ᠨᠢᠭᠡᠳᠦᠭᠡᠷ ᠪᠦᠯᠦᠭ ᠡᠳ᠋ ᠤᠨ ᠵᠠᠰᠠᠭ ᠤᠨ ᠣᠷᠣᠯᠭ᠎ᠠ | ᠨᠢᠭᠡᠳᠦᠭᠡᠷ ᠬᠡᠰᠡᠭ ᠣᠷᠣᠯᠭ᠎ᠠ ᠶᠢᠨ ᠪᠠᠶᠢᠳᠠᠯ | ᠴᠢᠩ ᠤᠯᠤᠰ ᠤᠨ ᠦᠶ᠎ᠡ ᠳᠤ ᠡᠳ᠋ ᠤᠨ ᠵᠠᠰᠠᠭ ᠤᠨ ᠬᠠᠮᠢᠶᠠᠷᠤᠯᠲᠠ ᠳᠤ ᠲᠦᠪ ᠲᠤ ᠲᠥᠪᠯᠡᠷᠡᠭᠦᠯᠦᠨ ᠡᠵᠡᠮᠰᠢᠬᠦ ᠳᠦᠷᠢᠮ ᠢ ᠬᠡᠷᠡᠭᠵᠢᠭᠦᠯᠵᠦ ᠪᠠᠶᠢᠪᠠ᠂ | ᠣᠷᠣᠨ ᠨᠤᠲᠤᠭ ᠤᠨ ᠭᠠᠶᠢᠯᠢ ᠭᠤᠪᠴᠢᠭᠤᠷ ᠤᠨ ᠣᠷᠣᠯᠭ᠎ᠠ ᠶᠢ ᠪᠦᠬᠦᠳᠡ ᠤᠯᠤᠰ ᠤᠨ ᠰᠠᠩ ᠳᠤ ᠨᠡᠶᠢᠯᠡᠭᠦᠯᠳᠡᠭ ᠪᠠᠶᠢᠵᠠᠢ᠂ ᠣᠷᠣᠨ ᠨᠤᠲᠤᠭ ᠤᠨ ᠬᠡᠷᠡᠭᠯᠡᠬᠦ | ᠲᠤᠭᠲᠠᠮᠠᠯ ᠴᠠᠯᠢᠩ ᠹᠦᠩᠯᠦ᠂ ᠵᠠᠷᠤᠵᠤ ᠪᠠᠷᠢᠬᠤ ᠵᠠᠷᠤᠳᠠᠯ ᠢᠶᠠᠨ ᠦᠯᠡᠳᠡᠭᠡᠵᠦ ᠠᠪᠤᠭᠠᠳ ᠪᠣᠰᠤᠳ ᠢ ᠨᠢ ᠲᠤᠭ᠎ᠠ ᠶᠣᠰᠣᠭᠠᠷ ᠲᠥᠪ ᠲᠤ ᠲᠤᠰᠢᠶᠠᠳᠠᠭ ᠪᠠᠶᠢᠨ᠎ᠠ᠃ | ᠣᠷᠣᠨ ᠨᠤᠲᠤᠭ ᠨᠢ ᠬᠡᠷᠪᠡ ᠪᠤᠰᠤᠳ ᠵᠠᠷᠤᠳᠠᠯ ᠭᠠᠷᠪᠠᠯ ᠤᠷᠢᠳ ᠢᠶᠠᠷ ᠭᠠᠳᠠᠭᠠᠳᠤ ᠮᠣᠩᠭᠤᠯ ᠤᠨ ᠲᠥᠷᠥ ᠶᠢ ᠵᠠᠰᠠᠬᠤ ᠶᠠᠪᠤᠳᠠᠯ ᠤᠨ ᠶᠠᠮᠤᠨ ᠳᠤ ᠮᠡᠳᠡᠭᠦᠯᠦᠨ | ᠵᠥᠪᠰᠢᠶᠡᠷᠡᠭᠦᠯᠦᠮᠡᠨᠵᠢᠨ ᠰᠠᠶ᠋ᠢ ᠵᠠᠷᠤᠵᠤ ᠪᠤᠯᠤᠨ᠎ᠠ᠃ ᠲᠢᠩᠬᠢᠮ᠂ ᠵᠧᠤ᠂ ᠰᠢᠶᠠᠨ ᠨᠢ ᠵᠠᠷᠤᠬᠤ ᠡᠷᠬᠡ ᠭᠡᠵᠦ ᠥᠴᠦᠬᠡᠨ ᠴᠦ ᠪᠠᠶᠢᠳᠠᠭ ᠦᠭᠡᠢ᠃ ᠵᠤᠰᠤᠲᠤ᠂ ᠵᠤᠤ | ᠤᠳᠠ ᠬᠤᠶᠠᠷ ᠠᠶᠢᠮᠠᠭ ᠤᠨ ᠣᠷᠣᠨ ᠨᠤᠲᠤᠭ ᠤᠨ ᠣᠷᠣᠯᠭ᠎ᠠ ᠨᠢ ᠴᠢᠩ ᠤᠯᠤᠰ ᠤᠨ ᠡᠬᠢᠨ ᠳᠤ ᠬᠤᠰᠢᠭᠤᠨ ᠵᠠᠰᠠᠭ ᠤᠨ ᠬᠠᠷᠢᠶᠠᠲᠤ ᠠᠴᠠ ᠪᠠᠨ ᠮᠠᠯ ᠠᠬᠤᠢ ᠡᠳ᠋ | ᠪᠤᠳᠠᠰ ᠲᠠᠲᠠᠪᠤᠷᠢᠯᠠᠬᠤ ᠳᠤ ᠲᠦᠰᠢᠭᠯᠡᠵᠦ ᠪᠠᠶᠢᠪᠠ᠃ ᠨᠠᠶᠢᠷᠠᠯᠲᠤ ᠲᠥᠪ᠂ ᠲᠩᠷᠢ ᠲᠡᠳᠬᠦᠭᠴᠢ ᠠᠴᠠ ᠰᠡᠭᠦᠯᠡᠷ ᠲᠤᠬᠠᠢ ᠶᠢᠨ ᠭᠠᠵᠠᠷ ᠲᠠᠷᠢᠶᠠᠯᠠᠬᠤ ᠬᠥᠮᠥᠨ ᠠᠮᠠ | ᠰᠠᠭᠤᠷᠢᠰᠢᠭᠰᠠᠨ ᠪᠠ ᠠᠷᠠᠯᠵᠢᠶᠠᠴᠢᠳ ᠨᠡᠮᠡᠭᠳᠡᠬᠦ ᠶᠢ ᠳᠠᠭᠠᠯᠳᠤᠨ᠂ ᠴᠢᠩ ᠣᠯᠣᠰ ᠤᠨ ᠭᠠᠳᠠᠭᠠᠳᠤ ᠮᠣᠩᠭᠤᠯ ᠤᠨ ᠲᠥᠷᠥ ᠶᠢ ᠵᠠᠰᠠᠬᠤ ᠶᠠᠪᠤᠳᠠᠯ ᠤᠨ ᠶᠠᠮᠤᠨ ᠠᠴᠠ | ᠤᠯᠠᠭᠠᠨᠬᠠᠳᠠ ᠳᠤ ᠲᠣᠮᠢᠯᠠᠭᠰᠠᠨ ᠪᠠᠶᠢᠭᠤᠯᠤᠮᠵᠢ ᠭᠠᠷᠭᠠᠵᠤ᠂ ᠭᠠᠶᠢᠯᠢ ᠶᠢᠨ ᠵᠤᠷᠭᠠᠨ ᠤ ᠲᠤᠰᠢᠶᠠᠯᠲᠠᠨ ᠲᠣᠮᠢᠯᠠᠪᠠ᠃ ᠲᠩᠷᠢ ᠲᠡᠳᠬᠦᠭᠴᠢ ᠶᠢᠨ ᠠᠷᠪᠠᠨ ᠭᠤᠷᠪᠠᠳᠤᠭᠠᠷ | ᠣᠨ ︵1748 ᠣᠨ︶ ᠳᠤ ᠲᠤᠰ ᠣᠷᠣᠨ ᠨᠢ ᠬᠥᠮᠥᠨ ᠲᠠᠷᠢᠶ᠎ᠠ ᠶᠢ ᠲᠡᠭᠰᠢᠳᠭᠡᠭᠰᠡᠨ ᠭᠠᠶᠢᠯᠢ᠂ ᠵᠠᠭᠤᠴᠢ ᠶᠢᠨ ᠭᠠᠶᠢᠯᠢ᠂ ᠲᠠᠮᠠᠬᠢ ᠠᠷᠢᠬᠢᠨ ᠤ ᠭᠠᠶᠢᠯᠢ | ᠲᠠᠲᠠᠪᠤᠷᠢᠯᠠᠪᠠ᠃ ᠲᠩᠷᠢ ᠲᠡᠳᠬᠦᠭᠴᠢ ᠶᠢᠨ ᠠᠷᠪᠠᠨ ᠳᠣᠯᠤᠳᠤᠭᠠᠷ ᠣᠨ ︵1752 ᠣᠨ︶ ᠳᠤ ᠪᠡᠭᠧᠤ ᠶᠢᠨ ᠭᠠᠶᠢᠯᠢ ᠶᠢᠨ ᠵᠤᠷᠭᠠᠨ ᠨᠢ ᠵᠢᠯ ᠪᠦᠷᠢ ᠶᠢᠨ | ᠲᠠᠲᠠᠪᠤᠷᠢᠯᠠᠭᠰᠠᠨ ᠮᠥᠩᠭᠦᠨ ᠠᠴᠠ ᠲᠤᠭ᠎ᠠ ᠲᠠᠢ ᠵᠠᠷᠤᠳᠠᠯ ᠢᠶᠠᠨ ᠭᠠᠷᠭᠠᠭᠠᠳ᠂ ᠦᠯᠡᠳᠡᠭᠰᠡᠨ ᠮᠥᠩᠭᠦᠨ ᠠᠴᠠ ᠠᠷᠪᠠᠨ ᠤ ᠬᠤᠶᠠᠷ ᠢ ᠨᠢ ᠬᠠᠷᠠᠴᠢᠨ ᠪᠠᠷᠠᠭᠤᠨ | ᠬᠤᠰᠢᠭᠤᠨ ᠳᠤ ᠱᠠᠩᠨᠠᠳᠠᠭ ᠪᠠᠶᠢᠵᠠᠢ᠃ ᠲᠩᠷᠢ ᠲᠡᠳᠬᠦᠭᠴᠢ ᠶᠢᠨ ᠬᠤᠷᠢᠨ ᠨᠢᠭᠡᠳᠦᠭᠡᠷ ᠣᠨ ︵1756 ᠣᠨ︶ ᠳᠤ ᠤᠯᠠᠭᠠᠨᠬᠠᠳᠠ ᠶᠢᠨ ᠭᠠᠶᠢᠯᠢ ᠶᠢᠨ | ᠶᠠᠪᠤᠳᠠᠯ ᠤᠨ ᠵᠤᠷᠭᠠᠨ ᠭᠠᠶᠢᠯᠢ ᠶᠢᠨ ᠮᠥᠩᠭᠦᠨ ᠤ ᠦᠯᠡᠳᠡᠭᠳᠡᠯ ᠠᠴᠠ ᠣᠩᠨᠢᠭᠤᠳ ᠪᠠᠷᠠᠭᠤᠨ ᠬᠤᠰᠢᠭᠤᠨ ᠳᠤ ᠠᠷᠪᠠᠨ ᠤ ᠭᠤᠷᠪᠠ ᠶᠢ ᠨᠢ ᠱᠠᠩᠨᠠᠬᠤ ᠶᠢ | ᠵᠥᠪᠰᠢᠶᠡᠷᠡᠪᠡ᠃ ᠴᠢᠩ ᠣᠯᠣᠰ ᠤᠨ ᠲᠩᠷᠢ ᠲᠡᠳᠬᠦᠭᠴᠢ᠂ ᠲᠦᠭᠡᠮᠡᠯ ᠡᠯᠪᠡᠭᠲᠦ ᠶᠢᠨ ᠦᠶ᠎ᠡ ᠳᠤ ᠠᠷᠠᠯᠵᠢᠶᠠᠴᠢᠳ ᠫᠦᠰᠡ ᠡᠷᠬᠢᠯᠡᠨ᠂ ᠭᠡᠷ ᠪᠠᠷᠢᠵᠤ᠂ ᠭᠠᠵᠠᠷ | ᠲᠦᠷᠢᠶᠡᠰᠦᠯᠡᠬᠦ ᠳᠤ ᠭᠠᠵᠠᠷ ᠤᠨ ᠮᠥᠩᠭᠦ ᠲᠤᠰᠢᠶᠠᠬᠤ ᠠᠴᠠ ᠭᠠᠳᠠᠨ᠎ᠠ ᠬᠤᠰᠢᠭᠤ ᠵᠠᠰᠠᠭ ᠨᠢ ᠠᠷᠠᠯᠵᠢᠶᠠᠴᠢᠨ ᠢᠷᠭᠡᠨ ᠤ ᠠᠰᠢᠭ ᠣᠷᠣᠯᠭ᠎ᠠ ᠠᠴᠠ ︽ᠲᠠᠲᠠᠪᠤᠷᠢ︾ | ᠲᠠᠲᠠᠵᠤ ᠣᠷᠣᠨ ᠨᠤᠲᠤᠭ ᠲᠤ ᠪᠠᠨ ᠬᠡᠷᠡᠭᠯᠡᠵᠦ ᠪᠠᠶᠢᠵᠠᠢ᠃ ᠣᠷᠣᠨ ᠨᠤᠲᠤᠭ ᠤᠨ ᠵᠠᠷᠤᠳᠠᠯ ᠡᠳᠦᠷ ᠲᠣᠲᠣᠮ ᠨᠡᠮᠡᠭᠳᠡᠭᠰᠡᠨ ᠠᠴᠠ ᠪᠠᠳᠠᠷᠠᠭᠤᠯᠲᠤ ᠲᠦᠷᠦ ᠶᠢᠨ | ᠠᠷᠪᠠᠳᠤᠭᠠᠷ ᠣᠨ ︵1884 ᠣᠨ︶ ᠳᠤ ᠪᠡᠭᠧᠤ ᠶᠢᠨ ᠠᠯᠪᠠᠨ ᠭᠠᠶᠢᠯᠢ ᠶᠢᠨ ᠮᠥᠩᠭᠦ ᠠᠴᠠ ᠬᠠᠷᠠᠴᠢᠨ ᠬᠤᠰᠢᠭᠤᠨ ᠳᠤ ᠱᠠᠩᠨᠠᠳᠠᠭ ᠨᠢᠭᠡ ᠬᠤᠪᠢ ᠶᠢᠨ ᠮᠥᠩᠭᠦ ᠶᠢ | ᠠᠷᠪᠠᠨ ᠵᠢᠯ ᠢᠶᠠᠷ ᠤᠷᠢᠳᠴᠢᠯᠠᠨ ᠠᠪᠬᠤ ᠶᠢ ᠵᠥᠪᠰᠢᠶᠡᠷᠡᠵᠦ᠂ ᠪᠠᠳᠠᠷᠠᠭᠤᠯᠲᠤ ᠲᠦᠷᠦ ᠶᠢᠨ ᠠᠷᠪᠠᠨ ᠨᠠᠢᠮᠠᠳᠤᠭᠠᠷ ᠣᠨ ︵1892 ᠣᠨ︶ ᠳᠤ ᠪᠡᠭᠧᠤ ᠶᠢᠨ ᠠᠯᠪᠠᠨ | ᠭᠠᠶᠢᠯᠢ ᠶᠢᠨ ᠮᠥᠩᠭᠦ ᠠᠴᠠ ᠬᠠᠷᠠᠴᠢᠨ ᠬᠤᠰᠢᠭᠤᠨ ᠳᠤ ᠱᠠᠩᠨᠠᠳᠠᠭ ᠬᠤᠶᠠᠷ ᠬᠤᠪᠢ ᠶᠢᠨ ᠮᠥᠩᠭᠦ ᠶᠢ ᠠᠷᠪᠠᠨ ᠵᠢᠯ ᠢᠶᠠᠷ ᠤᠷᠢᠳᠴᠢᠯᠠᠨ ᠠᠪᠬᠤ ᠶᠢ ᠵᠥᠪᠰᠢᠶᠡᠷᠡᠪᠡ᠃ | ᠬᠠᠷ᠎ᠠ ᠲᠠᠮᠠᠬᠢ ᠶᠢᠨ ᠳᠠᠶᠢᠨ ᠠᠴᠠ ᠰᠡᠭᠦᠯᠡᠷ ᠬᠦᠴᠦᠷᠬᠡᠭ ᠭᠦᠷᠦᠨ ᠨᠦᠭᠦᠳ ᠤᠨ ᠲᠦᠷᠢᠮᠡᠬᠡᠶᠢᠯᠡᠯ ᠠᠴᠠ ᠪᠣᠯᠵᠤ ᠴᠢᠩ ᠤᠯᠤᠰ ᠤᠨ ᠲᠦᠷᠦ ᠳᠣᠲᠣᠨ᠎ᠠ ᠭᠠᠳᠠᠨ᠎ᠠ ᠶᠢᠨ | ᠬᠢᠮᠤᠷᠠᠯ ᠳᠤ ᠤᠯᠤᠰ ᠤᠨ ᠬᠥᠮᠥᠷᠭᠡ ᠨᠢ ᠬᠤᠭᠤᠰᠤᠷᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠨᠢ ᠰᠠᠮᠠᠭᠤᠷᠠᠨ᠂ ᠣᠷᠣᠨ ᠨᠤᠲᠤᠭ ᠨᠢ ᠦᠪᠡᠷ ᠢᠶᠠᠨ ᠲᠠᠲᠠᠪᠤᠷᠢᠯᠠᠨ | ᠦᠪᠡᠷ ᠢᠶᠠᠨ ᠬᠡᠷᠡᠭᠯᠡᠬᠦ ᠪᠣᠯᠪᠠ᠃ ᠵᠢᠱᠢᠶᠡᠯᠡᠪᠡᠯ᠂ ᠬᠠᠷᠠᠴᠢᠨ ᠪᠠᠷᠠᠭᠤᠨ ᠬᠤᠰᠢᠭᠤᠨ ᠤ ᠸᠠᠩ ᠤᠨ ᠣᠷᠳᠣᠨ ᠤ ᠡᠳ᠋ ᠤᠨ ᠵᠠᠰᠠᠭ ᠤᠨ ᠬᠠᠮᠢᠶᠠᠷᠤᠯᠲᠠ ᠳᠤ ᠬᠤᠶᠠᠷ | ᠰᠠᠯᠠᠭ᠎ᠠ ᠮᠥᠴᠢᠷ ᠬᠤᠪᠢᠶᠠᠵᠤ ᠪᠠᠶᠢᠵᠠᠢ᠃ ᠨᠢᠭᠡ ᠨᠢ ᠵᠠᠷᠤᠳᠠᠯ ᠵᠣᠬᠢᠴᠠᠭᠤᠯᠬᠤ ᠲᠣᠪᠴᠢᠶ᠎ᠠ᠂ ᠨᠦᠭᠦᠭᠡ ᠨᠢ ᠬᠡᠷᠡᠭ ᠤᠴᠢᠷ ᠬᠠᠮᠢᠶᠠᠷᠬᠤ ᠭᠠᠵᠠᠷ ᠪᠣᠯᠣᠨ᠎ᠠ᠃ | ᠵᠠᠷᠤᠳᠠᠯ ᠵᠣᠬᠢᠴᠠᠭᠤᠯᠬᠤ ᠲᠣᠪᠴᠢᠶ᠎ᠠ ᠨᠢ ᠬᠤᠰᠢᠭᠤᠨ ᠤ ᠶᠠᠪᠤᠳᠠᠯ ᠨᠡᠶᠢᠲᠡ ᠶᠢᠨ ᠬᠦᠷᠦᠩᠭᠡ ᠶᠢ ᠬᠠᠮᠢᠶᠠᠷᠴᠦ᠂ ᠬᠡᠷᠡᠭ ᠤᠴᠢᠷ ᠬᠠᠮᠢᠶᠠᠷᠬᠤ ᠭᠠᠵᠠᠷ ᠨᠢ ᠸᠠᠩ ᠤᠨ | ᠣᠷᠳᠣᠨ ᠤ ᠬᠤᠪᠢ ᠶᠢᠨ ᠬᠥᠷᠥᠩᠭᠡ ᠶᠢ ᠲᠤᠰᠬᠠᠢ ᠬᠠᠮᠢᠶᠠᠷᠴᠦ ᠪᠠᠶᠢᠪᠠ᠃ ᠪᠠᠳᠠᠷᠠᠭᠤᠯᠲᠤ ᠲᠦᠷᠦ ᠶᠢᠨ ᠭᠤᠴᠢᠨ ᠭᠤᠷᠪᠠᠳᠤᠭᠠᠷ ᠣᠨ ︵1907 ᠣᠨ︶ ᠳᠤ | ᠵᠠᠷᠤᠳᠠᠯ ᠵᠣᠬᠢᠴᠠᠭᠤᠯᠬᠤ ᠲᠣᠪᠴᠢᠶ᠎ᠠ ᠶᠢᠨ ᠵᠠᠷᠤᠳᠠᠯ 24260 ᠬᠡᠯᠬᠢᠶ᠎ᠡ ᠵᠣᠭᠤᠰ ᠪᠠᠶᠢᠵᠠᠢ᠂ ᠡᠭᠦᠨ ᠳᠤ᠄ ᠴᠠᠯᠢᠩ 18100 ᠬᠡᠯᠬᠢᠶ᠎ᠡ ︵ᠲᠠᠮᠠᠭᠠᠨ ᠲᠤᠰᠠᠯᠠᠭᠴᠢ | 1 ᠬᠥᠮᠥᠨ 5760 ᠬᠡᠯᠬᠢᠶ᠎ᠡ᠂ ᠲᠤᠰᠠᠯᠠᠭᠴᠢ 2 ᠬᠥᠮᠥᠨ 400 ᠬᠡᠯᠬᠢᠶ᠎ᠡ᠂ ᠬᠤᠰᠢᠭᠤᠨ ᠵᠠᠬᠢᠷᠤᠭᠴᠢ 1 ᠬᠥᠮᠥᠨ 300 ᠬᠡᠯᠬᠢᠶ᠎ᠡ᠂ ᠮᠡᠶᠢᠷᠡᠨ ᠵᠠᠬᠢᠷᠤᠭᠴᠢ 2 | ᠬᠥᠮᠥᠨ 400 ᠬᠡᠯᠬᠢᠶ᠎ᠡ᠂ ᠲᠠᠮᠠᠭᠠᠨ ᠵᠠᠯᠠᠨ 1 ᠬᠥᠮᠥᠨ 60 ᠬᠡᠯᠬᠢᠶ᠎ᠡ᠂ ᠪᠢᠴᠢᠭᠡᠴᠢ 5 ᠬᠥᠮᠥᠨ 100 ᠬᠡᠯᠬᠢᠶ᠎ᠡ᠂ ᠵᠠᠯᠠᠨ 8 ᠬᠥᠮᠥᠨ 640 ᠬᠡᠯᠬᠢᠶ᠎ᠡ᠂ | ᠬᠠᠮᠠᠭᠠᠯᠠᠬᠤ ᠠᠩᠭᠢ ᠶᠢᠨ ᠳᠠᠷᠤᠭ᠎ᠠ 1 ᠬᠥᠮᠥᠨ 480 ᠬᠡᠯᠬᠢᠶ᠎ᠡ᠂ ᠬᠢᠶ᠎ᠠ 40 ᠬᠥᠮᠥᠨ 9600 ᠬᠡᠯᠬᠢᠶ᠎ᠡ᠂ ᠲᠠᠬᠠᠷ 6 ᠬᠥᠮᠥᠨ 360 ᠬᠡᠯᠬᠢᠶ᠎ᠡ︶᠂ ᠪᠠᠷᠢᠯᠭ᠎ᠠ | ᠵᠠᠰᠠᠵᠤ ᠰᠡᠯᠪᠢᠭᠰᠡᠨ ᠰᠦᠢᠳᠬᠡᠯ 300 ᠬᠡᠯᠬᠢᠶ᠎ᠡ᠂ ᠨᠤᠮ ᠠᠶᠢᠯᠠᠳᠤᠭᠤᠯᠤᠭᠰᠠᠨ ᠵᠣᠭᠤᠰ 100 ᠬᠡᠯᠬᠢᠶ᠎ᠡ᠂ ᠨᠡᠶᠢᠰᠯᠡᠯ ᠤᠨ ᠠᠯᠪᠠᠨ ᠳᠤ ᠶᠠᠪᠤᠭᠰᠠᠳ ᠤᠨ ᠵᠠᠮ ᠤᠨ | ᠵᠣᠭᠤᠰ 300 ᠬᠡᠯᠬᠢᠶ᠎ᠡ᠂ ᠲᠦᠯᠡᠰᠢᠨ ᠵᠣᠭᠤᠰ 200 ᠬᠡᠯᠬᠢᠶ᠎ᠡ᠂ ᠢᠬᠢᠷ ᠰᠢᠬᠢᠷ ᠵᠠᠷᠤᠳᠠᠯ 200 ᠬᠡᠯᠬᠢᠶ᠎ᠡ᠂ ᠳ᠋ᠢᠶᠠᠨᠪᠤᠤ ᠰᠢᠤᠳᠠᠨ ᠤ ᠵᠠᠷᠤᠳᠠᠯ 200 ᠬᠡᠯᠬᠢᠶ᠎ᠡ᠂ | ᠲᠠᠮᠠᠭᠠᠨ ᠶᠠᠪᠤᠳᠠᠯ ᠬᠤᠰᠢᠭᠤᠨ ᠰᠠᠩ ᠤᠨ ᠬᠤᠭᠤᠯᠠᠨ ᠵᠠᠷᠤᠳᠠᠯ 3 600 ᠬᠡᠯᠬᠢᠶ᠎ᠡ᠂ ᠪᠡᠭᠡᠵᠢᠩ ᠳᠤ ᠭᠠᠭ᠋ᠠᠢ ᠶᠢᠨ ᠮᠢᠬ᠎ᠠ ᠠᠭᠲᠠ ᠶᠢᠨ ᠪᠣᠷᠳᠤᠭ᠎ᠠ ᠬᠦᠷᠭᠡᠭᠰᠡᠨ | 900 ᠬᠡᠯᠬᠢᠶ᠎ᠡ᠂ 20 ᠰᠠᠭᠠᠯᠢ ᠶᠢᠨ ᠦᠨᠢᠶ᠎ᠡ ᠲᠦᠷᠢᠶᠡᠰᠦᠯᠡᠭᠰᠡᠨ 360 ᠬᠡᠯᠬᠢᠶ᠎ᠡ ᠪᠠᠶᠢᠪᠠ᠃ ᠵᠠᠷᠤᠳᠠᠯ ᠵᠣᠬᠢᠴᠠᠭᠤᠯᠬᠤ ᠲᠣᠪᠴᠢᠶ᠎ᠠ ᠶᠢᠨ ᠣᠷᠣᠯᠭ᠎ᠠ ᠨᠢ 28975 | ᠬᠡᠯᠬᠢᠶ᠎ᠡ ᠪᠠᠶᠢᠵᠠᠢ᠂ ᠡᠭᠦᠨ ᠳᠤ ᠬᠤᠰᠢᠭᠤᠨ ᠰᠠᠩ ᠤᠨ ᠭᠠᠵᠠᠷ ᠤᠨ ᠲᠦᠷᠢᠶᠡᠰᠦ 20825 ᠬᠡᠯᠬᠢᠶ᠎ᠡ᠂ ᠠᠯᠪᠠ ᠬᠦᠴᠦᠨ ᠤ ᠭᠤᠪᠴᠢᠭᠤᠷ 8200 ᠬᠡᠯᠬᠢᠶ᠎ᠡ᠂ | ᠬᠤᠰᠢᠭᠤᠨ ᠭᠤᠪᠴᠢᠭᠤᠷ 360 ᠬᠡᠯᠬᠢᠶ᠎ᠡ ︵ᠶᠡᠭᠡ ᠨᠡᠷᠡᠮᠡᠯ 240 ᠬᠡᠯᠬᠢᠶ᠎ᠡ᠂ ᠪᠠᠭ᠎ᠠ ᠨᠡᠷᠡᠮᠡᠯ 120 ᠬᠡᠯᠬᠢᠶ᠎ᠡ︶᠂ ᠠᠭᠤᠯᠠ ᠶᠢᠨ ᠬᠤᠪᠢ 550 ᠬᠡᠯᠬᠢᠶ᠎ᠡ᠂ | ᠬᠦᠬᠦᠷ ᠤᠨ ᠭᠤᠪᠴᠢᠭᠤᠷ 600 ᠬᠡᠯᠬᠢᠶ᠎ᠡ᠂ ᠭᠠᠶᠢᠯᠢ 800 ᠬᠡᠯᠬᠢᠶ᠎ᠡ ᠪᠠᠶᠢᠪᠠ᠃ ᠡᠨᠡ ᠬᠦ ᠣᠷᠣᠯᠭ᠎ᠠ ᠶᠢ ᠦᠨᠳᠦᠰᠦᠨ ᠳᠤ ᠪᠠᠨ ᠬᠤᠰᠢᠭᠤᠨ ᠤ ᠠᠵᠢᠯ ᠳᠤ | ᠬᠡᠷᠡᠭᠯᠡᠵᠦ ᠪᠠᠶᠢᠪᠠ᠃ ᠭᠡᠲᠡᠯ᠎ᠡ ᠵᠢᠯ ᠤᠨ ᠣᠷᠣᠯᠭ᠎ᠠ ᠨᠢ ᠲᠤᠭ᠎ᠠ ᠶᠣᠰᠣᠭᠠᠷ ᠪᠦᠷᠢᠨ ᠣᠷᠣᠵᠤ ᠢᠷᠡᠵᠦ ᠳᠡᠶᠢᠯᠬᠦ ᠦᠭᠡᠢ ᠲᠤᠯᠠ ᠸᠠᠩ ᠤᠨ ᠣᠷᠳᠣᠨ ᠤ ᠡᠳ᠋ ᠤᠨ | ᠵᠠᠰᠠᠭ ᠨᠢ ᠵᠢᠯ ᠳᠠᠷᠠᠭᠠᠯᠠᠨ ᠣᠷᠣᠯᠭ᠎ᠠ ᠨᠢ ᠵᠠᠷᠣᠯᠭ᠎ᠠ ᠳᠤ ᠪᠠᠨ ᠬᠦᠷᠬᠦ ᠦᠭᠡᠢ ᠪᠠᠶᠢᠵᠠᠢ᠃ | ᠢᠷᠭᠡᠨ ᠤᠯᠤᠰ ᠤᠨ ᠦᠶ᠎ᠡ ᠳᠤ ᠡᠳ᠋ ᠤᠨ ᠵᠠᠰᠠᠭ ᠤᠨ ᠣᠷᠣᠯᠭ᠎ᠠ ᠶᠢ ᠤᠯᠤᠰ ᠤᠨ ᠭᠠᠶᠢᠯᠢ ᠪᠠ ᠣᠷᠣᠨ ᠨᠤᠲᠤᠭ ᠤᠨ ᠭᠠᠶᠢᠯᠢ ᠭᠡᠵᠦ ᠬᠤᠪᠢᠶᠠᠵᠤ ᠪᠠᠶᠢᠪᠠ᠃ | ᠣᠷᠣᠨ ᠨᠤᠲᠤᠭ ᠤᠨ ᠭᠠᠶᠢᠯᠢ ᠶᠢ ᠣᠷᠣᠨ ᠨᠤᠲᠤᠭ ᠤᠨ ᠣᠷᠣᠯᠭ᠎ᠠ ᠶᠢᠨ ᠨᠡᠷ᠎ᠡ ᠪᠠᠷ ᠦᠯᠡᠳᠡᠭᠡᠨ ᠬᠡᠷᠡᠭᠯᠡᠵᠦ ᠪᠠᠶᠢᠵᠠᠢ᠃ | ᠬᠠᠭᠤᠷᠮᠠᠭ ᠮᠠᠨᠵᠤ ᠤᠯᠤᠰ ᠤᠨ ᠦᠶ᠎ᠡ ᠳᠤ ᠡᠳ᠋ ᠤᠨ ᠵᠠᠰᠠᠭ ᠤᠨ ᠣᠷᠣᠯᠭ᠎ᠠ ᠶᠢ ᠤᠯᠤᠰ ᠤᠨ ᠭᠠᠶᠢᠯᠢ᠂ ᠡᠯᠳᠡᠪ ᠭᠠᠶᠢᠯᠢ ᠪᠠ ᠣᠷᠣᠨ ᠨᠤᠲᠤᠭ ᠤᠨ ᠭᠠᠶᠢᠯᠢ | ᠭᠡᠵᠦ ᠭᠤᠷᠪᠠᠨ ᠲᠥᠷᠥᠯ ᠳᠤ ᠬᠤᠪᠢᠶᠠᠵᠤ ᠪᠠᠶᠢᠪᠠ᠃ ᠤᠯᠠᠭᠠᠨᠬᠠᠳᠠ ᠣᠷᠣᠨ ᠤ ᠡᠯ᠎ᠡ ᠬᠤᠰᠢᠭᠤ ᠰᠢᠶᠠᠨ ᠤ ᠡᠳ᠋ ᠤᠨ ᠵᠠᠰᠠᠭ ᠤᠨ ᠣᠷᠣᠯᠭ᠎ᠠ ᠶᠢᠨ ᠭᠤᠣᠯ | ᠢᠷᠡᠯᠲᠡ ᠨᠢ ᠣᠷᠣᠨ ᠨᠤᠲᠤᠭ ᠤᠨ ᠭᠠᠶᠢᠯᠢ ᠪᠠᠶᠢᠵᠤ᠂ ᠲᠡᠷᠭᠡᠨ ᠭᠠᠶᠢᠯᠢ᠂ ᠮᠠᠯ ᠤᠨ ᠭᠠᠶᠢᠯᠢ᠂ ᠠᠯᠠᠰᠢᠨ ᠤ ᠭᠠᠶᠢᠯᠢ᠂ ᠵᠤᠭᠠᠴᠠᠯ ᠤᠨ ᠭᠠᠶᠢᠯᠢ ᠪᠠ ᠡᠯᠳᠡᠪ | ᠭᠤᠪᠴᠢᠭᠤᠷ ᠭᠡᠬᠦ ᠮᠡᠲᠦ ᠣᠯᠠᠨ ᠵᠦᠢᠯ ᠪᠠᠶᠢᠵᠠᠢ᠃ | ᠴᠢᠩ ᠤᠨ ᠦᠶ᠎ᠡ ᠳᠤ ᠠᠶᠢᠮᠠᠭ ᠨᠢ ᠵᠠᠰᠠᠭ ᠵᠠᠬᠢᠷᠭᠠᠨ ᠤ ᠴᠣᠭᠴᠠ ᠪᠢᠰᠢ ᠪᠠᠶᠢᠵᠤ᠂ ᠢᠷᠭᠡᠨ ᠤᠯᠤᠰ ᠤᠨ ᠦᠶ᠎ᠡ ᠳᠤ ᠠᠶᠢᠮᠠᠭ ᠨᠢ ᠨᠡᠷ᠎ᠡ ᠶᠢᠨ ᠲᠡᠳᠦᠢ ᠪᠠᠶᠢᠪᠠ | ᠂ ᠬᠠᠭᠤᠷᠮᠠᠭ ᠮᠠᠨᠵᠤ ᠶᠢᠨ ᠦᠶ᠎ᠡ ᠳᠤ ᠠᠶᠢᠮᠠᠭ ᠬᠤᠰᠢᠭᠤᠨ ᠤ ᠳᠦᠷᠢᠮ ᠢ ᠬᠦᠴᠦᠨ ᠦᠭᠡᠢ ᠪᠤᠯᠭᠠᠵᠠᠢ᠃ ᠲᠤᠰ ᠦᠢᠯᠠᠯᠭ᠎ᠠ ᠨᠢ ᠴᠢᠩ ᠤᠯᠤᠰ᠂ ᠢᠷᠭᠡᠨ ᠤᠯᠤᠰ | ᠪᠠ ᠬᠠᠭᠤᠷᠮᠠᠭ ᠮᠠᠨᠵᠤ ᠶᠢᠨ ᠦᠶ᠎ᠡ ᠶᠢᠨ ᠡᠳ᠋ ᠤᠨ ᠵᠠᠰᠠᠭ ᠤᠨ ᠪᠠᠶᠢᠳᠠᠯ ᠤᠨ ᠲᠤᠬᠠᠢ ᠣᠨᠴᠠ ᠵᠠᠷᠢᠮ ᠬᠤᠰᠢᠭᠤ ᠰᠢᠶᠠᠨ ᠤ ᠤᠨᠴᠠ ᠵᠠᠷᠢᠮ ᠣᠨ ᠤ ᠪᠠᠶᠢᠳᠠᠯ ᠢ | ᠵᠢᠱᠢᠶ᠎ᠡ ᠲᠠᠲᠠᠨ ᠳᠤᠷᠠᠳᠤᠭᠰᠠᠨ ᠠᠴᠠ ᠭᠠᠳᠠᠨ᠎ᠠ ᠣᠯᠠᠩᠬᠢ ᠬᠤᠰᠢᠭᠤ ᠰᠢᠶᠠᠨ ᠤ ᠡᠯ᠎ᠡ ᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ | ᠪᠦᠷᠢᠳᠬᠡᠭᠰᠡᠨ ᠦᠭᠡᠢ ᠪᠢᠯᠡ᠃ | ᠴᠢᠯᠦᠭᠡᠯᠡᠬᠦ ᠳᠠᠶᠢᠨ ᠤ ᠬᠤᠭᠤᠴᠠᠭᠠᠨ ᠳᠤ ᠤᠯᠠᠭᠠᠨᠬᠠᠳᠠ ᠣᠷᠣᠨ ᠤ ᠡᠳ᠋ ᠤᠨ ᠵᠠᠰᠠᠭ ᠤᠨ ᠣᠷᠣᠯᠭ᠎ᠠ ᠨᠢ ᠭᠤᠣᠯᠳᠠᠭᠤ ᠠᠮᠤ ᠪᠤᠳᠠᠭᠠᠨ ᠤ ᠵᠢᠭᠡᠯᠡᠯᠭᠡ ᠂ | ᠭᠠᠶᠢᠯᠢ ᠶᠢᠨ ᠣᠷᠣᠯᠭ᠎ᠠ᠂ ᠲᠣᠷᠭᠠᠭᠤᠯᠢ᠂ ᠪᠠᠶᠢᠭᠤᠯᠭ᠎ᠠ ᠨᠢᠭᠡᠴᠢ ᠶᠢᠨ ᠪᠣᠷᠤᠯᠠᠭᠤᠯᠭ᠎ᠠ ᠦᠢᠯᠡᠳᠪᠦᠷᠢᠯᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠣᠷᠣᠯᠭ᠎ᠠ ᠵᠡᠷᠭᠡ | ᠪᠠᠶᠢᠪᠠ᠃ 1947 ᠣᠨ ᠤ ᠪᠦᠷᠢᠳᠬᠡᠯ ᠢ ᠦᠨᠳᠦᠰᠦᠯᠡᠪᠡᠯ᠂ ᠤᠯᠠᠭᠠᠨᠬᠠᠳᠠ ᠰᠢᠶᠠᠨ ᠤ ᠲᠤᠬᠠᠢ ᠶᠢᠨ ᠵᠢᠯ ᠤᠨ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ | 90459615 ︵ᠿᠧᠾᠧ ᠮᠤᠵᠢ ᠶᠢᠨ ᠮᠥᠩᠭᠦᠨ ᠲᠡᠮᠳᠡᠭᠲᠦ᠂ ᠳᠣᠷᠣᠭᠰᠢ ᠠᠳᠠᠯᠢ︶ ᠲᠥᠭᠦᠷᠢᠭ ᠪᠠᠶᠢᠪᠠ᠃ ᠡᠭᠦᠨ ᠳᠤ ᠠᠮᠤ ᠪᠤᠳᠠᠭᠠᠨ ᠤ ᠵᠢᠭᠡᠯᠡᠯᠭᠡ 4 | 788600 ᠲᠥᠭᠦᠷᠢᠭ᠂ ᠭᠠᠶᠢᠯᠢ ᠶᠢᠨ ᠣᠷᠣᠯᠭ᠎ᠠ 21006234 ᠲᠥᠭᠦᠷᠢᠭ᠂ ᠲᠣᠷᠭᠠᠭᠤᠯᠢ ᠶᠢᠨ ᠮᠥᠩᠭᠦ ᠪᠠ ᠬᠤᠷᠢᠶᠠᠵᠤ ᠠᠪᠤᠭᠰᠠᠨ 28930028 | ᠲᠥᠭᠦᠷᠢᠭ᠂ ᠦᠢᠯᠡᠳᠪᠦᠷᠢᠯᠡᠯ ᠤᠨ ᠣᠷᠣᠯᠭ᠎ᠠ 2516300 ᠲᠥᠭᠦᠷᠢᠭ᠂ ᠮᠠᠯ ᠤᠨ ᠭᠠᠶᠢᠯᠢ 1965827 ᠲᠥᠭᠦᠷᠢᠭ᠂ ᠶᠠᠨᠳᠠᠭᠤᠷ ᠤᠨ ᠭᠤᠪᠴᠢᠭᠤᠷ | 3349768 ᠲᠦᠭᠦᠷᠢᠭ᠂ ᠶᠢᠨ ᠶᠤᠸᠠᠨ ᠨᠡᠭᠦᠷᠡᠰᠦᠨ ᠠᠭᠤᠷᠬᠠᠢ ᠶᠢᠨ ᠣᠷᠣᠯᠭ᠎ᠠ 1205800 ᠲᠥᠭᠦᠷᠢᠭ᠂ ᠬᠤᠷᠢᠨ ᠬᠤᠶᠠᠳᠤᠭᠠᠷ ᠲᠤᠰᠬᠠᠢ ᠵᠠᠬᠢᠷᠭᠠᠨ ᠠᠴᠠ | ᠦᠭᠭᠦᠭᠰᠡᠨ 1200.000 ᠲᠥᠭᠦᠷᠢᠭ᠂ ᠮᠤᠵᠢ ᠶᠢᠨ ᠵᠠᠰᠠᠭ ᠤᠨ ᠣᠷᠳᠤᠨ ᠠᠴᠠ ᠦᠭᠭᠦᠭᠰᠡᠨ 20877478 ᠲᠥᠭᠦᠷᠢᠭ᠂ ᠪᠠᠩᠬᠢ ᠶᠢᠨ 461500 | ᠲᠥᠭᠦᠷᠢᠭ᠂ ᠪᠤᠰᠤᠳ ᠣᠷᠣᠯᠭ᠎ᠠ 4158080 ᠲᠥᠭᠦᠷᠢᠭ ᠪᠠᠶᠢᠵᠠᠢ᠃ | ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ ᠤᠯᠠᠭᠠᠨᠬᠠᠳᠠ ᠣᠷᠣᠨ ᠤ ᠡᠳ᠋ ᠤᠨ ᠵᠠᠰᠠᠭ ᠤᠨ ᠣᠷᠣᠯᠭ᠎ᠠ ᠶᠢᠨ ᠭᠤᠣᠯ ᠢᠷᠡᠯᠲᠡ ᠨᠢ ᠠᠯᠪᠠᠨ ᠠᠮᠤ | ᠪᠠᠶᠢᠪᠠ᠂ ᠪᠤᠰᠤᠳ ᠡᠳ᠋ ᠤᠨ ᠵᠠᠰᠠᠭ ᠤᠨ ᠣᠷᠣᠯᠭ᠎ᠠ ᠠᠯᠠᠭ᠎ᠠ ᠪᠠᠶᠢᠵᠠᠢ᠃ 1950 ᠣᠨ ᠳᠤ ᠤᠯᠤᠰ ᠠᠴᠠ ᠨᠢᠭᠡᠲᠦᠯᠲᠡᠢ ᠡᠳ᠋ ᠤᠨ ᠵᠠᠰᠠᠭ ᠤᠨ ᠬᠠᠮᠢᠶᠠᠷᠤᠯᠲᠠ | ᠬᠡᠷᠡᠭᠵᠢᠭᠦᠯᠵᠦ ᠡᠳ᠋ ᠤᠨ ᠵᠠᠰᠠᠭ ᠤᠨ ᠠᠵᠢᠯ ᠬᠡᠪ ᠤᠨ ᠵᠢᠮ᠎ᠡ ᠳᠤ ᠣᠷᠣᠪᠠ᠂ ᠢᠯᠠᠩᠭᠤᠶ᠎ᠠ ᠰᠢᠨ᠎ᠡ ᠡᠳ᠋ ᠤᠨ ᠵᠠᠰᠠᠭ ᠤᠨ ᠲᠤᠭᠲᠠᠯᠴᠠᠭ᠎ᠠ ᠠᠩᠬ᠎ᠠ ᠠᠯᠬᠤᠮ | ᠲᠣᠭᠲᠠᠭᠰᠠᠨ ᠠᠴᠠ ᠰᠡᠭᠦᠯᠡᠷ ᠡᠳ᠋ ᠤᠨ ᠵᠠᠰᠠᠭ ᠤᠨ ᠣᠷᠣᠯᠭ᠎ᠠ ᠨᠢ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ ᠲᠠᠰᠤᠷᠠᠯᠲᠠ ᠦᠭᠡᠢ ᠨᠡᠮᠡᠭᠳᠡᠪᠡ᠃ 1949 | ᠣᠨ ᠳᠤ ᠤᠯᠠᠭᠠᠨᠬᠠᠳᠠ ᠣᠷᠣᠨ ᠤ ᠡᠳ᠋ ᠤᠨ ᠵᠠᠰᠠᠭ ᠤᠨ ᠣᠷᠣᠯᠭ᠎ᠠ 329 ᠲᠦᠮᠡᠨ ᠲᠥᠭᠦᠷᠢᠭ ︵ᠬᠤᠶᠠᠳᠤᠭᠠᠷ ᠢᠵᠢ ᠠᠷᠠᠳ ᠤᠨ ᠵᠣᠭᠤᠰ ᠢᠶᠠᠷ ᠨᠤᠭᠤᠯᠤᠨ | ᠪᠤᠳᠤᠪᠠ᠂ ᠳᠡᠭᠡᠷ᠎ᠡ ᠱᠠᠲᠤᠨ ᠠᠴᠠ ᠦᠭᠭᠦᠭᠰᠡᠨ ᠵᠣᠭᠤᠰ ᠢ ᠪᠠᠭᠲᠠᠭᠠᠨ᠎ᠠ᠂ ᠳᠣᠷᠣᠭᠰᠢ ᠠᠳᠠᠯᠢ︶ ᠪᠠᠶᠢᠪᠠ᠃ 1950 ᠣᠨ ᠳᠤ ᠨᠡᠮᠡᠭᠳᠡᠭᠡᠳ 455 ᠲᠦᠮᠡᠨ | ᠲᠥᠭᠦᠷᠢᠭ ᠪᠣᠯᠵᠤ᠂ 1949 ᠣᠨ ᠤ ᠬᠢ ᠠᠴᠠ 38.2% ᠢᠶᠠᠷ ᠨᠡᠮᠡᠭᠳᠡᠵᠡᠢ᠃ | ᠤᠯᠤᠰ ᠠᠷᠠᠳ ᠤᠨ ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 1956 ᠲᠦᠮᠡᠨ ᠲᠥᠭᠦᠷᠢᠭ ᠪᠠᠶᠢᠪᠠ᠃ | ︽ᠨᠢᠭᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 11102 ᠲᠦᠮᠡᠨ ᠲᠥᠭᠦᠷᠢᠭ ᠪᠣᠯᠵᠤ᠂ ᠤᠯᠤᠰ ᠠᠷᠠᠳ ᠤᠨ | ᠠᠵᠤ ᠠᠬᠤᠢ ᠶᠢᠨ ᠰᠡᠷᠭᠦᠯᠲᠡ ᠶᠢᠨ ᠬᠤᠭᠤᠴᠠᠭᠠᠨ ᠤ 4.9 ᠳᠠᠬᠢᠨ ᠪᠠᠶᠢᠵᠠᠢ᠃ | ︽ᠬᠤᠶᠠᠳᠣᠭᠠᠷ ᠲᠠᠪᠤᠨ ᠵᠢᠯ︾ ᠤᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 18895 ᠲᠦᠮᠡᠨ ᠲᠥᠭᠦᠷᠢᠭ ᠪᠣᠯᠵᠤ᠂ ︽ᠨᠢᠭᠡᠳᠦᠭᠡᠷ ᠲᠠᠪᠤᠨ | ᠵᠢᠯ︾ ᠤᠨ ᠬᠤᠭᠤᠴᠠᠭᠠᠨ ᠠᠴᠠ 7% ᠪᠠᠷ ᠨᠡᠮᠡᠭᠳᠡᠵᠡᠢ᠃ | ᠭᠤᠷᠪᠠᠨ ᠵᠢᠯ ᠤᠨ ᠲᠤᠬᠢᠷᠠᠭᠤᠯᠤᠯᠲᠠ ᠶᠢᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 10268 ᠲᠦᠮᠡᠨ ᠲᠥᠭᠦᠷᠢᠭ ᠪᠠᠶᠢᠪᠠ᠃ | ︽ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 18157 ᠲᠦᠮᠡᠨ ᠲᠥᠭᠦᠷᠢᠭ ᠪᠣᠯᠵᠤ᠂ ︽ᠬᠤᠶᠠᠳᠣᠭᠠᠷ | ᠲᠠᠪᠤᠨ ᠵᠢᠯ︾ ᠤᠨ ᠬᠤᠭᠤᠴᠠᠭᠠᠨ ᠠᠴᠠ 3.9% ᠪᠠᠷ ᠪᠠᠭᠤᠷᠠᠵᠠᠢ᠃ | ︽ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 12869 ᠲᠦᠮᠡᠨ ᠲᠥᠭᠦᠷᠢᠭ ᠪᠣᠯᠵᠤ᠂ ︽ᠭᠤᠷᠪᠠᠳᠤᠭᠠᠷ | ᠲᠠᠪᠤᠨ ᠵᠢᠯ︾ ᠤᠨ ᠬᠤᠭᠤᠴᠠᠭᠠᠨ ᠠᠴᠠ 41% ᠪᠠᠷ ᠪᠠᠭᠤᠷᠠᠵᠠᠢ᠃ | ︽ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 24820 ᠲᠦᠮᠡᠨ ᠲᠥᠭᠦᠷᠢᠭ ᠪᠣᠯᠵᠤ᠂ ︽ᠳᠦᠷᠪᠡᠳᠦᠭᠡᠷ | ᠲᠠᠪᠤᠨ ᠵᠢᠯ︾ ᠤᠨ ᠬᠤᠭᠤᠴᠠᠭᠠᠨ ᠤ 1.9 ᠳᠠᠬᠢᠨ ᠪᠤᠯᠵᠠᠢ᠃ | ︽ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 49979 ᠲᠦᠮᠡᠨ ᠲᠥᠭᠦᠷᠢᠭ ᠪᠣᠯᠵᠤ᠂ ︽ᠲᠠᠪᠤᠳᠤᠭᠠᠷ | ᠲᠠᠪᠤᠨ ᠵᠢᠯ︾ ᠤᠨ ᠬᠤᠭᠤᠴᠠᠭᠠᠨ ᠤ 2 ᠳᠠᠬᠢᠨ ᠪᠤᠯᠵᠠᠢ᠃ | ︽ᠳᠣᠯᠣᠳᠤᠭᠠᠷ ᠲᠠᠪᠤᠨ ᠵᠢᠯ︾ ᠤᠨ ᠬᠤᠭᠤᠴᠠᠭᠠᠨ ᠳᠤ ᠡᠳ᠋ ᠤᠨ ᠵᠠᠰᠠᠭ ᠤᠨ ᠣᠷᠣᠯᠭ᠎ᠠ 122319 ᠲᠦᠮᠡᠨ ᠲᠥᠭᠦᠷᠢᠭ ᠪᠣᠯᠵᠤ᠂ ︽ᠵᠢᠷᠭᠤᠳᠤᠭᠠᠷ | ᠲᠠᠪᠤᠨ ᠵᠢᠯ︾ ᠤᠨ ᠬᠤᠭᠤᠴᠠᠭᠠᠨ ᠤ 2.4 ᠳᠠᠬᠢᠨ ᠪᠤᠯᠵᠠᠢ᠃ | |