ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠠᠷᠪᠠᠨ ᠬᠤᠶᠠᠷ︶
ᠨᠡᠶᠢᠲᠡᠯᠡᠭᠰᠡᠨ ᠴᠠᠭ᠄
2020/9/30
ᠵᠢᠷᠭᠤᠳᠤᠭᠠᠷ ᠬᠡᠰᠡᠭ ᠪᠤᠰᠤᠳ ᠵᠠᠷᠤᠳᠠᠯ      ᠤᠯᠠᠭᠠᠨᠬᠠᠳᠠ ᠣᠷᠣᠨ ᠤ ᠡᠳ᠋ ᠤᠨ ᠵᠠᠰᠠᠭ ᠤᠨ ᠪᠤᠰᠤᠳ ᠵᠠᠷᠤᠳᠠᠯ ᠭᠡᠳᠡᠭ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠦᠢᠳᠬᠡᠯ᠂ ᠰᠣᠶᠣᠯ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠲᠠᠮᠢᠷ ᠤᠨ ᠦᠢᠯᠡᠰ ᠤᠨ ᠰᠦᠢᠳᠬᠡᠯ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠦᠢᠳᠬᠡᠯ᠂ ᠲᠡᠳᠬᠦᠮᠵᠢ᠂ ᠨᠡᠶᠢᠭᠡᠮ ᠤᠨ ᠠᠰᠠᠷᠠᠮᠵᠢ ᠵᠡᠷᠭᠡ ᠳᠤ ᠬᠠᠷᠢᠶᠠᠯᠠᠭᠳᠠᠬᠤ ᠦᠭᠡᠢ ᠪᠦᠭᠡᠳ ᠲᠥᠰᠥᠪ ᠤᠨ ᠲᠥᠷᠥᠯ ᠵᠦᠢᠯ ᠢᠶᠠᠷ ᠠᠩᠭᠢᠯᠠᠬᠤ ᠳᠤ ᠳᠦᠭᠦᠮ ᠦᠭᠡᠢ ᠵᠠᠷᠤᠳᠠᠯ ᠤᠳ ᠢ ᠵᠢᠭᠠᠨ᠎ᠠ᠃ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠤᠯᠠᠭᠠᠨᠬᠠᠳᠠ ᠣᠷᠣᠨ ᠤ ᠡᠳ᠋ ᠤᠨ ᠵᠠᠰᠠᠭ ᠤᠨ ᠪᠤᠰᠤᠳ ᠵᠠᠷᠤᠳᠠᠯ ᠤᠨ ᠵᠣᠭᠤᠰ ᠤᠨ ᠲᠥᠷᠥᠯ ᠨᠢ ᠢᠮᠠᠭᠲᠠ ᠬᠤᠪᠢᠷᠠᠯᠲᠠ ᠲᠠᠢ ᠪᠠᠶᠢᠵᠠᠢ᠃ ᠭᠤᠣᠯᠳᠠᠭᠤ ᠬᠤᠲᠠ ᠶᠢᠨ ᠬᠥᠮᠥᠰ ᠢ ᠬᠥᠳᠡᠭᠡ ᠪᠠᠭᠤᠯᠭᠠᠬᠤ ᠰᠦᠢᠳᠬᠡᠯ᠂ ᠺᠠᠳ᠋ᠷ ᠢ ᠬᠥᠳᠡᠭᠡ ᠬᠦᠳᠡᠯᠮᠦᠷᠢᠯᠡᠭᠦᠯᠦᠨ ᠪᠤᠯᠪᠠᠰᠤᠷᠠᠭᠤᠯᠬᠤ ᠰᠦᠢᠳᠬᠡᠯ᠂ ᠡᠷᠦᠬᠡ ᠶᠢᠨ ᠴᠡᠷᠢᠭ ᠤᠨ ᠵᠡᠪᠰᠡᠭ ᠲᠣᠨᠣᠭᠯᠠᠯ ᠪᠠ ᠠᠵᠢᠯ ᠦᠢᠯᠡᠰ ᠤᠨ ᠰᠦᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠦᠢᠳᠬᠡᠯ᠂ ᠪᠤᠰᠤᠳ ᠰᠠᠯᠠᠭ᠎ᠠ ᠮᠥᠴᠢᠷ ᠤᠨ ᠠᠵᠢᠯ ᠦᠢᠯᠡᠰ ᠤᠨ ᠰᠦᠢᠳᠬᠡᠯ ᠤᠨ ᠵᠠᠷᠤᠳᠠᠯ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠬᠠᠤᠯᠢ ᠴᠠᠭᠠᠵᠠ ᠶᠢᠨ ᠵᠠᠷᠤᠳᠠᠯ᠂ ᠦᠨ᠎ᠡ ᠬᠠᠩᠰᠢ ᠶᠢᠨ ᠨᠥᠬᠦᠪᠥᠷᠢ᠂ ᠲᠤᠰᠬᠠᠢ ᠵᠠᠷᠤᠳᠠᠯ᠂ ᠬᠤᠴᠣᠷᠤᠩᠭᠤᠢ ᠣᠷᠣᠨ ᠢ ᠳᠡᠮᠵᠢᠬᠦ ᠰᠦᠢᠳᠬᠡᠯ ᠤᠨ ᠵᠠᠷᠤᠳᠠᠯ ᠵᠡᠷᠭᠡ ᠶᠢ ᠪᠠᠭᠲᠠᠭᠠᠵᠤ ᠪᠠᠶᠢᠵᠠᠢ᠃      ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠳᠤ ᠪᠤᠰᠤᠳ ᠵᠠᠷᠤᠳᠠᠯ 30.9 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 2.3%᠎ ᠶᠢ ᠡᠵᠡᠯᠡᠵᠡᠢ᠃      ︽ᠨᠢᠭᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠪᠤᠰᠤᠳ ᠵᠠᠷᠤᠳᠠᠯ 35.3 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.4%᠎ ᠶᠢ ᠡᠵᠡᠯᠡᠵᠡᠢ᠃ ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠤ ᠬᠢ ᠠᠴᠠ 14.2%᠎ ᠢᠶᠠᠷ ᠨᠡᠮᠡᠭᠳᠡᠵᠡᠢ᠃      ︽ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠪᠤᠰᠤᠳ ᠵᠠᠷᠤᠳᠠᠯ 183.2 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.6%᠎ ᠶᠢ ᠡᠵᠡᠯᠡᠵᠡᠢ᠃ ︽ᠨᠢᠭᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 5 ᠳᠠᠬᠢᠨ ᠢᠯᠡᠭᠦᠦ ᠪᠠᠷ ᠨᠡᠮᠡᠭᠳᠡᠵᠡᠢ᠃      ᠤᠯᠤᠰ ᠠᠷᠠᠳ ᠤᠨ ᠠᠵᠤ ᠠᠬᠤᠢ ᠶᠢᠨ ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠪᠤᠰᠤᠳ ᠵᠠᠷᠤᠳᠠᠯ 697.3 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5.9%᠎ ᠶᠢ ᠡᠵᠡᠯᠡᠨ᠂ ︽ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 3.7 ᠳᠠᠬᠢᠨ ᠢᠶᠠᠷ ᠨᠡᠮᠡᠭᠳᠡᠵᠡᠢ᠃      ︽ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠪᠤᠰᠤᠳ ᠵᠠᠷᠤᠳᠠᠯ 2062.4 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 7.6%᠎ ᠶᠢ ᠡᠵᠡᠯᠡᠵᠡᠢ᠃ ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠤ ᠬᠢ ᠠᠴᠠ 3 ᠳᠠᠬᠢᠨ ᠣᠷᠴᠢᠮ ᠨᠡᠮᠡᠭᠳᠡᠵᠡᠢ᠃ ᠡᠨᠡ ᠬᠦ ᠬᠤᠭᠤᠴᠠᠭᠠᠨ ᠳᠤ ᠬᠤᠲᠠ ᠪᠠᠯᠭᠠᠰᠤᠨ ᠤ ᠬᠥᠮᠥᠨ ᠠᠮᠠ ᠶᠢ ᠬᠥᠳᠡᠭᠡ ᠪᠠᠭᠤᠯᠭᠠᠬᠤ ᠰᠦᠢᠳᠬᠡᠯ᠂ ᠺᠠᠳ᠋ᠷ ᠢ ᠬᠥᠳᠡᠭᠡ ᠪᠠᠭᠤᠯᠭᠠᠵᠤ ᠬᠥᠳᠡᠯᠮᠦᠷᠢᠯᠡᠭᠦᠯᠦᠨ ᠪᠤᠯᠪᠠᠰᠤᠷᠠᠭᠤᠯᠬᠤ ᠰᠦᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠦᠢᠳᠬᠡᠯ ᠰᠢᠨ᠎ᠡ ᠪᠠᠷ ᠨᠡᠮᠡᠭᠳᠡᠵᠡᠢ᠃      ︽ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠪᠤᠰᠤᠳ ᠵᠠᠷᠤᠳᠠᠯ 4116 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 6.8%᠎ ᠶᠢ ᠡᠵᠡᠯᠡᠵᠡᠢ᠃ ︽ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 2 ᠳᠠᠬᠢᠨ ᠣᠷᠴᠢᠮ ᠨᠡᠮᠡᠭᠳᠡᠵᠡᠢ᠃ ᠡᠨᠡ ᠬᠦ ᠬᠤᠭᠤᠴᠠᠭᠠᠨ ᠳᠤ ᠡᠷᠦᠬᠡ ᠶᠢᠨ ᠴᠡᠷᠢᠭ ᠤᠨ ᠵᠡᠪᠰᠡᠭ ᠲᠣᠨᠣᠭᠯᠠᠯ ᠤᠨ ᠰᠦᠢᠳᠬᠡᠯ ᠰᠢᠨ᠎ᠡ ᠪᠠᠷ ᠨᠡᠮᠡᠭᠳᠡᠵᠡᠢ᠃      ︽ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠪᠤᠰᠤᠳ ᠵᠠᠷᠤᠳᠠᠯ 3145 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 4.3%᠎ ᠶᠢ ᠡᠵᠡᠯᠡᠵᠡᠢ᠃ ︽ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 24.6%᠎ ᠪᠠᠷ ᠪᠠᠭᠤᠷᠠᠭᠰᠠᠨ ᠪᠣᠯᠪᠠᠴᠤ ᠬᠤᠲᠠ ᠪᠠᠯᠭᠠᠰᠤᠨ ᠤ ᠵᠠᠯᠠᠭᠤᠴᠤᠳ ᠲᠤ ᠠᠵᠢᠯ ᠣᠯᠭᠤᠬᠤ ᠰᠦᠢᠳᠬᠡᠯ᠂ ᠬᠤᠴᠣᠷᠣᠩᠭᠤᠢ ᠣᠷᠣᠨ ᠢ ᠳᠡᠮᠵᠢᠬᠦ ᠰᠦᠢᠳᠬᠡᠯ ᠰᠢᠨ᠎ᠡ ᠪᠠᠷ ᠨᠡᠮᠡᠭᠳᠡᠵᠡᠢ᠃      ︽ᠵᠢᠷᠭᠤᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠪᠤᠰᠤᠳ ᠵᠠᠷᠤᠳᠠᠯ 12853.3 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 10.8%᠎ ᠶᠢ ᠡᠵᠡᠯᠡᠵᠡᠢ᠃ ︽ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 4 ᠳᠠᠬᠢᠨ ᠨᠡᠮᠡᠭᠳᠡᠵᠡᠢ᠃ ᠡᠨᠡ ᠬᠦ ᠬᠤᠭᠤᠴᠠᠭᠠᠨ ᠳᠤ ᠦᠨ᠎ᠡ ᠬᠠᠩᠰᠢ ᠶᠢᠨ ᠨᠥᠬᠦᠪᠥᠷᠢ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ ᠰᠠᠯᠠᠭ᠎ᠠ ᠮᠥᠴᠢᠷ ᠤᠨ ᠠᠵᠢᠯ ᠦᠢᠯᠡᠰ ᠤᠨ ᠰᠦᠢᠳᠬᠡᠯ ᠰᠢᠨ᠎ᠡ ᠪᠠᠷ ᠨᠡᠮᠡᠭᠳᠡᠭᠰᠡᠨ ᠤ ᠬᠠᠮᠲᠤ ᠬᠤᠲᠠ ᠪᠠᠯᠭᠠᠰᠤᠨ ᠤ ᠬᠥᠮᠥᠨ ᠠᠮᠠ ᠶᠢ ᠬᠥᠳᠡᠭᠡ ᠪᠠᠭᠤᠯᠭᠠᠬᠤ ᠰᠦᠢᠳᠬᠡᠯ᠂ ᠺᠠᠳ᠋ᠷ ᠢ ᠬᠥᠳᠡᠭᠡ ᠪᠠᠭᠤᠯᠭᠠᠵᠤ ᠬᠥᠳᠡᠯᠮᠦᠷᠢᠯᠡᠭᠦᠯᠦᠨ ᠪᠤᠯᠪᠠᠰᠤᠷᠠᠭᠤᠯᠬᠤ ᠰᠦᠢᠳᠬᠡᠯ᠂ ᠡᠷᠦᠬᠡ ᠶᠢᠨ ᠴᠡᠷᠢᠭ ᠤᠨ ᠵᠡᠪᠰᠡᠭ ᠲᠣᠨᠣᠭᠯᠠᠯ ᠤᠨ ᠰᠦᠢᠳᠬᠡᠯ ᠢ ᠬᠠᠰᠤᠵᠠᠢ᠃      ︽ᠳᠣᠯᠣᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠪᠤᠰᠤᠳ ᠵᠠᠷᠤᠳᠠᠯ 39078.2 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 15.1%᠎ ᠶᠢ ᠡᠵᠡᠯᠡᠨ᠂ ︽ᠵᠢᠷᠭᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 2 ᠳᠠᠬᠢᠨ ᠢᠯᠡᠭᠦᠦ ᠨᠡᠮᠡᠭᠳᠡᠵᠡᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ