤ ᠲᠠᠷᠢᠶᠠᠯᠠᠩ ᠤᠨ ᠬᠤᠷᠰᠢᠶ᠎ᠠ ᠪᠠ ᠭᠡᠰᠢᠭᠦᠳ ᠤᠨ ᠬᠤᠭᠤᠴᠠᠭ᠎ᠠ ᠨᠢ ᠲᠤᠯᠤᠭᠰᠠᠨ ᠪᠠ ᠬᠡᠲᠦᠷᠡᠭᠰᠡᠨ ᠵᠢᠭᠡᠯᠡᠯᠭᠡ ᠶᠢᠨ 80%᠎ ᠶᠢ ᠪᠤᠴᠠᠭᠠᠨ ᠠᠪᠴᠢᠷᠠᠵᠤ᠂ ᠡᠩ ᠤᠨ ᠭᠠᠵᠠᠷ ᠣᠷᠣᠨ ᠤ 8%᠎ ᠶᠢ ᠪᠤᠴᠠᠭᠠᠨ ᠠᠪᠴᠢᠷᠠᠵᠤ᠂ ᠬᠦᠨᠳᠦ ᠭᠠᠮᠰᠢᠭᠳᠠᠭᠰᠠᠨ ᠣᠷᠣᠨ ᠠᠴᠠ ᠪᠠᠭ᠎ᠠ ᠬᠤᠷᠢᠶᠠᠬᠤ ᠪᠤᠶᠤ ᠬᠤᠷᠢᠶᠠᠵᠤ ᠠᠪᠬᠤ ᠦᠭᠡᠢ᠂ ᠪᠠᠰᠠ ᠴᠢᠬᠤᠯᠠᠲᠠᠢ ᠪᠡᠯᠡ ᠮᠥᠩᠭᠦᠨ ᠤ ᠨᠥᠬᠦᠪᠦᠷᠢ ᠣᠯᠭᠤᠨ᠎ᠠ ᠭᠡᠵᠦ ᠲᠣᠭᠲᠠᠭᠠᠪᠠ᠃      1959 ᠣᠨ ᠤ 3 ᠰᠠᠷ᠎ᠠ ᠶᠢᠨ 4᠎ ᠤ ᠡᠳᠦᠷ᠂ ᠠᠶᠢᠮᠠᠭ ᠤᠨ ᠵᠠᠬᠢᠷᠭ᠎ᠠ ᠠᠴᠠ ᠨᠢᠭᠡᠳᠦᠯ ᠤᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠳᠦᠷᠢᠮ ᠢ ᠴᠡᠭᠴᠡᠯᠡᠬᠦ ᠪᠠ ᠲᠡᠭᠦᠯᠳᠡᠷᠵᠢᠭᠦᠯᠬᠦ ᠮᠡᠳᠡᠭᠳᠡᠯ ᠪᠠᠭᠤᠯᠭᠠᠵᠤ᠂ ᠬᠤᠪᠢᠶᠠᠷᠢᠯᠠᠯ ᠪᠠ ᠬᠤᠷᠠᠮᠳᠤᠭᠤᠯᠤᠯ ᠤᠨ ᠬᠠᠷᠢᠴᠠᠭ᠎ᠠ ᠶᠢ ᠵᠣᠬᠢᠰᠲᠠᠢ ᠰᠢᠢᠳᠪᠦᠷᠢᠯᠡᠵᠦ᠂ ᠦᠢᠯᠡᠳᠪᠦᠷᠢᠯᠡᠯ ᠤᠨ ᠬᠥᠭᠵᠢᠯᠲᠡ ᠶᠢ ᠠᠬᠢᠭᠤᠯᠪᠠ᠃      1963 ᠣᠨ ᠤ 7 ᠰᠠᠷ᠎ᠠ ᠶᠢᠨ 30᠎ ᠤ ᠡᠳᠦᠷ᠂ ᠠᠶᠢᠮᠠᠭ ᠤᠨ ᠵᠠᠬᠢᠷᠭ᠎ᠠ ᠠᠴᠠ ᠲᠠᠷᠢᠶᠠᠯᠠᠩ ᠤᠨ ᠵᠢᠭᠡᠯᠡᠯᠭᠡ ᠶᠢ ᠴᠡᠪᠡᠷᠯᠡᠬᠦ ᠮᠡᠳᠡᠭᠳᠡᠯ ᠲᠠᠷᠬᠠᠭᠠᠵᠤ᠂ ᠲᠤᠰ ᠵᠢᠯ ᠳᠤ ᠪᠠᠨ 1961 ᠣᠨ ᠤ ᠰᠡᠭᠦᠯᠴᠢ ᠠᠴᠠ ᠡᠮᠦᠨᠡᠬᠢ ᠬᠠᠭᠤᠴᠢᠨ ᠵᠢᠭᠡᠯᠡᠯᠭᠡ ᠶᠢ ᠨᠡᠶᠢᠲᠡ 6181838 ᠲᠥᠭᠦᠷᠢᠭ ᠴᠡᠪᠡᠷᠯᠡᠪᠡ᠃      1966 ᠣᠨ ᠳᠤ ᠠᠶᠢᠮᠠᠭ ᠤᠨ ᠵᠠᠬᠢᠷᠭ᠎ᠠ ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠡᠳ᠋ ᠤᠨ ᠶᠠᠪᠤᠳᠠᠯ ᠤᠨ ᠪᠠᠶᠢᠭᠤᠯᠤᠮᠵᠢ ᠰᠤᠯᠠᠷᠠᠵᠤ᠂ ᠠᠵᠢᠯᠲᠠᠨ ᠴᠥᠭᠡᠷᠡᠵᠦ᠂ ᠡᠳ᠋ ᠤᠨ ᠶᠠᠪᠤᠳᠠᠯ ᠤᠨ ᠬᠠᠮᠢᠶᠠᠷᠤᠯᠲᠠ ᠰᠠᠮᠠᠭᠤᠷᠠᠭᠰᠠᠨ ᠵᠡᠷᠭᠡ ᠪᠠᠶᠢᠳᠠᠯ ᠳᠤ ᠴᠢᠭᠯᠡᠭᠦᠯᠦᠨ᠂ ᠨᠢᠭᠡᠳᠦᠯ ᠪᠠᠷᠢᠭᠠᠳᠠ ᠶᠢᠨ ᠡᠳ᠋ ᠤᠨ ᠶᠠᠪᠤᠳᠠᠯ ᠤᠨ ᠪᠠᠶᠢᠭᠤᠯᠤᠮᠵᠢ ᠶᠢ ᠰᠡᠷᠭᠦᠭᠡᠨ᠂ ᠡᠳ᠋ ᠤᠨ ᠶᠠᠪᠤᠳᠠᠯ ᠤᠨ ᠠᠵᠢᠯᠲᠠᠨ ᠢ ᠨᠡᠮᠡᠭᠳᠡᠭᠦᠯᠵᠦ᠂ ᠡᠳ᠋ ᠤᠨ ᠵᠠᠰᠠᠭ ᠤᠨ ᠳᠦᠷᠢᠮ ᠢ ᠴᠢᠩᠭᠠᠯᠠᠨ᠂ ᠬᠥᠳᠡᠭᠡ ᠲᠤᠰᠬᠤᠨ ᠮᠠᠯᠵᠢᠬᠤ ᠣᠷᠣᠨ ᠤ ᠡᠳ᠋ ᠤᠨ ᠶᠠᠪᠤᠳᠠᠯ ᠤᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠪᠠ᠃      1976 ᠣᠨ ᠤ 4 ᠰᠠᠷ᠎ᠠ ᠶᠢᠨ 7᠎ ᠤ ᠡᠳᠦᠷ᠂ ᠠᠶᠢᠮᠠᠭ ᠤᠨ ᠬᠤᠪᠢᠰᠬᠠᠯ ᠤᠨ ᠵᠥᠪᠯᠡᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ︽ᠨᠢᠭᠡᠳᠦᠯ ᠤᠨ ᠱᠠᠲᠤᠨ ᠤ ᠡᠳ᠋ ᠤᠨ ᠵᠠᠰᠠᠭ ᠢ ᠪᠠᠶᠢᠭᠤᠯᠬᠤ ᠲᠤᠬᠠᠢ ᠮᠡᠳᠡᠭᠦᠯᠦᠯᠲᠡ︾᠎ ᠶᠢ ᠴᠣᠬᠤᠯᠠᠪᠦᠷᠢᠯᠡᠨ ᠳᠠᠮᠵᠢᠭᠤᠯᠵᠤ᠂ ᠨᠢᠭᠡᠳᠦᠯ ᠤᠨ ᠱᠠᠲᠤᠨ ᠳᠤ ᠡᠳ᠋ ᠤᠨ ᠵᠠᠰᠠᠭ ᠤᠨ ᠰᠠᠯᠪᠤᠷᠢ ᠪᠠᠶᠢᠭᠤᠯᠵᠤ᠂ ᠨᠢᠭᠡᠳᠦᠯ ᠤᠨ ᠱᠠᠲᠤᠨ ᠤ ᠡᠳ᠋ ᠤᠨ ᠵᠠᠰᠠᠭ ᠢ ᠬᠠᠮᠢᠶᠠᠷᠪᠠ᠃ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠵᠡᠷᠭᠡ ᠡᠯ᠎ᠡ ᠵᠦᠢᠯ ᠤᠨ ᠪᠡᠯᠡ ᠮᠥᠩᠭᠦ᠂ ᠮᠠᠯ ᠲᠠᠷᠢᠶᠠᠯᠠᠩ ᠤᠨ ᠭᠠᠶᠢᠯᠢ ᠪᠠ ᠣᠷᠣᠨ ᠨᠤᠲᠤᠭ ᠤᠨ ᠭᠠᠶᠢᠯᠢ ︵ᠮᠠᠯ ᠤᠨ ᠭᠠᠶᠢᠯᠢ᠂ ᠠᠯᠠᠰᠢᠨ ᠤ ᠭᠠᠶᠢᠯᠢ᠂ ᠦᠨᠡᠮᠯᠡᠬᠦ ᠶᠢᠨ ᠭᠠᠶᠢᠯᠢ ᠂ ᠮᠠᠯ ᠤᠨ ᠠᠷᠠᠯᠵᠢᠶ᠎ᠠ ᠶᠢᠨ ᠭᠠᠶᠢᠯᠢ︶᠎ ᠶᠢ ᠬᠠᠮᠢᠶᠠᠷᠴᠦ᠂ ᠨᠢᠭᠡᠳᠦᠯ ᠪᠠᠷᠢᠭᠠᠳᠠ ᠶᠢᠨ ᠠᠵᠤ ᠠᠬᠤᠶᠢᠯᠠᠯ ᠢ ᠰᠠᠶᠢᠲᠤᠷ ᠬᠠᠮᠢᠶᠠᠷᠤᠨ᠂ ᠠᠵᠤ ᠠᠬᠤᠢ ᠶᠢᠨ ᠬᠢᠨᠠᠨ ᠪᠣᠳᠣᠯᠲᠠ ᠶᠢ ᠴᠢᠩᠭᠠᠳᠬᠠᠪᠠ᠃      1984 ᠣᠨ ᠳᠤ ᠪᠦᠬᠦ ᠬᠤᠲᠠ ᠨᠢ ᠰᠤᠮᠤ ᠱᠠᠲᠤᠨ ᠤ ᠡᠳ᠋ ᠤᠨ ᠵᠠᠰᠠᠭ ᠤᠨ ᠲᠣᠭᠲᠠᠯᠴᠠᠭ᠎ᠠ ᠶᠢᠨ ᠲᠣᠷᠰᠢᠯᠲᠠ ᠶᠢᠨ ᠴᠡᠭ ᠭᠠᠷᠭᠠᠵᠤ᠂ 1985 ᠣᠨ ᠳᠤ ᠪᠦᠬᠦ ᠬᠤᠲᠠ ᠳᠤ ᠲᠦᠭᠡᠮᠡᠯᠵᠢᠭᠦᠯᠦᠨ ᠰᠤᠮᠤ ᠱᠠᠲᠤᠨ ᠤ ᠡᠳ᠋ ᠤᠨ ᠵᠠᠰᠠᠭ ᠤᠨ ᠥᠪᠡᠷᠲᠡᠭᠡᠨ ᠡᠵᠡᠨ ᠮᠡᠳᠡᠬᠦ ᠡᠷᠬᠡ ᠶᠢ ᠥᠷᠭᠡᠳᠬᠡᠨ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠲᠠᠸᠠᠷ ᠤᠨ ᠠᠵᠤ ᠠᠬᠤᠢ ᠶᠢ ᠬᠥᠭᠵᠢᠶᠡᠨᠲᠡᠢ ᠪᠣᠯᠭᠠᠬᠤ ᠳᠤ ᠦᠢᠯᠡᠳᠦᠯ ᠦᠵᠡᠭᠦᠯᠪᠡ᠃      ᠭᠤᠷᠪᠠ᠂ ᠵᠠᠰᠠᠭ ᠵᠠᠬᠢᠷᠭᠠᠨ ᠠᠵᠢᠯ ᠦᠢᠯᠡᠰ ᠤᠨ ᠡᠳ᠋ ᠤᠨ ᠶᠠᠪᠤᠳᠠᠯ ᠤᠨ ᠬᠠᠮᠢᠶᠠᠷᠤᠯᠲᠠ      ᠵᠠᠰᠠᠭ ᠵᠠᠬᠢᠷᠭᠠᠨ ᠠᠵᠢᠯ ᠦᠢᠯᠡᠰ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠨᠢ ᠰᠦᠢᠳᠬᠡᠯ ᠤᠨ ᠲᠣᠭᠲᠠᠭᠰᠠᠨ ᠲᠤᠭ᠎ᠠ᠂ ᠵᠠᠷᠤᠳᠠᠯ ᠤᠨ ᠪᠠᠷᠢᠮᠵᠢᠶ᠎ᠠ ᠪᠠ ᠡᠯ᠎ᠡ ᠵᠦᠢᠯ ᠤᠨ ᠪᠤᠲᠠᠲᠠᠢ ᠲᠣᠭᠲᠠᠭᠠᠯ ᠲᠣᠭᠲᠠᠭᠠᠬᠤ ᠪᠠᠷ ᠳᠠᠮᠵᠢᠨ ᠵᠠᠰᠠᠭ ᠵᠠᠬᠢᠷᠭ᠎ᠠ᠂ ᠰᠣᠶᠣᠯ᠂ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ᠂ ᠡᠷᠡᠭᠦᠯ ᠬᠠᠮᠠᠭᠠᠯᠠᠯ ᠵᠡᠷᠭᠡ ᠨᠢᠭᠡᠴᠢ ᠶᠢᠨ ᠡᠳ᠋ ᠤᠨ ᠶᠠᠪᠤᠳᠠᠯ ᠢ ᠬᠠᠮᠢᠶᠠᠷᠳᠠᠭ᠃      ᠤᠯᠠᠭᠠᠨᠬᠠᠳᠠ ᠣᠷᠣᠨ ᠤ ᠬᠤᠶᠢᠲᠤ ᠬᠡᠰᠡᠭ ᠤᠨ ᠬᠤᠰᠢᠭᠤ ᠰᠢᠶᠠᠨ ᠨᠢ 1949 ᠣᠨ ᠠᠴᠠ ᠡᠮᠦᠨ᠎ᠡ᠂ ᠡᠮᠦᠨᠡᠲᠦ ᠬᠡᠰᠡᠭ ᠤᠨ ᠬᠤᠰᠢᠭᠤ ᠰᠢᠶᠠᠨ ᠨᠢ 1952 ᠣᠨ ᠠᠴᠠ ᠡᠮᠦᠨ᠎ᠡ ᠪᠣᠯ ᠬᠠᠩᠭᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭ᠎ᠠ ᠠᠵᠢᠯ ᠦᠢᠯᠡᠰ ᠤᠨ ᠡᠯ᠎ᠡ ᠰᠠᠯᠠᠭ᠎ᠠ ᠮᠥᠴᠢᠷ ᠤᠨ ᠵᠠᠷᠤᠳᠠᠯ ᠢ ᠴᠥᠮ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠨᠢᠭᠡᠳᠦᠯᠲᠡᠢ ᠪᠠᠷᠢᠮᠵᠢᠶ᠎ᠠ ᠪᠠᠷ ᠬᠠᠩᠭᠠᠵᠤ ᠪᠠᠶᠢᠵᠠᠢ᠃ 1951 ᠣᠨ ᠳᠤ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠨᠢ ᠲᠥᠰᠥᠪ᠂ ᠲᠥᠰᠥᠪ ᠤᠨ ᠭᠦᠢᠴᠡᠳᠬᠡᠯ ᠡᠬᠢᠯᠡᠨ ᠵᠤᠬᠢᠶᠠᠵᠤ᠂ ︽ᠤᠯᠠᠷᠢᠯ ᠢᠶᠠᠷ ᠲᠥᠰᠥᠪ ᠭᠠᠷᠭᠠᠨ ᠰᠠᠷ᠎ᠠ ᠪᠠᠷ ᠮᠥᠩᠭᠦ ᠣᠯᠭᠤᠬᠤ︾ ᠠᠷᠭ᠎ᠠ ᠶᠢ ᠬᠡᠷᠡᠭᠵᠢᠭᠦᠯᠵᠡᠢ᠃ 1956 ᠣᠨ ᠠᠴᠠ 1957 ᠣᠨ ᠪᠣᠯᠲᠠᠯ᠎ᠠ ︽ᠵᠢᠯ ᠤᠨ ᠲᠥᠰᠥᠪ ᠭᠠᠷᠭᠠᠵᠤ ᠰᠠᠷ᠎ᠠ ᠪᠦᠷᠢ ᠣᠯᠭᠤᠬᠤ︾ ᠠᠷᠭ᠎ᠠ ᠶᠢ ᠬᠡᠷᠡᠭᠯᠡᠪᠡ᠃ ᠲᠥᠰᠥᠪ ᠬᠢᠬᠦ ᠨᠢᠭᠡᠴᠢ ᠨᠢ ᠲᠤᠰ ᠰᠠᠯᠠᠭ᠎ᠠ ᠮᠥᠴᠢᠷ ᠤᠨ ᠢᠶᠠᠨ ᠠᠵᠢᠯ ᠦᠢᠯᠡᠰ ᠤᠨ ᠲᠥᠯᠥᠪᠯᠡᠭᠡ ᠪᠠ ᠲᠥᠰᠥᠪ ᠤᠨ ᠵᠠᠷᠤᠳᠠᠯ ᠤᠨ ᠪᠠᠷᠢᠮᠵᠢᠶ᠎ᠠ ᠲᠤᠭ᠎ᠠ ᠶᠢ ᠦᠨᠳᠦᠰᠦᠯᠡᠨ᠂ ᠤᠯᠠᠷᠢᠯ ᠪᠠ ᠰᠠᠷ᠎ᠠ ᠬᠤᠪᠢᠶᠠᠨ ᠵᠣᠭᠤᠰ ᠬᠡᠷᠡᠭᠯᠡᠬᠦ ᠵᠢᠯ ᠤᠨ ᠲᠥᠰᠥᠪ ᠵᠣᠬᠢᠶᠠᠨ ᠮᠡᠳᠡᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨᠠᠨ ᠵᠥᠪᠰᠢᠶᠡᠷᠡᠭᠰᠡᠨ ᠤ ᠳᠠᠷᠠᠭ᠎ᠠ ᠲᠥᠰᠥᠪ ᠤᠨ ᠬᠡᠷᠡᠭᠵᠢᠭᠦᠯᠦᠯᠲᠡ ᠪᠠ ᠵᠣᠭᠤᠰ ᠣᠯᠭᠤᠬᠤ ᠦᠨᠳᠦᠰᠦᠯᠡᠯ ᠪᠣᠯᠭᠠᠨ᠎ᠠ᠃ 1957 ᠣᠨ ᠤ 6 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠥᠪᠯᠡᠯ ᠤᠨ ︽1951 ᠣᠨ ᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ ᠤᠨ ᠪᠠᠷᠢᠮᠵᠢᠶ᠎ᠠ ᠳᠤ ᠵᠠᠰᠠᠪᠤᠷᠢ ᠣᠷᠣᠭᠤᠯᠬᠤ ᠲᠤᠬᠠᠢ︾ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠦᠢᠳᠬᠡᠯ ᠢ ᠨᠡᠶᠢᠳᠡᠮ ᠳᠤᠨᠢ ᠪᠠᠭᠠᠰᠬᠠᠭᠰᠠᠨ ᠤ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠥᠪᠯᠡᠯ ᠤᠨ ︽ᠡᠯ᠎ᠡ ᠲᠥᠷᠥᠯ ᠤᠨ ᠮᠡᠷᠭᠡᠵᠢᠯ ᠤᠨ ᠠᠵᠢᠯᠲᠠᠨ ᠤ ᠠᠯᠪᠠᠨ ᠤᠴᠢᠷ ᠢᠶᠠᠷ ᠭᠠᠳᠠᠭᠰᠢ ᠭᠠᠷᠤᠭᠰᠠᠨ ᠵᠠᠮ ᠤᠨ ᠵᠠᠷᠤᠳᠠᠯ ᠤᠨ ᠲᠤᠬᠠᠢ ᠲᠣᠭᠲᠠᠭᠠᠯ︾᠎ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠪᠡ᠃      1961 ᠣᠨ ᠤ 4 ᠰᠠᠷ᠎ᠠ ᠶᠢᠨ 3᠎ ᠤ ᠡᠳᠦᠷ᠂ ᠠᠶᠢᠮᠠᠭ ᠤᠨ ᠵᠠᠬᠢᠷᠭ᠎ᠠ ︽ᠵᠤᠤ ᠤᠳᠠ ᠠᠶᠢᠮᠠᠭ ᠤᠨ ᠠᠵᠢᠯ ᠦᠢᠯᠡᠰ ᠵᠠᠰᠠᠭ ᠵᠠᠬᠢᠷᠭᠠᠨ ᠤ ᠰᠦᠢᠳᠬᠡᠯ ᠤᠨ ᠲᠥᠰᠥᠪ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠨᠡᠶᠢᠲᠡᠯᠡᠵᠦ᠂ ᠡᠯ᠎ᠡ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠵᠢᠯ ᠤᠨ ᠲᠥᠰᠥᠪ ᠲᠣᠭᠲᠠᠭᠠᠬᠤ ᠳᠤ ᠪᠠᠨ ᠤᠯᠤᠰ ᠠᠷᠠᠳ ᠤᠨ ᠠᠵᠤ ᠠᠬᠤᠢ ᠠᠴᠠ ᠲᠣᠭᠲᠠᠭᠠᠭᠰᠠᠨ ᠪᠤᠳᠠᠲᠠᠢ ᠬᠥᠭᠵᠢᠯᠲᠡ ᠶᠢᠨ ᠲᠤᠭ᠎ᠠ ᠨᠣᠷᠮ᠎ᠠ ᠶᠢ ᠦᠨᠳᠦᠰᠦᠯᠡᠬᠦ ᠬᠡᠷᠡᠭᠲᠡᠢ᠂ ᠲᠥᠯᠥᠪᠯᠡᠭᠡ ᠳᠤ ᠣᠷᠣᠭᠠᠳᠤᠢ ᠪᠠ ᠬᠠᠷᠠᠬᠠᠨ ᠲᠣᠭᠲᠠᠭᠠᠳᠤᠢ ᠠᠵᠢᠯ ᠦᠢᠯᠡᠰ ᠤᠨ ᠬᠢ ᠶᠢ ᠬᠢᠨᠠᠨ ᠲᠣᠭᠲᠠᠭᠠᠬᠤ ᠦᠭᠡᠢ᠂ ᠵᠥᠪᠰᠢᠶᠡᠷᠡᠯ ᠦᠭᠡᠢ ᠪᠣᠯ ᠵᠠᠰᠠᠭ ᠵᠠᠬᠢᠷᠭᠠᠨ ᠤ ᠰᠦᠢᠳᠬᠡᠯ ᠢ ᠨᠡᠮᠡᠵᠦ ᠪᠣᠯᠬᠤ ᠦᠭᠡᠢ᠂ ᠲᠥᠰᠥᠪ ᠤᠨ ᠶᠣᠰᠤᠭᠠᠷ ᠵᠣᠭᠤᠰ ᠣᠯᠭᠤᠨ ᠬᠡᠷᠡᠭᠯᠡᠵᠦ᠂ ᠬᠠᠮᠢᠶ᠎ᠠ ᠪᠦᠬᠦᠢ ᠵᠠᠷᠤᠳᠠᠯ ᠤᠨ ᠪᠠᠷᠢᠮᠵᠢᠶ᠎ᠠ ᠪᠠ ᠡᠳ᠋ ᠤᠨ ᠶᠠᠪᠤᠳᠠᠯ ᠤᠨ ᠳᠦᠷᠢᠮ ᠢ ᠴᠢᠩᠭ᠎ᠠ ᠵᠢᠷᠤᠮᠯᠠᠬᠤ ᠬᠡᠷᠡᠭᠲᠡᠢ ᠭᠡᠵᠦ ᠲᠤᠭᠲᠠᠭᠠᠪᠠ᠃      1962 ᠣᠨ ᠤ 11 ᠰᠠᠷ᠎ᠠ ᠶᠢᠨ 14᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠥᠪᠯᠡᠯ ᠠᠴᠠ ᠤᠯᠤᠰ ᠤᠨ ᠪᠠᠶᠢᠭᠤᠯᠭ᠎ᠠ ᠶᠢᠨ ᠬᠡᠷᠡᠭᠵᠢᠭᠦᠯᠬᠦ ᠵᠠᠮ ᠤᠨ ᠵᠠᠷᠤᠳᠠᠯ ᠤᠨ ᠪᠠᠷᠢᠮᠵᠢᠶ᠎ᠠ ᠪᠠ ᠵᠠᠮ ᠤᠨ ᠵᠠᠷᠤᠳᠠᠯ ᠢ ᠳᠠᠭᠠᠭᠠᠬᠤ ᠶᠢ ᠥᠭᠡᠷᠡᠴᠢᠯᠡᠬᠦ ᠠᠷᠭ᠎ᠠ ᠶᠢ ᠲᠣᠭᠲᠠᠭᠠᠪᠠ᠃ 1964 ᠣᠨ ᠤ 5 ᠰᠠᠷ᠎ᠠ ᠳᠤ ᠤᠯᠤᠰ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠵᠠᠮ ᠤᠨ ᠵᠠᠷᠤᠳᠠᠯ ᠤᠨ ᠲᠤᠬᠠᠢ ᠪᠠᠰᠠ ᠰᠢᠨ᠎ᠡ ᠲᠣᠭᠲᠠᠭᠠᠯ ᠭᠠᠷᠭᠠᠵᠤ᠂ ᠡᠯ᠎ᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠨᠢ ᠵᠠᠮ ᠤᠨ ᠵᠠᠷᠤᠳᠠᠯ ᠤᠨ ᠰᠢᠨ᠎ᠡ ᠲᠣᠭᠲᠠᠭᠠᠯ ᠢ ᠴᠢᠩᠭ᠎ᠠ ᠵᠢᠷᠤᠮᠯᠠᠨ᠂ ᠳᠦᠷᠢᠮ ᠢᠶᠠᠨ ᠴᠢᠩᠭᠠᠳᠬᠠᠵᠤ᠂ ᠵᠠᠷᠤᠳᠠᠯ ᠢ ᠬᠢᠵᠠᠭᠠᠷᠯᠠᠪᠠ᠃      1963 ᠣᠨ ᠠᠴᠠ 1965 ᠣᠨ ᠪᠣᠯᠲᠠᠯ᠎ᠠ᠂ ᠵᠥᠪᠬᠡᠨ ᠲᠥᠰᠥᠪ ᠤᠨ ᠵᠠᠷᠤᠳᠠᠯ ᠲᠠᠢ᠂ ᠲᠤᠬᠠᠶᠢᠯᠠᠭᠰᠠᠨ ᠠᠵᠢᠯ ᠤᠨ ᠣᠷᠣᠯᠭ᠎ᠠ ᠦᠭᠡᠢ ᠪᠦᠬᠦ ᠨᠣᠷᠮ᠎ᠠ ᠶᠢᠨ ᠲᠥᠰᠥᠪ ᠲᠠᠢ ᠨᠢᠭᠡᠴᠢ ᠳᠤ ︽ᠲᠥᠰᠥᠪ ᠢ ᠳᠠᠭᠠᠭᠠᠴᠢᠯᠠᠨ᠂ ᠦᠯᠡᠳᠡᠪᠦᠷᠢ ᠶᠢ ᠦᠯᠡᠳᠡᠭᠡᠨ ᠬᠡᠷᠡᠭᠯᠡᠭᠦᠯᠬᠦ︾ ᠠᠷᠭ᠎ᠠ ᠶᠢ ᠬᠡᠷᠡᠭᠵᠢᠭᠦᠯᠪᠡ᠃ ᠲᠥᠰᠥᠪ ᠤᠨ ᠵᠠᠷᠤᠳᠠᠯ ᠲᠠᠢ ᠮᠥᠷᠲᠡᠭᠡᠨ ᠪᠠᠰᠠ ᠲᠤᠬᠠᠶᠢᠯᠠᠭᠰᠠᠨ ᠠᠵᠢᠯ ᠤᠨ ᠣᠷᠣᠯᠭ᠎ᠠ ᠲᠠᠢ ᠨᠢᠭᠡᠴᠢ ᠳᠤ ︽ᠪᠦᠬᠦ ᠨᠣᠷᠮ᠎ᠠ ᠶᠢ ᠲᠥᠰᠥᠪ ᠲᠤ ᠣᠷᠤᠭᠤᠯᠵᠤ᠂ ᠵᠥᠷᠢᠶ᠎ᠡ ᠶᠢ ᠨᠢ ᠨᠥᠬᠦᠵᠦ᠂ ᠳᠠᠪᠠᠭᠤᠯᠤᠭᠰᠠᠨ ᠣᠷᠣᠯᠭ᠎ᠠ ᠶᠢ ᠨᠢ ᠬᠤᠪᠢᠳᠠᠬᠤ︾ ᠠᠷᠭ᠎ᠠ ᠶᠢ ᠬᠡᠷᠡᠭᠵᠢᠭᠦᠯᠪᠡ᠃ ᠵᠥᠷᠢᠶᠡᠲᠦ ᠲᠣᠭᠠᠨ ᠤ ᠲᠥᠰᠥᠪ ᠲᠠᠢ ᠨᠢᠭᠡᠴᠢ ᠳᠤ ︽ᠪᠦᠬᠦ ᠨᠣᠷᠮ᠎ᠠ ᠪᠠᠷ ᠬᠠᠮᠢᠶᠠᠷᠴᠦ᠂ ᠲᠥᠷᠥᠯ ᠲᠣᠭᠲᠠᠭᠠᠨ ᠳᠠᠭᠠᠭᠠᠴᠢᠯᠠᠬᠤ ᠪᠠ ᠨᠣᠷᠮ᠎ᠠ ᠲᠣᠭᠲᠠᠭᠠᠨ ᠳᠠᠭᠠᠭᠠᠴᠢᠯᠠᠵᠤ᠂ ᠦᠯᠡᠳᠡᠪᠦᠷᠢ ᠶᠢ ᠦᠯᠡᠳᠡᠭᠡᠨ ᠬᠡᠷᠡᠭᠯᠡᠭᠦᠯᠬᠦ︾᠎ ᠶᠢ ᠬᠡᠷᠡᠭᠵᠢᠭᠦᠯᠪᠡ᠃ ᠡᠭᠦᠨ ᠤ ᠬᠠᠮᠲᠤ ᠣᠷᠣᠯᠭ᠎ᠠ ᠪᠠᠨ ᠨᠡᠮᠡᠭᠳᠡᠭᠦᠯᠦᠨ ᠵᠠᠷᠤᠳᠠᠯ ᠢᠶᠠᠨ ᠠᠷᠪᠢᠯᠠᠬᠤ ᠠᠵᠢᠯᠯᠠᠭ᠎ᠠ ᠶᠢ ᠨᠡᠶᠢᠳᠡᠮ ᠥᠷᠨᠢᠭᠦᠯᠵᠦ᠂᠂ ᠠᠯᠪᠠᠨ ᠰᠦᠢᠳᠬᠡᠯ ᠢ ᠪᠠᠭᠠᠰᠬᠠᠪᠠ᠃      1981 ᠣᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠢᠭᠠᠪᠤᠷᠢ ᠪᠠᠷ ᠵᠠᠰᠠᠭ ᠵᠠᠬᠢᠷᠭᠠᠨ ᠠᠵᠢᠯ ᠦᠢᠯᠡᠰ ᠤᠨ ᠵᠠᠷᠤᠳᠠᠯ ᠰᠦᠢᠳᠬᠡᠯ ᠤᠨ ᠬᠠᠮᠢᠶᠠᠷᠤᠯᠲᠠ ᠶᠢ ᠴᠢᠨᠠᠭᠰᠢᠲᠠ ᠴᠢᠩᠭᠠᠳᠬᠠᠪᠠ᠃ ᠠᠵᠢᠯᠲᠠᠨ ᠪᠠ ᠲᠡᠷᠭᠡ ᠤᠨᠤᠭ᠎ᠠ ᠶᠢᠨ ᠣᠷᠣᠨ ᠲᠤᠭ᠎ᠠ ᠶᠢ ᠴᠡᠭᠴᠡᠯᠡᠵᠦ᠂ ᠣᠷᠣᠨ ᠲᠤᠭ᠎ᠠ ᠠᠴᠠ ᠭᠠᠳᠠᠨᠠᠬᠢ ᠲᠡᠷᠭᠡ ᠶᠢ ᠴᠥᠮ ᠲᠤᠬᠠᠢ ᠶᠢᠨ ᠭᠠᠵᠠᠷ ᠲᠤᠨᠢ ᠬᠠᠳᠠᠭᠠᠯᠠᠵᠤ᠂ ᠶᠡᠭᠡ ᠬᠡᠪᠴᠢᠶᠡᠨ ᠤ ᠬᠤᠷᠠᠯ ᠢ ᠴᠢᠩᠭ᠎ᠠ ᠬᠢᠵᠠᠭᠠᠷᠯᠠᠨ᠂ ᠠᠯᠪᠠᠨ ᠬᠡᠷᠡᠭᠰᠡᠯ ᠤᠨ ᠵᠠᠷᠤᠳᠠᠯ᠂ ᠵᠠᠮ ᠤᠨ ᠵᠠᠷᠤᠳᠠᠯ᠂ ᠤᠰᠤ ᠴᠠᠬᠢᠯᠭᠠᠨ ᠤ ᠰᠦᠢᠳᠬᠡᠯ ᠢ ᠠᠷᠪᠢᠯᠠᠨ᠂ ᠲᠤᠰᠬᠠᠢ ᠬᠢᠵᠠᠭᠠᠷᠳᠤ 32 ᠲᠥᠷᠥᠯ ᠤᠨ ᠲᠠᠸᠠᠷ ᠲᠤ ᠵᠥᠪᠰᠢᠶᠡᠷᠡᠯ ᠦᠩᠭᠡᠬᠦ ᠬᠠᠩᠭᠠᠬᠤ᠂ ᠬᠤᠳᠠᠯᠳᠤᠨ ᠠᠪᠬᠤ ᠶᠢ ᠵᠣᠭᠰᠣᠭᠠᠪᠠ᠃ ᠡᠳ᠋ ᠤᠨ ᠵᠠᠰᠠᠭ ᠢ ︽ᠴᠢᠩᠭᠠᠯᠠᠬᠤ︾ ᠴᠢᠭᠯᠡᠯᠲᠡ ᠶᠢ ᠬᠡᠷᠡᠭᠵᠢᠭᠦᠯᠦᠭᠰᠡᠨ ᠠᠴᠠ ᠪᠦᠬᠦ ᠠᠶᠢᠮᠠᠭ ᠤᠨ ᠵᠠᠰᠠᠭ ᠵᠠᠬᠢᠷᠭᠠᠨ ᠠᠵᠢᠯ ᠦᠢᠯᠡᠰ ᠤᠨ ᠰᠦᠢᠳᠬᠡᠯ ᠮᠡᠳᠡᠭᠳᠡᠮ᠎ᠡ ᠪᠠᠭᠠᠰᠴᠦ᠂ 1980 ᠣᠨ ᠳᠤ 1979 ᠣᠨ ᠤ ᠬᠢ ᠠᠴᠠ 71.4 ᠲᠦᠮᠡᠨ ᠲᠥᠭᠦᠷᠢᠭ ᠪᠠᠭᠠᠰᠴᠦ᠂ 1981 ᠣᠨ ᠨᠢ 1980 ᠣᠨ ᠤ ᠬᠢ ᠠᠴᠠ 6.6 ᠲᠦᠮᠡᠨ ᠲᠥᠭᠦᠷᠢᠭ ᠪᠠᠭᠠᠰᠴᠠᠢ᠃      1984 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ︽ᠮᠠᠨ ᠤ ᠣᠷᠣᠨ ᠤ ᠵᠠᠮ ᠤᠨ ᠵᠠᠷᠤᠳᠠᠯ᠂ ᠬᠤᠷᠠᠯ ᠤᠨ ᠰᠦᠢᠳᠬᠡᠯ ᠤᠨ ᠵᠠᠷᠤᠳᠠᠯ ᠤᠨ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾᠎ ᠢ ᠵᠢᠷᠤᠮᠯᠠᠨ᠂ ᠠᠵᠢᠯᠲᠠᠨ ᠤ ᠭᠠᠳᠠᠭᠰᠢ ᠭᠠᠷᠬᠤ ᠵᠠᠮ ᠤᠨ ᠵᠠᠷᠤᠳᠠᠯ ᠪᠠ ᠬᠤᠨᠤᠭ ᠤᠨ ᠰᠦᠢᠳᠬᠡᠯ ᠳᠤ ᠴᠥᠮ ᠰᠢᠨ᠎ᠡ ᠪᠠᠷᠢᠮᠵᠢᠶ᠎ᠠ ᠲᠣᠭᠲᠠᠭᠠᠪᠠ᠃ ᠭᠠᠳᠠᠭᠰᠢ ᠭᠠᠷᠬᠤ ᠬᠥᠮᠥᠰ ᠤᠨ ᠵᠠᠮ ᠤᠨ ᠵᠠᠷᠤᠳᠠᠯ ᠳᠤ ᠪᠠᠰᠠ ᠲᠣᠭᠲᠠᠭᠠᠯ ᠢ ᠦᠨᠳᠦᠰᠦᠯᠡᠨ ᠳᠠᠭᠠᠭᠠᠴᠢᠯᠠᠯᠲᠠ ᠬᠡᠷᠡᠭᠵᠢᠭᠦᠯᠵᠦ ᠪᠣᠯᠣᠨ᠎ᠠ᠃ ᠬᠤᠷᠠᠯ ᠢ ᠦᠨᠡᠨ ᠬᠦ ᠴᠥᠭᠡᠴᠢᠯᠡᠨ᠂ ᠬᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠤᠷᠠᠯ ᠤᠨ ᠰᠦᠢᠳᠬᠡᠯ ᠢ ᠦᠭᠬᠦ ᠳᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠷᠠᠯ ᠤᠨ ᠰᠦᠢᠳᠬᠡᠯ ᠢ ᠵᠠᠰᠠᠭ ᠵᠠᠬᠢᠷᠭᠠᠨ ᠤ ᠰᠦᠢᠳᠬᠡᠯ ᠠᠴᠠ ᠭᠠᠷᠭᠠᠨ᠂ ᠠᠵᠢᠯ ᠦᠢᠯᠡᠰ ᠤᠨ ᠨᠢᠭᠡᠴᠢ ᠶᠢᠨ ᠬᠤᠷᠠᠯᠳᠤᠭᠠᠨ ᠤ ᠰᠦᠢᠳᠬᠡᠯ ᠢ ᠠᠵᠢᠯ ᠦᠢᠯᠡᠰ ᠤᠨ ᠰᠦᠢᠳᠬᠡᠯ ᠠᠴᠠ ᠭᠠᠷᠭᠠᠵᠣ᠂ ᠠᠵᠤ ᠠᠬᠤᠶᠢᠯᠠᠯ ᠤᠨ ᠨᠢᠭᠡᠴᠢ ᠬᠤᠷᠠᠯᠳᠤᠭᠤᠯᠤᠭᠰᠠᠨ ᠪᠣᠯ ᠰᠦᠢᠳᠬᠡᠯ ᠢ ᠠᠵᠤ ᠠᠬᠤᠶᠢᠯᠠᠯ ᠤᠨ ᠵᠠᠷᠤᠳᠠᠯ ᠠᠴᠠ ᠭᠠᠷᠭᠠᠨ᠂ ᠠᠵᠤ ᠠᠬᠤᠶᠢᠯᠠᠯ ᠠᠵᠢᠯ ᠦᠢᠯᠡᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠤᠷᠠᠯᠳᠤᠭᠤᠯᠤᠭᠰᠠᠨ ᠪᠣᠯ ᠰᠦᠢᠳᠬᠡᠯ ᠢ ᠠᠵᠤ ᠠᠬᠤᠶᠢᠯᠠᠯ ᠠᠵᠢᠯ ᠦᠢᠯᠡᠰ ᠤᠨ ᠰᠦᠢᠳᠬᠡᠯ ᠠᠴᠠ ᠭᠠᠷᠭᠠᠵᠤ᠂ ᠬᠡᠳᠦᠨ ᠰᠠᠯᠠᠭ᠎ᠠ ᠮᠥᠴᠢᠷ ᠬᠤᠯᠪᠣᠭᠠᠯᠠᠨ ᠬᠤᠷᠠᠯᠳᠤᠭᠤᠯᠤᠭᠰᠠᠨ ᠪᠣᠯ ᠬᠤᠷᠠᠯ ᠳᠤ ᠤᠷᠤᠯᠴᠠᠭᠰᠠᠨ ᠡᠯ᠎ᠡ ᠲᠥᠯᠥᠭᠡᠯᠡᠬᠦ ᠨᠢᠭᠡᠴᠢ ᠠᠴᠠ ᠬᠤᠷᠠᠯ ᠤᠨ ᠰᠦᠢᠳᠬᠡᠯ ᠢ ᠬᠤᠪᠢᠶᠠᠨ ᠬᠠᠷᠢᠭᠤᠴᠠᠨ᠎ᠠ ᠭᠡᠵᠡᠢ᠃      1986 ᠣᠨ ᠤ 5 ᠰᠠᠷ᠎ᠠ ᠳᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠤᠯᠠᠭᠠᠨᠬᠠᠳᠠ ᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠬᠡᠳᠦᠨ ᠵᠦᠢᠯ ᠤᠨ ᠪᠤᠳᠠᠲᠠᠢ ᠠᠷᠭ᠎ᠠ︾᠎ ᠶᠢ ᠲᠣᠭᠲᠠᠭᠠᠪᠠ᠃ ᠠᠷᠭ᠎ᠠ ᠳᠤ ᠲᠣᠭᠲᠠᠭᠠᠭᠰᠠᠨ ᠨᠢ᠄ ︵1︶ ᠠᠵᠤ ᠠᠬᠤᠢ ᠶᠢᠨ ᠣᠷᠣᠯᠭ᠎ᠠ ᠨᠢ ᠨᠡᠯᠢᠶᠡᠳ ᠲᠣᠭᠲᠠᠪᠤᠷᠢᠲᠠᠢ᠂ ᠣᠷᠣᠯᠭ᠎ᠠ ᠨᠢ ᠵᠠᠷᠤᠯᠭ᠎ᠠ ᠠᠴᠠ ᠪᠠᠨ ᠶᠡᠭᠡ᠂ ᠠᠵᠤ ᠠᠬᠤᠶᠢᠯᠠᠯ ᠤᠨ ᠬᠠᠮᠢᠶᠠᠷᠤᠯᠲᠠ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠨᠢ ᠠᠳᠠᠯᠢ ᠪᠤᠰᠤ ᠬᠤᠶᠠᠷ ᠵᠦᠢᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠬᠡᠷᠡᠭᠵᠢᠭᠦᠯᠦᠨ᠎ᠡ᠃ ᠣᠯᠵᠤ ᠠᠯᠳᠠᠬᠤ ᠪᠠᠨ ᠬᠠᠷᠠᠬᠠᠨ ᠥᠪᠡᠷᠲᠡᠭᠡᠨ ᠬᠠᠷᠢᠭᠤᠴᠠᠵᠤ ᠳᠡᠶᠢᠯᠬᠦ ᠦᠭᠡᠢ ᠨᠢᠭᠡᠴᠢ ᠨᠢ ᠣᠷᠣᠯᠭ᠎ᠠ ᠶᠢ ᠲᠣᠭᠲᠠᠭᠠᠵᠤ᠂ ᠵᠣᠬᠢᠰᠲᠠᠢ ᠨᠥᠬᠦᠪᠦᠷᠢ ᠣᠯᠭᠤᠬᠤ ᠶᠢ ᠬᠡᠷᠡᠭᠵᠢᠭᠦᠯᠦᠨ᠎ᠡ᠃ ᠣᠷᠣᠯᠭ᠎ᠠ ᠨᠢ ᠵᠠᠷᠤᠯᠭ᠎ᠠ ᠠᠴᠠ ᠪᠠᠨ ᠶᠡᠭᠡ ᠪᠣᠯ᠂ ᠡᠳ᠋ ᠤᠨ ᠵᠠᠰᠠᠭ ᠠᠴᠠ ᠳᠠᠬᠢᠵᠤ ᠠᠵᠢᠯ ᠦᠢᠯᠡᠰ ᠤᠨ ᠰᠦᠢᠳᠬᠡᠯ ᠣᠯᠭᠤᠬᠤ ᠦᠭᠡᠢ ᠮᠥᠷᠲᠡᠭᠡᠨ ᠤᠯᠤᠰ ᠤᠨ ᠲᠣᠭᠲᠠᠭᠠᠯ ᠶᠣᠰᠣᠭᠠᠷ ᠭᠠᠶᠢᠯᠢ ᠲᠤᠰᠢᠶᠠᠨ᠎ᠠ᠃ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ ᠬᠠᠷᠢᠴᠠᠯ ᠶᠣᠰᠣᠭᠠᠷ ᠠᠵᠢᠯ ᠦᠢᠯᠡᠰ ᠤᠨ ᠬᠥᠭᠵᠢᠯᠲᠡ ᠪᠠ ᠳᠠᠬᠢᠨ ᠦᠢᠯᠡᠳᠪᠦᠷᠢᠯᠡᠯ ᠢᠶᠠᠨ ᠥᠷᠭᠡᠳᠬᠡᠬᠦ ᠪᠡᠯᠡ ᠮᠥᠩᠭᠦ ᠭᠦᠢᠴᠡᠳ ᠦᠯᠡᠳᠡᠭᠡᠵᠦ ᠠᠪᠴᠤ ᠪᠣᠯᠣᠨ᠎ᠠ᠃ 50%᠎ ᠶᠢ ᠨᠢ ᠠᠵᠢᠯ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦᠨ ᠳᠤ ᠬᠡᠷᠡᠭᠯᠡᠵᠦ᠂ 20%᠂ 25%᠎ ᠶᠢ ᠨᠢ ᠲᠤᠰ ᠪᠦᠷᠢ ᠠᠰᠠᠷᠠᠮᠵᠢ ᠶᠢᠨ ᠰᠠᠭᠤᠷᠢ ᠮᠥᠩᠭᠦ ᠪᠠ ᠠᠵᠢᠯᠲᠠᠨ ᠤ ᠱᠠᠩᠨᠠᠯ ᠤᠨ ᠰᠠᠭᠤᠷᠢ ᠮᠥᠩᠭᠦ ᠳᠤ ᠬᠡᠷᠡᠭᠯᠡᠵᠦ᠂ 5%᠎ ᠶᠢ ᠨᠢ ᠪᠡᠯᠡᠳᠬᠡᠯ ᠰᠠᠭᠤᠷᠢ ᠮᠥᠩᠭᠦ ᠪᠠᠷ ᠬᠡᠷᠡᠭᠯᠡᠨ᠎ᠡ᠃ ᠡᠳᠡᠭᠡᠷ ᠠᠴᠠ ᠴᠥᠮ ᠬᠠᠷᠢᠴᠠᠯ ᠢᠶᠠᠷ ᠲᠣᠭᠲᠠᠮᠠᠯ ᠬᠥᠷᠥᠩᠭᠡ ᠶᠢᠨ ᠡᠯᠡᠭᠳᠡᠯ ᠪᠠ ᠶᠡᠭᠡ ᠵᠠᠰᠠᠯᠲᠠ ᠶᠢᠨ ᠰᠠᠭᠤᠷᠢ ᠮᠥᠩᠭᠦ ᠰᠠᠭᠤᠯᠭᠠᠨ ᠠᠪᠴᠤ ᠪᠣᠯᠣᠨ᠎ᠠ᠃ ᠪᠦᠬᠦ ᠵᠢᠯ ᠤᠨ ᠭᠠᠷᠭᠠᠨ ᠠᠪᠤᠭᠰᠠᠨ ᠱᠠᠩᠨᠠᠯ ᠤᠨ ᠮᠥᠩᠭᠦ ᠨᠢ ᠬᠥᠮᠥᠨ ᠪᠦᠷᠢ ᠳᠤᠮᠳᠠᠴᠢ ᠪᠠᠷ ᠭᠤᠷᠪᠠᠨ ᠰᠠᠷ᠎ᠠ ᠶᠢᠨ ᠦᠨᠳᠦᠰᠦᠨ ᠴᠠᠯᠢᠩ ᠠᠴᠠ ᠬᠡᠲᠦᠷᠡᠵᠦ ᠪᠣᠯᠬᠤ ᠦᠭᠡᠢ᠃ ︵2︶ ᠲᠣᠭᠲᠠᠮᠠᠯ ᠣᠷᠣᠯᠭ᠎ᠠ ᠲᠠᠢ ᠪᠣᠯᠪᠠᠴᠤ ᠵᠠᠷᠤᠳᠠᠯ ᠨᠢ ᠣᠷᠣᠯᠭ᠎ᠠ ᠠᠴᠠ ᠪᠠᠨ ᠶᠡᠭᠡ ᠨᠢᠭᠡᠴᠢ ᠨᠢ ︽ᠣᠷᠣᠯᠭ᠎ᠠ ᠶᠢ ᠬᠢᠨᠠᠨ ᠲᠣᠭᠲᠠᠭᠠᠵᠤ᠂ ᠲᠣᠭᠲᠠᠮᠠᠯ ᠨᠥᠬᠦᠪᠦᠷᠢ ᠣᠯᠭᠤᠵᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠳᠠᠯ ᠢᠶᠠᠨ ᠠᠷᠪᠢᠯᠠᠭᠰᠠᠨ ᠪᠣᠯ ᠦᠯᠡᠳᠡᠭᠡᠨ ᠬᠡᠷᠡᠭᠯᠡᠵᠦ᠂ ᠣᠷᠣᠯᠭ᠎ᠠ ᠨᠢ ᠪᠠᠭᠠᠰᠴᠦ᠂ ᠵᠠᠷᠤᠳᠠᠯ ᠨᠢ ᠨᠡᠮᠡᠭᠳᠡᠭᠰᠡᠨ ᠪᠣᠯ ᠨᠥᠬᠦᠬᠦ ᠦᠭᠡᠢ︾ ᠪᠠᠶᠢᠬᠤ ᠵᠦᠷᠢᠶᠡᠲᠦ ᠨᠣᠷᠮ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠣᠭᠲᠠᠮᠠᠯ ᠬᠥᠷᠥᠩᠭᠡ ᠶᠢᠨ ᠡᠯᠡᠭᠳᠡᠯ ᠪᠠ ᠶᠡᠭᠡ ᠵᠠᠰᠠᠯᠲᠠ ᠶᠢᠨ ᠰᠠᠭᠤᠷᠢ ᠮᠥᠩᠭᠦ ᠲᠠᠲᠠᠪᠤᠷᠢᠯᠠᠬᠤ ᠦᠭᠡᠢ ᠪᠠᠶᠢᠵᠤ ᠪᠣᠯᠣᠨ᠎ᠠ᠃ ︵3︶ ᠣᠷᠣᠯᠭ᠎ᠠ ᠨᠢ ᠲᠣᠭᠲᠠᠪᠤᠷᠢ ᠦᠭᠡᠢ ᠪᠠ ᠠᠵᠤ ᠠᠬᠤᠢ ᠶᠢᠨ ᠣᠷᠣᠯᠭ᠎ᠠ ᠦᠭᠡᠢ ᠠᠵᠢᠯ ᠦᠢᠯᠡᠰ ᠤᠨ ᠨᠢᠭᠡᠴᠢ ᠨᠢ ︽ᠲᠣᠭᠲᠠᠭᠰᠠᠨ ᠲᠥᠰᠥᠪ ᠤᠨ ᠲᠤᠭ᠎ᠠ ᠪᠠᠷ ᠳᠠᠭᠠᠭᠠᠴᠢᠯᠠᠵᠤ᠂ ᠢᠯᠡᠭᠦᠦ ᠭᠠᠷᠤᠭᠰᠠᠨ ᠢ ᠦᠯᠡᠳᠡᠭᠡᠨ ᠬᠡᠷᠡᠭᠯᠡᠵᠦ᠂ ᠵᠠᠷᠤᠳᠠᠯ ᠨᠢ ᠬᠡᠲᠦᠷᠡᠪᠡᠯ ᠨᠥᠬᠦᠬᠦ ᠦᠭᠡᠢ︾ ᠪᠠᠶᠢᠬᠤ ᠪᠦᠬᠦ ᠨᠣᠷᠮ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠭᠰᠢ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ︽ᠲᠣᠭᠲᠠᠭᠰᠠᠨ ᠬᠥᠮᠥᠨ ᠲᠣᠭᠲᠠᠭᠰᠠᠨ ᠲᠤᠭ᠎ᠠ ᠨᠣᠷᠮ᠎ᠠ︾᠎ ᠪᠠᠷ ᠨᠢᠭᠡ ᠰᠤᠷᠭᠠᠭᠤᠯᠢ ᠨᠢᠭᠡ ᠲᠣᠭᠲᠠᠭᠠᠯ ᠢ ᠬᠡᠷᠡᠭᠵᠢᠭᠦᠯᠦᠨ᠎ᠡ᠃ ᠷᠠᠳᠢᠣ᠋ ᠲᠧᠯᠸᠢᠰ ᠤᠨ ᠦᠢᠯᠡᠰ ᠤᠨ ᠰᠦᠢᠳᠬᠡᠯ ᠣᠷᠣᠨ ᠲᠤᠭ᠎ᠠ ᠪᠠ ᠠᠵᠢᠯ ᠦᠢᠯᠡᠰ ᠤᠨ ᠬᠥᠭᠵᠢᠯᠲᠡ ᠶᠢ ᠦᠨᠳᠦᠰᠦᠯᠡᠨ᠂ ᠵᠢᠯ ᠤᠨ ᠡᠬᠢᠨ ᠳᠤ ᠠᠵᠢᠯᠲᠠᠨ ᠤ ᠵᠠᠷᠤᠳᠠᠯ ᠢ ᠨᠢᠭᠡ ᠯᠡ ᠳᠡᠭᠡᠷ᠎ᠡ ᠪᠠᠭᠤᠯᠭᠠᠵᠤ᠂ ᠲᠤᠬᠠᠶᠢᠯᠠᠭᠰᠠᠨ ᠠᠵᠢᠯ ᠤᠨ ᠣᠷᠣᠯᠭ᠎ᠠ᠂ ᠵᠠᠷ ᠮᠡᠳᠡᠭᠡ ᠶᠢᠨ ᠣᠷᠣᠯᠭ᠎ᠠ ᠶᠢ ᠴᠥᠮ ᠲᠥᠰᠥᠪ ᠤᠨ ᠬᠠᠮᠢᠶᠠᠷᠤᠯᠲᠠ ᠳᠤ ᠣᠷᠣᠭᠤᠯᠤᠨ᠂ 80%᠎ ᠶᠢ ᠨᠢ ᠵᠠᠷᠤᠳᠠᠯ ᠳᠤ ᠬᠡᠷᠡᠭᠯᠡᠵᠦ᠂ 20%᠎ ᠶᠢ ᠨᠢ ᠨᠡᠶᠢᠲᠡ ᠶᠢᠨ ᠠᠰᠠᠷᠠᠮᠵᠢ ᠪᠠ ᠱᠠᠩᠨᠠᠯ ᠳᠤ ᠬᠡᠷᠡᠭᠯᠡᠨ᠎ᠡ᠃ ᠪᠤᠰᠤᠳ ᠪᠦᠬᠦ ᠲᠤᠭ᠎ᠠ ᠶᠢᠨ ᠬᠠᠮᠢᠶᠠᠷᠤᠯᠲᠠ ᠲᠠᠢ ᠠᠵᠢᠯ ᠦᠢᠯᠡᠰ ᠤᠨ ᠨᠢᠭᠡᠴᠢ ᠶᠢᠨ ᠠᠵᠤ ᠠᠬᠤᠢ ᠶᠢᠨ ᠣᠷᠣᠯᠭ᠎ᠠ ᠶᠢ ᠪᠦᠬᠦᠨ ᠢ ᠵᠠᠷᠤᠳᠠᠯ ᠳᠤ ᠬᠡᠷᠡᠭᠯᠡᠨ᠎ᠡ ᠭᠡᠵᠡᠢ᠃      ᠤᠯᠤᠰ ᠤᠨ ᠪᠠᠶᠢᠭᠤᠯᠭ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠷᠭ᠎ᠠ ᠨᠢ ᠮᠥᠨ ᠳᠡᠭᠡᠷᠡᠬᠢ ᠲᠣᠭᠲᠠᠭᠠᠯ ᠢ ᠵᠢᠷᠤᠮᠯᠠᠨ ᠬᠡᠷᠡᠭᠵᠢᠭᠦᠯᠵᠡᠢ᠃ᠲᠠᠪᠤᠳᠤᠭᠠᠷ ᠬᠡᠰᠡᠭ ᠨᠢᠭᠲᠠᠯᠠᠨ ᠪᠣᠳᠣᠬᠤ ᠶᠠᠪᠤᠳᠠᠯ ᠤᠨ ᠬᠠᠮᠢᠶᠠᠷᠤᠯᠲᠠ      ᠤᠯᠤᠰ ᠪᠠᠶᠢᠭᠤᠯᠤᠭᠳᠠᠭᠰᠠᠨ ᠤ ᠡᠬᠢᠨ ᠤ ᠦᠶ᠎ᠡ ᠳᠤ ᠤᠯᠠᠭᠠᠨᠬᠠᠳᠠ ᠣᠷᠣᠨ ᠤ ᠨᠢᠭᠲᠠᠯᠠᠨ ᠪᠣᠳᠣᠬᠤ ᠶᠠᠪᠤᠳᠠᠯ ᠤᠨ ᠬᠠᠮᠢᠶᠠᠷᠤᠯᠲᠠ ᠨᠢ ᠨᠢᠭᠡᠨᠲᠡ ᠡᠳ᠋ ᠤᠨ ᠶᠠᠪᠤᠳᠠᠯ ᠤᠨ ᠬᠢᠨᠠᠯᠲᠠ ᠶᠢᠨ ᠬᠡᠪᠴᠢᠶᠡᠨ ᠳᠤ ᠣᠷᠣᠵᠠᠢ᠃ ᠠᠶᠢᠮᠠᠭ᠂ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰᠬᠠᠢ ᠨᠢᠭᠲᠠᠯᠠᠨ ᠪᠣᠳᠣᠬᠤ ᠰᠠᠯᠠᠭ᠎ᠠ ᠪᠠᠶᠢᠭᠤᠯᠬᠤ ᠠᠴᠠ ᠡᠮᠦᠨ᠎ᠡ᠂ ᠡᠯ᠎ᠡ ᠰᠠᠯᠠᠭ᠎ᠠ ᠬᠤᠪᠢᠶᠠᠨ ᠬᠠᠷᠢᠭᠤᠴᠠᠵᠤ ᠪᠠᠶᠢᠪᠠ᠃      1951 ᠣᠨ ᠤ 7 ᠰᠠᠷ᠎ᠠ ᠳᠤ ᠲᠥᠪ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠬᠤᠷᠢᠶ᠎ᠠ ᠠᠴᠠ ᠨᠡᠶᠢᠲᠡᠯᠡᠭᠰᠡᠨ ︽ᠤᠯᠤᠰ ᠤᠨ ᠲᠥᠰᠥᠪ᠂ ᠲᠥᠰᠥᠪ ᠤᠨ ᠭᠦᠢᠴᠡᠳᠬᠡᠯ ᠤᠨ ᠬᠠᠮᠢᠶᠠᠷᠤᠯᠲᠠ ᠶᠢᠨ ᠳᠦᠷᠢᠮ︾᠎ ᠤᠨ ᠲᠣᠭᠲᠠᠭᠠᠯ ᠢ ᠦᠨᠳᠦᠰᠦᠯᠡᠨ ᠵᠢᠯ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠲᠣᠭᠲᠠᠭᠰᠠᠨ ᠬᠡᠪᠴᠢᠶᠡᠨ ᠤ ᠳᠣᠲᠣᠷ᠎ᠠ ᠰᠠᠷ᠎ᠠ ᠪᠠᠷ ᠪᠤᠶᠤ ᠤᠯᠠᠷᠢᠯ ᠢᠶᠠᠷ ᠬᠤᠪᠢᠶᠠᠷᠢᠯᠠᠨ ᠬᠡᠷᠡᠭᠵᠢᠭᠦᠯᠬᠦ ᠲᠥᠯᠥᠪᠯᠡᠭᠡ ᠨᠠᠶᠢᠷᠠᠭᠤᠯᠪᠠ᠃ 1 ᠰᠠᠷ᠎ᠠ ᠶᠢᠨ 1᠎ ᠤ ᠡᠳᠦᠷ ᠠᠴᠠ 12 ᠰᠠᠷ᠎ᠠ ᠶᠢᠨ 31᠎ ᠤ ᠡᠳᠦᠷ ᠪᠣᠯᠲᠠᠯ᠎ᠠ ᠨᠢᠭᠲᠠᠯᠠᠨ ᠪᠣᠳᠣᠬᠤ ᠣᠨ ᠢᠶᠠᠷ ᠪᠣᠳᠣᠨ᠎ᠠ᠃ ᠨᠢᠭᠲᠠᠯᠠᠨ ᠪᠣᠳᠣᠬᠤ ᠰᠠᠷ᠎ᠠ ᠶᠢ ᠨᠡᠶᠢᠲᠡ ᠶᠢᠨ ᠲᠣᠭᠠᠯᠠᠯ ᠤᠨ ᠰᠠᠷ᠎ᠠ ᠪᠠᠷ ᠲᠣᠭᠲᠠᠭᠠᠪᠠ᠃ ᠡᠨᠡ ᠬᠦ ᠳᠦᠷᠢᠮ ᠢ ᠬᠡᠷᠡᠭᠵᠢᠭᠦᠯᠬᠦ ᠶᠠᠪᠤᠴᠠ ᠳᠤ ᠠᠶᠢᠮᠠᠭ ᠤᠨ ᠡᠳ᠋ ᠤᠨ ᠵᠠᠰᠠᠭ ᠨᠢ 1952 ᠣᠨ ᠤ 1 ᠰᠠᠷ᠎ᠠ ᠳᠤ ᠠᠷᠪᠠᠨ ᠵᠦᠢᠯ ᠤᠨ ᠬᠤᠷᠢᠭᠯᠠᠬᠤ ᠵᠣᠷᠪᠣᠰ ᠲᠣᠭᠲᠠᠭᠠᠪᠠ᠄      1. ᠳᠡᠭᠡᠭᠰᠢ ᠲᠤᠰᠢᠶᠠᠬᠤ ᠶᠣᠰᠣᠲᠠᠢ ᠭᠠᠶᠢᠯᠢ ᠪᠠ ᠠᠰᠢᠭ ᠣᠷᠣᠯᠭ᠎ᠠ ᠶᠢ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      2. ᠪᠠᠩᠬᠢ ᠶᠢᠨ ᠵᠢᠭᠡᠯᠡᠯᠭᠡ ᠶᠢ ᠰᠢᠯᠵᠢᠭᠦᠯᠦᠨ ᠵᠠᠷᠤᠵᠤ ᠪᠣᠯᠬᠤ ᠦᠭᠡᠢ᠃      3. ᠪᠤᠰᠤᠳ ᠨᠢᠭᠡᠴᠢ ᠶᠢᠨ ᠵᠢᠭᠡᠯᠡᠯᠭᠡ ᠶᠢ ᠪᠤᠴᠠᠭᠠᠬᠤ ᠶᠣᠰᠣᠲᠠᠢ ᠵᠣᠭᠤᠰ ᠢ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      4. ᠦᠢᠯᠡᠳᠪᠦᠷᠢᠯᠡᠯ ᠤᠨ ᠥᠪᠡᠷ ᠤᠨ ᠥᠷᠲᠡᠭ ᠠᠴᠠ ᠭᠠᠳᠠᠨᠠᠬᠢ ᠶᠠᠮᠠᠷᠪᠠ ᠵᠠᠷᠤᠳᠠᠯ ᠢ ᠦᠢᠯᠡᠳᠪᠦᠷᠢᠯᠡᠯ ᠤᠨ ᠥᠪᠡᠷ ᠤᠨ ᠥᠷᠲᠡᠭ ᠲᠤ ᠣᠷᠣᠭᠤᠯᠵᠤ ᠪᠣᠯᠬᠤ ᠦᠭᠡᠢ᠃      5. ᠠᠵᠤ ᠠᠬᠤᠶᠢᠯᠠᠯ ᠤᠨ ᠲᠣᠭᠲᠠᠭᠰᠠᠨ ᠡᠷᠭᠢᠯᠲᠡ ᠶᠢᠨ ᠮᠥᠩᠭᠦ ᠶᠢ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      6. ᠲᠣᠭᠲᠠᠮᠠᠯ ᠬᠥᠷᠥᠩᠭᠡ ᠶᠢ ᠵᠣᠭᠤᠰ ᠪᠣᠯᠭᠠᠭᠰᠠᠨ ᠣᠷᠣᠯᠭ᠎ᠠ ᠶᠢ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      7. ᠲᠣᠭᠲᠠᠮᠠᠯ ᠬᠥᠷᠥᠩᠭᠡ ᠶᠢᠨ ᠦᠨᠳᠦᠰᠦᠨ ᠡᠯᠡᠭᠳᠡᠯ ᠤᠨ ᠰᠠᠭᠤᠷᠢ ᠮᠥᠩᠭᠦ ᠪᠠ ᠶᠡᠭᠡ ᠵᠠᠰᠠᠯᠲᠠ ᠶᠢᠨ ᠰᠠᠭᠤᠷᠢ ᠮᠥᠩᠭᠦ ᠶᠢ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      8. ᠠᠵᠤ ᠠᠬᠤᠶᠢᠯᠠᠯ ᠤᠨ ᠡᠯ᠎ᠡ ᠵᠦᠢᠯ ᠤᠨ ᠲᠤᠰᠬᠠᠢ ᠰᠠᠭᠤᠷᠢ ᠮᠥᠩᠭᠦ ᠶᠢ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      9. ᠠᠵᠤ ᠠᠬᠤᠶᠢᠯᠠᠯ ᠤᠨ ︽ᠳᠦᠷᠪᠡᠨ ᠲᠥᠷᠥᠯ ᠤᠨ ᠵᠠᠷᠤᠳᠠᠯ︾᠎ ᠢ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      10. ᠦᠨᠳᠦᠰᠦᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠠᠳᠠᠭᠠᠯᠠᠮᠵᠢ ᠮᠠᠲ᠋ᠧᠷᠢᠶᠠᠯ ᠢ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃      1958 ᠣᠨ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠣᠳᠣᠬᠤ ᠬᠠᠤᠯᠢ︾᠎ ᠶᠢ ᠦᠨᠳᠦᠰᠦᠯᠡᠨ᠂ ᠠᠯᠢᠪᠠ ᠵᠠᠰᠠᠭ ᠵᠠᠬᠢᠷᠭᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢᠭᠲᠠᠯᠠᠨ ᠪᠣᠳᠣᠬᠤ ᠠᠵᠢᠯ᠂ ᠨᠢᠭᠲᠠᠯᠠᠨ ᠪᠣᠳᠣᠬᠤ ᠲᠣᠭᠠᠴᠠᠭ᠎ᠠ᠂ ᠨᠢᠭᠲᠠᠯᠠᠨ ᠪᠣᠳᠣᠬᠤ ᠬᠢᠨ ᠲᠠᠯᠪᠢᠬᠤ ᠳᠤ ᠪᠠᠨ ᠡᠷᠬᠡᠪᠰᠢ ᠬᠠᠤᠯᠢ ᠳᠦᠷᠢᠮ ᠤᠨ ᠲᠣᠭᠲᠠᠭᠠᠯ ᠶᠣᠰᠣᠭᠠᠷ ᠪᠠᠨ ᠬᠡᠷᠡᠭᠵᠢᠭᠦᠯᠬᠦ ᠬᠡᠷᠡᠭᠲᠡᠢ᠃ ᠨᠢᠭᠲᠠᠯᠠᠨ ᠪᠣᠳᠣᠭᠴᠢ ᠶᠢᠨ ᠡᠷᠬᠡ ᠲᠤᠰᠢᠶᠠᠯ ᠳᠠᠷᠬᠠᠨ ᠬᠠᠮᠠᠭᠠᠯᠠᠯᠲᠠ ᠲᠠᠢ᠃ ᠨᠢᠭᠲᠠᠯᠠᠨ ᠪᠣᠳᠣᠭᠴᠢ ᠳᠤ ᠬᠠᠤᠯᠢ ᠶᠢᠨ ᠬᠠᠷᠢᠭᠤᠴᠠᠯᠭ᠎ᠠ ᠲᠣᠭᠲᠠᠭᠠᠨ᠎ᠠ ᠭᠡᠬᠦ ᠮᠡᠲᠦ ᠪᠠᠷ ᠲᠣᠭᠲᠠᠭᠠᠪᠠ᠃      1959 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠢᠭᠲᠠᠯᠠᠨ ᠪᠤᠳᠤᠭᠰᠠᠨ ᠲᠣᠭᠠᠴᠠᠭ᠎ᠠ ᠶᠢᠨ ᠠᠵᠢᠯ ᠤᠨ ᠲᠤᠬᠠᠢ ᠲᠣᠭᠲᠠᠭᠠᠯ ᠤᠳ︾᠎ ᠢ ᠨᠡᠶᠢᠲᠡᠯᠡᠵᠦ᠂ ᠨᠢᠭᠲᠠᠯᠠᠨ ᠪᠣᠳᠣᠬᠤ ᠶᠠᠪᠤᠳᠠᠯ ᠤᠨ ᠬᠠᠮᠢᠶᠠᠷᠤᠯᠲᠠ ᠶᠢ ᠴᠢᠨᠠᠭᠰᠢᠲᠠ ᠴᠢᠩᠭᠠᠳᠬᠠᠵᠤ᠂ ᠡᠯ᠎ᠡ ᠲᠥᠷᠥᠯ ᠤᠨ ᠳᠦᠷᠢᠮ ᠢ ᠲᠡᠭᠦᠯᠳᠡᠷᠵᠢᠭᠦᠯᠪᠡ᠃ ᠵᠠᠷᠢᠮ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠢᠭᠲᠠᠯᠠᠨ ᠪᠤᠳᠤᠭᠴᠢ ᠶᠢᠨ ᠭᠡᠷᠡᠴᠢ ᠪᠠᠷᠢᠮᠲᠠ ᠭᠦᠢᠴᠡᠳ ᠪᠤᠰᠤ᠂ ᠳᠠᠩᠰᠠ ᠬᠠᠷ᠎ᠠ ᠨᠢ ᠪᠦᠷᠢᠨ ᠪᠣᠰᠤ᠂ ᠨᠢᠭᠲᠠᠯᠠᠨ ᠪᠤᠳᠤᠭᠰᠠᠨ ᠬᠦᠰᠦᠨᠦᠭᠲᠦ ᠨᠢ ᠠᠯᠳᠠᠭ᠎ᠠ ᠪᠤᠷᠤᠭᠤ ᠲᠠᠢ ᠪᠠᠶᠢᠬᠤ ᠪᠠ ᠨᠢᠭᠲᠠᠯᠠᠨ ᠪᠤᠳᠤᠭᠴᠢ ᠨᠢ ᠳᠠᠩᠰᠠ ᠦᠭᠡᠢ᠂ ᠬᠥᠮᠥᠷᠭᠡ ᠨᠢ ᠬᠠᠮᠢᠶᠠᠷᠤᠭᠴᠢ ᠦᠭᠡᠢ ᠪᠠᠶᠢᠬᠤ ᠵᠡᠷᠭᠡ ᠠᠰᠠᠭᠤᠳᠠᠯ ᠢ ᠴᠠᠭ ᠬᠤᠭᠤᠴᠠᠨ ᠵᠠᠯᠠᠷᠠᠭᠤᠯᠪᠠ᠃      1986 ᠣᠨ ᠤ 5 ᠰᠠᠷ᠎ᠠ ᠳᠤ ᠤᠯᠠᠭᠠᠨᠬᠠᠳᠠ ᠬᠤᠲᠠ ᠪᠠ ᠡᠯ᠎ᠡ ᠬᠤᠰᠢᠭᠤ ᠰᠢᠶᠠᠨ ᠲᠣᠭᠤᠷᠢᠭ ᠨᠢ ᠨᠢᠭᠲᠠᠯᠠᠨ ᠪᠣᠳᠣᠬᠤ ᠶᠠᠪᠤᠳᠠᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠠᠯᠭᠠᠭ᠎ᠠ ᠪᠠᠷ ᠪᠠᠶᠢᠭᠤᠯᠪᠠ᠃ ᠬᠦᠴᠦᠨ ᠢᠶᠠᠨ ᠲᠥᠪᠯᠡᠷᠡᠭᠦᠯᠵᠦ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠢᠭᠲᠠᠯᠠᠨ ᠪᠣᠳᠣᠬᠤ ᠳᠠᠩᠰᠠ ᠡᠪᠬᠡᠮᠡᠯ ᠢ ᠲᠢᠭᠯᠡᠵᠦ᠂ 1990 ᠣᠨ ᠪᠣᠯᠬᠤ ᠳᠤ ᠪᠦᠬᠦ ᠬᠤᠲᠠ ᠶᠢᠨ 95%᠎ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠨᠢᠭᠲᠠᠯᠠᠨ ᠪᠤᠳᠤᠭᠰᠠᠨ ᠳᠠᠩᠰᠠ ᠡᠪᠬᠡᠮᠡᠯ ᠢ ᠲᠢᠭᠯᠡᠬᠦ ᠡᠭᠦᠷᠭᠡ ᠪᠠᠨ ᠪᠡᠶᠡᠯᠡᠭᠦᠯᠪᠡ᠃ ᠬᠦᠴᠦᠨ ᠦᠭᠡᠢ ᠪᠣᠯᠣᠭᠰᠠᠨ ᠨᠢᠭᠲᠠᠯᠠᠨ ᠪᠤᠳᠤᠭᠰᠠᠨ ᠭᠡᠷᠡᠴᠢ ᠪᠠᠷᠢᠮᠲᠠ 44637 ᠳᠡᠪᠲᠡᠷ᠂ ᠨᠢᠭᠲᠠᠯᠠᠨ ᠪᠤᠳᠤᠭᠰᠠᠨ ᠳᠠᠩᠰᠠ 72798 ᠳᠡᠪᠲᠡᠷ᠂ ᠨᠢᠭᠲᠠᠯᠠᠨ ᠪᠤᠳᠤᠭᠰᠠᠨ ᠬᠦᠰᠦᠨᠦᠭᠲᠦ 39900 ᠳᠡᠪᠲᠡᠷ ᠢ ᠴᠡᠪᠡᠷᠯᠡᠨ ᠰᠦᠢᠳᠭᠡᠪᠡ᠃ ᠨᠢᠭᠲᠠᠯᠠᠨ ᠪᠤᠳᠤᠭᠰᠠᠨ ᠭᠡᠷᠡᠴᠢ ᠪᠠᠷᠢᠮᠲᠠ 883156 ᠳᠡᠪᠲᠡᠷ ᠳᠡᠪᠲᠡᠷᠯᠡᠵᠦ᠂ ᠨᠢᠭᠲᠠᠯᠠᠨ ᠪᠤᠳᠤᠭᠰᠠᠨ ᠳᠠᠩᠰᠠ 133800 ᠳᠡᠪᠲᠡᠷ ᠭᠠᠷᠭᠠᠨ᠂ ᠨᠢᠭᠲᠠᠯᠠᠨ ᠪᠤᠳᠤᠭᠰᠠᠨ ᠬᠦᠰᠦᠨᠦᠭᠲᠦ 56265 ᠳᠡᠪᠲᠡᠷ ᠳᠡᠪᠲᠡᠷᠯᠡᠪᠡ᠃ ᠮᠥᠨ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠣᠭᠲᠠᠭᠠᠯ ᠢ ᠦᠨᠳᠦᠰᠦᠯᠡᠨ ︽ᠨᠢᠭᠲᠠᠯᠠᠨ ᠪᠣᠳᠣᠭᠴᠢ ᠶᠢᠨ ᠦᠨᠡᠮᠯᠡᠯ︾ ᠣᠯᠭᠤᠬᠤ ᠠᠵᠢᠯ ᠢ ᠥᠷᠨᠢᠭᠦᠯᠵᠦ᠂ ᠪᠦᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠵᠥᠪᠰᠢᠶᠡᠷᠡᠯ ᠢᠶᠠᠷ 8530 ᠬᠥᠮᠥᠨ ᠳᠤ ᠦᠨᠡᠮᠯᠡᠯ ᠣᠯᠭᠤᠪᠠ᠃      ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠪᠠᠷ 1987 ᠣᠨ ᠳᠤ ᠨᠢᠭᠲᠠᠯᠠᠨ ᠪᠣᠳᠣᠬᠤ ᠠᠵᠢᠯᠲᠠᠨ ᠤ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ ᠮᠥᠨ ᠵᠢᠯ ᠬᠤᠲᠠ ᠶᠢᠨ ᠳᠤᠮᠳᠠ ᠵᠡᠷᠭᠡ ᠶᠢᠨ ᠨᠢᠭᠲᠠᠯᠠᠨ ᠪᠣᠳᠣᠭᠴᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠺᠣᠮᠢᠰ ᠢ ᠪᠠᠶᠢᠭᠤᠯᠤᠭᠰᠠᠨ ᠪᠠ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠺᠣᠮᠢᠰ 24᠎ ᠶᠢ ᠬᠢᠨᠠᠨ ᠵᠥᠪᠰᠢᠶᠡᠷᠡᠵᠦ ᠪᠠᠶᠢᠭᠤᠯᠪᠠ᠃ ᠵᠢᠯ ᠤᠨ ᠡᠴᠦᠰ ᠲᠤ ᠥᠪᠡᠷᠲᠡᠭᠡᠨ ᠵᠠᠰᠠᠬᠤ ᠣᠷᠣᠨ ᠤ ᠬᠢᠨᠠᠨ ᠵᠥᠪᠰᠢᠶᠡᠷᠡᠯ ᠢᠶᠠᠷ ᠤᠯᠠᠭᠠᠨᠬᠠᠳᠠ ᠬᠤᠲᠠ ᠨᠢ 34 ᠨᠡᠷ᠎ᠡ ᠳᠡᠭᠡᠳᠦ ᠳᠡᠰ ᠤᠨ ᠨᠢᠭᠲᠠᠯᠠᠨ ᠪᠣᠳᠣᠭᠴᠢ ᠲᠠᠢ ᠪᠣᠯᠵᠤ᠂ ᠬᠤᠲᠠ ᠶᠢᠨ ᠳᠡᠰ ᠤᠨ ᠬᠢᠨᠠᠨ ᠲᠣᠭᠲᠠᠭᠠᠬᠤ ᠺᠣᠮᠢᠰ ᠠᠴᠠ 1 061 ᠨᠢᠭᠲᠠᠯᠠᠨ ᠪᠣᠳᠣᠭᠴᠢ ᠶᠢ ᠬᠢᠨᠠᠨ ᠲᠣᠭᠲᠠᠭᠠᠵᠤ᠂ ᠲᠤᠰᠠᠯᠠᠬᠤ ᠨᠢᠭᠲᠠᠯᠠᠨ ᠪᠣᠳᠣᠭᠴᠢ 3710᠎ ᠶᠢ ᠬᠢᠨᠠᠨ ᠵᠥᠪᠰᠢᠶᠡᠷᠡᠵᠦ᠂ ᠨᠢᠭᠲᠠᠯᠠᠨ ᠪᠣᠳᠣᠭᠴᠢ 14 650᠎ ᠶᠢ ᠬᠢᠨᠠᠨ ᠵᠥᠪᠰᠢᠶᠡᠷᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ