ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠳᠣᠯᠤᠭ᠎ᠠ︶
ᠨᠡᠶᠢᠲᠡᠯᠡᠭᠰᠡᠨ ᠴᠠᠭ᠄
2020/9/30
ᠳᠣᠯᠤᠭ᠎ᠠ᠂ ᠳᠥᠭᠦᠮ ᠪᠠᠷᠢᠯᠭ᠎ᠠ ᠶᠢᠨ ᠰᠦᠢᠳᠬᠡᠯ ᠤᠨ ᠵᠠᠷᠤᠳᠠᠯ      ᠬᠤᠳᠠᠯᠳᠤᠭ᠎ᠠ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠥᠭᠦᠮ ᠪᠠᠷᠢᠯᠭ᠎ᠠ ᠶᠢᠨ ᠰᠦᠢᠳᠬᠡᠯ ᠤᠨ ᠲᠤᠬᠠᠢ ᠲᠥᠯᠥᠪᠯᠡᠭᠡ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠲᠥᠯᠥᠪᠯᠡᠭᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ 1978 ᠣᠨ ᠠᠴᠠ ᠡᠬᠢᠯᠡᠵᠦ ᠤᠯᠤᠰ ᠤᠨ ᠲᠥᠰᠥᠪ ᠤᠨ ᠳᠣᠲᠣᠷ᠎ᠠ ︽ᠬᠤᠳᠠᠯᠳᠤᠭᠠᠨ ᠤ ᠦᠢᠯᠡᠰ ᠤᠨ ᠳᠥᠭᠦᠮ ᠪᠠᠷᠢᠯᠭ᠎ᠠ ᠶᠢᠨ ᠰᠦᠢᠳᠬᠡᠯ︾ ᠤᠨ ᠵᠦᠢᠯ ᠭᠡᠳᠡᠭ ᠢ ᠨᠡᠮᠡᠵᠦ᠂ ᠠᠰ ᠲᠤᠨᠢ ᠲᠤᠰᠬᠠᠢ ᠮᠥᠩᠭᠦ ᠭᠠᠷᠭᠠᠨ᠂ ᠬᠤᠳᠠᠯᠳᠤᠭ᠎ᠠ᠂ ᠠᠮᠤ ᠪᠤᠳᠠᠭ᠎ᠠ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠪᠠ ᠬᠤᠰᠢᠭᠤ ᠱᠠᠲᠤᠨ ᠠᠴᠠ ᠳᠡᠭᠡᠭᠰᠢᠬᠢ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠥᠭᠦᠮ ᠪᠠᠷᠢᠯᠭ᠎ᠠ᠂ ᠬᠡᠷᠡᠮ ᠬᠠᠰᠢᠶ᠎ᠠ ᠬᠥᠮᠥᠷᠭᠡ᠂ ᠵᠢᠵᠢᠭ ᠲᠣᠰᠣᠨ ᠰᠠᠩ ᠪᠠ ᠤᠯᠤᠰ ᠠᠴᠠ ᠬᠤᠪᠢᠶᠠᠷᠢᠯᠠᠭᠰᠠᠨ ᠲᠡᠭᠡᠭᠡᠪᠦᠷᠢ ᠶᠢᠨ ᠮᠠᠰᠢᠨ ᠢ ᠬᠤᠳᠠᠯᠳᠤᠨ ᠠᠪᠬᠤ ᠵᠡᠷᠭᠡ ᠵᠠᠷᠤᠳᠠᠯ ᠳᠤ ᠬᠡᠷᠡᠭᠯᠡᠪᠡ᠃ ᠲᠠᠸᠠᠷ ᠤᠨ ᠭᠦᠢᠯᠭᠡᠭᠡᠨ ᠤ ᠵᠠᠷᠤᠳᠠᠯ ᠳᠤ ᠳᠠᠬᠢᠵᠤ ᠡᠨᠡ ᠲᠥᠷᠥᠯ ᠤᠨ ᠵᠠᠷᠤᠳᠠᠯ ᠭᠠᠷᠭᠠᠬᠤ ᠦᠭᠡᠢ ᠪᠣᠯᠵᠠᠢ᠃      1978 ᠣᠨ ᠠᠴᠠ 1980 ᠣᠨ ᠪᠣᠯᠲᠠᠯ᠎ᠠ᠂ ᠤᠯᠠᠭᠠᠨᠬᠠᠳᠠ ᠬᠤᠲᠠ ᠶᠢᠨ ᠳᠥᠭᠦᠮ ᠪᠠᠷᠢᠯᠭ᠎ᠠ ᠶᠢᠨ ᠰᠦᠢᠳᠬᠡᠯ ᠤᠨ ᠵᠠᠷᠤᠳᠠᠯ 857.1 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.6% ᠶᠢ ᠡᠵᠡᠯᠡᠪᠡ᠃ ᠡᠭᠦᠨ ᠳᠤ ᠲᠠᠷᠢᠶᠠᠯᠠᠩ ᠣᠢ ᠰᠢᠭᠤᠢ ᠶᠢᠨ ᠰᠠᠯᠠᠭ᠎ᠠ ᠮᠥᠴᠢᠷ ᠤᠨ ᠬᠢ 98 ᠲᠦᠮᠡᠨ ᠲᠥᠭᠦᠷᠢᠭ᠂ ᠵᠠᠷᠤᠳᠠᠯ ᠤᠨ 11.4% ᠶᠢ ᠡᠵᠡᠯᠡᠵᠦ᠂ ᠬᠤᠳᠠᠯᠳᠤᠭᠠᠨ ᠤ ᠦᠢᠯᠡᠰ ᠤᠨ ᠰᠠᠯᠠᠭ᠎ᠠ ᠮᠥᠴᠢᠷ ᠤᠨ ᠬᠢ 759.1 ᠲᠦᠮᠡᠨ ᠲᠥᠭᠦᠷᠢᠭ᠂ ᠵᠠᠷᠤᠳᠠᠯ ᠤᠨ 88.6% ᠶᠢ ᠡᠵᠡᠯᠡᠵᠡᠢ᠃      ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠨᠡ ᠲᠥᠷᠥᠯ ᠤᠨ ᠵᠠᠷᠤᠳᠠᠯ 690.3 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.6% ᠶᠢ ᠡᠵᠡᠯᠡᠪᠡ᠃ ᠡᠭᠦᠨ ᠳᠤ ᠲᠠᠷᠢᠶᠠᠯᠠᠩ ᠣᠢ ᠰᠢᠭᠤᠢ ᠶᠢᠨ ᠰᠠᠯᠠᠭ᠎ᠠ ᠮᠥᠴᠢᠷ ᠤᠨ ᠬᠢ 82.7 ᠲᠦᠮᠡᠨ ᠲᠥᠭᠦᠷᠢᠭ᠂ ᠵᠠᠷᠤᠳᠠᠯ ᠤᠨ 12% ᠢ ᠡᠵᠡᠯᠡᠵᠦ᠂ ᠬᠤᠳᠠᠯᠳᠤᠭᠠᠨ ᠤ ᠦᠢᠯᠡᠰ ᠤᠨ ᠰᠠᠯᠠᠭ᠎ᠠ ᠮᠥᠴᠢᠷ ᠤᠨ ᠬᠢ 597.6 ᠲᠦᠮᠡᠨ ᠲᠥᠭᠦᠷᠢᠭ᠂ ᠵᠠᠷᠤᠳᠠᠯ ᠤᠨ 86.6% ᠶᠢ ᠡᠵᠡᠯᠡᠨ᠂ ᠪᠤᠰᠤᠳ ᠰᠠᠯᠠᠭ᠎ᠠ ᠮᠥᠴᠢᠷ ᠤᠨ ᠬᠢ 10 ᠲᠦᠮᠡᠨ ᠲᠥᠭᠦᠷᠢᠭ᠂ ᠵᠠᠷᠤᠳᠠᠯ ᠤᠨ 1.4% ᠶᠢ ᠡᠵᠡᠯᠡᠵᠡᠢ᠃      ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠨᠡ ᠲᠥᠷᠥᠯ ᠤᠨ ᠵᠠᠷᠤᠳᠠᠯ 1089.5 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.4 % ᠶᠢ ᠡᠵᠡᠯᠡᠪᠡ᠃ ᠡᠭᠦᠨ ᠳᠤ᠄ ᠬᠤᠳᠠᠯᠳᠤᠭᠠᠨ ᠤ ᠦᠢᠯᠡᠰ ᠤᠨ ᠰᠠᠯᠠᠭ᠎ᠠ ᠮᠥᠴᠢᠷ ᠤᠨ ᠬᠢ 1062.5 ᠲᠦᠮᠡᠨ ᠲᠥᠭᠦᠷᠢᠭ᠂ ᠵᠠᠷᠤᠳᠠᠯ ᠤᠨ 97.5% ᠶᠢ ᠡᠵᠡᠯᠡᠨ᠂ ᠪᠤᠰᠤᠳ ᠰᠠᠯᠠᠭ᠎ᠠ ᠮᠥᠴᠢᠷ ᠤᠨ ᠬᠢ 27 ᠲᠦᠮᠡᠨ ᠲᠥᠭᠦᠷᠢᠭ᠂ ᠵᠠᠷᠤᠳᠠᠯ ᠤᠨ 2.5% ᠶᠢ ᠡᠵᠡᠯᠡᠵᠡᠢ᠃ᠨᠠᠢᠮᠠ᠂ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠬᠤᠳᠠᠯᠳᠤᠭᠠᠨ ᠤ ᠰᠠᠯᠠᠭ᠎ᠠ ᠮᠥᠴᠢᠷ ᠤᠨ ᠠᠵᠢᠯ ᠦᠢᠯᠡᠰ ᠤᠨ ᠰᠦᠢᠳᠬᠡᠯ ᠤᠨ ᠵᠠᠷᠤᠳᠠᠯ      ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠬᠤᠳᠠᠯᠳᠤᠭᠠᠨ ᠤ ᠰᠠᠯᠠᠭ᠎ᠠ ᠮᠥᠴᠢᠷ ᠤᠨ ᠠᠵᠢᠯ ᠦᠢᠯᠡᠰ ᠤᠨ ᠰᠦᠢᠳᠬᠡᠯ ᠭᠡᠳᠡᠭ ᠨᠢ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠬᠤᠳᠠᠯᠳᠤᠭᠠᠨ ᠤ ᠰᠠᠯᠠᠭ᠎ᠠ ᠮᠥᠴᠢᠷ ᠤᠨ ᠰᠢᠨᠵᠢᠯᠡᠭᠡ ᠲᠥᠯᠥᠪᠯᠡᠭᠡ᠂ ᠰᠢᠨᠵᠢᠯᠡᠬᠦ ᠤᠬᠠᠭᠠᠨ ᠤ ᠰᠤᠳᠤᠯᠭᠠᠨ᠂ ᠺᠠᠳ᠋ᠷ ᠤᠨ ᠪᠤᠯᠪᠠᠰᠤᠷᠠᠯ ᠵᠡᠷᠭᠡ ᠰᠦᠢᠳᠬᠡᠯ ᠢ ᠵᠢᠭᠠᠵᠤ ᠪᠠᠶᠢᠳᠠᠭ᠃      1969 ᠣᠨ ᠳᠤ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠥᠰᠥᠪ ᠲᠤ ᠡᠬᠢᠯᠡᠨ ︽ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠬᠤᠳᠠᠯᠳᠤᠭᠠᠨ ᠤ ᠰᠠᠯᠠᠭ᠎ᠠ ᠮᠥᠴᠢᠷ ᠤᠨ ᠠᠵᠢᠯ ᠦᠢᠯᠡᠰ ᠤᠨ ᠰᠦᠢᠳᠬᠡᠯ︾ ᠤᠨ ᠵᠦᠢᠯ ᠭᠡᠵᠦ ᠭᠠᠷᠭᠠᠪᠠ᠃1969 ᠣᠨ ᠠᠴᠠ 1970 ᠣᠨ ᠪᠣᠯᠲᠠᠯ᠎ᠠ᠂ ᠡᠨᠡ ᠬᠦ ᠵᠠᠷᠤᠳᠠᠯ 75.3 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ ᠶᠡᠷᠦᠩᠬᠡᠢ ᠲᠣᠭᠠᠨ ᠤ 0.5% ᠶᠢ ᠡᠵᠡᠯᠡᠪᠡ᠃      ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠨᠡ ᠬᠦ ᠵᠠᠷᠤᠳᠠᠯ 100.2 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ ᠶᠡᠷᠦᠩᠬᠡᠢ ᠲᠣᠭᠠᠨ ᠤ 0.2% ᠢ ᠡᠵᠡᠯᠡᠪᠡ᠃      ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠨᠡ ᠬᠦ ᠵᠠᠷᠤᠳᠠᠯ 497.4 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ ᠶᠡᠷᠦᠩᠬᠡᠢ ᠲᠣᠭᠠᠨ ᠤ 0.6% ᠶᠢ ᠡᠵᠡᠯᠡᠪᠡ᠃      ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠨᠡ ᠬᠦ ᠵᠠᠷᠤᠳᠠᠯ 1049.2 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ ᠶᠡᠷᠦᠩᠬᠡᠢ ᠲᠣᠭᠠᠨ ᠤ 0.9% ᠶᠢ ᠡᠵᠡᠯᠡᠪᠡ᠃      ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠨᠡ ᠬᠦ ᠵᠠᠷᠤᠳᠠᠯ 2308 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ ᠶᠡᠷᠦᠩᠬᠡᠢ ᠲᠣᠭᠠᠨ ᠤ 0.8% ᠶᠢ ᠡᠵᠡᠯᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ