ᠤᠯᠠᠭᠠᠨᠬᠠᠳᠠ ᠶᠢᠨ ᠡᠳ᠋ ᠤᠨ ᠵᠠᠰᠠᠭ ᠤᠨ ᠲᠡᠦᠬᠡᠨ ᠤᠯᠠᠷᠢᠯ ︵ᠭᠤᠷᠪᠠ︶
ᠨᠡᠶᠢᠲᠡᠯᠡᠭᠰᠡᠨ ᠴᠠᠭ᠄
2020/9/30
ᠭᠤᠷᠪᠠᠳᠤᠭᠠᠷ ᠬᠡᠰᠡᠭ ᠠᠵᠤ ᠠᠬᠤᠶᠢᠯᠠᠯ ᠤᠨ ᠣᠷᠣᠯᠭ᠎ᠠ      ᠤᠯᠠᠭᠠᠨᠬᠠᠳᠠ ᠬᠤᠲᠠ ᠶᠢᠨ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢᠨ ᠳᠣᠲᠣᠷᠠᠬᠢ ᠠᠵᠤ ᠠᠬᠤᠶᠢᠯᠠᠯ ᠤᠨ ᠣᠷᠣᠯᠭ᠎ᠠ ᠨᠢ ᠬᠤᠲᠠ ᠶᠢᠨ ᠡᠳ᠋ ᠤᠨ ᠵᠠᠰᠠᠭ ᠤᠨ ᠲᠥᠰᠥᠪ ᠤᠨ ᠳᠣᠲᠣᠷᠠᠬᠢ ᠤᠯᠤᠰ ᠤᠨ ᠦᠢᠯᠡᠳᠪᠦᠷᠢ᠂ ᠵᠠᠮ ᠬᠠᠷᠢᠯᠴᠠᠭ᠎ᠠ ᠲᠡᠭᠡᠭᠡᠪᠦᠷᠢ᠂ ᠭᠠᠳᠠᠭᠠᠳᠤ ᠠᠷᠠᠯᠵᠢᠶ᠎ᠠ᠂ ᠬᠤᠲᠠ ᠶᠢᠨ ᠨᠡᠶᠢᠲᠡ ᠶᠢᠨ ᠬᠡᠷᠡᠭᠯᠡᠭᠡ᠂ ᠡᠳ᠋ ᠪᠠᠷᠠᠭ᠎ᠠ ᠶᠢᠨ ᠬᠠᠮᠢᠶᠠᠷᠤᠯᠲᠠ ᠵᠡᠷᠭᠡ ᠠᠵᠤ ᠠᠬᠤᠶᠢᠯᠠᠯ ᠠᠴᠠ ᠢᠷᠡᠳᠡᠭ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠢᠶᠠᠷ ᠭᠤᠣᠯᠳᠠᠭᠤᠯᠵᠤ᠂ ᠲᠡᠷᠡ ᠨᠢ ᠡᠳ᠋ ᠤᠨ ᠵᠠᠰᠠᠭ ᠤᠨ ᠣᠷᠣᠯᠭ᠎ᠠ ᠶᠢᠨ ᠴᠢᠬᠤᠯᠠ ᠢᠷᠡᠯᠳᠡ ᠪᠤᠯᠵᠤ ᠪᠠᠶᠢᠳᠠᠭ᠃ ᠭᠡᠬᠦ ᠳᠤ ᠡᠳ᠋ ᠤᠨ ᠵᠠᠰᠠᠭ ᠤᠨ ᠣᠷᠣᠯᠭ᠎ᠠ ᠳᠣᠲᠤᠷᠠᠬᠢ ᠬᠠᠷᠢᠴᠠᠯ ᠨᠢ ᠠᠳᠠᠯᠢ ᠪᠤᠰᠤ ᠬᠤᠭᠤᠴᠠᠭᠠᠨ ᠳᠤ ᠨᠡᠮᠡᠭᠳᠡᠵᠦ ᠪᠠᠭᠤᠷᠠᠵᠤ ᠪᠠᠶᠢᠵᠠᠢ᠃      ᠤᠯᠤᠰ ᠪᠠᠶᠢᠭᠤᠯᠤᠭᠳᠠᠭᠰᠠᠨ ᠤ ᠡᠬᠢᠨ ᠦᠶ᠎ᠡ ᠳᠤ ᠤᠯᠤᠰ ᠠᠷᠠᠳ ᠤᠨ ᠠᠵᠤ ᠠᠬᠤᠢ ᠰᠠᠶ᠋ᠢ ᠡᠬᠢᠯᠡᠨ ᠰᠡᠷᠭᠦᠵᠦ ᠪᠠᠶᠢᠭᠰᠠᠨ ᠠᠴᠠ ᠲᠤᠬᠠᠢ ᠶᠢᠨ ᠦᠶ᠎ᠡ ᠳᠤ ᠤᠯᠠᠭᠠᠨᠬᠠᠳᠠ ᠨᠢ ᠵᠥᠪᠬᠡᠨ 19 ᠠᠵᠤ ᠦᠢᠯᠡᠳᠪᠦᠷᠢ ᠶᠢᠨ ᠠᠵᠤ ᠠᠬᠤᠶᠢᠯᠠᠯ ᠲᠠᠢ ᠪᠠᠶᠢᠪᠠ᠃ 1949 ᠣᠨ ᠠᠴᠠ 1952 ᠣᠨ ᠪᠣᠯᠲᠠᠯ᠎ᠠ ᠠᠵᠤ ᠠᠬᠤᠶᠢᠯᠠᠯ ᠤᠨ ᠣᠷᠣᠯᠭ᠎ᠠ ᠨᠢ ᠵᠥᠪᠬᠡᠨ 88.1 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 3.9% ᠶᠢ ᠡᠵᠡᠯᠡᠵᠦ ᠪᠠᠶᠢᠪᠠ᠃      ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠠᠵᠤ ᠠᠬᠤᠶᠢᠯᠠᠯ ᠤᠨ ᠣᠷᠣᠯᠭ᠎ᠠ 1283.9 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 11.5% ᠶᠢ ᠡᠵᠡᠯᠡᠨ᠂ ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠦᠶ᠎ᠡ ᠶᠢᠨ ᠬᠢ ᠠᠴᠠ 13.6 ᠳᠠᠬᠢᠨ ᠨᠡᠮᠡᠭᠳᠡᠵᠡᠢ᠃      ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠠᠵᠤ ᠠᠬᠤᠶᠢᠯᠠᠯ ᠤᠨ ᠣᠷᠣᠯᠭ᠎ᠠ 4318.9 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 8.3% ᠶᠢ ᠡᠵᠡᠯᠡᠨ᠂ ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠤ 3.36 ᠳᠠᠬᠢᠨ ᠪᠣᠯᠪᠠ᠃      ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠠᠵᠤ ᠠᠬᠤᠶᠢᠯᠠᠯ ᠤᠨ ᠣᠷᠣᠯᠭ᠎ᠠ 857.6 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 8.3% ᠶᠢ ᠡᠵᠡᠯᠡᠵᠡᠢ᠃      ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠠᠵᠤ ᠠᠬᠤᠶᠢᠯᠠᠯ ᠤᠨ ᠣᠷᠣᠯᠭ᠎ᠠ 2357.6 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 13.1% ᠶᠢ ᠡᠵᠡᠯᠡᠨ᠂ ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠬᠢ ᠠᠴᠠ ᠬᠠᠷᠢᠴᠠᠩᠭᠤᠢ ᠪᠠᠷ ᠪᠠᠭᠤᠷᠠᠬᠤ ᠬᠠᠨᠳᠤᠰᠢ ᠲᠠᠢ ᠪᠣᠯᠵᠠᠢ᠃ ᠢᠯᠠᠩᠭᠤᠶ᠎ᠠ ᠤᠤᠯ ᠤᠨ ᠲᠥᠪ ᠤᠨ ᠠᠵᠤ ᠠᠬᠤᠶᠢᠯᠠᠯ ᠳᠤ ᠬᠠᠷᠢᠶᠠᠯᠠᠭᠳᠠᠵᠤ ᠪᠠᠶᠢᠭᠰᠠᠨ ᠨᠡᠭᠦᠷᠡᠰᠦ᠂ ᠠᠮᠤ ᠪᠤᠳᠠᠭ᠎ᠠ ᠵᠡᠷᠭᠡ ᠠᠵᠤ ᠦᠢᠯᠡᠰ ᠨᠢ 1971 ᠣᠨ ᠠᠴᠠ ᠡᠬᠢᠯᠡᠵᠦ ᠬᠤᠲᠠ ᠶᠢᠨ ᠲᠦᠰᠦᠪ ᠲᠤ ᠣᠷᠣᠭᠰᠠᠨ ᠠᠴᠠ ᠠᠯᠳᠠᠭᠳᠠᠯ ᠲᠠᠢ ᠠᠵᠤ ᠠᠬᠤᠶᠢᠯᠠᠯ ᠤᠨ ᠠᠯᠳᠠᠭᠳᠠᠯ ᠨᠢ ᠵᠢᠯ ᠳᠣᠲᠣᠮ ᠨᠡᠮᠡᠭᠳᠡᠵᠠᠢ᠂ ᠡᠭᠦᠨ ᠳᠤ ᠠᠮᠤ ᠪᠤᠳᠠᠭ᠎ᠠ ᠶᠢᠨ ᠠᠵᠤ ᠠᠬᠤᠶᠢᠯᠠᠯ ᠵᠢᠯ ᠪᠦᠷᠢ 2490.7 ᠲᠦᠮᠡᠨ ᠲᠥᠭᠦᠷᠢᠭ ᠠᠯᠳᠠᠭᠳᠠᠨ᠂ ᠫᠢᠩᠵᠤᠸᠠᠩ ᠤᠨ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠨᠢ ᠵᠢᠯ ᠪᠦᠷᠢ 352.3 ᠲᠦᠮᠡᠨ ᠲᠥᠭᠦᠷᠢᠭ ᠤᠨ ᠠᠯᠳᠠᠭᠳᠠᠯ ᠭᠠᠷᠴᠤ᠂ ᠡᠳᠡᠭᠡᠷ ᠠᠵᠤ ᠠᠬᠤᠶᠢᠯᠠᠯ ᠤᠨ ᠣᠷᠣᠯᠭ᠎ᠠ ᠨᠢ 1971 ᠣᠨ ᠠᠴᠠ 1979 ᠣᠨ ᠪᠣᠯᠲᠠᠯ᠎ᠠ ᠦᠷᠭᠦᠯᠵᠢᠯᠡᠨ ᠶᠢᠰᠦᠨ ᠵᠢᠯ ᠳᠤ ᠰᠥᠭᠡᠷᠭᠦ ᠥᠰᠥᠯᠲᠡ ᠲᠠᠢ ᠪᠣᠯᠵᠤ᠂ ᠨᠡᠶᠢᠲᠡ 1288.3 ᠲᠦᠮᠡᠨ ᠲᠥᠭᠦᠷᠢᠭ ᠤᠨ ᠠᠯᠳᠠᠭᠳᠠᠯ ᠭᠠᠷᠴᠠᠢ᠃      1980 ᠣᠨ ᠠᠴᠠ 1982 ᠣᠨ ᠪᠣᠯᠲᠠᠯ᠎ᠠ ᠠᠵᠤ ᠠᠬᠤᠶᠢᠯᠠᠯ ᠤᠨ ᠣᠷᠣᠯᠭ᠎ᠠ ᠨᠢ ᠳᠠᠬᠢᠨ ᠥᠰᠴᠦ᠂ 5460.3 ᠲᠦᠮᠡᠨ ᠲᠥᠭᠦᠷᠢᠭ ᠲᠤ ᠬᠦᠷᠪᠡ᠃      1983 ᠣᠨ ᠠᠴᠠ 1985 ᠣᠨ ᠪᠣᠯᠲᠠᠯ᠎ᠠ ᠠᠯᠳᠠᠭᠳᠠᠯ ᠲᠠᠢ ᠠᠵᠤ ᠠᠬᠤᠶᠢᠯᠠᠯ ᠨᠡᠮᠡᠭᠳᠡᠵᠦ᠂ ᠬᠤᠨᠵᠢᠪᠤᠷᠢ ᠪᠠ ᠠᠯᠳᠠᠭᠳᠠᠯ ᠢ ᠲᠤᠯᠭᠠᠭᠠᠳ᠂ ᠠᠵᠤ ᠠᠬᠤᠶᠢᠯᠠᠯ ᠤᠨ ᠣᠷᠣᠯᠭ᠎ᠠ ᠨᠢ ᠳᠠᠬᠢᠨᠲᠠ ᠪᠠᠭᠤᠷᠠᠵᠤ᠂ ᠰᠥᠬᠡᠷᠬᠦ 5791.6 ᠲᠦᠮᠡᠨ ᠲᠥᠭᠦᠷᠢᠭ ᠪᠣᠯᠪᠠ᠃      1986 ᠣᠨ ᠠᠴᠠ 1990 ᠣᠨ ᠪᠣᠯᠲᠠᠯ᠎ᠠ ᠠᠵᠤ ᠠᠬᠤᠶᠢᠯᠠᠯ ᠤᠨ ᠣᠷᠣᠯᠭ᠎ᠠ ᠨᠢ ᠶᠡᠭᠡ ᠬᠡᠯᠪᠡᠯᠵᠡᠯ ᠲᠠᠢ ᠪᠣᠯᠵᠤ᠂ ᠠᠮᠤ ᠪᠤᠳᠠᠭ᠎ᠠ ᠶᠢᠨ ᠠᠵᠤ ᠠᠬᠤᠶᠢᠯᠠᠯ ᠤᠨ ᠠᠯᠳᠠᠭᠳᠠᠯ ᠨᠢ ᠵᠢᠯ ᠳᠠᠷᠠᠭᠠᠯᠠᠨ ᠨᠡᠮᠡᠭᠳᠡᠵᠦ᠂ ᠠᠵᠤ ᠠᠬᠤᠶᠢᠯᠠᠯ ᠤᠨ ᠠᠯᠳᠠᠭᠳᠠᠯ ᠣᠯᠠᠰᠢᠷᠠᠪᠠ᠃ 1986 ᠣᠨ ᠳᠤ ᠠᠵᠤ ᠠᠬᠤᠶᠢᠯᠠᠯ ᠤᠨ ᠣᠷᠣᠯᠭ᠎ᠠ ᠨᠢ ᠠᠯᠳᠠᠭᠳᠠᠯ ᠠᠴᠠ ᠪᠠᠨ ᠶᠡᠭᠡ ᠪᠣᠯᠵᠤ᠂ ᠣᠷᠣᠯᠭ᠎ᠠ ᠨᠢ 399.7 ᠲᠦᠮᠡᠨ ᠲᠥᠭᠦᠷᠢᠭ ᠪᠣᠯᠪᠠ᠃      1987 ᠣᠨ ᠠᠴᠠ 1988 ᠣᠨ ᠪᠣᠯᠲᠠᠯᠠᠬᠢ ᠬᠤᠶᠠᠷ ᠵᠢᠯ ᠳᠤ ᠠᠵᠤ ᠠᠬᠤᠶᠢᠯᠠᠯ ᠤᠨ ᠠᠯᠳᠠᠭᠳᠠᠯ ᠨᠢ ᠳᠠᠬᠢᠭᠠᠳ ᠣᠷᠣᠯᠭ᠎ᠠ ᠠᠴᠠ ᠪᠠᠨ ᠶᠡᠭᠡ ᠪᠣᠯᠵᠤ᠂ ᠬᠤᠨᠵᠢᠪᠤᠷᠢ ᠪᠠ ᠠᠯᠳᠠᠭᠳᠠᠯ ᠢ ᠲᠤᠯᠭᠠᠭᠠᠳ᠂ ᠰᠦᠬᠡᠷᠬᠦ 821 ᠲᠦᠮᠡᠨ ᠲᠥᠭᠦᠷᠢᠭ ᠪᠣᠯᠪᠠ᠃      1989 ᠣᠨ ᠪᠠ 1990 ᠣᠨ ᠳᠤ ᠠᠮᠤ ᠪᠤᠳᠠᠭ᠎ᠠ ᠶᠢᠨ ᠦᠢᠯᠡᠰ ᠤᠨ ᠠᠯᠳᠠᠭᠳᠠᠯ ᠢ ᠬᠠᠰᠤᠵᠤ ᠪᠣᠳᠤᠪᠠᠯ᠂ ᠠᠵᠤ ᠠᠬᠤᠶᠢᠯᠠᠯ ᠤᠨ ᠣᠷᠣᠯᠭ᠎ᠠ ᠨᠢ 600 ᠲᠦᠮᠡᠨ ᠲᠥᠭᠦᠷᠢᠭ ᠪᠠᠶᠢᠪᠠ᠃ ᠪᠦᠷᠢᠳᠬᠡᠯ ᠢ ᠦᠨᠳᠦᠰᠦᠯᠡᠪᠡᠯ᠂ ᠠᠮᠤ ᠪᠤᠳᠠᠭ᠎ᠠ ᠶᠢᠨ ᠠᠵᠤ ᠠᠬᠤᠶᠢᠯᠠᠯ ᠢ 1971 ᠣᠨ ᠳᠤ ᠲᠥᠪ ᠠᠴᠠ ᠣᠷᠣᠨ ᠨᠤᠲᠤᠭ ᠲᠤ ᠰᠢᠯᠵᠢᠭᠦᠯᠦᠨ ᠦᠭᠭᠦᠭᠰᠡᠨ ᠠᠴᠠ ᠰᠡᠭᠦᠯᠡᠷ᠂ 1971 ᠣᠨ ᠠᠴᠠ 1990 ᠣᠨ ᠪᠣᠯᠲᠠᠯ᠎ᠠ ᠠᠮᠤ ᠪᠤᠳᠠᠭ᠎ᠠ ᠶᠢᠨ ᠠᠵᠤ ᠠᠬᠤᠶᠢᠯᠠᠯ ᠨᠢ 8 ᠳ᠋ᠦᠩᠰᠢᠭᠤᠷ ᠲᠥᠭᠦᠷᠢᠭ ᠤᠨ ᠠᠯᠳᠠᠭᠳᠠᠯ ᠲᠠᠢ ᠪᠣᠯᠵᠠᠢ᠃ᠳᠦᠷᠪᠡᠳᠦᠭᠡᠷ ᠬᠡᠰᠡᠭ ᠪᠤᠰᠤᠳ ᠣᠷᠣᠯᠭ᠎ᠠ      ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠪᠤᠰᠤᠳ ᠣᠷᠣᠯᠭ᠎ᠠ ᠨᠢ ᠪᠦᠬᠦ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠳᠣᠲᠣᠷ᠎ᠠ ᠬᠡᠳᠦ᠋ᠢᠪᠡᠷ ᠪᠠᠭ᠎ᠠ ᠬᠠᠷᠢᠴᠠᠯ ᠢ ᠡᠵᠡᠯᠡᠵᠦ ᠪᠠᠶᠢᠳᠠᠭ ᠴᠦ ᠲᠥᠷᠥᠯ ᠵᠦᠢᠯ ᠨᠢ ᠣᠯᠠᠨ ᠪᠠᠶᠢᠵᠤ᠂ ᠡᠯ᠎ᠡ ᠵᠢᠯ ᠤᠳ ᠲᠠᠬᠢ ᠲᠥᠷᠥᠯ ᠵᠦᠢᠯ ᠨᠢ ᠴᠦ ᠠᠳᠠᠯᠢ ᠦᠭᠡᠢ ᠪᠠᠶᠢᠪᠠ᠃ ᠭᠤᠣᠯᠳᠠᠭᠤ᠄ ᠲᠣᠷᠭᠠᠭᠤᠯᠢ ᠶᠢᠨ ᠣᠷᠣᠯᠭ᠎ᠠ᠂ ᠱᠠᠮᠰᠢᠭᠠᠳ ᠪᠤᠴᠠᠭᠠᠭᠰᠠᠨ ᠣᠷᠣᠯᠭ᠎ᠠ᠂ ᠲᠤᠰᠬᠠᠢ ᠮᠥᠩᠭᠦᠨ ᠤ ᠣᠷᠣᠯᠭ᠎ᠠ᠂ ᠤᠯᠤᠰ ᠤᠨ ᠲᠥᠰᠥᠪ ᠤᠨ ᠲᠣᠬᠢᠷᠠᠭᠤᠯᠭ᠎ᠠ ᠶᠢᠨ ᠰᠠᠭᠤᠷᠢ ᠮᠥᠩᠭᠦ ᠪᠠ ᠪᠤᠰᠤᠳ ᠣᠷᠣᠯᠭ᠎ᠠ ᠪᠣᠯᠣᠨ᠎ᠠ᠃      ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠦᠶ᠎ᠡ ᠳᠤ ᠪᠤᠰᠤᠳ ᠣᠷᠣᠯᠭ᠎ᠠ 155.2 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 6.8% ᠶᠢ ᠡᠵᠡᠯᠡᠪᠡ᠃      ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠣᠷᠣᠯᠭ᠎ᠠ 351.3 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 3.1% ᠶᠢ ᠡᠵᠡᠯᠡᠪᠡ᠃      ︽ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠣᠷᠣᠯᠭ᠎ᠠ 1230.7 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 6.5% ᠶᠢ ᠡᠵᠡᠯᠡᠪᠡ᠃      ᠭᠤᠷᠪᠠᠨ ᠵᠢᠯ ᠤᠨ ᠲᠣᠬᠢᠷᠠᠭᠤᠯᠤᠯᠲᠠ ᠶᠢᠨ ᠬᠤᠭᠤᠴᠠᠭᠠᠨ ᠳᠤ ᠪᠤᠰᠤᠳ ᠣᠷᠣᠯᠭ᠎ᠠ 400.6 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 3.1% ᠶᠢ ᠡᠵᠡᠯᠡᠪᠡ᠃      ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠣᠷᠣᠯᠭ᠎ᠠ 302.6 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 1.7% ᠶᠢ ᠡᠵᠡᠯᠡᠪᠡ᠃      ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠣᠷᠣᠯᠭ᠎ᠠ 366.4 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 2.8% ᠶᠢ ᠡᠵᠡᠯᠡᠪᠡ᠃      ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠣᠷᠣᠯᠭ᠎ᠠ 257.9 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 1% ᠶᠢ ᠡᠵᠡᠯᠡᠪᠡ᠃      ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠣᠷᠣᠯᠭ᠎ᠠ 801.9 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 1.6% ᠶᠢ ᠡᠵᠡᠯᠡᠪᠡ᠃      ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠤᠰᠤᠳ ᠣᠷᠣᠯᠭ᠎ᠠ 7774.2 ᠲᠦᠮᠡᠨ ᠲᠥᠭᠦᠷᠢᠭ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 6.4% ᠶᠢ ᠡᠵᠡᠯᠡᠪᠡ᠃      1949 ᠣᠨ ᠠᠴᠠ 1990 ᠣᠨ ᠪᠣᠯᠲᠠᠯ᠎ᠠ ᠪᠦᠬᠦ ᠬᠤᠲᠠ ᠶᠢᠨ ᠪᠤᠰᠤᠳ ᠣᠷᠣᠯᠭ᠎ᠠ ᠶᠢᠨ ᠶᠡᠷᠦᠩᠬᠡᠢ ᠲᠤᠭ᠎ᠠ 1405.6 ᠲᠦᠮᠡᠨ ᠲᠥᠭᠦᠷᠢᠭ ᠪᠣᠯᠵᠤ᠂ ᠮᠦᠨ ᠬᠤᠭᠤᠴᠠᠭᠠᠨ ᠤ ᠡᠳ᠋ ᠤᠨ ᠵᠠᠰᠠᠭ ᠤᠨ ᠣᠷᠣᠯᠭ᠎ᠠ ᠶᠢᠨ 5.2% ᠢ ᠡᠵᠡᠯᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ