ᠭᠤᠷᠪᠠᠳᠤᠭᠠᠷ ᠬᠡᠰᠡᠭ ᠲᠥᠰᠥᠪ ᠤᠨ ᠭᠠᠳᠠᠨᠠᠬᠢ ᠪᠡᠯᠡ ᠮᠥᠩᠭᠦ ᠶᠢᠨ ᠬᠠᠮᠢᠶᠠᠷᠤᠯᠲᠠ | ᠲᠥᠰᠥᠪ ᠤᠨ ᠭᠠᠳᠠᠨᠠᠬᠢ ᠪᠡᠯᠡ ᠮᠥᠩᠭᠦ ᠳᠤ ᠭᠤᠣᠯᠳᠠᠭᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠯᠤᠰ ᠤᠨ ᠲᠣᠭᠲᠠᠭᠠᠯ ᠶᠣᠰᠣᠭᠠᠷ ᠬᠠᠮᠢᠶᠠᠷᠴᠦ ᠪᠠᠶᠢᠭ᠎ᠠ | ᠡᠯ᠎ᠡ ᠵᠦᠢᠯ ᠤᠨ ᠨᠡᠮᠡᠯᠲᠡ ᠣᠷᠣᠯᠭ᠎ᠠ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠥᠪᠡᠷ ᠢᠶᠠᠨ ᠬᠤᠷᠢᠶᠠᠵᠤ ᠥᠪᠡᠷ ᠢᠶᠠᠨ ᠵᠠᠷᠤᠬᠤ ᠤᠯᠤᠰ ᠤᠨ | ᠲᠥᠰᠥᠪ ᠲᠤ ᠣᠷᠣᠬᠤ ᠦᠭᠡᠢ ᠪᠡᠯᠡ ᠮᠥᠩᠭᠦ ᠪᠠ ᠪᠦᠬᠦ ᠠᠷᠠᠳ ᠤᠨ ᠥᠮᠴᠢᠯᠡᠯ ᠲᠠᠢ ᠠᠵᠤ ᠠᠬᠤᠶᠢᠯᠠᠯ ᠢᠶᠠᠷ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠡᠯ᠎ᠡ | ᠲᠥᠷᠥᠯ ᠤᠨ ᠲᠤᠰᠬᠠᠢ ᠪᠡᠯᠡ ᠮᠥᠩᠭᠦ ᠶᠢ ᠪᠠᠭᠲᠠᠭᠠᠨ᠎ᠠ᠃ ᠤᠯᠤᠰ ᠪᠠᠶᠢᠭᠤᠯᠤᠭᠳᠠᠭᠰᠠᠨ ᠤ ᠡᠬᠢᠨ ᠳᠤ ᠵᠤᠤ ᠤᠳᠠ ᠠᠶᠢᠮᠠᠭ ᠤᠨ ᠲᠥᠰᠥᠪ ᠤᠨ ᠭᠠᠳᠠᠨᠠᠬᠢ ᠪᠡᠯᠡ | ᠮᠥᠩᠭᠦ ᠶᠢᠨ ᠢᠷᠡᠯᠲᠡ ᠲᠣᠩ ᠪᠠᠭ᠎ᠠ᠂ ᠵᠥᠪᠬᠡᠨ ᠪᠠᠭ᠎ᠠ ᠬᠡᠮᠵᠢᠶᠡᠨ ᠤ ᠪᠠᠶᠢᠭᠤᠯᠭ᠎ᠠ ᠶᠢᠨ ᠦᠢᠯᠡᠳᠪᠦᠷᠢᠯᠡᠯ ᠤᠨ ᠣᠷᠣᠯᠭ᠎ᠠ ᠯᠡ ᠪᠠᠶᠢᠵᠤ᠂ ᠪᠠᠶᠢᠭᠤᠯᠭ᠎ᠠ ᠶᠢᠨ | ᠵᠠᠷᠤᠳᠠᠯ ᠢ ᠨᠥᠬᠦᠪᠦᠷᠢᠯᠡᠵᠦ ᠪᠠᠶᠢᠪᠠ᠃ | 1959 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠥᠪᠯᠡᠯ ᠤᠨ ︽ᠡᠯ᠎ᠡ ᠲᠥᠷᠥᠯ ᠤᠨ ᠨᠡᠮᠡᠯᠲᠡ ᠣᠷᠣᠯᠭ᠎ᠠ ᠶᠢᠨ | ᠬᠠᠮᠢᠶᠠᠷᠤᠯᠲᠠ ᠶᠢᠨ ᠠᠷᠭ᠎ᠠ︾ ᠶᠢ ᠵᠢᠷᠤᠮᠯᠠᠨ᠂ ᠦᠢᠯᠡᠳᠪᠦᠷᠢ ᠬᠤᠳᠠᠯᠳᠤᠭ᠎ᠠ ᠶᠢᠨ ᠨᠡᠮᠡᠯᠲᠡ ᠭᠠᠶᠢᠯᠢ᠂ ᠲᠠᠷᠢᠶᠠᠯᠠᠩ ᠤᠨ ᠨᠡᠮᠡᠯᠲᠡ ᠭᠠᠶᠢᠯᠢ᠂ ᠬᠤᠲᠠ ᠶᠢᠨ | ᠨᠡᠶᠢᠲᠡ ᠶᠢᠨ ᠦᠢᠯᠡᠰ ᠤᠨ ᠨᠡᠮᠡᠯᠲᠡ᠂ ᠡᠯ᠎ᠡ ᠲᠥᠷᠥᠯ ᠤᠨ ᠵᠠᠰᠠᠪᠤᠷᠢ ᠶᠢᠨ ᠰᠦᠢᠳᠬᠡᠯ᠂ ᠰᠤᠷᠤᠯᠭ᠎ᠠ ᠶᠢᠨ ᠰᠦᠢᠳᠬᠡᠯ ᠤᠨ ᠣᠷᠣᠯᠭ᠎ᠠ ᠵᠡᠷᠭᠡ ᠶᠢ ᠲᠤᠰᠠᠭᠠᠷ ᠨᠢ | ᠲᠥᠯᠥᠪᠯᠡᠭᠡ ᠵᠣᠬᠢᠶᠠᠨ᠂ ᠲᠥᠰᠥᠪ ᠤᠨ ᠭᠠᠳᠠᠨ᠎ᠠ ᠲᠤᠰᠠᠭᠠᠷ ᠬᠠᠮᠢᠶᠠᠷᠴᠦ᠂ ᠤᠯᠤᠰ ᠤᠨ ᠲᠥᠰᠥᠪ ᠤᠨ ᠳᠠᠭᠠᠯᠲᠠ ᠬᠡᠰᠡᠭ ᠪᠣᠯᠭᠠᠪᠠ᠃ ᠲᠤᠬᠠᠢ ᠶᠢᠨ ᠵᠢᠯ ᠤᠨ | ᠲᠠᠷᠢᠶᠠᠯᠠᠩ ᠤᠨ ᠨᠡᠮᠡᠯᠲᠡ ᠭᠠᠶᠢᠯᠢ ᠶᠢ ᠴᠥᠮ 1960 ᠣᠨ ᠳᠤ ᠬᠡᠷᠡᠭᠯᠡᠬᠦ ᠪᠠᠷ ᠲᠣᠬᠢᠷᠠᠭᠤᠯᠵᠤ᠂ ᠪᠤᠰᠤᠳ ᠲᠥᠰᠥᠪ ᠤᠨ ᠭᠠᠳᠠᠨᠠᠬᠢ ᠪᠡᠯᠡ ᠮᠥᠩᠭᠦ ᠶᠢ ᠤᠯᠤᠰ | ᠠᠷᠠᠳ ᠤᠨ ᠠᠵᠤ ᠠᠬᠤᠢ ᠶᠢᠨ ᠲᠥᠯᠥᠪᠯᠡᠭᠡ ᠪᠠ ᠡᠳ᠋ ᠤᠨ ᠵᠠᠰᠠᠭ ᠤᠨ ᠲᠥᠰᠥᠪ ᠤᠨ ᠨᠢᠭᠡᠲᠦᠯᠲᠡᠢ ᠲᠣᠬᠢᠷᠠᠭᠤᠯᠤᠯᠲᠠ ᠲᠠᠢ ᠤᠶᠠᠯᠳᠤᠭᠤᠯᠵᠤ᠂ ᠲᠥᠰᠥᠪ ᠤᠨ | ᠭᠠᠳᠠᠨᠠᠬᠢ ᠪᠡᠯᠡ ᠮᠥᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠪᠠ᠃ | 1963 ᠣᠨ ᠤ 9 ᠰᠠᠷ᠎ᠠ ᠶᠢᠨ 7 ᠤ ᠡᠳᠦᠷ᠂ ᠵᠤᠤ ᠤᠳᠠ ᠠᠶᠢᠮᠠᠭ ᠤᠨ ᠵᠠᠬᠢᠷᠭ᠎ᠠ ᠮᠡᠳᠡᠭᠳᠡᠯ ᠪᠠᠭᠤᠯᠭᠠᠵᠤ᠂ ᠡᠯ᠎ᠡ ᠬᠤᠰᠢᠭᠤ ᠰᠢᠶᠠᠨ᠂ ᠠᠶᠢᠮᠠᠭ ᠤᠨ | ᠬᠠᠷᠢᠶ᠎ᠠ ᠪᠠᠶᠢᠭᠤᠯᠭ᠎ᠠ᠂ ᠣᠯᠠᠨ ᠲᠦᠮᠡᠨᠴᠢ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ︽ᠵᠢᠵᠢᠭ ᠵᠣᠭᠤᠰᠤᠨ ᠬᠤᠷᠭᠤ︾᠂ ︽ᠵᠢᠵᠢᠭ | ᠬᠥᠮᠥᠷᠭᠡ︾ ᠶᠢ ᠴᠡᠪᠡᠷᠯᠡᠪᠡ᠃ ︽ᠵᠢᠵᠢᠭ ᠵᠣᠭᠤᠰᠤᠨ ᠬᠤᠷᠭᠤ︾ ᠶᠢ ᠴᠡᠪᠡᠷᠯᠡᠬᠦ ᠳᠤ ᠲᠤᠰᠢᠶᠠᠬᠤ ᠶᠣᠰᠣᠲᠠᠢ ᠪᠠᠶᠢᠲᠠᠯ᠎ᠠ ᠲᠤᠰᠢᠶᠠᠭᠠᠳᠤᠢ ᠪᠠᠶᠢᠭᠰᠠᠨ ᠡᠳ᠋ ᠤᠨ | ᠵᠠᠰᠠᠭ ᠤᠨ ᠲᠥᠰᠥᠪ ᠤᠨ ᠣᠷᠣᠯᠭ᠎ᠠ᠂ ᠡᠳ᠋ ᠤᠨ ᠵᠠᠰᠠᠭ ᠠᠴᠠ ᠣᠯᠭᠤᠭᠰᠠᠨ ᠵᠠᠷᠤᠳᠠᠯ ᠤᠨ ᠮᠥᠩᠭᠦ ᠶᠢᠨ ᠦᠯᠡᠳᠡᠪᠦᠷᠢ᠂ ᠲᠥᠪ ᠪᠠ ᠥᠪᠡᠷᠲᠡᠭᠡᠨ ᠵᠠᠰᠠᠬᠤ ᠣᠷᠣᠨ ᠤ | ᠲᠤᠰᠬᠠᠢ ᠵᠣᠭᠤᠰ ᠤᠨ ᠦᠯᠡᠳᠡᠪᠦᠷᠢ ᠮᠥᠩᠭᠦ᠂ ᠵᠢᠯ ᠬᠤᠪᠢᠶᠠᠨ ᠦᠯᠡᠳᠡᠭᠰᠡᠨ ᠲᠥᠰᠥᠪ ᠤᠨ ᠭᠠᠳᠠᠨᠠᠬᠢ ᠪᠡᠯᠡ ᠮᠥᠩᠭᠦ ᠪᠠ ᠲᠥᠪ ᠪᠤᠰᠤ ᠠᠷᠭ᠎ᠠ ᠪᠠᠷ ᠣᠯᠣᠭᠰᠠᠨ | ᠪᠡᠯᠡ ᠮᠥᠩᠭᠦ᠂ ᠲᠥᠰᠥᠪ ᠤᠨ ᠳᠣᠲᠣᠷ᠎ᠠ ᠪᠠ ᠲᠥᠰᠥᠪ ᠤᠨ ᠭᠠᠳᠠᠨ᠎ᠠ ᠬᠤᠶᠠᠷ ᠵᠦᠢᠯ ᠢᠶᠠᠷ ᠬᠢᠭᠰᠡᠨ ᠳᠠᠩᠰᠠᠨ ᠠᠴᠠ ᠭᠠᠳᠠᠨᠠᠬᠢ ︽ᠵᠢᠵᠢᠭ ᠬᠥᠷᠥᠩᠭᠡ︾ ᠶᠢ | ᠪᠠᠭᠲᠠᠭᠠᠵᠤ ᠪᠠᠶᠢᠪᠠ᠃ ︽ᠵᠢᠵᠢᠭ ᠬᠥᠮᠥᠷᠭᠡ︾ ᠭᠡᠳᠡᠭ ᠲᠤ ᠬᠤᠳᠠᠯᠳᠤᠨ ᠠᠪᠤᠭᠰᠠᠨ ᠢᠶᠠᠨ ᠳᠤᠲᠠᠭᠤ ᠮᠡᠳᠡᠭᠦᠯᠵᠦ᠂ ᠪᠣᠷᠣᠯᠠᠭᠤᠯᠤᠭᠰᠠᠨ ᠢᠶᠠᠨ ᠢᠯᠡᠭᠦᠦ ᠮᠡᠳᠡᠭᠦᠯᠬᠦ᠂ | ᠬᠥᠮᠥᠷᠭᠡ ᠶᠢᠨ ᠬᠠᠳᠠᠭᠠᠯᠠᠮᠵᠢ ᠪᠠᠨ ᠳᠤᠲᠠᠭᠤ ᠮᠡᠳᠡᠭᠦᠯᠵᠦ ᠡᠯᠡᠭᠳᠡᠯ ᠢᠶᠠᠨ ᠢᠯᠡᠭᠦᠦ ᠮᠡᠳᠡᠭᠦᠯᠬᠦ ᠪᠤᠶᠤ ᠪᠤᠰᠤᠳ ᠠᠷᠭ᠎ᠠ ᠪᠠᠷ ᠡᠳ᠋ ᠪᠤᠳᠠᠰ ᠢ ᠨᠢᠭᠤᠵᠤ ᠳᠠᠷᠤᠬᠰᠠᠨ | ᠵᠡᠷᠭᠡ ᠶᠢ ᠪᠠᠭᠲᠠᠭᠠᠵᠤ ᠪᠠᠶᠢᠪᠠ᠂ ᠴᠥᠮ ᠴᠡᠪᠡᠷᠯᠡᠬᠦ ᠬᠡᠪᠴᠢᠶᠡᠨ ᠳᠤ ᠬᠠᠷᠢᠶᠠᠯᠠᠭᠳᠠᠵᠤ ᠪᠠᠶᠢᠵᠠᠢ᠃ 1965 ᠣᠨ ᠤ ᠡᠴᠦᠰ ᠪᠣᠯᠲᠠᠯ᠎ᠠ᠂ ᠪᠦᠬᠦ ᠠᠶᠢᠮᠠᠭ ᠨᠢ ︽ | ᠵᠢᠵᠢᠭ ᠵᠣᠭᠤᠰᠤᠨ ᠬᠤᠷᠭᠤ︾᠂ ︽ᠵᠢᠵᠢᠭ ᠬᠥᠮᠥᠷᠭᠡ︾ ᠶᠢᠨ ᠪᠡᠯᠡ ᠮᠥᠩᠭᠦ 2 871293 ᠲᠥᠭᠦᠷᠢᠭ ᠴᠡᠪᠡᠷᠯᠡᠵᠦ᠂ ᠬᠤᠰᠢᠭᠤ ᠰᠢᠶᠠᠨ ᠤ ᠡᠳ᠋ ᠤᠨ | ᠵᠠᠰᠠᠭ ᠲᠤ 261859 ᠲᠥᠭᠦᠷᠢᠭ ᠲᠤᠰᠢᠶᠠᠵᠤ᠂ ᠠᠶᠢᠮᠠᠭ ᠤᠨ ᠡᠳ᠋ ᠤᠨ ᠵᠠᠰᠠᠭ ᠲᠤ 47296.00 ᠲᠥᠭᠦᠷᠢᠭ ᠲᠤᠰᠢᠶᠠᠵᠠᠢ᠃ | ᠳᠠᠯᠠᠭᠠᠳ ᠣᠨ ᠪᠣᠯᠣᠭᠠᠳ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠡᠵᠡᠮᠰᠢᠳᠡᠭ ᠲᠠᠷᠢᠶᠠᠯᠠᠩ ᠤᠨ ᠨᠡᠮᠡᠯᠲᠡ᠂ ᠦᠢᠯᠡᠳᠪᠦᠷᠢ ᠬᠤᠳᠠᠯᠳᠤᠭ᠎ᠠ ᠶᠢᠨ | ᠨᠡᠮᠡᠯᠲᠡ᠂ ᠨᠡᠶᠢᠲᠡ ᠶᠢᠨ ᠦᠢᠯᠡᠰ ᠤᠨ ᠨᠡᠮᠡᠯᠲᠡ ᠵᠡᠷᠭᠡ ᠲᠥᠰᠥᠪ ᠤᠨ ᠭᠠᠳᠠᠨᠠᠬᠢ ᠣᠷᠣᠯᠭ᠎ᠠ ᠶᠢᠨ ᠨᠡᠮᠡᠭᠳᠡᠯ ᠨᠡᠯᠢᠶᠡᠳ ᠲᠦᠷᠭᠡᠨ ᠪᠣᠯᠵᠤ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠲᠥᠰᠥᠪ ᠤᠨ ᠳᠣᠲᠣᠷᠠᠬᠢ ᠪᠡᠯᠡ ᠮᠥᠩᠭᠦ ᠶᠢ ᠲᠡᠩᠴᠡᠭᠦᠯᠬᠦ ᠦᠶ᠎ᠡ ᠳᠤ ᠲᠥᠰᠥᠪ ᠤᠨ ᠭᠠᠳᠠᠨᠠᠬᠢ ᠪᠡᠯᠡ ᠮᠥᠩᠭᠦ ᠶᠢᠨ ᠬᠠᠮᠢᠶᠠᠷᠤᠯᠲᠠ ᠪᠠ | ᠬᠢᠨᠠᠯᠲᠠ ᠶᠢ ᠠᠩᠬᠠᠷᠪᠠ᠃ | ᠨᠠᠶᠠᠭᠠᠳ ᠣᠨ ᠳᠤ ᠠᠵᠤ ᠠᠬᠤᠢ ᠶᠢᠨ ᠲᠣᠭᠲᠠᠯᠴᠠᠭ᠎ᠠ ᠶᠢᠨ ᠥᠭᠡᠷᠡᠴᠢᠯᠡᠯᠲᠡ ᠭᠦᠨᠵᠡᠭᠡᠶᠢᠷᠡᠬᠦ ᠶᠢ ᠳᠠᠭᠠᠯᠳᠤᠨ ᠲᠥᠰᠥᠪ ᠤᠨ ᠭᠠᠳᠠᠨᠠᠬᠢ ᠪᠡᠯᠡ ᠮᠥᠩᠭᠦ ᠶᠢᠨ | ᠨᠡᠮᠡᠭᠳᠡᠯ ᠲᠦᠷᠭᠡᠰᠴᠦ᠂ ᠤᠯᠤᠰ ᠠᠷᠠᠳ ᠤᠨ ᠠᠵᠤ ᠠᠬᠤᠢ ᠶᠢᠨ ᠳᠤᠮᠳᠠᠬᠢ ᠬᠠᠷᠢᠴᠠᠯ ᠥᠰᠪᠡ᠃ 1988 ᠣᠨ ᠠᠴᠠ ᠨᠠᠭᠠᠰᠢ᠂ ᠤᠯᠤᠰ ᠤᠨ ᠲᠥᠰᠥᠪ ᠤᠨ | ᠭᠠᠳᠠᠨᠠᠬᠢ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠢᠭᠠᠪᠤᠷᠢ ᠶᠣᠰᠣᠭᠠᠷ ᠡᠳ᠋ ᠤᠨ ᠵᠠᠰᠠᠭ ᠤᠨ ᠲᠣᠭᠲᠠᠯᠴᠠᠭ᠎ᠠ ᠶᠢᠨ ᠲᠦᠬᠦᠷᠵᠢᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠡᠯᠡ ᠮᠥᠩᠭᠦ ᠶᠢᠨ ᠵᠠᠷᠤᠳᠠᠯ ᠤᠨ ᠴᠢᠭᠯᠡᠯ ᠢ ᠣᠨᠣᠪᠴᠢᠲᠠᠢ ᠵᠢᠯᠣᠭᠤᠳᠪᠠ᠃ ᠪᠤᠳᠠᠲᠠᠢ ᠬᠠᠮᠢᠶᠠᠷᠤᠯᠲᠠ ᠳᠤᠮᠳᠠ᠂ ᠪᠦᠬᠦ | ᠬᠤᠲᠠ ᠶᠢᠨ ᠲᠥᠰᠥᠪ ᠤᠨ ᠭᠠᠳᠠᠨᠠᠬᠢ ᠪᠡᠯᠡ ᠮᠥᠩᠭᠦ ᠶᠢᠨ ᠲᠤᠭ᠎ᠠ᠂ ᠵᠥᠷᠢᠶᠡᠲᠦ ᠲᠤᠭ᠎ᠠ᠂ ᠥᠪᠡᠷ ᠤᠨ ᠣᠷᠣᠯᠭ᠎ᠠ᠂ ᠥᠪᠡᠷ ᠤᠨ ᠵᠠᠷᠤᠳᠠᠯ ᠪᠠ ᠠᠵᠤ | ᠠᠬᠤᠶᠢᠯᠠᠯ ᠤᠨ ᠬᠠᠮᠢᠶᠠᠷᠤᠯᠲᠠ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ᠂ ᠲᠥᠰᠥᠪ ᠤᠨ ᠭᠠᠳᠠᠨᠠᠬᠢ ᠠᠵᠤ ᠠᠬᠤᠶᠢᠯᠠᠯ ᠳᠤ ︽ᠡᠳ᠋ ᠤᠨ ᠵᠠᠰᠠᠭ ᠠᠴᠠ | ᠲᠤᠰᠬᠠᠢ ᠬᠠᠳᠠᠭᠠᠯᠠᠵᠤ᠂ ᠲᠥᠯᠥᠪᠯᠡᠭᠡ ᠲᠠᠢ ᠬᠠᠮᠢᠶᠠᠷᠴᠤ᠂ ᠡᠳ᠋ ᠤᠨ ᠵᠠᠰᠠᠭ ᠠᠴᠠ ᠵᠥᠪᠰᠢᠶᠡᠷᠡᠵᠦ ᠪᠠᠩᠬᠢ ᠠᠴᠠ ᠬᠢᠨᠠᠬᠤ︾ ᠬᠠᠮᠢᠶᠠᠷᠤᠯᠲᠠ ᠶᠢᠨ ᠠᠷᠭ᠎ᠠ ᠶᠢ | ᠬᠡᠷᠡᠭᠵᠢᠭᠦᠯᠵᠦ᠂ ᠪᠡᠯᠡ ᠮᠥᠩᠭᠦ ᠶᠢᠨ ᠬᠡᠷᠡᠭᠯᠡᠭᠡᠨ ᠤ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠡᠯ᠎ᠡ ᠨᠢᠭᠡᠴᠢ ᠶᠢᠨ ᠪᠡᠯᠡ ᠮᠥᠩᠭᠦ ᠪᠠᠨ ᠰᠠᠶᠢᠲᠤᠷ ᠬᠠᠮᠢᠶᠠᠷᠤᠨ | ᠰᠠᠶᠢᠲᠤᠷ ᠬᠡᠷᠡᠭᠯᠡᠬᠦ ᠢᠳᠡᠪᠬᠢᠵᠢᠯ ᠢ ᠳᠠᠶᠢᠴᠢᠯᠠᠭᠰᠠᠨ ᠪᠠᠶᠢᠨ᠎ᠠ᠃ | |