ᠳᠦᠷᠪᠡᠳᠦᠭᠡᠷ ᠪᠦᠯᠦᠭ ᠡᠳ᠋ ᠤᠨ ᠵᠠᠰᠠᠭ ᠤᠨ ᠬᠢᠨᠠᠯᠲᠠ | ᠨᠢᠭᠡᠳᠦᠭᠡᠷ ᠬᠡᠰᠡᠭ ᠡᠳ᠋ ᠤᠨ ᠶᠠᠪᠤᠳᠠᠯ ᠤᠨ ᠪᠠᠶᠢᠴᠠᠭᠠᠯᠲᠠ | 1960 ᠣᠨ ᠠᠴᠠ 1963 ᠣᠨ ᠤ ᠬᠤᠭᠤᠷᠣᠨᠳᠤ᠂ ᠪᠦᠬᠦ ᠠᠶᠢᠮᠠᠭ ᠲᠤ ᠣᠯᠠᠨ ᠤᠳᠠᠭ᠎ᠠ ᠡᠳ᠋ ᠤᠨ ᠶᠠᠪᠤᠳᠠᠯ ᠤᠨ ᠶᠡᠭᠡ ᠪᠠᠶᠢᠴᠠᠭᠠᠯᠲᠠ ᠬᠢᠵᠦ᠂ | ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠬᠢᠵᠠᠭᠠᠷᠯᠠᠬᠤ ᠲᠣᠭᠲᠠᠭᠠᠯ ᠢ ᠵᠥᠷᠢᠴᠡᠨ ᠲᠥᠯᠥᠪᠯᠡᠭᠡ ᠠᠴᠠ ᠭᠠᠳᠠᠭᠤᠷ ᠠᠰᠠᠷ ᠪᠠᠷᠢᠯᠭ᠎ᠠ ᠪᠠᠭᠤᠳᠠᠯ | ᠰᠠᠭᠤᠴᠠ ᠪᠠᠷᠢᠭᠰᠠᠨ᠂ ᠪᠦᠷᠢᠯᠭᠡᠨ ᠰᠦᠢᠳᠬᠡᠭᠰᠡᠨ᠂ ᠵᠢᠯ ᠤᠨ ᠡᠴᠦᠰ ᠲᠤ ᠱᠠᠯᠠᠪᠳᠠᠨ ᠵᠣᠭᠤᠰ ᠵᠠᠷᠤᠭᠰᠠᠨ ᠵᠡᠷᠭᠡ ᠠᠰᠠᠭᠤᠳᠠᠯ ᠳᠤ ᠪᠠᠶᠢᠴᠠᠭᠠᠯᠲᠠ ᠬᠢᠵᠦ᠂ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭᠠᠳᠬᠠᠬᠤ ᠪᠠ ᠲᠤᠬᠠᠢ ᠶᠢᠨ ᠵᠢᠯ ᠤᠨ ᠤᠯᠤᠰ ᠤᠨ ᠡᠳ᠋ ᠤᠨ ᠵᠠᠰᠠᠭ ᠤᠨ ᠲᠥᠰᠥᠪ ᠢ ᠲᠡᠩᠴᠡᠭᠦᠯᠬᠦ ᠳᠤ | ᠴᠢᠬᠤᠯᠠ ᠦᠢᠯᠡᠳᠦᠯ ᠦᠵᠡᠭᠦᠯᠵᠡᠢ᠃ | 1980 ᠣᠨ ᠳᠤ ᠡᠯ᠎ᠡ ᠵᠦᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠣᠭᠤᠰ 1000 ᠲᠦᠮᠡᠨ ᠲᠥᠭᠦᠷᠢᠭ ᠪᠠᠶᠢᠴᠠᠭᠠᠨ ᠭᠠᠷᠭᠠᠪᠠ᠃ ᠡᠳᠡᠭᠡᠷ ᠰᠠᠬᠢᠯᠭ᠎ᠠ | ᠪᠠᠲᠤ ᠶᠢ ᠵᠥᠷᠢᠴᠡᠭᠰᠡᠨ ᠵᠣᠭᠤᠰ ᠢ ᠠᠰᠠᠭᠤᠳᠠᠯ ᠤᠨ ᠰᠢᠨᠵᠢ ᠴᠢᠨᠠᠷ ᠢᠶᠠᠷ ᠨᠢ ᠬᠤᠪᠢᠶᠠᠪᠠᠯ ᠭᠤᠣᠯᠳᠠᠭᠤ᠄ ᠵᠠᠷᠤᠳᠠᠯ ᠨᠢ ᠣᠷᠣᠯᠭ᠎ᠠ ᠠᠴᠠ ᠪᠠᠨ ᠶᠡᠭᠡ ᠪᠣᠯᠵᠤ ᠠᠯᠪᠠᠨ | ᠵᠣᠭᠤᠰ ᠢ ᠡᠵᠡᠯᠡᠭᠰᠡᠨ ᠪᠠ ᠰᠢᠯᠵᠢᠭᠦᠯᠦᠭᠰᠡᠨ᠂ ᠭᠠᠶᠢᠯᠢ ᠠᠴᠠ ᠵᠢᠭᠤᠲᠠᠭᠰᠠᠨ᠂ ᠠᠰᠢᠭ ᠭᠠᠶᠢᠯᠢ ᠥᠷᠢᠲᠦᠭᠰᠡᠨ᠂ ᠠᠰᠢᠭ ᠣᠷᠣᠯᠭ᠎ᠠ ᠶᠢ ᠳᠤᠮᠳᠠ ᠠᠴᠠ ᠨᠢ | ᠠᠪᠤᠭᠰᠠᠨ᠂ ᠱᠠᠮᠰᠢᠵᠤ ᠬᠡᠭᠡᠯᠢ ᠢᠳᠡᠭᠰᠡᠨ ᠵᠡᠷᠭᠡ ᠠᠰᠠᠭᠤᠳᠠᠯ ᠢ ᠢᠯᠡᠷᠡᠭᠦᠯᠵᠦ᠂ ᠠᠳᠠᠯᠢ ᠪᠤᠰᠤ ᠠᠰᠠᠭᠤᠳᠠᠯ ᠪᠠ ᠪᠠᠶᠢᠳᠠᠯ ᠢ ᠦᠨᠳᠦᠰᠦᠯᠡᠨ ᠲᠤᠰ ᠲᠤᠰ ᠲᠤᠨᠢ | ᠰᠢᠢᠳᠪᠦᠷᠢᠯᠡᠪᠡ᠃ | 1985 ᠣᠨ ᠳᠤ ᠪᠦᠬᠦ ᠬᠤᠲᠠ ᠶᠢᠨ ᠬᠡᠪᠴᠢᠶᠡᠨ ᠳᠤ ︽ᠭᠠᠶᠢᠯᠢ᠂ ᠡᠳ᠋ ᠤᠨ ᠶᠠᠪᠤᠳᠠᠯ᠂ ᠪᠠᠷᠠᠭ᠎ᠠ ᠶᠢᠨ ᠦᠨ᠎ᠡ ᠶᠢᠨ ᠶᠡᠭᠡ ᠪᠠᠶᠢᠴᠠᠭᠠᠯᠲᠠ︾ ᠬᠢᠪᠡ᠃ | ᠪᠦᠬᠦ᠋ᠢᠯᠡ ᠡᠳ᠋ ᠤᠨ ᠶᠠᠪᠤᠳᠠᠯ ᠤᠨ ᠶᠡᠭᠡ ᠪᠠᠶᠢᠴᠠᠭᠠᠯᠲᠠ ᠨᠢ 10 ᠰᠠᠷ᠎ᠠ ᠠᠴᠠ ᠡᠬᠢᠯᠡᠵᠦ᠂ ᠭᠤᠷᠪᠠᠨ ᠱᠠᠲᠤ ᠬᠤᠪᠢᠶᠠᠨ ᠶᠠᠪᠤᠭᠳᠠᠵᠠᠢ᠃ ᠨᠢᠭᠡᠳᠦᠭᠡᠷ ᠱᠠᠲᠤᠨ ᠳᠤ | ᠨᠢᠭᠡᠴᠢ ᠶᠢᠨ ᠥᠪᠡᠷ ᠤᠨ ᠪᠠᠶᠢᠴᠠᠭᠠᠯᠲᠠ ᠬᠢᠪᠡ᠃ ᠬᠤᠶᠠᠳᠤᠭᠠᠷ ᠱᠠᠲᠤᠨ ᠳᠤ ᠥᠪᠡᠷ ᠤᠨ ᠪᠠᠶᠢᠴᠠᠭᠠᠯᠲᠠ ᠶᠢᠨ ᠰᠠᠭᠤᠷᠢᠨ ᠳᠡᠭᠡᠷ᠎ᠡ ᠡᠯ᠎ᠡ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠪᠠ ᠨᠢᠭᠡᠴᠢ ᠨᠢ ᠪᠠᠰᠠ ᠲᠤᠰ ᠰᠢᠰᠲ᠋ᠧᠮ ᠤᠨ ᠢᠶᠠᠨ ᠳᠣᠲᠣᠭᠠᠳᠤ ᠳᠤ ᠬᠠᠷᠢᠯᠴᠠᠨ ᠪᠠᠶᠢᠴᠠᠭᠠᠬᠤ ᠪᠠ ᠳᠠᠬᠢᠨ ᠪᠠᠶᠢᠴᠠᠭᠠᠯᠲᠠ ᠵᠣᠬᠢᠶᠠᠨ ᠪᠠᠶᠢᠭᠤᠯᠪᠠ᠃ | ᠭᠤᠷᠪᠠᠳᠤᠭᠠᠷ ᠱᠠᠲᠤᠨ ᠳᠤ ᠰᠤᠭᠤᠴᠢᠨ ᠪᠠᠶᠢᠴᠠᠭᠠᠵᠤ ᠰᠢᠢᠳᠪᠦᠷᠢᠯᠡᠪᠡ᠃ 851.6 ᠲᠦᠮᠡᠨ ᠲᠥᠭᠦᠷᠢᠭ ᠤᠨ ᠡᠯ᠎ᠡ ᠵᠦᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ | ᠵᠣᠭᠤᠰ ᠪᠠᠶᠢᠴᠠᠭᠠᠨ ᠭᠠᠷᠭᠠᠵᠤ᠂ ᠠᠰᠠᠭᠤᠳᠠᠯ ᠤᠨ ᠰᠢᠨᠵᠢ ᠴᠢᠨᠠᠷ ᠢᠶᠠᠷ ᠨᠢ ᠬᠤᠪᠢᠶᠠᠭᠰᠠᠨ ᠳᠤ ᠡᠬᠢ ᠪᠠᠶᠠᠯᠢᠭ᠂ ᠵᠠᠮ ᠬᠠᠷᠢᠯᠴᠠᠭ᠎ᠠ ᠶᠢᠨ ᠭᠤᠣᠯᠳᠠᠯᠭ᠎ᠠ ᠲᠠᠢ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠤᠶᠢᠰᠢᠯᠠᠭᠤᠯᠵᠤ ᠥᠷᠢᠲᠦᠭᠰᠡᠨ ᠵᠣᠭᠤᠰ 581.5 ᠲᠦᠮᠡᠨ ᠲᠥᠭᠦᠷᠢᠭ᠂ ᠳᠠᠶᠢᠯᠠᠯᠭ᠎ᠠ ᠬᠢᠵᠦ ᠪᠡᠯᠡᠭ ᠬᠦᠷᠭᠡᠨ | ᠪᠦᠷᠢᠯᠭᠡᠭᠰᠡᠨ ᠵᠣᠭᠤᠰ 55.1 ᠲᠦᠮᠡᠨ ᠲᠥᠭᠦᠷᠢᠭ᠂ ᠪᠠᠷᠠᠭ᠎ᠠ ᠶᠢᠨ ᠦᠨ᠎ᠡ ᠶᠢᠨ ᠲᠦᠷᠦ ᠶᠢᠨ ᠪᠣᠳᠣᠯᠭ᠎ᠠ ᠶᠢ ᠵᠥᠷᠢᠴᠡᠭᠰᠡᠨ 79.3 ᠲᠦᠮᠡᠨ ᠲᠥᠭᠦᠷᠢᠭ᠂ | ᠬᠤᠳᠠᠯᠳᠤᠨ ᠠᠪᠬᠤ ᠶᠢ ᠬᠢᠵᠠᠭᠠᠷᠯᠠᠵᠤ ᠪᠠᠶᠢᠭ᠎ᠠ ᠲᠠᠸᠠᠷ ᠢ ᠳᠤᠷ᠎ᠠ ᠪᠠᠷ ᠠᠪᠤᠭᠰᠠᠨ ᠵᠣᠭᠤᠰ 135.7 ᠲᠦᠮᠡᠨ ᠲᠥᠭᠦᠷᠢᠭ ᠪᠠᠶᠢᠪᠠ᠃ ︽ᠲᠠᠪᠤᠳᠤᠭᠠᠷ ᠲᠠᠪᠤᠨ ᠵᠢᠯ︾ | ᠤᠨ ᠰᠡᠭᠦᠯᠴᠢ ᠶᠢᠨ ᠬᠤᠭᠤᠴᠠᠭ᠎ᠠ ᠪᠠ ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠠᠶᠢᠴᠠᠭᠠᠯᠲᠠ ᠪᠠᠷ ᠳᠠᠮᠵᠢᠨ 135 ᠲᠦᠮᠡᠨ ᠲᠥᠭᠦᠷᠢᠭ | ᠬᠤᠷᠢᠶᠠᠨ ᠠᠪᠴᠢᠷᠠᠪᠠ᠃ | 1990 ᠣᠨ ᠳᠤ ᠡᠯ᠎ᠡ ᠵᠦᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠣᠭᠤᠰ 768 ᠲᠦᠮᠡᠨ ᠲᠥᠭᠦᠷᠢᠭ ᠪᠠᠶᠢᠴᠠᠭᠠᠨ ᠭᠠᠷᠭᠠᠵᠠᠢ᠂ ᠰᠢᠨᠵᠢ | ᠴᠢᠨᠠᠷ ᠢᠶᠠᠷ ᠨᠢ ᠬᠤᠪᠢᠶᠠᠪᠠᠯ ᠦᠢᠯᠡᠳᠪᠦᠷᠢ ᠬᠤᠳᠠᠯᠳᠤᠭ᠎ᠠ ᠶᠢᠨ ᠭᠠᠶᠢᠯᠢ ᠠᠴᠠ ᠵᠢᠭᠤᠲᠠᠭᠰᠠᠨ 229 ᠲᠦᠮᠡᠨ ᠲᠥᠭᠦᠷᠢᠭ᠂ ᠤᠯᠤᠰ ᠤᠨ ᠵᠣᠬᠢᠴᠠᠭᠤᠯᠬᠤ ᠭᠠᠶᠢᠯᠢ | 110 ᠲᠦᠮᠡᠨ ᠲᠥᠭᠦᠷᠢᠭ᠂ ᠡᠬᠢ ᠪᠠᠶᠠᠯᠢᠭ ᠵᠠᠮ ᠬᠠᠷᠢᠯᠴᠠᠭ᠎ᠠ ᠶᠢᠨ ᠰᠠᠭᠤᠷᠢ ᠮᠥᠩᠭᠦ ᠪᠠ ᠲᠥᠰᠥᠪ ᠤᠨ ᠲᠣᠬᠢᠷᠠᠭᠤᠯᠤᠯᠲᠠ ᠶᠢᠨ ᠰᠠᠭᠤᠷᠢ ᠮᠥᠩᠭᠦ ᠶᠢ | ᠭᠤᠭᠤᠵᠢᠭᠳᠠᠭᠤᠯᠤᠭᠰᠠᠨ 113 ᠲᠦᠮᠡᠨ ᠲᠥᠭᠦᠷᠢᠭ᠂ ᠪᠦᠷᠢᠯᠭᠡᠨ ᠰᠦᠢᠳᠬᠡᠭᠰᠡᠨ 45 ᠲᠦᠮᠡᠨ ᠲᠥᠭᠦᠷᠢᠭ᠂ ᠬᠤᠳᠠᠯᠳᠤᠨ ᠠᠪᠬᠤ ᠶᠢ ᠬᠢᠵᠠᠭᠠᠷᠯᠠᠭᠰᠠᠨ ᠲᠠᠸᠠᠷ | ᠠᠪᠤᠭᠰᠠᠨ 19 ᠲᠦᠮᠡᠨ ᠲᠥᠭᠦᠷᠢᠭ᠂ ᠤᠯᠤᠰ ᠤᠨ ᠪᠠᠷᠠᠭ᠎ᠠ ᠶᠢᠨ ᠦᠨ᠎ᠡ ᠶᠢᠨ ᠬᠠᠤᠯᠢ ᠳᠦᠷᠢᠮ ᠢ ᠵᠥᠷᠢᠴᠡᠭᠰᠡᠨ 80 ᠲᠦᠮᠡᠨ ᠲᠥᠭᠦᠷᠢᠭ᠂ ᠬᠤᠪᠢ ᠪᠠᠷ ᠢᠶᠠᠨ | ᠪᠡᠯᠡ ᠮᠥᠩᠭᠦ ᠬᠥᠮᠥᠷᠭᠡᠯᠡᠭᠰᠡᠨ 2 ᠲᠦᠮᠡᠨ ᠲᠥᠭᠦᠷᠢᠭ᠂ ᠪᠤᠰᠤᠳ ᠰᠠᠬᠢᠯᠭ᠎ᠠ ᠪᠠᠲᠤ ᠶᠢ ᠵᠥᠷᠢᠴᠡᠭᠰᠡᠨ ᠵᠣᠭᠤᠰ 57 ᠲᠦᠮᠡᠨ ᠲᠥᠭᠦᠷᠢᠭ᠂ ᠪᠦᠬᠦᠨ ᠢ | ᠪᠠᠶᠢᠳᠠᠯ ᠢ ᠨᠢ ᠢᠯᠭᠠᠵᠤ ᠰᠠᠯᠭᠠᠵᠤ ᠰᠢᠢᠳᠪᠦᠷᠢᠯᠡᠪᠡ᠃ | ᠬᠤᠶᠠᠳᠤᠭᠠᠷ ᠬᠡᠰᠡᠭ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠬᠢᠵᠠᠭᠠᠷᠯᠠᠭᠰᠠᠨ | 1960 ᠣᠨ ᠤ 8 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠶᠡᠭᠡ ᠪᠠᠷ | ᠪᠠᠭᠠᠰᠬᠠᠬᠤ ᠲᠤᠬᠠᠢ ᠵᠢᠭᠠᠪᠤᠷᠢ︾ ᠶᠣᠰᠣᠭᠠᠷ ᠠᠯᠢᠪᠠ ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠵᠢᠯ ᠤᠨ | ᠡᠴᠦᠰ ᠪᠣᠯᠬᠤ ᠠᠴᠠ ᠡᠮᠦᠨ᠎ᠡ ᠠᠯᠪᠠᠨ ᠬᠡᠷᠡᠭᠯᠡᠭᠡᠨ ᠤ ᠰᠦᠢᠳᠬᠡᠯ ᠤᠨ ᠵᠠᠷᠤᠳᠠᠯ ᠢ 20% ᠣᠷᠴᠢᠮ ᠪᠠᠭᠠᠰᠬᠠᠬᠤ ᠶᠢ ᠱᠠᠭᠠᠷᠳᠠᠪᠠ᠃ | 1961 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠴᠢᠨᠠᠭᠰᠢᠲᠠ ᠪᠠᠭᠠᠰᠬᠠᠬᠤ | ᠲᠤᠬᠠᠢ ᠰᠢᠢᠳᠪᠦᠷᠢ︾ ᠶᠣᠰᠣᠭᠠᠷ᠂ ᠠᠯᠢᠪᠠ ᠦᠢᠯᠡᠳᠪᠦᠷᠢᠯᠡᠯ ᠤᠨ ᠪᠤᠰᠤ ᠲᠥᠬᠦᠭᠡᠷᠦᠮᠵᠢ ᠬᠡᠷᠡᠭᠰᠡᠯ ᠬᠤᠳᠠᠯᠳᠤᠨ ᠠᠪᠬᠤ ᠶᠢ ᠦᠷᠬᠦᠯᠵᠢᠯᠡᠨ ᠬᠤᠷᠢᠭᠯᠠᠵᠤ᠂ ᠡᠯ᠎ᠡ | ᠪᠠᠶᠢᠭᠤᠯᠭ᠎ᠠ᠂ ᠪᠦᠯᠬᠦᠮ᠂ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠭᠤᠷᠪᠠᠨ ᠵᠢᠯ ᠤᠨ ᠳᠣᠲᠣᠷ᠎ᠠ ᠪᠤᠶᠢᠳᠠᠨ᠂ ᠬᠡᠪᠢᠰ᠂ ᠰᠢᠷᠡᠭᠡ | ᠰᠠᠨᠳᠠᠯᠢ᠂ ᠰᠠᠭᠤᠳᠠᠯ ᠤᠨ ᠮᠠᠰᠢᠨ᠂ ᠲᠣᠮᠣ ᠮᠠᠰᠢᠨ᠂ ᠰᠡᠤᠬᠡ ᠮᠠᠰᠢᠨ᠂ ᠵᠢᠫᠦ᠋ ᠲᠡᠷᠭᠡ᠂ ᠮᠣᠲ᠋ᠣᠷ᠂ ᠳᠤᠭᠤᠢ᠂ ᠭᠡᠷᠡᠯ ᠵᠢᠷᠤᠭ ᠤᠨ ᠮᠠᠰᠢᠨ᠂ ᠷᠠᠳᠢᠣ᠋᠂ | ᠰᠢᠩᠭᠡᠭᠡᠯᠲᠡ ᠶᠢᠨ ᠮᠠᠰᠢᠨ᠂ ᠴᠢᠩᠭ᠎ᠠ ᠶᠠᠷᠢᠭᠴᠢ᠂ ᠪᠢᠴᠢᠭ ᠤᠨ ᠮᠠᠰᠢᠨ᠂ ᠺᠣᠮᠫᠢᠦ᠋ᠲ᠋ᠧᠷ᠂ ᠴᠠᠬᠢᠯᠭᠠᠨ ᠰᠡᠩᠰᠡ᠂ ᠠᠯᠪᠠᠨ ᠬᠡᠷᠡᠭᠯᠡᠭᠡᠨ ᠤ ᠪᠥᠰ᠂ ᠲᠣᠷᠭ᠎ᠠ᠂ | ᠨᠣᠣᠰᠣᠨ ᠪᠠᠷᠠᠭ᠎ᠠ ᠮᠡᠲᠦ ᠳᠡᠭᠡᠳᠦ ᠵᠡᠷᠭᠡ ᠶᠢᠨ ᠪᠤᠳᠠᠰ ᠪᠠ ᠪᠤᠰᠤᠳ ᠦᠢᠯᠡᠳᠪᠦᠷᠢᠯᠡᠯ ᠤᠨ ᠪᠤᠰᠤ ᠲᠥᠬᠦᠭᠡᠷᠦᠮᠵᠢ ᠶᠢᠨ ᠵᠦᠢᠯᠡᠰ ᠬᠤᠳᠠᠯᠳᠤᠨ ᠠᠪᠴᠤ ᠪᠣᠯᠬᠤ | ᠦᠭᠡᠢ ᠭᠡᠵᠦ ᠲᠣᠭᠲᠠᠭᠠᠪᠠ᠃ | ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠨᠡᠮᠡᠭᠳᠡᠬᠦ ᠶᠢ ᠴᠠᠶᠢᠯᠭᠠ ᠬᠢᠵᠠᠭᠠᠷᠯᠠᠬᠤ ᠶᠢᠨ ᠲᠥᠯᠥᠭᠡ᠂ 1962 ᠣᠨ ᠳᠤ ᠨᠡᠶᠢᠭᠡᠮ ᠤᠨ | ᠪᠦᠯᠬᠦᠮ ᠤᠨ ᠬᠤᠳᠠᠯᠳᠤᠨ ᠠᠪᠬᠤ ᠴᠢᠳᠠᠯ ᠢ ᠨᠣᠷᠮ᠎ᠠ ᠬᠢᠵᠠᠭᠠᠷᠯᠠᠨ ᠮᠡᠳᠡᠭᠦᠯᠬᠦ ᠠᠷᠭ᠎ᠠ ᠶᠢ ᠬᠡᠷᠡᠭᠵᠢᠭᠦᠯᠵᠦ᠂ ᠬᠤᠳᠠᠯᠳᠤᠨ ᠠᠪᠬᠤ ᠶᠢ ᠬᠢᠵᠠᠭᠠᠷᠯᠠᠬᠤ ᠠᠯᠪᠠᠨ | ᠭᠡᠷ ᠠᠴᠠ ᠬᠢᠨᠠᠨ ᠵᠥᠪᠰᠢᠶᠡᠷᠡᠪᠡ᠃ ᠪᠦᠬᠦ ᠠᠶᠢᠮᠠᠭ ᠲᠤ 1962 ᠣᠨ ᠢ 1961 ᠣᠨ ᠲᠠᠢ ᠬᠠᠷᠢᠴᠠᠭᠤᠯᠪᠠᠯ ᠬᠤᠳᠠᠯᠳᠤᠨ ᠠᠪᠬᠤ ᠲᠤᠭ᠎ᠠ ᠨᠣᠷᠮ᠎ᠠ ᠶᠢ 340 | ᠲᠦᠮᠡᠨ ᠲᠥᠭᠦᠷᠢᠭ ᠪᠠᠭᠠᠰᠬᠠᠵᠤ᠂ ᠳᠡᠭᠡᠷ᠎ᠡ ᠵᠢᠯ ᠤᠨ ᠬᠢ ᠠᠴᠠ 19.5% ᠪᠠᠷ ᠪᠠᠭᠤᠷᠠᠪᠠ᠃ | 1981 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠳᠠᠯᠳᠤᠨ ᠠᠪᠬᠤ ᠶᠢ ᠬᠢᠵᠠᠭᠠᠷᠯᠠᠬᠤ ᠤᠳᠤᠷᠢᠳᠬᠤ ᠳᠤᠭᠤᠶᠢᠯᠠᠩ ᠤᠨ ︽ᠨᠣᠷᠮ᠎ᠠ | ᠲᠣᠭᠲᠠᠭᠠᠨ ᠬᠢᠵᠠᠭᠠᠷᠯᠠᠬᠤ ᠠᠷᠭ᠎ᠠ ᠶᠢ ᠬᠠᠯᠠᠨ ᠰᠠᠶᠢᠵᠢᠷᠠᠭᠤᠯᠵᠤ᠂ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠴᠢᠨᠠᠭᠰᠢᠲᠠ ᠰᠠᠶᠢᠲᠤᠷ ᠬᠠᠮᠢᠶᠠᠷᠬᠤ | ᠲᠤᠬᠠᠢ ᠮᠡᠳᠡᠭᠳᠡᠯ︾ ᠢ ᠦᠨᠳᠦᠰᠦᠯᠡᠨ ᠵᠤᠤ ᠤᠳᠠ ᠠᠶᠢᠮᠠᠭ ᠨᠢ ᠦᠢᠯᠡᠳᠪᠦᠷᠢᠯᠡᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠥᠵᠢᠯ ᠪᠠ ᠰᠢᠨ᠎ᠡ ᠪᠠᠷ | ᠪᠠᠶᠢᠭᠤᠯᠵᠤ ᠪᠠᠶᠢᠭ᠎ᠠ ᠨᠢᠭᠡᠴᠢ ᠳᠤ ᠰᠢᠭᠤᠳ ᠬᠡᠷᠡᠭᠯᠡᠬᠦ ᠣᠨᠴᠠ ᠬᠡᠷᠡᠭᠴᠡᠭᠡ ᠠᠴᠠ ᠭᠠᠳᠠᠨ᠎ᠠ 32 ᠲᠥᠷᠥᠯ ᠤᠨ ᠲᠤᠰᠬᠠᠢ ᠬᠢᠵᠠᠭᠠᠷᠯᠠᠬᠤ ᠲᠠᠸᠠᠷ ᠢ ᠦᠷᠬᠦᠯᠵᠢᠯᠡᠨ | ᠵᠥᠪᠰᠢᠶᠡᠷᠡᠬᠦ ᠶᠢ ᠵᠣᠭᠰᠣᠵᠤ᠂ ᠬᠠᠩᠭᠠᠬᠤ ᠶᠢ ᠵᠣᠭᠰᠣᠨ᠂ ᠬᠤᠳᠠᠯᠳᠤᠨ ᠠᠪᠬᠤ ᠶᠢ ᠵᠣᠭᠰᠣᠨ᠎ᠠ ᠭᠡᠵᠦ ᠲᠣᠭᠲᠠᠭᠠᠪᠠ᠃ | 1983 ᠣᠨ ᠳᠤ ᠪᠦᠬᠦ ᠬᠤᠲᠠ ᠬᠤᠳᠠᠯᠳᠤᠨ ᠠᠪᠬᠤ ᠶᠢ ᠬᠢᠵᠠᠭᠠᠷᠯᠠᠬᠤ ᠣᠷᠣᠨ ᠲᠤᠭ᠎ᠠ ᠶᠢ 147 ᠲᠦᠮᠡᠨ ᠲᠥᠭᠦᠷᠢᠭ ᠪᠣᠯᠭᠠᠨ ᠪᠠᠭᠠᠰᠬᠠᠭᠰᠠᠨ | ᠮᠥᠷᠲᠡᠭᠡᠨ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠠᠷᠠᠳ ᠤᠨ ᠶᠠᠪᠤᠳᠠᠯ᠂ ᠭᠠᠳᠠᠭᠠᠳᠤ ᠠᠷᠠᠯᠵᠢᠶ᠎ᠠ ᠵᠡᠷᠭᠡ 22 ᠰᠢᠰᠲ᠋ᠧᠮ ᠪᠠ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ᠂ ᠵᠡᠭᠦᠨ ᠬᠤᠶᠢᠲᠤ ᠶᠢᠨ ᠴᠠᠬᠢᠯᠭᠠᠨ ᠤ ᠨᠢᠭᠡᠳᠦᠭᠡᠷ ᠺᠣᠮᠫᠠᠨᠢ ᠵᠡᠷᠭᠡ 31 ᠨᠢᠭᠡᠴᠢ ᠳᠤ ᠭᠤᠣᠯᠳᠠᠯᠭ᠎ᠠ ᠲᠠᠢ ᠬᠤᠪᠢᠶᠠᠷᠢᠯᠠᠪᠠ᠃ | 1988 — 1989 ᠣᠨ ᠳᠤ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠤᠨ ᠨᠡᠮᠡᠭᠳᠡᠯ ᠢ ᠴᠢᠨᠠᠭᠰᠢᠲᠠ ᠬᠢᠵᠠᠭᠠᠷᠯᠠᠬᠤ ᠶᠢᠨ ᠲᠥᠯᠥᠭᠡ᠂ | ᠲᠤᠰᠬᠠᠢ ᠬᠢᠵᠠᠭᠠᠷᠯᠠᠵᠤ ᠪᠠᠶᠢᠭ᠎ᠠ ᠲᠠᠸᠠᠷ ᠤᠨ ᠬᠠᠮᠢᠶᠠᠷᠤᠯᠲᠠ ᠳᠤ ᠶᠡᠭᠡ ᠪᠠᠶᠢᠴᠠᠭᠠᠯᠲᠠ ᠶᠠᠪᠤᠭᠤᠯᠪᠠ᠃ ᠬᠢᠵᠠᠭᠠᠷᠯᠠᠬᠤ ᠶᠢ ᠵᠥᠷᠢᠴᠡᠭᠰᠡᠨ ᠵᠣᠭᠤᠰ 1 636 860 | ᠲᠥᠭᠦᠷᠢᠭ ᠪᠠᠶᠢᠴᠠᠭᠠᠨ ᠭᠠᠷᠭᠠᠵᠤ᠂ ᠲᠣᠷᠭᠠᠭᠰᠠᠨ ᠪᠠ ᠡᠳ᠋ ᠤᠨ ᠵᠠᠰᠠᠭ ᠲᠤ ᠲᠤᠰᠢᠶᠠᠯᠭᠠᠭᠰᠠᠨ ᠵᠣᠭᠤᠰ 1 087 241 ᠲᠥᠭᠦᠷᠢᠭ ᠬᠦᠷᠴᠦ᠂ ᠲᠣᠭᠲᠠᠭᠠᠯ ᠢ | ᠵᠥᠷᠢᠴᠡᠨ ᠠᠪᠤᠭᠰᠠᠨ ᠪᠠᠭ᠎ᠠ ᠮᠠᠰᠢᠨ᠂ ᠰᠠᠭᠤᠳᠠᠯ ᠤᠨ ᠮᠠᠰᠢᠨ᠂ ᠳᠦᠷᠰᠦ ᠰᠢᠩᠭᠡᠭᠡᠯᠲᠡ ᠶᠢᠨ ᠮᠠᠰᠢᠨ ᠵᠡᠷᠭᠡ ᠲᠤᠰᠬᠠᠢ ᠬᠢᠵᠠᠭᠠᠷᠯᠠᠵᠤ ᠪᠠᠶᠢᠭ᠎ᠠ ᠲᠠᠸᠠᠷ ᠢ ᠬᠤᠷᠢᠶᠠᠨ | ᠠᠪᠤᠪᠠ᠃ | 1990 ᠣᠨ ᠳᠤ ᠪᠦᠬᠦ ᠬᠤᠲᠠ ᠨᠢ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠴᠢᠳᠠᠯ ᠢ ᠬᠢᠵᠠᠭᠠᠷᠯᠠᠬᠤ ᠨᠣᠷᠮ᠎ᠠ ᠶᠢ 6 997 ᠲᠦᠮᠡᠨ ᠲᠥᠭᠦᠷᠢᠭ | ᠪᠡᠶᠡᠯᠡᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠲᠤᠭ᠎ᠠ ᠨᠣᠷᠮ᠎ᠠ ᠶᠢᠨ 99.96% ᠶᠢ ᠡᠵᠡᠯᠡᠪᠡ᠃ ᠲᠤᠰᠬᠠᠢ | ᠬᠢᠵᠠᠭᠠᠷᠯᠠᠬᠤ ᠲᠠᠸᠠᠷ ᠤᠨ ᠨᠣᠷᠮ᠎ᠠ ᠶᠢ 969 ᠲᠦᠮᠡᠨ ᠲᠥᠭᠦᠷᠢᠭ ᠪᠡᠶᠡᠯᠡᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ | ᠲᠤᠭ᠎ᠠ ᠨᠣᠷᠮ᠎ᠠ ᠶᠢᠨ 96 .9% ᠶᠢ ᠡᠵᠡᠯᠡᠪᠡ᠃ |