ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠠᠷᠪᠠᠨ ᠵᠢᠷᠭᠤᠭ᠎ᠠ︶
ᠨᠡᠶᠢᠲᠡᠯᠡᠭᠰᠡᠨ ᠴᠠᠭ᠄
2020/9/30
ᠳᠥᠷᠪᠡᠳᠦᠭᠡᠷ ᠬᠡᠰᠡᠭ ᠡᠳ᠋ ᠤᠨ ᠶᠠᠪᠤᠳᠠᠯ ᠤᠨ ᠬᠠᠮᠢᠶᠠᠷᠤᠯᠲᠠ      ᠨᠢᠭᠡ᠂ ᠠᠵᠤ ᠦᠢᠯᠡᠳᠪᠦᠷᠢ ᠶᠢᠨ ᠠᠵᠤ ᠠᠬᠤᠢ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ      ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠴᠢᠯᠦᠭᠡᠯᠡᠭᠳᠡᠭᠰᠡᠨ ᠤ ᠡᠬᠢᠨ ᠦᠶ᠎ᠡ ᠳᠤ ᠤᠯᠠᠭᠠᠨᠬᠠᠳᠠ ᠣᠷᠣᠨ ᠨᠢ ᠵᠥᠪᠬᠡᠨ ᠬᠡᠪᠴᠢᠶ᠎ᠡ ᠪᠠᠷ ᠲᠦᠢᠯ ᠤᠨ ᠪᠠᠭ᠎ᠠ ᠬᠡᠳᠦᠨ ᠦᠢᠯᠡᠳᠪᠦᠷᠢ ᠲᠠᠢ ᠪᠠᠶᠢᠵᠠᠢ᠃ 1949 ᠣᠨ ᠳᠤ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠵᠥᠪᠬᠡᠨ 603 ᠲᠦᠮᠡᠨ ᠲᠥᠭᠦᠷᠢᠭ ᠪᠣᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ ᠠᠵᠤ ᠦᠢᠯᠡᠳᠪᠦᠷᠢ ᠲᠠᠷᠢᠶᠠᠯᠠᠩ ᠤᠨ ᠶᠡᠷᠦᠩᠬᠡᠢ ᠦᠢᠯᠡᠳᠬᠦᠨ ᠤ ᠥᠷᠲᠡᠭ ᠤᠨ 2.2%᠎ ᠢ ᠯᠡ ᠡᠵᠡᠯᠡᠵᠦ ᠪᠠᠶᠢᠪᠠ᠃ 19 ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠤᠤᠯ ᠥᠷᠲᠡᠭ 300 ᠲᠦᠮᠡᠨ ᠲᠥᠭᠦᠷᠢᠭ ᠣᠷᠴᠢᠮ ᠪᠠᠶᠢᠪᠠ᠃ 1943 ᠣᠨ ᠳᠤ ᠤᠯᠠᠭᠠᠨᠬᠠᠳᠠ ᠣᠷᠣᠨ ᠤ ᠪᠦᠬᠦ ᠠᠷᠠᠳ ᠤᠨ ᠥᠮᠴᠢᠯᠡᠯ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠵᠥᠪᠬᠡᠨ 219 ᠲᠦᠮᠡᠨ ᠲᠥᠭᠦᠷᠢᠭ ᠪᠠᠶᠢᠪᠠ᠃ 1990 ᠣᠨ ᠳᠤ ᠨᠢᠭᠡᠨᠲᠡ ᠨᠡᠮᠡᠭᠳᠡᠭᠡᠳ 429768 ᠲᠦᠮᠡᠨ ᠲᠥᠭᠦᠷᠢᠭ ᠪᠣᠯᠵᠤ᠂ ᠴᠤᠯ ᠥᠷᠲᠡᠭ ᠨᠢ 317184 ᠲᠦᠮᠡᠨ ᠲᠥᠭᠦᠷᠢᠭ ᠬᠦᠷᠪᠡ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠠᠰᠤᠷᠠᠯ ᠦᠭᠡᠢ ᠬᠥᠭᠵᠢᠬᠦ ᠶᠢ ᠳᠠᠭᠠᠯᠳᠤᠨ ᠦᠢᠯᠡᠳᠪᠦᠷᠢᠯᠡᠯ ᠤᠨ ᠲᠥᠬᠦᠭᠡᠷᠦᠮᠵᠢ ᠠᠭᠠᠵᠢᠮ ᠢᠶᠠᠷ ᠨᠡᠮᠡᠭᠳᠡᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠲᠠᠯ᠎ᠠ ᠪᠠᠷ ᠬᠢ ᠬᠠᠮᠢᠶᠠᠷᠤᠯᠲᠠ ᠪᠠᠰᠠ ᠤᠯᠠᠮ ᠴᠢᠩᠭᠠᠷᠠᠪᠠ᠃      1952 ᠣᠨ ᠳᠤ ᠤᠯᠠᠭᠠᠨᠬᠠᠳᠠ ᠣᠷᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠨᠢ ᠡᠳ᠋ ᠤᠨ ᠵᠠᠰᠠᠭ ᠤᠨ ᠶᠠᠮᠤᠨ ᠤ ᠲᠣᠭᠲᠠᠭᠠᠯ ᠢᠶᠠᠷ ᠥᠷᠲᠡᠭ ᠨᠢ 100 ᠲᠥᠭᠦᠷᠢᠭ ᠠᠴᠠ ᠳᠡᠭᠡᠭᠰᠢ᠂ ᠬᠡᠷᠡᠭᠯᠡᠭᠰᠡᠨ ᠵᠢᠯ ᠤᠨ ᠬᠢᠵᠠᠭᠠᠷ ᠨᠢ ᠨᠢᠭᠡ ᠵᠢᠯ ᠠᠴᠠ ᠳᠡᠭᠡᠭᠰᠢ ᠯᠡ ᠪᠣᠯ ᠴᠥᠮ ᠲᠣᠭᠲᠠᠮᠠᠯ ᠬᠥᠷᠥᠩᠭᠡ ᠳᠤ ᠲᠣᠭᠠᠴᠠᠪᠠ᠃      1953 ᠣᠨ ᠤ 11 ᠰᠠᠷ᠎ᠠ ᠳᠤ ᠤᠯᠤᠰ ᠤᠨ ᠲᠥᠯᠥᠪᠯᠡᠭᠡ ᠶᠢᠨ ᠵᠥᠪᠯᠡᠯ ︽ᠲᠣᠭᠲᠠᠮᠠᠯ ᠬᠥᠷᠥᠩᠭᠡ ᠶᠢᠨ ᠪᠠᠷᠢᠮᠵᠢᠶ᠎ᠠ ᠶᠢᠨ ᠲᠤᠬᠠᠢ ᠮᠡᠳᠡᠭᠳᠡᠯ︾ ᠪᠠᠭᠤᠯᠭᠠᠵᠤ᠂ ᠥᠷᠲᠡᠭ ᠨᠢ 200 ᠲᠥᠭᠦᠷᠢᠭ ᠠᠴᠠ ᠳᠡᠭᠡᠭᠰᠢ ᠯᠡ ᠶᠤᠮ ᠪᠣᠯ ᠲᠣᠭᠲᠠᠮᠠᠯ ᠬᠥᠷᠥᠩᠭᠡ ᠪᠠᠷ ᠪᠣᠳᠣᠵᠤ᠂ 200 ᠲᠥᠭᠦᠷᠢᠭ ᠠᠴᠠ ᠳᠣᠷᠣᠭᠰᠢ ᠪᠣᠯ ᠳᠣᠣᠷ᠎ᠠ ᠥᠷᠲᠡᠭ ᠪᠦᠬᠦᠢ ᠬᠢᠯᠪᠠᠷ ᠡᠯᠡᠭᠳᠡᠬᠦ ᠵᠦᠢᠯ ᠢᠶᠠᠷ ᠪᠣᠳᠣᠪᠠ᠃      1959 ᠣᠨ ᠤ 7 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠣᠷᠣᠨ ᠨᠤᠲᠤᠭ ᠤᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ︾᠎ ᠶᠢ ᠨᠡᠶᠢᠲᠡᠯᠡᠵᠦ᠂ ᠲᠤᠭᠲᠠᠮᠠᠯ ᠬᠥᠷᠥᠩᠭᠡ ᠪᠠ ᠭᠦᠢᠯᠭᠡᠭᠡᠨ ᠪᠡᠯᠡ ᠮᠥᠩᠭᠦ ᠶᠢ ᠢᠯᠭᠠᠬᠤ ᠪᠠᠷᠢᠮᠵᠢᠶ᠎ᠠ ᠪᠠ ᠬᠡᠪᠴᠢᠶ᠎ᠡ ᠶᠢ ᠲᠣᠭᠲᠠᠭᠠᠪᠠ᠄ ᠬᠥᠩᠭᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠪᠤᠳᠠᠰ ᠪᠦᠷᠢ ᠶᠢᠨ ᠥᠷᠲᠡᠭ ᠨᠢ 200 ᠲᠥᠭᠦᠷᠢᠭ᠂ ᠬᠦᠨᠳᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠪᠤᠳᠠᠰ ᠪᠦᠷᠢ ᠶᠢᠨ ᠦᠷᠲᠡᠭ 500 ᠲᠥᠭᠦᠷᠢᠭ ᠠᠴᠠ ᠳᠡᠭᠡᠭᠰᠢ᠂ ᠬᠡᠷᠡᠭᠯᠡᠭᠡᠨ ᠤ ᠬᠢᠵᠠᠭᠠᠷ ᠨᠢ ᠨᠢᠭᠡ ᠵᠢᠯ ᠠᠴᠠ ᠳᠡᠭᠡᠭᠰᠢ ᠪᠣᠯ ᠴᠥᠮ ᠲᠣᠭᠲᠠᠮᠠᠯ ᠬᠥᠷᠥᠩᠭᠡ ᠪᠠᠷ ᠲᠣᠭᠠᠴᠠᠪᠠ᠃      1961 ᠣᠨ ᠳᠤ ᠪᠠᠰᠠ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠵᠦ ᠪᠠᠶᠢᠭ᠎ᠠ ᠮᠠᠯ ᠤᠨᠤᠭ᠎ᠠ᠂ ᠴᠠᠬᠢᠯᠭᠠᠨ ᠤ ᠦᠢᠯᠡᠰ ᠤᠨ ᠴᠠᠬᠢᠯᠭᠠᠨ ᠬᠡᠮᠵᠢᠭᠦᠷ᠂ ᠣᠶᠣᠳᠠᠯ ᠤᠨ ᠦᠢᠯᠡᠰ ᠤᠨ ᠣᠶᠣᠳᠠᠯ ᠤᠨ ᠮᠠᠰᠢᠨ᠂ ᠬᠡᠪᠯᠡᠯ ᠤᠨ ᠦᠢᠯᠡᠰ ᠤᠨ ᠴᠢᠯᠠᠭᠤᠨ ᠪᠠᠷ ᠤᠨ ᠮᠠᠰᠢᠨ ᠪᠠ ᠲᠤᠭᠤᠯᠭᠠᠨ ᠦᠰᠦᠭ᠂ ᠠᠷᠢᠬᠢᠨ ᠦᠢᠯᠡᠳᠪᠦᠷᠢ ᠶᠢᠨ ᠬᠥᠷᠥᠩᠭᠡ ᠶᠢᠨ ᠬᠤᠷᠭᠤ ᠵᠡᠷᠭᠡ ᠶᠢ ᠬᠡᠳᠦ᠋ᠢᠪᠡᠷ ᠦᠨ᠎ᠡ ᠬᠠᠩᠰᠢ ᠨᠢ 200 ᠲᠥᠭᠦᠷᠢᠭ ᠬᠦᠷᠬᠦ ᠦᠭᠡᠢ ᠴᠦ ᠴᠥᠮ ᠲᠣᠭᠲᠠᠮᠠᠯ ᠬᠥᠷᠥᠩᠭᠡ ᠪᠠᠷ ᠪᠣᠳᠣᠵᠤ ᠬᠠᠮᠢᠶᠠᠷᠪᠠ᠃ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ ᠡᠯ᠎ᠡ ᠠᠵᠤ ᠠᠬᠤᠶᠢᠯᠠᠯ ᠨᠢ ᠲᠣᠭᠲᠠᠮᠠᠯ ᠬᠥᠷᠥᠩᠭᠡ ᠶᠢᠨ ᠺᠠᠷᠲ ᠪᠠ ᠬᠠᠮᠢᠶᠠᠷᠤᠯᠲᠠ ᠶᠢᠨ ᠳᠦᠷᠢᠮ ᠭᠠᠷᠭᠠᠪᠠ᠃ ᠲᠣᠭᠲᠠᠮᠠᠯ ᠬᠥᠷᠥᠩᠭᠡ ᠶᠢ ᠨᠤᠷᠠᠭᠠᠬᠤ ᠰᠢᠯᠵᠢᠭᠦᠯᠬᠦ ᠳᠤ ᠡᠷᠬᠡᠪᠰᠢ ᠮᠡᠷᠭᠡᠵᠢᠯ ᠤᠨ ᠬᠢᠨᠠᠨ ᠲᠣᠭᠲᠠᠭᠠᠯ ᠬᠢᠬᠦ ᠬᠡᠷᠡᠭᠲᠡᠢ᠃ ᠲᠣᠭᠲᠠᠮᠠᠯ ᠬᠥᠷᠥᠩᠭᠡ ᠶᠢ ᠬᠡᠷᠡᠭᠴᠡᠭᠡ ᠠᠴᠠ ᠬᠠᠰᠤᠵᠤ ᠬᠠᠯᠠᠬᠤ ᠳᠤ ᠴᠡᠪᠡᠷ ᠥᠷᠲᠡᠭ ᠨᠢ 5 000 ᠲᠥᠭᠦᠷᠢᠭ ᠠᠴᠠ ᠳᠣᠷᠣᠭᠰᠢ ᠪᠣᠯ ᠠᠵᠤ ᠠᠬᠤᠶᠢᠯᠠᠯ ᠤᠨ ᠤᠳᠤᠷᠢᠳᠤᠯᠭ᠎ᠠ ᠰᠢᠢᠳᠴᠦ ᠪᠠᠶᠢᠭᠠᠳ ᠰᠢᠢᠳᠪᠦᠷᠢᠯᠡᠵᠦ ᠪᠣᠯᠣᠨ᠎ᠠ᠃ ᠰᠢᠢᠳᠪᠦᠷᠢᠯᠡᠭᠰᠡᠨ ᠦᠷ᠎ᠡ ᠳ᠋ᠦᠩ ᠢᠶᠠᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠪᠠᠶᠢᠴᠠᠭᠠᠯᠲᠠ ᠶᠢ ᠬᠦᠯᠢᠶᠡᠨ᠎ᠡ᠃ ᠭᠡᠬᠦ ᠳᠤ ᠪᠠᠨ ᠪᠦᠷᠢᠨ ᠳᠦᠬᠦᠷ ᠮᠠᠰᠢᠨ ᠲᠥᠬᠦᠭᠡᠷᠦᠮᠵᠢ ᠪᠠ ᠦᠢᠯᠡᠳᠪᠦᠷᠢ ᠶᠢᠨ ᠲᠠᠰᠤᠭ᠂ ᠠᠭᠤᠷᠬᠠᠢ ᠶᠢᠨ ᠬᠤᠳᠳᠤᠭ ᠪᠤᠶᠤ ᠲᠣᠭᠲᠠᠮᠠᠯ ᠬᠥᠷᠥᠩᠭᠡ ᠶᠢᠨ ᠴᠡᠪᠡᠷ ᠥᠷᠲᠡᠭ ᠨᠢ 5 000 ᠲᠥᠭᠦᠷᠢᠭ ᠠᠴᠠ ᠳᠡᠭᠡᠭᠰᠢ ᠪᠣᠯ ᠡᠷᠬᠡᠪᠰᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ ᠶᠡᠷᠦ ᠪᠤᠰᠤ ᠶᠢᠨ ᠠᠳᠡᠯ ᠠᠴᠠ ᠪᠣᠯᠵᠤ ᠨᠤᠷᠠᠭᠠᠬᠤ ᠰᠢᠯᠵᠢᠭᠦᠯᠬᠦ ᠴᠢᠬᠤᠯᠠᠲᠠᠢ ᠪᠣᠯ ᠳᠠᠷᠠᠭ᠎ᠠ ᠨᠢ ᠮᠡᠳᠡᠭᠦᠯᠵᠦ ᠪᠣᠯᠣᠨ᠎ᠠ᠃ ᠲᠣᠭᠲᠠᠮᠠᠯ ᠬᠥᠷᠥᠩᠭᠡ ᠡᠪᠳᠡᠷᠡᠯ ᠬᠤᠬᠢᠷᠠᠯ᠂ ᠲᠣᠭᠠᠯᠠᠯᠭ᠎ᠠ ᠶᠢᠨ ᠠᠯᠳᠠᠭᠳᠠᠯ ᠢ ᠰᠢᠢᠳᠪᠦᠷᠢᠯᠡᠬᠦ ᠳᠤ ᠪᠠᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠢᠢᠳᠪᠦᠷᠢ ᠭᠠᠷᠬᠤ ᠠᠴᠠ ᠡᠮᠦᠨ᠎ᠡ ᠠᠵᠤ ᠠᠬᠤᠶᠢᠯᠠᠯ ᠨᠢ ᠳᠤᠷ᠎ᠠ ᠪᠠᠷ ᠢᠶᠠᠨ ᠤᠯᠤᠰ ᠤᠨ ᠰᠠᠭᠤᠷᠢ ᠮᠥᠩᠭᠦ ᠶᠢ ᠬᠠᠰᠤᠵᠤ ᠪᠠᠷᠠᠭᠳᠠᠭᠤᠯᠵᠤ ᠪᠣᠯᠬᠤ ᠦᠭᠡᠢ ᠭᠡᠵᠡᠢ᠃      1964 ᠣᠨ ᠳᠤ ᠡᠳ᠋ ᠤᠨ ᠵᠠᠰᠠᠭ ᠤᠨ ᠶᠠᠮᠤᠨ ᠤ ᠲᠣᠭᠲᠠᠭᠠᠯ ᠢᠶᠠᠷ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠬᠡᠷᠡᠭᠴᠡᠭᠡ ᠠᠴᠠ ᠭᠠᠷᠭᠠᠬᠤ ᠵᠥᠪᠰᠢᠶᠡᠷᠡᠯ ᠤᠨ ᠡᠷᠬᠡ ᠶᠢᠨ ᠬᠢᠵᠠᠭᠠᠷ ᠢ ᠪᠠᠶᠢᠭᠠᠯᠢ ᠶᠢᠨ ᠭᠠᠮᠰᠢᠭ ᠠᠴᠠ ᠪᠣᠯᠵᠤ ᠲᠣᠭᠲᠠᠮᠠᠯ ᠬᠥᠷᠥᠩᠭᠡ ᠡᠪᠳᠡᠷᠡᠵᠦ ᠰᠦᠢᠳᠦᠭᠰᠡᠨ ᠪᠣᠯ ᠠᠵᠤ ᠠᠬᠤᠶᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠵᠤ ᠴᠤᠴᠠᠯᠠᠨ᠎ᠠ᠃ ᠠᠶᠠᠨᠳᠠᠭᠠᠨ ᠰᠢᠭᠰᠢᠭᠳᠡᠨ ᠬᠡᠷᠡᠭᠴᠡᠭᠡ ᠠᠴᠠ ᠭᠠᠷᠴᠤ ᠪᠠᠶᠢᠭ᠎ᠠ ᠲᠣᠭᠲᠠᠮᠠᠯ ᠬᠥᠷᠥᠩᠭᠡ ᠡᠯᠡᠭᠳᠡᠯ ᠤᠨ ᠬᠡᠮᠵᠢᠶ᠎ᠡ ᠭᠦᠢᠴᠡᠭᠰᠡᠨ ᠪᠣᠯ ᠠᠵᠤ ᠠᠬᠤᠶᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠵᠦ ᠬᠢᠨᠠᠨ ᠴᠤᠴᠠᠯᠠᠨ᠎ᠠ᠃ ᠡᠯᠡᠭᠳᠡᠯ ᠤᠨ ᠬᠡᠮᠵᠢᠶ᠎ᠡ ᠭᠦᠢᠴᠡᠭᠡᠳᠦᠢ ᠪᠣᠯ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠥᠪᠰᠢᠶᠡᠷᠡᠭᠰᠡᠨ ᠤ ᠳᠠᠷᠠᠭ᠎ᠠ ᠰᠠᠶ᠋ᠢ ᠬᠢᠨᠠᠨ ᠴᠤᠴᠠᠯᠠᠨ᠎ᠠ ᠭᠡᠵᠦ ᠲᠣᠭᠲᠠᠭᠠᠪᠠ᠃ ᠠᠶᠢᠮᠠᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠠᠭᠰᠠᠨ ᠨᠢ᠄ ᠠᠶᠢᠮᠠᠭ ᠤᠨ ᠬᠠᠷᠢᠶ᠎ᠠ ᠠᠵᠤ ᠠᠬᠤᠶᠢᠯᠠᠯ ᠤᠨ ᠬᠤᠭᠤᠷᠣᠨᠳᠤ ᠪᠤᠶᠤ ᠠᠶᠢᠮᠠᠭ ᠤᠨ ᠳᠣᠲᠣᠷᠠᠬᠢ ᠬᠤᠰᠢᠭᠤ ᠰᠢᠶᠠᠨ ᠤ ᠠᠵᠤ ᠠᠬᠤᠶᠢᠯᠠᠯ ᠤᠨ ᠬᠤᠭᠤᠷᠣᠨᠳᠤ ᠲᠣᠭᠲᠠᠮᠠᠯ ᠬᠥᠷᠥᠩᠭᠡ ᠰᠢᠯᠵᠢᠭᠦᠯᠬᠦ ᠪᠤᠶᠤ ᠠᠷᠠᠯᠵᠢᠶᠠᠯᠠᠪᠠᠯ ᠬᠤᠶᠠᠷ ᠡᠲᠡᠭᠡᠳ ᠢᠶᠠᠷ ᠢᠶᠠᠨ ᠵᠥᠪᠰᠢᠶᠡᠷᠡᠵᠦ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠭᠡᠳ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠪᠠᠶᠢᠴᠠᠭᠠᠬᠤ ᠳᠤ ᠪᠡᠯᠡᠳᠬᠡᠨ᠎ᠡ᠃ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢ ᠬᠠᠮᠲᠤ ᠶᠢᠨ ᠥᠮᠴᠢᠯᠡᠯᠲᠦ ᠠᠷᠠᠳ ᠤᠨ ᠨᠢᠭᠡᠳᠦᠯ ᠪᠤᠶᠤ ᠭᠠᠷ ᠦᠢᠯᠡᠳᠪᠦᠷᠢᠯᠡᠯ ᠤᠨ ᠬᠤᠷᠰᠢᠶ᠎ᠠ ᠳᠤ ᠰᠢᠯᠵᠢᠭᠦᠯᠦᠨ ᠥᠭᠪᠡᠯ ᠠᠷᠠᠯᠵᠢᠶ᠎ᠠ ᠶᠢᠨ ᠬᠠᠷᠢᠴᠠᠭ᠎ᠠ ᠶᠣᠰᠣᠭᠠᠷ ᠰᠢᠢᠳᠪᠦᠷᠢᠯᠡᠵᠦ᠂ ᠵᠣᠭᠤᠰ ᠢ ᠨᠢ ᠬᠤᠷᠢᠶᠠᠨ ᠠᠪᠤᠨ᠎ᠠ ᠭᠡᠪᠡ᠃      1973 ᠣᠨ ᠳᠤ ᠡᠳ᠋ ᠤᠨ ᠵᠠᠰᠠᠭ ᠤᠨ ᠶᠠᠮᠤᠨ ᠤ ︽ᠲᠣᠭᠲᠠᠮᠠᠯ ᠬᠥᠷᠥᠩᠭᠡ ᠶᠢᠨ ᠡᠯᠡᠭᠳᠡᠯ ᠤᠨ ᠲᠤᠬᠠᠢ ᠲᠣᠭᠲᠠᠭᠠᠯ︾᠎ ᠢ ᠦᠨᠳᠦᠰᠦᠯᠡᠨ ᠲᠣᠭᠲᠠᠮᠠᠯ ᠬᠥᠷᠥᠩᠭᠡ ᠶᠢᠨ ᠢᠯᠭᠠᠨ ᠬᠤᠪᠢᠶᠠᠬᠤ ᠪᠠᠷᠢᠮᠵᠢᠶ᠎ᠠ ᠳᠤ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ ᠨᠢᠭᠡᠴᠢ 800 ᠲᠥᠭᠦᠷᠢᠭ ᠠᠴᠠ ᠳᠡᠭᠡᠭᠰᠢ᠂ ᠠᠶᠢᠮᠠᠭ ᠬᠤᠲᠠ ᠶᠢᠨ ᠳᠡᠰ ᠤᠨ ᠠᠵᠤ ᠠᠬᠤᠶᠢᠯᠠᠯ ᠤᠨ ᠨᠢᠭᠡᠴᠢ 500 ᠲᠥᠭᠦᠷᠢᠭ ᠠᠴᠠ ᠳᠡᠭᠡᠭᠰᠢ᠂ ᠬᠤᠰᠢᠭᠤ ᠰᠢᠶᠠᠨ ᠤ ᠳᠡᠰ ᠤᠨ ᠠᠵᠤ ᠠᠬᠤᠶᠢᠯᠠᠯ ᠤᠨ ᠨᠢᠭᠡᠴᠢ 200 ᠲᠥᠭᠦᠷᠢᠭ ᠠᠴᠠ ᠳᠡᠭᠡᠭᠰᠢ ᠥᠷᠲᠡᠭ ᠲᠠᠢ ᠪᠣᠯ ᠲᠣᠭᠲᠠᠮᠠᠯ ᠬᠥᠷᠥᠩᠭᠡ ᠳᠤ ᠲᠣᠭᠠᠴᠠᠪᠠ᠃      1979 ᠣᠨ ᠤ 7 ᠰᠠᠷ᠎ᠠ ᠳᠤ ᠡᠳ᠋ ᠤᠨ ᠵᠠᠰᠠᠭ ᠤᠨ ᠶᠠᠮᠤᠨ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠳᠤ ᠲᠥᠯᠥᠪᠦᠷᠢ ᠲᠠᠢ ᠪᠠᠷ ᠬᠤᠪᠢᠶᠠᠷᠢᠯᠠᠨ ᠥᠭᠬᠦ ᠶᠢ ᠬᠡᠷᠡᠭᠵᠢᠭᠦᠯᠬᠦ ᠲᠤᠬᠠᠢ ᠲᠣᠷᠰᠢᠨ ᠬᠡᠷᠡᠭᠵᠢᠭᠦᠯᠬᠦ ᠠᠷᠭ᠎ᠠ ︾᠎ ᠶᠢ ᠪᠠᠭᠤᠯᠭᠠᠵᠤ᠂ ᠠᠶᠢᠮᠠᠭ ᠤᠨ ᠳᠣᠲᠣᠷᠠᠬᠢ ᠠᠵᠤ ᠠᠬᠤᠶᠢᠯᠠᠯ ᠤᠨ ᠬᠤᠭᠤᠷᠣᠨᠳᠤ᠂ ᠠᠵᠤ ᠠᠬᠤᠶᠢᠯᠠᠯ ᠪᠠ ᠪᠤᠰᠤᠳ ᠰᠠᠯᠠᠭ᠎ᠠ ᠮᠥᠴᠢᠷ ᠤᠨ ᠬᠤᠭᠤᠷᠤᠨᠳᠤ ᠶᠢᠨ ᠲᠣᠭᠲᠠᠮᠠᠯ ᠬᠥᠷᠥᠩᠭᠡ ᠶᠢᠨ ᠲᠣᠬᠢᠷᠠᠯᠴᠠᠭ᠎ᠠ ᠳᠤ ᠪᠦᠭᠦᠳᠡ ᠲᠥᠯᠥᠪᠦᠷᠢ ᠲᠠᠢ ᠪᠠᠷ ᠬᠤᠪᠢᠶᠠᠷᠢᠯᠠᠨ ᠥᠭᠬᠦ ᠶᠢ ᠬᠡᠷᠡᠭᠵᠢᠭᠦᠯᠪᠡ᠃ ᠬᠤᠷᠢᠶᠠᠵᠤ ᠠᠪᠴᠢᠷᠠᠭᠰᠠᠨ ᠵᠣᠭᠤᠰ ᠢ ᠠᠵᠤ ᠠᠬᠤᠶᠢᠯᠠᠯ ᠳᠤ ᠥᠯᠡᠳᠡᠭᠡᠨ ᠥᠭᠭᠦᠨ᠎ᠡ᠃ ᠮᠥᠨ ᠵᠢᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠢ ᠠᠮᠤ ᠪᠤᠳᠠᠭ᠎ᠠ ᠶᠢᠨ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠦᠨᠳᠦᠰᠦᠨ ᠡᠯᠡᠭᠳᠡᠯ ᠤᠨ ᠮᠥᠩᠭᠦ ᠪᠠ ᠶᠡᠭᠡ ᠵᠠᠰᠠᠯᠲᠠ ᠶᠢᠨ ᠰᠠᠭᠤᠷᠢ ᠮᠥᠩᠭᠦ ᠶᠢ ᠭᠠᠷᠭᠠᠨ ᠠᠪᠬᠤ ᠪᠠ ᠬᠡᠷᠡᠭᠯᠡᠬᠦ ᠠᠷᠭ᠎ᠠ ᠳᠤ ᠲᠣᠭᠲᠠᠭᠠᠭᠰᠠᠨ ᠨᠢ᠄ ᠲᠣᠭᠲᠠᠮᠠᠯ ᠬᠥᠷᠥᠩᠭᠡ ᠶᠢᠨ ᠦᠨᠳᠦᠰᠦᠨ ᠡᠯᠡᠭᠳᠡᠯ ᠤᠨ ᠰᠠᠭᠤᠷᠢ ᠮᠥᠩᠭᠦ ᠶᠢ ᠬᠠᠭᠠᠰ ᠵᠢᠯ ᠤᠨ ᠲᠣᠭᠲᠠᠮᠠᠯ ᠬᠥᠷᠥᠩᠭᠡ ᠶᠢᠨ ᠶᠡᠷᠥᠩᠬᠡᠢ ᠥᠷᠲᠡᠭ ᠠᠴᠠ 3%᠎ ᠪᠠᠷ ᠭᠠᠷᠭᠠᠨ ᠠᠪᠴᠤ ᠪᠠᠶᠢᠭᠰᠠᠨ ᠢ ᠥᠭᠡᠷᠡᠴᠢᠯᠡᠵᠦ ᠤᠯᠠᠷᠢᠯ ᠢᠶᠠᠷ ᠭᠠᠷᠭᠠᠨ ᠠᠪᠬᠤ ᠪᠤᠯᠭᠠᠵᠤ᠂ ᠵᠠᠷᠤᠳᠠᠯ ᠳᠣᠲᠤᠷ᠎ᠠ ᠪᠤᠳᠤᠨ ᠤᠷᠤᠭᠤᠯᠪᠠ᠂ ᠲᠤᠰᠠᠭᠠᠷ ᠬᠢᠨᠠᠨ ᠪᠣᠳᠣᠯᠲᠠ ᠬᠡᠷᠡᠭᠵᠢᠭᠦᠯᠵᠦ ᠪᠠᠶᠢᠭ᠎ᠠ ᠠᠮᠤ ᠲᠣᠰᠤ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠡᠭᠡᠷ᠎ᠡ ᠵᠢᠯ ᠤᠨ ᠡᠴᠦᠰ ᠤᠨ ᠲᠣᠭᠲᠠᠮᠠᠯ ᠬᠥᠷᠥᠩᠭᠡ ᠶᠢᠨ ᠶᠡᠷᠦᠩᠬᠡᠢ ᠥᠷᠲᠡᠭ ᠤᠨ 4%᠎ ᠪᠠᠷ ᠭᠠᠷᠭᠠᠨ ᠠᠪᠴᠤ ᠪᠠᠶᠢᠭᠰᠠᠨ ᠢ ᠥᠭᠡᠷᠡᠴᠢᠯᠡᠵᠦ ᠰᠠᠷ᠎ᠠ ᠪᠠᠷ ᠪᠣᠳᠣᠵᠤ ᠭᠠᠷᠭᠠᠨ ᠠᠪᠬᠤ ᠪᠣᠯᠭᠠᠵᠤ᠂ ᠥᠪᠡᠷ ᠤᠨ ᠥᠷᠲᠡᠭ ᠤᠨ ᠳᠣᠲᠣᠷ᠎ᠠ ᠪᠣᠳᠣᠨ ᠣᠷᠣᠭᠤᠯᠵᠤ᠂ ᠡᠯᠡᠭᠳᠡᠯ ᠤᠨ ᠰᠠᠭᠤᠷᠢ ᠮᠥᠩᠭᠦ ᠶᠢᠨ 75%᠎ ᠶᠢ ᠠᠵᠤ ᠠᠬᠤᠶᠢᠯᠠᠯ ᠳᠤ ᠦᠯᠡᠳᠡᠭᠡᠨ ᠥᠭᠴᠦ᠂ 25%᠎ ᠶᠢ ᠨᠢ ᠳᠡᠭᠡᠭᠰᠢ ᠲᠤᠰᠢᠶᠠᠨ᠎ᠠ᠃ ᠡᠭᠦᠨ ᠳᠤ᠄ ᠮᠤᠵᠢ ᠶᠢᠨ ᠳᠡᠰ ᠤᠨ ᠬᠤᠪᠢ 0.3%᠂ ᠠᠶᠢᠮᠠᠭ ᠤᠨ ᠳᠡᠰ ᠤᠨ ᠬᠤᠪᠢ 0.4%᠂ ᠬᠤᠰᠢᠭᠤ ᠰᠢᠶᠠᠨ ᠤ ᠳᠡᠰ ᠤᠨ ᠬᠤᠪᠢ 0.3% ᠭᠡᠪᠡ᠃      1979 ᠣᠨ ᠳᠤ ᠲᠤᠰ ᠬᠤᠲᠠ ᠨᠢ ᠨᠢᠭᠡᠨᠲᠡ ᠥᠪᠥᠷ ᠮᠣᠩᠭᠤᠯ ᠳᠤ ᠵᠢᠷᠤᠭᠯᠠᠭᠳᠠᠵᠤ᠂ ᠲᠣᠭᠲᠠᠮᠠᠯ ᠬᠥᠷᠥᠩᠭᠡ ᠶᠢᠨ ᠵᠠᠰᠠᠪᠤᠷᠢ ᠨᠢ ᠶᠡᠭᠡ ᠵᠠᠰᠠᠯᠲᠠ ᠶᠢᠨ ᠰᠠᠭᠤᠷᠢ ᠮᠥᠩᠭᠦ ᠭᠠᠷᠭᠠᠨ ᠠᠪᠬᠤ ᠶᠢ ᠬᠡᠷᠡᠭᠵᠢᠭᠦᠯᠬᠦ ᠪᠠᠨ ᠪᠤᠯᠢᠵᠤ᠂ ᠲᠣᠭᠲᠠᠮᠠᠯ ᠬᠥᠷᠥᠩᠭᠡ ᠶᠢᠨ ᠶᠡᠷᠦᠩᠬᠡᠢ ᠥᠷᠲᠡᠭ ᠤᠨ 3%᠎ ᠶᠢᠨ ᠳᠣᠲᠣᠷ᠎ᠠ ᠬᠢᠵᠠᠭᠠᠷᠯᠠᠨ ᠰᠦᠢᠳᠬᠡᠯ ᠤᠨ ᠵᠠᠷᠤᠳᠠᠯ ᠳᠣᠲᠣᠷ᠎ᠠ ᠣᠷᠣᠭᠤᠯᠪᠠ᠃ 3 000 ᠲᠥᠭᠦᠷᠢᠭ ᠠᠴᠠ ᠳᠣᠷᠣᠭᠰᠢ ᠵᠠᠰᠠᠪᠤᠷᠢ ᠶᠢᠨ ᠰᠦᠢᠳᠬᠡᠯ ᠢ ᠬᠤᠰᠢᠭᠤ ᠰᠢᠶᠠᠨ ᠤ ᠠᠮᠤ ᠪᠤᠳᠠᠭ᠎ᠠ ᠶᠢᠨ ᠲᠣᠪᠴᠢᠶ᠎ᠠ ᠵᠥᠪᠰᠢᠶᠡᠷᠡᠯ ᠣᠯᠭᠤᠵᠤ᠂ 3 000 ᠲᠥᠭᠦᠷᠢᠭ ᠠᠴᠠ ᠳᠡᠭᠡᠭᠰᠢ ᠪᠣᠯ ᠠᠶᠢᠮᠠᠭ ᠲᠤ ᠮᠡᠳᠡᠭᠦᠯᠦᠨ ᠵᠥᠪᠰᠢᠶᠡᠷᠡᠭᠦᠯᠦᠨ᠎ᠡ ᠭᠡᠵᠡᠢ᠃      1979 ᠣᠨ ᠤ 10 ᠰᠠᠷ᠎ᠠ ᠳᠤ ᠡᠳ᠋ ᠤᠨ ᠵᠠᠰᠠᠭ ᠤᠨ ᠶᠠᠮᠤᠨ ᠠᠴᠠ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠡᠯᠡᠭᠳᠡᠯ ᠤᠨ ᠰᠠᠭᠤᠷᠢ ᠮᠥᠩᠭᠦ ᠶᠢ ᠦᠯᠡᠳᠡᠭᠡᠨ ᠬᠡᠷᠡᠭᠯᠡᠬᠦ ᠬᠠᠷᠢᠴᠠᠯ ᠢ ᠴᠢᠯᠦᠭᠡᠲᠡᠢ ᠪᠣᠯᠭᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠤᠤᠯ ᠥᠷᠲᠡᠭ ᠨᠢ 100 ᠲᠦᠮᠡᠨ ᠲᠥᠭᠦᠷᠢᠭ ᠠᠴᠠ ᠳᠣᠷᠣᠭᠰᠢ ᠯᠡ ᠶᠤᠮ ᠪᠣᠯ ᠭᠠᠷᠭᠠᠨ ᠠᠪᠤᠭᠰᠠᠨ ᠡᠯᠡᠭᠳᠡᠯ ᠤᠨ ᠰᠠᠭᠤᠷᠢ ᠮᠥᠩᠭᠦ ᠶᠢ ᠪᠦᠬᠦᠨ ᠢ ᠠᠵᠤ ᠠᠬᠤᠶᠢᠯᠠᠯ ᠳᠤ ᠦᠯᠡᠳᠡᠭᠡᠨ ᠥᠭᠴᠦ᠂ ᠰᠢᠨ᠎ᠡ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠪᠠ ᠬᠤᠪᠢᠶᠠᠷᠢ ᠦᠢᠯᠡᠳᠪᠦᠷᠢ ᠶᠢ ᠪᠠᠭᠲᠠᠭᠠᠭᠰᠠᠨ ᠰᠢᠨ᠎ᠡ ᠪᠠᠷ ᠦᠢᠯᠡᠳᠪᠦᠷᠢᠯᠡᠯ ᠡᠬᠢᠯᠡᠵᠦ ᠪᠠᠶᠢᠭ᠎ᠠ ᠠᠵᠤ ᠠᠬᠤᠶᠢᠯᠠᠯ ᠨᠢ ᠪᠠᠶᠢᠭᠤᠯᠤᠭᠳᠠᠭᠰᠠᠨ ᠤ ᠳᠠᠷᠠᠭ᠎ᠠ ᠭᠤᠷᠪᠠᠨ ᠵᠢᠯ ᠤᠨ ᠳᠣᠲᠣᠷ᠎ᠠ 20%᠎ ᠶᠢᠨ ᠡᠯᠡᠭᠳᠡᠯ ᠤᠨ ᠰᠠᠭᠤᠷᠢ ᠮᠥᠩᠭᠦ ᠶᠢ ᠠᠵᠤ ᠠᠬᠤᠶᠢᠯᠠᠯ ᠦᠯᠡᠳᠡᠭᠡᠨ ᠠᠪᠴᠤ᠂ 80%᠎ ᠶᠢ ᠨᠢ ᠡᠳ᠋ ᠤᠨ ᠵᠠᠰᠠᠭ ᠲᠤ ᠲᠤᠰᠢᠶᠠᠨ᠎ᠠ ᠭᠡᠵᠡᠢ᠃      1984 ᠣᠨ ᠤ 5 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠠᠵᠤ ᠠᠬᠤᠶᠢᠯᠠᠯ ᠤᠨ ᠥᠪᠡᠷ ᠢᠶᠠᠨ ᠡᠵᠡᠨ ᠮᠡᠳᠡᠬᠦ ᠡᠷᠬᠡ ᠶᠢ ᠴᠢᠨᠠᠭᠰᠢᠲᠠ ᠥᠷᠭᠡᠳᠬᠡᠬᠦ ᠲᠤᠬᠠᠢ ᠲᠦᠷ ᠬᠡᠷᠡᠭᠵᠢᠭᠦᠯᠬᠦ ᠲᠤᠭᠲᠠᠭᠠᠯ︾᠎ ᠢ ᠦᠨᠳᠦᠰᠦᠯᠡᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠥᠭᠵᠢᠯᠲᠡ ᠶᠢᠨ ᠰᠠᠭᠤᠷᠢ ᠮᠥᠩᠭᠦ᠂ ᠰᠢᠨ᠎ᠡ ᠪᠦᠲᠦᠭᠡᠭᠳᠡᠭᠦᠨ ᠤ ᠲᠣᠷᠰᠢᠯᠲᠠ ᠶᠢᠨ ᠰᠠᠭᠤᠷᠢ ᠮᠥᠩᠭᠦ ᠪᠠ ᠪᠡᠯᠡᠳᠬᠡᠯ ᠰᠠᠭᠤᠷᠢ ᠮᠥᠩᠭᠦ ᠶᠢ ᠡᠯᠡᠭᠳᠡᠯ ᠤᠨ ᠰᠠᠭᠤᠷᠢ ᠮᠥᠩᠭᠦ᠂ ᠶᠡᠭᠡ ᠵᠠᠰᠠᠯᠲᠠ ᠶᠢᠨ ᠰᠠᠭᠤᠷᠢ ᠮᠥᠩᠭᠦ ᠲᠠᠢ ᠤᠶᠠᠯᠳᠤᠭᠤᠯᠤᠨ ᠨᠢᠭᠡᠳᠦᠯᠲᠡᠢ ᠬᠡᠷᠡᠭᠯᠡᠵᠦ᠂ ᠠᠵᠤ ᠠᠬᠤᠶᠢᠯᠠᠯ ᠨᠢ ᠢᠯᠡᠭᠦᠴᠡ ᠰᠤᠯᠠ ᠪᠠᠶᠢᠭ᠎ᠠ ᠲᠣᠭᠲᠠᠮᠠᠯ ᠬᠥᠷᠥᠩᠭᠡ ᠪᠠᠨ ᠲᠦᠷᠢᠶᠡᠰᠦᠯᠡᠬᠦ ᠪᠠ ᠳᠠᠭᠠᠭᠠᠴᠢᠯᠠᠭᠤᠯᠬᠤ ᠡᠷᠬᠡ ᠲᠠᠢ ᠪᠣᠯᠵᠠᠢ᠂ ᠡᠭᠦᠨ ᠠᠴᠠ ᠣᠯᠣᠭᠰᠠᠨ ᠣᠷᠣᠯᠭ᠎ᠠ ᠪᠠᠨ ᠮᠡᠷᠭᠡᠵᠢᠯ ᠤᠨ ᠥᠭᠡᠷᠡᠴᠢᠯᠡᠯᠲᠡ ᠪᠠ ᠲᠥᠬᠦᠭᠡᠷᠦᠮᠵᠢ ᠶᠢᠨ ᠰᠢᠨᠡᠴᠢᠯᠡᠯᠲᠡ ᠳᠤ ᠬᠡᠷᠡᠭᠯᠡᠬᠦ ᠪᠠᠷ ᠪᠣᠯᠪᠠ᠃ ᠪᠠᠰᠠ 1985 ᠣᠨ ᠠᠴᠠ ᠡᠬᠢᠯᠡᠵᠦ ᠤᠤᠯ ᠤᠨ ᠤᠯᠤᠰ ᠠᠴᠠ ᠲᠥᠪᠯᠡᠷᠡᠭᠦᠯᠦᠨ ᠬᠤᠷᠢᠶᠠᠵᠤ ᠪᠠᠶᠢᠭᠰᠠᠨ ᠠᠵᠤ ᠠᠬᠤᠶᠢᠯᠠᠯ ᠤᠨ 30%᠎ ᠶᠢᠨ ᠡᠯᠡᠭᠳᠡᠯ ᠤᠨ ᠰᠠᠭᠤᠷᠢ ᠮᠥᠩᠭᠦ ᠶᠢ ᠬᠤᠶᠢᠰᠢᠲᠠ ᠳᠤ ᠪᠠᠨ ᠲᠥᠪ ᠤᠨ ᠡᠳ᠋ ᠤᠨ ᠵᠠᠰᠠᠭ ᠲᠤ ᠲᠤᠰᠢᠶᠠᠬᠤ ᠦᠭᠡᠢ᠂ ᠣᠷᠣᠨ ᠭᠠᠵᠠᠷ ᠪᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠴᠠᠭᠤᠯᠤᠨ ᠬᠡᠷᠡᠭᠯᠡᠬᠦ ᠮᠥᠷᠲᠡᠭᠡᠨ ᠡᠬᠢ ᠪᠠᠶᠠᠯᠢᠭ᠂ ᠵᠠᠮ ᠬᠠᠷᠢᠯᠴᠠᠭ᠎ᠠ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠬᠤᠷᠢᠶᠠᠬᠤ ᠦᠭᠡᠢ ᠭᠡᠵᠦ ᠲᠣᠭᠲᠠᠭᠠᠪᠠ᠃      1985 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ᠂ ᠠᠶᠢᠮᠠᠭ ᠬᠤᠲᠠ ᠶᠢᠨ ᠱᠠᠲᠤᠨ ᠤ ᠲᠣᠭᠲᠠᠮᠠᠯ ᠬᠥᠷᠥᠩᠭᠡ ᠶᠢᠨ ᠤᠤᠯ ᠥᠷᠲᠡᠭ ᠨᠢ 100 ᠲᠦᠮᠡᠨ ᠲᠥᠭᠦᠷᠢᠭ ᠠᠴᠠ ᠳᠡᠭᠡᠭᠰᠢ ᠣᠷᠣᠨ ᠨᠤᠲᠤᠭ ᠤᠨ ᠤᠯᠤᠰ ᠤᠨ ᠠᠵᠤ ᠦᠢᠯᠡᠳᠪᠦᠷᠢ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠭᠠᠷᠭᠠᠨ ᠠᠪᠤᠭᠰᠠᠨ ᠡᠯᠡᠭᠳᠡᠯ ᠤᠨ ᠰᠠᠭᠤᠷᠢ ᠮᠥᠩᠭᠦᠨ ᠤ ᠪᠠᠨ 70%᠎ ᠶᠢ ᠠᠵᠤ ᠠᠬᠤᠶᠢᠯᠠᠯ ᠥᠪᠡᠷᠲᠡᠭᠡᠨ ᠦᠯᠡᠳᠡᠭᠡᠨ ᠬᠡᠷᠡᠭᠯᠡᠵᠦ᠂ ᠦᠯᠡᠳᠡᠭᠰᠡᠨ 30%᠎ ᠶᠢᠨ ᠳᠣᠲᠣᠷ᠎ᠠ ᠠᠴᠠ 20%᠎ ᠶᠢ ᠨᠢ ᠥᠪᠡᠷᠲᠡᠭᠡᠨ ᠵᠠᠰᠠᠬᠤ ᠣᠷᠣᠨ ᠠᠴᠠ ᠨᠢᠭᠡᠲᠦᠯᠲᠡᠢ ᠵᠣᠬᠢᠴᠠᠭᠤᠯᠤᠨ ᠬᠡᠷᠡᠭᠯᠡᠵᠦ᠂ 10%᠎ ᠶᠢ ᠨᠢ ᠬᠤᠲᠠ ᠶᠢᠨ ᠡᠳ᠋ ᠤᠨ ᠵᠠᠰᠠᠭ ᠵᠣᠬᠢᠴᠠᠭᠤᠯᠤᠨ ᠬᠡᠷᠡᠭᠯᠡᠨ᠎ᠡ ᠭᠡᠵᠦ ᠲᠤᠭᠲᠠᠭᠠᠪᠠ᠃      1989 ᠣᠨ ᠳᠤ ᠤᠯᠤᠰ ᠤᠨ ᠡᠳ᠋ ᠤᠨ ᠵᠠᠰᠠᠭ ᠤᠨ ᠶᠠᠮᠤᠨ ᠤ ︽ᠤᠯᠤᠰ ᠤᠨ ᠠᠷᠠᠯᠵᠢᠶ᠎ᠠ ᠬᠤᠳᠠᠯᠳᠤᠭ᠎ᠠ ᠮᠥᠩᠭᠦᠨ ᠭᠦᠢᠯᠭᠡᠭᠡ ᠶᠢᠨ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠡᠯᠡᠭᠳᠡᠯ ᠢ ᠪᠣᠳᠣᠬᠤ ᠠᠷᠭ᠎ᠠ︾᠎ ᠶᠢ ᠦᠨᠳᠦᠰᠦᠯᠡᠵᠦ᠂ 1989 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠲᠤᠰᠠᠭᠠᠷ ᠬᠢᠨᠠᠨ ᠪᠣᠳᠣᠯᠲᠠ ᠬᠡᠷᠡᠭᠵᠢᠭᠦᠯᠵᠦ ᠪᠠᠶᠢᠭ᠎ᠠ ᠠᠯᠢᠪᠠ ᠤᠯᠤᠰ ᠤᠨ ᠬᠤᠳᠠᠯᠳᠤᠭ᠎ᠠ᠂ ᠠᠮᠤ ᠪᠤᠳᠠᠭ᠎ᠠ᠂ ᠭᠠᠳᠠᠭᠠᠳᠤ ᠠᠷᠠᠯᠵᠢᠶ᠎ᠠ᠂ ᠮᠥᠩᠭᠦᠨ ᠭᠦᠢᠯᠭᠡᠭᠡ᠂ ᠳᠠᠭᠠᠳᠬᠠᠯ ᠤᠨ ᠦᠢᠯᠡᠰ ᠲᠤ ᠶᠡᠷᠦᠩᠬᠡᠶᠢᠯᠡᠭᠰᠡᠨ ᠡᠯᠡᠭᠳᠡᠯ ᠪᠣᠳᠣᠬᠤ ᠠᠷᠭ᠎ᠠ ᠶᠢ ᠬᠡᠷᠡᠭᠯᠡᠬᠦ ᠶᠢ ᠵᠣᠭᠰᠣᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ︽ᠲᠣᠭᠲᠠᠮᠠᠯ ᠬᠥᠷᠥᠩᠭᠡ ᠶᠢᠨ ᠡᠯᠡᠭᠳᠡᠯ ᠤᠨ ᠲᠣᠷᠰᠢᠨ ᠬᠡᠷᠡᠭᠯᠡᠬᠦ ᠳᠦᠷᠢᠮ︾᠎ ᠤᠨ ᠲᠣᠭᠲᠠᠭᠠᠯ ᠶᠣᠰᠣᠭᠠᠷ ᠵᠦᠢᠯ ᠬᠤᠪᠢᠶᠠᠨ ᠡᠯᠡᠭᠳᠡᠯ ᠪᠣᠳᠣᠬᠤ ᠶᠢ ᠬᠡᠷᠡᠭᠵᠢᠭᠦᠯᠦᠨ᠂ ᠲᠣᠭᠲᠠᠮᠠᠯ ᠬᠥᠷᠥᠩᠭᠡ ᠪᠠ ᠡᠯᠡᠭᠳᠡᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠᠯᠳᠤᠭ᠎ᠠ᠂ ᠠᠮᠤ ᠪᠤᠳᠠᠭ᠎ᠠ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠨᠢᠭᠡᠴᠢ ᠥᠷᠲᠡᠭ ᠨᠢ 800 ᠲᠦᠭᠦᠷᠢᠭ ᠠᠴᠠ ᠳᠡᠭᠡᠭᠰᠢ᠂ ᠮᠥᠩᠭᠦᠨ ᠭᠦᠢᠯᠭᠡᠭᠡ᠂ ᠳᠠᠭᠠᠳᠬᠠᠯ ᠤᠨ ᠦᠢᠯᠡᠰ ᠤᠨ ᠨᠢᠭᠡᠴᠢ ᠥᠷᠲᠡᠭ ᠨᠢ 500 ᠲᠥᠭᠦᠷᠢᠭ ᠠᠴᠠ ᠳᠡᠭᠡᠭᠰᠢ᠂ ᠬᠡᠷᠡᠭᠯᠡᠭᠰᠡᠨ ᠵᠢᠯ ᠤᠨ ᠬᠢᠵᠠᠭᠠᠷ ᠨᠢ ᠨᠢᠭᠡ ᠵᠢᠯ ᠠᠴᠠ ᠳᠡᠭᠡᠭᠰᠢ ᠭᠡᠷ ᠪᠠᠷᠢᠯᠭ᠎ᠠ ᠪᠠ ᠡᠯ᠎ᠡ ᠵᠦᠢᠯ ᠤᠨ ᠲᠦᠬᠦᠭᠡᠷᠦᠮᠵᠢ ᠶᠢ ᠴᠥᠮ ᠲᠣᠭᠲᠠᠮᠠᠯ ᠬᠥᠷᠥᠩᠭᠡ ᠳᠤ ᠲᠣᠭᠠᠴᠠᠵᠤ᠂ ᠭᠠᠵᠠᠷ ᠰᠢᠷᠤᠢ ᠪᠠ ᠪᠠᠶᠢᠨ ᠳᠠᠬᠢᠨ ᠶᠡᠭᠡ ᠵᠠᠰᠠᠯᠲᠠ ᠬᠢᠵᠦ ᠪᠦᠬᠦᠯᠢ ᠳᠤᠨᠢ ᠰᠢᠨᠡᠴᠢᠯᠡᠭᠰᠡᠨ ᠲᠣᠭᠲᠠᠮᠠᠯ ᠬᠥᠷᠥᠩᠭᠡ ᠪᠠ ᠬᠡᠷᠡᠭᠯᠡᠭᠰᠡᠨ ᠦᠭᠡᠢ᠂ ᠬᠡᠷᠡᠭᠴᠡᠭᠡ ᠦᠭᠡᠢ ᠲᠥᠬᠦᠭᠡᠷᠦᠮᠵᠢ᠂ ᠪᠠᠷᠢᠯᠭ᠎ᠠ ᠶᠢᠨ ᠢᠨᠵᠧᠨᠧᠷᠢᠩ ᠤᠨ ᠲᠥᠷᠥᠯ ᠵᠦᠢᠯ ᠤᠨ ᠲᠣᠷᠰᠢᠨ ᠬᠡᠷᠡᠭᠯᠡᠬᠦ ᠲᠣᠭᠲᠠᠮᠠᠯ ᠬᠥᠷᠥᠩᠭᠡ ᠠᠴᠠ ᠴᠥᠮ ᠡᠯᠡᠭᠳᠡᠯ ᠭᠠᠷᠭᠠᠨ ᠠᠪᠬᠤ ᠦᠭᠡᠢ᠃ ᠬᠠᠭᠠᠰ ᠵᠣᠭᠰᠣᠭᠰᠠᠨ᠂ ᠠᠵᠢᠯ ᠵᠣᠭᠰᠣᠭᠰᠠᠨ ᠡᠯ᠎ᠡ ᠵᠦᠢᠯ ᠤᠨ ᠲᠥᠬᠦᠭᠡᠷᠦᠮᠵᠢ ᠠᠴᠠ ᠬᠠᠭᠠᠰ ᠢᠶᠠᠷ ᠡᠯᠡᠭᠳᠡᠯ ᠭᠠᠷᠭᠠᠨ ᠠᠪᠤᠨ᠎ᠠ᠃ ᠳᠠᠩᠰᠠᠨ ᠳᠡᠭᠡᠷ᠎ᠡ ᠨᠢᠭᠡᠨᠲᠡ ᠡᠯᠡᠭᠳᠡᠯ ᠭᠦᠢᠴᠡᠭᠰᠡᠨ ᠪᠣᠯ ᠳᠠᠬᠢᠵᠤ ᠡᠯᠡᠭᠳᠡᠯ ᠭᠠᠷᠭᠠᠨ ᠠᠪᠬᠤ ᠦᠭᠡᠢ᠃ ᠰᠢᠨᠡᠴᠢᠯᠡᠵᠦ ᠥᠭᠡᠷᠡᠴᠢᠯᠡᠭᠰᠡᠨ ᠬᠤᠴᠣᠷᠣᠩᠭᠤᠢ ᠲᠥᠬᠦᠭᠡᠷᠦᠮᠵᠢ ᠶᠢ ᠭᠤᠣᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠲᠤ ᠮᠡᠳᠡᠭᠦᠯᠵᠦ᠂ ᠬᠡᠷᠡᠭᠯᠡᠭᠡᠨ ᠠᠴᠠ ᠬᠠᠰᠤᠨ᠂ ᠡᠯᠡᠭᠳᠡᠯ ᠭᠦᠢᠴᠡᠭᠡᠳᠦᠢ ᠪᠣᠯ ᠨᠥᠬᠦᠵᠦ ᠪᠣᠯᠣᠨ᠎ᠠ᠃ ᠠᠵᠤ ᠠᠬᠤᠶᠢᠯᠠᠯ ᠤᠨ ᠬᠠᠮᠢᠶᠠᠷᠤᠯᠲᠠ ᠮᠠᠭᠤ ᠠᠴᠠ ᠪᠣᠯᠵᠤ ᠲᠥᠬᠦᠭᠡᠷᠦᠮᠵᠢ ᠤᠷᠢᠳᠴᠢᠯᠠᠨ ᠬᠡᠷᠡᠭᠯᠡᠭᠡᠨ ᠠᠴᠠ ᠭᠠᠷᠤᠭᠰᠠᠨ ᠪᠣᠯ᠂ ᠭᠦᠢᠴᠡᠳ ᠭᠠᠷᠭᠠᠨ ᠠᠪᠤᠭᠠᠳᠤᠢ ᠡᠯᠡᠭᠳᠡᠯ ᠢ ᠨᠥᠬᠦᠬᠦ ᠦᠭᠡᠢ ᠭᠡᠵᠡᠢ᠃ ᠳᠡᠭᠡᠷᠡᠬᠢ ᠪᠤᠳᠠᠲᠠᠢ ᠲᠣᠭᠲᠠᠭᠠᠯ ᠢ ᠬᠡᠷᠡᠭᠵᠢᠭᠦᠯᠦᠭᠰᠡᠨ ᠠᠴᠠ ᠠᠵᠤ ᠦᠢᠯᠡᠳᠪᠦᠷᠢ ᠵᠠᠮ ᠬᠠᠷᠢᠯᠴᠠᠭ᠎ᠠ ᠡᠳ᠋ ᠤᠨ ᠵᠠᠰᠠᠭ ᠠᠷᠠᠯᠵᠢᠶ᠎ᠠ ᠮᠥᠩᠭᠦᠨ ᠭᠦᠢᠯᠭᠡᠭᠡ ᠶᠢᠨ ᠠᠵᠤ ᠠᠬᠤᠶᠢᠯᠠᠯ ᠤᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠴᠢᠩᠭᠠᠳᠠᠪᠠ᠃      ᠡᠷᠭᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠤᠯᠤᠰ ᠪᠠᠶᠢᠭᠤᠯᠤᠭᠳᠠᠭᠰᠠᠨ ᠤ ᠡᠬᠢᠨ ᠪᠠ ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭ᠎ᠠ ᠳᠤ ᠣᠷᠣᠨ ᠨᠤᠲᠤᠭ ᠤᠨ ᠤᠯᠤᠰ ᠤᠨ ᠰᠠᠩ ᠤᠨ ᠠᠵᠤ ᠠᠬᠤᠶᠢᠯᠠᠯ ᠤᠨ ᠬᠡᠷᠡᠭᠰᠡᠬᠦ ᠡᠷᠭᠢᠯᠲᠡ ᠶᠢᠨ ᠪᠡᠯᠡ ᠮᠥᠩᠭᠦ ᠶᠢ ᠪᠠᠩᠬᠢ ᠠᠴᠠ ᠨᠢᠭᠡ ᠬᠡᠰᠡᠭ ᠵᠢᠭᠡᠯᠡᠭᠦᠯᠵᠦ ᠪᠠᠶᠢᠭᠰᠠᠨ ᠠᠴᠠ ᠭᠠᠳᠠᠨ᠎ᠠ ᠡᠯ᠎ᠡ ᠱᠠᠲᠤᠨ ᠤ ᠡᠳ᠋ ᠤᠨ ᠵᠠᠰᠠᠭ ᠳᠡᠭᠡᠷ᠎ᠡ ᠵᠢᠯ ᠤᠨ ᠲᠥᠯᠥᠪᠯᠡᠭᠡ ᠶᠢᠨ ᠠᠰᠢᠭ ᠣᠷᠣᠯᠭ᠎ᠠ ᠪᠠ ᠢᠯᠡᠭᠦᠴᠡ ᠡᠷᠭᠢᠯᠲᠡ ᠶᠢᠨ ᠮᠥᠩᠭᠦᠨ ᠠᠴᠠ ᠵᠣᠬᠢᠴᠠᠭᠤᠯᠵᠤ᠂ ᠠᠵᠤ ᠠᠬᠤᠶᠢᠯᠠᠯ ᠤᠨ ᠢᠯᠡᠭᠦᠴᠡ ᠡᠷᠭᠢᠯᠲᠡ ᠶᠢᠨ ᠪᠡᠯᠡ ᠮᠥᠩᠭᠦ ᠪᠠᠨ ᠡᠳ᠋ ᠤᠨ ᠵᠠᠰᠠᠭ ᠲᠤ ᠲᠤᠰᠢᠶᠠᠵᠤ ᠪᠠᠶᠢᠪᠠ᠃ ᠡᠯ᠎ᠡ ᠠᠵᠤ ᠠᠬᠤᠶᠢᠯᠠᠯ ᠠᠴᠠ ᠬᠢᠨᠠᠨ ᠲᠣᠭᠲᠠᠭᠠᠭᠰᠠᠨ ᠲᠣᠭᠲᠠᠭᠰᠠᠨ ᠡᠷᠭᠢᠯᠲᠡ ᠶᠢᠨ ᠪᠡᠯᠡ ᠮᠥᠩᠭᠦ ᠶᠢ ᠡᠳ᠋ ᠤᠨ ᠵᠠᠰᠠᠭ ᠪᠠ ᠪᠠᠩᠬᠢ ᠠᠴᠠ ᠲᠤᠰ ᠪᠦᠷᠢ ᠣᠯᠭᠤᠵᠤ᠂ ᠠᠵᠤ ᠠᠬᠤᠶᠢᠯᠠᠯ ᠬᠤᠭᠤᠷᠣᠨᠳᠤ ᠪᠠᠨ ᠪᠡᠯᠡ ᠮᠥᠩᠭᠦ ᠢᠯᠡᠭᠦᠦ ᠭᠠᠷᠬᠤ ᠪᠤᠶᠤ ᠳᠤᠲᠠᠪᠠᠯ ᠡᠯ᠎ᠡ ᠠᠵᠤ ᠠᠬᠤᠶᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠵᠢᠯ ᠲᠥᠷᠥᠯ ᠤᠨ ᠳᠣᠲᠣᠭᠠᠳᠤ ᠳᠤ ᠪᠠᠨ ᠵᠣᠬᠢᠴᠠᠭᠤᠯᠵᠤ᠂ ᠵᠣᠬᠢᠴᠠᠭᠤᠯᠵᠤ ᠳᠡᠶᠢᠯᠬᠦ ᠦᠭᠡᠢ ᠪᠣᠯ ᠲᠤᠰ ᠵᠢᠯ ᠤᠨ ᠠᠵᠤ ᠠᠬᠤᠶᠢᠯᠠᠯ ᠤᠨ ᠲᠥᠯᠥᠪᠯᠡᠭᠡ ᠪᠠᠨ ᠳᠠᠪᠠᠭᠤᠯᠤᠭᠰᠠᠨ ᠠᠰᠢᠭ ᠣᠷᠣᠯᠭ᠎ᠠ ᠶᠢᠨ ᠳᠣᠲᠣᠷ᠎ᠠ ᠠᠴᠠ ᠨᠥᠬᠦᠵᠦ ᠪᠠᠶᠢᠪᠠ᠃      1955 ᠣᠨ ᠳᠤ ᠡᠳ᠋ ᠤᠨ ᠵᠠᠰᠠᠭ ᠤᠨ ᠶᠠᠮᠤᠨ ᠠᠴᠠ ᠠᠷᠠᠳ ᠤᠨ ᠪᠠᠩᠬᠢ ᠶᠢᠨ ᠲᠣᠭᠲᠠᠭᠰᠠᠨ ᠲᠣᠭᠠᠨ ᠤ ᠵᠢᠭᠡᠯᠡᠯᠭᠡ ᠶᠢ ᠬᠠᠰᠤᠵᠤ᠂ ᠠᠵᠤ ᠠᠬᠤᠶᠢᠯᠠᠯ ᠤᠨ ᠡᠷᠭᠢᠯᠲᠡ ᠶᠢᠨ ᠪᠡᠯᠡ ᠮᠥᠩᠭᠦ ᠶᠢᠨ ᠲᠥᠯᠥᠪᠯᠡᠭᠡ ᠳᠤ ᠲᠣᠭᠲᠠᠭᠰᠠᠨ ᠪᠡᠯᠡ ᠮᠥᠩᠭᠦ ᠶᠢ ᠡᠳ᠋ ᠤᠨ ᠵᠠᠰᠠᠭ ᠠᠴᠠ ᠣᠯᠭᠤᠬᠤ ᠪᠣᠯᠪᠠ᠃ ᠠᠵᠤ ᠠᠬᠤᠶᠢᠯᠠᠯ ᠨᠢ ᠣᠨᠴᠠᠭᠠᠢ ᠪᠠᠶᠢᠳᠠᠯ ᠳᠤ ᠤᠴᠠᠷᠠᠵᠤ ᠡᠷᠭᠢᠯᠲᠡ ᠶᠢᠨ ᠪᠡᠯᠡ ᠮᠥᠩᠭᠦ ᠬᠡᠷᠡᠭᠲᠡᠢ ᠪᠣᠯ ᠠᠷᠠᠳ ᠤᠨ ᠪᠠᠩᠬᠢ ᠠᠴᠠ ᠵᠢᠭᠡᠯᠡᠯᠭᠡ ᠣᠯᠭᠤᠬᠤ ᠪᠣᠯᠵᠠᠢ᠃      1956 ᠣᠨ ᠳᠤ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠯᠤᠰ ᠤᠨ ᠠᠵᠤ ᠦᠢᠯᠡᠳᠪᠦᠷᠢ ᠶᠢᠨ ᠣᠬᠤᠷ ᠬᠤᠭᠤᠴᠠᠭᠠᠨ ᠤ ᠵᠢᠭᠡᠯᠡᠯᠭᠡ ᠶᠢᠨ ᠲᠤᠬᠠᠢ ᠠᠷᠭ᠎ᠠ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠣᠷᠣᠨ ᠨᠤᠲᠤᠭ ᠤᠨ ᠤᠯᠤᠰ ᠤᠨ ᠰᠠᠩ ᠤᠨ ᠠᠵᠤ ᠠᠬᠤᠶᠢᠯᠠᠯ ᠤᠨ ᠪᠤᠳᠠᠲᠤ ᠪᠠᠶᠢᠳᠠᠯ ᠲᠠᠢ ᠤᠶᠠᠯᠳᠤᠭᠤᠯᠵᠤ᠂ ᠠᠶᠢᠮᠠᠭ ᠠᠴᠠ ᠪᠤᠳᠠᠲᠠᠢ ᠲᠣᠭᠲᠠᠭᠠᠯ ᠭᠠᠷᠭᠠᠵᠤ᠂ ᠠᠵᠤ ᠠᠬᠤᠶᠢᠯᠠᠯ ᠤᠨ ᠡᠷᠭᠢᠯᠲᠡ ᠶᠢᠨ ᠮᠥᠩᠭᠦ ᠶᠢᠨ ᠪᠠᠴᠢᠮ ᠬᠡᠷᠡᠭᠴᠡᠭᠡ ᠶᠢ ᠪᠠᠲᠤᠯᠠᠪᠠ᠃      1959 ᠣᠨ ᠳᠤ ᠠᠵᠤ ᠦᠢᠯᠡᠳᠪᠦᠷᠢ ᠶᠢᠨ ᠠᠵᠤ ᠠᠬᠤᠶᠢᠯᠠᠯ ᠡᠷᠭᠢᠯᠲᠡ ᠶᠢᠨ ᠪᠡᠯᠡ ᠮᠥᠩᠭᠦ ᠪᠠ ᠲᠤᠰᠢᠶᠠᠬᠤ ᠶᠣᠰᠣᠲᠠᠢ ᠠᠰᠢᠭ ᠣᠷᠣᠯᠭ᠎ᠠ ᠶᠢ ᠡᠵᠡᠯᠡᠨ᠂ ᠠᠵᠤ ᠠᠬᠤᠶᠢᠯᠠᠯ ᠤᠨ ᠡᠷᠭᠢᠯᠲᠡ ᠶᠢᠨ ᠪᠡᠯᠡ ᠮᠥᠩᠭᠦ ᠶᠢᠨ ᠬᠡᠪ ᠤᠨ ᠬᠡᠷᠡᠭᠯᠡᠭᠡ ᠶᠢ ᠨᠤᠴᠢᠲᠠᠢ ᠨᠥᠯᠥᠭᠡᠯᠡᠭᠰᠡᠨ ᠪᠠᠶᠢᠳᠠᠯ ᠳᠤ ᠴᠢᠭᠯᠡᠭᠦᠯᠦᠨ᠂ ᠠᠶᠢᠮᠠᠭ ᠤᠨ ᠵᠠᠬᠢᠷᠭ᠎ᠠ ᠠᠴᠠ ᠲᠣᠭᠲᠠᠭᠠᠭᠰᠠᠨ ᠨᠢ᠄ 1. ᠠᠵᠤ ᠠᠬᠤᠶᠢᠯᠠᠯ ᠨᠢ ᠥᠪᠡᠷᠲᠡᠭᠡᠨ ᠡᠷᠭᠢᠯᠲᠡ ᠶᠢᠨ ᠪᠡᠯᠡ ᠮᠥᠩᠭᠦ ᠪᠠ ᠲᠣᠰᠢᠶᠠᠬᠤ ᠶᠣᠰᠣᠲᠠᠢ ᠠᠰᠢᠭ ᠣᠷᠣᠯᠭ᠎ᠠ ᠶᠢ ᠡᠵᠡᠯᠡᠨ ᠬᠡᠷᠡᠭᠯᠡᠵᠦ ᠪᠣᠯᠬᠤ ᠦᠭᠡᠢ᠃ 2. ᠤᠯᠤᠰ ᠤᠨ ᠡᠷᠭᠢᠯᠲᠡ ᠶᠢᠨ ᠪᠡᠯᠡ ᠮᠥᠩᠭᠦ ᠂ ᠥᠪᠡᠷ ᠢ ᠪᠠᠨ ᠵᠡᠪᠰᠡᠭᠯᠡᠭᠰᠡᠨ ᠪᠡᠯᠡᠳᠬᠡᠯ ᠲᠥᠬᠦᠭᠡᠷᠦᠮᠵᠢ ᠶᠢ ᠴᠡᠪᠡᠷᠯᠡᠨ ᠴᠡᠭᠴᠡᠯᠡᠵᠦ᠂ ᠳᠠᠭᠤᠳᠠᠯᠭ᠎ᠠ ᠬᠤᠳᠠᠯᠳᠤᠭ᠎ᠠ ᠳᠤ ᠣᠷᠣᠭᠤᠯᠬᠤ ᠬᠡᠷᠡᠭᠲᠡᠢ᠃ 3. ᠣᠯᠠᠨ ᠵᠢᠯ ᠤᠨ ᠲᠤᠷᠰᠢ ᠬᠤᠷᠠᠮᠳᠤᠭᠤᠯᠤᠭᠰᠠᠨ ᠨᠡᠶᠢᠲᠡ ᠶᠢᠨ ᠬᠤᠷᠠᠮᠳᠤᠯ ᠤᠨ ᠮᠥᠩᠭᠦ ᠪᠠᠷ ᠤᠯᠤᠰ ᠤᠨ ᠡᠷᠭᠢᠯᠲᠡ ᠶᠢᠨ ᠪᠡᠯᠡ ᠮᠥᠩᠭᠦ ᠶᠢ ᠲᠥᠯᠥᠵᠦ ᠪᠣᠯᠣᠨ᠎ᠠ᠃ 4. ᠡᠯ᠎ᠡ ᠱᠠᠲᠤᠨ ᠤ ᠡᠳ᠋ ᠤᠨ ᠵᠠᠰᠠᠭ ᠪᠠ ᠠᠷᠠᠳ ᠤᠨ ᠪᠠᠩᠬᠢ ᠨᠢ ᠬᠢᠨᠠᠯᠲᠠ ᠪᠠᠨ ᠴᠢᠩᠭᠠᠳᠬᠠᠬᠤ ᠬᠡᠷᠡᠭᠲᠡᠢ ᠭᠡᠵᠡᠢ᠃ ᠮᠥᠨ ᠵᠢᠯ ᠤᠨ 11 ᠰᠠᠷ᠎ᠠ ᠳᠤ ᠠᠶᠢᠮᠠᠭ ᠤᠨ ᠵᠠᠬᠢᠷᠭ᠎ᠠ ᠨᠢ ᠪᠠᠰᠠ ᠮᠡᠳᠡᠭᠳᠡᠯ ᠪᠠᠭᠤᠯᠭᠠᠵᠤ᠂ ᠡᠯ᠎ᠡ ᠠᠵᠤ ᠠᠬᠤᠶᠢᠯᠠᠯ ᠤᠨ ᠡᠵᠡᠯᠡᠵᠦ ᠪᠠᠶᠢᠭ᠎ᠠ ᠪᠠᠩᠬᠢ ᠶᠢᠨ ᠵᠢᠭᠡᠯᠡᠯᠭᠡ ᠪᠠ ᠡᠳ᠋ ᠤᠨ ᠵᠠᠰᠠᠭ ᠤᠨ ᠪᠡᠯᠡ ᠮᠥᠩᠭᠦ ᠳᠤ ᠱᠠᠲᠤ ᠬᠤᠪᠢᠶᠠᠨ ᠬᠠᠷᠢᠭᠤᠴᠠᠵᠤ ᠰᠢᠢᠳᠪᠦᠷᠢᠯᠡᠬᠦ ᠵᠠᠷᠴᠢᠮ ᠢ ᠠᠪᠤᠪᠠ᠃ ᠳᠠᠷᠤᠢ᠄ ᠠᠵᠤ ᠠᠬᠤᠶᠢᠯᠠᠯ ᠨᠢᠭᠡ ᠬᠡᠰᠡᠭ ᠢ ᠡᠭᠦᠷᠭᠡᠯᠡᠵᠦ᠂ ᠬᠤᠰᠢᠭᠤ ᠰᠢᠶᠠᠨ ︵ᠬᠤᠲᠠ︶᠎ ᠤ ᠡᠳ᠋ ᠤᠨ ᠵᠠᠰᠠᠭ ᠨᠢᠭᠡ ᠬᠡᠰᠡᠭ ᠪᠤᠶᠤ ᠪᠦᠬᠦᠨ ᠢ ᠡᠭᠦᠷᠭᠡᠯᠡᠵᠦ᠂ ᠠᠶᠢᠮᠠᠭ ᠬᠤᠲᠠ ᠠᠴᠠ ᠪᠠᠰᠠ ᠵᠣᠬᠢᠰᠲᠠᠢ ᠨᠥᠬᠦᠪᠦᠷᠢ ᠣᠯᠭᠤᠨ᠎ᠠ ᠭᠡᠵᠡᠢ᠃      1963 ᠣᠨ ᠳᠤ ᠤᠯᠤᠰ ᠤᠨ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠶᠡᠷᠦᠩᠬᠡᠢ ᠪᠠᠩᠬᠢ ︽1964 ᠣᠨ ᠤ ᠠᠵᠤ ᠦᠢᠯᠡᠳᠪᠦᠷᠢ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠡᠷᠭᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠡᠳᠦᠨ ᠵᠦᠢᠯ ᠤᠨ ᠠᠷᠭ᠎ᠠ ᠬᠡᠮᠵᠢᠶ᠎ᠡ︾᠎ ᠶᠢ ᠨᠡᠶᠢᠲᠡᠯᠡᠵᠦ᠂ ᠪᠦᠬᠦ ᠠᠶᠢᠮᠠᠭ ᠲᠤ ᠬᠥᠷᠥᠩᠭᠡ ᠶᠢ ᠴᠡᠪᠡᠷᠯᠡᠨ ᠪᠡᠯᠡ ᠮᠥᠩᠭᠦ ᠶᠢ ᠬᠢᠨᠠᠨ ᠬᠠᠷᠭᠤᠭᠤᠯᠬᠤ ᠠᠵᠢᠯ ᠥᠷᠨᠢᠭᠦᠯᠵᠦ᠂ ᠠᠵᠤ ᠠᠬᠤᠶᠢᠯᠠᠯ ᠤᠨ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢ ᠱᠠᠭᠠᠷᠳᠠᠨ᠂ ᠪᠡᠯᠡ ᠮᠥᠩᠭᠦ ᠳᠠᠷᠤᠭᠳᠠᠬᠤ ᠪᠠ ᠡᠳ᠋ ᠪᠤᠳᠠᠰ ᠬᠤᠬᠢᠷᠠᠬᠤ ᠶᠢ ᠰᠡᠷᠭᠡᠶᠢᠯᠡᠵᠦ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠵᠡᠷᠭᠡ ᠶᠢ ᠪᠠᠶᠢᠭᠤᠯᠪᠠ᠃ 1976 ᠣᠨ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠲᠤᠭᠲᠠᠭᠰᠠᠨ ᠲᠣᠭᠠᠨ ᠤ ᠡᠷᠭᠢᠯᠲᠡ ᠶᠢᠨ ᠪᠡᠯᠡ ᠮᠥᠩᠭᠦ ᠶᠢᠨ ᠳᠦᠷᠢᠮ ᠢ ᠬᠡᠷᠡᠭᠵᠢᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠣᠯᠭᠤᠵᠤ ᠂ ᠲᠣᠭᠲᠠᠭᠰᠠᠨ ᠲᠤᠭ᠎ᠠ ᠠᠴᠠ ᠬᠡᠲᠦᠷᠡᠭᠰᠡᠨ ᠢ ᠨᠢ ᠪᠠᠩᠬᠢ ᠠᠴᠠ ᠵᠢᠭᠡᠯᠡᠯᠭᠡ ᠥᠭᠪᠡ᠃      1980 ᠣᠨ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠶᠢ ᠴᠡᠪᠡᠷᠯᠡᠨ ᠪᠡᠯᠡ ᠮᠥᠩᠭᠦ ᠶᠢ ᠬᠢᠨᠠᠨ ᠲᠣᠭᠲᠠᠭᠠᠵᠤ ᠲᠣᠭᠲᠠᠭᠰᠠᠨ ᠲᠣᠭᠠᠨ ᠤ ᠵᠢᠭᠡᠯᠡᠯᠭᠡ ᠥᠭᠬᠦ ᠪᠠ ᠤᠯᠤᠰ ᠠᠴᠠ ᠡᠷᠭᠢᠯᠲᠡ ᠶᠢᠨ ᠪᠡᠯᠡ ᠮᠥᠩᠭᠦ ᠣᠯᠭᠤᠵᠤ ᠲᠥᠯᠥᠪᠦᠷᠢ ᠲᠠᠢ ᠬᠡᠷᠡᠭᠯᠡᠭᠦᠯᠬᠦ ᠶᠢ ᠬᠡᠷᠡᠭᠵᠢᠭᠦᠯᠪᠡ᠃ ᠠᠵᠤ ᠠᠬᠤᠶᠢᠯᠠᠯ ᠤᠨ ᠬᠥᠷᠥᠩᠭᠡ ᠶᠢ ᠴᠡᠪᠡᠷᠯᠡᠨ ᠪᠡᠯᠡ ᠮᠥᠩᠭᠦ ᠶᠢ ᠬᠢᠨᠠᠨ ᠲᠣᠭᠲᠠᠭᠠᠵᠤ᠂ ᠥᠪᠡᠷ ᠤᠨ ᠪᠡᠯᠡ ᠮᠥᠩᠭᠦ᠂ ᠬᠦᠷᠦᠯᠴᠡᠬᠦ ᠦᠭᠡᠢ ᠬᠡᠰᠡᠭ ᠢ ᠲᠤᠭ᠎ᠠ ᠨᠣᠷᠮ᠎ᠠ ᠶᠢᠨ ᠬᠡᠪᠴᠢᠶᠡᠨ ᠳᠤ ᠬᠢᠵᠠᠭᠠᠷᠯᠠᠨ᠂ ᠡᠳ᠋ ᠤᠨ ᠵᠠᠰᠠᠭ ᠪᠠᠩᠬᠢ ᠠᠴᠠ ᠤᠤᠯ ᠤᠨ ᠲᠣᠭᠲᠠᠭᠰᠠᠨ ᠲᠣᠭᠠᠨ ᠤ ᠵᠢᠭᠡᠯᠡᠯᠭᠡ ᠶᠢᠨ ᠳᠣᠲᠣᠷ᠎ᠠ ᠠᠴᠠ ᠠᠵᠤ ᠠᠬᠤᠶᠢᠯᠠᠯ ᠳᠤ ᠰᠢᠯᠵᠢᠭᠦᠯᠦᠨ ᠥᠭᠴᠦ ᠲᠣᠭᠲᠠᠭᠰᠠᠨ ᠲᠣᠭᠠᠨ ᠤ ᠵᠢᠭᠡᠯᠡᠯᠭᠡ ᠪᠣᠯᠭᠠᠪᠠ᠃      1983 ᠣᠨ ᠤ 7 ᠰᠠᠷ᠎ᠠ ᠠᠴᠠ ᠡᠬᠢᠯᠡᠵᠦ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠡᠷᠭᠢᠯᠲᠡ ᠶᠢᠨ ᠪᠡᠯᠡ ᠮᠥᠩᠭᠦ ᠶᠢ ᠠᠷᠠᠳ ᠤᠨ ᠪᠠᠩᠬᠢ ᠠᠴᠠ ᠨᠢᠭᠡᠲᠦᠯᠲᠡᠢ ᠬᠠᠮᠢᠶᠠᠷᠴᠦ᠂ ᠤᠤᠯ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠤ ᠠᠬᠤᠶᠢᠯᠠᠯ ᠳᠤ ᠥᠭᠴᠦ ᠪᠠᠶᠢᠭᠰᠠᠨ ᠥᠪᠡᠷ ᠤᠨ ᠡᠷᠭᠢᠯᠲᠡ ᠶᠢᠨ ᠪᠡᠯᠡ ᠮᠥᠩᠭᠦ ᠶᠢ ᠮᠥᠨ ᠯᠡ ᠠᠵᠤ ᠠᠬᠤᠶᠢᠯᠠᠯ ᠳᠤ ᠦᠯᠡᠳᠡᠭᠡᠨ ᠥᠭᠪᠡ᠃ ᠠᠵᠤ ᠠᠬᠤᠶᠢᠯᠠᠯ ᠨᠢ ᠡᠷᠭᠢᠯᠲᠡ ᠶᠢᠨ ᠪᠡᠯᠡ ᠮᠥᠩᠭᠦ ᠨᠡᠮᠡᠭᠳᠡᠭᠦᠯᠬᠦ ᠴᠢᠬᠤᠯᠠᠲᠠᠢ ᠪᠣᠯ ᠪᠠᠩᠬᠢ ᠠᠴᠠ ᠵᠢᠭᠡᠯᠡᠯᠭᠡ ᠶᠢᠨ ᠬᠡᠯᠪᠡᠷᠢ ᠪᠠᠷ ᠬᠠᠩᠭᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠳᠠᠬᠢᠨ ᠡᠷᠭᠢᠯᠲᠡ ᠶᠢᠨ ᠪᠡᠯᠡ ᠮᠥᠩᠭᠦ ᠨᠡᠮᠡᠵᠦ ᠥᠭᠬᠦ ᠦᠭᠡᠢ ᠪᠣᠯᠵᠠᠢ᠃      ᠥᠪᠡᠷ ᠤᠨ ᠥᠷᠲᠡᠭ ᠤᠨ ᠬᠠᠮᠢᠶᠠᠷᠤᠯᠲᠠ ᠭᠤᠣᠯᠳᠠᠭᠤ ᠥᠪᠡᠷ ᠤᠨ ᠥᠷᠲᠡᠭ ᠤᠨ ᠨᠡᠭᠡᠭᠡᠨ ᠬᠥᠭᠵᠢᠭᠦᠯᠬᠦ ᠬᠡᠪᠴᠢᠶ᠎ᠡ ᠶᠢ ᠲᠣᠭᠲᠠᠭᠠᠬᠤ᠂ ᠥᠪᠡᠷ ᠤᠨ ᠥᠷᠲᠡᠭ ᠢ ᠬᠢᠨᠠᠨ ᠪᠣᠳᠣᠬᠤ ᠨᠢᠭᠡᠲᠦᠯᠲᠡᠢ ᠳᠦᠷᠢᠮ ᠲᠣᠭᠲᠠᠭᠠᠬᠤ᠂ ᠥᠪᠡᠷ ᠤᠨ ᠥᠷᠲᠡᠭ ᠤᠨ ᠬᠢᠨᠠᠨ ᠪᠣᠳᠣᠯᠲᠠ ᠶᠢ ᠵᠠᠳᠠᠯᠵᠤ ᠬᠢᠨᠠᠨ ᠰᠢᠯᠭᠠᠬᠤ᠂ ᠠᠵᠤ ᠠᠬᠤᠶᠢᠯᠠᠯ ᠢ ᠬᠠᠪᠰᠤᠷᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠ ᠥᠪᠡᠷ ᠤᠨ ᠥᠷᠲᠡᠭ ᠢ ᠪᠠᠭᠤᠷᠠᠭᠤᠯᠬᠤ ᠪᠣᠯᠣᠨ᠎ᠠ᠃      1953 ᠣᠨ ᠤ 1 ᠰᠠᠷ᠎ᠠ ᠳᠤ ᠡᠳ᠋ ᠤᠨ ᠵᠠᠰᠠᠭ ᠤᠨ ᠶᠠᠮᠤᠨ ︽ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢ ᠨᠢᠭᠡᠳᠦᠯᠲᠡᠢ ᠪᠣᠳᠣᠬᠤ ᠳᠦᠷᠢᠮ︾᠎ ᠢ ᠨᠡᠶᠢᠲᠡᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠤᠨ ᠲᠥᠷᠥᠯ ᠵᠦᠢᠯ ᠳᠤ ᠲᠦᠭᠦᠬᠡᠢ ᠡᠳ᠋ ᠪᠠ ᠭᠤᠣᠯ ᠮᠠᠲ᠋ᠧᠷᠢᠶᠠᠯ᠂ ᠲᠤᠰᠠᠯᠠᠬᠤ ᠮᠠᠲ᠋ᠧᠷᠢᠶᠠᠯ᠂ ᠤᠷᠠᠯᠠᠯ ᠮᠡᠷᠭᠡᠵᠢᠯ ᠤᠨ ᠶᠠᠪᠤᠴᠠ ᠳᠠᠬᠢ ᠰᠢᠲᠠᠭᠠᠯᠭ᠎ᠠ᠂ ᠬᠥᠳᠡᠯᠭᠡᠬᠦ ᠬᠦᠴᠦ᠂ ᠦᠢᠯᠡᠳᠪᠦᠷᠢᠯᠡᠯ ᠤᠨ ᠠᠵᠢᠯᠴᠢᠨ ᠤ ᠴᠠᠯᠢᠩ ᠪᠠ ᠨᠡᠮᠡᠯᠲᠡ ᠴᠠᠯᠢᠩ᠂ ᠰᠢᠨ᠎ᠡ ᠪᠦᠲᠦᠭᠡᠭᠳᠡᠭᠦᠨ ᠲᠣᠷᠰᠢᠨ ᠦᠢᠯᠡᠳᠬᠦ ᠰᠦᠢᠳᠬᠡᠯ᠂ ᠭᠤᠯᠣᠭᠳᠠᠯ ᠪᠦᠲᠦᠭᠡᠭᠳᠡᠬᠦᠨ ᠤ ᠰᠦᠢᠳᠦᠯ᠂ ᠠᠵᠢᠯ ᠵᠣᠭᠰᠣᠭᠰᠠᠨ ᠰᠦᠢᠳᠦᠯ᠂ ᠦᠢᠯᠡᠳᠪᠦᠷᠢ ᠶᠢᠨ ᠲᠠᠰᠤᠭ ᠤᠨ ᠰᠦᠢᠳᠬᠡᠯ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠦᠢᠳᠬᠡᠯ ᠪᠠᠭᠲᠠᠨ᠎ᠠ ᠭᠡᠵᠡᠢ᠃      ᠮᠥᠨ ᠵᠢᠯ ᠲᠤᠰ ᠠᠶᠢᠮᠠᠭ ᠤᠨ ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠲᠤ ᠪᠣᠳᠣᠵᠤ ᠣᠷᠣᠭᠤᠯᠤᠭᠰᠠᠨ ᠨᠡᠮᠡᠯᠲᠡ ᠴᠠᠯᠢᠩ ᠤᠨ ᠳᠣᠲᠣᠷ᠎ᠠ ᠲᠣᠭᠲᠠᠭᠠᠯ ᠶᠣᠰᠣᠭᠠᠷ ᠭᠠᠷᠭᠠᠨ ᠠᠪᠤᠭᠰᠠᠨ ᠲᠥᠷᠥᠯ ᠵᠦᠢᠯ ᠪᠠ ᠬᠠᠷᠢᠴᠠᠯ ᠨᠢ ᠳᠣᠣᠷᠠᠬᠢ ᠮᠡᠲᠦ ᠪᠠᠶᠢᠪᠠ᠄ ᠴᠠᠯᠢᠩ ᠤᠨ ᠶᠡᠷᠦᠩᠬᠡᠢ ᠲᠤᠭ᠎ᠠ ᠶᠢᠨ 3%᠎ ᠪᠠᠷ ᠬᠦᠳᠡᠯᠮᠦᠷᠢ ᠶᠢᠨ ᠳᠠᠭᠠᠳᠬᠠᠯ ᠤᠨ ᠮᠥᠩᠭᠦ ᠭᠠᠷᠭᠠᠨ ᠠᠪᠤᠨ᠎ᠠ᠃ 2%᠎ ᠢᠶᠠᠷ ᠠᠵᠢᠯᠴᠢᠨ ᠤ ᠡᠪᠯᠡᠯ ᠤᠨ ᠰᠦᠢᠳᠬᠡᠯ ᠭᠠᠷᠭᠠᠨ ᠠᠪᠤᠨ᠎ᠠ᠃ 3.24%᠎ ᠪᠠᠷ ᠬᠦᠳᠡᠯᠮᠦᠷᠢ ᠶᠢᠨ ᠳᠠᠭᠠᠳᠬᠠᠯ ᠤᠨ ᠰᠦᠢᠳᠬᠡᠯ ᠭᠠᠷᠭᠠᠨ ᠠᠪᠤᠨ᠎ᠠ᠃ 5% — 7%᠎ ᠪᠠᠷ ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠪᠦᠷᠢ ᠶᠢᠨ ᠰᠦᠢᠳᠬᠡᠯ ᠭᠠᠷᠭᠠᠨ ᠠᠪᠤᠨ᠎ᠠ᠃ 2.5%᠎ ᠪᠠᠷ ᠠᠰᠠᠷᠠᠮᠵᠢ ᠨᠥᠬᠦᠪᠦᠷᠢ ᠶᠢᠨ ᠰᠠᠭᠤᠷᠢ ᠮᠥᠩᠭᠦ ᠭᠠᠷᠭᠠᠨ ᠠᠪᠤᠨ᠎ᠠ᠃      1957 ᠣᠨ ᠤ 3 ᠰᠠᠷ᠎ᠠ ᠠᠴᠠ ᠡᠬᠢᠯᠡᠵᠦ ᠬᠦᠨᠳᠦ ᠠᠵᠤ ᠦᠢᠯᠡᠳᠪᠦᠷᠢ᠂ ᠣᠢ ᠰᠢᠭᠤᠢ ᠶᠢᠨ ᠠᠵᠤ ᠦᠢᠯᠡᠳᠪᠦᠷᠢ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠵᠠᠮ ᠬᠠᠷᠢᠯᠴᠠᠭ᠎ᠠ᠂ ᠰᠢᠤᠳᠠᠨ᠂ ᠪᠠᠷᠢᠯᠭ᠎ᠠ ᠵᠡᠷᠭᠡ ᠰᠠᠯᠠᠭ᠎ᠠ ᠮᠥᠴᠢᠷ ᠲᠤᠰ ᠪᠦᠷᠢ ᠴᠠᠯᠢᠩ ᠤᠨ ᠶᠡᠷᠦᠩᠬᠡᠢ ᠲᠣᠭᠠᠨ ᠤ 5.5%᠂ 5%᠎ ᠪᠠᠷ ᠡᠮ ᠡᠮᠨᠡᠯᠭᠡ ᠶᠢᠨ ᠨᠥᠬᠦᠪᠦᠷᠢ ᠮᠥᠩᠭᠦ ᠭᠠᠷᠭᠠᠨ ᠠᠪᠬᠤ ᠶᠢ ᠬᠡᠷᠡᠭᠵᠢᠭᠦᠯᠪᠡ᠃      1959 ᠣᠨ ᠤ 9 ᠰᠠᠷ᠎ᠠ ᠳᠤ ᠵᠤᠤ ᠤᠳᠠ ᠠᠶᠢᠮᠠᠭ ᠤᠨ ᠵᠠᠬᠢᠷᠭ᠎ᠠ ᠶᠢᠨ ᠲᠥᠯᠥᠪᠯᠡᠭᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ︽ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠲᠥᠯᠥᠪᠯᠡᠭᠡ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠲᠣᠭᠲᠠᠭᠠᠯ︾ ᠭᠠᠷᠭᠠᠵᠤ᠂ ︽ᠨᠢᠭᠡᠳᠦᠯᠲᠡᠢ ᠤᠳᠤᠷᠢᠳᠤᠨ᠂ ᠱᠠᠲᠤ ᠬᠤᠪᠢᠶᠠᠨ ᠬᠠᠮᠢᠶᠠᠷᠬᠤ︾ ᠵᠠᠷᠴᠢᠮ ᠢᠶᠠᠷ ᠣᠷᠣᠨ ᠨᠤᠲᠤᠭ ᠬᠠᠮᠢᠶᠠᠷᠬᠤ ᠪᠠᠷ ᠭᠤᠣᠯ ᠪᠣᠯᠭᠠᠵᠤ᠂ ᠣᠷᠣᠨ ᠨᠤᠲᠤᠭ ᠪᠠ ᠰᠠᠯᠠᠭ᠎ᠠ ᠮᠦᠴᠢᠷ ᠤᠨ ᠬᠠᠮᠢᠶᠠᠷᠤᠯᠲᠠ ᠶᠢ ᠤᠶᠠᠯᠳᠤᠭᠤᠯᠬᠤ ᠠᠷᠭ᠎ᠠ ᠶᠢ ᠬᠡᠷᠡᠭᠯᠡᠪᠡ᠃ ᠥᠪᠡᠷ ᠤᠨ ᠥᠷᠲᠡᠭ ᠢ ᠬᠠᠮᠢᠶᠠᠷᠬᠤ ᠬᠡᠪᠴᠢᠶ᠎ᠡ᠄ ᠠᠶᠢᠮᠠᠭ ᠤᠨ ᠠᠵᠤ ᠦᠢᠯᠡᠳᠪᠦᠷᠢ ︵ᠨᠢᠭᠡᠳᠦᠭᠡᠷ ᠬᠤᠶᠠᠳᠤᠭᠠᠷ ᠬᠥᠩᠭᠡᠨ ᠠᠵᠤ ᠦᠢᠯᠡᠳᠪᠦᠷᠢ ᠶᠢᠨ ᠲᠣᠪᠴᠢᠶ᠎ᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠪᠠᠭᠲᠠᠭᠠᠨ᠎ᠠ︶᠂ ᠵᠠᠮ ᠬᠠᠷᠢᠯᠴᠠᠭ᠎ᠠ᠂ ᠠᠮᠤ ᠪᠤᠳᠠᠭ᠎ᠠ᠂ ᠣᠢ ᠰᠢᠭᠤᠢ᠂ ᠬᠤᠳᠠᠯᠳᠤᠭ᠎ᠠ᠂ ᠡᠷᠡᠭᠦᠯ ᠬᠠᠮᠠᠭᠠᠯᠠᠯ ︵ᠡᠮ ᠡᠮᠨᠡᠯᠭᠡ ᠡᠮ ᠤᠨ ᠮᠠᠲ᠋ᠧᠷᠢᠶᠠᠯ︶᠂ ᠬᠦᠳᠡᠯᠮᠦᠷᠢ ᠪᠠᠷ ᠥᠭᠡᠷᠡᠴᠢᠯᠡᠬᠦ ᠠᠵᠤ ᠠᠬᠤᠶᠢᠯᠠᠯ ᠃ ᠡᠯ᠎ᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠥᠪᠡᠷ ᠤᠨ ᠬᠠᠷᠢᠶ᠎ᠠ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠲᠥᠯᠥᠪᠯᠡᠭᠡ ᠪᠠ ᠲᠠᠸᠠᠷ ᠤᠨ ᠭᠦᠢᠯᠭᠡᠭᠡᠨ ᠤ ᠰᠦᠢᠳᠬᠡᠯ ᠤᠨ ᠲᠥᠯᠥᠪᠯᠡᠭᠡ ᠶᠢ ᠡᠮᠬᠢᠳᠬᠡᠬᠦ ᠠᠵᠢᠯ ᠢ ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠤ ᠲᠥᠯᠥᠪᠯᠡᠭᠡ ᠶᠢᠨ ᠵᠥᠪᠯᠡᠯ ᠨᠢ ᠬᠠᠷᠢᠶ᠎ᠠ ᠣᠷᠣᠨ ᠨᠤᠲᠤᠭ ᠤᠨ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠲᠡᠭᠡᠭᠡᠪᠦᠷᠢ᠂ ᠠᠮᠤ ᠪᠤᠳᠠᠭ᠎ᠠ ᠪᠤᠯᠪᠠᠰᠤᠷᠠᠭᠤᠯᠬᠤ ᠦᠢᠯᠡᠰ ᠤᠨ ᠥᠪᠡᠷ ᠤᠨ ᠥᠷᠲᠡᠭ ᠤᠨ ᠲᠥᠯᠥᠪᠯᠡᠭᠡ ᠶᠢ ᠬᠠᠷᠢᠭᠤᠴᠠᠵᠤ ᠨᠠᠶᠢᠷᠠᠭᠤᠯᠤᠨ᠎ᠠ᠃ ᠪᠠᠷᠢᠯᠭ᠎ᠠ ᠤᠭᠰᠠᠷᠠᠬᠤ ᠠᠵᠤ ᠠᠬᠤᠶᠢᠯᠠᠯ᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠢ᠂ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ᠂ ᠰᠣᠶᠣᠯ ᠰᠤᠷᠭᠠᠨ ᠬᠥᠮᠥᠵᠢᠯ ᠡᠷᠡᠭᠦᠯ ᠬᠠᠮᠠᠭᠠᠯᠠᠯ ᠤᠨ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠲᠥᠯᠥᠪᠯᠡᠭᠡ ᠶᠢ ᠠᠶᠢᠮᠠᠭ ᠤᠨ ᠡᠯ᠎ᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠵᠤ ᠨᠠᠶᠢᠷᠠᠭᠤᠯᠤᠨ᠎ᠠ᠃ ᠥᠪᠡᠷ ᠤᠨ ᠥᠷᠲᠡᠭ ᠢ ᠣᠨᠣᠪᠴᠢᠲᠠᠢ ᠪᠣᠳᠣᠵᠤ᠂ ᠠᠵᠤ ᠠᠬᠤᠢ ᠶᠢᠨ ᠬᠢᠨᠠᠨ ᠪᠣᠳᠣᠯᠲᠠ ᠶᠢ ᠴᠢᠩᠭᠠᠳᠬᠠᠬᠤ ᠶᠢᠨ ᠲᠥᠯᠥᠭᠡ ᠪᠠᠰᠠ ᠲᠣᠭᠲᠠᠭᠠᠭᠰᠠᠨ ᠨᠢ᠄ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠰᠦᠢᠳᠬᠡᠯ ᠳᠤ ᠬᠠᠷᠢᠶᠠᠯᠠᠭᠳᠠᠬᠤ ᠵᠠᠷᠤᠳᠠᠯ ᠪᠠ ᠠᠵᠤ ᠠᠬᠤᠶᠢᠯᠠᠯ ᠤᠨ ᠣᠷᠣᠯᠭ᠎ᠠ ᠶᠢᠨ ᠦᠯᠡᠳᠡᠪᠦᠷᠢ ᠳᠣᠲᠣᠷ᠎ᠠ ᠠᠴᠠ ᠰᠢᠢᠳᠪᠦᠷᠢᠯᠡᠭᠰᠡᠨ ︽ᠳᠥᠷᠪᠡᠨ ᠲᠥᠷᠥᠯ ᠤᠨ ᠰᠦᠢᠳᠬᠡᠯ︾ ᠪᠠ ᠠᠵᠢᠯᠲᠠᠨ ᠤ ᠠᠮᠢᠳᠤᠷᠠᠯ ᠤᠨ ᠠᠰᠠᠷᠠᠮᠵᠢ ᠶᠢᠨ ᠲᠠᠯ᠎ᠠ ᠶᠢᠨ ᠵᠠᠷᠤᠳᠠᠯ ᠢ ᠴᠥᠮ ᠥᠪᠡᠷ ᠤᠨ ᠥᠷᠲᠡᠭ ᠤᠨ ᠰᠦᠢᠳᠬᠡᠯ ᠳᠤ ᠪᠣᠳᠣᠵᠤ ᠣᠷᠣᠭᠤᠯᠬᠤ ᠦᠭᠡᠢ᠃ ᠥᠪᠡᠷ ᠤᠨ ᠥᠷᠲᠡᠭ ᠤᠨ ᠲᠥᠯᠥᠪᠯᠡᠭᠡ ᠵᠣᠬᠢᠶᠠᠬᠤ ᠦᠶ᠎ᠡ ᠳᠤ ᠲᠦᠭᠦᠬᠡᠢ ᠡᠳ᠋ ᠪᠠ ᠪᠦᠲᠦᠭᠡᠭᠳᠡᠬᠦᠨ ᠤ ᠪᠦᠲᠦᠴᠡ ᠶᠢᠨ ᠬᠤᠪᠢᠷᠠᠯᠲᠠ ᠠᠴᠠ ᠪᠣᠯᠵᠤ ᠥᠪᠡᠷ ᠤᠨ ᠥᠷᠲᠡᠭ ᠢ ᠢᠯᠡᠳᠲᠡ ᠨᠥᠯᠦᠭᠡᠯᠡᠭᠰᠡᠨ ᠪᠣᠯ᠂ ᠪᠤᠰᠤᠳᠴᠢ ᠲᠣᠳᠣᠷᠬᠠᠶᠢᠯᠠᠯᠲᠠ ᠬᠢᠵᠦ᠂ ᠥᠪᠡᠷ ᠤᠨ ᠥᠷᠲᠡᠭ ᠤᠨ ᠲᠥᠯᠥᠪᠯᠡᠭᠡ ᠶᠢ ᠥᠭᠡᠷᠡᠴᠢᠯᠡᠬᠦ ᠦᠭᠡᠢ ᠪᠠᠶᠢᠵᠤ ᠪᠣᠯᠣᠨ᠎ᠠ ᠭᠡᠪᠡ᠃      ᠥᠪᠡᠷ ᠤᠨ ᠥᠷᠲᠡᠭ ᠤᠨ ᠬᠠᠮᠢᠶᠠᠷᠤᠯᠲᠠ ᠶᠢ ᠴᠢᠩᠭᠠᠳᠬᠠᠭᠰᠠᠨ ᠠᠴᠠ 1960 ᠣᠨ ᠳᠤ ᠪᠦᠬᠦ ᠠᠶᠢᠮᠠᠭ ᠤᠨ ᠬᠠᠷᠢᠴᠠᠭᠤᠯᠵᠤ ᠪᠣᠯᠬᠤ ᠪᠦᠲᠦᠭᠡᠭᠳᠡᠬᠦᠨ ᠤ ᠶᠡᠷᠥᠩᠬᠡᠢ ᠥᠪᠡᠷ ᠤᠨ ᠥᠷᠲᠡᠭ ᠳᠡᠭᠡᠷ᠎ᠡ ᠵᠢᠯ ᠤᠨ ᠬᠢ ᠠᠴᠠ ᠪᠠᠨ 8%᠎ ᠪᠠᠷ ᠪᠠᠭᠤᠷᠠᠵᠤ᠂ ᠪᠠᠭᠤᠷᠠᠭᠰᠠᠨ ᠶᠡᠷᠦᠩᠬᠡᠢ ᠲᠤᠭ᠎ᠠ 175 ᠲᠦᠮᠡᠨ ᠲᠥᠭᠦᠷᠢᠭ ᠪᠣᠯᠪᠠ᠃ ᠵᠢᠯ ᠤᠨ ᠡᠬᠢᠨ ᠳᠤ ᠪᠦᠬᠦ ᠠᠶᠢᠮᠠᠭ ᠬᠥᠩᠭᠡᠨ ᠠᠵᠤ ᠦᠢᠯᠡᠳᠪᠦᠷᠢ ᠶᠢᠨ ᠠᠯᠳᠠᠭᠳᠠᠯ ᠲᠠᠢ ᠠᠵᠤ ᠠᠬᠤᠶᠢᠯᠠᠯ 21 ᠪᠠᠶᠢᠭᠰᠠᠨ ᠠᠴᠠ ᠵᠢᠯ ᠤᠨ ᠡᠴᠦᠰ ᠪᠣᠯᠬᠤ ᠳᠤ 13 ᠬᠠᠰᠤᠭᠳᠠᠵᠤ᠂ ᠳᠡᠭᠡᠷ᠎ᠡ ᠵᠢᠯ ᠤᠨ ᠬᠢ ᠠᠴᠠ 61%᠎ ᠪᠠᠷ ᠪᠠᠭᠤᠷᠠᠵᠠᠢ᠃      1961 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠨᠡᠶᠢᠲᠡᠯᠡᠭᠰᠡᠨ ︽ᠡᠳ᠋ ᠤᠨ ᠵᠠᠰᠠᠭ ᠤᠨ ᠲᠣᠭᠲᠠᠯᠴᠠᠭ᠎ᠠ ᠶᠢ ᠥᠭᠡᠷᠡᠴᠢᠯᠡᠨ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠤᠭᠲᠠᠭᠠᠯ︾᠎ ᠢ ᠦᠨᠳᠦᠰᠦᠯᠡᠨ᠂ ᠶᠡᠭᠡ ᠵᠠᠰᠠᠯᠲᠠ ᠶᠢᠨ ᠰᠠᠭᠤᠷᠢ ᠮᠥᠩᠭᠦ ᠂ ᠠᠰᠢᠭ ᠣᠷᠣᠯᠭ᠎ᠠ ᠶᠢᠨ ᠦᠯᠡᠳᠡᠪᠦᠷᠢ ᠰᠠᠭᠤᠷᠢ ᠮᠥᠩᠭᠦ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠪᠠ ᠵᠠᠰᠠᠭ ᠵᠠᠬᠢᠷᠭᠠᠨ ᠠᠵᠢᠯ ᠦᠢᠯᠡᠰ ᠤᠨ ᠰᠦᠢᠳᠬᠡᠯ ᠳᠠᠬᠢ ᠵᠠᠷᠤᠳᠠᠯ ᠢ ᠥᠪᠡᠷ ᠤᠨ ᠥᠷᠲᠡᠭ ᠤᠨ ᠬᠡᠪᠴᠢᠶᠡᠨ ᠳᠤ ᠪᠠᠭᠲᠠᠭᠠᠬᠤ ᠶᠢ ᠴᠢᠩᠭ᠎ᠠ ᠬᠤᠷᠢᠭᠯᠠᠵᠤ᠂ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ ᠨᠢ ᠡᠷᠬᠡᠪᠰᠢ ᠲᠤᠬᠠᠢ ᠶᠢᠨ ᠭᠠᠵᠠᠷ ᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠷᠤᠳᠠᠯ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠥᠪᠡᠷᠲᠡᠭᠡᠨ ᠦᠨᠳᠦᠷ ᠪᠠᠷᠢᠮᠵᠢᠶ᠎ᠠ ᠪᠠᠷ ᠲᠣᠭᠲᠠᠭᠠᠵᠤ ᠪᠣᠯᠬᠤ ᠦᠭᠡᠢ᠃ ᠬᠦᠳᠡᠭᠡ ᠪᠠᠭᠤᠯᠭᠠᠵᠤ ᠬᠥᠳᠡᠯᠮᠦᠷᠢᠯᠡᠭᠦᠯᠦᠭᠰᠡᠨ ᠠᠵᠢᠯᠲᠠᠨ ᠤ ᠴᠠᠯᠢᠩ᠂ ᠵᠠᠮ ᠤᠨ ᠰᠦᠢᠳᠬᠡᠯ ᠢ ᠭᠤᠷᠪᠠᠨ ᠰᠠᠷ᠎ᠠ ᠶᠢᠨ ᠳᠣᠲᠣᠷ᠎ᠠ ᠪᠣᠯ ᠥᠪᠡᠷ ᠤᠨ ᠥᠷᠲᠡᠭ ᠢᠶᠠᠷ ᠪᠣᠳᠣᠵᠤ᠂ ᠭᠤᠷᠪᠠᠨ ᠰᠠᠷ᠎ᠠ ᠠᠴᠠ ᠬᠡᠲᠦᠷᠡᠪᠡᠯ ᠡᠵᠡᠩᠨᠡᠯᠲᠡ ᠠᠴᠠ ᠭᠠᠳᠠᠨᠠᠬᠢ ᠵᠠᠷᠤᠳᠠᠯ ᠳᠤ ᠣᠷᠣᠭᠤᠯᠵᠤ᠂ ᠥᠪᠡᠷ ᠤᠨ ᠥᠷᠲᠡᠭ ᠢᠶᠠᠷ ᠪᠣᠳᠣᠬᠤ ᠦᠭᠡᠢ ᠭᠡᠵᠡᠢ᠃      1962 ᠣᠨ ᠳᠤ ᠪᠦᠬᠦ ᠠᠶᠢᠮᠠᠭ ᠤᠨ ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠣᠲᠣᠭᠠᠳᠤ ᠨᠥᠭᠡᠴᠡ ᠪᠠᠨ ᠠᠭᠤᠳᠠᠯᠤᠨ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ ᠱᠠᠭᠠᠷᠳᠠᠪᠠ᠃ ᠠᠵᠤ ᠠᠬᠤᠶᠢᠯᠠᠯ ᠤᠨ ᠡᠯ᠎ᠡ ᠵᠦᠢᠯ ᠤᠨ ᠰᠦᠢᠳᠬᠡᠯ ᠨᠢ ᠤᠯᠤᠰ ᠤᠨ ᠲᠣᠭᠲᠠᠭᠠᠯ ᠢᠶᠠᠷ ᠬᠠᠮᠢᠶ᠎ᠠ ᠪᠦᠬᠦᠢ ᠲᠥᠷᠥᠯ ᠵᠦᠢᠯ ᠢᠶᠠᠷ ᠵᠠᠷᠤᠳᠠᠯ ᠢᠶᠠᠨ ᠵᠢᠭᠰᠠᠭᠠᠬᠤ ᠬᠡᠷᠡᠭᠲᠡᠢ᠂ ᠬᠠᠷᠢᠯᠴᠠᠨ ᠰᠢᠬᠠᠨ ᠡᠵᠡᠯᠡᠵᠦ ᠪᠣᠯᠬᠤ ᠦᠭᠡᠢ᠃ ᠮᠥᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠰᠢᠨᠵᠢ ᠲᠠᠢ ᠠᠵᠤ ᠠᠬᠤᠢ ᠶᠢᠨ ᠳᠦᠷᠪᠡᠨ ᠲᠥᠷᠥᠯ ᠤᠨ ᠰᠦᠢᠳᠬᠡᠯ ᠪᠣᠯᠬᠤ ᠠᠵᠤ ᠠᠬᠤᠶᠢᠯᠠᠯ ᠤᠨ ᠶᠡᠭᠡ ᠵᠠᠰᠠᠯᠲᠠ ᠶᠢᠨ ᠰᠦᠢᠳᠬᠡᠯ᠂ ᠠᠵᠤ ᠠᠬᠤᠶᠢᠯᠠᠯ ᠠᠴᠠ ᠡᠷᠬᠢᠯᠡᠭᠰᠡᠨ ᠲᠠᠷᠢᠶᠠᠯᠠᠩ ᠤᠨ ᠲᠤᠰᠠᠯᠠᠬᠤ ᠦᠢᠯᠡᠳᠪᠦᠷᠢᠯᠡᠯ ᠤᠨ ᠠᠵᠢᠯᠲᠠᠨ ᠤ ᠴᠠᠯᠢᠩ ᠪᠠ ᠦᠢᠯᠡᠳᠪᠦᠷᠢᠯᠡᠯ ᠤᠨ ᠳᠤᠮᠳᠠᠬᠢ ᠠᠯᠳᠠᠭᠳᠠᠯ᠂ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠵᠠᠷᠤᠳᠠᠯ ᠳᠤ ᠬᠠᠷᠢᠶᠠᠯᠠᠭᠳᠠᠬᠤ ᠦᠭᠡᠢ ᠪᠤᠰᠤᠳ ᠰᠦᠢᠳᠬᠡᠯ ᠢ ᠠᠵᠤ ᠠᠬᠤᠶᠢᠯᠠᠯ ᠤᠨ ᠥᠪᠡᠷ ᠤᠨ ᠥᠷᠲᠡᠭ ᠪᠣᠶᠣ ᠡᠵᠡᠩᠨᠡᠯᠲᠡ ᠠᠴᠠ ᠭᠠᠳᠠᠨᠠᠬᠢ ᠠᠰᠢᠭ ᠠᠯᠳᠠᠭᠳᠠᠯ ᠳᠤ ᠣᠷᠣᠭᠤᠯᠵᠤ ᠪᠣᠯᠬᠤ ᠦᠭᠡᠢ ᠭᠡᠵᠦ ᠲᠣᠭᠲᠠᠭᠠᠪᠠ᠃      1965 ᠣᠨ ᠤ 11 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠠᠵᠤ ᠠᠬᠤᠶᠢᠯᠠᠯ ᠤᠨ ᠪᠠᠭ᠎ᠠ ᠬᠡᠯᠪᠡᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ ᠳᠤ ᠬᠡᠷᠡᠭᠰᠡᠬᠦ ᠰᠦᠢᠳᠬᠡᠯ ᠢ ᠥᠪᠡᠷ ᠤᠨ ᠥᠷᠲᠡᠭ ᠤᠨ ᠲᠥᠯᠥᠪᠯᠡᠭᠡ᠂ ᠡᠳ᠋ ᠤᠨ ᠵᠠᠰᠠᠭ ᠲᠤ ᠲᠤᠰᠢᠶᠠᠬᠤ ᠡᠭᠦᠷᠭᠡ ᠪᠠᠨ ᠪᠡᠶᠡᠯᠡᠭᠦᠯᠦᠭᠰᠡᠨ ᠪᠠ ᠮᠠᠲ᠋ᠧᠷᠢᠶᠠᠯ ᠨᠡᠮᠡᠵᠦ ᠣᠯᠭᠤᠬᠤ ᠦᠭᠡᠢ ᠨᠥᠬᠦᠴᠡᠯ ᠳᠣᠣᠷ᠎ᠠ᠂ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ 1000 ᠲᠥᠭᠦᠷᠢᠭ ᠠᠴᠠ ᠳᠣᠷᠣᠭᠰᠢ᠂ ᠪᠠᠭ᠎ᠠ ᠬᠡᠯᠪᠡᠷᠢ ᠶᠢᠨ ᠠᠵᠤ ᠠᠬᠤᠶᠢᠯᠠᠯ 500 ᠲᠥᠭᠦᠷᠢᠭ ᠠᠴᠠ ᠳᠣᠷᠣᠭᠰᠢ ᠪᠣᠯ ᠦᠢᠯᠡᠳᠪᠦᠷᠢᠯᠡᠯ ᠤᠨ ᠥᠪᠡᠷ ᠤᠨ ᠥᠷᠲᠡᠭ ᠳᠣᠲᠣᠷ᠎ᠠ ᠲᠡᠰᠬᠡᠭᠡᠵᠦ ᠪᠣᠯᠣᠨ᠎ᠠ ᠭᠡᠵᠦ ᠲᠣᠭᠲᠠᠭᠠᠪᠠ᠃ ᠦᠢᠯᠡᠳᠪᠦᠷᠢᠯᠡᠯ ᠤᠨ ᠶᠠᠪᠤᠴᠠ ᠳᠤ ᠬᠡᠷᠡᠭᠰᠡᠬᠦ ᠳᠣᠣᠷ᠎ᠠ ᠥᠷᠲᠡᠭ ᠤᠨ ᠬᠢᠯᠪᠠᠷᠬᠠᠨ ᠡᠯᠡᠭᠳᠡᠬᠦ ᠵᠦᠢᠯ ᠢ ᠨᠢᠭᠡ ᠶᠢ ᠬᠤᠳᠠᠯᠳᠤᠨ ᠠᠪᠬᠤ ᠪᠦᠷᠢ ᠳᠤ ᠲᠣᠮᠣ᠂ ᠳᠤᠮᠳᠠ᠂ ᠵᠢᠵᠢᠭ ᠬᠡᠯᠪᠡᠷᠢ ᠶᠢᠨ ᠠᠵᠤ ᠠᠬᠤᠶᠢᠯᠠᠯ ᠨᠢ ᠲᠤᠰ ᠲᠤᠰ 800 ᠲᠥᠭᠦᠷᠢᠭ᠂ 500 ᠲᠥᠭᠦᠷᠢᠭ᠂ 200 ᠲᠥᠭᠦᠷᠢᠭ ᠤᠨ ᠳᠣᠲᠣᠷ᠎ᠠ ᠪᠣᠯ ᠥᠪᠡᠷ ᠤᠨ ᠥᠷᠲᠡᠭ ᠢᠶᠠᠷ ᠪᠣᠳᠣᠨ ᠣᠷᠣᠭᠤᠯᠵᠤ᠂ ᠦᠢᠯᠡᠳᠪᠦᠷᠢᠯᠡᠯ ᠳᠤ ᠪᠠᠴᠢᠮ ᠬᠡᠷᠡᠭᠰᠡᠬᠦ ᠢᠬᠢᠷ ᠰᠢᠬᠢᠷ ᠵᠠᠰᠠᠵᠤ ᠪᠠᠷᠢᠬᠤ ᠵᠦᠢᠯ ᠪᠠ ᠳᠥᠭᠦᠮ ᠪᠠᠷᠢᠯᠭ᠎ᠠ ᠨᠢ ᠦᠨᠳᠦᠰᠦᠨ ᠳᠤ ᠪᠠᠨ ᠬᠠᠶᠠᠭᠳᠠᠮᠠᠯ ᠮᠠᠲ᠋ᠧᠷᠢᠶᠠᠯ ᠢ ᠠᠰᠢᠭᠯᠠᠵᠤ ᠳᠡᠮᠡᠢ ᠮᠥᠩᠭᠦ ᠵᠠᠷᠤᠴᠠᠭᠤᠯᠬᠤ ᠦᠭᠡᠢ ᠪᠦᠭᠡᠳ ᠥᠪᠡᠷ ᠤᠨ ᠥᠷᠲᠡᠭ ᠪᠠ ᠡᠳ᠋ ᠤᠨ ᠵᠠᠰᠠᠭ ᠤᠨ ᠲᠥᠯᠥᠪᠯᠡᠭᠡ ᠶᠢ ᠨᠥᠯᠦᠭᠡᠯᠡᠬᠦ ᠦᠭᠡᠢ᠂ ᠲᠠᠯᠠᠪᠠᠢ ᠨᠢ 20 ᠲᠡᠭᠰᠢ ᠳᠦᠷᠪᠡᠯᠵᠢᠨ ᠮᠧᠲᠷ ᠠᠴᠠ ᠬᠡᠲᠦᠷᠡᠬᠦ ᠦᠭᠡᠢ ᠪᠣᠯ ᠰᠦᠢᠳᠬᠡᠯ ᠢ ᠨᠢ ᠥᠪᠡᠷ ᠤᠨ ᠥᠷᠲᠡᠭ ᠢᠶᠠᠷ ᠪᠣᠳᠣᠵᠤ ᠪᠣᠯᠣᠨ᠎ᠠ ᠭᠡᠵᠡᠢ᠃      1973 ᠣᠨ ᠤ 6 ᠰᠠᠷ᠎ᠠ ᠳᠤ ᠤᠯᠤᠰ ᠤᠨ ᠡᠳ᠋ ᠤᠨ ᠵᠠᠰᠠᠭ ᠤᠨ ᠶᠠᠮᠤᠨ ᠠᠴᠠ ᠲᠠᠷᠬᠠᠭᠠᠭᠰᠠᠨ ︽ᠤᠯᠤᠰ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠲᠣᠭᠲᠠᠭᠠᠯ ᠤᠳ︾ ᠪᠠ ︽ᠤᠯᠤᠰ ᠤᠨ ᠠᠵᠤ ᠦᠢᠯᠡᠳᠪᠦᠷᠢ ᠵᠠᠮ ᠬᠠᠷᠢᠯᠴᠠᠭ᠎ᠠ ᠶᠢᠨ ᠠᠵᠤ ᠠᠬᠤᠶᠢᠯᠠᠯ ᠤᠨ ᠰᠦᠢᠳᠬᠡᠯ ᠵᠠᠷᠤᠳᠠᠯ ᠤᠳ ᠤᠨ ᠲᠤᠬᠠᠢ ᠠᠷᠭ᠎ᠠ︾᠎ ᠶᠢ ᠦᠨᠳᠦᠰᠦᠯᠡᠭᠰᠡᠨ ᠠᠵᠤ ᠠᠬᠤᠶᠢᠯᠠᠯ ᠤᠨ ᠪᠦᠲᠦᠭᠡᠭᠳᠡᠬᠦᠨ ᠤ ᠥᠪᠡᠷ ᠤᠨ ᠥᠷᠲᠡᠭ ᠤᠨ ᠵᠠᠷᠤᠳᠠᠯ ᠤᠨ ᠬᠡᠪᠴᠢᠶ᠎ᠡ ᠪᠣᠯ᠄ ᠪᠦᠲᠦᠭᠡᠭᠳᠡᠬᠦᠨ ᠦᠢᠯᠡᠳᠬᠦ ᠳᠤ ᠵᠠᠷᠤᠴᠠᠭᠤᠯᠤᠭᠰᠠᠨ ᠡᠯ᠎ᠡ ᠵᠦᠢᠯ ᠤᠨ ᠲᠦᠭᠦᠬᠡᠢ ᠮᠠᠲ᠋ᠧᠷᠢᠶᠠᠯ᠂ ᠮᠠᠲ᠋ᠧᠷᠢᠶᠠᠯ ᠪᠠ ᠭᠠᠳᠠᠨ᠎ᠠ ᠠᠴᠠ ᠬᠤᠳᠠᠯᠳᠤᠨ ᠠᠪᠤᠭᠰᠠᠨ ᠬᠠᠭᠠᠰ ᠪᠦᠲᠦᠭᠡᠭᠳᠡᠬᠦᠨ᠂ ᠪᠦᠲᠦᠭᠡᠭᠳᠡᠬᠦᠨ ᠦᠢᠯᠡᠳᠬᠦ ᠳᠤ ᠵᠠᠷᠤᠴᠠᠭᠤᠯᠤᠭᠰᠠᠨ ᠰᠢᠲᠠᠭᠠᠯᠭ᠎ᠠ ᠪᠠ ᠬᠦᠳᠡᠯᠭᠡᠬᠦ ᠬᠦᠴᠦᠨ᠂ ᠦᠢᠯᠡᠳᠪᠦᠷᠢᠯᠡᠯ ᠤᠨ ᠠᠵᠢᠯᠲᠠᠨ ᠪᠠ ᠬᠠᠮᠢᠶᠠᠷᠤᠭᠳᠠᠭᠴᠢᠳ ᠤᠨ ᠴᠠᠯᠢᠩ ᠪᠠ ᠴᠠᠯᠢᠩ ᠤᠨ ᠶᠡᠷᠦᠩᠬᠡᠢ ᠲᠤᠭ᠎ᠠ ᠪᠠᠷ ᠠᠪᠤᠭᠰᠠᠨ ᠠᠰᠠᠷᠠᠮᠵᠢ ᠶᠢᠨ ᠰᠠᠭᠤᠷᠢ ᠮᠥᠩᠭᠦ᠂ ᠲᠣᠭᠲᠠᠭᠠᠯ ᠶᠣᠰᠣᠭᠠᠷ ᠭᠠᠷᠭᠠᠨ ᠠᠪᠤᠭᠰᠠᠨ ᠲᠣᠭᠲᠠᠮᠠᠯ ᠬᠥᠷᠥᠩᠭᠡ ᠶᠢᠨ ᠦᠨᠳᠦᠰᠦᠨ ᠡᠯᠡᠭᠳᠡᠯ ᠤᠨ ᠰᠠᠭᠤᠷᠢ ᠮᠥᠩᠭᠦ᠂ ᠶᠡᠭᠡ ᠵᠠᠰᠠᠯᠲᠠ ᠶᠢᠨ ᠡᠯᠡᠭᠳᠡᠯ ᠤᠨ ᠰᠠᠭᠤᠷᠢ ᠮᠥᠩᠭᠦ ᠪᠠ ᠲᠣᠭᠲᠠᠮᠠᠯ ᠬᠥᠷᠥᠩᠭᠡ ᠶᠢᠨ ᠳᠣᠲᠣᠷᠠᠬᠢ ᠪᠠᠭ᠎ᠠ ᠵᠠᠰᠠᠪᠤᠷᠢ ᠶᠢᠨ ᠰᠦᠢᠳᠬᠡᠯ᠂ ᠲᠣᠭᠲᠠᠭᠠᠯ ᠶᠣᠰᠣᠭᠠᠷ ᠪᠦᠲᠦᠭᠡᠭᠳᠡᠬᠦᠨ ᠤ ᠥᠪᠡᠷ ᠤᠨ ᠥᠷᠲᠡᠭ ᠲᠤ ᠣᠷᠣᠭᠤᠯᠤᠭᠰᠠᠨ ᠠᠵᠢᠯ ᠵᠣᠭᠰᠣᠭᠰᠠᠨ ᠰᠦᠢᠳᠬᠡᠯ᠂ ᠭᠤᠯᠣᠭᠳᠠᠮᠠᠯ ᠪᠦᠲᠦᠭᠡᠭᠳᠡᠬᠦᠨ ᠤ ᠰᠦᠢᠳᠦᠯ᠂ ᠪᠦᠲᠦᠭᠡᠭᠳᠡᠬᠦᠨ ᠤ ᠪᠣᠭᠤᠳᠠᠯ ᠪᠠ ᠪᠣᠷᠣᠯᠠᠭᠤᠯᠭ᠎ᠠ ᠶᠢᠨ ᠰᠦᠢᠳᠬᠡᠯ᠂ ᠠᠵᠤ ᠠᠬᠤᠶᠢᠯᠠᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠷᠢᠭᠰᠠᠨ ᠲᠡᠭᠰᠢ ᠳᠦᠷᠪᠡᠯᠵᠢᠨ ᠮᠧᠲᠷ ᠪᠦᠷᠢ ᠳᠤ ᠪᠠᠨ 20 ᠲᠥᠭᠦᠷᠢᠭ ᠠᠴᠠ ᠳᠣᠷᠣᠭᠰᠢ ᠥᠷᠲᠡᠭ ᠪᠦᠬᠦᠢ ᠮᠠᠲ᠋ᠧᠷᠢᠶᠠᠯ ᠬᠠᠳᠠᠭᠠᠯᠠᠬᠤ ᠳᠥᠭᠦᠮ ᠰᠠᠷᠠᠪᠴᠢ ᠶᠢᠨ ᠰᠦᠢᠳᠬᠡᠯ᠂ ᠲᠡᠭᠡᠭᠡᠪᠦᠷᠢᠯᠡᠬᠦ ᠰᠦᠢᠳᠬᠡᠯ᠂ ᠮᠠᠲ᠋ᠧᠷᠢᠶᠠᠯ ᠪᠠ ᠪᠦᠲᠦᠭᠡᠭᠳᠡᠬᠦᠨ ᠤ ᠢᠯᠡᠭᠦᠳᠡᠯ ᠲᠤᠲᠠᠭᠳᠠᠯ᠂ ᠬᠦᠦ ᠮᠥᠩᠭᠦ ᠶᠢᠨ ᠣᠷᠣᠯᠭ᠎ᠠ ᠵᠠᠷᠤᠯᠭ᠎ᠠ ᠵᠡᠷᠭᠡ ᠪᠤᠰᠤᠳ ᠦᠢᠯᠡᠳᠪᠦᠷᠢᠯᠡᠯ ᠤᠨ ᠰᠦᠢᠳᠬᠡᠯ᠃      1974 ᠣᠨ ᠤ 1 ᠰᠠᠷ᠎ᠠ ᠳᠤ ᠡᠳ᠋ ᠤᠨ ᠵᠠᠰᠠᠭ ᠤᠨ ᠶᠠᠮᠤᠨ ᠤ ᠲᠣᠭᠲᠠᠭᠠᠯ ᠢᠶᠠᠷ᠄ ᠲᠦᠭᠦᠬᠡᠢ ᠮᠠᠲ᠋ᠧᠷᠢᠶᠠᠯ᠂ ᠰᠢᠲᠠᠭᠠᠯᠭ᠎ᠠ ᠪᠠ ᠬᠥᠳᠡᠯᠭᠡᠬᠦ ᠬᠦᠴᠦ᠂ ᠴᠠᠯᠢᠩ ᠪᠠ ᠨᠡᠮᠡᠯᠲᠡ ᠰᠦᠢᠳᠬᠡᠯ᠂ ᠭᠤᠯᠣᠭᠳᠠᠮᠠᠯ ᠪᠦᠲᠦᠭᠡᠭᠳᠡᠬᠦᠨ ᠤ ᠰᠦᠢᠳᠦᠯ᠂ ᠦᠢᠯᠡᠳᠪᠦᠷᠢᠯᠡᠯ ᠤᠨ ᠲᠠᠰᠤᠭ ᠤᠨ ᠰᠦᠢᠳᠬᠡᠯ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠦᠢᠳᠬᠡᠯ᠂ ᠠᠵᠢᠯ ᠵᠣᠭᠰᠣᠭᠰᠠᠨ ᠰᠦᠢᠳᠦᠯ᠂ ᠪᠣᠷᠣᠯᠠᠭᠤᠯᠭ᠎ᠠ ᠶᠢᠨ ᠰᠦᠢᠳᠬᠡᠯ ᠢ ᠠᠵᠤ ᠠᠬᠤᠶᠢᠯᠠᠯ ᠤᠨ ᠥᠪᠡᠷ ᠤᠨ ᠥᠷᠲᠡᠭ ᠲᠤ ᠣᠷᠣᠭᠤᠯᠬᠤ ᠦᠭᠡᠢ ᠭᠡᠪᠡ᠃      1978 ᠣᠨ ᠳᠤ ᠡᠳ᠋ ᠤᠨ ᠵᠠᠰᠠᠭ ᠤᠨ ᠶᠠᠮᠤᠨ ᠤ ᠲᠣᠭᠲᠠᠭᠠᠯ ᠢᠶᠠᠷ ᠠᠵᠢᠯᠴᠢᠨ ᠤ ᠡᠪᠯᠡᠯ ᠤᠨ ᠰᠦᠢᠳᠬᠡᠯ ᠢᠶᠠᠷ ᠭᠠᠷᠭᠠᠭᠰᠠᠨ ᠵᠠᠷᠤᠳᠠᠯ ᠪᠦᠬᠦᠨ ᠢ ᠠᠵᠤ ᠠᠬᠤᠶᠢᠯᠠᠯ ᠤᠨ ᠥᠪᠡᠷ ᠤᠨ ᠥᠷᠲᠡᠭ ᠲᠤ ᠣᠷᠣᠭᠤᠯᠬᠤ ᠦᠭᠡᠢ ᠭᠡᠵᠦ ᠲᠣᠭᠲᠠᠭᠠᠪᠠ᠃      1979 ᠣᠨ ᠤ 11 ᠰᠠᠷ᠎ᠠ ᠳᠤ ᠤᠯᠤᠰ ᠤᠨ ᠲᠣᠭᠲᠠᠭᠠᠯ ᠢᠶᠠᠷ ᠠᠵᠢᠯᠲᠠᠨ ᠳᠤ ᠥᠭᠴᠦ ᠪᠠᠶᠢᠭᠰᠠᠨ ᠬᠤᠯᠢᠰᠢᠨ ᠢᠳᠡᠭᠡᠨ ᠤ ᠦᠨ᠎ᠡ ᠶᠢᠨ ᠨᠥᠬᠦᠪᠦᠷᠢ ᠶᠢ ᠥᠪᠡᠷ ᠤᠨ ᠥᠷᠲᠡᠭ ᠲᠤ ᠣᠷᠣᠭᠤᠯᠪᠠ᠃      1982 ᠣᠨ ᠠᠴᠠ ᠡᠬᠢᠯᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠣᠭᠲᠠᠭᠠᠯ ᠶᠣᠰᠣᠭᠠᠷ ᠠᠵᠢᠯᠲᠠᠳ ᠤᠨ ᠰᠤᠷᠭᠠᠨ ᠬᠥᠮᠥᠵᠢᠯ ᠤᠨ ᠰᠦᠢᠳᠬᠡᠯ ᠢ ᠴᠠᠯᠢᠩ ᠤᠨ ᠶᠡᠷᠦᠩᠬᠡᠢ ᠲᠣᠭᠠᠨ ᠤ 1.5%᠎ ᠪᠠᠷ ᠠᠪᠴᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠲᠤ ᠰᠢᠭᠤᠳ ᠣᠷᠣᠭᠤᠯᠪᠠ᠃ 1983 ᠣᠨ ᠳᠤ ᠪᠠᠰᠠ ᠠᠵᠤ ᠠᠬᠤᠶᠢᠯᠠᠯ ᠤᠨ ᠦᠷᠭᠦᠯᠵᠢ ᠶᠢᠨ ᠴᠢᠨᠠᠷ ᠲᠠᠢ ᠦᠢᠯᠡᠳᠪᠦᠷᠢᠯᠡᠯ ᠤᠨ ᠱᠠᠩᠨᠠᠯ᠂ ᠰᠠᠭᠤᠳᠬᠠᠯ ᠴᠠᠯᠢᠩ᠂ ᠳᠠᠪᠠᠭᠤᠯᠤᠨ ᠪᠡᠶᠡᠯᠡᠭᠦᠯᠦᠭᠰᠡᠨ ᠴᠠᠯᠢᠩ ᠢ ᠴᠥᠮ ᠭᠠᠶᠢᠯᠢ ᠶᠢᠨ ᠳᠠᠷᠠᠭᠠᠬᠢ ᠦᠯᠡᠳᠡᠪᠦᠷᠢ ᠠᠴᠠ ᠭᠠᠷᠭᠠᠵᠤ᠂ ᠠᠵᠢᠯᠲᠠᠨ ᠤ ᠠᠰᠠᠷᠠᠮᠵᠢ ᠶᠢᠨ ᠰᠠᠭᠤᠷᠢ ᠮᠥᠩᠭᠦ ᠶᠢ ᠥᠪᠡᠷ ᠤᠨ ᠥᠷᠲᠡᠭ ᠲᠤ ᠣᠷᠣᠭᠤᠯᠬᠤ ᠪᠠᠷ ᠲᠣᠭᠲᠠᠭᠠᠪᠠ᠃ ᠠᠯᠳᠠᠭᠳᠠᠯ ᠲᠠᠢ ᠠᠵᠤ ᠠᠬᠤᠶᠢᠯᠠᠯ ᠤᠨ ᠤᠤᠯ ᠤᠨ ᠥᠪᠡᠷ ᠤᠨ ᠥᠷᠲᠡᠭ ᠤᠨ ᠳᠣᠲᠣᠷ᠎ᠠ ᠠᠴᠠ ᠭᠠᠷᠭᠠᠵᠤ ᠪᠠᠶᠢᠭᠰᠠᠨ ᠦᠷᠭᠦᠯᠵᠢ ᠶᠢᠨ ᠴᠢᠨᠠᠷ ᠲᠠᠢ ᠱᠠᠩᠨᠠᠯ᠂ ᠰᠠᠭᠤᠳᠬᠠᠯ ᠴᠠᠯᠢᠩ ᠢ ᠠᠯᠳᠠᠪᠣᠷᠢ ᠶᠢᠨ ᠨᠥᠬᠦᠪᠦᠷᠢ ᠪᠠ ᠠᠯᠳᠠᠭᠳᠠᠯ ᠢᠶᠠᠨ ᠪᠠᠭᠠᠰᠬᠠᠭᠰᠠᠨ ᠨᠤᠭᠳᠠᠯ ᠠᠴᠠ ᠭᠠᠷᠭᠠᠬᠤ ᠪᠣᠯᠪᠠ᠃      1986 ᠣᠨ ᠳᠤ ᠠᠵᠤ ᠠᠬᠤᠶᠢᠯᠠᠯ ᠠᠵᠢᠯᠲᠠᠨ ᠤ ᠴᠠᠯᠢᠩ ᠢ ᠬᠥᠮᠥᠨ ᠪᠦᠷᠢ ᠳᠤᠮᠳᠠᠴᠢ ᠪᠠᠷ ᠰᠠᠷ᠎ᠠ ᠳᠤ 5 ᠲᠥᠭᠦᠷᠢᠭ ᠥᠰᠬᠡᠭᠰᠡᠨ ᠢ ᠴᠥᠮ ᠥᠪᠡᠷ ᠤᠨ ᠥᠷᠲᠡᠭ ᠲᠤ ᠣᠷᠣᠭᠤᠯᠪᠠ᠃      1989 ᠣᠨ ᠤ 4 ᠰᠠᠷ᠎ᠠ ᠶᠢᠨ 6᠎ ᠤ ᠡᠳᠦᠷ᠂ ᠤᠯᠤᠰ ᠤᠨ ᠡᠳ᠋ ᠤᠨ ᠵᠠᠰᠠᠭ ᠤᠨ ᠶᠠᠮᠤᠨ ᠤ ᠲᠣᠭᠲᠠᠭᠠᠯ ᠶᠣᠰᠣᠭᠠᠷ ᠲᠤᠰ ᠬᠤᠲᠠ ᠶᠢᠨ ᠠᠵᠤ ᠠᠬᠤᠶᠢᠯᠠᠯ ᠨᠢ ᠴᠥᠮ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠦᠢᠳᠬᠡᠯ ᠳᠣᠲᠣᠷ᠎ᠠ ᠠᠴᠠ ᠲᠤᠬᠠᠶᠢᠯᠠᠭᠰᠠᠨ ᠠᠵᠢᠯ ᠤᠨ ᠵᠣᠴᠢᠯᠠᠬᠤ ᠰᠦᠢᠳᠬᠡᠯ ᠢᠶᠠᠨ ᠭᠠᠷᠭᠠᠪᠠ ᠃ ᠵᠣᠴᠢᠯᠠᠬᠤ ᠰᠦᠢᠳᠬᠡᠯ ᠤᠨ ᠬᠢᠵᠠᠭᠠᠷ ᠨᠢ ᠲᠣᠮᠣ ᠳᠤᠮᠳᠠ ᠬᠡᠯᠪᠡᠷᠢ ᠪᠠ ᠣᠷᠣᠯᠭ᠎ᠠ ᠪᠠᠭ᠎ᠠ ᠲᠠᠢ ᠠᠵᠤ ᠠᠬᠤᠶᠢᠯᠠᠯ ᠭᠡᠵᠦ ᠦᠨᠳᠦᠰᠦᠯᠡᠨ᠂ ᠪᠦᠬᠦ ᠵᠢᠯ ᠤᠨ ᠵᠣᠴᠢᠯᠠᠬᠤ ᠰᠦᠢᠳᠬᠡᠯ ᠢ ᠲᠤᠬᠠᠢ ᠶᠢᠨ ᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠶᠢᠨ 0.3% ᠪᠠ 0.8%᠎ ᠪᠠᠷ ᠭᠠᠷᠭᠠᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ