ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠠᠷᠪᠠᠨ ᠨᠢᠭᠡ︶
ᠨᠡᠶᠢᠲᠡᠯᠡᠭᠰᠡᠨ ᠴᠠᠭ᠄
2020/9/30
ᠲᠠᠪᠤᠳᠤᠭᠠᠷ ᠬᠡᠰᠡᠭ ᠲᠡᠳᠬᠦᠮᠵᠢ ᠪᠤᠯᠤᠨ ᠨᠡᠶᠢᠭᠡᠮ ᠤᠨ ᠲᠤᠰᠠᠯᠠᠮᠵᠢ ᠶᠢᠨ ᠰᠦᠢᠳᠬᠡᠯ      ᠤᠯᠠᠭᠠᠨᠬᠠᠳᠠ ᠬᠤᠲᠠ ᠶᠢᠨ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠪᠣᠯ ᠣᠷᠣᠨ ᠨᠤᠲᠤᠭ ᠤᠨ ᠡᠳ᠋ ᠤᠨ ᠵᠠᠰᠠᠭ ᠠᠴᠠ ᠨᠡᠶᠢᠭᠡᠮ ᠤᠨ ᠪᠠᠲᠤᠯᠠᠭ᠎ᠠ ᠶᠢᠨ ᠰᠢᠨᠵᠢ ᠲᠠᠢ ᠠᠯᠪᠠᠨ ᠰᠦᠢᠳᠬᠡᠯ ᠳᠤ ᠬᠡᠷᠡᠭᠯᠡᠳᠡᠭ ᠵᠠᠷᠤᠳᠠᠯ ᠪᠣᠯᠣᠨ᠎ᠠ᠃ ᠲᠡᠳᠬᠦᠮᠵᠢ ᠶᠢᠨ ᠵᠠᠷᠤᠳᠠᠯ ᠨᠢ ᠭᠤᠣᠯᠳᠠᠭᠤ ᠥᠷᠡᠭᠳᠡᠭᠰᠡᠨ ᠪᠠᠭᠠᠲᠤᠷ ᠤᠨ ᠬᠡᠷ ᠪᠦᠯᠢ᠂ ᠬᠠᠯᠠᠭᠳᠠᠭᠰᠠᠨ ᠴᠡᠷᠢᠭ᠂ ᠴᠡᠷᠢᠭ ᠠᠴᠠ ᠪᠠᠭᠤᠭᠰᠠᠳ ᠤᠨ ᠠᠮᠢᠳᠤᠷᠠᠯ ᠤᠨ ᠨᠥᠬᠦᠪᠥᠷᠢ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠠ ᠵᠠᠰᠠᠭ ᠤᠨ ᠣᠷᠳᠣᠨ ᠤ ᠠᠵᠢᠯᠲᠠᠳ ᠵᠡᠮᠳᠡᠭ ᠪᠣᠯᠬᠤ᠂ ᠥᠷᠡᠭᠳᠡᠬᠦ᠂ ᠡᠪᠡᠳᠴᠢᠨ ᠢᠶᠠᠷ ᠨᠠᠰᠤ ᠪᠠᠷᠠᠬᠤ ᠳᠤ ᠲᠤᠰ ᠬᠥᠮᠥᠨ ᠳᠤᠨᠢ ᠪᠤᠶᠤ ᠭᠡᠷ ᠪᠦᠯᠢ ᠶᠢᠨ ᠬᠢᠨ ᠳᠤᠨᠢ ᠣᠯᠭᠤᠳᠠᠭ ᠨᠢᠭᠡ ᠵᠦᠢᠯ ᠤᠨ ᠨᠥᠬᠦᠪᠥᠷᠢ ᠪᠣᠯᠣᠨ᠎ᠠ᠃ ᠡᠨᠡ ᠬᠦ ᠵᠠᠷᠤᠳᠠᠯ ᠳᠤ ᠪᠠᠰᠠ ᠴᠡᠷᠢᠭ ᠠᠩᠭᠢ ᠣᠷᠣᠨ ᠨᠤᠲᠤᠭ ᠤᠨ ᠠᠵᠢᠯ ᠠᠴᠠ ᠪᠠᠨ ᠳᠠᠷᠬᠠᠯᠠᠭᠳᠠᠭᠰᠠᠨ ᠪᠠ ᠠᠮᠠᠷᠠᠭᠰᠠᠨ ᠬᠥᠮᠥᠰ ᠤᠨ ᠠᠮᠢᠳᠤᠷᠠᠯ ᠤᠨ ᠰᠦᠢᠳᠬᠡᠯ ᠪᠠᠭᠲᠠᠲᠠᠭ᠃ ᠨᠡᠶᠢᠭᠡᠮ ᠤᠨ ᠠᠰᠠᠷᠠᠮᠵᠢ ᠶᠢᠨ ᠰᠦᠢᠳᠬᠡᠯ ᠪᠣᠯ ᠨᠡᠶᠢᠭᠡᠮ ᠤᠨ ᠠᠰᠠᠷᠠᠮᠵᠢ ᠶᠢᠨ ᠦᠢᠯᠡᠰ᠂ ᠬᠤᠲᠠ ᠬᠥᠳᠡᠭᠡ ᠶᠢᠨ ᠠᠷᠠᠳ ᠤᠨ ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠪᠠ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠭᠠᠵᠠᠷ ᠤᠨ ᠣᠯᠠᠨ ᠲᠦᠮᠡᠨ ᠢ ᠲᠦᠪᠬᠢᠨᠡᠭᠦᠯᠬᠦ ᠪᠠ ᠲᠤᠰᠠᠯᠠᠬᠤ ᠳᠤ ᠬᠡᠷᠡᠭᠯᠡᠳᠡᠭ ᠰᠦᠢᠳᠬᠡᠯ ᠪᠣᠯᠣᠨ᠎ᠠ᠃      ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠳᠤ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 64.7 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 4.9%᠎ ᠶᠢ ᠡᠵᠡᠯᠡᠵᠦ᠂ ᠭᠤᠣᠯᠳᠠᠭᠤ ᠬᠦᠨᠳᠦ ᠬᠡᠴᠡᠭᠦᠦ ᠭᠠᠮᠰᠢᠭᠳᠠᠭᠰᠠᠨ ᠣᠷᠣᠨ ᠢ ᠲᠤᠰᠠᠯᠠᠬᠤ ᠳᠤ ᠬᠡᠷᠡᠭᠯᠡᠵᠡᠢ᠃      ︽ᠨᠢᠭᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 510.5 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 6%᠎ ᠶᠢ ᠡᠵᠡᠯᠡᠪᠡ᠃ ᠲᠤᠬᠠᠢ ᠶᠢᠨ ᠵᠢᠯ ᠳᠤ ᠥᠷᠡᠭᠳᠡᠭᠰᠡᠨ ᠴᠡᠷᠢᠭ ᠤᠨ ᠭᠡᠷ ᠪᠦᠯᠢ᠂ ᠴᠡᠷᠢᠭ ᠤᠨ ᠦᠢᠯᠡᠳᠪᠦᠷᠢᠯᠡᠯ ᠤᠨ ᠨᠥᠬᠦᠪᠥᠷᠢ ᠳᠤ 9 ᠲᠦᠮᠡᠨ ᠲᠥᠭᠦᠷᠢᠭ ᠵᠠᠷᠤᠵᠤ᠂ 984 ᠡᠷᠦᠬᠡ ᠳᠤ ᠨᠥᠬᠦᠪᠥᠷᠢ ᠣᠯᠭᠤᠨ᠂ ᠭᠤᠣᠯᠳᠠᠭᠤ ᠲᠠᠷᠢᠶᠠᠨ ᠤ ᠬᠥᠯᠪᠦᠷᠢ ᠶᠢᠨ ᠤᠨᠤᠭ᠎ᠠ ᠶᠢᠨ ᠠᠰᠠᠭᠤᠳᠠᠯ ᠢ ᠰᠢᠢᠳᠪᠦᠷᠢᠯᠡᠵᠦ ᠥᠭᠪᠡ᠃ ᠠᠮᠢᠳᠤᠷᠠᠯ ᠤᠨ ᠨᠥᠬᠦᠪᠥᠷᠢ ᠳᠤ 11.2 ᠲᠦᠮᠡᠨ ᠲᠥᠭᠦᠷᠢᠭ ᠵᠠᠷᠤᠵᠤ᠂ 1 388 ᠡᠷᠦᠬᠡ ᠳᠤ ᠨᠥᠬᠦᠪᠥᠷᠢ ᠣᠯᠭᠤᠪᠠ᠃      ︽ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 872.5 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 3.1%᠎ ᠶᠢ ᠡᠵᠡᠯᠡᠪᠡ᠃ 1962 ᠣᠨ ᠳᠤ ᠤᠯᠠᠭᠠᠨᠬᠠᠳᠠ ᠣᠷᠣᠨ ᠬᠦᠨᠳᠦ ᠬᠡᠴᠡᠭᠦᠦ ᠭᠠᠮᠰᠢᠭᠳᠠᠭᠰᠠᠨ ᠠᠴᠠ ᠲᠤᠰ ᠵᠢᠯ ᠳᠣᠷᠣᠭᠰᠢ ᠲᠤᠰᠠᠯᠠᠮᠵᠢ ᠶᠢᠨ ᠮᠥᠩᠭᠦ 92.6 ᠲᠦᠮᠡᠨ ᠲᠥᠭᠦᠷᠢᠭ ᠣᠯᠭᠤᠵᠤ᠂ ᠭᠤᠣᠯᠳᠠᠭᠤ ᠭᠠᠮᠰᠢᠭᠳᠠᠭᠰᠠᠨ ᠣᠷᠣᠨ᠂ ᠶᠠᠳᠠᠭᠤ ᠬᠦᠴᠢᠷᠲᠡᠢ ᠣᠷᠣᠨ ᠤ ᠬᠦᠴᠢᠷᠲᠡᠢ ᠡᠷᠦᠬᠡ ᠶᠢ ᠳᠡᠮᠵᠢᠵᠦ᠂ 9536 ᠡᠷᠦᠬᠡ᠂ 49740 ᠴᠡᠷᠢᠭ ᠤᠨ ᠭᠡᠷ ᠪᠦᠯᠢ ᠪᠠ ᠥᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ ᠳᠤ 38 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃      ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 1063.5 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 9%᠎ ᠶᠢ ᠡᠵᠡᠯᠡᠪᠡ᠃ ᠡᠭᠦᠨ ᠳᠤ 1963 ᠣᠨ ᠳᠤ ᠲᠤᠰᠠᠯᠠᠮᠵᠢ ᠶᠢᠨ ᠮᠥᠩᠭᠦ 93 ᠲᠦᠮᠡᠨ ᠲᠥᠭᠦᠷᠢᠭ ᠣᠯᠭᠤᠵᠤ᠂ 327902 ᠡᠷᠦᠬᠡ ᠶᠢ ᠲᠤᠰᠠᠯᠠᠵᠤ᠂ ᠭᠠᠮᠰᠢᠭ ᠠᠴᠠ ᠠᠪᠤᠷᠠᠬᠤ ᠮᠥᠩᠭᠦ 120 ᠢᠯᠡᠭᠦᠦ ᠲᠦᠮᠡᠨ ᠲᠥᠭᠦᠷᠢᠭ ᠣᠯᠭᠤᠪᠠ᠃      ︽ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠲᠡᠳᠬᠦᠮᠵᠢ ᠦ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 1 774.5 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5.4%᠎ ᠶᠢ ᠡᠵᠡᠯᠡᠨ᠂ ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠤ ᠬᠢ ᠠᠴᠠ 53.2%᠎ ᠢᠶᠠᠷ ᠨᠡᠮᠡᠭᠳᠡᠵᠡᠢ᠃ 1972 ᠣᠨ ᠳᠤ ᠤᠯᠠᠭᠠᠨᠬᠠᠳᠠ ᠣᠷᠣᠨ ᠬᠦᠨᠳᠦ ᠬᠡᠴᠡᠭᠦᠦ ᠭᠠᠩ ᠭᠠᠮᠰᠢᠭ ᠲᠤ ᠤᠴᠠᠷᠠᠵᠤ᠂ 171 ᠨᠢᠭᠡᠲᠦᠯ ᠤᠨ 1110 ᠲᠦᠮᠡᠨ ᠮᠦ ᠲᠠᠷᠢᠶ᠎ᠠ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠵᠤ᠂ 193 ᠲᠦᠮᠡᠨ ᠮᠦ ᠲᠠᠷᠢᠶ᠎ᠠ ᠮᠥᠬᠦᠯᠢᠭ ᠠᠮᠤ ᠣᠯᠣᠭᠰᠠᠨ ᠦᠭᠡᠢ᠂ ᠪᠤᠴᠠᠭᠠᠨ ᠪᠣᠷᠣᠯᠠᠭᠤᠯᠤᠭᠰᠠᠨ ᠠᠮᠤ ᠪᠤᠳᠠᠭ᠎ᠠ 5 ᠳ᠋ᠦᠩᠰᠢᠭᠤᠷ ᠢᠯᠡᠭᠦᠦ ᠵᠢᠩ ᠠᠪᠤᠭᠰᠠᠨ ᠪᠠᠶᠢᠨ᠎ᠠ᠃ ᠲᠤᠰ ᠵᠢᠯ ᠲᠤᠰᠠᠯᠠᠮᠵᠢ ᠶᠢᠨ ᠮᠥᠩᠭᠦ 930 ᠲᠦᠮᠡᠨ ᠲᠥᠭᠦᠷᠢᠭ ᠣᠯᠭᠤᠪᠠ᠃      ︽ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 2447.4 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 3.2%᠎ ᠢ ᠡᠵᠡᠯᠡᠪᠡ᠃ ᠭᠤᠣᠯᠳᠠᠭᠤ ᠬᠦᠨᠳᠦ ᠭᠠᠮᠰᠢᠭᠳᠠᠭᠰᠠᠨ ᠲᠠᠷᠢᠶᠠᠯᠠᠬᠤ ᠣᠷᠣᠨ ᠤ ᠨᠢᠭᠡᠲᠦᠯ ᠪᠠᠷᠢᠭᠠᠳᠠ ᠪᠠ ᠶᠠᠳᠠᠭᠤ ᠨᠢᠭᠡᠲᠦᠯ ᠶᠠᠳᠠᠭᠤ ᠪᠠᠷᠢᠭᠠᠳᠠ ᠶᠢ ᠲᠤᠰᠠᠯᠠᠬᠤ ᠳᠤ ᠵᠠᠷᠤᠵᠠᠢ᠃      ︽ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 3 721.5 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 6%᠎ ᠶᠢ ᠡᠵᠡᠯᠡᠪᠡ᠃ ︽ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 3545.2 ᠲᠦᠮᠡᠨ ᠲᠥᠭᠦᠷᠢᠭ ᠨᠡᠮᠡᠭᠳᠡᠪᠡ᠃ 1979 ᠣᠨ ᠳᠤ ᠬᠡᠰᠡᠭ ᠮᠠᠯᠵᠢᠬᠤ ᠲᠠᠷᠢᠶᠠᠯᠠᠬᠤ ᠣᠷᠣᠨ ᠬᠦᠨᠳᠦ ᠰᠦᠷᠡᠬᠡᠢ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠠᠴᠠ 4700 ᠦᠢᠯᠡᠳᠪᠦᠷᠢᠯᠡᠯ ᠤᠨ ᠪᠠᠷᠢᠭᠠᠳᠠ ᠪᠤᠴᠠᠭᠠᠨ ᠪᠣᠷᠤᠯᠠᠭᠤᠯᠬᠤ ᠠᠮᠤ ᠢᠳᠡᠵᠦ᠂ ᠭᠠᠮᠰᠢᠭᠳᠠᠭᠰᠠᠨ ᠣᠷᠣᠨ ᠳᠤ 430 ᠲᠦᠮᠡᠨ ᠲᠥᠭᠦᠷᠢᠭ ᠤᠨ ᠲᠤᠰᠠᠯᠠᠮᠵᠢ ᠣᠯᠭᠤᠪᠠ᠃      ︽ᠵᠢᠷᠭᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 3876.7 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 5.6 %᠎ ᠶᠢ ᠡᠵᠡᠯᠡᠨ᠂ ︽ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 40.4%᠎ ᠪᠠᠷ ᠨᠡᠮᠡᠭᠳᠡᠪᠡ᠃ ᠡᠭᠦᠨ ᠳᠤ᠄ ᠲᠡᠳᠬᠦᠮᠵᠢ 1677.3 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 25%᠎ ᠶᠢ ᠡᠵᠡᠯᠡᠨ᠂ ᠨᠡᠶᠢᠭᠡᠮ ᠤᠨ ᠠᠰᠠᠷᠠᠮᠵᠢ ᠶᠢᠨ ᠰᠦᠢᠳᠬᠡᠯ 2199.4 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 32.8%᠎ ᠶᠢ ᠡᠵᠡᠯᠡᠵᠡᠢ᠃ ᠲᠤᠰᠠᠯᠠᠮᠵᠢ ᠶᠢᠨ ᠮᠥᠩᠭᠦ 2284 ᠲᠦᠮᠡᠨ ᠲᠥᠭᠦᠷᠢᠭ ᠣᠯᠭᠤᠵᠤ᠂ ᠶᠡᠷᠦᠩᠬᠡᠢ ᠵᠠᠷᠤᠳᠠᠯ ᠤᠨ 34%᠎ ᠶᠢ ᠡᠵᠡᠯᠡᠵᠡᠢ᠃ ᠲᠡᠳᠬᠦᠪᠦᠷᠢ ᠳᠤ ᠭᠠᠷᠤᠭᠰᠠᠨ ᠪᠠ ᠠᠵᠢᠯ ᠠᠴᠠ ᠪᠠᠨ ᠬᠠᠯᠠᠭᠳᠠᠭᠰᠠᠨ ᠤ ᠰᠦᠢᠳᠬᠡᠯ 462.7 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 6.8%᠎ ᠶᠢ ᠡᠵᠡᠯᠡᠵᠡᠢ᠃ ᠪᠤᠰᠤᠳ ᠠᠷᠠᠳ ᠤᠨ ᠶᠠᠪᠤᠳᠠᠯ ᠤᠨ ᠦᠢᠯᠡᠰ ᠤᠨ ᠰᠦᠢᠳᠬᠡᠯ 83.1 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 1.2%᠎ ᠢ ᠡᠵᠡᠯᠡᠵᠡᠢ᠃      ︽ᠳᠣᠯᠣᠳᠤᠭᠠᠷ ᠲᠠᠪᠤᠨ ᠵᠢᠯ︾᠎ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 8623 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 6.7%᠎ ᠶᠢ ᠡᠵᠡᠯᠡᠵᠡᠢ᠃ ᠡᠭᠦᠨ ᠳᠤ᠄ ᠲᠡᠳᠬᠦᠮᠵᠢ 6279.1 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 35.9%᠎ ᠶᠢ ᠡᠵᠡᠯᠡᠨ᠂ ᠨᠡᠶᠢᠭᠡᠮ ᠤᠨ ᠠᠰᠠᠷᠠᠮᠵᠢ ᠶᠢᠨ ᠰᠦᠢᠳᠬᠡᠯ 5581.2 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 31.9%᠎ ᠶᠢ ᠡᠵᠡᠯᠡᠵᠡᠢ᠃ ᠲᠤᠰᠠᠯᠠᠮᠵᠢ ᠶᠢᠨ ᠮᠥᠩᠭᠦ 4375.9 ᠲᠦᠮᠡᠨ ᠲᠥᠭᠦᠷᠢᠭ ᠣᠯᠭᠤᠵᠤ᠂ ᠶᠡᠷᠦᠩᠬᠡᠢ ᠵᠠᠷᠤᠳᠠᠯ ᠤᠨ 25%᠎ ᠶᠢ ᠡᠵᠡᠯᠡᠵᠡᠢ ᠃ ᠲᠡᠳᠬᠦᠪᠦᠷᠢ ᠳᠤ ᠭᠠᠷᠤᠭᠰᠠᠨ ᠪᠠ ᠠᠵᠢᠯ ᠠᠴᠠ ᠪᠠᠨ ᠬᠠᠯᠠᠭᠳᠠᠭᠰᠠᠨ ᠤ ᠰᠦᠢᠳᠬᠡᠯ 552.3 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 3.1%᠎ ᠶᠢ ᠡᠵᠡᠯᠡᠵᠡᠢ᠃ ᠪᠤᠰᠤᠳ ᠠᠷᠠᠳ ᠤᠨ ᠶᠠᠪᠤᠳᠠᠯ ᠤᠨ ᠦᠢᠯᠡᠰ ᠤᠨ ᠰᠦᠢᠳᠬᠡᠯ 673 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 3.8 %᠎ ᠶᠢ ᠡᠵᠡᠯᠡᠵᠡᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ