ᠲᠠᠪᠤᠳᠤᠭᠠᠷ ᠬᠡᠰᠡᠭ ᠲᠡᠳᠬᠦᠮᠵᠢ ᠪᠤᠯᠤᠨ ᠨᠡᠶᠢᠭᠡᠮ ᠤᠨ ᠲᠤᠰᠠᠯᠠᠮᠵᠢ ᠶᠢᠨ ᠰᠦᠢᠳᠬᠡᠯ | ᠤᠯᠠᠭᠠᠨᠬᠠᠳᠠ ᠬᠤᠲᠠ ᠶᠢᠨ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠪᠣᠯ ᠣᠷᠣᠨ ᠨᠤᠲᠤᠭ ᠤᠨ ᠡᠳ᠋ ᠤᠨ ᠵᠠᠰᠠᠭ ᠠᠴᠠ ᠨᠡᠶᠢᠭᠡᠮ ᠤᠨ | ᠪᠠᠲᠤᠯᠠᠭ᠎ᠠ ᠶᠢᠨ ᠰᠢᠨᠵᠢ ᠲᠠᠢ ᠠᠯᠪᠠᠨ ᠰᠦᠢᠳᠬᠡᠯ ᠳᠤ ᠬᠡᠷᠡᠭᠯᠡᠳᠡᠭ ᠵᠠᠷᠤᠳᠠᠯ ᠪᠣᠯᠣᠨ᠎ᠠ᠃ ᠲᠡᠳᠬᠦᠮᠵᠢ ᠶᠢᠨ ᠵᠠᠷᠤᠳᠠᠯ ᠨᠢ ᠭᠤᠣᠯᠳᠠᠭᠤ ᠥᠷᠡᠭᠳᠡᠭᠰᠡᠨ ᠪᠠᠭᠠᠲᠤᠷ ᠤᠨ | ᠬᠡᠷ ᠪᠦᠯᠢ᠂ ᠬᠠᠯᠠᠭᠳᠠᠭᠰᠠᠨ ᠴᠡᠷᠢᠭ᠂ ᠴᠡᠷᠢᠭ ᠠᠴᠠ ᠪᠠᠭᠤᠭᠰᠠᠳ ᠤᠨ ᠠᠮᠢᠳᠤᠷᠠᠯ ᠤᠨ ᠨᠥᠬᠦᠪᠥᠷᠢ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠠ | ᠵᠠᠰᠠᠭ ᠤᠨ ᠣᠷᠳᠣᠨ ᠤ ᠠᠵᠢᠯᠲᠠᠳ ᠵᠡᠮᠳᠡᠭ ᠪᠣᠯᠬᠤ᠂ ᠥᠷᠡᠭᠳᠡᠬᠦ᠂ ᠡᠪᠡᠳᠴᠢᠨ ᠢᠶᠠᠷ ᠨᠠᠰᠤ ᠪᠠᠷᠠᠬᠤ ᠳᠤ ᠲᠤᠰ ᠬᠥᠮᠥᠨ ᠳᠤᠨᠢ ᠪᠤᠶᠤ ᠭᠡᠷ ᠪᠦᠯᠢ ᠶᠢᠨ ᠬᠢᠨ ᠳᠤᠨᠢ | ᠣᠯᠭᠤᠳᠠᠭ ᠨᠢᠭᠡ ᠵᠦᠢᠯ ᠤᠨ ᠨᠥᠬᠦᠪᠥᠷᠢ ᠪᠣᠯᠣᠨ᠎ᠠ᠃ ᠡᠨᠡ ᠬᠦ ᠵᠠᠷᠤᠳᠠᠯ ᠳᠤ ᠪᠠᠰᠠ ᠴᠡᠷᠢᠭ ᠠᠩᠭᠢ ᠣᠷᠣᠨ ᠨᠤᠲᠤᠭ ᠤᠨ ᠠᠵᠢᠯ ᠠᠴᠠ ᠪᠠᠨ ᠳᠠᠷᠬᠠᠯᠠᠭᠳᠠᠭᠰᠠᠨ ᠪᠠ | ᠠᠮᠠᠷᠠᠭᠰᠠᠨ ᠬᠥᠮᠥᠰ ᠤᠨ ᠠᠮᠢᠳᠤᠷᠠᠯ ᠤᠨ ᠰᠦᠢᠳᠬᠡᠯ ᠪᠠᠭᠲᠠᠲᠠᠭ᠃ ᠨᠡᠶᠢᠭᠡᠮ ᠤᠨ ᠠᠰᠠᠷᠠᠮᠵᠢ ᠶᠢᠨ ᠰᠦᠢᠳᠬᠡᠯ ᠪᠣᠯ ᠨᠡᠶᠢᠭᠡᠮ ᠤᠨ ᠠᠰᠠᠷᠠᠮᠵᠢ ᠶᠢᠨ ᠦᠢᠯᠡᠰ᠂ | ᠬᠤᠲᠠ ᠬᠥᠳᠡᠭᠡ ᠶᠢᠨ ᠠᠷᠠᠳ ᠤᠨ ᠠᠮᠢᠳᠤᠷᠠᠯ ᠤᠨ ᠬᠦᠴᠢᠷᠳᠡᠯ ᠤᠨ ᠨᠥᠬᠦᠪᠥᠷᠢ ᠪᠠ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠭᠠᠵᠠᠷ ᠤᠨ ᠣᠯᠠᠨ ᠲᠦᠮᠡᠨ ᠢ | ᠲᠦᠪᠬᠢᠨᠡᠭᠦᠯᠬᠦ ᠪᠠ ᠲᠤᠰᠠᠯᠠᠬᠤ ᠳᠤ ᠬᠡᠷᠡᠭᠯᠡᠳᠡᠭ ᠰᠦᠢᠳᠬᠡᠯ ᠪᠣᠯᠣᠨ᠎ᠠ᠃ | ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠳᠤ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 64.7 ᠲᠦᠮᠡᠨ | ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 4.9% ᠶᠢ ᠡᠵᠡᠯᠡᠵᠦ᠂ ᠭᠤᠣᠯᠳᠠᠭᠤ ᠬᠦᠨᠳᠦ ᠬᠡᠴᠡᠭᠦᠦ ᠭᠠᠮᠰᠢᠭᠳᠠᠭᠰᠠᠨ | ᠣᠷᠣᠨ ᠢ ᠲᠤᠰᠠᠯᠠᠬᠤ ᠳᠤ ᠬᠡᠷᠡᠭᠯᠡᠵᠡᠢ᠃ | ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 510.5 ᠲᠦᠮᠡᠨ | ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 6% ᠶᠢ ᠡᠵᠡᠯᠡᠪᠡ᠃ ᠲᠤᠬᠠᠢ ᠶᠢᠨ ᠵᠢᠯ ᠳᠤ ᠥᠷᠡᠭᠳᠡᠭᠰᠡᠨ | ᠴᠡᠷᠢᠭ ᠤᠨ ᠭᠡᠷ ᠪᠦᠯᠢ᠂ ᠴᠡᠷᠢᠭ ᠤᠨ ᠦᠢᠯᠡᠳᠪᠦᠷᠢᠯᠡᠯ ᠤᠨ ᠨᠥᠬᠦᠪᠥᠷᠢ ᠳᠤ 9 ᠲᠦᠮᠡᠨ ᠲᠥᠭᠦᠷᠢᠭ ᠵᠠᠷᠤᠵᠤ᠂ 984 ᠡᠷᠦᠬᠡ ᠳᠤ ᠨᠥᠬᠦᠪᠥᠷᠢ ᠣᠯᠭᠤᠨ᠂ | ᠭᠤᠣᠯᠳᠠᠭᠤ ᠲᠠᠷᠢᠶᠠᠨ ᠤ ᠬᠥᠯᠪᠦᠷᠢ ᠶᠢᠨ ᠤᠨᠤᠭ᠎ᠠ ᠶᠢᠨ ᠠᠰᠠᠭᠤᠳᠠᠯ ᠢ ᠰᠢᠢᠳᠪᠦᠷᠢᠯᠡᠵᠦ ᠥᠭᠪᠡ᠃ ᠠᠮᠢᠳᠤᠷᠠᠯ ᠤᠨ ᠨᠥᠬᠦᠪᠥᠷᠢ ᠳᠤ 11.2 ᠲᠦᠮᠡᠨ ᠲᠥᠭᠦᠷᠢᠭ | ᠵᠠᠷᠤᠵᠤ᠂ 1 388 ᠡᠷᠦᠬᠡ ᠳᠤ ᠨᠥᠬᠦᠪᠥᠷᠢ ᠣᠯᠭᠤᠪᠠ᠃ | ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 872.5 ᠲᠦᠮᠡᠨ | ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 3.1% ᠶᠢ ᠡᠵᠡᠯᠡᠪᠡ᠃ 1962 ᠣᠨ ᠳᠤ ᠤᠯᠠᠭᠠᠨᠬᠠᠳᠠ ᠣᠷᠣᠨ | ᠬᠦᠨᠳᠦ ᠬᠡᠴᠡᠭᠦᠦ ᠭᠠᠮᠰᠢᠭᠳᠠᠭᠰᠠᠨ ᠠᠴᠠ ᠲᠤᠰ ᠵᠢᠯ ᠳᠣᠷᠣᠭᠰᠢ ᠲᠤᠰᠠᠯᠠᠮᠵᠢ ᠶᠢᠨ ᠮᠥᠩᠭᠦ 92.6 ᠲᠦᠮᠡᠨ ᠲᠥᠭᠦᠷᠢᠭ ᠣᠯᠭᠤᠵᠤ᠂ ᠭᠤᠣᠯᠳᠠᠭᠤ | ᠭᠠᠮᠰᠢᠭᠳᠠᠭᠰᠠᠨ ᠣᠷᠣᠨ᠂ ᠶᠠᠳᠠᠭᠤ ᠬᠦᠴᠢᠷᠲᠡᠢ ᠣᠷᠣᠨ ᠤ ᠬᠦᠴᠢᠷᠲᠡᠢ ᠡᠷᠦᠬᠡ ᠶᠢ ᠳᠡᠮᠵᠢᠵᠦ᠂ 9536 ᠡᠷᠦᠬᠡ᠂ 49740 ᠴᠡᠷᠢᠭ ᠤᠨ ᠭᠡᠷ ᠪᠦᠯᠢ ᠪᠠ | ᠥᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ ᠳᠤ 38 ᠲᠦᠮᠡᠨ ᠲᠥᠭᠦᠷᠢᠭ ᠤᠨ ᠨᠥᠬᠦᠪᠥᠷᠢ ᠣᠯᠭᠤᠪᠠ᠃ | ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 1063.5 | ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 9% ᠶᠢ ᠡᠵᠡᠯᠡᠪᠡ᠃ ᠡᠭᠦᠨ ᠳᠤ 1963 ᠣᠨ ᠳᠤ | ᠲᠤᠰᠠᠯᠠᠮᠵᠢ ᠶᠢᠨ ᠮᠥᠩᠭᠦ 93 ᠲᠦᠮᠡᠨ ᠲᠥᠭᠦᠷᠢᠭ ᠣᠯᠭᠤᠵᠤ᠂ 327902 ᠡᠷᠦᠬᠡ ᠶᠢ ᠲᠤᠰᠠᠯᠠᠵᠤ᠂ ᠭᠠᠮᠰᠢᠭ ᠠᠴᠠ ᠠᠪᠤᠷᠠᠬᠤ ᠮᠥᠩᠭᠦ 120 ᠢᠯᠡᠭᠦᠦ | ᠲᠦᠮᠡᠨ ᠲᠥᠭᠦᠷᠢᠭ ᠣᠯᠭᠤᠪᠠ᠃ | ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠲᠡᠳᠬᠦᠮᠵᠢ ᠦ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 1 774.5 | ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5.4% ᠶᠢ ᠡᠵᠡᠯᠡᠨ᠂ ᠭᠤᠷᠪᠠᠨ ᠵᠢᠯ ᠤᠨ ᠲᠣᠬᠢᠷᠠᠭᠤᠯᠤᠯᠲᠠ ᠶᠢᠨ | ᠬᠤᠭᠤᠴᠠᠭᠠᠨ ᠤ ᠬᠢ ᠠᠴᠠ 53.2% ᠢᠶᠠᠷ ᠨᠡᠮᠡᠭᠳᠡᠵᠡᠢ᠃ 1972 ᠣᠨ ᠳᠤ ᠤᠯᠠᠭᠠᠨᠬᠠᠳᠠ ᠣᠷᠣᠨ ᠬᠦᠨᠳᠦ ᠬᠡᠴᠡᠭᠦᠦ ᠭᠠᠩ ᠭᠠᠮᠰᠢᠭ ᠲᠤ ᠤᠴᠠᠷᠠᠵᠤ᠂ 171 | ᠨᠢᠭᠡᠲᠦᠯ ᠤᠨ 1110 ᠲᠦᠮᠡᠨ ᠮᠦ ᠲᠠᠷᠢᠶ᠎ᠠ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠵᠤ᠂ 193 ᠲᠦᠮᠡᠨ ᠮᠦ ᠲᠠᠷᠢᠶ᠎ᠠ ᠮᠥᠬᠦᠯᠢᠭ ᠠᠮᠤ ᠣᠯᠣᠭᠰᠠᠨ ᠦᠭᠡᠢ᠂ | ᠪᠤᠴᠠᠭᠠᠨ ᠪᠣᠷᠣᠯᠠᠭᠤᠯᠤᠭᠰᠠᠨ ᠠᠮᠤ ᠪᠤᠳᠠᠭ᠎ᠠ 5 ᠳ᠋ᠦᠩᠰᠢᠭᠤᠷ ᠢᠯᠡᠭᠦᠦ ᠵᠢᠩ ᠠᠪᠤᠭᠰᠠᠨ ᠪᠠᠶᠢᠨ᠎ᠠ᠃ ᠲᠤᠰ ᠵᠢᠯ ᠲᠤᠰᠠᠯᠠᠮᠵᠢ ᠶᠢᠨ ᠮᠥᠩᠭᠦ 930 ᠲᠦᠮᠡᠨ | ᠲᠥᠭᠦᠷᠢᠭ ᠣᠯᠭᠤᠪᠠ᠃ | ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 2447.4 ᠲᠦᠮᠡᠨ | ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 3.2% ᠢ ᠡᠵᠡᠯᠡᠪᠡ᠃ ᠭᠤᠣᠯᠳᠠᠭᠤ ᠬᠦᠨᠳᠦ ᠭᠠᠮᠰᠢᠭᠳᠠᠭᠰᠠᠨ | ᠲᠠᠷᠢᠶᠠᠯᠠᠬᠤ ᠣᠷᠣᠨ ᠤ ᠨᠢᠭᠡᠲᠦᠯ ᠪᠠᠷᠢᠭᠠᠳᠠ ᠪᠠ ᠶᠠᠳᠠᠭᠤ ᠨᠢᠭᠡᠲᠦᠯ ᠶᠠᠳᠠᠭᠤ ᠪᠠᠷᠢᠭᠠᠳᠠ ᠶᠢ ᠲᠤᠰᠠᠯᠠᠬᠤ ᠳᠤ ᠵᠠᠷᠤᠵᠠᠢ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 3 721.5 ᠲᠦᠮᠡᠨ | ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 6% ᠶᠢ ᠡᠵᠡᠯᠡᠪᠡ᠃ ︽ᠳᠦᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠤ ᠬᠢ ᠠᠴᠠ 3545.2 ᠲᠦᠮᠡᠨ ᠲᠥᠭᠦᠷᠢᠭ ᠨᠡᠮᠡᠭᠳᠡᠪᠡ᠃ 1979 ᠣᠨ ᠳᠤ ᠬᠡᠰᠡᠭ ᠮᠠᠯᠵᠢᠬᠤ ᠲᠠᠷᠢᠶᠠᠯᠠᠬᠤ ᠣᠷᠣᠨ ᠬᠦᠨᠳᠦ ᠰᠦᠷᠡᠬᠡᠢ | ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠠᠴᠠ 4700 ᠦᠢᠯᠡᠳᠪᠦᠷᠢᠯᠡᠯ ᠤᠨ ᠪᠠᠷᠢᠭᠠᠳᠠ ᠪᠤᠴᠠᠭᠠᠨ ᠪᠣᠷᠤᠯᠠᠭᠤᠯᠬᠤ ᠠᠮᠤ ᠢᠳᠡᠵᠦ᠂ ᠭᠠᠮᠰᠢᠭᠳᠠᠭᠰᠠᠨ | ᠣᠷᠣᠨ ᠳᠤ 430 ᠲᠦᠮᠡᠨ ᠲᠥᠭᠦᠷᠢᠭ ᠤᠨ ᠲᠤᠰᠠᠯᠠᠮᠵᠢ ᠣᠯᠭᠤᠪᠠ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 3876.7 ᠲᠦᠮᠡᠨ | ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 5.6 % ᠶᠢ ᠡᠵᠡᠯᠡᠨ᠂ ︽ᠲᠠᠪᠤᠳᠤᠭᠠᠷ ᠲᠠᠪᠤᠨ ᠵᠢᠯ︾ ᠤᠨ | ᠬᠤᠭᠤᠴᠠᠭᠠᠨ ᠤ ᠬᠢ ᠠᠴᠠ 40.4% ᠪᠠᠷ ᠨᠡᠮᠡᠭᠳᠡᠪᠡ᠃ ᠡᠭᠦᠨ ᠳᠤ᠄ ᠲᠡᠳᠬᠦᠮᠵᠢ 1677.3 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 25% ᠶᠢ | ᠡᠵᠡᠯᠡᠨ᠂ ᠨᠡᠶᠢᠭᠡᠮ ᠤᠨ ᠠᠰᠠᠷᠠᠮᠵᠢ ᠶᠢᠨ ᠰᠦᠢᠳᠬᠡᠯ 2199.4 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 32.8% ᠶᠢ ᠡᠵᠡᠯᠡᠵᠡᠢ᠃ ᠲᠤᠰᠠᠯᠠᠮᠵᠢ ᠶᠢᠨ | ᠮᠥᠩᠭᠦ 2284 ᠲᠦᠮᠡᠨ ᠲᠥᠭᠦᠷᠢᠭ ᠣᠯᠭᠤᠵᠤ᠂ ᠶᠡᠷᠦᠩᠬᠡᠢ ᠵᠠᠷᠤᠳᠠᠯ ᠤᠨ 34% ᠶᠢ ᠡᠵᠡᠯᠡᠵᠡᠢ᠃ ᠲᠡᠳᠬᠦᠪᠦᠷᠢ ᠳᠤ ᠭᠠᠷᠤᠭᠰᠠᠨ ᠪᠠ ᠠᠵᠢᠯ ᠠᠴᠠ ᠪᠠᠨ | ᠬᠠᠯᠠᠭᠳᠠᠭᠰᠠᠨ ᠤ ᠰᠦᠢᠳᠬᠡᠯ 462.7 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 6.8% ᠶᠢ ᠡᠵᠡᠯᠡᠵᠡᠢ᠃ ᠪᠤᠰᠤᠳ ᠠᠷᠠᠳ ᠤᠨ ᠶᠠᠪᠤᠳᠠᠯ ᠤᠨ | ᠦᠢᠯᠡᠰ ᠤᠨ ᠰᠦᠢᠳᠬᠡᠯ 83.1 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 1.2% ᠢ ᠡᠵᠡᠯᠡᠵᠡᠢ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠤ ᠲᠡᠳᠬᠦᠮᠵᠢ ᠪᠣᠯᠣᠨ ᠨᠡᠶᠢᠭᠡᠮ ᠤᠨ ᠠᠰᠠᠷᠠᠮᠵᠢ ᠶᠢᠨ ᠰᠦᠢᠳᠬᠡᠯ ᠤᠨ ᠵᠠᠷᠤᠳᠠᠯ 8623 ᠲᠦᠮᠡᠨ | ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 6.7% ᠶᠢ ᠡᠵᠡᠯᠡᠵᠡᠢ᠃ ᠡᠭᠦᠨ ᠳᠤ᠄ ᠲᠡᠳᠬᠦᠮᠵᠢ 6279.1 ᠲᠦᠮᠡᠨ | ᠲᠥᠭᠦᠷᠢᠭ᠂ ᠶᠡᠷᠦᠩᠬᠡᠢ ᠵᠠᠷᠤᠳᠠᠯ ᠤᠨ 35.9% ᠶᠢ ᠡᠵᠡᠯᠡᠨ᠂ ᠨᠡᠶᠢᠭᠡᠮ ᠤᠨ ᠠᠰᠠᠷᠠᠮᠵᠢ ᠶᠢᠨ ᠰᠦᠢᠳᠬᠡᠯ 5581.2 ᠲᠦᠮᠡᠨ ᠲᠥᠭᠦᠷᠢᠭ᠂ ᠶᠡᠷᠦᠩᠬᠡᠢ | ᠵᠠᠷᠤᠳᠠᠯ ᠤᠨ 31.9% ᠶᠢ ᠡᠵᠡᠯᠡᠵᠡᠢ᠃ ᠲᠤᠰᠠᠯᠠᠮᠵᠢ ᠶᠢᠨ ᠮᠥᠩᠭᠦ 4375.9 ᠲᠦᠮᠡᠨ ᠲᠥᠭᠦᠷᠢᠭ ᠣᠯᠭᠤᠵᠤ᠂ ᠶᠡᠷᠦᠩᠬᠡᠢ ᠵᠠᠷᠤᠳᠠᠯ ᠤᠨ 25% ᠶᠢ ᠡᠵᠡᠯᠡᠵᠡᠢ | ᠃ ᠲᠡᠳᠬᠦᠪᠦᠷᠢ ᠳᠤ ᠭᠠᠷᠤᠭᠰᠠᠨ ᠪᠠ ᠠᠵᠢᠯ ᠠᠴᠠ ᠪᠠᠨ ᠬᠠᠯᠠᠭᠳᠠᠭᠰᠠᠨ ᠤ ᠰᠦᠢᠳᠬᠡᠯ 552.3 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 3.1% ᠶᠢ | ᠡᠵᠡᠯᠡᠵᠡᠢ᠃ ᠪᠤᠰᠤᠳ ᠠᠷᠠᠳ ᠤᠨ ᠶᠠᠪᠤᠳᠠᠯ ᠤᠨ ᠦᠢᠯᠡᠰ ᠤᠨ ᠰᠦᠢᠳᠬᠡᠯ 673 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 3.8 % ᠶᠢ ᠡᠵᠡᠯᠡᠵᠡᠢ᠃ | |