ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠠᠷᠪᠠᠨ ᠳᠥᠷᠪᠡ︶
ᠨᠡᠶᠢᠲᠡᠯᠡᠭᠰᠡᠨ ᠴᠠᠭ᠄
2020/9/30
ᠬᠤᠶᠠᠳᠤᠭᠠᠷ ᠬᠡᠰᠡᠭ ᠲᠥᠰᠥᠪ ᠤᠨ ᠬᠠᠮᠢᠶᠠᠷᠤᠯᠲᠠ      ᠴᠢᠯᠦᠭᠡᠯᠡᠬᠦ ᠳᠠᠶᠢᠨ ᠤ ᠬᠤᠭᠤᠴᠠᠭᠠᠨ ᠳᠤ ᠵᠤᠤ ᠤᠳᠠ ᠠᠶᠢᠮᠠᠭ ᠤᠨ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠥᠪ ᠭᠦᠢᠴᠡᠳᠬᠡᠯ ᠤᠨ ᠬᠠᠮᠢᠶᠠᠷᠤᠯᠲᠠ ᠶᠢᠨ ᠳᠦᠷᠢᠮ ᠨᠢ ᠬᠠᠷᠠᠬᠠᠨ ᠲᠡᠭᠦᠯᠳᠡᠷᠵᠢᠭᠡᠳᠦᠢ ᠪᠠᠶᠢᠵᠤ᠂ ᠬᠠᠩᠭᠠᠯᠭ᠎ᠠ ᠶᠢᠨ ᠳᠦᠷᠢᠮ ᠢ ᠰᠢᠢᠳᠪᠦᠷᠢᠯᠡᠬᠦ ᠳᠤ ᠬᠡᠷᠡᠭᠰᠡᠬᠦ ᠵᠣᠭᠤᠰ ᠪᠠᠷᠠᠭ᠎ᠠ ᠨᠢ ᠭᠤᠣᠯᠳᠠᠭᠤ ᠳᠠᠶᠢᠰᠤᠨ ᠤ ᠲᠠᠯ᠎ᠠ ᠪᠠ ᠮᠠᠨᠵᠤ ᠠᠴᠠ ᠬᠦᠯᠢᠶᠡᠯᠭᠡᠵᠦ ᠠᠪᠤᠭᠰᠠᠨ ᠡᠳ᠋ ᠪᠤᠳᠠᠰ᠂ ᠲᠠᠢ ᠬᠤᠸᠠ ᠠᠷᠠᠯᠵᠢᠶ᠎ᠠ ᠶᠢᠨ ᠺᠣᠮᠫᠠᠨᠢ ᠶᠢᠨ ᠬᠤᠳᠠᠯᠳᠤᠭ᠎ᠠ ᠶᠢᠨ ᠣᠷᠣᠯᠭ᠎ᠠ᠂ ᠲᠤᠬᠠᠢ ᠶᠢᠨ ᠭᠠᠵᠠᠷ ᠤᠨ ᠪᠠᠶᠢᠭᠤᠯᠭ᠎ᠠ ᠶᠢᠨ ᠴᠤᠭᠯᠠᠭᠤᠯᠬᠤ ᠪᠠ ᠠᠷᠤ ᠲᠠᠯ᠎ᠠ ᠶᠢᠨ ᠴᠡᠷᠢᠭ ᠠᠩᠭᠢ ᠶᠢᠨ ᠬᠢᠨ ᠦᠢᠯᠡᠳᠪᠦᠷᠢᠯᠡᠯ ᠳᠤ ᠣᠷᠣᠯᠴᠠᠬᠤ ᠳᠤ ᠲᠦᠰᠢᠭᠯᠡᠨ᠂ ᠥᠪᠡᠷ ᠢ ᠪᠠᠨ ᠥᠪᠡᠷᠲᠡᠭᠡᠨ ᠬᠠᠩᠭᠠᠵᠤ ᠪᠠᠶᠢᠵᠠᠢ᠃ ᠬᠠᠩᠭᠠᠯᠭ᠎ᠠ ᠶᠢᠨ ᠳᠦᠷᠢᠮ ᠨᠢ ᠭᠤᠣᠯᠳᠠᠭᠤ ᠬᠦᠨᠡᠰᠦᠨ ᠬᠠᠩᠭᠠᠯᠭ᠎ᠠ᠂ ᠬᠤᠪᠴᠠᠰᠤ ᠬᠤᠨᠠᠷ᠂ ᠨᠥᠬᠦᠪᠦᠷᠢ ᠪᠠ ᠡᠳᠦᠷ ᠳᠣᠲᠣᠮ ᠤᠨ ᠬᠡᠷᠡᠭᠯᠡᠭᠡᠨ ᠤ ᠪᠤᠳᠠᠰ ᠢ ᠪᠠᠭᠲᠠᠭᠠᠵᠤ ᠪᠠᠶᠢᠪᠠ᠃      ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠦᠶ᠎ᠡ ᠳᠤ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠨᠢ ᠵᠣᠬᠢᠬᠤ ᠬᠡᠮᠵᠢᠶ᠎ᠡ ᠪᠠᠷ ᠴᠢᠩᠭᠠᠷᠠᠵᠠᠢ᠃ 1951 ᠣᠨ ᠳᠤ ︽ᠤᠯᠤᠰ ᠤᠨ ᠲᠥᠰᠥᠪ ᠭᠦᠢᠴᠡᠳᠬᠡᠯ ᠤᠨ ᠲᠦᠷ ᠬᠡᠷᠡᠭᠵᠢᠭᠦᠯᠬᠦ ᠲᠣᠭᠲᠠᠭᠠᠯ︾᠎ ᠢ ᠦᠨᠳᠦᠰᠦᠯᠡᠵᠦ᠂ ᠠᠶᠢᠮᠠᠭ ᠪᠠ ᠬᠤᠰᠢᠭᠤ ᠰᠢᠶᠠᠨ ᠨᠢ ᠲᠥᠰᠥᠪ᠂ ᠲᠥᠰᠥᠪ ᠤᠨ ᠭᠦᠢᠴᠡᠳᠬᠡᠯ ᠨᠠᠶᠢᠷᠠᠭᠤᠯᠵᠤ ᠡᠬᠢᠯᠡᠪᠡ᠃ ᠵᠢᠯ ᠪᠦᠷᠢ ᠶᠢᠨ ᠨᠠᠢᠮᠠᠨ ᠰᠠᠷ᠎ᠠ ᠳᠤ ᠠᠶᠢᠮᠠᠭ ᠤᠨ ᠠᠮᠤ ᠪᠤᠳᠠᠭ᠎ᠠ ᠡᠳ᠋ ᠤᠨ ᠵᠠᠰᠠᠭ ᠤᠨ ᠭᠠᠵᠠᠷ ᠠᠴᠠ ᠡᠯ᠎ᠡ ᠬᠤᠰᠢᠭᠤ ᠰᠢᠶᠠᠨ ᠤ ᠲᠥᠰᠥᠪ ᠢ ᠬᠢᠨᠠᠨ ᠪᠠᠶᠢᠴᠠᠭᠠᠵᠤ ᠬᠢᠨᠠᠨ ᠲᠣᠭᠲᠠᠭᠠᠭᠰᠠᠨ ᠤ ᠳᠠᠷᠠᠭ᠎ᠠ ᠠᠶᠢᠮᠠᠭ ᠤᠨ ᠱᠠᠲᠤᠨ ᠤ ᠶᠡᠷᠦᠩᠬᠡᠢ ᠲᠥᠰᠥᠪ ᠪᠣᠯᠭᠠᠨ ᠨᠠᠶᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃ ᠡᠮᠦᠨ᠎ᠡ ᠬᠡᠰᠡᠭ ᠤᠨ ᠬᠤᠰᠢᠭᠤ ᠰᠢᠶᠠᠨ ᠨᠢ ᠿᠧᠾᠧ ᠮᠤᠵᠢ ᠳᠤ ᠮᠡᠳᠡᠭᠦᠯᠦᠨ ᠬᠢᠨᠠᠨ ᠲᠣᠭᠲᠠᠭᠠᠯᠭᠠᠵᠤ ᠪᠠᠶᠢᠪᠠ᠃ ᠰᠦᠢᠳᠬᠡᠯ ᠤᠨ ᠬᠦᠷᠦᠯᠴᠡᠬᠦ ᠦᠭᠡᠢ ᠬᠡᠰᠡᠭ ᠢ ᠥᠪᠡᠷᠲᠡᠭᠡᠨ ᠵᠠᠰᠠᠬᠤ ᠣᠷᠣᠨ ᠠᠴᠠ ᠤᠯᠠᠷᠢᠯ ᠢᠶᠠᠷ ᠣᠯᠭᠤᠵᠤ ᠪᠠᠶᠢᠪᠠ᠃ ᠡᠯ᠎ᠡ ᠬᠤᠰᠢᠭᠤ ᠰᠢᠶᠠᠨ ᠨᠢ ᠲᠤᠰ ᠪᠦᠷᠢ ᠤᠯᠠᠷᠢᠯ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠠᠴᠠ ᠡᠭᠦᠨ ᠳᠤ ᠰᠠᠭᠤᠷᠢᠯᠠᠨ ᠰᠠᠷ᠎ᠠ᠂ ᠤᠯᠠᠷᠢᠯ ᠢᠶᠠᠷ ᠬᠤᠪᠢᠶᠠᠨ ᠣᠯᠭᠤᠵᠤ ᠪᠠᠶᠢᠪᠠ᠃ ᠲᠥᠰᠥᠪ ᠤᠨ ᠲᠥᠷᠥᠯ ᠵᠦᠢᠯ ᠪᠠ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠨᠡᠯᠢᠶᠡᠳ ᠪᠦᠷᠢᠨ ᠭᠦᠢᠴᠡᠳ ᠪᠣᠯᠭᠠᠬᠤ ᠶᠢᠨ ᠲᠥᠯᠥᠭᠡ᠂ ᠠᠶᠢᠮᠠᠭ ᠤᠨ ᠱᠠᠲᠤᠨ ᠤ ᠶᠡᠷᠦᠩᠬᠡᠢ ᠬᠠᠷᠢᠭᠤᠴᠠᠯᠭ᠎ᠠ ᠲᠣᠭᠲᠠᠭᠠᠵᠤ ᠲᠥᠰᠥᠪ ᠢ ᠬᠡᠷᠡᠭᠵᠢᠭᠦᠯᠬᠦ᠂ ᠲᠥᠰᠥᠪ ᠲᠤ ᠲᠣᠬᠢᠷᠠᠭᠤᠯᠤᠯᠲᠠ ᠬᠢᠬᠦ᠂ ᠲᠥᠰᠥᠪ ᠤᠨ ᠭᠦᠢᠴᠡᠳᠬᠡᠯ ᠬᠢᠬᠦ ᠵᠡᠷᠭᠡ ᠲᠠᠯ᠎ᠠ ᠪᠠᠷ ᠴᠥᠮ ᠨᠠᠷᠢᠯᠢᠭ ᠲᠣᠭᠲᠠᠭᠠᠯ ᠭᠠᠷᠭᠠᠵᠤ᠂ ᠲᠥᠰᠥᠪ ᠢ ᠨᠠᠶᠢᠷᠠᠭᠤᠯᠬᠤ ᠪᠠ ᠲᠥᠰᠥᠪ ᠤᠨ ᠭᠦᠢᠴᠡᠳᠬᠡᠯ ᠢ ᠬᠢᠨᠠᠨ ᠪᠠᠶᠢᠴᠠᠭᠠᠬᠤ ᠠᠵᠢᠯ ᠢ ᠡᠬᠢᠯᠡᠨ ᠵᠥᠪ ᠵᠢᠮ᠎ᠡ ᠳᠤ ᠣᠷᠣᠭᠤᠯᠤᠭᠰᠠᠨ ᠪᠠᠶᠢᠨ᠎ᠠ᠃      1959 ᠣᠨ ᠤ 6 ᠰᠠᠷ᠎ᠠ ᠶᠢᠨ 22᠎ ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ︽ᠡᠳ᠋ ᠤᠨ ᠵᠠᠰᠠᠭ ᠤᠨ ᠣᠷᠣᠯᠭ᠎ᠠ ᠶᠢ ᠶᠡᠭᠡ ᠪᠠᠷ ᠠᠳᠬᠤᠵᠤ᠂ ᠵᠠᠷᠤᠯᠭ᠎ᠠ ᠢ ᠵᠣᠬᠢᠰᠲᠠᠢ ᠠᠷᠪᠢᠯᠠᠨ᠂ ᠦᠢᠯᠡᠳᠪᠦᠷᠢᠯᠡᠯ ᠢᠶᠠᠨ ᠨᠡᠮᠡᠭᠳᠡᠭᠦᠯᠦᠨ ᠠᠷᠪᠢᠯᠠᠨ ᠭᠠᠮᠨᠠᠬᠤ ᠬᠦᠳᠡᠯᠭᠡᠭᠡᠨ ᠢ ᠦᠷᠭᠦᠯᠵᠢᠯᠡᠨ ᠭᠦᠨᠵᠡᠭᠡᠢ ᠥᠷᠨᠢᠭᠦᠯᠬᠦ ᠲᠤᠬᠠᠢ ᠬᠤᠯᠪᠤᠭᠠᠯᠠᠭᠰᠠᠨ ᠵᠢᠭᠠᠪᠤᠷᠢ︾᠎ ᠶᠢ ᠲᠠᠷᠬᠠᠭᠠᠵᠤ᠂ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠬᠦᠴᠦ ᠶᠢ ᠶᠡᠭᠡ ᠪᠠᠷ ᠬᠠᠰᠤᠬᠤ ᠶᠢ ᠱᠠᠭᠠᠷᠳᠠᠪᠠ᠃ ᠲᠥᠰᠥᠪ ᠢ ᠬᠢᠨᠠᠨ ᠲᠣᠭᠲᠠᠭᠠᠭᠰᠠᠨ ᠰᠠᠭᠤᠷᠢᠨ ᠳᠡᠭᠡᠷ᠎ᠡ᠂ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ 5%᠎ ᠪᠠᠷ ᠠᠷᠪᠢᠯᠠᠵᠤ᠂ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠰᠦᠢᠳᠬᠡᠯ ᠢ 3% — 5%᠎ ᠪᠠᠷ ᠠᠷᠪᠢᠯᠠᠪᠠ᠃ ᠠᠵᠤ ᠠᠬᠤᠶᠢᠯᠠᠯ ᠤᠨ ᠣᠷᠣᠯᠭ᠎ᠠ ᠶᠢ ᠳᠡᠭᠡᠭᠰᠢ ᠲᠤᠰᠢᠶᠠᠬᠤ ᠠᠵᠢᠯ ᠢ ᠠᠳᠬᠤᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ ᠪᠦᠲᠦᠭᠡᠭᠳᠡᠭᠦᠨ ᠤ ᠥᠪᠡᠷ ᠤᠨ ᠥᠷᠲᠡᠭ ᠢ ᠳᠡᠭᠡᠷ᠎ᠡ ᠵᠢᠯ ᠠᠴᠠ 6% — 8%᠎ ᠪᠠᠷ ᠪᠠᠭᠤᠷᠠᠭᠤᠯᠪᠠ᠃ ᠡᠯ᠎ᠡ ᠰᠠᠯᠭ᠎ᠠ ᠮᠥᠴᠢᠷ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠬᠥᠮᠥᠷᠭᠡ ᠳᠤ ᠪᠠᠶᠢᠭ᠎ᠠ ᠡᠳ᠋ ᠪᠤᠳᠠᠰ ᠢᠶᠠᠨ ᠪᠦᠬᠦ ᠲᠠᠯ᠎ᠠ ᠪᠠᠷ ᠪᠠᠶᠢᠴᠠᠭᠠᠵᠤ᠂ ᠲᠤᠰ ᠨᠢᠭᠡᠴᠢ ᠥᠪᠡᠷ ᠢᠶᠠᠨ ᠠᠰᠢᠭᠯᠠᠵᠤ ᠳᠡᠶᠢᠯᠬᠦ ᠦᠭᠡᠢ ᠶᠢ ᠨᠢ ᠳᠡᠭᠡᠭᠰᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰᠢᠶᠠᠨ ᠨᠢᠭᠡᠲᠦᠯᠲᠡᠢ ᠲᠦᠭᠡᠭᠡᠨ ᠲᠣᠬᠢᠷᠠᠭᠤᠯᠬᠤ ᠪᠤᠶᠤ ᠰᠢᠢᠳᠪᠦᠷᠢᠯᠡᠵᠦ᠂ ᠲᠥᠰᠥᠪ ᠤᠨ ᠭᠠᠳᠠᠨᠠᠬᠢ ᠣᠷᠣᠯᠭ᠎ᠠ ᠶᠢ ᠳᠡᠭᠡᠭᠰᠢ ᠲᠤᠰᠢᠶᠠᠬᠤ ᠦᠭᠡᠢ ᠪᠤᠶᠤ ᠬᠠᠤᠯᠢ ᠪᠤᠰᠤ ᠪᠠᠷ ᠨᠡᠭᠦᠯᠭᠡᠨ ᠬᠡᠷᠡᠭᠯᠡᠬᠦ ᠶᠢ ᠬᠤᠷᠢᠭᠯᠠᠵᠤ᠂ ᠲᠥᠰᠥᠪ ᠤᠨ ᠬᠠᠮᠢᠶᠠᠷᠤᠯᠲᠠ ᠶᠢ ᠴᠢᠨᠠᠭᠰᠢᠲᠠ ᠴᠢᠩᠭᠠᠳᠬᠠᠪᠠ᠃ ᠲᠤᠬᠠᠢ ᠶᠢᠨ ᠵᠢᠯ ᠤᠨ ᠡᠳ᠋ ᠤᠨ ᠵᠠᠰᠠᠭ ᠤᠨ ᠣᠷᠣᠯᠭ᠎ᠠ ᠨᠢ ᠳᠡᠭᠡᠷ᠎ᠡ ᠵᠢᠯ ᠤᠨ ᠬᠢ ᠠᠴᠠ ᠪᠠᠨ ᠶᠡᠭᠡ ᠬᠡᠮᠵᠢᠶ᠎ᠡ ᠪᠠᠷ ᠨᠡᠮᠡᠭᠳᠡᠭᠰᠡᠨ ᠪᠠᠶᠢᠨ᠎ᠠ᠃      1960 ᠣᠨ ᠤ 4 ᠰᠠᠷ᠎ᠠ ᠶᠢᠨ 17᠎ ᠤ ᠡᠳᠦᠷ᠂ ᠠᠶᠢᠮᠠᠭ ᠤᠨ ᠵᠠᠬᠢᠷᠭ᠎ᠠ ᠠᠴᠠ 1960 ᠣᠨ ᠤ ᠣᠷᠣᠨ ᠨᠤᠲᠤᠭ ᠤᠨ ᠥᠪᠡᠷᠲᠡᠭᠡᠨ ᠪᠡᠯᠡᠳᠭᠡᠬᠦ ᠣᠷᠣᠯᠭ᠎ᠠ ᠵᠠᠷᠤᠯᠭ᠎ᠠ ᠶᠢᠨ ᠲᠥᠰᠥᠪ ᠢ ᠪᠠᠭᠤᠯᠭᠠᠵᠤ᠂ ︽ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠭᠲᠠᠭᠠᠬᠤ︾ ᠵᠠᠷᠴᠢᠮ ᠢᠶᠠᠷ ᠪᠦᠬᠦ ᠵᠢᠯ ᠤᠨ ᠡᠳ᠋ ᠤᠨ ᠵᠠᠰᠠᠭ ᠤᠨ ᠣᠷᠣᠯᠭ᠎ᠠ ᠶᠢ 372.1 ᠲᠦᠮᠡᠨ ᠲᠥᠭᠦᠷᠢᠭ ᠲᠣᠬᠢᠷᠠᠭᠤᠯᠤᠨ᠂ ᠪᠦᠬᠦ ᠵᠢᠯ ᠤᠨ ᠵᠠᠷᠤᠯᠭ᠎ᠠ ᠶᠢ 294.7 ᠲᠦᠮᠡᠨ ᠲᠥᠭᠦᠷᠢᠭ ᠢᠶᠠᠷ ᠲᠥᠰᠥᠪᠯᠡᠪᠡ᠃ ᠪᠡᠯᠡᠳᠬᠡᠯ ᠰᠦᠢᠳᠬᠡᠯ 77.4 ᠲᠦᠮᠡᠨ ᠲᠥᠭᠦᠷᠢᠭ᠂ ᠵᠠᠷᠤᠯᠭ᠎ᠠ ᠶᠢᠨ ᠲᠥᠰᠥᠪ ᠤᠨ ᠭᠤᠣᠯᠳᠠᠯᠭ᠎ᠠ ᠨᠢ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ᠂ ᠰᠤᠷᠭᠠᠨ ᠬᠥᠮᠥᠵᠢᠯ ᠤᠨ ᠦᠢᠯᠡᠰ ᠢ ᠬᠥᠭᠵᠢᠭᠦᠯᠬᠦ ᠳᠡᠭᠡᠷ᠎ᠡ ᠬᠡᠷᠡᠭᠯᠡᠨ᠎ᠡ᠃ ᠲᠤᠬᠠᠢ ᠶᠢᠨ ᠵᠢᠯ ᠣᠷᠣᠯᠭ᠎ᠠ ᠵᠠᠷᠤᠯᠭ᠎ᠠ ᠦᠨᠳᠦᠰᠦᠨ ᠳᠤ ᠪᠠᠨ ᠲᠡᠩᠴᠡᠪᠡ᠃      1961 ᠣᠨ ᠤ 4 ᠰᠠᠷ᠎ᠠ ᠶᠢᠨ 3᠎ ᠤ ᠡᠳᠦᠷ᠂ ᠠᠶᠢᠮᠠᠭ ᠤᠨ ᠵᠠᠬᠢᠷᠭ᠎ᠠ ︽ᠵᠤᠤ ᠤᠳᠠ ᠠᠶᠢᠮᠠᠭ ᠤᠨ ᠠᠵᠢᠯ ᠦᠢᠯᠡᠰ᠂ ᠵᠠᠰᠠᠭ ᠵᠠᠬᠢᠷᠭᠠᠨ ᠤ ᠰᠦᠢᠳᠬᠡᠯ ᠤᠨ ᠲᠥᠰᠥᠪ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠨᠡᠶᠢᠲᠡᠯᠡᠵᠦ᠂ ᠡᠯ᠎ᠡ ᠲᠥᠷᠥᠯ ᠤᠨ ᠰᠦᠢᠳᠬᠡᠯ ᠤᠨ ᠵᠢᠯ ᠤᠨ ᠲᠥᠰᠥᠪ ᠨᠢ ᠠᠷᠪᠢᠯᠠᠨ ᠭᠠᠮᠨᠠᠵᠤ᠂ ᠲᠥᠰᠥᠪ ᠨᠠᠶᠢᠷᠠᠭᠤᠯᠬᠤ ᠳᠤ ᠪᠠᠨ ᠲᠥᠯᠥᠪᠯᠡᠭᠡ ᠳᠤ ᠣᠷᠣᠭᠰᠠᠨ ᠦᠭᠡᠢ ᠪᠠ ᠬᠠᠷᠠᠬᠠᠨ ᠲᠤᠭᠲᠠᠭᠠᠳᠤᠢ ᠠᠵᠢᠯ ᠦᠢᠯᠡᠰ ᠢ ᠲᠣᠭᠲᠠᠭᠠᠬᠤ ᠦᠭᠡᠢ ᠪᠠᠶᠢᠵᠤ᠂ ᠲᠥᠰᠥᠪ ᠤᠨ ᠭᠠᠳᠠᠨᠠᠬᠢ ᠪᠡᠯᠡ ᠮᠥᠩᠭᠦ ᠶᠢ ᠵᠥᠪᠰᠢᠶᠡᠷᠡᠯ ᠦᠭᠡᠢ ᠪᠠᠷ ᠬᠦᠳᠡᠯᠭᠡᠵᠦ ᠪᠣᠯᠬᠤ ᠦᠭᠡᠢ᠃ ᠳᠦᠷᠢᠮ ᠲᠣᠭᠲᠠᠭᠠᠯ ᠪᠤᠶᠤ ᠡᠳ᠋ ᠤᠨ ᠵᠠᠰᠠᠭ ᠤᠨ ᠲᠣᠭᠲᠠᠯᠴᠠᠭ᠎ᠠ ᠶᠡᠭᠡ ᠬᠤᠪᠢᠷᠠᠯᠲᠠ ᠭᠠᠷᠪᠠᠯ᠂ ᠲᠥᠰᠥᠪ ᠲᠤ ᠵᠣᠬᠢᠰᠲᠠᠢ ᠲᠣᠬᠢᠷᠠᠭᠤᠯᠤᠯᠲᠠ ᠬᠢᠨ᠎ᠡ᠃ ᠲᠥᠰᠥᠪ ᠢ ᠬᠡᠷᠡᠭᠵᠢᠭᠦᠯᠬᠦ ᠶᠠᠪᠤᠴᠠ ᠳᠤ᠂ ᠡᠷᠬᠡᠪᠰᠢ ᠠᠷᠪᠢᠯᠠᠨ ᠭᠠᠮᠨᠠᠵᠤ᠂ ᠵᠣᠭᠤᠰ ᠣᠯᠭᠤᠬᠤ᠂ ᠵᠣᠭᠤᠰ ᠬᠡᠷᠡᠭᠯᠡᠬᠦ ᠳᠤ ᠲᠥᠰᠥᠪ ᠢ ᠴᠢᠩᠭ᠎ᠠ ᠵᠢᠷᠤᠮᠯᠠᠨ᠂ ᠵᠠᠷᠤᠳᠠᠯ ᠤᠨ ᠪᠠᠷᠢᠮᠵᠢᠶ᠎ᠠ ᠪᠠ ᠡᠳ᠋ ᠤᠨ ᠵᠠᠰᠠᠭ ᠤᠨ ᠳᠦᠷᠢᠮ ᠢ ᠪᠠᠷᠢᠮᠲᠠᠯᠠᠵᠤ᠂ ᠵᠢᠯ ᠤᠨ ᠡᠴᠦᠰ ᠲᠤ ᠲᠥᠰᠥᠪ ᠤᠨ ᠲᠤᠭ᠎ᠠ ᠨᠣᠷᠮ᠎ᠠ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃      1966 ᠣᠨ ᠠᠴᠠ 1976 ᠣᠨ ᠪᠣᠯᠲᠠᠯ᠎ᠠ᠂ ︽ᠰᠣᠶᠣᠯ ᠤᠨ ᠶᠡᠭᠡ ᠬᠤᠪᠢᠰᠬᠠᠯ︾᠎ ᠤᠨ ᠬᠤᠭᠤᠴᠠᠭᠠᠨ ᠳᠤ ᠡᠳ᠋ ᠤᠨ ᠵᠠᠰᠠᠭ ᠤᠨ ᠳᠦᠷᠢᠮ ᠪᠠ ᠬᠡᠪ ᠤᠨ ᠡᠳ᠋ ᠤᠨ ᠵᠠᠰᠠᠭ ᠤᠨ ᠠᠵᠢᠯ ᠨᠥᠯᠥᠭᠡᠯᠡᠭᠳᠡᠵᠦ᠂ ᠬᠡᠪ ᠤᠨ ᠲᠥᠰᠥᠪ ᠤᠨ ᠬᠠᠮᠢᠶᠠᠷᠤᠯᠲᠠ ᠠᠯᠳᠠᠭᠳᠠᠪᠠ᠃      1980 ᠣᠨ ᠠᠴᠠ ᠡᠬᠢᠯᠡᠵᠦ ᠵᠠᠰᠠᠭ ᠵᠠᠬᠢᠷᠭᠠᠨ ᠠᠵᠢᠯ ᠦᠢᠯᠡᠰ ᠤᠨ ᠰᠦᠢᠳᠬᠡᠯ ᠳᠤ ︽ᠲᠥᠰᠥᠪ ᠤᠨ ᠳᠠᠭᠠᠭᠠᠴᠢᠯᠠᠯᠲᠠ︾ ᠬᠡᠷᠡᠭᠵᠢᠭᠦᠯᠦᠭᠰᠡᠨ ᠠᠴᠠ 1980 ᠣᠨ ᠢ 1979 ᠣᠨ ᠲᠠᠢ ᠬᠠᠷᠢᠴᠠᠭᠤᠯᠪᠠᠯ ᠵᠠᠰᠠᠭ ᠵᠠᠬᠢᠷᠭᠠᠨ ᠤ ᠵᠠᠷᠤᠳᠠᠯ 71.4 ᠲᠦᠮᠡᠨ ᠲᠥᠭᠦᠷᠢᠭ ᠪᠠᠭᠠᠰᠴᠦ᠂ 9.74%᠎ ᠪᠠᠷ ᠪᠠᠭᠤᠷᠠᠪᠠ᠃ 1981 ᠣᠨ ᠨᠢ 1980 ᠣᠨ ᠠᠴᠠ ᠪᠠᠨ 66 ᠲᠦᠮᠡᠨ ᠲᠥᠭᠦᠷᠢᠭ ᠪᠠᠭᠠᠰᠴᠦ᠂ 8.72%᠎ ᠢᠶᠠᠷ ᠪᠠᠭᠤᠷᠠᠪᠠ᠃ 1985 ᠣᠨ ᠠᠴᠠ 1990 ᠣᠨ ᠪᠣᠯᠲᠠᠯ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠲᠡᠩᠴᠡᠭᠦᠯᠵᠦ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠰᠢᠢᠳᠪᠦᠷᠢ︾ ᠪᠠ ᠡᠳ᠋ ᠤᠨ ᠵᠠᠰᠠᠭ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ ᠲᠥᠰᠥᠪ ᠤᠨ ᠬᠠᠮᠢᠶᠠᠷᠤᠯᠲᠠ ᠶᠢᠨ ᠠᠵᠢᠯ ᠢ ᠲᠠᠰᠤᠷᠠᠯ ᠦᠭᠡᠢ ᠬᠠᠯᠠᠨ ᠰᠠᠶᠢᠵᠢᠷᠠᠭᠤᠯᠪᠠ᠃ ᠭᠤᠣᠯᠳᠠᠭᠤ ᠲᠥᠰᠥᠪ ᠢ ᠨᠠᠶᠢᠷᠠᠭᠤᠯᠬᠤ ᠠᠵᠢᠯ ᠵᠢᠷᠤᠮ ᠳᠠᠷᠠᠭᠠᠯᠠᠯ ᠢᠶᠠᠷ ᠶᠠᠪᠤᠭᠳᠠᠨ ᠦᠨᠳᠦᠰᠦᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠵᠠᠳᠠᠯᠤᠯᠲᠠ ᠪᠠ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ ᠲᠣᠭᠠᠴᠠᠨ ᠪᠣᠳᠣᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠪᠠᠷᠤᠭᠴᠠᠭᠠᠯᠠᠨ᠂ ᠮᠥᠩᠭᠦ ᠭᠠᠷᠭᠠᠬᠤ ᠪᠤᠰᠤᠳᠴᠢ ᠵᠢᠮ᠎ᠡ ᠶᠣᠰᠣ ᠶᠢ ᠡᠵᠡᠮᠰᠢᠨ᠂ ᠲᠥᠰᠥᠪ ᠢ ᠴᠢᠩᠭ᠎ᠠ ᠬᠡᠷᠡᠭᠵᠢᠭᠦᠯᠵᠦ᠂ ᠮᠥᠩᠭᠦ ᠨᠡᠮᠡᠵᠦ ᠥᠭᠬᠦ ᠪᠠ ᠬᠠᠰᠤᠬᠤ ᠳᠤ ᠪᠠᠨ ᠲᠥᠰᠥᠪ ᠤᠨ ᠬᠠᠮᠢᠶᠠᠷᠤᠯᠲᠠ ᠶᠢᠨ ᠳᠦᠷᠢᠮ ᠪᠠ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠴᠢᠩᠭ᠎ᠠ ᠵᠢᠷᠣᠮᠯᠠᠵᠤ᠂ ᠲᠥᠰᠥᠪ ᠢ ᠬᠡᠷᠡᠭᠵᠢᠭᠦᠯᠬᠦ ᠶᠠᠪᠤᠴᠠ ᠳᠤ ᠪᠠᠶᠢᠨ ᠪᠠᠶᠢᠨ ᠲᠣᠭᠠᠴᠠᠨ ᠪᠣᠳᠣᠵᠤ᠂ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ ᠳᠠᠷᠤᠢ ᠳᠤᠨᠢ ᠰᠢᠢᠳᠪᠦᠷᠢᠯᠡᠨ᠂ ᠵᠢᠯ ᠤᠨ ᠡᠴᠦᠰ ᠲᠤ ᠲᠥᠰᠥᠪ ᠤᠨ ᠭᠦᠢᠴᠡᠳᠬᠡᠯ ᠢ ᠲᠥᠰᠥᠪ ᠤᠨ ᠭᠦᠢᠴᠡᠳᠬᠡᠯ ᠤᠨ ᠬᠤᠷᠠᠯᠳᠤᠭᠠᠨ ᠢᠶᠠᠷ ᠬᠢᠨᠠᠮᠠᠭᠠᠢ ᠬᠢᠨᠠᠨ ᠪᠠᠶᠢᠴᠠᠭᠠᠵᠤ᠂ ᠲᠥᠰᠥᠪ ᠤᠨ ᠬᠠᠮᠢᠶᠠᠷᠤᠯᠲᠠ ᠶᠢᠨ ᠠᠵᠢᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ