ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠵᠢᠷᠭᠤᠭ᠎ᠠ︶
ᠨᠡᠶᠢᠲᠡᠯᠡᠭᠰᠡᠨ ᠴᠠᠭ᠄
2020/9/30
     ᠲᠠᠪᠤ᠂ ᠲᠠᠷᠢᠶᠠᠯᠠᠩ ᠢ ᠳᠡᠮᠵᠢᠬᠦ ᠵᠠᠷᠤᠳᠠᠯ      1949 ᠣᠨ ᠠᠴᠠ 1990 ᠣᠨ ᠪᠣᠯᠲᠠᠯ᠎ᠠ᠂ ᠤᠯᠠᠭᠠᠨᠬᠠᠳᠠ ᠬᠤᠲᠠ ᠨᠢ ᠲᠠᠷᠢᠶᠠᠯᠠᠩ᠂ ᠣᠢ ᠰᠢᠭᠤᠢ᠂ ᠤᠰᠤᠨ ᠠᠰᠢᠭᠯᠠᠯᠲᠠ᠂ ᠴᠠᠭ ᠠᠭᠤᠷ ᠤᠨ ᠦᠢᠯᠡᠰ ᠲᠤ ᠵᠠᠷᠤᠴᠠᠭᠤᠯᠤᠭᠰᠠᠨ ᠵᠠᠷᠤᠳᠠᠯ 128742 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 21.6%᠎ ᠶᠢ ᠡᠵᠡᠯᠡᠵᠡᠢ᠃ ᠶᠡᠭᠡ ᠬᠡᠮᠵᠢᠶᠡᠨ ᠤ ᠪᠡᠯᠡ ᠮᠥᠩᠭᠦᠨ ᠤ ᠣᠷᠣᠭᠤᠯᠤᠯᠲᠠ ᠨᠢ ᠤᠯᠠᠭᠠᠨᠬᠠᠳᠠ ᠬᠤᠲᠠ ᠶᠢᠨ ᠲᠠᠷᠢᠶᠠᠯᠠᠩ᠂ ᠮᠠᠯ ᠠᠵᠤ ᠠᠬᠤᠢ ᠶᠢᠨ ᠨᠥᠬᠦᠴᠡᠯ ᠪᠠ ᠮᠡᠷᠭᠡᠵᠢᠯ ᠲᠥᠬᠦᠭᠡᠷᠦᠮᠵᠢ ᠶᠢᠨ ᠲᠥᠪᠰᠢᠨ ᠢ ᠶᠡᠭᠡ ᠪᠠᠷ ᠰᠠᠶᠢᠵᠢᠷᠠᠭᠤᠯᠪᠠ᠃      ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ ᠲᠠᠷᠢᠶᠠᠯᠠᠩ ᠪᠠ ᠣᠢ ᠰᠢᠭᠤᠢ ᠶᠢᠨ ᠦᠢᠯᠡᠰ ᠭᠡᠬᠦ ᠬᠤᠶᠠᠷ ᠵᠦᠢᠯ ᠤᠨ ᠵᠠᠷᠤᠳᠠᠯ ᠪᠠᠶᠢᠵᠠᠢ᠃ 1949 ᠣᠨ ᠠᠴᠠ 1952 ᠣᠨ ᠪᠣᠯᠲᠠᠯ᠎ᠠ᠂ ᠲᠠᠷᠢᠶᠠᠯᠠᠩ ᠳᠤ ᠣᠷᠣᠭᠤᠯᠤᠭᠰᠠᠨ ᠵᠠᠷᠤᠳᠠᠯ 36.7 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 27.6%᠎ ᠶᠢ ᠡᠵᠡᠯᠡᠵᠡᠢ᠃      ︽ᠨᠢᠭᠡᠳᠦᠭᠡᠷ ᠲᠠᠪᠤᠨ ᠵᠢᠯ︾᠎ ᠤᠨ ᠲᠥᠯᠥᠪᠯᠡᠭᠡ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 1 433 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 16.7%᠎ ᠶᠢ ᠡᠵᠡᠯᠡᠵᠡᠢ᠃ ᠭᠤᠣᠯᠳᠠᠭᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ᠂ ᠠᠲᠠᠷ ᠬᠠᠭᠠᠯᠪᠤᠷᠢᠯᠠᠯᠲᠠ ᠪᠠ ᠮᠠᠯ ᠠᠵᠤ ᠠᠬᠤᠢ ᠶᠢᠨ ᠣᠷᠣᠭᠤᠯᠤᠯᠲᠠ ᠶᠢᠨ ᠵᠠᠷᠤᠳᠠᠯ ᠨᠡᠮᠡᠭᠳᠡᠵᠡᠢ᠃ ᠡᠭᠦᠨ ᠳᠤ ᠲᠠᠷᠢᠶᠠᠯᠠᠩ ᠤᠨ ᠵᠠᠷᠤᠳᠠᠯ 533.3 ᠲᠦᠮᠡᠨ ᠲᠥᠭᠦᠷᠢᠭ᠂ ᠶᠡᠷᠦᠩᠬᠡᠢ ᠪᠡᠯᠡ ᠣᠷᠣᠭᠤᠯᠤᠯᠲᠠ ᠶᠢᠨ ᠵᠠᠷᠤᠳᠠᠯ ᠤᠨ 37.2%᠎ ᠢ ᠡᠵᠡᠯᠡᠵᠦ᠂ ᠮᠠᠯ ᠠᠵᠤ ᠠᠬᠤᠢ ᠳᠤ 97.8 ᠲᠦᠮᠡᠨ ᠲᠥᠭᠦᠷᠢᠭ ᠵᠠᠷᠤᠭᠰᠠᠨ ᠨᠢ 6.8%᠎ ᠶᠢ ᠡᠵᠡᠯᠡᠵᠡᠢ᠃ ᠠᠲᠠᠷ ᠬᠠᠭᠠᠯᠪᠤᠷᠢᠯᠠᠬᠤ ᠳᠤ 54.7 ᠲᠦᠮᠡᠨ ᠲᠥᠭᠦᠷᠢᠭ ᠵᠠᠷᠤᠭᠰᠠᠨ ᠨᠢ 3.6%᠎ ᠶᠢ ᠡᠵᠡᠯᠡᠵᠡᠢ᠃ ᠣᠢ ᠰᠢᠭᠤᠢ ᠶᠢᠨ ᠦᠢᠯᠡᠰ ᠤᠨ ᠵᠠᠷᠤᠳᠠᠯ 608.9 ᠲᠦᠮᠡᠨ ᠲᠥᠭᠦᠷᠢᠭ᠂ 42.4%᠎ ᠶᠢ ᠡᠵᠡᠯᠡᠵᠡᠢ᠃ ᠤᠰᠤᠨ ᠠᠰᠢᠭᠯᠠᠯᠲᠠ ᠶᠢᠨ ᠵᠠᠷᠤᠳᠠᠯ 188.8 ᠲᠦᠮᠡᠨ ᠲᠥᠭᠦᠷᠢᠭ᠂ 13.1%᠎ ᠶᠢ ᠡᠵᠡᠯᠡᠵᠡᠢ᠃ ᠴᠠᠭ ᠠᠭᠠᠷ ᠤᠨ ᠵᠠᠷᠤᠳᠠᠯ 25 ᠲᠦᠮᠡᠨ ᠲᠥᠭᠦᠷᠢᠭ᠂ 1.7%᠎ ᠶᠢ ᠡᠵᠡᠯᠡᠵᠡᠢ᠃      ︽ᠬᠤᠶᠠᠳᠤᠭᠠᠷ ᠲᠠᠪᠤᠨ ᠵᠢᠯ︾᠎ ᠤᠨ ᠲᠥᠯᠥᠪᠯᠡᠭᠡ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 8860.1 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 31.4 %᠎ ᠶᠢ ᠡᠵᠡᠯᠡᠵᠡᠢ᠃ ᠭᠤᠣᠯᠳᠠᠭᠤ ᠠᠷᠠᠳ ᠤᠨ ᠨᠢᠭᠡᠲᠦᠯ ᠤᠨ ᠪᠡᠯᠡ ᠣᠷᠣᠭᠤᠯᠤᠯᠲᠠ ᠪᠠ ᠠᠷᠠᠳ ᠤᠨ ᠨᠢᠭᠡᠲᠦᠯ ᠤᠨ ᠦᠨ᠎ᠡ ᠲᠥᠯᠥᠪᠦᠷᠢ ᠦᠭᠡᠢ ᠲᠡᠰᠭᠡᠨ ᠬᠡᠷᠡᠭᠯᠡᠭᠰᠡᠨ ᠢ ᠲᠥᠯᠥᠵᠦ ᠪᠤᠴᠠᠭᠠᠬᠤ ᠵᠠᠷᠤᠳᠠᠯ ᠨᠡᠮᠡᠭᠳᠡᠵᠡᠢ᠃ ᠮᠠᠯ ᠠᠵᠤ ᠠᠬᠤᠢ ᠶᠢᠨ ᠲᠠᠯ᠎ᠠ ᠪᠠᠷ ᠬᠢ ᠣᠷᠣᠭᠤᠯᠤᠯᠲᠠ ᠶᠢ ᠶᠡᠭᠡ ᠬᠡᠮᠵᠢᠶ᠎ᠡ ᠪᠠᠷ ᠨᠡᠮᠡᠭᠳᠡᠭᠦᠯᠪᠡ᠃ ᠡᠭᠦᠨ ᠳᠤ ᠲᠠᠷᠢᠶᠠᠯᠠᠩ ᠤᠨ ᠵᠠᠷᠤᠳᠠᠯ 993.4 ᠲᠦᠮᠡᠨ ᠲᠥᠭᠦᠷᠢᠭ᠂ ᠶᠡᠷᠦᠩᠬᠡᠢ ᠪᠡᠯᠡ ᠣᠷᠣᠭᠤᠯᠤᠯᠲᠠ ᠶᠢᠨ ᠵᠠᠷᠤᠳᠠᠯ ᠤᠨ 11.2%᠎ ᠢ ᠡᠵᠡᠯᠡᠵᠦ᠂ ᠮᠠᠯ ᠠᠵᠤ ᠠᠬᠤᠢ ᠳᠤ 1 402.6 ᠲᠦᠮᠡᠨ ᠲᠥᠭᠦᠷᠢᠭ ᠵᠠᠷᠤᠭᠰᠠᠨ ᠨᠢ 15.8%᠎ ᠶᠢ ᠡᠵᠡᠯᠡᠵᠡᠢ᠃ ᠣᠢ ᠰᠢᠭᠤᠢ ᠶᠢᠨ ᠦᠢᠯᠡᠰ ᠤᠨ ᠵᠠᠷᠤᠳᠠᠯ 553.5 ᠲᠦᠮᠡᠨ ᠲᠥᠭᠦᠷᠢᠭ᠂ 6.2%᠎ ᠢ ᠡᠵᠡᠯᠡᠵᠡᠢ᠃ ᠠᠲᠠᠷ ᠬᠠᠭᠠᠯᠪᠤᠷᠢᠯᠠᠬᠤ ᠳᠤ 722.6 ᠲᠦᠮᠡᠨ ᠲᠥᠭᠦᠷᠢᠭ ᠵᠠᠷᠤᠭᠰᠠᠨ ᠨᠢ 8.1%᠎ ᠶᠢ ᠡᠵᠡᠯᠡᠵᠡᠢ᠃ ᠤᠰᠤᠨ ᠠᠰᠢᠭᠯᠠᠯᠲᠠ ᠶᠢᠨ ᠵᠠᠷᠤᠳᠠᠯ 2266 ᠲᠦᠮᠡᠨ ᠲᠥᠭᠦᠷᠢᠭ᠂ 25.6%᠎ ᠶᠢ ᠡᠵᠡᠯᠡᠵᠡᠢ᠃ ᠴᠠᠭ ᠠᠭᠠᠷ ᠤᠨ ᠵᠠᠷᠤᠳᠠᠯ 102.2 ᠲᠦᠮᠡᠨ ᠲᠥᠭᠦᠷᠢᠭ᠂ 1.2%᠎ ᠢ ᠡᠵᠡᠯᠡᠵᠡᠢ᠃ ᠠᠷᠠᠳ ᠤᠨ ᠨᠢᠭᠡᠲᠦᠯ ᠳᠤ 2149 ᠲᠦᠮᠡᠨ ᠲᠥᠭᠦᠷᠢᠭ ᠣᠷᠣᠭᠤᠯᠵᠤ᠂ 24.3%᠎ ᠶᠢ ᠡᠵᠡᠯᠡᠵᠡᠢ᠃ ᠠᠷᠠᠳ ᠤᠨ ᠨᠢᠭᠡᠲᠦᠯ ᠤᠨ ᠦᠨ᠎ᠡ ᠲᠥᠯᠥᠪᠦᠷᠢ ᠦᠭᠡᠢ ᠲᠡᠰᠭᠡᠨ ᠬᠡᠷᠡᠭᠯᠡᠭᠰᠡᠨ ᠢ ᠲᠥᠯᠥᠵᠦ ᠪᠤᠴᠠᠭᠠᠬᠤ ᠳᠤ 670.8 ᠲᠦᠮᠡᠨ ᠲᠥᠭᠦᠷᠢᠭ ᠵᠠᠷᠤᠵᠤ᠂ 7.6 %᠎ ᠶᠢ ᠡᠵᠡᠯᠡᠵᠡᠢ᠃      1963 ᠣᠨ ᠠᠴᠠ 1965 ᠣᠨ ᠪᠣᠯᠲᠠᠯᠠᠬᠢ ᠤᠯᠤᠰ ᠠᠷᠠᠳ ᠤᠨ ᠠᠵᠤ ᠠᠬᠤᠢ ᠶᠢᠨ ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 3207.5 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠯᠭ᠎ᠠ ᠶᠢᠨ 27.1%᠎ ᠶᠢ ᠡᠵᠡᠯᠡᠵᠦ᠂ ︽ᠬᠤᠶᠠᠳᠤᠭᠠᠷ ᠲᠠᠪᠤᠨ ᠵᠢᠯ ︾᠎ ᠤᠨ ᠬᠤᠭᠤᠴᠠᠭᠠᠨ ᠠᠴᠠ 63.8%᠎ ᠪᠠᠷ ᠪᠠᠭᠤᠷᠠᠵᠠᠢ᠃ ᠡᠭᠦᠨ ᠳᠤ᠄ ᠲᠠᠷᠢᠶᠠᠯᠠᠩ ᠤᠨ ᠵᠠᠷᠤᠳᠠᠯ 537.4 ᠲᠦᠮᠡᠨ ᠲᠥᠭᠦᠷᠢᠭ᠂ ᠶᠡᠷᠦᠩᠬᠡᠢ ᠪᠡᠯᠡ ᠣᠷᠣᠭᠤᠯᠤᠯᠲᠠ ᠶᠢᠨ ᠵᠠᠷᠤᠳᠠᠯ ᠤᠨ 16.8%᠎ ᠶᠢ ᠡᠵᠡᠯᠡᠵᠦ᠂ ᠮᠠᠯ ᠠᠵᠤ ᠠᠬᠤᠢ ᠳᠤ 860.8 ᠲᠦᠮᠡᠨ ᠲᠥᠭᠦᠷᠢᠭ ᠵᠠᠷᠤᠭᠰᠠᠨ ᠨᠢ 26.8%᠎ ᠶᠢ ᠡᠵᠡᠯᠡᠵᠡᠢ᠃ ᠣᠢ ᠰᠢᠭᠤᠢ ᠶᠢᠨ ᠦᠢᠯᠡᠰ ᠤᠨ ᠵᠠᠷᠤᠳᠠᠯ 334.8 ᠲᠦᠮᠡᠨ ᠲᠥᠭᠦᠷᠢᠭ᠂ 10.4%᠎ ᠶᠢ ᠡᠵᠡᠯᠡᠵᠡᠢ᠃ ᠠᠲᠠᠷ ᠬᠠᠭᠠᠯᠪᠤᠷᠢᠯᠠᠬᠤ ᠳᠤ 43.7 ᠲᠦᠮᠡᠨ ᠲᠥᠭᠦᠷᠢᠭ ᠵᠠᠷᠤᠭᠰᠠᠨ ᠨᠢ 1.4%᠎ ᠶᠢ ᠡᠵᠡᠯᠡᠵᠡᠢ᠃ ᠤᠰᠤᠨ ᠠᠰᠢᠭᠯᠠᠯᠲᠠ ᠶᠢᠨ ᠵᠠᠷᠤᠳᠠᠯ 1166.8 ᠲᠦᠮᠡᠨ ᠲᠥᠭᠦᠷᠢᠭ᠂ 36.7%᠎ ᠶᠢ ᠡᠵᠡᠯᠡᠵᠡᠢ᠃ ᠠᠷᠠᠳ ᠤᠨ ᠨᠢᠭᠡᠲᠦᠯ ᠳᠤ 254 ᠲᠦᠮᠡᠨ ᠲᠥᠭᠦᠷᠢᠭ ᠣᠷᠣᠭᠤᠯᠵᠤ᠂ 7.9%᠎ ᠶᠢ ᠡᠵᠡᠯᠡᠵᠡᠢ᠃      ︽ᠭᠤᠷᠪᠠᠳᠤᠭᠠᠷ ᠲᠠᠪᠤᠨ ᠵᠢᠯ︾᠎ ᠤᠨ ᠲᠥᠯᠥᠪᠯᠡᠭᠡ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 4120.2 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.5%᠎ ᠶᠢ ᠡᠵᠡᠯᠡᠵᠡᠢ᠃ ᠭᠤᠣᠯᠳᠠᠭᠤ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠰᠦᠢᠳᠬᠡᠯ ᠨᠡᠮᠡᠭᠳᠡᠵᠡᠢ᠃ ᠡᠭᠦᠨ ᠳᠤ᠄ ᠲᠠᠷᠢᠶᠠᠯᠠᠩ᠂ ᠤᠰᠤᠨ ᠠᠰᠢᠭᠯᠠᠯᠲᠠ᠂ ᠴᠠᠭ ᠠᠭᠠᠷ ᠤᠨ ᠵᠠᠷᠤᠳᠠᠯ 3680.6 ᠲᠦᠮᠡᠨ ᠲᠥᠭᠦᠷᠢᠭ᠂ ᠶᠡᠷᠦᠩᠬᠡᠢ ᠲᠣᠭᠠᠨ ᠤ 89.5%᠎ ᠶᠢ ᠡᠵᠡᠯᠡᠵᠦ᠂ ᠠᠷᠠᠳ ᠤᠨ ᠨᠢᠭᠡᠲᠦᠯ ᠳᠤ 404.2 ᠲᠦᠮᠡᠨ ᠲᠥᠭᠦᠷᠢᠭ ᠣᠷᠣᠭᠤᠯᠵᠤ᠂ 9.8 %᠎ ᠶᠢ ᠡᠵᠡᠯᠡᠵᠡᠢ᠃ ᠲᠠᠷᠢᠶᠠᠯᠠᠩ ᠤᠨ ᠮᠠᠰᠢᠨ ᠤ ᠠᠵᠤ ᠦᠢᠯᠡᠰ ᠲᠤ 35.4 ᠲᠦᠮᠡᠨ ᠲᠥᠭᠦᠷᠢᠭ ᠵᠠᠷᠤᠵᠤ᠂ 0.8%᠎ ᠶᠢ ᠡᠵᠡᠯᠡᠵᠡᠢ᠃      ︽ᠳᠦᠷᠪᠡᠳᠦᠭᠡᠷ ᠲᠠᠪᠤᠨ ᠵᠢᠯ︾᠎ ᠤᠨ ᠲᠥᠯᠥᠪᠯᠡᠭᠡ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 12594.7 ᠲᠦᠮᠡᠨ ᠲᠥᠭᠦᠷᠢᠭ ᠪᠣᠯᠵᠤ ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 20.7%᠎ ᠶᠢ ᠡᠵᠡᠯᠡᠵᠦ᠂ ︽ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 205.7%᠎ ᠪᠠᠷ ᠥᠰᠴᠡᠢ᠃ ᠡᠭᠦᠨ ᠳᠤ᠄ ᠲᠠᠷᠢᠶᠠᠯᠠᠩ᠂ ᠤᠰᠤᠨ ᠠᠰᠢᠭᠯᠠᠯᠲᠠ᠂ ᠴᠠᠭ ᠠᠭᠠᠷ ᠤᠨ ᠵᠠᠷᠤᠳᠠᠯ 10022 ᠲᠦᠮᠡᠨ ᠲᠥᠭᠦᠷᠢᠭ᠂ ᠶᠡᠷᠦᠩᠬᠡᠢ ᠲᠣᠭᠠᠨ ᠤ 79.6%᠎ ᠶᠢ ᠡᠵᠡᠯᠡᠵᠦ᠂ ᠲᠠᠷᠢᠶᠠᠯᠠᠩ ᠤᠨ ᠮᠠᠰᠢᠨ ᠳᠤ 388.8 ᠲᠦᠮᠡᠨ ᠲᠥᠭᠦᠷᠢᠭ᠂ 3.1%᠎ ᠶᠢ ᠡᠵᠡᠯᠡᠵᠦ᠂ ᠠᠷᠠᠳ ᠤᠨ ᠨᠢᠭᠡᠲᠦᠯ ᠳᠤ 2183.3 ᠲᠦᠮᠡᠨ ᠲᠥᠭᠦᠷᠢᠭ ᠣᠷᠣᠭᠤᠯᠵᠤ᠂ 17.4%᠎ ᠶᠢ ᠡᠵᠡᠯᠡᠵᠡᠢ᠃      ︽ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 25411.3 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 31.8%᠎ ᠶᠢ ᠡᠵᠡᠯᠡᠵᠦ᠂ ︽ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 102%᠎ ᠢᠶᠠᠷ ᠥᠰᠴᠡᠢ᠃ ᠭᠤᠣᠯᠳᠠᠭᠤ ᠮᠠᠯ ᠠᠵᠤ ᠠᠬᠤᠢ ᠶᠢᠨ ᠵᠠᠷᠤᠳᠠᠯ ᠨᠡᠮᠡᠭᠳᠡᠵᠦ᠂ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ᠂ ᠤᠰᠤ ᠬᠦᠷᠦᠰᠦ ᠶᠢ ᠬᠠᠮᠠᠭᠠᠯᠠᠬᠤ ᠰᠦᠢᠳᠬᠡᠯ ᠤᠨ ᠨᠥᠬᠦᠪᠦᠷᠢ᠂ ᠤᠰᠤᠨ ᠭᠠᠷᠤᠯᠲᠠ ᠶᠢᠨ ᠠᠵᠤ ᠦᠢᠯᠡᠰ ᠤᠨ ᠰᠦᠢᠳᠬᠡᠯ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠰᠦᠢᠳᠬᠡᠯ᠂ ᠲᠠᠷᠢᠶᠠᠯᠠᠩ ᠤᠨ ᠡᠬᠢ ᠪᠠᠶᠠᠯᠢᠭ ᠤᠨ ᠪᠠᠶᠢᠴᠠᠭᠠᠯᠲᠠ ᠪᠠ ᠵᠠᠭᠠᠭᠯᠠᠬᠤ ᠰᠦᠢᠳᠬᠡᠯ ᠰᠢᠨ᠎ᠡ ᠪᠠᠷ ᠨᠡᠮᠡᠭᠳᠡᠵᠡᠢ᠃ ᠡᠭᠦᠨ ᠳᠤ᠄ ᠲᠠᠷᠢᠶᠠᠯᠠᠩ᠂ ᠤᠰᠤᠨ ᠠᠰᠢᠭᠯᠠᠯᠲᠠ᠂ ᠴᠠᠭ ᠠᠭᠠᠷ ᠤᠨ ᠵᠠᠷᠤᠳᠠᠯ 17664.8 ᠲᠦᠮᠡᠨ ᠲᠥᠭᠦᠷᠢᠭ᠂ ᠶᠡᠷᠦᠩᠬᠡᠢ ᠲᠣᠭᠠᠨ ᠤ 69.5%᠎ ᠶᠢ ᠡᠵᠡᠯᠡᠵᠦ᠂ ᠲᠠᠷᠢᠶᠠᠯᠠᠩ ᠤᠨ ᠮᠠᠰᠢᠨ ᠤ ᠦᠢᠯᠡᠰ ᠲᠤ 980.5 ᠲᠦᠮᠡᠨ ᠲᠥᠭᠦᠷᠢᠭ᠂ 3.9%᠎ ᠶᠢ ᠡᠵᠡᠯᠡᠵᠦ᠂ ᠠᠷᠠᠳ ᠤᠨ ᠨᠢᠭᠡᠲᠦᠯ ᠢ ᠳᠡᠮᠵᠢᠬᠦ ᠳᠤ 4774.5 ᠲᠦᠮᠡᠨ ᠲᠥᠭᠦᠷᠢᠭ ᠣᠷᠣᠭᠤᠯᠵᠤ᠂ ᠶᠡᠷᠦᠩᠬᠡᠢ ᠵᠠᠷᠤᠳᠠᠯ ᠤᠨ 19.7%᠎ ᠶᠢ ᠡᠵᠡᠯᠡᠵᠡᠢ᠃ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠠ ᠤᠰᠤ ᠬᠦᠷᠦᠰᠦ ᠶᠢ ᠬᠠᠮᠠᠭᠠᠯᠠᠬᠤ ᠰᠦᠢᠳᠬᠡᠯ ᠳᠤ 1966.3 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠲᠣᠭᠠᠨ ᠤ 7.7%᠎ ᠶᠢ ᠡᠵᠡᠯᠡᠨ᠂ ᠤᠰᠤᠨ ᠭᠠᠷᠤᠯᠲᠠ ᠶᠢᠨ ᠠᠵᠤ ᠦᠢᠯᠡᠰ ᠤᠨ ᠰᠦᠢᠳᠬᠡᠯ ᠳᠤ 42 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠲᠣᠭᠠᠨ ᠤ 0.16%᠎ ᠶᠢ ᠡᠵᠡᠯᠡᠪᠡ᠃ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠠᠵᠢᠯ ᠦᠢᠯᠡᠰ ᠤᠨ ᠰᠦᠢᠳᠬᠡᠯ ᠳᠤ 6.8 ᠲᠦᠮᠡᠨ ᠲᠥᠭᠦᠷᠢᠭ ᠵᠠᠷᠤᠭᠰᠠᠨ ᠨᠢ 0.03%᠎ ᠶᠢ ᠡᠵᠡᠯᠡᠪᠡ᠃ ᠲᠠᠷᠢᠶᠠᠯᠠᠩ ᠤᠨ ᠡᠬᠢ ᠪᠠᠶᠠᠯᠢᠭ ᠤᠨ ᠪᠠᠶᠢᠴᠠᠭᠠᠯᠲᠠ ᠪᠠ ᠵᠠᠭᠠᠭᠯᠠᠬᠤ ᠰᠦᠢᠳᠬᠡᠯ ᠳᠤ 6.8 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠲᠣᠭᠠᠨ ᠤ 0.03%᠎ ᠶᠢ ᠡᠵᠡᠯᠡᠵᠡᠢ᠃      ︽ᠵᠢᠷᠭᠤᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 27299.9 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 22.9%᠎ ᠶᠢ ᠡᠵᠡᠯᠡᠵᠦ᠂ ︽ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 78.9%᠎ ᠪᠠᠷ ᠥᠰᠴᠡᠢ᠃ ᠭᠤᠣᠯᠳᠠᠭᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠ ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠨᠥᠬᠦᠪᠦᠷᠢ ᠶᠢᠨ ᠰᠦᠢᠳᠬᠡᠯ᠂ ᠬᠥᠳᠡᠭᠡ ᠲᠤᠰᠬᠤᠨ ᠮᠠᠯᠵᠢᠬᠤ ᠣᠷᠣᠨ ᠤ ᠨᠤᠲᠤᠭ ᠪᠡᠯᠴᠢᠭᠡᠷ ᠪᠠ ᠮᠠᠯ ᠰᠦᠷᠦᠭ ᠤᠨ ᠬᠠᠮᠠᠭᠠᠯᠠᠯᠲᠠ ᠶᠢᠨ ᠨᠥᠬᠦᠪᠦᠷᠢ᠂ ᠬᠥᠳᠡᠭᠡ ᠲᠤᠰᠬᠤᠨ ᠤ ᠣᠶᠢᠵᠢᠭᠤᠯᠤᠯᠲᠠ ᠪᠠ ᠤᠢ ᠬᠠᠮᠠᠭᠠᠯᠠᠬᠤ ᠨᠥᠬᠦᠪᠦᠷᠢ᠂ ᠬᠥᠳᠡᠭᠡ ᠲᠤᠰᠬᠤᠨ ᠤ ᠤᠰᠤᠨ ᠭᠠᠷᠤᠯᠲᠠ ᠶᠢᠨ ᠨᠥᠬᠦᠪᠦᠷᠢ ᠵᠡᠷᠭᠡ ᠵᠠᠷᠤᠳᠠᠯ ᠨᠡᠮᠡᠭᠳᠡᠵᠡᠢ᠃ ᠡᠭᠦᠨ ᠳᠤ᠄ ᠲᠠᠷᠢᠶᠠᠯᠠᠩ᠂ ᠤᠰᠤᠨ ᠠᠰᠢᠭᠯᠠᠯᠲᠠ᠂ ᠴᠠᠭ ᠠᠭᠠᠷ ᠤᠨ ᠵᠠᠷᠤᠳᠠᠯ 14432.6 ᠲᠦᠮᠡᠨ ᠲᠥᠭᠦᠷᠢᠭ᠂ ᠶᠡᠷᠦᠩᠬᠡᠢ ᠲᠣᠭᠠᠨ ᠤ 52.8%᠎ ᠶᠢ ᠡᠵᠡᠯᠡᠵᠦ᠂ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠠ ᠤᠰᠤ ᠬᠦᠷᠦᠰᠦ ᠶᠢ ᠬᠠᠮᠠᠭᠠᠯᠠᠬᠤ ᠰᠦᠢᠳᠬᠡᠯ ᠳᠤ 6707.5 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠲᠣᠭᠠᠨ ᠤ 14.7%᠎ ᠶᠢ ᠡᠵᠡᠯᠡᠨ᠂ ᠬᠥᠳᠡᠭᠡ ᠲᠤᠰᠬᠤᠨ ᠤ ᠬᠤᠷᠰᠢᠭᠰᠠᠨ ᠦᠢᠯᠡᠳᠪᠦᠷᠢᠯᠡᠯ ᠢ ᠳᠡᠮᠵᠢᠬᠦ ᠳᠤ 4764.9 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 10.4%᠎ ᠶᠢ ᠡᠵᠡᠯᠡᠵᠦ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠠ ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠨᠥᠬᠦᠪᠦᠷᠢ 205.5 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 0.75%᠎ ᠶᠢ ᠡᠵᠡᠯᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠨᠤᠲᠤᠭ ᠪᠡᠯᠴᠢᠭᠡᠷ ᠪᠠ ᠮᠠᠯ ᠰᠦᠷᠦᠭ ᠤᠨ ᠬᠠᠮᠠᠭᠠᠯᠠᠯᠲᠠ ᠶᠢᠨ ᠨᠥᠬᠦᠪᠦᠷᠢ ᠳᠤ 533.3 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 1.9%᠎ ᠶᠢ ᠡᠵᠡᠯᠡᠨ᠂ ᠬᠥᠳᠡᠭᠡ ᠲᠤᠰᠬᠤᠨ ᠤ ᠣᠶᠢᠵᠢᠭᠤᠯᠤᠯᠲᠠ ᠪᠠ ᠤᠢ ᠬᠠᠮᠠᠭᠠᠯᠠᠬᠤ ᠨᠥᠬᠦᠪᠦᠷᠢ ᠳᠤ 558.5 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 3.2%᠎ ᠢ ᠡᠵᠡᠯᠡᠵᠦ᠂ ᠲᠠᠷᠢᠶᠠᠯᠠᠩ ᠣᠢ ᠰᠢᠭᠤᠢ ᠤᠰᠤᠨ ᠭᠠᠷᠤᠯᠲᠠ ᠶᠢᠨ ᠨᠥᠬᠦᠪᠦᠷᠢ ᠳᠤ 97.6 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 0.35%᠎ ᠶᠢ ᠡᠵᠡᠯᠡᠵᠡᠢ      ︽ᠳᠣᠯᠣᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 45753.8 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 17.6%᠎ ᠶᠢ ᠡᠵᠡᠯᠡᠵᠦ᠂ ︽ᠵᠢᠷᠭᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 67.6%᠎ ᠪᠠᠷ ᠥᠰᠴᠡᠢ᠃ ᠭᠤᠣᠯᠳᠠᠭᠤ ᠲᠠᠷᠢᠶᠠᠯᠠᠩ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦᠨ ᠤ ᠵᠠᠷᠤᠳᠠᠯ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠲᠤᠰᠬᠠᠢ ᠪᠡᠯᠡ ᠮᠥᠩᠭᠦᠨ ᠤ ᠵᠠᠷᠤᠳᠠᠯ ᠪᠠ ᠭᠠᠵᠠᠷ ᠰᠢᠷᠤᠢ ᠶᠢᠨ ᠬᠠᠮᠢᠶᠠᠷᠤᠯᠲᠠ ᠶᠢᠨ ᠠᠵᠢᠯ ᠦᠢᠯᠡᠰ ᠤᠨ ᠰᠦᠢᠳᠬᠡᠯ ᠤᠨ ᠵᠠᠷᠤᠳᠠᠯ ᠵᠡᠷᠭᠡ ᠲᠠᠯ᠎ᠠ ᠪᠠᠷ ᠨᠡᠮᠡᠭᠳᠡᠵᠡᠢ᠃ ᠡᠭᠦᠨ ᠳᠤ᠄ ᠲᠠᠷᠢᠶᠠᠯᠠᠩ᠂ ᠤᠰᠤᠨ ᠠᠰᠢᠭᠯᠠᠯᠲᠠ ᠶᠢᠨ ᠠᠵᠢᠯ ᠦᠢᠯᠡᠰ ᠤᠨ ᠵᠠᠷᠤᠳᠠᠯ 16949.5 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 37%᠎ ᠶᠢ ᠡᠵᠡᠯᠡᠵᠦ᠂ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠠ ᠤᠰᠤ ᠬᠦᠷᠦᠰᠦ ᠶᠢ ᠬᠠᠮᠠᠭᠠᠯᠠᠬᠤ ᠰᠦᠢᠳᠬᠡᠯ ᠳᠤ 6681.4 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 14.6%᠎ ᠶᠢ ᠡᠵᠡᠯᠡᠨ᠂ ᠬᠥᠳᠡᠭᠡ ᠲᠤᠰᠬᠤᠨ ᠤ ᠬᠤᠷᠰᠢᠭᠰᠠᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢ ᠳᠡᠮᠵᠢᠬᠦ ᠳᠤ 5274.9 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 11.5%᠎ ᠶᠢ ᠡᠵᠡᠯᠡᠵᠦ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠠ ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠨᠥᠬᠦᠪᠦᠷᠢ 551.2 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 1.2%᠎ ᠢ ᠡᠵᠡᠯᠡᠵᠦ᠂ ᠲᠠᠷᠢᠶᠠᠯᠠᠩ ᠣᠢ ᠰᠢᠭᠤᠢ ᠨᠤᠲᠤᠭ ᠪᠡᠯᠴᠢᠭᠡᠷ ᠪᠠ ᠮᠠᠯ ᠰᠦᠷᠦᠭ ᠤᠨ ᠬᠠᠮᠠᠭᠠᠯᠠᠯᠲᠠ ᠶᠢᠨ ᠨᠥᠬᠦᠪᠦᠷᠢ ᠳᠤ 1977.9 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 4.3%᠎ ᠶᠢ ᠡᠵᠡᠯᠡᠨ᠂ ᠬᠥᠳᠡᠭᠡ ᠲᠤᠰᠬᠤᠨ ᠤ ᠣᠶᠢᠵᠢᠭᠤᠯᠤᠯᠲᠠ ᠶᠢᠨ ᠨᠥᠬᠦᠪᠦᠷᠢ ᠳᠤ 12058.2 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 26.3%᠎ ᠶᠢ ᠡᠵᠡᠯᠡᠵᠦ᠂ ᠬᠥᠳᠡᠭᠡ ᠲᠤᠰᠬᠤᠨ ᠤ ᠤᠰᠤᠨ ᠭᠠᠷᠤᠯᠲᠠ ᠶᠢᠨ ᠨᠥᠬᠦᠪᠦᠷᠢ ᠳᠤ 130.9 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 0.3%᠎ ᠶᠢ ᠡᠵᠡᠯᠡᠨ᠂ ᠲᠠᠷᠢᠶᠠᠯᠠᠩ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦᠨ ᠤ ᠵᠠᠷᠤᠳᠠᠯ 1477.4 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 3.2%᠎ ᠢ ᠡᠵᠡᠯᠡᠵᠦ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠲᠤᠰᠬᠠᠢ ᠪᠡᠯᠡ ᠮᠥᠩᠭᠦᠨ ᠤ ᠵᠠᠷᠤᠳᠠᠯ 582.4 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 1.3%᠎ ᠶᠢ ᠡᠵᠡᠯᠡᠵᠡᠢ᠃      ᠵᠢᠷᠭᠤᠭ᠎ᠠ᠂ ᠬᠤᠲᠠ ᠰᠡᠯᠪᠢᠨ ᠵᠠᠰᠠᠬᠤ ᠰᠦᠢᠳᠭᠡᠯ ᠤᠨ ᠵᠠᠷᠤᠳᠠᠯ      ᠬᠤᠲᠠ ᠰᠡᠯᠪᠢᠨ ᠵᠠᠰᠠᠬᠤ ᠰᠦᠢᠳᠭᠡᠯ ᠢ ᠭᠤᠤᠯᠳᠠᠭᠤ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠵᠠᠷᠤᠵᠤ᠂ ᠠᠷᠠᠳ ᠤᠨ ᠠᠮᠢᠳᠤᠷᠠᠯ ᠳᠤ ᠬᠤᠯᠪᠤᠭᠳᠠᠬᠤ ᠪᠦᠲᠦᠭᠡᠨ ᠪᠠᠶᠢᠭᠤᠯᠤᠯᠲᠠ ᠶᠢᠨ ᠲᠥᠰᠥᠯ ᠳᠤ ᠬᠡᠷᠡᠭᠯᠡᠳᠡᠭ᠂ ᠡᠯ᠎ᠡ ᠴᠠᠭ ᠬᠤᠭᠤᠴᠠᠭᠠᠨ ᠳᠤ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠣᠷᠤᠭᠤᠯᠤᠯᠲᠠ ᠶᠢᠨ ᠲᠤᠭ᠎ᠠ ᠨᠤᠷᠮ᠎ᠠ ᠨᠢ ᠴᠦ ᠠᠳᠠᠯᠢ ᠦᠭᠡᠢ ᠪᠠᠶᠢᠵᠤ᠂ ᠡᠯ᠎ᠡ ᠣᠨ ᠤᠳ ᠲᠤ ᠴᠦ ᠠᠳᠠᠯᠢ ᠦᠭᠡᠢ ᠪᠠᠶᠢᠵᠠᠢ᠃ ᠭᠡᠲᠡᠯ᠎ᠡ ᠪᠡᠯᠡ ᠣᠷᠤᠭᠤᠯᠤᠯᠲᠠ ᠶᠢᠨ ᠶᠡᠷᠦᠩᠬᠡᠢ ᠬᠠᠨᠳᠤᠰᠢ ᠶᠢ ᠨᠢ ᠵᠢᠯ ᠳᠣᠲᠣᠮ ᠨᠡᠮᠡᠭᠳᠡᠭᠰᠡᠨ ᠪᠠᠶᠢᠨ᠎ᠠ᠃ 1949 ᠣᠨ ᠠᠴᠠ 1990 ᠣᠨ ᠪᠣᠯᠲᠠᠯ᠎ᠠ ᠤᠯᠠᠭᠠᠨᠬᠠᠳᠠ ᠶᠢᠨ ᠬᠤᠲᠠ ᠰᠡᠯᠪᠢᠨ ᠵᠠᠰᠠᠬᠤ ᠶᠡᠷᠦᠩᠬᠡᠢ ᠵᠠᠷᠤᠳᠠᠯ 18327.7 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 3.1%᠎ ᠶᠢ ᠡᠵᠡᠯᠡᠵᠡᠢ᠃      ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ ᠤᠯᠠᠭᠠᠨᠬᠠᠳᠠ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ᠂ ᠵᠠᠰᠠᠮᠠᠯ ᠵᠠᠮ ᠵᠡᠷᠭᠡ ᠰᠠᠭᠤᠷᠢ ᠲᠦᠬᠦᠭᠡᠷᠦᠮᠵᠢ ᠮᠠᠰᠢ ᠠᠨᠠᠢ ᠪᠠᠶᠢᠵᠠᠢ᠂ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠠᠵᠤ ᠠᠬᠤᠢ ᠶᠢᠨ ᠰᠡᠷᠭᠦᠯᠲᠡ ᠶᠢᠨ ᠦᠶ᠎ᠡ ᠳᠤ ᠣᠷᠣᠨ ᠨᠤᠲᠤᠭ ᠤᠨ ᠡᠳ᠋ ᠤᠨ ᠵᠠᠰᠠᠭ ᠶᠡᠬᠡᠬᠡᠨ ᠬᠦᠴᠢᠷᠲᠡᠢ ᠪᠠᠶᠢᠭᠰᠠᠨ ᠪᠤᠯᠪᠠᠴᠤ ᠵᠣᠬᠢᠬᠤ ᠪᠡᠯᠡ ᠮᠥᠩᠭᠦ ᠭᠠᠷᠭᠠᠵᠤ ᠬᠤᠲᠠ ᠲᠣᠭᠤᠷᠢᠭ ᠤᠨ ᠵᠠᠮ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠬᠦᠭᠡᠷᠦᠮᠵᠢ ᠶᠢ ᠵᠠᠰᠠᠨ ᠰᠡᠷᠭᠦᠭᠡᠪᠡ᠃ 1949 ᠣᠨ ᠠᠴᠠ 1952 ᠣᠨ ᠪᠣᠯᠲᠠᠯ᠎ᠠ ᠬᠤᠲᠠ ᠰᠡᠯᠪᠢᠨ ᠵᠠᠰᠠᠬᠤ ᠳᠤ 68 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.4%᠎ ᠶᠢ ᠡᠵᠡᠯᠡᠪᠡ᠃      ︽ᠨᠢᠭᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 55.4 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.6%᠎ ᠶᠢ ᠡᠵᠡᠯᠡᠪᠡ᠃      ︽ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 184.4 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.7%᠎ ᠶᠢ ᠡᠵᠡᠯᠡᠪᠡ᠃ ︽ᠨᠢᠭᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 2.3 ᠳᠠᠬᠢᠨ ᠨᠡᠮᠡᠭᠳᠡᠪᠡ᠃      ᠭᠤᠷᠪᠠᠨ ᠵᠢᠯ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 14619 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.2 %᠎ ᠢ ᠡᠵᠡᠯᠡᠪᠡ᠃      ︽ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 366.7 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 3%᠎ ᠶᠢ ᠡᠵᠡᠯᠡᠪᠡ᠃ ︽ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ ᠨᠢᠭᠡ ᠳᠠᠬᠢᠨ ᠢᠯᠡᠭᠦᠦ ᠪᠠᠷ ᠨᠡᠮᠡᠭᠳᠡᠪᠡ᠃      ︽ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 933.6 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.5%᠎ ᠶᠢ ᠡᠵᠡᠯᠡᠪᠡ᠃ ︽ᠭᠤᠷᠪᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 3 ᠳᠠᠬᠢᠨ ᠨᠡᠮᠡᠭᠳᠡᠪᠡ᠃      ︽ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 1530.8 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.9%᠎ ᠶᠢ ᠡᠵᠡᠯᠡᠪᠡ᠃ ︽ᠳᠦᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 63.9%᠎ ᠪᠠᠷ ᠨᠡᠮᠡᠭᠳᠡᠪᠡ᠃      ︽ᠵᠢᠷᠭᠤᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 4515.3 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 3.8 %᠎ ᠶᠢ ᠡᠵᠡᠯᠡᠨ᠂ ︽ᠲᠠᠪᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 3 ᠳᠠᠬᠢᠨ ᠨᠡᠮᠡᠭᠳᠡᠪᠡ᠃      ︽ᠳᠣᠯᠣᠳᠤᠭᠠᠷ ᠲᠠᠪᠤᠨ ᠵᠢᠯ︾᠎ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 10704.6 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5.1%᠎ ᠶᠢ ᠡᠵᠡᠯᠡᠵᠦ᠂ ︽ᠵᠢᠷᠭᠤᠳᠤᠭᠠᠷ ᠲᠠᠪᠤᠨ ᠵᠢᠯ︾᠎ ᠤᠨ ᠬᠤᠭᠤᠴᠠᠭᠠᠨ ᠤ ᠬᠢ ᠠᠴᠠ 2 ᠳᠠᠬᠢᠨ ᠨᠡᠮᠡᠭᠳᠡᠪᠡ᠃      ᠬᠤᠲᠠ ᠶᠢᠨ ᠠᠷᠠᠴᠢᠯᠠᠭ᠎ᠠ ᠳᠣᠳᠣᠮᠳᠠᠯᠭ᠎ᠠ ᠶᠢᠨ ᠰᠦᠢᠳᠬᠡᠯ ᠳᠤ ᠪᠡᠯᠡ ᠣᠷᠣᠭᠤᠯᠤᠭᠰᠠᠨ ᠠᠴᠠ ᠬᠤᠲᠠ ᠶᠢᠨ ᠣᠯᠠᠨ ᠨᠡᠶᠢᠲᠡ ᠶᠢᠨ ᠲᠥᠬᠦᠭᠡᠷᠦᠮᠵᠢ᠂ ᠴᠡᠴᠡᠷᠯᠢᠭ ᠣᠢ ᠮᠣᠳᠣ᠂ ᠤᠰᠤ ᠬᠠᠩᠭᠠᠬᠤ᠂ ᠤᠰᠤ ᠵᠠᠯᠠᠬᠤ᠂ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠡᠶᠢᠲᠡ ᠶᠢᠨ ᠦᠢᠯᠡᠰ ᠲᠣᠭᠲᠠᠭᠤᠨ ᠢᠶᠠᠷ ᠬᠥᠭᠵᠢᠵᠡᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ