ᠬᠤᠶᠠᠳᠤᠭᠠᠷ ᠬᠡᠰᠡᠭ ᠲᠥᠰᠥᠪ ᠤᠨ ᠬᠠᠮᠢᠶᠠᠷᠤᠯᠲᠠ | ᠴᠢᠯᠦᠭᠡᠯᠡᠬᠦ ᠳᠠᠶᠢᠨ ᠤ ᠬᠤᠭᠤᠴᠠᠭᠠᠨ ᠳᠤ ᠵᠤᠤ ᠤᠳᠠ ᠠᠶᠢᠮᠠᠭ ᠤᠨ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠥᠪ ᠭᠦᠢᠴᠡᠳᠬᠡᠯ ᠤᠨ | ᠬᠠᠮᠢᠶᠠᠷᠤᠯᠲᠠ ᠶᠢᠨ ᠳᠦᠷᠢᠮ ᠨᠢ ᠬᠠᠷᠠᠬᠠᠨ ᠲᠡᠭᠦᠯᠳᠡᠷᠵᠢᠭᠡᠳᠦᠢ ᠪᠠᠶᠢᠵᠤ᠂ ᠬᠠᠩᠭᠠᠯᠭ᠎ᠠ ᠶᠢᠨ ᠳᠦᠷᠢᠮ ᠢ ᠰᠢᠢᠳᠪᠦᠷᠢᠯᠡᠬᠦ ᠳᠤ ᠬᠡᠷᠡᠭᠰᠡᠬᠦ ᠵᠣᠭᠤᠰ ᠪᠠᠷᠠᠭ᠎ᠠ ᠨᠢ | ᠭᠤᠣᠯᠳᠠᠭᠤ ᠳᠠᠶᠢᠰᠤᠨ ᠤ ᠲᠠᠯ᠎ᠠ ᠪᠠ ᠮᠠᠨᠵᠤ ᠠᠴᠠ ᠬᠦᠯᠢᠶᠡᠯᠭᠡᠵᠦ ᠠᠪᠤᠭᠰᠠᠨ ᠡᠳ᠋ ᠪᠤᠳᠠᠰ᠂ ᠲᠠᠢ ᠬᠤᠸᠠ ᠠᠷᠠᠯᠵᠢᠶ᠎ᠠ ᠶᠢᠨ ᠺᠣᠮᠫᠠᠨᠢ ᠶᠢᠨ ᠬᠤᠳᠠᠯᠳᠤᠭ᠎ᠠ ᠶᠢᠨ | ᠣᠷᠣᠯᠭ᠎ᠠ᠂ ᠲᠤᠬᠠᠢ ᠶᠢᠨ ᠭᠠᠵᠠᠷ ᠤᠨ ᠪᠠᠶᠢᠭᠤᠯᠭ᠎ᠠ ᠶᠢᠨ ᠴᠤᠭᠯᠠᠭᠤᠯᠬᠤ ᠪᠠ ᠠᠷᠤ ᠲᠠᠯ᠎ᠠ ᠶᠢᠨ ᠴᠡᠷᠢᠭ ᠠᠩᠭᠢ ᠶᠢᠨ ᠬᠢᠨ ᠦᠢᠯᠡᠳᠪᠦᠷᠢᠯᠡᠯ ᠳᠤ ᠣᠷᠣᠯᠴᠠᠬᠤ ᠳᠤ | ᠲᠦᠰᠢᠭᠯᠡᠨ᠂ ᠥᠪᠡᠷ ᠢ ᠪᠠᠨ ᠥᠪᠡᠷᠲᠡᠭᠡᠨ ᠬᠠᠩᠭᠠᠵᠤ ᠪᠠᠶᠢᠵᠠᠢ᠃ ᠬᠠᠩᠭᠠᠯᠭ᠎ᠠ ᠶᠢᠨ ᠳᠦᠷᠢᠮ ᠨᠢ ᠭᠤᠣᠯᠳᠠᠭᠤ ᠬᠦᠨᠡᠰᠦᠨ ᠬᠠᠩᠭᠠᠯᠭ᠎ᠠ᠂ ᠬᠤᠪᠴᠠᠰᠤ ᠬᠤᠨᠠᠷ᠂ | ᠨᠥᠬᠦᠪᠦᠷᠢ ᠪᠠ ᠡᠳᠦᠷ ᠳᠣᠲᠣᠮ ᠤᠨ ᠬᠡᠷᠡᠭᠯᠡᠭᠡᠨ ᠤ ᠪᠤᠳᠠᠰ ᠢ ᠪᠠᠭᠲᠠᠭᠠᠵᠤ ᠪᠠᠶᠢᠪᠠ᠃ | ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠦᠶ᠎ᠡ ᠳᠤ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠨᠢ ᠵᠣᠬᠢᠬᠤ ᠬᠡᠮᠵᠢᠶ᠎ᠡ ᠪᠠᠷ | ᠴᠢᠩᠭᠠᠷᠠᠵᠠᠢ᠃ 1951 ᠣᠨ ᠳᠤ ︽ᠤᠯᠤᠰ ᠤᠨ ᠲᠥᠰᠥᠪ ᠭᠦᠢᠴᠡᠳᠬᠡᠯ ᠤᠨ ᠲᠦᠷ ᠬᠡᠷᠡᠭᠵᠢᠭᠦᠯᠬᠦ ᠲᠣᠭᠲᠠᠭᠠᠯ︾ ᠢ ᠦᠨᠳᠦᠰᠦᠯᠡᠵᠦ᠂ ᠠᠶᠢᠮᠠᠭ ᠪᠠ ᠬᠤᠰᠢᠭᠤ | ᠰᠢᠶᠠᠨ ᠨᠢ ᠲᠥᠰᠥᠪ᠂ ᠲᠥᠰᠥᠪ ᠤᠨ ᠭᠦᠢᠴᠡᠳᠬᠡᠯ ᠨᠠᠶᠢᠷᠠᠭᠤᠯᠵᠤ ᠡᠬᠢᠯᠡᠪᠡ᠃ ᠵᠢᠯ ᠪᠦᠷᠢ ᠶᠢᠨ ᠨᠠᠢᠮᠠᠨ ᠰᠠᠷ᠎ᠠ ᠳᠤ ᠠᠶᠢᠮᠠᠭ ᠤᠨ ᠠᠮᠤ ᠪᠤᠳᠠᠭ᠎ᠠ ᠡᠳ᠋ ᠤᠨ | ᠵᠠᠰᠠᠭ ᠤᠨ ᠭᠠᠵᠠᠷ ᠠᠴᠠ ᠡᠯ᠎ᠡ ᠬᠤᠰᠢᠭᠤ ᠰᠢᠶᠠᠨ ᠤ ᠲᠥᠰᠥᠪ ᠢ ᠬᠢᠨᠠᠨ ᠪᠠᠶᠢᠴᠠᠭᠠᠵᠤ ᠬᠢᠨᠠᠨ ᠲᠣᠭᠲᠠᠭᠠᠭᠰᠠᠨ ᠤ ᠳᠠᠷᠠᠭ᠎ᠠ ᠠᠶᠢᠮᠠᠭ ᠤᠨ ᠱᠠᠲᠤᠨ ᠤ ᠶᠡᠷᠦᠩᠬᠡᠢ | ᠲᠥᠰᠥᠪ ᠪᠣᠯᠭᠠᠨ ᠨᠠᠶᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃ ᠡᠮᠦᠨ᠎ᠡ ᠬᠡᠰᠡᠭ ᠤᠨ | ᠬᠤᠰᠢᠭᠤ ᠰᠢᠶᠠᠨ ᠨᠢ ᠿᠧᠾᠧ ᠮᠤᠵᠢ ᠳᠤ ᠮᠡᠳᠡᠭᠦᠯᠦᠨ ᠬᠢᠨᠠᠨ ᠲᠣᠭᠲᠠᠭᠠᠯᠭᠠᠵᠤ ᠪᠠᠶᠢᠪᠠ᠃ ᠰᠦᠢᠳᠬᠡᠯ ᠤᠨ ᠬᠦᠷᠦᠯᠴᠡᠬᠦ ᠦᠭᠡᠢ ᠬᠡᠰᠡᠭ ᠢ ᠥᠪᠡᠷᠲᠡᠭᠡᠨ ᠵᠠᠰᠠᠬᠤ | ᠣᠷᠣᠨ ᠠᠴᠠ ᠤᠯᠠᠷᠢᠯ ᠢᠶᠠᠷ ᠣᠯᠭᠤᠵᠤ ᠪᠠᠶᠢᠪᠠ᠃ ᠡᠯ᠎ᠡ ᠬᠤᠰᠢᠭᠤ ᠰᠢᠶᠠᠨ ᠨᠢ ᠲᠤᠰ ᠪᠦᠷᠢ ᠤᠯᠠᠷᠢᠯ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠲᠣᠭᠲᠠᠭᠠᠵᠤ᠂ | ᠥᠪᠡᠷᠲᠡᠭᠡᠨ ᠵᠠᠰᠠᠬᠤ ᠣᠷᠣᠨ ᠠᠴᠠ ᠡᠭᠦᠨ ᠳᠤ ᠰᠠᠭᠤᠷᠢᠯᠠᠨ ᠰᠠᠷ᠎ᠠ᠂ ᠤᠯᠠᠷᠢᠯ ᠢᠶᠠᠷ ᠬᠤᠪᠢᠶᠠᠨ ᠣᠯᠭᠤᠵᠤ ᠪᠠᠶᠢᠪᠠ᠃ ᠲᠥᠰᠥᠪ ᠤᠨ ᠲᠥᠷᠥᠯ ᠵᠦᠢᠯ ᠪᠠ | ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠨᠡᠯᠢᠶᠡᠳ ᠪᠦᠷᠢᠨ ᠭᠦᠢᠴᠡᠳ ᠪᠣᠯᠭᠠᠬᠤ ᠶᠢᠨ ᠲᠥᠯᠥᠭᠡ᠂ ᠠᠶᠢᠮᠠᠭ ᠤᠨ ᠱᠠᠲᠤᠨ ᠤ ᠶᠡᠷᠦᠩᠬᠡᠢ ᠬᠠᠷᠢᠭᠤᠴᠠᠯᠭ᠎ᠠ | ᠲᠣᠭᠲᠠᠭᠠᠵᠤ ᠲᠥᠰᠥᠪ ᠢ ᠬᠡᠷᠡᠭᠵᠢᠭᠦᠯᠬᠦ᠂ ᠲᠥᠰᠥᠪ ᠲᠤ ᠲᠣᠬᠢᠷᠠᠭᠤᠯᠤᠯᠲᠠ ᠬᠢᠬᠦ᠂ ᠲᠥᠰᠥᠪ ᠤᠨ ᠭᠦᠢᠴᠡᠳᠬᠡᠯ ᠬᠢᠬᠦ ᠵᠡᠷᠭᠡ ᠲᠠᠯ᠎ᠠ ᠪᠠᠷ ᠴᠥᠮ ᠨᠠᠷᠢᠯᠢᠭ | ᠲᠣᠭᠲᠠᠭᠠᠯ ᠭᠠᠷᠭᠠᠵᠤ᠂ ᠲᠥᠰᠥᠪ ᠢ ᠨᠠᠶᠢᠷᠠᠭᠤᠯᠬᠤ ᠪᠠ ᠲᠥᠰᠥᠪ ᠤᠨ ᠭᠦᠢᠴᠡᠳᠬᠡᠯ ᠢ ᠬᠢᠨᠠᠨ ᠪᠠᠶᠢᠴᠠᠭᠠᠬᠤ ᠠᠵᠢᠯ ᠢ ᠡᠬᠢᠯᠡᠨ ᠵᠥᠪ ᠵᠢᠮ᠎ᠡ ᠳᠤ ᠣᠷᠣᠭᠤᠯᠤᠭᠰᠠᠨ | ᠪᠠᠶᠢᠨ᠎ᠠ᠃ | 1959 ᠣᠨ ᠤ 6 ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ︽ᠡᠳ᠋ ᠤᠨ ᠵᠠᠰᠠᠭ ᠤᠨ ᠣᠷᠣᠯᠭ᠎ᠠ ᠶᠢ | ᠶᠡᠭᠡ ᠪᠠᠷ ᠠᠳᠬᠤᠵᠤ᠂ ᠵᠠᠷᠤᠯᠭ᠎ᠠ ᠢ ᠵᠣᠬᠢᠰᠲᠠᠢ ᠠᠷᠪᠢᠯᠠᠨ᠂ ᠦᠢᠯᠡᠳᠪᠦᠷᠢᠯᠡᠯ ᠢᠶᠠᠨ ᠨᠡᠮᠡᠭᠳᠡᠭᠦᠯᠦᠨ ᠠᠷᠪᠢᠯᠠᠨ ᠭᠠᠮᠨᠠᠬᠤ ᠬᠦᠳᠡᠯᠭᠡᠭᠡᠨ ᠢ ᠦᠷᠭᠦᠯᠵᠢᠯᠡᠨ ᠭᠦᠨᠵᠡᠭᠡᠢ | ᠥᠷᠨᠢᠭᠦᠯᠬᠦ ᠲᠤᠬᠠᠢ ᠬᠤᠯᠪᠤᠭᠠᠯᠠᠭᠰᠠᠨ ᠵᠢᠭᠠᠪᠤᠷᠢ︾ ᠶᠢ ᠲᠠᠷᠬᠠᠭᠠᠵᠤ᠂ ᠨᠡᠶᠢᠭᠡᠮ ᠤᠨ ᠪᠦᠯᠬᠦᠮ ᠤᠨ ᠬᠤᠳᠠᠯᠳᠤᠨ ᠠᠪᠬᠤ ᠬᠦᠴᠦ ᠶᠢ ᠶᠡᠭᠡ ᠪᠠᠷ ᠬᠠᠰᠤᠬᠤ ᠶᠢ | ᠱᠠᠭᠠᠷᠳᠠᠪᠠ᠃ ᠲᠥᠰᠥᠪ ᠢ ᠬᠢᠨᠠᠨ ᠲᠣᠭᠲᠠᠭᠠᠭᠰᠠᠨ ᠰᠠᠭᠤᠷᠢᠨ ᠳᠡᠭᠡᠷ᠎ᠡ᠂ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ 5% ᠪᠠᠷ | ᠠᠷᠪᠢᠯᠠᠵᠤ᠂ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠰᠦᠢᠳᠬᠡᠯ ᠢ 3% — 5% ᠪᠠᠷ ᠠᠷᠪᠢᠯᠠᠪᠠ᠃ ᠠᠵᠤ ᠠᠬᠤᠶᠢᠯᠠᠯ ᠤᠨ ᠣᠷᠣᠯᠭ᠎ᠠ ᠶᠢ | ᠳᠡᠭᠡᠭᠰᠢ ᠲᠤᠰᠢᠶᠠᠬᠤ ᠠᠵᠢᠯ ᠢ ᠠᠳᠬᠤᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ | ᠪᠦᠲᠦᠭᠡᠭᠳᠡᠭᠦᠨ ᠤ ᠥᠪᠡᠷ ᠤᠨ ᠥᠷᠲᠡᠭ ᠢ ᠳᠡᠭᠡᠷ᠎ᠡ ᠵᠢᠯ ᠠᠴᠠ 6% — 8% ᠪᠠᠷ ᠪᠠᠭᠤᠷᠠᠭᠤᠯᠪᠠ᠃ ᠡᠯ᠎ᠡ ᠰᠠᠯᠭ᠎ᠠ ᠮᠥᠴᠢᠷ ᠡᠯ᠎ᠡ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠨᠢ ᠬᠥᠮᠥᠷᠭᠡ ᠳᠤ ᠪᠠᠶᠢᠭ᠎ᠠ ᠡᠳ᠋ ᠪᠤᠳᠠᠰ ᠢᠶᠠᠨ ᠪᠦᠬᠦ ᠲᠠᠯ᠎ᠠ ᠪᠠᠷ ᠪᠠᠶᠢᠴᠠᠭᠠᠵᠤ᠂ ᠲᠤᠰ ᠨᠢᠭᠡᠴᠢ ᠥᠪᠡᠷ ᠢᠶᠠᠨ ᠠᠰᠢᠭᠯᠠᠵᠤ ᠳᠡᠶᠢᠯᠬᠦ | ᠦᠭᠡᠢ ᠶᠢ ᠨᠢ ᠳᠡᠭᠡᠭᠰᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰᠢᠶᠠᠨ ᠨᠢᠭᠡᠲᠦᠯᠲᠡᠢ ᠲᠦᠭᠡᠭᠡᠨ ᠲᠣᠬᠢᠷᠠᠭᠤᠯᠬᠤ ᠪᠤᠶᠤ ᠰᠢᠢᠳᠪᠦᠷᠢᠯᠡᠵᠦ᠂ ᠲᠥᠰᠥᠪ ᠤᠨ | ᠭᠠᠳᠠᠨᠠᠬᠢ ᠣᠷᠣᠯᠭ᠎ᠠ ᠶᠢ ᠳᠡᠭᠡᠭᠰᠢ ᠲᠤᠰᠢᠶᠠᠬᠤ ᠦᠭᠡᠢ ᠪᠤᠶᠤ ᠬᠠᠤᠯᠢ ᠪᠤᠰᠤ ᠪᠠᠷ ᠨᠡᠭᠦᠯᠭᠡᠨ ᠬᠡᠷᠡᠭᠯᠡᠬᠦ ᠶᠢ ᠬᠤᠷᠢᠭᠯᠠᠵᠤ᠂ ᠲᠥᠰᠥᠪ ᠤᠨ ᠬᠠᠮᠢᠶᠠᠷᠤᠯᠲᠠ ᠶᠢ | ᠴᠢᠨᠠᠭᠰᠢᠲᠠ ᠴᠢᠩᠭᠠᠳᠬᠠᠪᠠ᠃ ᠲᠤᠬᠠᠢ ᠶᠢᠨ ᠵᠢᠯ ᠤᠨ ᠡᠳ᠋ ᠤᠨ ᠵᠠᠰᠠᠭ ᠤᠨ ᠣᠷᠣᠯᠭ᠎ᠠ ᠨᠢ ᠳᠡᠭᠡᠷ᠎ᠡ ᠵᠢᠯ ᠤᠨ ᠬᠢ ᠠᠴᠠ ᠪᠠᠨ ᠶᠡᠭᠡ ᠬᠡᠮᠵᠢᠶ᠎ᠡ ᠪᠠᠷ ᠨᠡᠮᠡᠭᠳᠡᠭᠰᠡᠨ | ᠪᠠᠶᠢᠨ᠎ᠠ᠃ | 1960 ᠣᠨ ᠤ 4 ᠰᠠᠷ᠎ᠠ ᠶᠢᠨ 17 ᠤ ᠡᠳᠦᠷ᠂ ᠠᠶᠢᠮᠠᠭ ᠤᠨ ᠵᠠᠬᠢᠷᠭ᠎ᠠ ᠠᠴᠠ 1960 ᠣᠨ ᠤ ᠣᠷᠣᠨ ᠨᠤᠲᠤᠭ ᠤᠨ ᠥᠪᠡᠷᠲᠡᠭᠡᠨ ᠪᠡᠯᠡᠳᠭᠡᠬᠦ ᠣᠷᠣᠯᠭ᠎ᠠ | ᠵᠠᠷᠤᠯᠭ᠎ᠠ ᠶᠢᠨ ᠲᠥᠰᠥᠪ ᠢ ᠪᠠᠭᠤᠯᠭᠠᠵᠤ᠂ ︽ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠭᠲᠠᠭᠠᠬᠤ︾ ᠵᠠᠷᠴᠢᠮ ᠢᠶᠠᠷ ᠪᠦᠬᠦ ᠵᠢᠯ ᠤᠨ ᠡᠳ᠋ ᠤᠨ ᠵᠠᠰᠠᠭ ᠤᠨ | ᠣᠷᠣᠯᠭ᠎ᠠ ᠶᠢ 372.1 ᠲᠦᠮᠡᠨ ᠲᠥᠭᠦᠷᠢᠭ ᠲᠣᠬᠢᠷᠠᠭᠤᠯᠤᠨ᠂ ᠪᠦᠬᠦ ᠵᠢᠯ ᠤᠨ ᠵᠠᠷᠤᠯᠭ᠎ᠠ ᠶᠢ 294.7 ᠲᠦᠮᠡᠨ ᠲᠥᠭᠦᠷᠢᠭ ᠢᠶᠠᠷ ᠲᠥᠰᠥᠪᠯᠡᠪᠡ᠃ ᠪᠡᠯᠡᠳᠬᠡᠯ | ᠰᠦᠢᠳᠬᠡᠯ 77.4 ᠲᠦᠮᠡᠨ ᠲᠥᠭᠦᠷᠢᠭ᠂ ᠵᠠᠷᠤᠯᠭ᠎ᠠ ᠶᠢᠨ ᠲᠥᠰᠥᠪ ᠤᠨ ᠭᠤᠣᠯᠳᠠᠯᠭ᠎ᠠ ᠨᠢ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ᠂ ᠰᠤᠷᠭᠠᠨ ᠬᠥᠮᠥᠵᠢᠯ ᠤᠨ | ᠦᠢᠯᠡᠰ ᠢ ᠬᠥᠭᠵᠢᠭᠦᠯᠬᠦ ᠳᠡᠭᠡᠷ᠎ᠡ ᠬᠡᠷᠡᠭᠯᠡᠨ᠎ᠡ᠃ ᠲᠤᠬᠠᠢ ᠶᠢᠨ ᠵᠢᠯ ᠣᠷᠣᠯᠭ᠎ᠠ ᠵᠠᠷᠤᠯᠭ᠎ᠠ ᠦᠨᠳᠦᠰᠦᠨ ᠳᠤ ᠪᠠᠨ ᠲᠡᠩᠴᠡᠪᠡ᠃ | 1961 ᠣᠨ ᠤ 4 ᠰᠠᠷ᠎ᠠ ᠶᠢᠨ 3 ᠤ ᠡᠳᠦᠷ᠂ ᠠᠶᠢᠮᠠᠭ ᠤᠨ ᠵᠠᠬᠢᠷᠭ᠎ᠠ ︽ᠵᠤᠤ ᠤᠳᠠ ᠠᠶᠢᠮᠠᠭ ᠤᠨ ᠠᠵᠢᠯ ᠦᠢᠯᠡᠰ᠂ ᠵᠠᠰᠠᠭ ᠵᠠᠬᠢᠷᠭᠠᠨ ᠤ | ᠰᠦᠢᠳᠬᠡᠯ ᠤᠨ ᠲᠥᠰᠥᠪ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ ᠡᠯ᠎ᠡ ᠲᠥᠷᠥᠯ ᠤᠨ ᠰᠦᠢᠳᠬᠡᠯ ᠤᠨ | ᠵᠢᠯ ᠤᠨ ᠲᠥᠰᠥᠪ ᠨᠢ ᠠᠷᠪᠢᠯᠠᠨ ᠭᠠᠮᠨᠠᠵᠤ᠂ ᠲᠥᠰᠥᠪ ᠨᠠᠶᠢᠷᠠᠭᠤᠯᠬᠤ ᠳᠤ ᠪᠠᠨ ᠲᠥᠯᠥᠪᠯᠡᠭᠡ ᠳᠤ ᠣᠷᠣᠭᠰᠠᠨ ᠦᠭᠡᠢ ᠪᠠ ᠬᠠᠷᠠᠬᠠᠨ ᠲᠤᠭᠲᠠᠭᠠᠳᠤᠢ ᠠᠵᠢᠯ | ᠦᠢᠯᠡᠰ ᠢ ᠲᠣᠭᠲᠠᠭᠠᠬᠤ ᠦᠭᠡᠢ ᠪᠠᠶᠢᠵᠤ᠂ ᠲᠥᠰᠥᠪ ᠤᠨ ᠭᠠᠳᠠᠨᠠᠬᠢ ᠪᠡᠯᠡ ᠮᠥᠩᠭᠦ ᠶᠢ ᠵᠥᠪᠰᠢᠶᠡᠷᠡᠯ ᠦᠭᠡᠢ ᠪᠠᠷ ᠬᠦᠳᠡᠯᠭᠡᠵᠦ ᠪᠣᠯᠬᠤ ᠦᠭᠡᠢ᠃ ᠳᠦᠷᠢᠮ | ᠲᠣᠭᠲᠠᠭᠠᠯ ᠪᠤᠶᠤ ᠡᠳ᠋ ᠤᠨ ᠵᠠᠰᠠᠭ ᠤᠨ ᠲᠣᠭᠲᠠᠯᠴᠠᠭ᠎ᠠ ᠶᠡᠭᠡ ᠬᠤᠪᠢᠷᠠᠯᠲᠠ ᠭᠠᠷᠪᠠᠯ᠂ ᠲᠥᠰᠥᠪ ᠲᠤ ᠵᠣᠬᠢᠰᠲᠠᠢ ᠲᠣᠬᠢᠷᠠᠭᠤᠯᠤᠯᠲᠠ ᠬᠢᠨ᠎ᠡ᠃ ᠲᠥᠰᠥᠪ ᠢ | ᠬᠡᠷᠡᠭᠵᠢᠭᠦᠯᠬᠦ ᠶᠠᠪᠤᠴᠠ ᠳᠤ᠂ ᠡᠷᠬᠡᠪᠰᠢ ᠠᠷᠪᠢᠯᠠᠨ ᠭᠠᠮᠨᠠᠵᠤ᠂ ᠵᠣᠭᠤᠰ ᠣᠯᠭᠤᠬᠤ᠂ ᠵᠣᠭᠤᠰ ᠬᠡᠷᠡᠭᠯᠡᠬᠦ ᠳᠤ ᠲᠥᠰᠥᠪ ᠢ ᠴᠢᠩᠭ᠎ᠠ ᠵᠢᠷᠤᠮᠯᠠᠨ᠂ ᠵᠠᠷᠤᠳᠠᠯ ᠤᠨ | ᠪᠠᠷᠢᠮᠵᠢᠶ᠎ᠠ ᠪᠠ ᠡᠳ᠋ ᠤᠨ ᠵᠠᠰᠠᠭ ᠤᠨ ᠳᠦᠷᠢᠮ ᠢ ᠪᠠᠷᠢᠮᠲᠠᠯᠠᠵᠤ᠂ ᠵᠢᠯ ᠤᠨ ᠡᠴᠦᠰ ᠲᠤ ᠲᠥᠰᠥᠪ ᠤᠨ ᠲᠤᠭ᠎ᠠ ᠨᠣᠷᠮ᠎ᠠ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | | 1966 ᠣᠨ ᠠᠴᠠ 1976 ᠣᠨ ᠪᠣᠯᠲᠠᠯ᠎ᠠ᠂ ︽ᠰᠣᠶᠣᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ ᠡᠳ᠋ ᠤᠨ ᠵᠠᠰᠠᠭ ᠤᠨ ᠳᠦᠷᠢᠮ ᠪᠠ ᠬᠡᠪ ᠤᠨ | ᠡᠳ᠋ ᠤᠨ ᠵᠠᠰᠠᠭ ᠤᠨ ᠠᠵᠢᠯ ᠨᠥᠯᠥᠭᠡᠯᠡᠭᠳᠡᠵᠦ᠂ ᠬᠡᠪ ᠤᠨ ᠲᠥᠰᠥᠪ ᠤᠨ ᠬᠠᠮᠢᠶᠠᠷᠤᠯᠲᠠ ᠠᠯᠳᠠᠭᠳᠠᠪᠠ᠃ | 1980 ᠣᠨ ᠠᠴᠠ ᠡᠬᠢᠯᠡᠵᠦ ᠵᠠᠰᠠᠭ ᠵᠠᠬᠢᠷᠭᠠᠨ ᠠᠵᠢᠯ ᠦᠢᠯᠡᠰ ᠤᠨ ᠰᠦᠢᠳᠬᠡᠯ ᠳᠤ ︽ᠲᠥᠰᠥᠪ ᠤᠨ ᠳᠠᠭᠠᠭᠠᠴᠢᠯᠠᠯᠲᠠ︾ ᠬᠡᠷᠡᠭᠵᠢᠭᠦᠯᠦᠭᠰᠡᠨ ᠠᠴᠠ | 1980 ᠣᠨ ᠢ 1979 ᠣᠨ ᠲᠠᠢ ᠬᠠᠷᠢᠴᠠᠭᠤᠯᠪᠠᠯ ᠵᠠᠰᠠᠭ ᠵᠠᠬᠢᠷᠭᠠᠨ ᠤ ᠵᠠᠷᠤᠳᠠᠯ 71.4 ᠲᠦᠮᠡᠨ ᠲᠥᠭᠦᠷᠢᠭ ᠪᠠᠭᠠᠰᠴᠦ᠂ 9.74% ᠪᠠᠷ ᠪᠠᠭᠤᠷᠠᠪᠠ᠃ | 1981 ᠣᠨ ᠨᠢ 1980 ᠣᠨ ᠠᠴᠠ ᠪᠠᠨ 66 ᠲᠦᠮᠡᠨ ᠲᠥᠭᠦᠷᠢᠭ ᠪᠠᠭᠠᠰᠴᠦ᠂ 8.72% ᠢᠶᠠᠷ ᠪᠠᠭᠤᠷᠠᠪᠠ᠃ 1985 ᠣᠨ ᠠᠴᠠ 1990 ᠣᠨ ᠪᠣᠯᠲᠠᠯ᠎ᠠ | ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠲᠡᠩᠴᠡᠭᠦᠯᠵᠦ ᠡᠳ᠋ ᠤᠨ ᠵᠠᠰᠠᠭ ᠤᠨ ᠬᠠᠮᠢᠶᠠᠷᠤᠯᠲᠠ ᠶᠢ | ᠴᠢᠩᠭᠠᠳᠬᠠᠬᠤ ᠲᠤᠬᠠᠢ ᠰᠢᠢᠳᠪᠦᠷᠢ︾ ᠪᠠ ᠡᠳ᠋ ᠤᠨ ᠵᠠᠰᠠᠭ ᠤᠨ ᠲᠣᠭᠲᠠᠯᠴᠠᠭ᠎ᠠ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ | ᠱᠠᠭᠠᠷᠳᠠᠯᠭ᠎ᠠ ᠶᠢ ᠦᠨᠳᠦᠰᠦᠯᠡᠨ ᠲᠥᠰᠥᠪ ᠤᠨ ᠬᠠᠮᠢᠶᠠᠷᠤᠯᠲᠠ ᠶᠢᠨ ᠠᠵᠢᠯ ᠢ ᠲᠠᠰᠤᠷᠠᠯ ᠦᠭᠡᠢ ᠬᠠᠯᠠᠨ ᠰᠠᠶᠢᠵᠢᠷᠠᠭᠤᠯᠪᠠ᠃ ᠭᠤᠣᠯᠳᠠᠭᠤ ᠲᠥᠰᠥᠪ ᠢ ᠨᠠᠶᠢᠷᠠᠭᠤᠯᠬᠤ | ᠠᠵᠢᠯ ᠵᠢᠷᠤᠮ ᠳᠠᠷᠠᠭᠠᠯᠠᠯ ᠢᠶᠠᠷ ᠶᠠᠪᠤᠭᠳᠠᠨ ᠦᠨᠳᠦᠰᠦᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠵᠠᠳᠠᠯᠤᠯᠲᠠ ᠪᠠ ᠵᠢᠯ ᠤᠨ ᠠᠵᠤ ᠠᠬᠤᠢ ᠶᠢᠨ | ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ ᠲᠣᠭᠠᠴᠠᠨ ᠪᠣᠳᠣᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠪᠠᠷᠤᠭᠴᠠᠭᠠᠯᠠᠨ᠂ ᠮᠥᠩᠭᠦ ᠭᠠᠷᠭᠠᠬᠤ | ᠪᠤᠰᠤᠳᠴᠢ ᠵᠢᠮ᠎ᠡ ᠶᠣᠰᠣ ᠶᠢ ᠡᠵᠡᠮᠰᠢᠨ᠂ ᠲᠥᠰᠥᠪ ᠢ ᠴᠢᠩᠭ᠎ᠠ ᠬᠡᠷᠡᠭᠵᠢᠭᠦᠯᠵᠦ᠂ ᠮᠥᠩᠭᠦ ᠨᠡᠮᠡᠵᠦ ᠥᠭᠬᠦ ᠪᠠ ᠬᠠᠰᠤᠬᠤ ᠳᠤ ᠪᠠᠨ ᠲᠥᠰᠥᠪ ᠤᠨ | ᠬᠠᠮᠢᠶᠠᠷᠤᠯᠲᠠ ᠶᠢᠨ ᠳᠦᠷᠢᠮ ᠪᠠ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠢ ᠴᠢᠩᠭ᠎ᠠ ᠵᠢᠷᠣᠮᠯᠠᠵᠤ᠂ ᠲᠥᠰᠥᠪ ᠢ ᠬᠡᠷᠡᠭᠵᠢᠭᠦᠯᠬᠦ ᠶᠠᠪᠤᠴᠠ ᠳᠤ ᠪᠠᠶᠢᠨ ᠪᠠᠶᠢᠨ | ᠲᠣᠭᠠᠴᠠᠨ ᠪᠣᠳᠣᠵᠤ᠂ ᠬᠡᠷᠡᠭᠵᠢᠭᠦᠯᠬᠦ ᠶᠠᠪᠤᠴᠠ ᠳᠤ ᠭᠠᠷᠤᠭᠰᠠᠨ ᠠᠰᠠᠭᠤᠳᠠᠯ ᠢ ᠴᠠᠭ ᠳᠠᠷᠤᠢ ᠳᠤᠨᠢ ᠰᠢᠢᠳᠪᠦᠷᠢᠯᠡᠨ᠂ ᠵᠢᠯ ᠤᠨ ᠡᠴᠦᠰ ᠲᠤ ᠲᠥᠰᠥᠪ ᠤᠨ | ᠭᠦᠢᠴᠡᠳᠬᠡᠯ ᠢ ᠲᠥᠰᠥᠪ ᠤᠨ ᠭᠦᠢᠴᠡᠳᠬᠡᠯ ᠤᠨ ᠬᠤᠷᠠᠯᠳᠤᠭᠠᠨ ᠢᠶᠠᠷ ᠬᠢᠨᠠᠮᠠᠭᠠᠢ ᠬᠢᠨᠠᠨ ᠪᠠᠶᠢᠴᠠᠭᠠᠵᠤ᠂ ᠲᠥᠰᠥᠪ ᠤᠨ ᠬᠠᠮᠢᠶᠠᠷᠤᠯᠲᠠ ᠶᠢᠨ ᠠᠵᠢᠯ ᠤᠨ | ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ | |