ᠲᠠᠪᠤ᠂ ᠲᠠᠷᠢᠶᠠᠯᠠᠩ ᠢ ᠳᠡᠮᠵᠢᠬᠦ ᠵᠠᠷᠤᠳᠠᠯ | 1949 ᠣᠨ ᠠᠴᠠ 1990 ᠣᠨ ᠪᠣᠯᠲᠠᠯ᠎ᠠ᠂ ᠤᠯᠠᠭᠠᠨᠬᠠᠳᠠ ᠬᠤᠲᠠ ᠨᠢ ᠲᠠᠷᠢᠶᠠᠯᠠᠩ᠂ ᠣᠢ ᠰᠢᠭᠤᠢ᠂ ᠤᠰᠤᠨ ᠠᠰᠢᠭᠯᠠᠯᠲᠠ᠂ ᠴᠠᠭ ᠠᠭᠤᠷ ᠤᠨ | ᠦᠢᠯᠡᠰ ᠲᠤ ᠵᠠᠷᠤᠴᠠᠭᠤᠯᠤᠭᠰᠠᠨ ᠵᠠᠷᠤᠳᠠᠯ 128742 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 21.6% ᠶᠢ | ᠡᠵᠡᠯᠡᠵᠡᠢ᠃ ᠶᠡᠭᠡ ᠬᠡᠮᠵᠢᠶᠡᠨ ᠤ ᠪᠡᠯᠡ ᠮᠥᠩᠭᠦᠨ ᠤ ᠣᠷᠣᠭᠤᠯᠤᠯᠲᠠ ᠨᠢ ᠤᠯᠠᠭᠠᠨᠬᠠᠳᠠ ᠬᠤᠲᠠ ᠶᠢᠨ ᠲᠠᠷᠢᠶᠠᠯᠠᠩ᠂ ᠮᠠᠯ ᠠᠵᠤ ᠠᠬᠤᠢ ᠶᠢᠨ ᠨᠥᠬᠦᠴᠡᠯ ᠪᠠ | ᠮᠡᠷᠭᠡᠵᠢᠯ ᠲᠥᠬᠦᠭᠡᠷᠦᠮᠵᠢ ᠶᠢᠨ ᠲᠥᠪᠰᠢᠨ ᠢ ᠶᠡᠭᠡ ᠪᠠᠷ ᠰᠠᠶᠢᠵᠢᠷᠠᠭᠤᠯᠪᠠ᠃ | ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ ᠲᠠᠷᠢᠶᠠᠯᠠᠩ ᠪᠠ ᠣᠢ ᠰᠢᠭᠤᠢ ᠶᠢᠨ ᠦᠢᠯᠡᠰ ᠭᠡᠬᠦ ᠬᠤᠶᠠᠷ ᠵᠦᠢᠯ ᠤᠨ ᠵᠠᠷᠤᠳᠠᠯ ᠪᠠᠶᠢᠵᠠᠢ᠃ 1949 | ᠣᠨ ᠠᠴᠠ 1952 ᠣᠨ ᠪᠣᠯᠲᠠᠯ᠎ᠠ᠂ ᠲᠠᠷᠢᠶᠠᠯᠠᠩ ᠳᠤ ᠣᠷᠣᠭᠤᠯᠤᠭᠰᠠᠨ ᠵᠠᠷᠤᠳᠠᠯ 36.7 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ | ᠵᠠᠷᠤᠳᠠᠯ ᠤᠨ 27.6% ᠶᠢ ᠡᠵᠡᠯᠡᠵᠡᠢ᠃ | ︽ᠨᠢᠭᠡᠳᠦᠭᠡᠷ ᠲᠠᠪᠤᠨ ᠵᠢᠯ︾ ᠤᠨ ᠲᠥᠯᠥᠪᠯᠡᠭᠡ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 1 433 ᠲᠦᠮᠡᠨ ᠲᠥᠭᠦᠷᠢᠭ ᠪᠣᠯᠵᠤ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 16.7% ᠶᠢ ᠡᠵᠡᠯᠡᠵᠡᠢ᠃ ᠭᠤᠣᠯᠳᠠᠭᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠣᠷᠣᠭᠤᠯᠤᠯᠲᠠ᠂ ᠠᠲᠠᠷ ᠬᠠᠭᠠᠯᠪᠤᠷᠢᠯᠠᠯᠲᠠ ᠪᠠ ᠮᠠᠯ ᠠᠵᠤ ᠠᠬᠤᠢ ᠶᠢᠨ ᠣᠷᠣᠭᠤᠯᠤᠯᠲᠠ ᠶᠢᠨ ᠵᠠᠷᠤᠳᠠᠯ ᠨᠡᠮᠡᠭᠳᠡᠵᠡᠢ᠃ ᠡᠭᠦᠨ ᠳᠤ ᠲᠠᠷᠢᠶᠠᠯᠠᠩ ᠤᠨ ᠵᠠᠷᠤᠳᠠᠯ 533. | 3 ᠲᠦᠮᠡᠨ ᠲᠥᠭᠦᠷᠢᠭ᠂ ᠶᠡᠷᠦᠩᠬᠡᠢ ᠪᠡᠯᠡ ᠣᠷᠣᠭᠤᠯᠤᠯᠲᠠ ᠶᠢᠨ ᠵᠠᠷᠤᠳᠠᠯ ᠤᠨ 37.2% ᠢ ᠡᠵᠡᠯᠡᠵᠦ᠂ ᠮᠠᠯ ᠠᠵᠤ ᠠᠬᠤᠢ ᠳᠤ 97.8 ᠲᠦᠮᠡᠨ ᠲᠥᠭᠦᠷᠢᠭ | ᠵᠠᠷᠤᠭᠰᠠᠨ ᠨᠢ 6.8% ᠶᠢ ᠡᠵᠡᠯᠡᠵᠡᠢ᠃ ᠠᠲᠠᠷ ᠬᠠᠭᠠᠯᠪᠤᠷᠢᠯᠠᠬᠤ ᠳᠤ 54.7 ᠲᠦᠮᠡᠨ ᠲᠥᠭᠦᠷᠢᠭ ᠵᠠᠷᠤᠭᠰᠠᠨ ᠨᠢ 3.6% ᠶᠢ ᠡᠵᠡᠯᠡᠵᠡᠢ᠃ ᠣᠢ ᠰᠢᠭᠤᠢ ᠶᠢᠨ | ᠦᠢᠯᠡᠰ ᠤᠨ ᠵᠠᠷᠤᠳᠠᠯ 608.9 ᠲᠦᠮᠡᠨ ᠲᠥᠭᠦᠷᠢᠭ᠂ 42.4% ᠶᠢ ᠡᠵᠡᠯᠡᠵᠡᠢ᠃ ᠤᠰᠤᠨ ᠠᠰᠢᠭᠯᠠᠯᠲᠠ ᠶᠢᠨ ᠵᠠᠷᠤᠳᠠᠯ 188.8 ᠲᠦᠮᠡᠨ ᠲᠥᠭᠦᠷᠢᠭ᠂ 13. | 1% ᠶᠢ ᠡᠵᠡᠯᠡᠵᠡᠢ᠃ ᠴᠠᠭ ᠠᠭᠠᠷ ᠤᠨ ᠵᠠᠷᠤᠳᠠᠯ 25 ᠲᠦᠮᠡᠨ ᠲᠥᠭᠦᠷᠢᠭ᠂ 1.7% ᠶᠢ ᠡᠵᠡᠯᠡᠵᠡᠢ᠃ | ︽ᠬᠤᠶᠠᠳᠤᠭᠠᠷ ᠲᠠᠪᠤᠨ ᠵᠢᠯ︾ ᠤᠨ ᠲᠥᠯᠥᠪᠯᠡᠭᠡ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 8860.1 ᠲᠦᠮᠡᠨ ᠲᠥᠭᠦᠷᠢᠭ ᠪᠣᠯᠵᠤ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 31.4 % ᠶᠢ ᠡᠵᠡᠯᠡᠵᠡᠢ᠃ ᠭᠤᠣᠯᠳᠠᠭᠤ ᠠᠷᠠᠳ ᠤᠨ ᠨᠢᠭᠡᠲᠦᠯ ᠤᠨ ᠪᠡᠯᠡ ᠣᠷᠣᠭᠤᠯᠤᠯᠲᠠ ᠪᠠ | ᠠᠷᠠᠳ ᠤᠨ ᠨᠢᠭᠡᠲᠦᠯ ᠤᠨ ᠦᠨ᠎ᠡ ᠲᠥᠯᠥᠪᠦᠷᠢ ᠦᠭᠡᠢ ᠲᠡᠰᠭᠡᠨ ᠬᠡᠷᠡᠭᠯᠡᠭᠰᠡᠨ ᠢ ᠲᠥᠯᠥᠵᠦ ᠪᠤᠴᠠᠭᠠᠬᠤ ᠵᠠᠷᠤᠳᠠᠯ ᠨᠡᠮᠡᠭᠳᠡᠵᠡᠢ᠃ ᠮᠠᠯ ᠠᠵᠤ ᠠᠬᠤᠢ ᠶᠢᠨ | ᠲᠠᠯ᠎ᠠ ᠪᠠᠷ ᠬᠢ ᠣᠷᠣᠭᠤᠯᠤᠯᠲᠠ ᠶᠢ ᠶᠡᠭᠡ ᠬᠡᠮᠵᠢᠶ᠎ᠡ ᠪᠠᠷ ᠨᠡᠮᠡᠭᠳᠡᠭᠦᠯᠪᠡ᠃ ᠡᠭᠦᠨ ᠳᠤ ᠲᠠᠷᠢᠶᠠᠯᠠᠩ ᠤᠨ ᠵᠠᠷᠤᠳᠠᠯ 993.4 ᠲᠦᠮᠡᠨ ᠲᠥᠭᠦᠷᠢᠭ᠂ ᠶᠡᠷᠦᠩᠬᠡᠢ ᠪᠡᠯᠡ | ᠣᠷᠣᠭᠤᠯᠤᠯᠲᠠ ᠶᠢᠨ ᠵᠠᠷᠤᠳᠠᠯ ᠤᠨ 11.2% ᠢ ᠡᠵᠡᠯᠡᠵᠦ᠂ ᠮᠠᠯ ᠠᠵᠤ ᠠᠬᠤᠢ ᠳᠤ 1 402.6 ᠲᠦᠮᠡᠨ ᠲᠥᠭᠦᠷᠢᠭ ᠵᠠᠷᠤᠭᠰᠠᠨ ᠨᠢ 15.8% ᠶᠢ ᠡᠵᠡᠯᠡᠵᠡᠢ᠃ | ᠣᠢ ᠰᠢᠭᠤᠢ ᠶᠢᠨ ᠦᠢᠯᠡᠰ ᠤᠨ ᠵᠠᠷᠤᠳᠠᠯ 553.5 ᠲᠦᠮᠡᠨ ᠲᠥᠭᠦᠷᠢᠭ᠂ 6.2% ᠢ ᠡᠵᠡᠯᠡᠵᠡᠢ᠃ ᠠᠲᠠᠷ ᠬᠠᠭᠠᠯᠪᠤᠷᠢᠯᠠᠬᠤ ᠳᠤ 722.6 ᠲᠦᠮᠡᠨ ᠲᠥᠭᠦᠷᠢᠭ | ᠵᠠᠷᠤᠭᠰᠠᠨ ᠨᠢ 8.1% ᠶᠢ ᠡᠵᠡᠯᠡᠵᠡᠢ᠃ ᠤᠰᠤᠨ ᠠᠰᠢᠭᠯᠠᠯᠲᠠ ᠶᠢᠨ ᠵᠠᠷᠤᠳᠠᠯ 2266 ᠲᠦᠮᠡᠨ ᠲᠥᠭᠦᠷᠢᠭ᠂ 25.6% ᠶᠢ ᠡᠵᠡᠯᠡᠵᠡᠢ᠃ ᠴᠠᠭ ᠠᠭᠠᠷ ᠤᠨ | ᠵᠠᠷᠤᠳᠠᠯ 102.2 ᠲᠦᠮᠡᠨ ᠲᠥᠭᠦᠷᠢᠭ᠂ 1.2% ᠢ ᠡᠵᠡᠯᠡᠵᠡᠢ᠃ ᠠᠷᠠᠳ ᠤᠨ ᠨᠢᠭᠡᠲᠦᠯ ᠳᠤ 2149 ᠲᠦᠮᠡᠨ ᠲᠥᠭᠦᠷᠢᠭ ᠣᠷᠣᠭᠤᠯᠵᠤ᠂ 24.3% ᠶᠢ | ᠡᠵᠡᠯᠡᠵᠡᠢ᠃ ᠠᠷᠠᠳ ᠤᠨ ᠨᠢᠭᠡᠲᠦᠯ ᠤᠨ ᠦᠨ᠎ᠡ ᠲᠥᠯᠥᠪᠦᠷᠢ ᠦᠭᠡᠢ ᠲᠡᠰᠭᠡᠨ ᠬᠡᠷᠡᠭᠯᠡᠭᠰᠡᠨ ᠢ ᠲᠥᠯᠥᠵᠦ ᠪᠤᠴᠠᠭᠠᠬᠤ ᠳᠤ 670.8 ᠲᠦᠮᠡᠨ ᠲᠥᠭᠦᠷᠢᠭ ᠵᠠᠷᠤᠵᠤ᠂ | 7.6 % ᠶᠢ ᠡᠵᠡᠯᠡᠵᠡᠢ᠃ | 1963 ᠣᠨ ᠠᠴᠠ 1965 ᠣᠨ ᠪᠣᠯᠲᠠᠯᠠᠬᠢ ᠤᠯᠤᠰ ᠠᠷᠠᠳ ᠤᠨ ᠠᠵᠤ ᠠᠬᠤᠢ ᠶᠢᠨ ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ | ᠲᠠᠷᠢᠶᠠᠯᠠᠩ ᠢ ᠳᠡᠮᠵᠢᠭᠰᠡᠨ ᠵᠠᠷᠤᠳᠠᠯ 3207.5 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠯᠭ᠎ᠠ ᠶᠢᠨ 27.1% ᠶᠢ ᠡᠵᠡᠯᠡᠵᠦ᠂ ︽ | ᠬᠤᠶᠠᠳᠤᠭᠠᠷ ᠲᠠᠪᠤᠨ ᠵᠢᠯ ︾ ᠤᠨ ᠬᠤᠭᠤᠴᠠᠭᠠᠨ ᠠᠴᠠ 63.8% ᠪᠠᠷ ᠪᠠᠭᠤᠷᠠᠵᠠᠢ᠃ ᠡᠭᠦᠨ ᠳᠤ᠄ ᠲᠠᠷᠢᠶᠠᠯᠠᠩ ᠤᠨ ᠵᠠᠷᠤᠳᠠᠯ 537.4 ᠲᠦᠮᠡᠨ ᠲᠥᠭᠦᠷᠢᠭ᠂ | ᠶᠡᠷᠦᠩᠬᠡᠢ ᠪᠡᠯᠡ ᠣᠷᠣᠭᠤᠯᠤᠯᠲᠠ ᠶᠢᠨ ᠵᠠᠷᠤᠳᠠᠯ ᠤᠨ 16.8% ᠶᠢ ᠡᠵᠡᠯᠡᠵᠦ᠂ ᠮᠠᠯ ᠠᠵᠤ ᠠᠬᠤᠢ ᠳᠤ 860.8 ᠲᠦᠮᠡᠨ ᠲᠥᠭᠦᠷᠢᠭ ᠵᠠᠷᠤᠭᠰᠠᠨ ᠨᠢ 26. | 8% ᠶᠢ ᠡᠵᠡᠯᠡᠵᠡᠢ᠃ ᠣᠢ ᠰᠢᠭᠤᠢ ᠶᠢᠨ ᠦᠢᠯᠡᠰ ᠤᠨ ᠵᠠᠷᠤᠳᠠᠯ 334.8 ᠲᠦᠮᠡᠨ ᠲᠥᠭᠦᠷᠢᠭ᠂ 10.4% ᠶᠢ ᠡᠵᠡᠯᠡᠵᠡᠢ᠃ ᠠᠲᠠᠷ ᠬᠠᠭᠠᠯᠪᠤᠷᠢᠯᠠᠬᠤ ᠳᠤ 43. | 7 ᠲᠦᠮᠡᠨ ᠲᠥᠭᠦᠷᠢᠭ ᠵᠠᠷᠤᠭᠰᠠᠨ ᠨᠢ 1.4% ᠶᠢ ᠡᠵᠡᠯᠡᠵᠡᠢ᠃ ᠤᠰᠤᠨ ᠠᠰᠢᠭᠯᠠᠯᠲᠠ ᠶᠢᠨ ᠵᠠᠷᠤᠳᠠᠯ 1166.8 ᠲᠦᠮᠡᠨ ᠲᠥᠭᠦᠷᠢᠭ᠂ 36.7% ᠶᠢ | ᠡᠵᠡᠯᠡᠵᠡᠢ᠃ ᠠᠷᠠᠳ ᠤᠨ ᠨᠢᠭᠡᠲᠦᠯ ᠳᠤ 254 ᠲᠦᠮᠡᠨ ᠲᠥᠭᠦᠷᠢᠭ ᠣᠷᠣᠭᠤᠯᠵᠤ᠂ 7.9% ᠶᠢ ᠡᠵᠡᠯᠡᠵᠡᠢ᠃ | ︽ᠭᠤᠷᠪᠠᠳᠤᠭᠠᠷ ᠲᠠᠪᠤᠨ ᠵᠢᠯ︾ ᠤᠨ ᠲᠥᠯᠥᠪᠯᠡᠭᠡ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 4120.2 ᠲᠦᠮᠡᠨ ᠲᠥᠭᠦᠷᠢᠭ ᠪᠣᠯᠵᠤ᠂ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.5% ᠶᠢ ᠡᠵᠡᠯᠡᠵᠡᠢ᠃ ᠭᠤᠣᠯᠳᠠᠭᠤ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠰᠦᠢᠳᠬᠡᠯ | ᠨᠡᠮᠡᠭᠳᠡᠵᠡᠢ᠃ ᠡᠭᠦᠨ ᠳᠤ᠄ ᠲᠠᠷᠢᠶᠠᠯᠠᠩ᠂ ᠤᠰᠤᠨ ᠠᠰᠢᠭᠯᠠᠯᠲᠠ᠂ ᠴᠠᠭ ᠠᠭᠠᠷ ᠤᠨ ᠵᠠᠷᠤᠳᠠᠯ 3680.6 ᠲᠦᠮᠡᠨ ᠲᠥᠭᠦᠷᠢᠭ᠂ ᠶᠡᠷᠦᠩᠬᠡᠢ ᠲᠣᠭᠠᠨ ᠤ 89. | 5% ᠶᠢ ᠡᠵᠡᠯᠡᠵᠦ᠂ ᠠᠷᠠᠳ ᠤᠨ ᠨᠢᠭᠡᠲᠦᠯ ᠳᠤ 404.2 ᠲᠦᠮᠡᠨ ᠲᠥᠭᠦᠷᠢᠭ ᠣᠷᠣᠭᠤᠯᠵᠤ᠂ 9.8 % ᠶᠢ ᠡᠵᠡᠯᠡᠵᠡᠢ᠃ ᠲᠠᠷᠢᠶᠠᠯᠠᠩ ᠤᠨ ᠮᠠᠰᠢᠨ ᠤ ᠠᠵᠤ | ᠦᠢᠯᠡᠰ ᠲᠤ 35.4 ᠲᠦᠮᠡᠨ ᠲᠥᠭᠦᠷᠢᠭ ᠵᠠᠷᠤᠵᠤ᠂ 0.8% ᠶᠢ ᠡᠵᠡᠯᠡᠵᠡᠢ᠃ | ︽ᠳᠦᠷᠪᠡᠳᠦᠭᠡᠷ ᠲᠠᠪᠤᠨ ᠵᠢᠯ︾ ᠤᠨ ᠲᠥᠯᠥᠪᠯᠡᠭᠡ ᠶᠢᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 12594.7 ᠲᠦᠮᠡᠨ ᠲᠥᠭᠦᠷᠢᠭ ᠪᠣᠯᠵᠤ | ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 20.7% ᠶᠢ ᠡᠵᠡᠯᠡᠵᠦ᠂ ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 205. | 7% ᠪᠠᠷ ᠥᠰᠴᠡᠢ᠃ ᠡᠭᠦᠨ ᠳᠤ᠄ ᠲᠠᠷᠢᠶᠠᠯᠠᠩ᠂ ᠤᠰᠤᠨ ᠠᠰᠢᠭᠯᠠᠯᠲᠠ᠂ ᠴᠠᠭ ᠠᠭᠠᠷ ᠤᠨ ᠵᠠᠷᠤᠳᠠᠯ 10022 ᠲᠦᠮᠡᠨ ᠲᠥᠭᠦᠷᠢᠭ᠂ ᠶᠡᠷᠦᠩᠬᠡᠢ ᠲᠣᠭᠠᠨ ᠤ | 79.6% ᠶᠢ ᠡᠵᠡᠯᠡᠵᠦ᠂ ᠲᠠᠷᠢᠶᠠᠯᠠᠩ ᠤᠨ ᠮᠠᠰᠢᠨ ᠳᠤ 388.8 ᠲᠦᠮᠡᠨ ᠲᠥᠭᠦᠷᠢᠭ᠂ 3.1% ᠶᠢ ᠡᠵᠡᠯᠡᠵᠦ᠂ ᠠᠷᠠᠳ ᠤᠨ ᠨᠢᠭᠡᠲᠦᠯ ᠳᠤ 2183.3 | ᠲᠦᠮᠡᠨ ᠲᠥᠭᠦᠷᠢᠭ ᠣᠷᠣᠭᠤᠯᠵᠤ᠂ 17.4% ᠶᠢ ᠡᠵᠡᠯᠡᠵᠡᠢ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 25411.3 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 31.8% ᠶᠢ ᠡᠵᠡᠯᠡᠵᠦ᠂ ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 102% ᠢᠶᠠᠷ | ᠥᠰᠴᠡᠢ᠃ ᠭᠤᠣᠯᠳᠠᠭᠤ ᠮᠠᠯ ᠠᠵᠤ ᠠᠬᠤᠢ ᠶᠢᠨ ᠵᠠᠷᠤᠳᠠᠯ ᠨᠡᠮᠡᠭᠳᠡᠵᠦ᠂ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ᠂ ᠤᠰᠤ | ᠬᠦᠷᠦᠰᠦ ᠶᠢ ᠬᠠᠮᠠᠭᠠᠯᠠᠬᠤ ᠰᠦᠢᠳᠬᠡᠯ ᠤᠨ ᠨᠥᠬᠦᠪᠦᠷᠢ᠂ ᠤᠰᠤᠨ ᠭᠠᠷᠤᠯᠲᠠ ᠶᠢᠨ ᠠᠵᠤ ᠦᠢᠯᠡᠰ ᠤᠨ ᠰᠦᠢᠳᠬᠡᠯ᠂ ᠰᠢᠶᠠᠩ ᠪᠠᠯᠭᠠᠰᠤᠨ ᠤ ᠠᠵᠤ ᠠᠬᠤᠶᠢᠯᠠᠯ ᠤᠨ | ᠰᠦᠢᠳᠬᠡᠯ᠂ ᠲᠠᠷᠢᠶᠠᠯᠠᠩ ᠤᠨ ᠡᠬᠢ ᠪᠠᠶᠠᠯᠢᠭ ᠤᠨ ᠪᠠᠶᠢᠴᠠᠭᠠᠯᠲᠠ ᠪᠠ ᠵᠠᠭᠠᠭᠯᠠᠬᠤ ᠰᠦᠢᠳᠬᠡᠯ ᠰᠢᠨ᠎ᠡ ᠪᠠᠷ ᠨᠡᠮᠡᠭᠳᠡᠵᠡᠢ᠃ ᠡᠭᠦᠨ ᠳᠤ᠄ ᠲᠠᠷᠢᠶᠠᠯᠠᠩ᠂ ᠤᠰᠤᠨ | ᠠᠰᠢᠭᠯᠠᠯᠲᠠ᠂ ᠴᠠᠭ ᠠᠭᠠᠷ ᠤᠨ ᠵᠠᠷᠤᠳᠠᠯ 17664.8 ᠲᠦᠮᠡᠨ ᠲᠥᠭᠦᠷᠢᠭ᠂ ᠶᠡᠷᠦᠩᠬᠡᠢ ᠲᠣᠭᠠᠨ ᠤ 69.5% ᠶᠢ ᠡᠵᠡᠯᠡᠵᠦ᠂ ᠲᠠᠷᠢᠶᠠᠯᠠᠩ ᠤᠨ ᠮᠠᠰᠢᠨ ᠤ | ᠦᠢᠯᠡᠰ ᠲᠤ 980.5 ᠲᠦᠮᠡᠨ ᠲᠥᠭᠦᠷᠢᠭ᠂ 3.9% ᠶᠢ ᠡᠵᠡᠯᠡᠵᠦ᠂ ᠠᠷᠠᠳ ᠤᠨ ᠨᠢᠭᠡᠲᠦᠯ ᠢ ᠳᠡᠮᠵᠢᠬᠦ ᠳᠤ 4774.5 ᠲᠦᠮᠡᠨ ᠲᠥᠭᠦᠷᠢᠭ ᠣᠷᠣᠭᠤᠯᠵᠤ᠂ | ᠶᠡᠷᠦᠩᠬᠡᠢ ᠵᠠᠷᠤᠳᠠᠯ ᠤᠨ 19.7% ᠶᠢ ᠡᠵᠡᠯᠡᠵᠡᠢ᠃ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠠ ᠤᠰᠤ ᠬᠦᠷᠦᠰᠦ ᠶᠢ ᠬᠠᠮᠠᠭᠠᠯᠠᠬᠤ | ᠰᠦᠢᠳᠬᠡᠯ ᠳᠤ 1966.3 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠲᠣᠭᠠᠨ ᠤ 7.7% ᠶᠢ ᠡᠵᠡᠯᠡᠨ᠂ ᠤᠰᠤᠨ ᠭᠠᠷᠤᠯᠲᠠ ᠶᠢᠨ ᠠᠵᠤ ᠦᠢᠯᠡᠰ ᠤᠨ | ᠰᠦᠢᠳᠬᠡᠯ ᠳᠤ 42 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠲᠣᠭᠠᠨ ᠤ 0.16% ᠶᠢ ᠡᠵᠡᠯᠡᠪᠡ᠃ ᠰᠢᠶᠠᠩ ᠪᠠᠯᠭᠠᠰᠤᠨ ᠤ ᠠᠵᠤ ᠠᠬᠤᠶᠢᠯᠠᠯ ᠤᠨ ᠠᠵᠢᠯ | ᠦᠢᠯᠡᠰ ᠤᠨ ᠰᠦᠢᠳᠬᠡᠯ ᠳᠤ 6.8 ᠲᠦᠮᠡᠨ ᠲᠥᠭᠦᠷᠢᠭ ᠵᠠᠷᠤᠭᠰᠠᠨ ᠨᠢ 0.03% ᠶᠢ ᠡᠵᠡᠯᠡᠪᠡ᠃ ᠲᠠᠷᠢᠶᠠᠯᠠᠩ ᠤᠨ ᠡᠬᠢ ᠪᠠᠶᠠᠯᠢᠭ ᠤᠨ ᠪᠠᠶᠢᠴᠠᠭᠠᠯᠲᠠ ᠪᠠ | ᠵᠠᠭᠠᠭᠯᠠᠬᠤ ᠰᠦᠢᠳᠬᠡᠯ ᠳᠤ 6.8 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠲᠣᠭᠠᠨ ᠤ 0.03% ᠶᠢ ᠡᠵᠡᠯᠡᠵᠡᠢ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 27299.9 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 22.9% ᠶᠢ ᠡᠵᠡᠯᠡᠵᠦ᠂ ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 78.9% ᠪᠠᠷ | ᠥᠰᠴᠡᠢ᠃ ᠭᠤᠣᠯᠳᠠᠭᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠪᠠ ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠨᠥᠬᠦᠪᠦᠷᠢ ᠶᠢᠨ ᠰᠦᠢᠳᠬᠡᠯ᠂ ᠬᠥᠳᠡᠭᠡ | ᠲᠤᠰᠬᠤᠨ ᠮᠠᠯᠵᠢᠬᠤ ᠣᠷᠣᠨ ᠤ ᠨᠤᠲᠤᠭ ᠪᠡᠯᠴᠢᠭᠡᠷ ᠪᠠ ᠮᠠᠯ ᠰᠦᠷᠦᠭ ᠤᠨ ᠬᠠᠮᠠᠭᠠᠯᠠᠯᠲᠠ ᠶᠢᠨ ᠨᠥᠬᠦᠪᠦᠷᠢ᠂ ᠬᠥᠳᠡᠭᠡ ᠲᠤᠰᠬᠤᠨ ᠤ ᠣᠶᠢᠵᠢᠭᠤᠯᠤᠯᠲᠠ ᠪᠠ ᠤᠢ | ᠬᠠᠮᠠᠭᠠᠯᠠᠬᠤ ᠨᠥᠬᠦᠪᠦᠷᠢ᠂ ᠬᠥᠳᠡᠭᠡ ᠲᠤᠰᠬᠤᠨ ᠤ ᠤᠰᠤᠨ ᠭᠠᠷᠤᠯᠲᠠ ᠶᠢᠨ ᠨᠥᠬᠦᠪᠦᠷᠢ ᠵᠡᠷᠭᠡ ᠵᠠᠷᠤᠳᠠᠯ ᠨᠡᠮᠡᠭᠳᠡᠵᠡᠢ᠃ ᠡᠭᠦᠨ ᠳᠤ᠄ ᠲᠠᠷᠢᠶᠠᠯᠠᠩ᠂ ᠤᠰᠤᠨ | ᠠᠰᠢᠭᠯᠠᠯᠲᠠ᠂ ᠴᠠᠭ ᠠᠭᠠᠷ ᠤᠨ ᠵᠠᠷᠤᠳᠠᠯ 14432.6 ᠲᠦᠮᠡᠨ ᠲᠥᠭᠦᠷᠢᠭ᠂ ᠶᠡᠷᠦᠩᠬᠡᠢ ᠲᠣᠭᠠᠨ ᠤ 52.8% ᠶᠢ ᠡᠵᠡᠯᠡᠵᠦ᠂ ᠪᠠᠭ᠎ᠠ ᠬᠡᠯᠪᠡᠷᠢ ᠶᠢᠨ ᠤᠰᠤᠨ | ᠠᠰᠢᠭᠯᠠᠯᠲᠠ ᠶᠢᠨ ᠪᠡᠯᠡ ᠣᠷᠣᠭᠤᠯᠤᠯᠲᠠ ᠪᠠ ᠤᠰᠤ ᠬᠦᠷᠦᠰᠦ ᠶᠢ ᠬᠠᠮᠠᠭᠠᠯᠠᠬᠤ ᠰᠦᠢᠳᠬᠡᠯ ᠳᠤ 6707.5 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ | ᠲᠣᠭᠠᠨ ᠤ 14.7% ᠶᠢ ᠡᠵᠡᠯᠡᠨ᠂ ᠬᠥᠳᠡᠭᠡ ᠲᠤᠰᠬᠤᠨ ᠤ ᠬᠤᠷᠰᠢᠭᠰᠠᠨ ᠦᠢᠯᠡᠳᠪᠦᠷᠢᠯᠡᠯ ᠢ ᠳᠡᠮᠵᠢᠬᠦ ᠳᠤ 4764.9 ᠲᠦᠮᠡᠨ ᠲᠥᠭᠦᠷᠢᠭ ᠵᠠᠷᠤᠭᠰᠠᠨ ᠨᠢ | ᠶᠡᠷᠦᠩᠬᠡᠢ ᠵᠠᠷᠤᠳᠠᠯ ᠤᠨ 10.4% ᠶᠢ ᠡᠵᠡᠯᠡᠵᠦ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠠ ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠨᠥᠬᠦᠪᠦᠷᠢ 205.5 | ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 0.75% ᠶᠢ ᠡᠵᠡᠯᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠨᠤᠲᠤᠭ ᠪᠡᠯᠴᠢᠭᠡᠷ ᠪᠠ ᠮᠠᠯ ᠰᠦᠷᠦᠭ ᠤᠨ | ᠬᠠᠮᠠᠭᠠᠯᠠᠯᠲᠠ ᠶᠢᠨ ᠨᠥᠬᠦᠪᠦᠷᠢ ᠳᠤ 533.3 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 1.9% ᠶᠢ ᠡᠵᠡᠯᠡᠨ᠂ ᠬᠥᠳᠡᠭᠡ ᠲᠤᠰᠬᠤᠨ ᠤ | ᠣᠶᠢᠵᠢᠭᠤᠯᠤᠯᠲᠠ ᠪᠠ ᠤᠢ ᠬᠠᠮᠠᠭᠠᠯᠠᠬᠤ ᠨᠥᠬᠦᠪᠦᠷᠢ ᠳᠤ 558.5 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 3.2% ᠢ ᠡᠵᠡᠯᠡᠵᠦ᠂ | ᠲᠠᠷᠢᠶᠠᠯᠠᠩ ᠣᠢ ᠰᠢᠭᠤᠢ ᠤᠰᠤᠨ ᠭᠠᠷᠤᠯᠲᠠ ᠶᠢᠨ ᠨᠥᠬᠦᠪᠦᠷᠢ ᠳᠤ 97.6 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 0.35% ᠶᠢ ᠡᠵᠡᠯᠡᠵᠡᠢ | ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠲᠠᠷᠢᠶᠠᠯᠠᠩ ᠢ ᠳᠡᠮᠵᠢᠭᠰᠡᠨ ᠵᠠᠷᠤᠳᠠᠯ 45753.8 ᠲᠦᠮᠡᠨ ᠲᠥᠭᠦᠷᠢᠭ ᠪᠣᠯᠵᠤ᠂ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 17.6% ᠶᠢ ᠡᠵᠡᠯᠡᠵᠦ᠂ ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 67.6% ᠪᠠᠷ | ᠥᠰᠴᠡᠢ᠃ ᠭᠤᠣᠯᠳᠠᠭᠤ ᠲᠠᠷᠢᠶᠠᠯᠠᠩ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦᠨ ᠤ ᠵᠠᠷᠤᠳᠠᠯ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠲᠤᠰᠬᠠᠢ ᠪᠡᠯᠡ | ᠮᠥᠩᠭᠦᠨ ᠤ ᠵᠠᠷᠤᠳᠠᠯ ᠪᠠ ᠭᠠᠵᠠᠷ ᠰᠢᠷᠤᠢ ᠶᠢᠨ ᠬᠠᠮᠢᠶᠠᠷᠤᠯᠲᠠ ᠶᠢᠨ ᠠᠵᠢᠯ ᠦᠢᠯᠡᠰ ᠤᠨ ᠰᠦᠢᠳᠬᠡᠯ ᠤᠨ ᠵᠠᠷᠤᠳᠠᠯ ᠵᠡᠷᠭᠡ ᠲᠠᠯ᠎ᠠ ᠪᠠᠷ ᠨᠡᠮᠡᠭᠳᠡᠵᠡᠢ᠃ ᠡᠭᠦᠨ ᠳᠤ᠄ | ᠲᠠᠷᠢᠶᠠᠯᠠᠩ᠂ ᠤᠰᠤᠨ ᠠᠰᠢᠭᠯᠠᠯᠲᠠ ᠶᠢᠨ ᠠᠵᠢᠯ ᠦᠢᠯᠡᠰ ᠤᠨ ᠵᠠᠷᠤᠳᠠᠯ 16949.5 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 37% ᠶᠢ ᠡᠵᠡᠯᠡᠵᠦ᠂ | ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠪᠠ ᠤᠰᠤ ᠬᠦᠷᠦᠰᠦ ᠶᠢ ᠬᠠᠮᠠᠭᠠᠯᠠᠬᠤ ᠰᠦᠢᠳᠬᠡᠯ ᠳᠤ 6681.4 ᠲᠦᠮᠡᠨ ᠲᠥᠭᠦᠷᠢᠭ | ᠵᠠᠷᠤᠭᠰᠠᠨ ᠨᠢ ᠶᠡᠷᠦᠩᠬᠡᠢ ᠵᠠᠷᠤᠳᠠᠯ ᠤᠨ 14.6% ᠶᠢ ᠡᠵᠡᠯᠡᠨ᠂ ᠬᠥᠳᠡᠭᠡ ᠲᠤᠰᠬᠤᠨ ᠤ ᠬᠤᠷᠰᠢᠭᠰᠠᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠶᠢ | ᠳᠡᠮᠵᠢᠬᠦ ᠳᠤ 5274.9 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ 11.5% ᠶᠢ ᠡᠵᠡᠯᠡᠵᠦ᠂ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠪᠠ | ᠤᠷᠭᠤᠮᠠᠯ ᠤᠨ ᠪᠦᠷᠬᠦᠴᠡ ᠶᠢ ᠬᠠᠮᠠᠭᠠᠯᠠᠬᠤ ᠨᠥᠬᠦᠪᠦᠷᠢ 551.2 ᠲᠦᠮᠡᠨ ᠲᠥᠭᠦᠷᠢᠭ᠂ ᠶᠡᠷᠦᠩᠬᠡᠢ ᠵᠠᠷᠤᠳᠠᠯ ᠤᠨ 1.2% ᠢ ᠡᠵᠡᠯᠡᠵᠦ᠂ ᠲᠠᠷᠢᠶᠠᠯᠠᠩ ᠣᠢ | ᠰᠢᠭᠤᠢ ᠨᠤᠲᠤᠭ ᠪᠡᠯᠴᠢᠭᠡᠷ ᠪᠠ ᠮᠠᠯ ᠰᠦᠷᠦᠭ ᠤᠨ ᠬᠠᠮᠠᠭᠠᠯᠠᠯᠲᠠ ᠶᠢᠨ ᠨᠥᠬᠦᠪᠦᠷᠢ ᠳᠤ 1977.9 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ | 4.3% ᠶᠢ ᠡᠵᠡᠯᠡᠨ᠂ ᠬᠥᠳᠡᠭᠡ ᠲᠤᠰᠬᠤᠨ ᠤ ᠣᠶᠢᠵᠢᠭᠤᠯᠤᠯᠲᠠ ᠶᠢᠨ ᠨᠥᠬᠦᠪᠦᠷᠢ ᠳᠤ 12058.2 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ ᠵᠠᠷᠤᠳᠠᠯ ᠤᠨ | 26.3% ᠶᠢ ᠡᠵᠡᠯᠡᠵᠦ᠂ ᠬᠥᠳᠡᠭᠡ ᠲᠤᠰᠬᠤᠨ ᠤ ᠤᠰᠤᠨ ᠭᠠᠷᠤᠯᠲᠠ ᠶᠢᠨ ᠨᠥᠬᠦᠪᠦᠷᠢ ᠳᠤ 130.9 ᠲᠦᠮᠡᠨ ᠲᠥᠭᠦᠷᠢᠭ ᠵᠠᠷᠤᠭᠰᠠᠨ ᠨᠢ ᠶᠡᠷᠦᠩᠬᠡᠢ | ᠵᠠᠷᠤᠳᠠᠯ ᠤᠨ 0.3% ᠶᠢ ᠡᠵᠡᠯᠡᠨ᠂ ᠲᠠᠷᠢᠶᠠᠯᠠᠩ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦᠨ ᠤ ᠵᠠᠷᠤᠳᠠᠯ 1477.4 ᠲᠦᠮᠡᠨ ᠲᠥᠭᠦᠷᠢᠭ᠂ ᠶᠡᠷᠦᠩᠬᠡᠢ | ᠵᠠᠷᠤᠳᠠᠯ ᠤᠨ 3.2% ᠢ ᠡᠵᠡᠯᠡᠵᠦ᠂ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠲᠤᠰᠬᠠᠢ ᠪᠡᠯᠡ ᠮᠥᠩᠭᠦᠨ ᠤ ᠵᠠᠷᠤᠳᠠᠯ 582.4 ᠲᠦᠮᠡᠨ ᠲᠥᠭᠦᠷᠢᠭ᠂ ᠶᠡᠷᠦᠩᠬᠡᠢ | ᠵᠠᠷᠤᠳᠠᠯ ᠤᠨ 1.3% ᠶᠢ ᠡᠵᠡᠯᠡᠵᠡᠢ᠃ | ᠵᠢᠷᠭᠤᠭ᠎ᠠ᠂ ᠬᠤᠲᠠ ᠰᠡᠯᠪᠢᠨ ᠵᠠᠰᠠᠬᠤ ᠰᠦᠢᠳᠭᠡᠯ ᠤᠨ ᠵᠠᠷᠤᠳᠠᠯ | ᠬᠤᠲᠠ ᠰᠡᠯᠪᠢᠨ ᠵᠠᠰᠠᠬᠤ ᠰᠦᠢᠳᠭᠡᠯ ᠢ ᠭᠤᠤᠯᠳᠠᠭᠤ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠵᠠᠷᠤᠵᠤ᠂ ᠠᠷᠠᠳ ᠤᠨ | ᠠᠮᠢᠳᠤᠷᠠᠯ ᠳᠤ ᠬᠤᠯᠪᠤᠭᠳᠠᠬᠤ ᠪᠦᠲᠦᠭᠡᠨ ᠪᠠᠶᠢᠭᠤᠯᠤᠯᠲᠠ ᠶᠢᠨ ᠲᠥᠰᠥᠯ ᠳᠤ ᠬᠡᠷᠡᠭᠯᠡᠳᠡᠭ᠂ ᠡᠯ᠎ᠡ ᠴᠠᠭ ᠬᠤᠭᠤᠴᠠᠭᠠᠨ ᠳᠤ ᠤᠯᠤᠰ ᠠᠷᠠᠳ ᠤᠨ ᠠᠵᠤ ᠠᠬᠤᠢ ᠶᠢᠨ | ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠣᠷᠤᠭᠤᠯᠤᠯᠲᠠ ᠶᠢᠨ ᠲᠤᠭ᠎ᠠ ᠨᠤᠷᠮ᠎ᠠ ᠨᠢ ᠴᠦ ᠠᠳᠠᠯᠢ ᠦᠭᠡᠢ ᠪᠠᠶᠢᠵᠤ᠂ ᠡᠯ᠎ᠡ ᠣᠨ ᠤᠳ ᠲᠤ ᠴᠦ ᠠᠳᠠᠯᠢ | ᠦᠭᠡᠢ ᠪᠠᠶᠢᠵᠠᠢ᠃ ᠭᠡᠲᠡᠯ᠎ᠡ ᠪᠡᠯᠡ ᠣᠷᠤᠭᠤᠯᠤᠯᠲᠠ ᠶᠢᠨ ᠶᠡᠷᠦᠩᠬᠡᠢ ᠬᠠᠨᠳᠤᠰᠢ ᠶᠢ ᠨᠢ ᠵᠢᠯ ᠳᠣᠲᠣᠮ ᠨᠡᠮᠡᠭᠳᠡᠭᠰᠡᠨ ᠪᠠᠶᠢᠨ᠎ᠠ᠃ 1949 ᠣᠨ ᠠᠴᠠ 1990 ᠣᠨ | ᠪᠣᠯᠲᠠᠯ᠎ᠠ ᠤᠯᠠᠭᠠᠨᠬᠠᠳᠠ ᠶᠢᠨ ᠬᠤᠲᠠ ᠰᠡᠯᠪᠢᠨ ᠵᠠᠰᠠᠬᠤ ᠶᠡᠷᠦᠩᠬᠡᠢ ᠵᠠᠷᠤᠳᠠᠯ 18327.7 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ | ᠵᠠᠰᠠᠭ ᠤᠨ ᠶᠡᠷᠦᠩᠬᠡᠢ ᠵᠠᠷᠤᠳᠠᠯ ᠤᠨ 3.1% ᠶᠢ ᠡᠵᠡᠯᠡᠵᠡᠢ᠃ | ᠤᠯᠤᠰ ᠪᠠᠶᠢᠭᠤᠯᠤᠭᠳᠠᠭᠰᠠᠨ ᠤ ᠡᠬᠢᠨ ᠬᠤᠭᠤᠴᠠᠭᠠᠨ ᠳᠤ ᠤᠯᠠᠭᠠᠨᠬᠠᠳᠠ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ᠂ ᠵᠠᠰᠠᠮᠠᠯ ᠵᠠᠮ ᠵᠡᠷᠭᠡ ᠰᠠᠭᠤᠷᠢ | ᠲᠦᠬᠦᠭᠡᠷᠦᠮᠵᠢ ᠮᠠᠰᠢ ᠠᠨᠠᠢ ᠪᠠᠶᠢᠵᠠᠢ᠂ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠠᠵᠤ ᠠᠬᠤᠢ ᠶᠢᠨ ᠰᠡᠷᠭᠦᠯᠲᠡ ᠶᠢᠨ ᠦᠶ᠎ᠡ ᠳᠤ ᠣᠷᠣᠨ ᠨᠤᠲᠤᠭ ᠤᠨ ᠡᠳ᠋ ᠤᠨ | ᠵᠠᠰᠠᠭ ᠶᠡᠬᠡᠬᠡᠨ ᠬᠦᠴᠢᠷᠲᠡᠢ ᠪᠠᠶᠢᠭᠰᠠᠨ ᠪᠤᠯᠪᠠᠴᠤ ᠵᠣᠬᠢᠬᠤ ᠪᠡᠯᠡ ᠮᠥᠩᠭᠦ ᠭᠠᠷᠭᠠᠵᠤ ᠬᠤᠲᠠ ᠲᠣᠭᠤᠷᠢᠭ ᠤᠨ ᠵᠠᠮ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ | ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠬᠦᠭᠡᠷᠦᠮᠵᠢ ᠶᠢ ᠵᠠᠰᠠᠨ ᠰᠡᠷᠭᠦᠭᠡᠪᠡ᠃ 1949 ᠣᠨ ᠠᠴᠠ 1952 ᠣᠨ ᠪᠣᠯᠲᠠᠯ᠎ᠠ ᠬᠤᠲᠠ ᠰᠡᠯᠪᠢᠨ ᠵᠠᠰᠠᠬᠤ ᠳᠤ | 68 ᠲᠦᠮᠡᠨ ᠲᠥᠭᠦᠷᠢᠭ ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.4% ᠶᠢ ᠡᠵᠡᠯᠡᠪᠡ᠃ | ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 55.4 ᠲᠦᠮᠡᠨ ᠲᠥᠭᠦᠷᠢᠭ ᠵᠠᠷᠤᠭᠰᠠᠨ ᠨᠢ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.6% ᠶᠢ ᠡᠵᠡᠯᠡᠪᠡ᠃ | ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 184.4 ᠲᠦᠮᠡᠨ ᠲᠥᠭᠦᠷᠢᠭ ᠵᠠᠷᠤᠭᠰᠠᠨ ᠨᠢ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 0.7% ᠶᠢ ᠡᠵᠡᠯᠡᠪᠡ᠃ ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 2.3 ᠳᠠᠬᠢᠨ | ᠨᠡᠮᠡᠭᠳᠡᠪᠡ᠃ | ᠭᠤᠷᠪᠠᠨ ᠵᠢᠯ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 14619 ᠲᠦᠮᠡᠨ ᠲᠥᠭᠦᠷᠢᠭ | ᠵᠠᠷᠤᠭᠰᠠᠨ ᠨᠢ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.2 % ᠢ ᠡᠵᠡᠯᠡᠪᠡ᠃ | ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 366.7 ᠲᠦᠮᠡᠨ ᠲᠥᠭᠦᠷᠢᠭ ᠵᠠᠷᠤᠭᠰᠠᠨ ᠨᠢ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 3% ᠶᠢ ᠡᠵᠡᠯᠡᠪᠡ᠃ ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠨᠢᠭᠡ ᠳᠠᠬᠢᠨ | ᠢᠯᠡᠭᠦᠦ ᠪᠠᠷ ᠨᠡᠮᠡᠭᠳᠡᠪᠡ᠃ | ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 933.6 ᠲᠦᠮᠡᠨ ᠲᠥᠭᠦᠷᠢᠭ ᠵᠠᠷᠤᠭᠰᠠᠨ ᠨᠢ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.5% ᠶᠢ ᠡᠵᠡᠯᠡᠪᠡ᠃ ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 3 ᠳᠠᠬᠢᠨ | ᠨᠡᠮᠡᠭᠳᠡᠪᠡ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 1530.8 ᠲᠦᠮᠡᠨ ᠲᠥᠭᠦᠷᠢᠭ ᠵᠠᠷᠤᠭᠰᠠᠨ ᠨᠢ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.9% ᠶᠢ ᠡᠵᠡᠯᠡᠪᠡ᠃ ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 63.9% ᠪᠠᠷ | ᠨᠡᠮᠡᠭᠳᠡᠪᠡ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 4515.3 ᠲᠦᠮᠡᠨ ᠲᠥᠭᠦᠷᠢᠭ ᠵᠠᠷᠤᠭᠰᠠᠨ ᠨᠢ ᠮᠦᠨ | ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 3.8 % ᠶᠢ ᠡᠵᠡᠯᠡᠨ᠂ ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 3 ᠳᠠᠬᠢᠨ | ᠨᠡᠮᠡᠭᠳᠡᠪᠡ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠬᠤᠲᠠ ᠰᠡᠯᠪᠢᠨ ᠵᠠᠰᠠᠬᠤ ᠰᠦᠢᠳᠭᠡᠯ ᠳᠤ 10704.6 ᠲᠦᠮᠡᠨ ᠲᠥᠭᠦᠷᠢᠭ ᠵᠠᠷᠤᠭᠰᠠᠨ ᠨᠢ | ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 5.1% ᠶᠢ ᠡᠵᠡᠯᠡᠵᠦ᠂ ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 2 ᠳᠠᠬᠢᠨ | ᠨᠡᠮᠡᠭᠳᠡᠪᠡ᠃ | ᠬᠤᠲᠠ ᠶᠢᠨ ᠠᠷᠠᠴᠢᠯᠠᠭ᠎ᠠ ᠳᠣᠳᠣᠮᠳᠠᠯᠭ᠎ᠠ ᠶᠢᠨ ᠰᠦᠢᠳᠬᠡᠯ ᠳᠤ ᠪᠡᠯᠡ ᠣᠷᠣᠭᠤᠯᠤᠭᠰᠠᠨ ᠠᠴᠠ ᠬᠤᠲᠠ ᠶᠢᠨ ᠣᠯᠠᠨ ᠨᠡᠶᠢᠲᠡ ᠶᠢᠨ ᠲᠥᠬᠦᠭᠡᠷᠦᠮᠵᠢ᠂ | ᠴᠡᠴᠡᠷᠯᠢᠭ ᠣᠢ ᠮᠣᠳᠣ᠂ ᠤᠰᠤ ᠬᠠᠩᠭᠠᠬᠤ᠂ ᠤᠰᠤ ᠵᠠᠯᠠᠬᠤ᠂ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠡᠶᠢᠲᠡ ᠶᠢᠨ ᠦᠢᠯᠡᠰ | ᠲᠣᠭᠲᠠᠭᠤᠨ ᠢᠶᠠᠷ ᠬᠥᠭᠵᠢᠵᠡᠢ᠃ | |