ᠳᠦᠷᠪᠡᠳᠦᠭᠡᠷ ᠬᠡᠰᠡᠭ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠦᠢᠳᠬᠡᠯ | ᠴᠢᠩ ᠤᠯᠤᠰ ᠤᠨ ᠦᠶ᠎ᠡ ᠳᠤ ᠡᠯ᠎ᠡ ᠬᠤᠰᠢᠭᠤᠨ ᠤ ᠡᠳ᠋ ᠤᠨ ᠵᠠᠰᠠᠭ ᠤᠨ ᠵᠠᠷᠤᠳᠠᠯ ᠳᠤ ᠵᠠᠰᠠᠭ ᠤᠨ ᠵᠠᠷᠤᠳᠠᠯ᠂ ᠸᠠᠩ ᠭᠦᠩ ᠤᠨ ᠴᠠᠯᠢᠩ ᠹᠦᠩᠯᠦ᠂ ᠰᠦᠮ᠎ᠡ | ᠬᠡᠶᠢᠳ ᠤᠨ ᠵᠠᠷᠤᠳᠠᠯ᠂ ᠴᠡᠷᠢᠭ ᠤᠨ ᠵᠠᠷᠤᠳᠠᠯ ᠵᠡᠷᠭᠡ ᠪᠠᠭᠲᠠᠵᠤ ᠪᠠᠶᠢᠵᠠᠢ᠃ | ᠬᠤᠰᠢᠭᠤ ᠵᠠᠰᠠᠭ ᠤᠨ ᠵᠠᠷᠤᠳᠠᠯ ᠳᠤ ᠠᠯᠪᠠᠨ ᠲᠤᠰᠢᠶᠠᠯᠲᠠᠳ ᠤᠨ ᠴᠠᠯᠢᠩ ᠮᠥᠩᠭᠦ᠂ ᠠᠯᠪᠠᠨ ᠤ ᠰᠤᠯᠠ ᠵᠠᠷᠤᠳᠠᠯ ᠪᠠᠭᠲᠠᠵᠤ᠂ ᠵᠢᠯ ᠪᠦᠷᠢ ᠥᠩᠭᠡᠷᠡᠭᠰᠡᠨ ᠤ | ᠪᠤᠲᠠᠲᠠᠢ ᠵᠠᠷᠤᠳᠠᠯ ᠢ ᠦᠨᠳᠦᠰᠦᠯᠡᠨ ᠲᠤᠭ᠎ᠠ ᠨᠤᠷᠮ᠎ᠠ ᠶᠢ ᠲᠣᠭᠲᠠᠭᠠᠳᠠᠭ ᠪᠠᠶᠢᠵᠠᠢ᠃ ᠲᠡᠮᠳᠡᠭᠯᠡᠯ ᠢ ᠦᠨᠳᠦᠰᠦᠯᠡᠪᠡᠯ᠂ ᠪᠠᠳᠠᠷᠠᠭᠤᠯᠲᠤ ᠲᠦᠷᠦ ᠶᠢᠨ ᠭᠤᠴᠢᠨ | ᠭᠤᠷᠪᠠᠳᠤᠭᠠᠷ ᠣᠨ ︵1907 ᠣᠨ︶ ᠳᠤ ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠤ ᠵᠠᠷᠤᠳᠠᠯ ᠨᠢ 24260 ᠬᠡᠯᠬᠢᠶ᠎ᠡ ᠵᠣᠭᠤᠰ ᠪᠠᠶᠢᠵᠠᠢ᠃ | ᠸᠠᠩ ᠭᠦᠩ ᠨᠠᠷ ᠤᠨ ᠴᠠᠯᠢᠩ ᠹᠦᠩᠯᠦ ᠴᠢᠩ ᠤᠯᠤᠰ ᠤᠨ ᠡᠬᠢᠨ ᠳᠤ ᠮᠣᠩᠭᠤᠯ ᠸᠠᠩ ᠭᠦᠩ ᠤᠨ ᠴᠠᠯᠢᠩ ᠹᠦᠩᠯᠦ ᠨᠢ ᠲᠣᠭᠲᠠᠭᠰᠠᠨ ᠳᠦᠷᠢᠮ ᠦᠭᠡᠢ | ᠪᠠᠶᠢᠵᠠᠢ᠃ ᠲᠩᠷᠢ ᠲᠡᠳᠬᠦᠭᠴᠢ ᠶᠢᠨ ᠠᠷᠪᠠᠨ ᠳᠤᠯᠤᠳᠤᠭᠠᠷ ᠣᠨ ︵1752 ᠣᠨ︶ ᠳᠤ ᠴᠢᠩ ᠤᠯᠤᠰ ᠤᠨ ᠵᠠᠰᠠᠭ ᠤᠨ ᠭᠠᠵᠠᠷ ᠠᠴᠠ ᠮᠣᠩᠭᠤᠯ ᠸᠠᠩ ᠭᠦᠩ ᠤᠨ | ᠬᠡᠷᠬᠡᠮ ᠢ ᠨᠢ ᠦᠨᠳᠦᠰᠦᠯᠡᠨ ᠠᠳᠠᠯᠢ ᠪᠤᠰᠤ ᠴᠠᠯᠢᠩ ᠣᠯᠭᠤᠬᠤ ᠪᠠᠷ ᠲᠣᠭᠲᠠᠭᠠᠵᠤ᠂ ᠡᠨᠡ ᠬᠦ ᠳᠦᠷᠢᠮ ᠢ ᠴᠢᠩ ᠤᠯᠤᠰ ᠤᠨ ᠰᠡᠭᠦᠯᠴᠢ ᠪᠣᠯᠲᠠᠯ᠎ᠠ ᠬᠡᠷᠡᠭᠯᠡᠵᠡᠢ᠃ | ᠰᠦᠮ᠎ᠡ ᠬᠡᠶᠢᠳ ᠤᠨ ᠵᠠᠷᠤᠳᠠᠯ ᠴᠢᠩ ᠤᠯᠤᠰ ᠤᠨ ᠡᠩᠬᠡ ᠠᠮᠤᠭᠤᠯᠠᠩ ᠤᠨ ᠠᠷᠪᠠᠨ ᠵᠢᠷᠭᠤᠳᠤᠭᠠᠷ ᠣᠨ ︵1677 ᠣᠨ︶ ᠳᠤ ᠲᠤᠭᠲᠠᠭᠠᠭᠰᠠᠨ ᠢᠶᠠᠷ | ᠲᠦᠳᠡᠢ ︵ᠮᠠᠭᠠᠳ ᠭᠡᠷ ᠠᠴᠠ ᠭᠠᠷᠬᠤᠢ ᠶᠢᠨ ᠲᠡᠮᠳᠡᠭ︶ ᠣᠯᠣᠭᠰᠠᠨ ᠯᠠᠮᠠ ᠪᠦᠷᠢ ᠬᠤᠰᠢᠭᠤᠨ ᠠᠴᠠ ᠬᠦᠨᠡᠰᠦᠨ ᠤ ᠮᠥᠩᠭᠦ ᠠᠪᠴᠤ ᠪᠣᠯᠣᠨ᠎ᠠ ᠭᠡᠵᠡᠢ᠃ | ᠲᠡᠮᠳᠡᠭᠯᠡᠯ ᠢ ᠦᠨᠳᠦᠰᠦᠯᠡᠪᠡᠯ᠂ ᠬᠠᠷᠠᠴᠢᠨ ᠪᠠᠷᠠᠭᠤᠨ ᠬᠤᠰᠢᠭᠤᠨ ᠤ ᠳ᠋ᠠ ᠯᠠᠮᠠ ᠨᠢ ᠵᠢᠯ ᠳᠤ 34 ᠯᠠᠩ ᠮᠥᠩᠭᠦᠨ ᠤ ᠴᠠᠯᠢᠩ ᠣᠯᠵᠤ᠂ ᠪᠠᠨᠳᠢ ᠨᠢ ᠵᠢᠯ ᠪᠦᠷᠢ 6 | ᠯᠠᠩ ᠣᠯᠵᠤ ᠪᠠᠶᠢᠵᠠᠢ᠃ | ᠴᠡᠷᠢᠭ ᠤᠨ ᠵᠠᠷᠤᠳᠠᠯ ᠴᠡᠷᠢᠭ ᠠᠩᠭᠢ ᠶᠢᠨ ᠬᠤᠶᠠᠭ ᠤᠨ ᠲᠠᠷᠢᠶᠠᠨ ᠭᠠᠵᠠᠷ ᠠᠴᠠ ᠪᠠᠨ ᠣᠯᠣᠨ᠎ᠠ᠃ ᠰᠠᠭᠤᠭ᠎ᠠ ᠴᠡᠷᠢᠭ ᠤᠨ ᠬᠤᠶᠠᠭ ᠤᠨ ᠲᠠᠷᠢᠶᠠᠨ ᠭᠠᠵᠠᠷ ᠢ | ᠵᠣᠭᠤᠰ ᠢᠶᠠᠷ ᠨᠤᠭᠤᠯᠤᠨ ᠲᠦᠷᠢᠶᠡᠰᠦ ᠬᠤᠷᠢᠶᠠᠵᠤ᠂ ᠴᠡᠷᠢᠭ ᠤᠨ ᠰᠦᠢᠳᠬᠡᠯ ᠤᠨ ᠵᠠᠷᠤᠳᠠᠯ ᠪᠤᠯᠭᠠᠪᠠ᠃ | ᠢᠷᠭᠡᠨ ᠤᠯᠤᠰ ᠤᠨ ᠦᠶ᠎ᠡ ᠶᠢᠨ ᠡᠳ᠋ ᠤᠨ ᠵᠠᠰᠠᠭ ᠤᠨ ᠵᠠᠷᠤᠳᠠᠯ ᠳᠤ ᠴᠠᠭᠳᠠᠭ᠎ᠠ ᠶᠢᠨ ᠰᠦᠢᠳᠬᠡᠯ ᠤᠨ ᠵᠠᠷᠤᠳᠠᠯ ᠶᠡᠬᠡᠩᠬᠢ ᠶᠢ ᠡᠵᠡᠯᠡᠵᠦ᠂ ᠳᠠᠷᠠᠭᠠᠯᠠᠭᠠᠳ | ᠰᠤᠷᠭᠠᠨ ᠬᠥᠮᠥᠵᠢᠯ ᠤᠨ ᠰᠦᠢᠳᠬᠡᠯ᠂ ᠰᠢᠶᠠᠨ ᠤ ᠠᠯᠪᠠᠨ ᠵᠠᠬᠢᠷᠭ᠎ᠠ ᠶᠢᠨ ᠠᠯᠪᠠᠨ ᠵᠠᠷᠤᠳᠠᠯ᠂ ᠳᠡᠭᠡᠭᠰᠢ ᠲᠤᠰᠢᠶᠠᠬᠤ ᠰᠦᠢᠳᠬᠡᠯ᠂ ᠲᠠᠬᠢᠯᠭ᠎ᠠ ᠶᠢᠨ ᠰᠦᠢᠳᠬᠡᠯ ᠪᠠ | ᠪᠤᠰᠤᠳ ᠵᠠᠷᠤᠳᠠᠯ ᠵᠡᠷᠭᠡ ᠪᠠᠶᠢᠪᠠ᠃ ᠢᠷᠭᠡᠨ ᠤᠯᠤᠰ ᠤᠨ ᠡᠬᠢᠨ ᠳᠤ᠂ ᠪᠠᠭᠠᠷᠢᠨ ᠪᠠᠷᠠᠭᠤᠨ ᠭᠠᠷᠤᠨ ᠬᠤᠰᠢᠭᠤᠨ ᠤ ᠵᠠᠰᠠᠭ ᠶᠠᠮᠤᠨ ᠤ ᠵᠠᠷᠤᠳᠠᠯ ᠳᠠᠭᠠᠨ ᠮᠠᠯ ᠪᠠ | ᠮᠥᠩᠭᠦ ᠲᠠᠲᠠᠪᠤᠷᠢᠯᠠᠵᠤ᠂ ᠵᠢᠯ ᠳᠤ ᠬᠤᠨᠢ 365᠂ ᠠᠯᠠᠰᠢᠨ ᠦᠬᠡᠷ 36 ᠠᠪᠴᠤ ᠪᠠᠶᠢᠵᠠᠢ᠃ ᠠᠮᠤ ᠪᠤᠳᠠᠭ᠎ᠠ ᠶᠢ ᠠᠨᠵᠢᠰᠤ ᠪᠦᠷᠢ ᠠᠴᠠ 2 ᠳ᠋ᠧᠦ ᠬᠤᠷᠢᠶᠠᠵᠤ | ᠪᠠᠶᠢᠵᠠᠢ᠃ 1931 ᠣᠨ ︵ᠢᠷᠭᠡᠨ ᠤᠯᠤᠰ ᠤᠨ 20 ᠣᠨ︶ ᠳᠤ ᠣᠩᠨᠢᠭᠤᠳ ᠬᠤᠰᠢᠭᠤᠨ ᠤ ᠠᠯᠪᠠᠨ ᠵᠠᠬᠢᠷᠭ᠎ᠠ ᠶᠢᠨ ᠴᠠᠭᠳᠠᠭ᠎ᠠ ᠶᠢᠨ ᠰᠦᠢᠳᠬᠡᠯ᠂ ᠰᠤᠷᠭᠠᠨ | ᠬᠥᠮᠥᠵᠢᠯ ᠤᠨ ᠰᠦᠢᠳᠬᠡᠯ᠂ ᠵᠠᠰᠠᠭ ᠪᠠᠶᠢᠭᠤᠯᠬᠤ ᠲᠣᠪᠴᠢᠶᠠᠨ ᠤ ᠠᠯᠪᠠᠨ ᠵᠠᠷᠤᠳᠠᠯ ᠳᠤ 4 ᠲᠦᠮᠡ ᠢᠯᠡᠭᠦᠦ ᠮᠥᠩᠭᠦᠨ ᠵᠣᠭᠤᠰ ᠬᠡᠷᠡᠭᠯᠡᠵᠦ ᠪᠠᠶᠢᠵᠠᠢ᠃ | 1933 ᠣᠨ ︵ᠢᠷᠭᠡᠨ ᠤᠯᠤᠰ ᠤᠨ 22 ᠣᠨ︶ ᠳᠤ ᠨᠢᠩᠴᠧᠩ ᠰᠢᠶᠠᠨ ᠤ ᠠᠯᠪᠠᠨ ᠵᠠᠬᠢᠷᠭ᠎ᠠ ᠶᠢᠨ ᠡᠳ᠋ ᠤᠨ ᠵᠠᠰᠠᠭ ᠤᠨ ᠵᠠᠷᠤᠳᠠᠯ᠄ ᠶᠡᠷᠦᠳᠡ ᠶᠢᠨ | ᠵᠠᠷᠤᠳᠠᠯ 61752 ᠲᠥᠭᠦᠷᠢᠭ ︵ᠮᠥᠩᠭᠦᠨ ᠵᠣᠭᠤᠰ︶ ᠪᠣᠯᠵᠤ᠂ ᠳ᠋ᠢᠶᠠᠩᠬᠤᠸᠠ ᠶᠢᠨ ᠰᠦᠢᠳᠬᠡᠯ᠂ ᠪᠡᠯᠡᠳᠬᠡᠯ ᠰᠦᠢᠳᠬᠡᠯ᠂ ᠰᠤᠷᠭᠠᠨ ᠬᠥᠮᠥᠵᠢᠯ ᠤᠨ ᠰᠦᠢᠳᠬᠡᠯ | ᠪᠠ ᠪᠤᠰᠤᠳ ᠰᠦᠢᠳᠬᠡᠯ ᠪᠠᠭᠲᠠᠵᠤ ᠪᠠᠶᠢᠪᠠ᠃ | ᠬᠠᠭᠤᠷᠮᠠᠭ ᠮᠠᠨᠵᠤ ᠶᠢᠨ ᠦᠶ᠎ᠡ ᠳᠤ ᠡᠳ᠋ ᠤᠨ ᠵᠠᠰᠠᠭ ᠤᠨ ᠵᠠᠷᠤᠳᠠᠯ ᠨᠢ ᠶᠡᠷᠦᠳᠡ ᠶᠢᠨ ᠵᠠᠷᠤᠳᠠᠯ ᠪᠠ ᠲᠦᠷ ᠴᠠᠭ ᠤᠨ ᠵᠠᠷᠤᠳᠠᠯ ᠭᠡᠵᠦ ᠬᠤᠪᠢᠶᠠᠵᠤ ᠪᠠᠶᠢᠪᠠ᠃ | ᠶᠡᠷᠦᠳᠡ ᠶᠢᠨ ᠵᠠᠷᠤᠳᠠᠯ ᠳᠤ ᠲᠠᠶᠢᠯᠭ᠎ᠠ ᠶᠢᠨ ᠰᠦᠢᠳᠬᠡᠯ᠂ ᠰᠢᠶᠠᠨ ᠤ ᠵᠠᠬᠢᠷᠭ᠎ᠠ ᠶᠢᠨ ᠰᠦᠢᠳᠬᠡᠯ᠂ ᠴᠠᠭᠳᠠᠭ᠎ᠠ ᠶᠢᠨ ᠰᠦᠢᠳᠬᠡᠯ᠂ ᠰᠤᠷᠭᠠᠨ ᠬᠥᠮᠥᠵᠢᠯ ᠡᠷᠡᠭᠦᠯ | ᠬᠠᠮᠠᠭᠠᠯᠠᠯ ᠨᠡᠶᠢᠭᠡᠮ ᠤᠨ ᠠᠵᠢᠯ ᠦᠢᠯᠡᠰ ᠤᠨ ᠰᠦᠢᠳᠬᠡᠯ ᠵᠡᠷᠭᠡ 14 ᠲᠥᠷᠥᠯ ᠪᠠᠭᠲᠠᠵᠤ ᠪᠠᠶᠢᠪᠠ᠃ ᠲᠦᠷ ᠴᠠᠭ ᠤᠨ ᠵᠠᠷᠤᠳᠠᠯ ᠳᠤ ᠪᠠᠷᠢᠯᠭ᠎ᠠ ᠶᠢᠨ ᠰᠦᠢᠳᠬᠡᠯ᠂ | ᠨᠥᠬᠦᠪᠥᠷᠢ ᠰᠦᠢᠳᠬᠡᠯ᠂ ᠬᠤᠷᠠᠮᠳᠤᠯ ᠤᠨ ᠮᠥᠩᠭᠦ ᠵᠡᠷᠭᠡ ᠪᠠᠭᠲᠠᠵᠤ ᠪᠠᠶᠢᠵᠠᠢ᠃ | ᠴᠢᠯᠦᠭᠡᠯᠡᠬᠦ ᠳᠠᠶᠢᠨ ᠤ ᠬᠤᠭᠤᠴᠠᠭᠠᠨ ᠳᠤ ᠤᠯᠠᠭᠠᠨᠬᠠᠳᠠ ᠣᠷᠣᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠠᠷᠤᠳᠠᠯ ᠨᠢ ᠭᠤᠣᠯᠳᠠᠭᠤ ᠡᠯ᠎ᠡ ᠱᠠᠲᠤᠨ ᠤ | ᠨᠠᠮ ᠵᠠᠰᠠᠭ ᠤᠨ ᠪᠠᠶᠢᠭᠤᠯᠭ᠎ᠠ ᠶᠢᠨ ᠰᠦᠢᠳᠬᠡᠯ ᠪᠠᠶᠢᠵᠠᠢ᠃ ᠲᠤᠬᠠᠢ ᠶᠢᠨ ᠦᠶ᠎ᠡ ᠳᠤ ᠬᠡᠰᠡᠭ ᠬᠥᠮᠥᠰ ᠨᠢ ᠴᠠᠯᠢᠩ ᠮᠥᠩᠭᠦᠨ ᠤ ᠳᠦᠷᠢᠮ ᠬᠡᠷᠡᠭᠵᠢᠭᠦᠯᠵᠦ | ᠪᠠᠶᠢᠭᠰᠠᠨ ᠠᠴᠠ ᠭᠠᠳᠠᠨ᠎ᠠ ᠭᠤᠣᠯᠳᠠᠭᠤ ᠪᠤᠳᠠᠰ ᠢᠶᠠᠷ ᠭᠤᠣᠯ ᠪᠤᠯᠭᠠᠭᠰᠠᠨ ᠬᠠᠩᠭᠠᠯᠭ᠎ᠠ ᠶᠢᠨ ᠳᠦᠷᠢᠮ ᠬᠡᠷᠡᠭᠵᠢᠭᠦᠯᠵᠦ ᠪᠠᠶᠢᠵᠠᠢ᠃ ᠵᠢᠱᠢᠶᠡᠯᠡᠪᠡᠯ᠂ 1947 | ᠣᠨ ᠳᠤ ᠤᠯᠠᠭᠠᠨᠬᠠᠳᠠ ᠰᠢᠶᠠᠨ ᠤ ᠵᠠᠰᠠᠭ ᠵᠠᠬᠢᠷᠭᠠᠨ ᠤ ᠵᠠᠷᠤᠳᠠᠯ 88675694 ᠲᠥᠭᠦᠷᠢᠭ ᠪᠣᠯᠵᠠᠢ᠂ ᠡᠭᠦᠨ ᠳᠤ ᠬᠤᠪᠴᠠᠰᠤ ᠣᠷᠣ ᠳᠡᠪᠢᠰᠬᠡᠷ᠂ ᠬᠤᠭᠤᠯᠠ | ᠪᠤᠳᠠᠭ᠎ᠠ᠂ ᠡᠮ ᠡᠮᠨᠡᠯᠭᠡ ᠶᠢᠨ ᠰᠦᠢᠳᠬᠡᠯ᠂ ᠨᠥᠬᠦᠪᠥᠷᠢ᠂ ᠠᠯᠪᠠᠨ ᠰᠦᠢᠳᠬᠡᠯ᠂ ᠬᠤᠷᠠᠯ ᠤᠨ ᠰᠦᠢᠳᠬᠡᠯ᠂ ᠳᠠᠷᠤᠮᠠᠯᠯᠠᠬᠤ ᠰᠦᠢᠳᠬᠡᠯ᠂ ᠰᠤᠯᠠ ᠰᠦᠢᠳᠬᠡᠯ ᠵᠡᠷᠭᠡ | 23 ᠵᠦᠢᠯ ᠪᠠᠭᠲᠠᠵᠤ ᠪᠠᠶᠢᠵᠠᠢ᠃ | ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠤᠯᠠᠭᠠᠨᠬᠠᠳᠠ ᠣᠷᠣᠨ ᠤ ᠵᠠᠰᠠᠭ ᠵᠠᠬᠢᠷᠭᠠᠨ ᠤ ᠰᠦᠢᠳᠬᠡᠯ ᠨᠢ ᠤᠯᠤᠰ ᠤᠨ ᠲᠥᠰᠥᠪ ᠤᠨ ᠲᠥᠷᠥᠯ ᠵᠦᠢᠯ ᠤᠨ | ᠳᠠᠭᠠᠤ ᠲᠣᠭᠲᠠᠭᠠᠭᠳᠠᠵᠤ᠂ ᠭᠤᠣᠯᠳᠠᠭᠤ ᠵᠠᠰᠠᠭ ᠵᠠᠬᠢᠷᠭᠠᠨ ᠤ ᠵᠠᠷᠤᠳᠠᠯ ᠪᠠᠶᠢᠵᠤ᠂ ᠵᠠᠷᠤᠳᠠᠯ ᠰᠦᠢᠳᠬᠡᠯ ᠤᠨ ᠬᠡᠷᠡᠭᠴᠡᠭᠡ ᠪᠠᠷ ᠨᠢ ᠬᠤᠪᠢᠶᠠᠵᠤ᠂ ᠬᠤᠪᠢ ᠬᠥᠮᠥᠨ ᠤ | ᠰᠦᠢᠳᠬᠡᠯ ᠤᠨ ᠬᠡᠰᠡᠭ ᠪᠠ ᠠᠯᠪᠠᠨ ᠳᠤ ᠬᠡᠷᠡᠭᠯᠡᠬᠦ ᠰᠦᠢᠳᠬᠡᠯ ᠢ ᠪᠠᠭᠲᠠᠭᠠᠵᠤ ᠪᠠᠶᠢᠪᠠ᠃ ᠬᠤᠪᠢ ᠬᠥᠮᠥᠨ ᠤ ᠰᠦᠢᠳᠬᠡᠯ ᠤᠨ ᠬᠡᠰᠡᠭ ᠲᠤ ᠴᠠᠯᠢᠩ᠂ ᠨᠥᠬᠦᠪᠥᠷᠢ | ᠴᠠᠯᠢᠩ᠂ ᠠᠵᠢᠯᠲᠠᠳ ᠤᠨ ᠠᠰᠠᠷᠠᠮᠵᠢ᠂ ᠲᠡᠳᠬᠦᠪᠦᠷᠢ ᠶᠢᠨ ᠮᠥᠩᠭᠦ ᠵᠡᠷᠭᠡ ᠪᠠᠭᠲᠠᠵᠤ ᠪᠠᠶᠢᠪᠠ᠃ ᠠᠯᠪᠠᠨ ᠤ ᠰᠦᠢᠳᠬᠡᠯ ᠤᠨ ᠬᠡᠰᠡᠭ ᠲᠤ ᠠᠯᠪᠠᠨ ᠶᠠᠪᠤᠳᠠᠯ ᠤᠨ | ᠰᠦᠢᠳᠬᠡᠯ᠂ ᠲᠤᠬᠠᠶᠢᠯᠠᠭᠰᠠᠨ ᠠᠵᠢᠯ ᠤᠨ ᠰᠦᠢᠳᠬᠡᠯ᠂ ᠪᠡᠯᠡᠳᠬᠡᠯ ᠲᠥᠬᠦᠭᠡᠷᠦᠮᠵᠢ ᠠᠪᠬᠤ ᠰᠦᠢᠳᠬᠡᠯ᠂ ᠵᠠᠰᠠᠪᠤᠷᠢ ᠶᠢᠨ ᠰᠦᠢᠳᠬᠡᠯ᠂ ᠪᠤᠰᠤᠳ ᠰᠦᠢᠳᠬᠡᠯ ᠵᠡᠷᠭᠡ | ᠪᠠᠭᠲᠠᠵᠤ ᠪᠠᠶᠢᠵᠠᠢ᠃ | ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 858.3 ᠲᠦᠮᠡᠨ ᠲᠥᠭᠦᠷᠢᠭ | ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 64.4% ᠶᠢ ᠡᠵᠡᠯᠡᠵᠡᠢ᠃ | ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 3364.9 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 39.2% ᠢ ᠡᠵᠡᠯᠡᠵᠡᠢ᠃ ᠵᠢᠯ ᠪᠦᠷᠢ ᠶᠢᠨ ᠳᠤᠮᠳᠠᠴᠢ ᠵᠠᠷᠤᠳᠠᠯ 672.9 ᠲᠦᠮᠡᠨ ᠲᠥᠭᠦᠷᠢᠭ ᠪᠣᠯᠵᠤ᠂ | ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠤ ᠵᠢᠯ ᠪᠦᠷᠢ ᠶᠢᠨ ᠳᠤᠮᠳᠠᠴᠢ ᠵᠠᠷᠤᠳᠠᠯ ᠠᠴᠠ 4 ᠳᠠᠬᠢᠨ ᠰᠢᠬᠠᠮ ᠨᠡᠮᠡᠭᠳᠡᠵᠡᠢ᠃ | ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 4566.2 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 18.9% ᠶᠢ ᠡᠵᠡᠯᠡᠵᠡᠢ᠃ ᠵᠢᠯ ᠪᠦᠷᠢ ᠶᠢᠨ ᠳᠤᠮᠳᠠᠴᠢ ᠵᠠᠷᠤᠳᠠᠯ 913.2 ᠲᠦᠮᠡᠨ ᠲᠥᠭᠦᠷᠢᠭ ᠪᠣᠯᠵᠤ᠂ ︽ | ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 35.7% ᠪᠠᠷ ᠨᠡᠮᠡᠭᠳᠡᠵᠡᠢ᠃ | ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 2652.8 ᠲᠦᠮᠡᠨ ᠲᠥᠭᠦᠷᠢᠭ ᠪᠣᠯᠵᠤ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 22.4% ᠶᠢ ᠡᠵᠡᠯᠡᠵᠡᠢ᠃ ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ | 58% ᠪᠠᠷ ᠪᠠᠭᠤᠷᠠᠪᠠ᠃ ᠵᠢᠯ ᠪᠦᠷᠢ ᠶᠢᠨ ᠳᠤᠮᠳᠠᠴᠢ ᠵᠠᠷᠤᠳᠠᠯ 512.5 ᠲᠦᠮᠡᠨ ᠲᠥᠭᠦᠷᠢᠭ ᠪᠣᠯᠵᠤ᠂ ︽ᠬᠤᠶᠠᠳᠤᠭᠠᠷ ᠲᠠᠪᠤᠨ ᠵᠢᠯ︾ ᠤᠨ | ᠬᠤᠭᠤᠴᠠᠭᠠᠨ ᠤ ᠬᠢ ᠠᠴᠠ 56% ᠪᠠᠷ ᠪᠠᠭᠤᠷᠠᠪᠠ᠃ 1961 ᠣᠨ ᠳᠤ ᠠᠶᠢᠮᠠᠭ ᠤᠨ ᠵᠠᠬᠢᠷᠭ᠎ᠠ ᠠᠴᠠ ᠵᠠᠰᠠᠭ ᠵᠠᠬᠢᠷᠭᠠᠨ ᠤ ᠵᠠᠷᠤᠳᠠᠯ ᠢ ᠬᠠᠰᠤᠵᠤ᠂ ᠲᠡᠷᠭᠡ | ᠤᠨᠤᠭ᠎ᠠ ᠶᠢ ᠴᠥᠬᠡᠴᠢᠯᠡᠨ᠂ ᠣᠷᠣᠨ ᠲᠤᠭ᠎ᠠ ᠠᠴᠠ ᠭᠠᠳᠠᠨᠠᠬᠢ ᠲᠡᠷᠭᠡ ᠶᠢ ᠵᠣᠭᠰᠤᠭᠠᠵᠤ ᠲᠣᠮᠣ ᠬᠡᠯᠪᠡᠷᠢ ᠶᠢᠨ ᠬᠤᠷᠠᠯ ᠢ ᠬᠢᠵᠠᠭᠠᠷᠯᠠᠬᠤ ᠪᠠᠷ ᠲᠣᠭᠲᠠᠭᠠᠪᠠ᠃ | ᠠᠷᠪᠢᠯᠠᠨ ᠭᠠᠮᠨᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠠᠴᠠ ᠵᠠᠰᠠᠭ ᠵᠠᠬᠢᠷᠭᠠᠨ ᠤ ᠵᠠᠷᠤᠳᠠᠯ ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠲᠠᠢ | ᠠᠳᠠᠯᠢᠳᠬᠠᠪᠠᠯ ᠶᠡᠭᠡ ᠪᠠᠷ ᠪᠠᠭᠠᠰᠴᠠᠢ᠃ | ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 4776.1 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 17.6% ᠶᠢ ᠡᠵᠡᠯᠡᠵᠡᠢ᠃ ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠤ ᠬᠢ ᠠᠴᠠ | 8% ᠪᠠᠷ ᠨᠡᠮᠡᠭᠳᠡᠪᠡ᠃ ᠵᠢᠯ ᠪᠦᠷᠢ ᠶᠢᠨ ᠳᠤᠮᠳᠠᠴᠢ ᠵᠠᠷᠤᠳᠠᠯ 955.2 ᠲᠦᠮᠡᠨ ᠲᠥᠭᠦᠷᠢᠭ ᠪᠠᠶᠢᠪᠠ᠃ | ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 7093.2 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 11.7% ᠶᠢ ᠡᠵᠡᠯᠡᠵᠡᠢ᠃ ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 1.48 | ᠳᠠᠬᠢᠨ ᠨᠡᠮᠡᠭᠳᠡᠪᠡ᠃ ᠵᠢᠯ ᠪᠦᠷᠢ ᠶᠢᠨ ᠳᠤᠮᠳᠠᠴᠢ ᠵᠠᠷᠤᠳᠠᠯ 1418.6 ᠲᠦᠮᠡᠨ ᠲᠥᠭᠦᠷᠢᠭ ᠪᠣᠯᠵᠤ᠂ ︽ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠤ ᠬᠢ ᠠᠴᠠ 48% ᠪᠠᠷ ᠨᠡᠮᠡᠭᠳᠡᠵᠡᠢ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 10384.4 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 13% ᠶᠢ ᠡᠵᠡᠯᠡᠨ᠂ ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 46% ᠪᠠᠷ | ᠨᠡᠮᠡᠭᠳᠡᠵᠡᠢ᠃ ᠵᠢᠯ ᠪᠦᠷᠢ ᠶᠢᠨ ᠳᠤᠮᠳᠠᠴᠢ ᠵᠠᠷᠤᠳᠠᠯ 2076.8 ᠲᠦᠮᠡᠨ ᠲᠥᠭᠦᠷᠢᠭ ᠪᠠᠶᠢᠪᠠ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 14975.5 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 12.6% ᠶᠢ ᠡᠵᠡᠯᠡᠨ᠂ ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 44.2% ᠢᠶᠠᠷ | ᠨᠡᠮᠡᠭᠳᠡᠵᠡᠢ᠃ ᠵᠢᠯ ᠪᠦᠷᠢ ᠶᠢᠨ ᠳᠤᠮᠳᠠᠴᠢ ᠵᠠᠷᠤᠳᠠᠯ 2995.1 ᠲᠦᠮᠡᠨ ᠲᠥᠭᠦᠷᠢᠭ ᠪᠠᠶᠢᠪᠠ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠵᠠᠰᠠᠭ ᠵᠠᠬᠢᠷᠭᠠᠨ ᠤ ᠰᠦᠢᠳᠬᠡᠯ ᠤᠨ ᠵᠠᠷᠤᠳᠠᠯ 29045.4 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 11.2% ᠢ ᠡᠵᠡᠯᠡᠨ᠂ ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 93.9% ᠪᠠᠷ | ᠨᠡᠮᠡᠭᠳᠡᠵᠡᠢ᠃ ᠵᠢᠯ ᠪᠦᠷᠢ ᠶᠢᠨ ᠳᠤᠮᠳᠠᠴᠢ ᠵᠠᠷᠤᠳᠠᠯ 5809 ᠲᠦᠮᠡᠨ ᠲᠥᠭᠦᠷᠢᠭ ᠪᠠᠶᠢᠪᠠ᠃ | |