ᠭᠤᠷᠪᠠᠳᠤᠭᠠᠷ ᠬᠡᠰᠡᠭ ᠰᠣᠶᠣᠯ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠲᠠᠮᠢᠷ ᠤᠨ ᠦᠢᠯᠡᠰ ᠤᠨ ᠰᠦᠢᠳᠬᠡᠯ | 1949 ᠣᠨ ᠠᠴᠠ 1990 ᠣᠨ ᠪᠣᠯᠲᠠᠯ᠎ᠠ ᠰᠣᠶᠣᠯ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠲᠠᠮᠢᠷ ᠤᠨ ᠦᠢᠯᠡᠰ ᠤᠨ | ᠰᠦᠢᠳᠬᠡᠯ ᠤᠨ ᠵᠠᠷᠤᠳᠠᠯ 151715 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠶᠡᠷᠦᠩᠬᠡᠢ ᠵᠠᠷᠤᠳᠠᠯ ᠤᠨ 25.4% ᠶᠢ ᠡᠵᠡᠯᠡᠵᠡᠢ᠃ | ᠨᠢᠭᠡ᠂ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ | 1949 ᠣᠨ ᠠᠴᠠ 1990 ᠣᠨ ᠪᠣᠯᠲᠠᠯ᠎ᠠ᠂ 108116.5 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ | ᠵᠠᠷᠤᠳᠠᠯ ᠤᠨ 18.2% ᠢ ᠡᠵᠡᠯᠡᠵᠡᠢ᠃ | 1949 ᠣᠨ ᠠᠴᠠ 1952 ᠣᠨ ᠪᠣᠯᠲᠠᠯ᠎ᠠ᠂ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 171.7 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 12.9% ᠶᠢ ᠡᠵᠡᠯᠡᠪᠡ᠃ | ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 1906.3 ᠲᠦᠮᠡᠨ ᠲᠥᠭᠦᠷᠢᠭ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 22.2% ᠢ ᠡᠵᠡᠯᠡᠪᠡ᠃ | ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 4161.1 ᠲᠦᠮᠡᠨ ᠲᠥᠭᠦᠷᠢᠭ | ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 14.7% ᠶᠢ ᠡᠵᠡᠯᠡᠪᠡ᠃ | ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 2755.6 ᠲᠦᠮᠡᠨ | ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 23.3% ᠶᠢ ᠡᠵᠡᠯᠡᠪᠡ᠃ | ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 5533.4 ᠲᠦᠮᠡᠨ | ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 20.3% ᠶᠢ ᠡᠵᠡᠯᠡᠪᠡ᠃ | ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 7669.8 ᠲᠦᠮᠡᠨ | ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 12.6% ᠶᠢ ᠡᠵᠡᠯᠡᠪᠡ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 13107.3 ᠲᠦᠮᠡᠨ | ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 16.4 % ᠶᠢ ᠡᠵᠡᠯᠡᠪᠡ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 23999.7 ᠲᠦᠮᠡᠨ | ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 20% ᠶᠢ ᠡᠵᠡᠯᠡᠪᠡ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠤᠷᠭᠠᠨ ᠬᠥᠮᠥᠵᠢᠯ ᠤᠨ ᠦᠢᠯᠡᠰ ᠤᠨ ᠰᠦᠢᠳᠬᠡᠯ ᠤᠨ ᠵᠠᠷᠤᠳᠠᠯ 49561.6 ᠲᠦᠮᠡᠨ | ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 19.1 % ᠶᠢ ᠡᠵᠡᠯᠡᠪᠡ᠃ | ᠳᠦᠴᠢᠨ ᠬᠡᠳᠦᠨ ᠵᠢᠯ ᠤᠨ ᠰᠤᠷᠭᠠᠨ ᠬᠥᠮᠥᠵᠢᠯ ᠤᠨ ᠦᠢᠯᠡᠰ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ᠂ ᠤᠯᠠᠭᠠᠨᠬᠠᠳᠠ ᠬᠤᠲᠠ ᠨᠢ ᠨᠢᠭᠡᠨᠲᠡ | ᠳᠡᠭᠡᠳᠦ᠂ ᠳᠤᠮᠳᠠᠳᠤ ᠠᠩᠬ᠎ᠠ ᠵᠡᠷᠭᠡ ᠶᠢᠨ ᠰᠤᠷᠭᠠᠨ ᠬᠥᠮᠥᠵᠢᠯ ᠪᠦᠷᠢᠳᠴᠦ᠂ ᠡᠩ ᠤᠨ ᠰᠤᠷᠭᠠᠨ ᠬᠥᠮᠥᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠥᠵᠢᠯ᠂ | ᠦᠨᠳᠦᠰᠦᠲᠡᠨ ᠤ ᠰᠤᠷᠭᠠᠨ ᠬᠥᠮᠥᠵᠢᠯ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ᠂ ᠣᠨᠴᠠᠭᠠᠢ ᠰᠤᠷᠭᠠᠨ ᠬᠥᠮᠥᠵᠢᠯ ᠵᠡᠷᠭᠡ ᠪᠦᠬᠦ ᠲᠠᠯ᠎ᠠ ᠪᠠᠷ ᠬᠥᠭᠵᠢᠭᠰᠡᠨ | ᠪᠠᠶᠢᠳᠠᠯ ᠠᠩᠬ᠎ᠠ ᠠᠯᠬᠤᠮ ᠲᠥᠯᠥᠪᠰᠢᠵᠡᠢ᠃ | ᠬᠤᠶᠠᠷ᠂ ᠰᠣᠶᠣᠯ ᠤᠨ ᠦᠢᠯᠡᠰ ᠤᠨ ᠰᠦᠢᠳᠬᠡᠯ | 1947 ᠣᠨ ᠠᠴᠠ 1990 ᠣᠨ ᠪᠣᠯᠲᠠᠯ᠎ᠠ᠂ ᠰᠣᠶᠣᠯ ᠤᠨ ᠦᠢᠯᠡᠰ ᠤᠨ ᠰᠦᠢᠳᠬᠡᠯ ᠳᠤ 5476.6 ᠲᠦᠮᠡᠨ ᠲᠥᠭᠦᠷᠢᠭ ᠵᠠᠷᠤᠭᠰᠠᠨ ᠨᠢ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.9 % ᠶᠢ ᠡᠵᠡᠯᠡᠵᠡᠢ᠃ | 1949 ᠣᠨ ᠠᠴᠠ 1952 ᠣᠨ ᠪᠣᠯᠲᠠᠯ᠎ᠠ᠂ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 13.3 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.9% ᠶᠢ ᠡᠵᠡᠯᠡᠪᠡ᠃ | ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 75.9 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.9 % ᠶᠢ ᠡᠵᠡᠯᠡᠪᠡ᠃ | ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 252 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.9% ᠶᠢ ᠡᠵᠡᠯᠡᠪᠡ᠃ | ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 136.4 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.2% ᠢ ᠡᠵᠡᠯᠡᠪᠡ᠃ | ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 192.9 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.7 % ᠶᠢ ᠡᠵᠡᠯᠡᠪᠡ᠃ | ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 337.7 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.6% ᠶᠢ ᠡᠵᠡᠯᠡᠪᠡ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 759.4 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.9% ᠶᠢ ᠡᠵᠡᠯᠡᠪᠡ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 1530.8 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.3% ᠶᠢ ᠡᠵᠡᠯᠡᠪᠡ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠰᠣᠶᠣᠯ ᠤᠨ ᠦᠢᠯᠡᠰ ᠤᠨ ᠰᠦᠢᠳᠬᠡᠯ ᠤᠨ ᠵᠠᠷᠤᠳᠠᠯ 2.405 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.9% ᠶᠢ ᠡᠵᠡᠯᠡᠪᠡ᠃ | 1990 ᠣᠨ ᠪᠣᠯᠲᠠᠯ᠎ᠠ ᠪᠦᠬᠦ ᠬᠤᠲᠠ ᠨᠢ ᠰᠣᠶᠣᠯ ᠤᠨ ᠣᠷᠳᠣᠨ᠂ ᠣᠯᠠᠨ ᠲᠦᠮᠡᠨᠴᠢ ᠤᠷᠠᠯᠢᠭ ᠤᠨ ᠣᠷᠳᠣᠨ 15᠂ ᠰᠣᠶᠣᠯ ᠤᠨ ᠥᠷᠲᠡᠭᠡ 267᠂ | ᠰᠣᠶᠣᠯ ᠤᠨ ᠭᠡᠷ 1565᠂ ᠲᠤᠰᠬᠠᠢ ᠮᠡᠷᠭᠡᠵᠢᠯ ᠤᠨ ᠲᠣᠭᠯᠠᠯᠲᠠ ᠶᠢᠨ ᠪᠥᠯᠬᠦᠮ 13᠂ ᠰᠣᠶᠣᠯ ᠳᠤᠷᠠᠰᠬᠠᠯ ᠮᠦᠽᠧᠢ ᠶᠢᠨ ᠨᠢᠭᠡᠴᠢ 15᠂ ᠡᠯ᠎ᠡ ᠲᠥᠷᠥᠯ ᠤᠨ | ᠺᠢᠨᠣ᠋ ᠭᠠᠷᠭᠠᠬᠤ ᠨᠢᠭᠡᠴᠢ 497 ᠪᠠᠶᠢᠭᠤᠯᠵᠠᠢ᠃ | ᠭᠤᠷᠪᠠ᠂ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ | 1949 ᠣᠨ ᠠᠴᠠ 1990 ᠣᠨ ᠪᠣᠯᠲᠠᠯ᠎ᠠ᠂ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠳᠤ 29912.8 ᠲᠦᠮᠡᠨ ᠲᠥᠭᠦᠷᠢᠭ ᠵᠠᠷᠤᠭᠰᠠᠨ ᠨᠢ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5% ᠶᠢ ᠡᠵᠡᠯᠡᠵᠡᠢ᠃ | 1949 ᠣᠨ ᠠᠴᠠ 1952 ᠣᠨ ᠪᠣᠯᠲᠠᠯ᠎ᠠ᠂ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠤᠨ ᠵᠠᠷᠤᠳᠠᠯ 70.1 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5.3% ᠶᠢ ᠡᠵᠡᠯᠡᠪᠡ᠃ | ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠵᠠᠷᠤᠳᠠᠯ 594.3 ᠲᠦᠮᠡᠨ ᠲᠥᠭᠦᠷᠢᠭ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 6.9% ᠶᠢ ᠡᠵᠡᠯᠡᠪᠡ᠃ | ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠵᠠᠷᠤᠳᠠᠯ 1225.7 ᠲᠦᠮᠡᠨ ᠲᠥᠭᠦᠷᠢᠭ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 4.3% ᠶᠢ ᠡᠵᠡᠯᠡᠪᠡ᠃ | ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠤᠨ ᠵᠠᠷᠤᠳᠠᠯ 979 ᠲᠦᠮᠡᠨ ᠲᠥᠭᠦᠷᠢᠭ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 8.3% ᠶᠢ ᠡᠵᠡᠯᠡᠪᠡ᠃ | ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠤᠨ ᠵᠠᠷᠤᠳᠠᠯ 1958.3 ᠲᠦᠮᠡᠨ ᠲᠥᠭᠦᠷᠢᠭ | ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 7.2 % ᠢ ᠡᠵᠡᠯᠡᠪᠡ᠃ | ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠤᠨ ᠵᠠᠷᠤᠳᠠᠯ 3875.4 ᠲᠦᠮᠡᠨ ᠲᠥᠭᠦᠷᠢᠭ | ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 6.4 % ᠶᠢ ᠡᠵᠡᠯᠡᠪᠡ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠤᠨ ᠵᠠᠷᠤᠳᠠᠯ 4883 ᠲᠦᠮᠡᠨ ᠲᠥᠭᠦᠷᠢᠭ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 6.1% ᠶᠢ ᠡᠵᠡᠯᠡᠪᠡ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠤᠨ ᠵᠠᠷᠤᠳᠠᠯ 6468.3 ᠲᠦᠮᠡᠨ ᠲᠥᠭᠦᠷᠢᠭ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5.4 % ᠶᠢ ᠡᠵᠡᠯᠡᠪᠡ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠤᠨ ᠦᠢᠯᠡᠰ ᠤᠨ ᠰᠦᠢᠳᠬᠡᠯ ᠤᠨ ᠵᠠᠷᠤᠳᠠᠯ 9590.4 ᠲᠦᠮᠡᠨ ᠲᠥᠭᠦᠷᠢᠭ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 3.7 % ᠶᠢ ᠡᠵᠡᠯᠡᠪᠡ᠃ | 1990 ᠣᠨ ᠪᠣᠯᠲᠠᠯ᠎ᠠ ᠪᠦᠬᠦ ᠬᠤᠲᠠ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢᠭᠡᠨᠲᠡ 655 ᠪᠣᠯᠵᠤ᠂ 1949 ᠣᠨ ᠤ ᠬᠢ ᠠᠴᠠ 54 ᠳᠠᠬᠢᠨ | ᠨᠡᠮᠡᠭᠳᠡᠵᠦ᠂ ᠡᠪᠡᠳᠴᠢᠲᠡᠨ ᠤ ᠣᠷᠣ ᠨᠢ ᠴᠦ 1949 ᠣᠨ ᠳᠤ ᠦᠭᠡᠢ ᠪᠠᠶᠢᠭᠰᠠᠨ ᠠᠴᠠ 9 596 ᠪᠣᠯᠵᠤ᠂ ᠳᠤᠮᠳᠠᠴᠢ ᠪᠠᠷ ᠮᠢᠩᠭᠠᠨ ᠬᠥᠮᠥᠨ ᠪᠦᠷᠢ ᠳᠤ 2.3 | ᠣᠷᠣ ᠨᠣᠭᠳᠠᠪᠠ᠃ ᠬᠤᠲᠠ ᠲᠣᠭᠤᠷᠢᠭ ᠤᠨ ᠳᠣᠲᠣᠷ᠎ᠠ ᠬᠡᠪᠴᠢᠶ᠎ᠡ ᠪᠠᠷ ᠨᠡᠯᠢᠶᠡᠳ ᠶᠡᠭᠡ ᠣᠳᠣᠬᠢᠴᠢᠯᠠᠭᠰᠠᠨ ᠶᠡᠷᠦᠩᠬᠡᠢ ᠡᠮᠨᠡᠯᠭᠡ ᠶᠢᠨ ᠬᠤᠷᠢᠶ᠎ᠠ ᠭᠠᠷᠭᠠᠭᠰᠠᠨ ᠠᠴᠠ | ᠭᠠᠳᠠᠨ᠎ᠠ ᠪᠠᠰᠠ ᠮᠡᠳᠡᠷᠡᠯ ᠤᠨ ᠡᠪᠡᠳᠴᠢᠨ ᠤ ᠡᠮᠨᠡᠯᠭᠡ᠂ ᠬᠠᠯᠳᠠᠪᠤᠷᠢᠲᠤ ᠡᠪᠡᠳᠴᠢᠨ ᠤ ᠡᠮᠨᠡᠯᠭᠡ᠂ ᠬᠢᠲᠠᠳ ᠮᠣᠩᠭᠤᠯ ᠡᠮᠨᠡᠯᠭᠡ᠂ ᠰᠦᠷᠢᠶ᠎ᠡ ᠡᠪᠡᠳᠴᠢᠨ ᠤ ᠡᠮᠨᠡᠯᠭᠡ᠂ | ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ ᠪᠠᠶᠢᠭᠤᠯᠭ᠎ᠠ ᠶᠢ ᠨᠡᠮᠡᠨ ᠪᠠᠶᠢᠭᠤᠯᠪᠠ᠃ 12 ᠬᠤᠰᠢᠭᠤ ᠰᠢᠶᠠᠨ ᠲᠣᠭᠤᠷᠢᠭ ᠨᠢ ᠪᠦᠭᠦᠳᠡ ᠡᠮᠨᠡᠯᠭᠡ ᠶᠢᠨ ᠲᠥᠬᠦᠭᠡᠷᠦᠮᠵᠢ | ᠪᠦᠷᠢᠨ ᠮᠡᠷᠭᠡᠵᠢᠯ ᠨᠡᠯᠢᠶᠡᠳ ᠥᠨᠳᠦᠷ ᠶᠡᠷᠦᠩᠬᠡᠢ ᠡᠮᠨᠡᠯᠭᠡ ᠶᠢᠨ ᠬᠤᠷᠢᠶ᠎ᠠ᠂ ᠬᠢᠵᠢᠭ ᠢ ᠰᠡᠷᠭᠡᠶᠢᠯᠡᠬᠦ ᠥᠷᠲᠡᠭᠡ ᠪᠠ ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ ᠭᠠᠵᠠᠷ | ᠨᠢᠵᠢᠭᠡᠳ ᠪᠠᠶᠢᠭᠤᠯᠪᠠ᠃ 271 ᠰᠤᠮᠤ ᠰᠢᠶᠠᠩ ᠪᠠᠯᠭᠠᠰᠤ ᠨᠢ ᠪᠦᠭᠦᠳᠡ ᠡᠮᠨᠡᠯᠭᠡ ᠶᠢᠨ ᠬᠤᠷᠢᠶ᠎ᠠ ︵ᠭᠠᠵᠠᠷ︶ ᠪᠠᠶᠢᠭᠤᠯᠪᠠ᠃ ᠭᠠᠴᠠᠭ᠎ᠠ ᠲᠤᠰᠬᠤᠨ ᠨᠢ ᠡᠮ | ᠡᠮᠨᠡᠯᠭᠡ ᠶᠢᠨ ᠥᠷᠲᠡᠭᠡ ᠪᠠᠶᠢᠭᠤᠯᠪᠠ᠃ ᠪᠦᠬᠦ ᠬᠤᠲᠠ ᠳᠠᠶᠠᠭᠠᠷ ᠳᠦᠷᠪᠡᠨ ᠱᠠᠲᠤᠨ ᠤ ᠡᠷᠡᠭᠦᠯ ᠬᠠᠮᠠᠭᠠᠯᠠᠯ ᠤᠨ ᠲᠣᠣᠷᠵᠢᠯ ᠢ ᠦᠨᠳᠦᠰᠦᠨ ᠳᠤ ᠪᠠᠨ ᠪᠦᠷᠢᠯᠳᠦᠭᠦᠯᠪᠡ | ᠃ | |