ᠵᠢᠷᠭᠤᠳᠤᠭᠠᠷ ᠬᠡᠰᠡᠭ ᠪᠤᠰᠤᠳ ᠵᠠᠷᠤᠳᠠᠯ | ᠤᠯᠠᠭᠠᠨᠬᠠᠳᠠ ᠣᠷᠣᠨ ᠤ ᠡᠳ᠋ ᠤᠨ ᠵᠠᠰᠠᠭ ᠤᠨ ᠪᠤᠰᠤᠳ ᠵᠠᠷᠤᠳᠠᠯ ᠭᠡᠳᠡᠭ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠦᠢᠳᠬᠡᠯ᠂ ᠰᠣᠶᠣᠯ ᠰᠤᠷᠭᠠᠨ | ᠬᠥᠮᠥᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠲᠠᠮᠢᠷ ᠤᠨ ᠦᠢᠯᠡᠰ ᠤᠨ ᠰᠦᠢᠳᠬᠡᠯ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠦᠢᠳᠬᠡᠯ᠂ | ᠲᠡᠳᠬᠦᠮᠵᠢ᠂ ᠨᠡᠶᠢᠭᠡᠮ ᠤᠨ ᠠᠰᠠᠷᠠᠮᠵᠢ ᠵᠡᠷᠭᠡ ᠳᠤ ᠬᠠᠷᠢᠶᠠᠯᠠᠭᠳᠠᠬᠤ ᠦᠭᠡᠢ ᠪᠦᠭᠡᠳ ᠲᠥᠰᠥᠪ ᠤᠨ ᠲᠥᠷᠥᠯ ᠵᠦᠢᠯ ᠢᠶᠠᠷ ᠠᠩᠭᠢᠯᠠᠬᠤ ᠳᠤ ᠳᠦᠭᠦᠮ ᠦᠭᠡᠢ | ᠵᠠᠷᠤᠳᠠᠯ ᠤᠳ ᠢ ᠵᠢᠭᠠᠨ᠎ᠠ᠃ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠤᠯᠠᠭᠠᠨᠬᠠᠳᠠ ᠣᠷᠣᠨ ᠤ ᠡᠳ᠋ ᠤᠨ ᠵᠠᠰᠠᠭ ᠤᠨ ᠪᠤᠰᠤᠳ ᠵᠠᠷᠤᠳᠠᠯ ᠤᠨ ᠵᠣᠭᠤᠰ ᠤᠨ | ᠲᠥᠷᠥᠯ ᠨᠢ ᠢᠮᠠᠭᠲᠠ ᠬᠤᠪᠢᠷᠠᠯᠲᠠ ᠲᠠᠢ ᠪᠠᠶᠢᠵᠠᠢ᠃ ᠭᠤᠣᠯᠳᠠᠭᠤ ᠬᠤᠲᠠ ᠶᠢᠨ ᠬᠥᠮᠥᠰ ᠢ ᠬᠥᠳᠡᠭᠡ ᠪᠠᠭᠤᠯᠭᠠᠬᠤ ᠰᠦᠢᠳᠬᠡᠯ᠂ ᠺᠠᠳ᠋ᠷ ᠢ ᠬᠥᠳᠡᠭᠡ | ᠬᠦᠳᠡᠯᠮᠦᠷᠢᠯᠡᠭᠦᠯᠦᠨ ᠪᠤᠯᠪᠠᠰᠤᠷᠠᠭᠤᠯᠬᠤ ᠰᠦᠢᠳᠬᠡᠯ᠂ ᠡᠷᠦᠬᠡ ᠶᠢᠨ ᠴᠡᠷᠢᠭ ᠤᠨ ᠵᠡᠪᠰᠡᠭ ᠲᠣᠨᠣᠭᠯᠠᠯ ᠪᠠ ᠠᠵᠢᠯ ᠦᠢᠯᠡᠰ ᠤᠨ ᠰᠦᠢᠳᠬᠡᠯ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠦᠢᠳᠬᠡᠯ᠂ ᠪᠤᠰᠤᠳ ᠰᠠᠯᠠᠭ᠎ᠠ ᠮᠥᠴᠢᠷ ᠤᠨ ᠠᠵᠢᠯ ᠦᠢᠯᠡᠰ ᠤᠨ ᠰᠦᠢᠳᠬᠡᠯ ᠤᠨ ᠵᠠᠷᠤᠳᠠᠯ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ | ᠬᠠᠤᠯᠢ ᠴᠠᠭᠠᠵᠠ ᠶᠢᠨ ᠵᠠᠷᠤᠳᠠᠯ᠂ ᠦᠨ᠎ᠡ ᠬᠠᠩᠰᠢ ᠶᠢᠨ ᠨᠥᠬᠦᠪᠥᠷᠢ᠂ ᠲᠤᠰᠬᠠᠢ ᠵᠠᠷᠤᠳᠠᠯ᠂ ᠬᠤᠴᠣᠷᠤᠩᠭᠤᠢ ᠣᠷᠣᠨ ᠢ ᠳᠡᠮᠵᠢᠬᠦ ᠰᠦᠢᠳᠬᠡᠯ ᠤᠨ ᠵᠠᠷᠤᠳᠠᠯ | ᠵᠡᠷᠭᠡ ᠶᠢ ᠪᠠᠭᠲᠠᠭᠠᠵᠤ ᠪᠠᠶᠢᠵᠠᠢ᠃ | ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠳᠤ ᠪᠤᠰᠤᠳ ᠵᠠᠷᠤᠳᠠᠯ 30.9 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 2.3% ᠶᠢ ᠡᠵᠡᠯᠡᠵᠡᠢ᠃ | ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠵᠠᠷᠤᠳᠠᠯ 35.3 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ | ᠵᠠᠰᠠᠭ ᠤᠨ ᠵᠠᠷᠤᠳᠠᠯ ᠤᠨ 0.4% ᠶᠢ ᠡᠵᠡᠯᠡᠵᠡᠢ᠃ ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠤ ᠬᠢ ᠠᠴᠠ 14.2% ᠢᠶᠠᠷ | ᠨᠡᠮᠡᠭᠳᠡᠵᠡᠢ᠃ | ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠵᠠᠷᠤᠳᠠᠯ 183.2 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ | ᠵᠠᠰᠠᠭ ᠤᠨ ᠵᠠᠷᠤᠳᠠᠯ ᠤᠨ 0.6% ᠶᠢ ᠡᠵᠡᠯᠡᠵᠡᠢ᠃ ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 5 ᠳᠠᠬᠢᠨ ᠢᠯᠡᠭᠦᠦ ᠪᠠᠷ ᠨᠡᠮᠡᠭᠳᠡᠵᠡᠢ᠃ | ᠤᠯᠤᠰ ᠠᠷᠠᠳ ᠤᠨ ᠠᠵᠤ ᠠᠬᠤᠢ ᠶᠢᠨ ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠪᠤᠰᠤᠳ ᠵᠠᠷᠤᠳᠠᠯ 697.3 ᠲᠦᠮᠡᠨ ᠲᠥᠭᠦᠷᠢᠭ | ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5.9% ᠶᠢ ᠡᠵᠡᠯᠡᠨ᠂ ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 3. | 7 ᠳᠠᠬᠢᠨ ᠢᠶᠠᠷ ᠨᠡᠮᠡᠭᠳᠡᠵᠡᠢ᠃ | ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠵᠠᠷᠤᠳᠠᠯ 2062.4 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ | ᠵᠠᠰᠠᠭ ᠤᠨ ᠵᠠᠷᠤᠳᠠᠯ ᠤᠨ 7.6% ᠶᠢ ᠡᠵᠡᠯᠡᠵᠡᠢ᠃ ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠤ ᠬᠢ ᠠᠴᠠ 3 ᠳᠠᠬᠢᠨ ᠣᠷᠴᠢᠮ ᠨᠡᠮᠡᠭᠳᠡᠵᠡᠢ᠃ | ᠡᠨᠡ ᠬᠦ ᠬᠤᠭᠤᠴᠠᠭᠠᠨ ᠳᠤ ᠬᠤᠲᠠ ᠪᠠᠯᠭᠠᠰᠤᠨ ᠤ ᠬᠥᠮᠥᠨ ᠠᠮᠠ ᠶᠢ ᠬᠥᠳᠡᠭᠡ ᠪᠠᠭᠤᠯᠭᠠᠬᠤ ᠰᠦᠢᠳᠬᠡᠯ᠂ ᠺᠠᠳ᠋ᠷ ᠢ ᠬᠥᠳᠡᠭᠡ ᠪᠠᠭᠤᠯᠭᠠᠵᠤ ᠬᠥᠳᠡᠯᠮᠦᠷᠢᠯᠡᠭᠦᠯᠦᠨ | ᠪᠤᠯᠪᠠᠰᠤᠷᠠᠭᠤᠯᠬᠤ ᠰᠦᠢᠳᠬᠡᠯ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠦᠢᠳᠬᠡᠯ ᠰᠢᠨ᠎ᠡ ᠪᠠᠷ ᠨᠡᠮᠡᠭᠳᠡᠵᠡᠢ᠃ | ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠵᠠᠷᠤᠳᠠᠯ 4116 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ | ᠵᠠᠰᠠᠭ ᠤᠨ ᠵᠠᠷᠤᠳᠠᠯ ᠤᠨ 6.8% ᠶᠢ ᠡᠵᠡᠯᠡᠵᠡᠢ᠃ ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 2 ᠳᠠᠬᠢᠨ ᠣᠷᠴᠢᠮ ᠨᠡᠮᠡᠭᠳᠡᠵᠡᠢ᠃ ᠡᠨᠡ | ᠬᠦ ᠬᠤᠭᠤᠴᠠᠭᠠᠨ ᠳᠤ ᠡᠷᠦᠬᠡ ᠶᠢᠨ ᠴᠡᠷᠢᠭ ᠤᠨ ᠵᠡᠪᠰᠡᠭ ᠲᠣᠨᠣᠭᠯᠠᠯ ᠤᠨ ᠰᠦᠢᠳᠬᠡᠯ ᠰᠢᠨ᠎ᠡ ᠪᠠᠷ ᠨᠡᠮᠡᠭᠳᠡᠵᠡᠢ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠵᠠᠷᠤᠳᠠᠯ 3145 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ | ᠵᠠᠰᠠᠭ ᠤᠨ ᠵᠠᠷᠤᠳᠠᠯ ᠤᠨ 4.3% ᠶᠢ ᠡᠵᠡᠯᠡᠵᠡᠢ᠃ ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 24.6% ᠪᠠᠷ ᠪᠠᠭᠤᠷᠠᠭᠰᠠᠨ ᠪᠣᠯᠪᠠᠴᠤ | ᠬᠤᠲᠠ ᠪᠠᠯᠭᠠᠰᠤᠨ ᠤ ᠵᠠᠯᠠᠭᠤᠴᠤᠳ ᠲᠤ ᠠᠵᠢᠯ ᠣᠯᠭᠤᠬᠤ ᠰᠦᠢᠳᠬᠡᠯ᠂ ᠬᠤᠴᠣᠷᠣᠩᠭᠤᠢ ᠣᠷᠣᠨ ᠢ ᠳᠡᠮᠵᠢᠬᠦ ᠰᠦᠢᠳᠬᠡᠯ ᠰᠢᠨ᠎ᠡ ᠪᠠᠷ ᠨᠡᠮᠡᠭᠳᠡᠵᠡᠢ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠵᠠᠷᠤᠳᠠᠯ 12853.3 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ | ᠵᠠᠰᠠᠭ ᠤᠨ ᠵᠠᠷᠤᠳᠠᠯ ᠤᠨ 10.8% ᠶᠢ ᠡᠵᠡᠯᠡᠵᠡᠢ᠃ ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 4 ᠳᠠᠬᠢᠨ ᠨᠡᠮᠡᠭᠳᠡᠵᠡᠢ᠃ ᠡᠨᠡ ᠬᠦ | ᠬᠤᠭᠤᠴᠠᠭᠠᠨ ᠳᠤ ᠦᠨ᠎ᠡ ᠬᠠᠩᠰᠢ ᠶᠢᠨ ᠨᠥᠬᠦᠪᠥᠷᠢ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠡᠷᠭᠡ ᠰᠠᠯᠠᠭ᠎ᠠ ᠮᠥᠴᠢᠷ ᠤᠨ ᠠᠵᠢᠯ ᠦᠢᠯᠡᠰ ᠤᠨ | ᠰᠦᠢᠳᠬᠡᠯ ᠰᠢᠨ᠎ᠡ ᠪᠠᠷ ᠨᠡᠮᠡᠭᠳᠡᠭᠰᠡᠨ ᠤ ᠬᠠᠮᠲᠤ ᠬᠤᠲᠠ ᠪᠠᠯᠭᠠᠰᠤᠨ ᠤ ᠬᠥᠮᠥᠨ ᠠᠮᠠ ᠶᠢ ᠬᠥᠳᠡᠭᠡ ᠪᠠᠭᠤᠯᠭᠠᠬᠤ ᠰᠦᠢᠳᠬᠡᠯ᠂ ᠺᠠᠳ᠋ᠷ ᠢ ᠬᠥᠳᠡᠭᠡ ᠪᠠᠭᠤᠯᠭᠠᠵᠤ | ᠬᠥᠳᠡᠯᠮᠦᠷᠢᠯᠡᠭᠦᠯᠦᠨ ᠪᠤᠯᠪᠠᠰᠤᠷᠠᠭᠤᠯᠬᠤ ᠰᠦᠢᠳᠬᠡᠯ᠂ ᠡᠷᠦᠬᠡ ᠶᠢᠨ ᠴᠡᠷᠢᠭ ᠤᠨ ᠵᠡᠪᠰᠡᠭ ᠲᠣᠨᠣᠭᠯᠠᠯ ᠤᠨ ᠰᠦᠢᠳᠬᠡᠯ ᠢ ᠬᠠᠰᠤᠵᠠᠢ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠵᠠᠷᠤᠳᠠᠯ 39078.2 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ | ᠵᠠᠰᠠᠭ ᠤᠨ ᠵᠠᠷᠤᠳᠠᠯ ᠤᠨ 15.1% ᠶᠢ ᠡᠵᠡᠯᠡᠨ᠂ ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 2 ᠳᠠᠬᠢᠨ ᠢᠯᠡᠭᠦᠦ ᠨᠡᠮᠡᠭᠳᠡᠵᠡᠢ᠃ | |