ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠳᠥᠷᠪᠡ︶
ᠨᠡᠶᠢᠲᠡᠯᠡᠭᠰᠡᠨ ᠴᠠᠭ᠄
2020/9/30
ᠬᠤᠶᠠᠳᠤᠭᠠᠷ ᠪᠦᠯᠦᠭ ᠡᠳ᠋ ᠤᠨ ᠵᠠᠰᠠᠭ ᠤᠨ ᠵᠠᠷᠤᠯᠭ᠎ᠠᠨᠢᠭᠡᠳᠦᠭᠡᠷ ᠬᠡᠰᠡᠭ ᠵᠠᠷᠤᠯᠭ᠎ᠠ ᠶᠢᠨ ᠪᠠᠶᠢᠳᠠᠯ      1949 ᠤᠨ ᠠᠴᠠ 1990 ᠣᠨ ᠪᠣᠯᠲᠠᠯ᠎ᠠ᠂ ᠤᠯᠤᠰ ᠪᠠᠶᠢᠭᠤᠯᠤᠭᠳᠠᠭᠠᠳ 42 ᠵᠢᠯ ᠤᠨ ᠲᠣᠷᠰᠢᠬᠢ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ 611574 ᠲᠦᠮᠡᠨ ᠲᠥᠭᠦᠷᠢᠭ ᠪᠣᠯᠣᠨ᠎ᠠ᠃ ᠡᠭᠦᠨ ᠳᠤ᠄ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ 240881 ᠲᠦᠮᠡᠨ ᠲᠥᠭᠦᠷᠢᠭ᠂ ᠶᠡᠷᠦᠩᠬᠡᠢ ᠵᠠᠷᠤᠯᠭ᠎ᠠ ᠶᠢᠨ 39.4% ᠶᠢ ᠡᠵᠡᠯᠡᠵᠦ᠂ ᠰᠣᠶᠣᠯ ᠰᠤᠷᠭᠠᠨ ᠬᠥᠮᠥᠵᠢᠯ᠂ ᠰᠢᠨᠵᠢᠯᠡᠬᠦ ᠤᠬᠠᠭᠠᠨ᠂ ᠡᠮ ᠡᠮᠨᠡᠯᠭᠡ᠂ ᠷᠠᠳᠢᠣ᠋ ᠪᠡᠶ᠎ᠡ ᠲᠠᠮᠢᠷ ᠵᠡᠷᠭᠡ ᠦᠢᠯᠡᠰ ᠤᠨ ᠵᠠᠷᠤᠳᠠᠯ 201919 ᠲᠦᠮᠡᠨ ᠲᠥᠭᠦᠷᠢᠭ᠂ ᠶᠡᠷᠦᠩᠬᠡᠢ ᠵᠠᠷᠣᠯᠭ᠎ᠠ ᠶᠢᠨ 33% ᠶᠢ ᠡᠵᠡᠯᠡᠨ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠦᠢᠳᠬᠡᠯ ᠤᠨ ᠵᠠᠷᠤᠳᠠᠯ 92604 ᠲᠦᠮᠡᠨ ᠲᠥᠭᠦᠷᠢᠭ᠂ ᠶᠡᠷᠦᠩᠬᠡᠢ ᠵᠠᠷᠤᠯᠭ᠎ᠠ ᠶᠢᠨ 15.1% ᠶᠢ ᠡᠵᠡᠯᠡᠵᠦ᠂ ᠪᠤᠰᠤᠳ ᠲᠥᠷᠥᠯ ᠤᠨ ᠵᠠᠷᠤᠳᠠᠯ 76170 ᠲᠦᠮᠡᠨ ᠲᠥᠭᠦᠷᠢᠭ᠂ ᠶᠡᠷᠦᠩᠬᠡᠢ ᠵᠠᠷᠤᠯᠭ᠎ᠠ ᠶᠢᠨ 12.5% ᠶᠢ ᠡᠵᠡᠯᠡᠵᠡᠢ᠃ᠬᠤᠶᠠᠳᠤᠭᠠᠷ ᠬᠡᠰᠡᠭ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠰᠦᠢᠳᠬᠡᠯ      ᠨᠢᠭᠡ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ      ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠤᠯᠠᠭᠠᠨᠬᠠᠳᠠ ᠣᠷᠣᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠥᠯᠥᠪᠯᠡᠭᠡᠲᠠᠢ ᠪᠠᠷ ᠬᠢᠭᠰᠡᠨ ᠠᠴᠠ᠂ ᠠᠵᠤ ᠦᠢᠯᠡᠳᠪᠦᠷᠢ ᠨᠡᠯᠢᠶᠡᠳ ᠲᠦᠷᠭᠡᠨ ᠬᠥᠭᠵᠢᠪᠡ᠃ ᠤᠯᠤᠰ ᠠᠴᠠ ᠤᠯᠠᠭᠠᠨᠬᠠᠳᠠ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠳᠤ 3 030 ᠲᠦᠮᠡᠨ ᠲᠥᠭᠦᠷᠢᠭ ᠣᠷᠣᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠶᠢ ᠠᠬᠢᠭᠤᠯᠪᠠ᠃ 1957 ᠣᠨ ᠳᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠠᠵᠤ ᠦᠢᠯᠡᠳᠪᠦᠷᠢ ᠲᠠᠷᠢᠶᠠᠯᠠᠩ ᠤᠨ ᠦᠢᠯᠡᠳᠬᠦᠨ ᠤ ᠶᠡᠷᠦᠩᠬᠡᠢ ᠥᠷᠲᠡᠭ ᠤᠨ ᠳᠣᠲᠣᠷ᠎ᠠ ᠡᠵᠡᠯᠡᠬᠦ ᠬᠠᠷᠢᠴᠠᠯ ᠨᠢ 1952 ᠣᠨ ᠤ 4.5% ᠪᠠᠶᠢᠭᠰᠠᠨ ᠠᠴᠠ 14.7% ᠪᠣᠯᠪᠠ᠃      ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠨᠧᠷᠭᠢ ᠶᠢᠨ ᠠᠵᠤ ᠦᠢᠯᠡᠳᠪᠦᠷᠢᠯᠡᠯ ᠢ ᠭᠤᠣᠯᠳᠠᠯᠭ᠎ᠠ ᠲᠠᠢ ᠬᠥᠭᠵᠢᠭᠦᠯᠵᠦ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠡᠯᠡ ᠣᠷᠣᠭᠤᠯᠤᠯᠲᠠ 31904 ᠲᠦᠮᠡᠨ ᠲᠥᠭᠦᠷᠢᠭ ᠬᠦᠷᠴᠦ᠂ ᠫᠢᠩᠵᠤᠸᠠᠩ ᠤᠨ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠶᠢ ᠡᠬᠢᠯᠡᠨ ᠪᠠᠶᠢᠭᠤᠯᠵᠤ᠂ ᠨᠡᠭᠦᠷᠡᠰᠦ ᠮᠠᠯᠲᠠᠬᠤ ᠴᠢᠳᠠᠪᠤᠷᠢ ᠨᠢ ᠵᠢᠯ ᠳᠤ 91 ᠲᠦᠮᠡᠨ ᠲᠣᠨ᠂ ᠴᠠᠬᠢᠯᠭᠠᠨ ᠭᠠᠷᠭᠠᠬᠤ ᠲᠥᠬᠦᠭᠡᠷᠦᠮᠵᠢ ᠶᠢᠨ ᠪᠠᠭᠲᠠᠭᠠᠮᠵᠢ ᠨᠢ 2459 ᠺᠢᠯᠤᠸᠠᠲ ᠨᠡᠮᠡᠭᠳᠡᠵᠡᠢ᠃ ᠴᠥᠭᠦᠷᠥᠮ ᠤᠨ ᠪᠠᠭᠲᠠᠭᠠᠮᠵᠢ 136000 ᠪᠣᠰᠤᠭ᠎ᠠ ᠳᠦᠷᠪᠡᠯᠵᠢᠨ ᠮᠧᠲᠷ ᠨᠡᠮᠡᠭᠳᠡᠵᠦ᠂ ᠪᠦᠲᠦᠮᠵᠢᠲᠠᠢ ᠤᠰᠤᠯᠤᠯᠲᠠ ᠶᠢᠨ ᠲᠠᠯᠠᠪᠠᠢ 42.8 ᠲᠦᠮᠡᠨ ᠮᠦ ᠨᠡᠮᠡᠭᠳᠡᠪᠡ᠃ ᠶᠢᠨ ᠴᠠᠩ ᠭᠧᠤ ᠯᠢᠶᠠᠩ᠂ ᠵᠤᠸᠠᠨ ᠱᠠᠨ ᠽᠢ᠂ ᠮᠡᠶᠢᠷᠡᠨ᠂ ᠬᠤᠩ ᠬᠤᠸᠠ ᠭᠧᠤ ᠵᠡᠷᠭᠡ ᠳᠦᠷᠪᠡᠨ ᠠᠯᠲᠠᠨ ᠤ ᠠᠭᠤᠷᠬᠠᠢ ᠬᠤᠶᠢᠨ᠎ᠠ ᠬᠤᠶᠢᠨ᠎ᠠ ᠠᠴᠠ ᠪᠠᠨ ᠪᠠᠶᠢᠭᠤᠯᠤᠭᠳᠠᠪᠠ᠃ 1958 ᠣᠨ ᠤ 6 ᠰᠠᠷ᠎ᠠ ᠳᠤ ᠤᠯᠠᠭᠠᠨᠬᠠᠳᠠ ᠶᠢᠨ ᠨᠢᠭᠡᠳᠦᠭᠡᠷ ᠼᠧᠮᠧᠨ᠋ᠲ ᠤᠨ ᠦᠢᠯᠡᠳᠪᠦᠷᠢ ᠪᠠᠶᠢᠭᠤᠯᠤᠭᠳᠠᠵᠤ᠂ ᠤᠯᠠᠭᠠᠨᠬᠠᠳᠠ ᠳᠤ ᠼᠧᠮᠧᠨ᠋ᠲ ᠦᠢᠯᠡᠳᠪᠦᠷᠢᠯᠡᠵᠦ ᠴᠢᠳᠠᠬᠤ ᠦᠭᠡᠢ ᠪᠠᠶᠢᠭᠰᠠᠨ ᠲᠡᠤᠬᠡ ᠡᠴᠦᠰᠯᠡᠪᠡ᠃      ᠭᠤᠷᠪᠠᠨ ᠵᠢᠯ ᠤᠨ ᠲᠣᠬᠢᠷᠠᠭᠤᠯᠤᠯᠲᠠ ᠶᠢᠨ ᠦᠶ᠎ᠡ ᠳᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠤᠭ᠎ᠠ 13793 ᠲᠦᠮᠡᠨ ᠲᠥᠭᠦᠷᠢᠭ ᠪᠣᠯᠵᠤ᠂ ᠨᠡᠭᠦᠷᠡᠰᠦ ᠭᠠᠷᠭᠠᠬᠤ ᠴᠢᠳᠠᠮᠵᠢ ᠵᠢᠯ ᠳᠤ ᠰᠢᠨ᠎ᠡ ᠪᠠᠷ 152 ᠲᠦᠮᠡᠨ ᠲᠣᠨ ᠨᠡᠮᠡᠭᠳᠡᠵᠦ᠂ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤ᠂ ᠣᠩᠨᠢᠭᠤᠳ ᠬᠤᠰᠢᠭᠤᠨ ᠳᠤ ᠵᠠᠯᠭᠠᠭ᠎ᠠ ᠪᠠᠷ ᠳᠦᠷᠪᠡᠨ ᠨᠡᠭᠦᠷᠡᠰᠦᠨ ᠲᠠᠯᠠᠪᠤᠷ ᠪᠠᠶᠢᠭᠤᠯᠵᠤ᠂ ᠵᠢᠯ ᠳᠤ 15 ᠲᠦᠮᠡᠨ ᠲᠣᠨ ᠨᠡᠭᠦᠷᠡᠰᠦ ᠭᠠᠷᠭᠠᠵᠤ᠂ ᠬᠤᠶᠢᠲᠤ ᠲᠠᠪᠤᠨ ᠬᠤᠰᠢᠭᠤ ᠰᠢᠶᠠᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠨᠡᠭᠦᠷᠡᠰᠦ ᠶᠢ ᠦᠨᠳᠦᠰᠦᠨ ᠳᠤ ᠪᠠᠨ ᠬᠠᠩᠭᠠᠭᠰᠠᠨ ᠪᠠᠶᠢᠨ᠎ᠠ᠃ ᠴᠠᠬᠢᠯᠭᠠᠨ ᠭᠠᠷᠭᠠᠬᠤ ᠲᠥᠬᠦᠭᠡᠷᠦᠮᠵᠢ ᠶᠢᠨ ᠪᠠᠭᠳᠠᠭᠠᠮᠵᠢ 12100 ᠺᠢᠯᠤᠸᠠᠲ ᠨᠡᠮᠡᠭᠳᠡᠵᠦ᠂ ᠤᠶᠢᠵᠢᠭᠤᠯᠤᠯᠲᠠ ᠶᠢᠨ ᠲᠠᠯᠠᠪᠠᠢ 27.6 ᠲᠦᠮᠡᠨ ᠮᠦ ᠨᠡᠮᠡᠭᠳᠡᠨ᠂ ᠴᠥᠭᠦᠷᠥᠮ ᠤᠨ ᠪᠠᠭᠲᠠᠭᠠᠮᠵᠢ 257000 ᠪᠣᠰᠤᠭ᠎ᠠ ᠳᠦᠷᠪᠡᠯᠵᠢᠨ ᠮᠧᠲᠷ ᠨᠡᠮᠡᠭᠳᠡᠵᠦ᠂ ᠪᠦᠲᠦᠮᠵᠢᠲᠡᠢ ᠤᠰᠤᠯᠤᠯᠲᠠ ᠶᠢᠨ ᠲᠠᠯᠠᠪᠠᠢ 56.9 ᠲᠦᠮᠡᠨ ᠮᠦ ᠨᠡᠮᠡᠭᠳᠡᠪᠡ᠃      ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠣᠯᠲᠠ ᠨᠢ 13666 ᠲᠦᠮᠡᠨ ᠲᠥᠭᠦᠷᠢᠭ᠃ 1969 ᠣᠨ ᠠᠴᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠣᠷᠣᠨ ᠨᠤᠲᠤᠭ ᠤᠨ ᠲᠥᠰᠥᠪ ᠲᠤ ᠣᠷᠤᠭᠤᠯᠪᠠ᠃ 1969 ᠣᠨ ᠠᠴᠠ 1970 ᠣᠨ ᠪᠣᠯᠲᠠᠯ᠎ᠠ᠂ ᠣᠷᠣᠨ ᠨᠤᠲᠤᠭ ᠤᠨ ᠡᠳ᠋ ᠤᠨ ᠵᠠᠰᠠᠭ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ 5007 ᠲᠦᠮᠡᠨ ᠲᠥᠭᠦᠷᠢᠭ᠃ ᠡᠨᠡ ᠬᠦ ᠬᠤᠭᠤᠴᠠᠭᠠᠨ ᠳᠤ ᠨᠡᠭᠦᠷᠡᠰᠦᠨ ᠤ ᠭᠠᠷᠤᠯᠲᠠ ᠵᠢᠯ ᠳᠤ ᠰᠢᠨ᠎ᠡ ᠪᠠᠷ 1.5 ᠲᠦᠮᠡᠨ ᠲᠣᠨ ᠨᠡᠮᠡᠭᠳᠡᠵᠦ᠂ ᠴᠠᠬᠢᠯᠭᠠᠨ ᠭᠠᠷᠭᠠᠬᠤ ᠲᠥᠬᠦᠭᠡᠷᠦᠮᠵᠢ ᠶᠢᠨ ᠪᠠᠭᠲᠠᠭᠠᠮᠵᠢ 18760 ᠺᠢᠯᠤᠸᠠᠲ ᠨᠡᠮᠡᠭᠳᠡᠪᠡ᠃ ᠤᠯᠠᠭᠠᠨᠬᠠᠳᠠ ᠶᠢᠨ ᠰᠢᠨ᠎ᠡ ᠴᠠᠬᠢᠯᠭᠠᠨ ᠦᠢᠯᠡᠳᠪᠦᠷᠢ ᠶᠢᠨ ᠨᠢᠭᠡᠳᠦᠭᠡᠷ ᠨᠤᠮᠧᠷᠲᠦ ᠠᠭᠤᠷ ᠤᠨ ᠲᠦᠷᠪᠢᠨᠲᠦ ᠴᠠᠬᠢᠯᠭᠠᠨ ᠭᠠᠷᠭᠠᠬᠤ ᠮᠠᠰᠢᠨ ︵6000 ᠺᠢᠯᠤᠸᠠᠲ︶ ᠡᠬᠢᠯᠡᠨ ᠴᠠᠬᠢᠯᠭᠠᠨ ᠭᠠᠷᠭᠠᠵᠤ᠂ ᠼᠧᠮᠧᠨ᠋ᠲ ᠤᠨ ᠦᠢᠯᠡᠳᠪᠦᠷᠢᠯᠡᠯ ᠵᠢᠯ ᠳᠤ 64000 ᠲᠣᠨ ᠨᠡᠮᠡᠭᠳᠡᠨ᠂ ᠣᠶᠢᠵᠢᠭᠤᠯᠤᠯᠲᠠ ᠶᠢᠨ ᠲᠠᠯᠠᠪᠠᠢ 32.1 ᠲᠦᠮᠡᠨ ᠮᠦ ᠨᠡᠮᠡᠭᠳᠡᠪᠡ᠃ ᠮᠦᠨ ᠬᠤᠭᠤᠴᠠᠭᠠᠨ ᠳᠤ ᠤᠯᠠᠭᠠᠨᠬᠠᠳᠠ ᠶᠢᠨ ᠲᠣᠷᠭ᠎ᠠ ᠶᠢᠨ ᠦᠢᠯᠡᠳᠪᠦᠷᠢ᠂ ᠤᠯᠠᠭᠠᠨᠬᠠᠳᠠ ᠶᠢᠨ ᠨᠡᠬᠡᠮᠡᠯ ᠤᠨ ᠦᠢᠯᠡᠳᠪᠦᠷᠢ᠂ ᠤᠯᠠᠭᠠᠨᠬᠠᠳᠠ ᠶᠢᠨ ᠣᠶᠢᠮᠤᠰᠤᠨ ᠤ ᠦᠢᠯᠡᠳᠪᠦᠷᠢ᠂ ᠤᠯᠠᠭᠠᠨᠬᠠᠳᠠ ᠶᠢᠨ ᠦᠨᠳᠦᠰᠦᠲᠡᠨ ᠤ ᠥᠩᠭᠡᠲᠦ ᠨᠡᠬᠡᠮᠡᠯ ᠪᠦᠰ ᠤᠨ ᠦᠢᠯᠡᠳᠪᠦᠷᠢ᠂ ᠤᠯᠠᠭᠠᠨᠬᠠᠳᠠ ᠶᠢᠨ ᠨᠣᠣᠰᠣᠨ ᠬᠠᠨᠳᠠᠭᠠᠰᠤ ᠶᠢᠨ ᠦᠢᠯᠡᠳᠪᠦᠷᠢ᠂ ᠨᠢᠩᠴᠧᠩ ᠤᠨ ᠨᠣᠣᠰᠣᠨ ᠬᠠᠨᠲᠠᠭᠠᠰᠤ ᠶᠢᠨ ᠦᠢᠯᠡᠳᠪᠦᠷᠢ ᠵᠡᠷᠭᠡ 6 ᠠᠵᠤ ᠠᠬᠤᠶᠢᠯᠠᠯ ᠢ ᠪᠠᠶᠢᠭᠤᠯᠪᠠ᠃      ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠣᠯᠲᠠ 32790 ᠲᠦᠮᠡᠨ ᠲᠥᠭᠦᠷᠢᠭ ᠪᠣᠯᠵᠠᠢ᠂ ᠡᠭᠦᠨ ᠳᠤ ᠣᠷᠣᠨ ᠨᠤᠲᠤᠭ ᠤᠨ ᠡᠳ᠋ ᠤᠨ ᠵᠠᠰᠠᠭ ᠠᠴᠠ ᠦᠨᠳᠦᠰᠦᠨ ᠪᠦᠲᠦᠭᠡᠨ ᠪᠠᠶᠢᠭᠤᠯᠤᠯᠲᠠ ᠳᠤ ᠣᠷᠣᠭᠤᠯᠣᠭᠰᠠᠨ ᠪᠡᠯᠡ 13406 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 22.8% ᠶᠢ ᠡᠵᠡᠯᠡᠵᠡᠢ᠃ ᠨᠡᠭᠦᠷᠡᠰᠦᠨ ᠤ ᠭᠠᠷᠤᠯᠲᠠ ᠵᠢᠯ ᠳᠤ ᠰᠢᠨ᠎ᠡ ᠪᠠᠷ 124 ᠲᠦᠮᠡᠨ ᠲᠣᠨ ᠨᠡᠮᠡᠭᠳᠡᠵᠦ᠂ ᠴᠠᠬᠢᠯᠭᠠᠨ ᠭᠠᠷᠭᠠᠬᠤ ᠲᠥᠬᠦᠭᠡᠷᠦᠮᠵᠢ ᠶᠢᠨ ᠪᠠᠭᠲᠠᠭᠠᠮᠵᠢ 6000 ᠺᠢᠯᠤᠸᠠᠲ ᠨᠡᠮᠡᠭᠳᠡᠨ᠂ ᠼᠧᠮᠧᠨ᠋ᠲ ᠵᠢᠯ ᠳᠤ 20 000 ᠲᠣᠨ ᠨᠡᠮᠡᠭᠳᠡᠪᠡ᠃ ᠤᠶᠢᠵᠢᠭᠤᠯᠤᠯᠲᠠ ᠶᠢᠨ ᠲᠠᠯᠠᠪᠠᠢ 118.6 ᠲᠦᠮᠡᠨ ᠮᠦ ᠨᠡᠮᠡᠭᠳᠡᠨ᠂ ᠪᠦᠲᠦᠮᠵᠢᠲᠡᠢ ᠤᠰᠤᠯᠠᠯᠲᠠ ᠶᠢᠨ ᠲᠠᠯᠠᠪᠠᠢ 104.7 ᠲᠦᠮᠡᠨ ᠮᠦ ᠨᠡᠮᠡᠭᠳᠡᠵᠦ᠂ ᠴᠥᠭᠦᠷᠥᠮ ᠤᠨ ᠪᠠᠭᠲᠠᠭᠠᠮᠵᠢ 90 283 ᠪᠣᠰᠤᠭ᠎ᠠ ᠳᠦᠷᠪᠡᠯᠵᠢᠨ ᠮᠧᠲᠷ ᠨᠡᠮᠡᠭᠳᠡᠪᠡ᠃ ᠡᠨᠡ ᠬᠦ ᠬᠤᠭᠤᠴᠠᠭᠠᠨ ᠳᠤ ᠤᠷᠢᠳ ᠬᠤᠵᠢᠳ ᠤᠯᠠᠭᠠᠨᠬᠠᠳᠠ ᠶᠢᠨ ᠷᠠᠳᠢᠣ᠋ ᠲᠣᠨᠤᠭ ᠤᠨ ᠦᠢᠯᠡᠳᠪᠦᠷᠢ᠂ ᠤᠯᠠᠭᠠᠨᠬᠠᠳᠠ ᠶᠢᠨ ᠨᠢᠭᠡᠳᠦᠭᠡᠷ ᠨᠣᠣᠰᠣᠨ ᠨᠡᠬᠡᠮᠡᠯ ᠤᠨ ᠦᠢᠯᠡᠳᠪᠦᠷᠢ᠂ ᠤᠯᠠᠭᠠᠨᠬᠠᠳᠠ ᠶᠢᠨ ᠨᠢᠭᠡᠳᠦᠭᠡᠷ ᠬᠠᠳᠬᠤᠮᠠᠯ ᠤᠨ ᠦᠢᠯᠡᠳᠪᠦᠷᠢ ᠶᠢ ᠪᠡᠯᠡ ᠣᠷᠤᠭᠤᠯᠤᠨ ᠪᠠᠶᠢᠭᠤᠯᠪᠠ᠃      ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠣᠯᠲᠠ 86 788 ᠲᠦᠮᠡᠨ ᠲᠥᠭᠦᠷᠢᠭ ᠪᠣᠯᠵᠠᠢ᠂ ᠡᠭᠦᠨ ᠳᠤ ᠣᠷᠣᠨ ᠨᠤᠲᠤᠭ ᠤᠨ ᠡᠳ᠋ ᠤᠨ ᠵᠠᠰᠠᠭ ᠠᠴᠠ ᠦᠨᠳᠦᠰᠦᠨ ᠪᠦᠲᠦᠭᠡᠨ ᠪᠠᠶᠢᠭᠤᠯᠤᠯᠲᠠ ᠳᠤ 2296 ᠲᠦᠮᠡᠨ ᠲᠥᠭᠦᠷᠢᠭ ᠪᠡᠯᠡ ᠣᠷᠤᠭᠤᠯᠵᠠᠢ᠃ ᠨᠡᠭᠦᠷᠡᠰᠦᠨ ᠤ ᠭᠠᠷᠤᠯᠲᠠ ᠵᠢᠯ ᠳᠤ ᠰᠢᠨ᠎ᠡ ᠪᠠᠷ 31 ᠲᠦᠮᠡᠨ ᠲᠣᠨ ᠨᠡᠮᠡᠭᠳᠡᠵᠦ᠂ ᠵᠢᠯ ᠳᠤ 10000 ᠲᠣᠨ ᠪᠣᠯᠣᠳ ᠬᠡᠪᠰᠢᠭᠦᠯᠦᠨ᠂ ᠴᠥᠭᠦᠷᠥᠮ ᠤᠨ ᠪᠠᠭᠲᠠᠭᠠᠮᠵᠢ 24152 ᠪᠣᠰᠤᠭ᠎ᠠ ᠳᠦᠷᠪᠡᠯᠵᠢᠨ ᠮᠧᠲᠷ ᠨᠡᠮᠡᠭᠳᠡᠵᠦ᠂ ᠲᠠᠷᠢᠶᠠᠯᠠᠩ ᠤᠨ ᠴᠠᠬᠢᠯᠭᠠᠨ ᠱᠣᠭᠤᠮ 489 ᠺᠢᠯᠣᠮᠧᠲᠷ ᠨᠡᠮᠡᠭᠳᠡᠪᠡ᠃ ᠪᠦᠲᠦᠮᠵᠢᠲᠡᠢ ᠤᠰᠤᠯᠤᠯᠲᠠ ᠶᠢᠨ ᠲᠠᠯᠠᠪᠠᠢ 99.9 ᠲᠦᠮᠡᠨ ᠮᠦ ᠨᠡᠮᠡᠭᠳᠡᠵᠡᠢ᠃      1979 ᠣᠨ ᠤ 8 ᠰᠠᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠵᠢᠭᠡᠯᠡᠯᠭᠡ ᠪᠣᠯᠭᠠᠨ ᠬᠤᠪᠢᠷᠠᠭᠤᠯᠬᠤ ᠠᠷᠭ᠎ᠠ ᠶᠢ ᠵᠢᠩᠬᠢᠨᠢ ᠪᠠᠷ ᠵᠥᠪᠰᠢᠶᠡᠷᠡᠨ ᠲᠣᠷᠰᠢᠨ ᠬᠡᠷᠡᠭᠯᠡᠵᠦ᠂ ᠲᠥᠭᠦᠮᠴᠢᠯᠡᠭᠡᠳ ︽ᠵᠠᠷᠤᠳᠠᠯ ᠣᠯᠭᠤᠬᠤ ᠶᠢ ᠵᠢᠭᠡᠯᠡᠯᠭᠡ ᠪᠣᠯᠭᠠᠨ ᠬᠤᠪᠢᠷᠠᠭᠤᠯᠬᠤ︾ ᠭᠡᠵᠡᠢ᠃ 1985 ᠣᠨ ᠳᠤ ᠲᠣᠷᠰᠢᠨ ᠬᠡᠷᠡᠭᠯᠡᠬᠦ ᠪᠠ ᠲᠦᠭᠡᠮᠡᠯᠵᠢᠭᠦᠯᠬᠦ ᠶᠠᠪᠤᠴᠠ ᠳᠤ ᠰᠢᠨᠵᠢᠯᠡᠬᠦ ᠤᠬᠠᠭᠠᠨ᠂ ᠰᠤᠷᠭᠠᠨ ᠬᠥᠮᠥᠵᠢᠯ᠂ ᠰᠣᠶᠣᠯ᠂ ᠡᠷᠡᠭᠦᠯ ᠬᠠᠮᠠᠭᠠᠯᠠᠯ᠂ ᠵᠠᠰᠠᠭ ᠵᠠᠬᠢᠷᠭᠠᠨ ᠠᠵᠢᠯ ᠦᠢᠯᠡᠰ ᠵᠡᠷᠭᠡ ᠨᠢ ᠰᠢᠭᠤᠳ ᠡᠵᠡᠩᠨᠡᠯᠲᠡ ᠶᠢᠨ ᠣᠷᠣᠯᠭ᠎ᠠ ᠪᠠᠷ ᠢᠶᠠᠨ ᠪᠡᠯᠡ ᠣᠷᠣᠭᠤᠯᠣᠯᠲᠠ ᠶᠢ ᠲᠥᠯᠥᠬᠦ ᠳᠤ ᠬᠦᠴᠢᠷᠲᠡᠢ ᠪᠠᠶᠢᠭ᠎ᠠ ᠪᠠᠶᠢᠳᠠᠯ ᠢ ᠤᠯᠤᠰ ᠠᠴᠠ ᠪᠣᠳᠣᠯᠬᠢᠯᠠᠵᠤ᠂ 1986 ᠣᠨ ᠳᠤ ᠲᠥᠷᠥ ᠶᠢᠨ ᠶᠠᠪᠤᠳᠠᠯ ᠤᠨ ᠬᠤᠷᠢᠶ᠎ᠠ ᠳᠠᠬᠢᠨ ᠰᠢᠢᠳᠪᠦᠷᠢ ᠭᠠᠷᠭᠠᠵᠤ ᠡᠳ᠋ ᠤᠨ ᠵᠠᠰᠠᠭ ᠤᠨ ᠲᠥᠰᠥᠪ ᠠᠴᠠ ᠲᠣᠬᠢᠷᠠᠭᠤᠯᠤᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ ᠳᠤ ︽ᠵᠠᠷᠤᠳᠠᠯ ᠣᠯᠭᠤᠬᠤ ᠪᠠ ᠵᠢᠭᠡᠯᠡᠯᠭᠡ ᠲᠠᠯᠪᠢᠬᠤ ᠶᠢ ᠵᠡᠷᠭᠡ ᠳᠤᠨᠢ ᠬᠡᠷᠡᠭᠵᠢᠭᠦᠯᠬᠦ︾ ᠬᠤᠣᠰ ᠳᠦᠷᠢᠮ ᠢ ᠬᠡᠷᠡᠭᠵᠢᠭᠦᠯᠪᠡ᠃ ᠳᠠᠷᠤᠢ᠄ ᠠᠰᠢᠭ ᠬᠤᠨᠵᠢᠪᠤᠷᠢ ᠶᠢᠨ ᠪᠤᠰᠤ ᠰᠢᠨᠵᠢ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠮᠥᠨ ᠡᠳ᠋ ᠤᠨ ᠵᠠᠰᠠᠭ ᠤᠨ ᠲᠥᠰᠥᠪ ᠢᠶᠠᠷ ᠵᠠᠷᠤᠳᠠᠯ ᠣᠯᠭᠤᠬᠤ ᠠᠷᠭ᠎ᠠ ᠶᠢ ᠬᠡᠷᠡᠭᠯᠡᠨ᠂ ᠠᠯᠢᠪᠠ ᠡᠵᠡᠩᠨᠡᠯᠲᠡ ᠶᠢᠨ ᠰᠢᠨᠵᠢ ᠲᠠᠢ ᠲᠥᠷᠥᠯ ᠵᠦᠢᠯ ᠳᠤ ᠴᠥᠮ ᠵᠢᠭᠡᠯᠡᠯᠭᠡ ᠶᠢᠨ ᠳᠥᠷᠢᠮ ᠬᠡᠷᠡᠭᠵᠢᠭᠦᠯᠪᠡ᠃      ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ 160443 ᠲᠦᠮᠡᠨ ᠲᠥᠭᠦᠷᠢᠭ᠂ ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 84.9% ᠪᠠᠷ ᠨᠡᠮᠡᠭᠳᠡᠵᠡᠢ᠃ ᠡᠭᠦᠨ ᠳᠤ ᠣᠷᠣᠨ ᠨᠤᠲᠤᠭ ᠤᠨ ᠡᠳ᠋ ᠤᠨ ᠵᠠᠰᠠᠭ ᠠᠴᠠ ᠦᠨᠳᠦᠰᠦᠨ ᠪᠦᠲᠦᠭᠡᠨ ᠪᠠᠶᠢᠭᠤᠯᠤᠯᠲᠠ ᠳᠤ 4474 ᠲᠦᠮᠡᠨ ᠲᠥᠭᠦᠷᠢᠭ ᠪᠡᠯᠡ ᠣᠷᠣᠭᠤᠯᠵᠤ᠂ ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 94.8% ᠪᠠᠷ ᠨᠡᠮᠡᠭᠳᠡᠵᠦ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 3.8% ᠶᠢ ᠡᠵᠡᠯᠡᠵᠡᠢ᠃ ᠡᠨᠡ ᠬᠦ ᠬᠤᠭᠤᠴᠠᠭᠠᠨ ᠳᠤ ᠨᠡᠭᠦᠷᠡᠰᠦᠨ ᠤ ᠭᠠᠷᠤᠯᠲᠠ ᠵᠢᠯ ᠳᠤ ᠰᠢᠨ᠎ᠡ ᠪᠠᠷ 107.5 ᠲᠦᠮᠡᠨ ᠲᠣᠨ ᠨᠡᠮᠡᠭᠳᠡᠵᠦ᠂ ᠴᠠᠬᠢᠯᠭᠠᠨ ᠭᠠᠷᠭᠠᠬᠤ ᠮᠠᠰᠢᠨ ᠤ ᠪᠠᠭᠲᠠᠭᠠᠮᠵᠢ 60 ᠲᠦᠮᠡᠨ ᠺᠢᠯᠤᠸᠠᠲ ᠨᠡᠮᠡᠭᠳᠡᠪᠡ᠃ ᠤᠯᠠᠭᠠᠨᠬᠠᠳᠠ ᠶᠢᠨ ᠰᠠᠩ ᠤᠨ ᠲᠠᠷᠢᠶᠠᠯᠠᠩ᠂ ᠮᠠᠯᠵᠢᠯ ᠤᠨ ᠲᠠᠯᠠᠪᠠᠢ ᠶᠢᠨ ᠪᠡᠯᠡ ᠣᠷᠣᠭᠤᠯᠣᠯᠲᠠ 500 ᠲᠦᠮᠡᠨ ᠲᠥᠭᠦᠷᠢᠭ ᠬᠦᠷᠴᠦ᠂ ᠲᠠᠷᠢᠶᠠᠯᠠᠩ ᠤᠨ ᠲᠠᠯ᠎ᠠ ᠪᠠᠷ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠨ᠂ ᠪᠦᠬᠦ ᠬᠤᠲᠠ ᠶᠢᠨ ᠤᠰᠤᠯᠤᠯᠲᠠ ᠶᠢᠨ ᠲᠠᠷᠢᠶ᠎ᠠ ᠶᠢᠨ ᠲᠠᠯᠠᠪᠠᠢ 85746 ᠮᠦ ᠬᠦᠷᠴᠦ᠂ ᠲᠠᠷᠢᠬᠤ ᠲᠠᠯᠠᠪᠠᠢ ᠶᠢᠨ 58% ᠶᠢ ᠡᠵᠡᠯᠡᠪᠡ᠃ ᠠᠵᠤ ᠦᠢᠯᠡᠳᠪᠦᠷᠢᠯᠡᠯ ᠤᠨ ᠲᠠᠯ᠎ᠠ ᠪᠠᠷ᠂ ᠮᠠᠨ ᠤ ᠤᠯᠤᠰ ᠤᠨ ᠨᠠᠶᠠᠭᠠᠳ ᠣᠨ ᠤ ᠲᠡᠷᠢᠭᠦᠨ ᠤ ᠮᠡᠷᠭᠡᠵᠢᠯ ᠪᠠ ᠲᠥᠬᠦᠭᠡᠷᠦᠮᠵᠢ ᠪᠦᠬᠦᠢ ᠤᠯᠠᠭᠠᠨᠬᠠᠳᠠ ᠶᠢᠨ ᠬᠤᠶᠠᠳᠤᠭᠠᠷ ᠨᠣᠣᠰᠣᠨ ᠨᠡᠬᠡᠮᠡᠯ ᠤᠨ ᠦᠢᠯᠡᠳᠪᠦᠷᠢ᠂ ᠤᠯᠠᠭᠠᠨᠬᠠᠳᠠ ᠶᠢᠨ ᠰᠢᠬᠢᠷ ᠤᠨ ᠦᠢᠯᠡᠳᠪᠦᠷᠢ᠂ ᠯᠢᠨᠰᠢ ᠶᠢᠨ ᠰᠢᠬᠢᠷ ᠤᠨ ᠦᠢᠯᠡᠳᠪᠦᠷᠢ᠂ ᠬᠡᠰᠢᠭᠲᠡᠨ ᠤ ᠰᠢᠬᠢᠷ ᠤᠨ ᠦᠢᠯᠡᠳᠪᠦᠷᠢ ᠪᠠ ᠨᠠᠷᠢᠨ ᠤ ᠬᠥᠪᠥᠩ ᠨᠡᠬᠡᠮᠡᠯ ᠤᠨ ᠦᠢᠯᠡᠳᠪᠦᠷᠢ ᠵᠠᠯᠭᠠᠭ᠎ᠠ ᠪᠠᠷ ᠪᠠᠶᠢᠭᠤᠯᠤᠭᠳᠠᠨ ᠦᠢᠯᠡᠳᠪᠦᠷᠢᠯᠡᠵᠦ ᠡᠬᠢᠯᠡᠪᠡ᠃      ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠤᠯᠲᠠ 125248 ᠲᠦᠮᠡᠨ ᠲᠥᠭᠦᠷᠢᠭ᠂ ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ 22% ᠢᠶᠠᠷ ᠬᠠᠰᠤᠭᠳᠠᠵᠠᠢ᠃ ᠡᠭᠦᠨ ᠳᠤ ᠣᠷᠣᠨ ᠨᠤᠲᠤᠭ ᠤᠨ ᠡᠳ᠋ ᠤᠨ ᠵᠠᠰᠠᠭ ᠠᠴᠠ ᠦᠨᠳᠦᠰᠦᠨ ᠪᠦᠲᠦᠭᠡᠨ ᠪᠠᠶᠢᠭᠤᠯᠤᠯᠲᠠ ᠳᠤ 4794 ᠲᠦᠮᠡᠨ ᠲᠥᠭᠦᠷᠢᠭ ᠪᠡᠯᠡ ᠣᠷᠣᠭᠤᠯᠵᠤ᠂ ᠳᠡᠭᠡᠷ᠎ᠡ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠦ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠵᠠᠷᠤᠳᠠᠯ ᠤᠨ 1.9% ᠶᠢ ᠡᠵᠡᠯᠡᠵᠡᠢ᠃ ᠡᠨᠡ ᠬᠦ ᠬᠤᠭᠤᠴᠠᠭᠠᠨ ᠳᠤ ᠲᠠᠷᠢᠶᠠᠯᠠᠩ ᠤᠨ ᠲᠠᠯ᠎ᠠ ᠪᠠᠷ ᠪᠦᠲᠦᠮᠵᠢᠲᠡᠢ ᠤᠰᠤᠯᠤᠯᠲᠠ ᠶᠢᠨ ᠲᠠᠯᠠᠪᠠᠢ 360 ᠲᠦᠮᠡᠨ ᠮᠦ ᠨᠡᠮᠡᠭᠳᠡᠨ᠂ ᠲᠠᠷᠢᠶᠠᠯᠠᠩ ᠤᠨ ᠮᠠᠰᠢᠨ ᠤ ᠬᠥᠳᠡᠯᠭᠡᠬᠦ ᠬᠦᠴᠦᠨ 104.5 ᠺᠢᠯᠤᠸᠠᠲ ᠨᠡᠮᠡᠭᠳᠡᠵᠦ᠂ ᠲᠷᠠᠺᠲ᠋ᠣᠷ 2.03 ᠲᠦᠮᠡ ᠨᠡᠮᠡᠭᠳᠡᠵᠡᠢ᠃ 575 ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠰᠢᠭᠯᠠᠯᠲᠠ ᠳᠤ ᠣᠷᠣᠪᠠ᠃ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠯ ᠤᠨ ᠬᠦᠴᠦᠨ ᠵᠦᠢᠯ ᠳᠤ ᠭᠤᠣᠯᠳᠠᠭᠤ᠄ ᠨᠡᠭᠦᠷᠡᠰᠦᠨ ᠤ ᠭᠠᠷᠤᠯᠲᠠ ᠵᠢᠯ ᠳᠤ ᠰᠢᠨ᠎ᠡ ᠪᠠᠷ 163 ᠲᠦᠮᠡᠨ ᠲᠣᠨ ᠨᠡᠮᠡᠭᠳᠡᠵᠦ᠂ ᠴᠠᠬᠢᠯᠭᠠᠨ ᠭᠠᠷᠭᠠᠬᠤ ᠲᠥᠬᠦᠭᠡᠷᠦᠮᠵᠢ ᠶᠢᠨ ᠪᠠᠭᠲᠠᠭᠠᠮᠵᠢ 2.44 ᠺᠢᠯᠤᠸᠠᠲ ᠨᠡᠮᠡᠭᠳᠡᠨ᠂ ᠴᠠᠬᠢᠯᠭᠠᠨ ᠬᠤᠪᠢᠰᠬᠠᠬᠤ ᠲᠥᠬᠦᠭᠡᠷᠦᠮᠵᠢ 26.13 ᠲᠦᠮᠡᠨ ᠺᠢᠯᠤᠸᠤᠯᠲ ᠠᠮᠫᠧᠷ᠂ ᠴᠠᠬᠢᠯᠭᠠᠨ ᠬᠦᠷᠭᠡᠬᠦ ᠱᠣᠭᠤᠮ 136.4 ᠺᠢᠯᠣᠮᠧᠲᠷ᠂ ᠼᠧᠮᠧᠨ᠋ᠲ 34.2 ᠲᠦᠮᠡᠨ ᠲᠣᠨ ᠪᠣᠯᠵᠠᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ