ᠤᠯᠠᠭᠠᠨᠬᠠᠳᠠ ᠬᠤᠲᠠ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/12
      ᠥᠨᠥᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ ᠬᠤᠳᠠ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 2020 ᠣᠨ ᠠᠴᠠ ᠨᠠᠰᠢᠬᠢ ᠮᠠᠨ ᠤ ᠬᠤᠳᠠ ᠶᠢᠨ ᠬᠠᠤᠯᠢ ᠴᠠᠭᠠᠵᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠤ ᠳᠤᠭᠤᠶᠢᠯᠠᠩ᠂ ᠨᠡᠶᠢᠭᠡᠮ ᠤᠨ ᠢᠲᠡᠭᠡᠮᠵᠢ ᠶᠢᠨ ᠣᠷᠴᠢᠨ ᠲᠣᠭᠤᠷᠢᠨ ᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠪᠡ᠃ ᠳᠣᠣᠷᠠᠬᠢ ᠪᠣᠯ ᠨᠡᠶᠢᠲᠡᠯᠡᠭᠰᠡᠨ ᠪᠣᠳᠠᠲᠤ ᠲᠡᠮᠳᠡᠭᠯᠡᠯ ᠪᠣᠯᠤᠨ᠎ᠠ᠄       ᠬᠤᠳᠠ ᠶᠢᠨ ᠬᠠᠤᠯᠢ ᠴᠠᠭᠠᠵᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ       ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠪᠥᠬᠦ ᠬᠤᠲᠠ ᠶᠢᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠨᠠᠷᠢᠨ ᠨᠢᠮᠪᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠵᠤ᠂ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃       ᠨᠢᠭᠡ᠂ ᠡᠮᠦᠨ᠎ᠡ ᠨᠢᠭᠡ ᠱᠠᠲᠤᠨ ᠤ ᠠᠵᠢᠯ ᠤᠨ ᠥᠷᠨᠢᠭᠦᠯᠦᠭᠰᠡᠨ ᠪᠠᠶᠢᠳᠠᠯ       ᠮᠠᠨ ᠤ ᠬᠤᠲᠠ ᠶᠢᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠦᠭᠡ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ 2020 ᠣᠨ ᠤ 7 ᠰᠠᠷ᠎ᠠ ᠳᠤ ᠬᠤᠲᠠ ᠶᠢᠨ ᠰᠢᠭᠦᠬᠦ ᠬᠤᠷᠢᠶ᠎ᠠ᠂ ᠬᠤᠲᠠ ᠶᠢᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠭᠤᠨ ᠵᠦᠢᠯ ᠤᠨ ᠠᠷᠭ᠎ᠠ ᠬᠡᠮᠵᠢᠶ᠎ᠡ︾᠎ ᠶᠢ ᠨᠡᠶᠢᠲᠡᠯᠡᠪᠡ᠂ ᠡᠭᠦᠨ ᠳᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ 3 ᠵᠦᠢᠯ᠂ ᠬᠤᠲᠠ ᠶᠢᠨ ᠰᠢᠭᠦᠬᠦ ᠬᠤᠷᠢᠶ᠎ᠠ 33 ᠵᠦᠢᠯ᠂ ᠬᠤᠲᠠ ᠶᠢᠨ ᠪᠠᠶᠢᠴᠠᠭᠠᠬᠤ ᠬᠤᠷᠢᠶ᠎ᠠ 32 ᠵᠦᠢᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 22 ᠵᠦᠢᠯ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ 10 ᠵᠦᠢᠯ ᠪᠣᠶ᠃       ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠭᠠᠷᠠᠭ ᠤᠨ ᠲᠣᠬᠢᠷᠠᠭᠤᠯᠤᠯᠲᠠ ᠶᠢ ᠪᠠᠷᠢᠮᠲᠠᠯᠠᠨ᠂ ᠪᠥᠬᠦ ᠬᠤᠲᠠ ᠶᠢᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠪᠡ᠃ 7 ᠰᠠᠷ᠎ᠠ ᠳᠤ᠂ ᠬᠥᠮᠦᠰ ᠢ ᠵᠣᠬᠢᠶᠠᠨ ᠪᠠᠶᠢᠭᠤᠯᠵᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠪᠡ᠃ 8 ᠰᠠᠷ᠎ᠠ ᠶᠢᠨ 12᠎ ᠤᠨ ᠡᠳᠦᠷ᠂ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠳᠠᠶᠢᠴᠢᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠰᠢᠭᠦᠬᠦ ᠬᠤᠷᠢᠶ᠎ᠠ᠂ ᠬᠤᠲᠠ ᠶᠢᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠤᠯᠭ᠎ᠠ ᠲᠤᠰᠪᠤᠷᠢ ᠳᠠᠶᠢᠴᠢᠯᠠᠯᠲᠠ ᠶᠢᠨ ᠶᠠᠷᠢᠶ᠎ᠠ ᠪᠠ ᠠᠵᠢᠯ ᠤᠨ ᠪᠠᠶᠢᠷᠢᠯᠠᠭᠤᠯᠤᠯᠲᠠ ᠬᠢᠪᠠ᠃ 12 ᠰᠠᠷ᠎ᠠ ᠶᠢᠨ 2᠎ ᠤᠨ ᠡᠳᠦᠷ᠂ 3᠎ ᠤ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ 12 ᠰᠠᠷ᠎ᠠ ᠶᠢᠨ ᠳᠤᠮᠳᠠᠴᠢ ᠪᠠᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠵᠦ᠂ ᠴᠡᠭᠴᠡᠯᠡᠨ ᠥᠭᠡᠷᠡᠴᠢᠯᠡᠬᠦ ᠰᠠᠨᠠᠯ ᠪᠠ ᠱᠠᠭᠠᠷᠳᠠᠯᠭ᠎ᠠ ᠳᠤᠷᠠᠳᠪᠠ᠃       ᠣᠳᠣᠬᠠᠨ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠴᠥᠮ ᠨᠠᠶᠢᠳᠠᠪᠤᠷᠢᠵᠢᠭᠤᠯᠤᠭᠰᠠᠨ ᠪᠥᠭᠡᠳ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃       ᠨᠢᠭᠡᠳᠦᠭᠡᠷ ᠵᠦᠢᠯ ᠤᠨ ᠠᠷᠭ᠎ᠠ ᠬᠡᠮᠵᠢᠶ᠎ᠡ ᠭᠡᠪᠡᠯ᠂ 12 ᠬᠤᠰᠢᠭᠤ ᠰᠢᠶᠠᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠥᠷᠲᠡᠭᠡ ᠪᠠᠶᠢᠭᠤᠯᠪᠠ᠃ ᠬᠠᠷᠢᠶ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠠᠴᠠ ᠲᠤᠰᠪᠤᠷᠢ ᠨᠢᠭᠡ ᠠᠵᠢᠯᠲᠠᠨ ᠲᠣᠮᠢᠯᠠᠵᠤ ᠲᠣᠭᠲᠠᠮᠠᠯ ᠬᠤᠭᠤᠴᠠᠭ᠎ᠠ ᠲᠠᠢ ᠪᠠᠷ ᠥᠷᠲᠡᠭᠡᠨ ᠳᠤ ᠰᠠᠭᠤᠯᠭᠠᠨ ᠠᠵᠢᠯᠯᠠᠭᠤᠯᠤᠭᠰᠠᠨ ᠤ ᠬᠠᠮᠲᠤ᠂ ᠬᠦᠷᠢᠶᠡᠯᠡᠩ ᠲᠣᠭᠤᠷᠢᠭ ᠤᠨ ᠠᠯᠪᠠᠨ ᠬᠡᠷ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠠᠷᠠᠯᠵᠢᠶᠠᠴᠢᠨ ᠤᠷᠢᠬᠤ ᠲᠣᠪᠴᠢᠶ᠎ᠠ᠂ ᠬᠠᠷᠢᠶ᠎ᠠ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠭᠰᠠᠨ ᠨᠠᠮ ᠤᠨ ᠬᠤᠷᠢᠶ᠎ᠠ ᠪᠠᠶᠢᠭᠤᠯᠵᠤ᠂ ᠬᠦᠷᠢᠶᠡᠯᠡᠩ ᠲᠣᠭᠤᠷᠢᠭ ᠲᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃ ᠪᠥᠬᠦ ᠬᠤᠲᠠ ᠳᠤ ᠨᠡᠶᠢᠲᠡ 14 ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠤ ᠠᠵᠢᠯ ᠤᠨ ᠥᠷᠲᠡᠭᠡ ᠶᠢ ᠪᠠᠶᠢᠭᠤᠯᠤᠨ ᠰᠢᠯᠢᠳᠡᠭᠵᠢᠭᠦᠯᠵᠦ᠂ ᠠᠵᠢᠯᠯᠠᠭᠰᠠᠨ ᠠᠴᠠ ᠨᠠᠰᠢ 180 ᠭᠠᠷᠤᠶ ᠬᠠᠤᠯᠢ ᠴᠠᠭᠠᠵᠠ ᠶᠢᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠵᠦ ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠣᠶᠢᠷ᠎ᠠ ᠬᠠᠪᠢ ᠳᠠᠭᠠᠨ ᠬᠠᠤᠯᠢ ᠴᠠᠭᠠᠵᠠ ᠶᠢᠨ ᠬᠡᠷᠡᠭ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠠᠷᠪᠢᠯᠠᠪᠠ᠃       ᠬᠤᠶᠠᠳᠤᠭᠠᠷ ᠵᠦᠢᠯ ᠤᠨ ᠠᠷᠭ᠎ᠠ ᠬᠡᠮᠵᠢᠶ᠎ᠡ ᠭᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠪᠠᠷᠢᠮᠵᠢᠶᠠᠲᠤ ᠴᠠᠭᠳᠠᠭᠠᠨ ᠤ ᠶᠠᠪᠤᠳᠠᠯ ᠤᠨ ᠲᠠᠰᠤᠭ ᠪᠠ ᠠᠷᠠᠳ ᠤᠨ ᠡᠶᠡᠳᠡᠭᠦᠯᠬᠦ ᠲᠠᠰᠤᠭ ᠢ ᠪᠠᠶᠢᠭᠤᠯᠪᠠ᠃ ᠠᠵᠤ ᠠᠬᠤᠶᠢᠯᠠᠯ ᠤᠨ ᠴᠠᠭᠳᠠᠭᠠᠨ ᠤ ᠶᠠᠪᠤᠳᠠᠯ ᠤᠨ ᠲᠠᠰᠤᠭ ᠤᠨ ᠭᠠᠳᠠᠷ ᠪᠠᠶᠢᠳᠠᠯ᠂ ᠳᠣᠲᠣᠭᠠᠳᠤ ᠶᠢᠨ ᠲᠥᠬᠦᠭᠡᠷᠦᠮᠵᠢ᠂ ᠴᠠᠭᠳᠠᠭᠠᠨ ᠤ ᠲᠣᠨᠤᠭ ᠲᠥᠬᠦᠭᠡᠷᠦᠮᠵᠢ ᠵᠡᠷᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠢᠭᠡᠳᠦᠯᠲᠡᠶ ᠪᠥᠭᠡᠳ ᠲᠣᠳᠣᠷᠬᠠᠶ ᠪᠣᠯᠭᠠᠵᠤ᠂ ᠴᠠᠭᠳᠠᠭᠠᠨ ᠤ ᠶᠠᠪᠤᠳᠠᠯ ᠤᠨ ᠲᠠᠰᠤᠭ ᠨᠢᠭᠡᠪᠦᠷᠢ ︽ᠲᠠᠯᠠᠪᠤᠷ ᠭᠠᠵᠠᠷ ᠲᠠᠢ᠂ ᠴᠠᠭᠳᠠᠭᠠᠨ ᠤ ᠬᠦᠴᠦᠨ ᠲᠠᠢ᠂ ᠲᠣᠨᠤᠭ ᠲᠥᠬᠦᠭᠡᠷᠦᠮᠵᠢ ᠲᠠᠢ︾ ᠪᠠᠶᠢᠬᠤ ᠶᠢ ᠪᠠᠲᠤᠯᠠᠪᠠ᠃ ᠣᠳᠣᠬᠠᠨ ᠳᠤ᠂ ᠪᠥᠬᠦ ᠬᠤᠲᠠ ᠳᠤ 88 ᠠᠵᠤ ᠠᠬᠤᠶᠢᠯᠠᠯ ᠤᠨ ᠪᠠᠷᠢᠮᠵᠢᠶᠠᠵᠢᠭᠤᠯᠤᠭᠰᠠᠨ ᠴᠠᠭᠳᠠᠭᠠᠨ ᠤ ᠶᠠᠪᠤᠳᠠᠯ ᠤᠨ ᠲᠠᠰᠤᠭ ᠢ ᠰᠢᠨ᠎ᠡ ᠪᠠᠷ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠠᠵᠤ ᠠᠬᠤᠶᠢᠯᠠᠯ ᠤᠨ ᠳᠣᠲᠣᠭᠠᠳᠤ ᠳᠤ ᠲᠤᠰᠠᠯᠠᠬᠤ ᠴᠠᠭᠳᠠᠭᠠᠨ ᠤ ᠬᠦᠴᠦᠨ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠳᠣᠲᠣᠭᠠᠳᠤ ᠳᠤ ᠠᠮᠤᠷ ᠢ ᠬᠠᠮᠠᠭᠠᠯᠠᠬᠤ ᠪᠤᠶᠤ ᠡᠷᠡᠭᠦᠤ ᠶᠢᠨ ᠬᠡᠷᠡᠭ ᠭᠠᠷᠤᠭᠰᠠᠨ ᠤ ᠳᠠᠷᠠᠭ᠎ᠠ᠂ ᠰᠡᠷᠭᠡᠶᠢᠯᠡᠯᠲᠡ ᠶᠢᠨ ᠱᠤᠭᠤᠮ ᠂ ᠰᠡᠷᠡᠮᠵᠢ ᠶᠢᠨ ᠳ᠋ᠧᠩ᠂ ᠬᠠᠤᠯᠢ ᠬᠡᠷᠡᠭᠵᠢᠭᠦᠯᠬᠦ ᠲᠡᠮᠳᠡᠭᠯᠡᠭᠦᠷ ᠵᠡᠷᠭᠡ ᠶᠢ ᠲᠡᠷᠡ ᠳᠠᠷᠤᠶ ᠳᠤᠨᠢ ᠪᠣᠳᠠᠲᠠᠶᠢᠵᠢᠭᠤᠯᠵᠤ᠂ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠢ ᠬᠠᠮᠠᠭᠠᠯᠠᠨ᠂ ᠲᠡᠷᠡ ᠳᠠᠷᠤᠶ ᠳᠤᠨᠢ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠵᠤ ᠴᠢᠳᠠᠬᠤ ᠪᠣᠯᠭᠠᠵᠠᠶ᠃ ᠡᠭᠦᠨ ᠤ ᠬᠠᠮᠲᠤ᠂ ᠪᠥᠬᠦ ᠬᠤᠲᠠ ᠳᠤ ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ ᠳᠤ ᠨᠡᠶᠢᠲᠡ 54 ᠠᠷᠠᠳ ᠤᠨ ᠡᠶᠡᠳᠡᠭᠦᠯᠬᠦ ᠲᠠᠰᠤᠭ ᠢ ᠰᠢᠨ᠎ᠡ ᠪᠠᠷ ᠪᠠᠶᠢᠭᠤᠯᠵᠤ᠂ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠤ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠣᠶᠢᠷ᠎ᠠ ᠬᠠᠪᠢ ᠳᠠᠭᠠᠨ ᠡᠶᠡᠳᠡᠭᠦᠯᠦᠨ ᠰᠢᠢᠳᠪᠦᠷᠢᠯᠡᠬᠦ ᠳᠤ ᠲᠥᠬᠦᠮ ᠦᠵᠡᠭᠦᠯᠪᠡ᠃      ᠭᠤᠷᠪᠠᠳᠤᠭᠠᠷ ᠵᠦᠢᠯ ᠤᠨ ᠠᠷᠭ᠎ᠠ ᠬᠡᠮᠵᠢᠶ᠎ᠡ ᠨᠢ᠂ ᠭᠠᠳᠠᠨ᠎ᠠ ᠣᠷᠣᠨ ᠤ ᠪᠠᠯᠠ ᠣᠷᠣᠭᠤᠯᠤᠯᠲᠠ ᠶᠢᠨ ᠬᠡᠪᠴᠢᠶᠡᠲᠦ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠳᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠺᠠᠷᠲ ᠭᠦᠢᠴᠡᠳᠬᠡᠵᠦ ᠥᠭᠭᠦᠨ᠎ᠡ᠃ ᠬᠤᠲᠠ ᠰᠢᠶᠠᠨ ᠬᠤᠶᠠᠷ ᠱᠠᠲᠤ ᠬᠡᠰᠡᠭ ᠭᠤᠤᠯᠳᠠᠯᠭ᠎ᠠ ᠲᠠᠢ ᠬᠡᠪᠴᠢᠶ᠎ᠡ ᠠᠴᠠ ᠳᠡᠭᠡᠭᠰᠢᠬᠢ ᠭᠠᠳᠠᠨ᠎ᠠ ᠣᠷᠣᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠢ ᠲᠤᠰᠪᠦᠷᠢ ᠰᠢᠯᠢᠨ ᠰᠣᠩᠭᠤᠵᠤ᠂ ᠲᠡᠳᠡᠨ ᠳᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠺᠠᠷᠲ ᠬᠢᠵᠦ ᠲᠠᠷᠬᠠᠨ᠂ ᠦᠢᠯᠡᠴᠢᠯᠡᠭᠡᠨ ᠤ ᠺᠠᠷᠲ ᠳᠤ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ᠂ ᠲᠤᠰᠢᠶᠠᠯ ᠵᠡᠷᠭᠡ ᠮᠡᠳᠡᠭᠡ ᠵᠠᠩᠭᠢ ᠶᠢ ᠲᠣᠳᠤᠷᠬᠠᠶᠢᠯᠠᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠶᠢᠨ ᠵᠠᠭᠠᠯᠳᠤᠬᠤ ᠤᠲᠠᠰᠤ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠬᠢᠨᠠᠯᠲᠠ ᠲᠠᠯᠪᠢᠬᠤ ᠤᠲᠠᠰᠤ ᠶᠢ ᠳᠠᠷᠤᠮᠠᠯᠯᠠᠭᠰᠠᠨ ᠪᠠᠶᠢᠨ᠎ᠠ᠃ ᠪᠥᠬᠦ ᠬᠤᠲᠠ ᠳᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠺᠠᠷᠲ ᠢ ᠨᠡᠶᠢᠲᠡ 129 ᠬᠤᠪᠢ ᠲᠠᠷᠬᠠᠭᠠᠵᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠲᠣᠰ ᠺᠠᠷᠲ ᠢ ᠬᠡᠷᠡᠭᠯᠡᠵᠦ᠂ ᠬᠠᠤᠯᠢ ᠶᠣᠰᠣᠭᠠᠷ ᠬᠡᠷᠡᠭ ᠰᠢᠢᠳᠪᠦᠷᠢᠯᠡᠭᠰᠡᠨ ᠤᠷᠢᠲᠠᠯ ᠳᠣᠤᠷ᠎ᠠ᠂ ᠠᠯᠢ ᠴᠢᠳᠠᠬᠤ ᠪᠠᠷ ᠰᠢᠭᠦᠬᠦ ᠬᠤᠷᠢᠶ᠎ᠠ ᠶᠢᠨ ᠪᠠᠶᠢᠴᠠᠭᠠᠬᠤ ᠺᠣᠮᠫᠠᠨᠢ ᠶᠢᠨ ᠡᠯ᠎ᠡ ᠵᠠᠩᠭᠢᠯᠠᠭ᠎ᠠ ᠳᠤ ᠲᠠᠰ ᠳᠠᠷᠠᠭᠠᠯᠠᠯ ᠢ ᠪᠠᠭᠠᠰᠬᠠᠵᠤ᠂ ᠳᠥᠭᠦᠮ ᠳᠥᠲᠡ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠪᠣᠯᠤᠨ᠎ᠠ᠃      ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ 97 ᠵᠦᠢᠯ ᠤᠨ ᠠᠷᠭ᠎ᠠ ᠬᠡᠮᠵᠢᠶ᠎ᠡ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠱᠠᠭᠠᠷᠳᠠᠨ ᠪᠠᠶᠢᠴᠠᠭᠠᠬᠤ ᠶᠢ ᠴᠢᠩᠭᠠᠳᠬᠠᠨ᠂ ᠵᠦᠢᠯ ᠳᠠᠷᠠᠭᠠᠯᠠᠨ ᠠᠬᠢᠭᠤᠯᠤᠨ ᠨᠠᠶᠢᠳᠠᠪᠤᠷᠢᠵᠢᠭᠤᠯᠵᠤ᠂ 99%᠎ ᠨᠢ ᠴᠥᠮ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠵᠤ ᠴᠢᠳᠠᠨ᠎ᠠ᠃      ︽ᠡᠵᠡᠩᠨᠡᠯᠲᠡ ᠠᠷᠠᠯᠵᠢᠶᠠᠨ ᠤ ᠬᠠᠤᠯᠢ ᠴᠠᠭᠠᠵᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠡᠭᠦᠷᠭᠡ ᠶᠢᠨ ᠲᠣᠳᠣᠷᠬᠠᠶ ᠬᠠᠭᠤᠳᠠᠰᠤ︾᠎ ᠳᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠲᠦᠷᠦᠭᠦᠯᠡᠨ ᠨᠠᠶᠢᠳᠠᠪᠤᠷᠢᠵᠢᠭᠤᠯᠬᠤ 4 ᠲᠠᠯ᠎ᠠ ᠶᠢᠨ 8 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶ ᠲᠣᠭᠲᠠᠭᠠᠵᠠᠶ᠃ ᠨᠢᠭᠡᠳᠦᠭᠡᠷ ᠲᠠᠯ᠎ᠠ ᠪᠣᠯ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠡᠭᠦᠨ ᠤ ᠭᠤᠣᠯᠳᠠᠯᠭ᠎ᠠ ᠨᠢ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠭᠤᠷᠪᠠᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠤᠨ᠎ᠠ᠄ ᠨᠢᠭᠡ ᠳᠤ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠤᠳᠠᠲᠠᠯ᠎ᠠ ᠮᠡᠳᠡᠭᠦᠯᠦᠭᠡᠳ ᠦᠯᠦ ᠳᠠᠩᠰᠠᠯᠠᠬᠤ᠂ ᠤᠳᠠᠲᠠᠯ᠎ᠠ ᠳᠠᠩᠰᠠᠯᠠᠭᠠᠳ ᠦᠯᠦ ᠰᠢᠢᠳᠪᠦᠷᠢᠯᠡᠬᠦ᠂ ᠤᠳᠠᠲᠠᠯ᠎ᠠ ᠰᠢᠭᠦᠭᠡᠳ ᠦᠯᠦ ᠲᠠᠰᠤᠯᠬᠤ ᠠᠰᠠᠭᠤᠳᠠᠯ︔ ᠬᠤᠶᠠᠷ ᠲᠤ ᠬᠠᠤᠯᠢ ᠴᠠᠭᠠᠵᠠ ᠪᠠᠷ ᠬᠡᠷᠡᠭ ᠰᠢᠢᠳᠪᠦᠷᠢᠯᠡᠬᠦ ᠠᠴᠠ ᠪᠤᠯᠵᠤ ᠠᠵᠤ ᠠᠬᠤᠶᠢᠯᠠᠯ ᠤᠨ ᠡᠵᠡᠩᠨᠡᠯᠲᠡ ᠶᠢ ᠬᠦᠴᠢᠷᠳᠡᠯ ᠲᠠᠢ ᠪᠣᠯᠭᠠᠭᠰᠠᠨ ᠠᠰᠠᠭᠤᠳᠠᠯ︔ ᠭᠤᠷᠪᠠ ᠳᠤ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠵᠦ ᠬᠤᠬᠢᠷᠠᠯ ᠳᠤ ᠤᠴᠠᠷᠠᠬᠤ ᠳᠤ ᠪᠡᠷᠬᠡᠲᠡᠶ ᠠᠰᠠᠭᠤᠳᠠᠯ ᠪᠣᠯᠤᠨ᠎ᠠ᠃ ᠬᠤᠶᠠᠳᠤᠭᠠᠷ ᠲᠠᠯ᠎ᠠ ᠪᠣᠯ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠪᠠᠶᠢᠭᠤᠯᠤᠯᠲᠠ ᠶᠢ ᠳᠦᠷᠢᠮᠵᠢᠭᠦᠯᠬᠦ ᠪᠣᠯᠤᠨ᠎ᠠ᠃ ᠡᠭᠦᠨ ᠤ ᠭᠤᠣᠯᠳᠠᠯᠭ᠎ᠠ ᠨᠢ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠭᠤᠷᠪᠠᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠤᠨ᠎ᠠ᠄ ᠨᠢᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠬᠡᠷᠡᠭ ᠪᠠᠶᠢᠲᠠᠯ᠎ᠠ ᠦᠯᠦ ᠰᠢᠯᠵᠢᠭᠦᠯᠬᠦ᠂ ᠲᠣᠷᠭᠠᠭᠤᠯᠢ ᠪᠠᠷ ᠡᠷᠡᠭᠦᠦ ᠶᠢ ᠣᠷᠣᠯᠠᠭᠤᠯᠬᠤ᠂ ᠶᠠᠯ᠎ᠠ ᠲᠠᠢ ᠪᠠᠶᠢᠲᠠᠯ᠎ᠠ ᠦᠯᠦ ᠨᠡᠬᠡᠮᠵᠢᠯᠡᠬᠦ ᠠᠰᠠᠭᠤᠳᠠᠯ︔ ᠬᠤᠶᠠᠷ ᠲᠤ ᠳᠤᠷ᠎ᠠ ᠪᠠᠷ ᠬᠠᠤᠯᠢ ᠬᠡᠷᠡᠭᠵᠢᠭᠦᠯᠬᠦ᠂ ᠰᠣᠩᠭᠤᠯᠲᠠ ᠶᠢᠨ ᠴᠢᠨᠠᠷᠲᠠᠶ ᠬᠠᠤᠯᠢ ᠬᠡᠷᠡᠭᠵᠢᠭᠦᠯᠬᠦ ᠪᠠ ᠬᠡᠯᠪᠡᠷᠢᠯ ᠤᠨ ᠴᠢᠨᠠᠷᠲᠠᠶ ᠬᠠᠤᠯᠢ ᠬᠡᠷᠡᠭᠵᠢᠭᠦᠯᠬᠦ ᠠᠰᠠᠭᠤᠳᠠᠯ︔ ᠭᠤᠷᠪᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢᠶᠠᠷ ᠳᠠᠩᠰᠠᠯᠠᠬᠤ ᠶᠣᠰᠣᠲᠠᠢ ᠶᠢ ᠨᠢ ᠳᠠᠩᠰᠠᠯᠠᠬᠤ ᠦᠭᠡᠢ᠂ ᠲᠣᠭᠲᠠᠭᠠᠯ ᠢ ᠵᠥᠷᠢᠴᠡᠨ ᠳᠠᠩᠰᠠᠯᠠᠭᠰᠠᠨ᠂ ᠬᠠᠤᠯᠢ ᠶᠢ ᠵᠥᠷᠢᠴᠡᠨ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠬᠡᠷᠡᠭᠯᠡᠵᠦ ᠠᠵᠤ ᠠᠬᠤᠢ ᠶᠢᠨ ᠵᠠᠭᠤᠷᠠᠯᠳᠤᠭᠠᠨ ᠳᠤ ᠭᠠᠷ ᠲᠦᠷᠦᠭᠰᠡᠨ ᠵᠢᠴᠢ ᠡᠷᠡᠭᠦᠳᠡᠵᠦ ᠥᠴᠢᠭᠯᠡᠭᠦᠯᠦᠭᠰᠡᠨ᠂ ᠬᠠᠤᠯᠢ ᠶᠢ ᠵᠥᠷᠢᠴᠡᠨ ᠵᠣᠭᠤᠰ ᠮᠥᠩᠭᠦ ᠡᠳ᠋ ᠪᠣᠳᠠᠰ ᠢ ᠪᠠᠶᠢᠴᠠᠭᠠᠨ ᠪᠢᠲᠡᠭᠦᠮᠵᠢᠯᠡᠵᠦ ᠳᠠᠷᠤᠵᠤ ᠠᠪᠤᠭᠰᠠᠨ ᠵᠡᠷᠭᠡ ᠠᠰᠠᠭᠤᠳᠠᠯ᠃ ᠭᠤᠷᠪᠠᠳᠤᠭᠠᠷ ᠲᠠᠯ᠎ᠠ ᠪᠣᠯ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠵᠠᠷᠭᠤ ᠶᠢᠨ ᠳᠠᠷᠤᠭᠳᠠᠮᠠᠯ ᠬᠡᠷᠡᠭ ᠢ ᠢᠯᠭᠠᠷᠠᠭᠤᠯᠤᠨ ᠲᠢᠭᠯᠡᠨ᠎ᠡ᠃ ᠡᠭᠦᠨ ᠤ ᠭᠤᠣᠯᠳᠠᠯᠭ᠎ᠠ ᠨᠢ ᠠᠵᠤ ᠠᠬᠤᠶᠢᠯᠠᠯ ᠤᠨ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ᠦᠯᠡᠳᠡᠭᠡᠯ ᠬᠡᠷᠡᠭ ᠢ ᠰᠢᠢᠳᠪᠦᠷᠢᠯᠡᠨ᠎ᠡ᠃ ᠳᠥᠷᠪᠡᠳᠦᠭᠡᠷ ᠲᠠᠯ᠎ᠠ ᠪᠣᠯ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠡᠭᠦᠨ ᠤ ᠭᠤᠣᠯᠳᠠᠯᠭ᠎ᠠ ᠨᠢ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠥᠨᠳᠥᠷ ᠪᠢᠰᠢ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠢᠳᠪᠦᠷᠢᠯᠡᠨ᠎ᠡ᠃ ᠳᠡᠭᠡᠷ᠎ᠡ ᠳᠤᠷᠠᠳᠤᠭᠰᠠᠨ ᠠᠰᠠᠭᠤᠳᠠᠯ ᠢ ᠨᠢᠭᠡᠨᠲᠡ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠤᠷᠳᠤ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠢ ᠪᠠᠶᠢᠨ᠎ᠠ᠃ 2021 ᠣᠨ ᠤ 1 ᠰᠠᠷ᠎ᠠ ᠶᠢᠨ 8᠎ ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠶ ᠲᠣᠭᠤᠷᠢᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ︽ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ︾᠎ ᠶᠢᠨ 4 ᠵᠦᠢᠯ ᠤᠨ ᠰᠠᠨᠠᠯ ᠳᠤ᠂ ᠶᠠᠭ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ ᠪᠠᠶᠢᠨ᠎ᠠ᠃       ᠬᠤᠶᠠᠷ᠂ ᠳᠠᠷᠠᠭᠠᠴᠢ ᠶᠢᠨ ᠠᠵᠢᠯ ᠤᠨ ᠠᠷᠭ᠎ᠠ ᠬᠡᠮᠵᠢᠶ᠎ᠡ       ᠨᠢᠭᠡ ᠳᠤ ︽ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠭᠤᠨ ᠵᠦᠢᠯ ᠤᠨ ᠠᠷᠭ᠎ᠠ ᠬᠡᠮᠵᠢᠶ᠎ᠡ︾᠎ ᠶᠢ ᠭᠦᠨᠵᠡᠭᠡᠶ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠨ ᠪᠠᠲᠤᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃       ᠬᠤᠶᠠᠷ ᠲᠤ᠂ ︽ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︿ᠮᠢᠩᠭᠠᠨ ᠺᠠᠳ᠋ᠷ ᠴᠠᠭᠳᠠᠭ᠎ᠠ ᠬᠠᠤᠯᠢ ᠶᠢ ᠬᠥᠳᠡᠭᠡ ᠬᠦᠷᠭᠡᠬᠦ﹀ ᠠᠵᠢᠯᠯᠠᠭ᠎ᠠ︾᠎ ᠶᠢ ᠦᠷᠭᠦᠯᠵᠢᠯᠡᠨ ᠠᠬᠢᠭᠤᠯᠵᠤ᠂ ᠬᠠᠤᠯᠢ ᠴᠠᠭᠠᠵᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃       ᠭᠤᠷᠪᠠ ᠳᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠵᠢᠷᠤᠮ ᠢ ᠡᠪᠳᠡᠭᠰᠡᠨ ᠪᠠ ᠡᠵᠡᠩᠨᠡᠯᠲᠡ ᠶᠢᠨ ᠪᠡᠶᠡᠴᠢ ᠴᠣᠭᠴᠠ ᠶᠢᠨ ᠬᠥᠮᠦᠨ ᠤ ᠪᠡᠶ᠎ᠡ ᠮᠠᠬᠠᠪᠣᠳ ᠡᠳ᠋ ᠬᠦᠷᠦᠩᠭᠡ ᠶᠢᠨ ᠡᠷᠬᠡ ᠳᠤ ᠬᠠᠯᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠩᠭᠠᠨ᠎ᠠ᠃       ᠲᠦᠷᠪᠡ ᠳᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠯᠢᠰ ᠬᠤᠳᠠᠯ ᠪᠤᠷᠤᠭᠤ ᠬᠡᠷᠡᠭ ᠢ ᠢᠯᠭᠠᠨ ᠲᠤᠳᠤᠯᠠᠵᠤ ᠵᠠᠯᠠᠷᠠᠭᠤᠯᠬᠤ ᠲᠣᠭᠲᠠᠴᠠ ᠶᠢ ᠪᠦᠷᠢᠨᠰᠢᠬᠦᠯᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠭᠦᠯᠦᠨ᠎ᠡ᠃       ᠬᠤᠲᠠ ᠶᠢᠨ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ      2020 ᠣᠨ ᠳᠤ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠬᠤᠲᠠ ᠶᠢᠨ ᠨᠠᠮ ᠤᠨ ᠬᠤᠷᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠤᠷ᠎ᠠ᠂ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠴᠠᠭ ᠤᠨ ᠬᠢᠵᠠᠭᠠᠷ ᠢ ᠪᠠᠭᠠᠰᠬᠠᠨ᠂ ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠦᠷᠭᠡᠨ ᠪᠥᠭᠡᠳ ᠥᠨᠳᠥᠷ ᠪᠦᠲᠦᠮᠵᠢᠲᠡᠶ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ 13 ᠲᠠᠯ᠎ᠠ ᠶᠢᠨ 32 ᠵᠦᠢᠯ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃       ︵ᠨᠢᠭᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ     ᠠᠵᠤ ᠠᠬᠤᠶᠢᠯᠠᠯ ᠳᠤ ᠲᠥᠯᠥᠪᠦᠷᠢ ᠥᠬᠡᠶ ᠪᠠᠷ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠬᠦ ᠶᠢᠨ ᠬᠠᠮᠲᠤ ᠬᠤᠳᠠᠯᠳᠤᠭᠠᠴᠢᠳ ᠤᠨ ᠡᠪᠯᠡᠯ᠂ ᠠᠵᠢᠯ ᠲᠥᠷᠥᠯ ᠤᠨ ᠨᠡᠶᠢᠭᠡᠮᠯᠢᠭ ᠤᠨ ᠬᠠᠮᠲᠤᠷᠠᠭᠰᠠᠨ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠤᠷᠤᠭᠰᠢ ᠰᠢᠯᠵᠢᠭᠦᠯᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠰᠠᠭ ᠤᠨ ᠶᠠᠪᠤᠳᠠᠯ ᠤᠨ ᠦᠢᠢᠯᠡᠴᠢᠯᠡᠭᠡᠨ ᠤ ᠲᠥᠪ ᠲᠤ ᠠᠵᠤ ᠠᠬᠤᠶᠢᠯᠠᠯ ᠡᠷᠬᠢᠯᠡᠬᠦ ᠪᠠ ᠬᠠᠭᠠᠬᠤ ᠶᠡᠷᠦᠩᠬᠡᠶᠢᠯᠡᠭᠰᠡᠨ ︽ᠨᠢᠭᠡ ᠴᠣᠩᠬᠤᠪᠴᠢ ᠮᠠᠶ᠋ᠢᠭ︾᠎ ᠤᠨ ᠦᠢᠯᠡᠴᠢᠯᠡᠭᠡᠨ ᠤ ᠲᠤᠰᠬᠠᠶ ᠬᠡᠰᠡᠭ ᠢ ᠨᠡᠭᠡᠭᠡᠨ ᠪᠠᠶᠢᠭᠤᠯᠵᠤ᠂ ᠠᠵᠤ ᠠᠬᠤᠶᠢᠯᠠᠯ ᠳᠤ ᠪᠠᠭᠴᠠᠯᠠᠭᠰᠠᠨ ᠦᠢᠯᠡᠴᠢᠯᠡᠭᠡ ᠬᠠᠩᠭᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠡᠵᠦ ᠬᠠᠮᠲᠤᠪᠠᠷ ᠡᠳ᠋ᠯᠡᠬᠦ ᠲᠦᠭᠵᠢᠷᠡᠯ ᠢ ᠨᠡᠪᠲᠡᠷᠡᠭᠦᠯᠵᠦ᠂ ᠴᠠᠬᠢᠮ ᠭᠡᠷᠡᠴᠢ ᠦᠨᠡᠮᠯᠡᠯ ᠢ ᠴᠤᠭᠯᠠᠭᠤᠯᠬᠤ ᠠᠵᠢᠯ ᠢ ᠴᠢᠩᠭᠠᠳᠬᠠᠪᠠ᠃ ︽ᠮᠥᠩᠬᠡ ᠰᠤᠪᠠᠭ︾ App᠎ ᠢ ᠭᠦᠨᠵᠡᠭᠡᠶ ᠳᠡᠯᠭᠡᠷᠡᠭᠦᠯᠪᠡ᠃ ᠮᠥᠩᠬᠡ ᠰᠤᠪᠠᠭ App᠎ ᠳᠤ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ ᠵᠡᠷᠭᠡ 46 ᠥᠪᠡᠷᠮᠢᠴᠡ ᠣᠨᠴᠠᠯᠢᠭ ᠲᠠᠢ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠪᠡᠶᠡᠯᠡᠭᠦᠯᠵᠦ ᠪᠣᠯᠤᠨ᠎ᠠ᠃     ︽ᠰᠠᠶᠢᠨ ᠪᠠᠷᠤᠭᠲᠠᠢ ᠶᠢ ᠦᠨᠡᠯᠡᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠭᠦᠢᠴᠡᠳᠭᠡᠬᠦ ᠬᠦᠮᠦᠰ ᠰᠢᠭᠤᠳ ᠠᠵᠢᠯ ᠭᠦᠢᠴᠡᠳᠭᠡᠬᠦ ᠴᠣᠩᠬᠤᠨ ᠳᠤ ︽ᠨᠢᠭᠡ ᠤᠳᠠᠭ᠎ᠠ ᠳᠤ ᠨᠢᠭᠡ ᠦᠨᠡᠯᠡᠬᠦ︾ ︽ᠨᠢᠭᠡ ᠤᠴᠢᠷ ᠲᠤ ᠨᠢᠭᠡ ᠦᠨᠡᠯᠡᠬᠦ︾᠎ ᠶᠢ ᠪᠡᠶᠡᠯᠡᠭᠦᠯᠵᠦ᠂ ᠦᠨᠡᠯᠡᠭᠰᠡᠨ ᠲᠤᠭ᠎ᠠ ᠪᠠᠷᠢᠮᠲᠠ ᠶᠢᠨ ᠦᠷ᠎ᠡ ᠳ᠋ᠦᠩ ᠢ ᠠᠰᠢᠭᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃     ︵ᠬᠤᠶᠠᠷ︶ ᠡᠷᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠷᠬᠡ ᠶᠢᠨ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠪᠠ     ᠨᠢᠭᠡ ᠲᠠᠯ᠎ᠠ ᠪᠠᠷ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠠᠵᠢᠯ ᠢ ᠢᠳᠡᠪᠬᠢᠲᠡᠶ ᠠᠬᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ 2020 ᠣᠨ ᠳᠤ ᠪᠥᠬᠦ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠯᠲᠠ ᠶᠢ ᠨᠡᠶᠢᠲᠡ 1349 ᠪᠦᠯᠦᠭ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 30265 ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠤᠭᠤᠴᠢᠨ ᠪᠠᠶᠢᠴᠠᠭᠠᠪᠠ᠃ ᠨᠥᠭᠦᠭᠡ ᠲᠠᠯ᠎ᠠ ᠪᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠠᠭᠤᠴᠢᠯᠠᠬᠤ ᠦᠢᠯᠡᠴᠢᠯᠡᠭᠡ ᠶᠢ ᠵᠢᠷᠤᠮᠵᠢᠭᠤᠯᠵᠤ᠂ ᠣᠳᠣᠬᠠᠨ ᠳᠤ ᠨᠢᠭᠡᠨᠲᠡ 75 ᠵᠠᠭᠤᠴᠢᠯᠠᠬᠤ ᠪᠠᠶᠢᠭᠤᠯᠤᠮᠵᠢ ᠵᠠᠭᠤᠴᠢᠯᠠᠬᠤ ᠬᠡᠲᠦ ᠳᠡᠯᠭᠡᠭᠦᠷ ᠲᠤ ᠣᠷᠣᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠢᠯᠡ ᠲᠣᠳᠣ ᠵᠠᠭᠤᠴᠢᠯᠠᠬᠤ ᠦᠢᠯᠡᠴᠢᠯᠡᠭᠡ ᠬᠠᠩᠭᠠᠵᠤ ᠪᠠᠶᠢᠨ᠎ᠠ᠃     ︵ᠭᠤᠷᠪᠠ︶ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠳᠦᠭᠦᠮ ᠦᠵᠡᠭᠦᠯᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ     ᠨᠢᠭᠡ ᠳᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ‍ᠤᠨ‌‍ᠬᠢᠵᠠᠭᠠᠷ ᠢ ᠪᠠᠭᠠᠰᠬᠠᠪᠠ᠂ ᠭᠠᠵᠠᠷ ᠰᠣᠩᠭᠤᠬᠤ ᠰᠠᠨᠠᠯ ᠤᠨ ᠪᠢᠴᠢᠭ ᠬᠢᠭᠡᠳ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠶᠢ 7 ᠠᠵᠢᠯ ᠤᠨ ᠡᠳᠦᠷ ᠪᠠᠶᠢᠭᠰᠠᠨ ᠠᠴᠠ 5 ᠠᠵᠢᠯ ᠤᠨ ᠡᠳᠦᠷ ᠪᠣᠯᠭᠠᠨ ᠪᠠᠭᠠᠰᠬᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠨᠢᠭᠡᠳᠦᠭᠡᠷ ᠱᠠᠲᠤᠨ ᠤ ᠶᠡᠷᠦᠩᠬᠡᠶ ᠴᠠᠭ ᠤᠨ ᠬᠢᠵᠠᠭᠠᠷ ᠢ 20 ᠠᠵᠢᠯ ᠤᠨ ᠡᠳᠦᠷ ᠪᠣᠯᠭᠠᠨ ᠪᠠᠭᠠᠰᠬᠠᠵᠤ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠳᠠᠩᠰᠠᠯᠠᠬᠤ ᠲᠥᠷᠥᠯ ᠤᠨ ᠨᠢᠭᠡᠳᠦᠭᠡᠷ ᠱᠠᠲᠤᠨ ᠤ ᠶᠡᠷᠦᠩᠬᠡᠶ ᠴᠠᠭ ᠤᠨ ᠬᠢᠵᠠᠭᠠᠷ ᠢ 6 ᠠᠵᠢᠯ ᠤᠨ ᠡᠳᠦᠷ ᠪᠣᠯᠭᠠᠨ ᠪᠠᠭᠠᠰᠬᠠᠵᠤ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠥᠷᠥᠯ ᠤᠨ ᠨᠢᠭᠡᠳᠦᠭᠡᠷ ᠱᠠᠲᠤᠨ ᠤ ᠶᠡᠷᠦᠩᠬᠡᠶ ᠴᠠᠭ ᠤᠨ ᠬᠢᠵᠠᠭᠠᠷ ᠢ 10 ᠠᠵᠢᠯ ᠤᠨ ᠡᠳᠦᠷ ᠪᠣᠯᠭᠠᠨ ᠪᠠᠭᠠᠰᠬᠠᠪᠠ᠃ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠲᠠᠪᠴᠠᠩ ᠢ ᠪᠠᠶᠢᠭᠤᠯᠤᠨ ᠪᠡᠶᠡᠯᠡᠭᠦᠯᠵᠦ᠂ ︽ᠨᠢᠭᠡ ᠵᠢᠷᠤᠭ ᠲᠥᠰᠦᠪ︾᠎ ᠤᠨ ᠲᠤᠭ᠎ᠠ ᠪᠠᠷᠢᠮᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠦᠨᠡᠯᠡᠨ ᠵᠢᠱᠢᠯᠲᠡ ᠶᠢ ᠦᠷᠭᠦᠯᠵᠢᠯᠡᠨ ᠲᠦᠯᠬᠢᠨ ᠠᠬᠢᠭᠤᠯᠪᠠ᠃ ᠤᠰᠤ ᠂ ᠴᠠᠬᠢᠯᠭᠠᠨ᠂ ᠳᠤᠯᠠᠭᠠᠯᠠᠭ᠎ᠠ᠂ ᠬᠡᠢ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠮᠡᠳᠡᠭᠦᠯᠦᠨ ᠤᠭᠰᠠᠷᠠᠭᠤᠯᠬᠤ ᠶᠢ ᠬᠢᠨᠠᠨ ᠵᠥᠪᠰᠢᠶᠡᠷᠡᠭᠦᠯᠬᠦ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃       ᠬᠤᠶᠠᠷ ᠲᠤ ᠬᠡᠷ ᠪᠠᠶᠢᠰᠢᠩ ᠤᠨ ᠬᠥᠷᠥᠩᠭᠡ ᠶᠢᠨ ᠠᠷᠠᠯᠵᠢᠶᠠᠨ ᠤ ᠭᠤᠭᠴᠤᠭ᠎ᠠ ᠶᠢ ᠡᠮᠬᠢᠯᠡᠨ ᠨᠡᠶᠢᠯᠡᠭᠦᠯᠵᠦ᠂ ᠭᠦᠢᠴᠡᠳᠭᠡᠬᠦ ᠶᠠᠪᠤᠴᠠ ᠶᠢ ᠳᠥᠭᠦᠮᠴᠢᠯᠡᠪᠡ᠃ ᠳᠠᠩᠰᠠᠯᠠᠬᠤ᠂ ᠠᠷᠠᠯᠵᠢᠶᠠᠯᠠᠬᠤ ᠬᠤᠶᠠᠷ ᠭᠤᠭᠴᠤᠭ᠎ᠠ ᠶᠢ ᠨᠡᠶᠢᠯᠡᠭᠦᠯᠦᠭᠡᠳ ᠨᠢᠭᠡ ᠭᠤᠭᠴᠤᠭ᠎ᠠ ᠪᠣᠯᠭᠠᠨ᠎ᠠ᠃ ᠭᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠰᠢᠯᠵᠢᠭᠦᠯᠦᠨ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠠᠭ ᠤᠨ ᠬᠢᠵᠠᠭᠠᠷ ᠢ 1 ᠠᠵᠢᠯ ᠤᠨ ᠡᠳᠦᠷ ᠪᠣᠯᠭᠠᠨ ᠪᠠᠭᠠᠰᠬᠠᠵᠤ᠂ ᠤᠷᠢᠳᠴᠢᠯᠠᠨ ᠬᠤᠳᠠᠯᠳᠤᠨ ᠠᠪᠬᠤ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠮᠡᠳᠡᠭᠳᠡᠵᠦ ᠳᠠᠩᠰᠠᠯᠠᠭᠤᠯᠬᠤ ᠪᠠᠷ ᠭᠤᠶᠤᠴᠢᠯᠠᠬᠤ ᠵᠡᠷᠭᠡ 12 ᠵᠦᠢᠯ ᠤᠨ ᠲᠣᠭᠲᠠᠮᠠᠯ ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠤᠯᠠᠭᠠᠨᠬᠠᠳᠠ ᠶᠢᠨ ᠬᠤᠲᠠ ᠲᠣᠭᠤᠷᠢᠭ ᠤᠨ ᠨᠢᠭᠡ ᠬᠤᠲᠠ ᠳᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠦᠨ᠎ᠡ᠃      ᠭᠤᠷᠪᠠ ᠳᠤ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠪᠡ᠃ ᠨᠡᠭᠡᠭᠡᠨ ᠡᠷᠭᠢᠯᠡᠭᠰᠡᠨ ᠠᠵᠤ ᠠᠬᠤᠶᠢᠯᠠᠯ ᠤᠨ ᠠᠯᠪᠠᠨ ᠲᠠᠮᠠᠭ᠎ᠠ ᠰᠡᠶᠢᠯᠦᠨ ᠦᠢᠯᠡᠳᠬᠦ ᠶᠢ ᠵᠠᠰᠠᠭ ᠤᠨ ᠣᠷᠳᠣᠨ ᠠᠴᠠ ᠲᠠᠩᠰᠠ ᠪᠤᠳᠤᠵᠤ᠂ ᠠᠯᠪᠠᠨ ᠲᠠᠮᠠᠭ᠎ᠠ ᠶᠢ ᠳᠡᠩᠰᠡᠯᠡᠨ ᠭᠦᠢᠴᠡᠳᠭᠡᠬᠦ ᠭᠤᠭᠴᠤᠭ᠎ᠠ ᠶᠢ ᠵᠡᠷᠭᠡ ᠳᠤᠨᠢ ᠨᠡᠶᠢᠯᠡᠭᠦᠯᠪᠡ᠃ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠶᠢᠨ ︽ᠬᠠᠭᠠᠬᠤ ᠳᠤ ᠬᠦᠴᠢᠷᠲᠡᠶ︾ ᠠᠰᠠᠭᠤᠳᠠᠯ ᠢ ᠲᠥᠷᠥᠯ ᠬᠤᠪᠢᠶᠠᠨ ᠰᠢᠢᠳᠪᠦᠷᠢᠯᠡᠵᠦ᠂ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠲᠥᠬᠦᠮ ᠠᠵᠤ ᠠᠬᠤᠶᠢᠯᠠᠯ ᠤᠨ ᠠᠯᠪᠠᠨ ᠵᠠᠷ ᠤᠨ ᠴᠠᠭ ᠢ 45 ᠡᠳᠦᠷ ᠪᠠᠶᠢᠭᠰᠠᠨ ᠠᠴᠠ 20 ᠡᠳᠦᠷ ᠪᠣᠯᠭᠠᠨ ᠪᠣᠭᠤᠨᠢᠰᠬᠠᠪᠠ᠃      ᠲᠠᠷᠠᠭᠠᠴᠢ ᠶᠢᠨ ᠠᠯᠬᠤᠮ ᠳᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ ᠦᠷᠭᠦᠯᠵᠢᠯᠡᠨ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠪᠠᠷ ᠵᠠᠷᠴᠢᠮ ᠪᠣᠯᠭᠠᠵᠤ᠂ ︽ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠨᠠᠩ ᠰᠠᠶᠢᠨ ᠦᠢᠯᠡᠴᠢᠯᠡᠬᠦ ᠲᠤᠬᠠᠶ ᠠᠷᠭ᠎ᠠ ᠬᠡᠮᠵᠢᠶ᠎ᠡ ᠨᠦᠭᠦᠳ︾᠎ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃      ︵ᠨᠢᠭᠡ︶ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ᠂ ᠲᠣᠭᠲᠠᠮᠠᠯ ᠬᠦᠷᠦᠩᠭᠡ ᠶᠢ ᠳᠠᠩᠰᠠᠯᠠᠬᠤ᠂ ᠠᠵᠤ ᠠᠬᠤᠶᠢᠯᠠᠯ ᠢ ᠪᠠᠶᠢᠭᠤᠯᠵᠤ ᠬᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠦᠨ᠂ ᠥᠭᠡᠷᠡᠴᠢᠯᠡᠯᠲᠡ ᠶᠢᠨ ᠠᠰᠢᠭ ᠲᠤᠰᠠ ᠶᠢ ᠲᠠᠰᠤᠷᠠᠯᠳᠠ ᠦᠭᠡᠢ ᠪᠠᠳᠠᠷᠠᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠨᠡᠶᠢᠭᠡᠮ ᠪᠠ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃       ︵ᠬᠤᠶᠠᠷ︶ ︽ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠥᠷᠭᠡᠳᠬᠡᠨ᠎ᠡ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠰᠢᠰᠲ᠋ᠧᠮ ᠤᠨ ᠡᠭᠦᠯᠡᠨ ᠳᠤ ᠣᠷᠣᠬᠤ ᠶᠢ ᠳᠥᠯᠭᠢᠨ ᠠᠬᠢᠭᠤᠯᠵᠤ᠂ ᠬᠠᠮᠲᠤ ᠪᠠᠷ ᠡᠳ᠋ᠯᠡᠬᠦ ᠲᠠᠪᠴᠠᠩ ᠪᠠ ᠵᠠᠰᠠᠭ ᠤᠨ ᠣᠷᠳᠣᠨ ᠤ ᠰᠦᠯᠵᠢᠶ᠎ᠡ ᠶᠢᠨ ᠡᠷᠴᠢᠮᠵᠢᠭᠦᠯᠦᠭᠰᠡᠨ ᠲᠠᠪᠴᠠᠩ ᠢ ᠪᠠᠶᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠪᠠᠶᠢᠭᠤᠯᠵᠤ᠂ ᠨᠠᠩ ᠶᠡᠭᠡ ᠬᠡᠪᠴᠢᠶᠡᠨ ᠳᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ᠂ ᠣᠨᠳᠣᠤ ᠭᠠᠵᠠᠷ ᠲᠤ ᠰᠢᠢᠳᠪᠦᠷᠢᠯᠡᠬᠦ᠂ ᠠᠯᠠᠭᠠᠨ ᠳᠡᠭᠡᠷ᠎ᠡ ᠪᠠᠨ ᠭᠦᠢᠴᠡᠳᠭᠡᠬᠦ︾᠎ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠰᠦᠯᠵᠢᠶᠡᠨ ᠳᠡᠭᠡᠷ᠎ᠡ ᠭᠦᠢᠴᠡᠳᠭᠡᠬᠦ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ᠂ ︽ᠰᠦᠯᠵᠢᠶᠡᠨ ᠳᠡᠭᠡᠷ᠎ᠡ ᠭᠦᠢᠴᠡᠳᠭᠡᠬᠦ︾᠎ ᠶᠢ ᠨᠢᠭᠡ ᠵᠦᠢᠯ ᠤᠨ ᠬᠡᠪᠰᠢᠭᠰᠡᠨ ᠦᠢᠯᠡᠴᠢᠯᠡᠭᠡᠨ ᠤ ᠠᠷᠭ᠎ᠠ ᠵᠠᠮ ᠪᠣᠯᠭᠠᠨ᠎ᠠ᠃       ︵ᠭᠤᠷᠪᠠ︶ ᠬᠠᠮᠵᠢᠯᠴᠠᠨ ᠬᠢᠨᠠᠨ ᠬᠠᠮᠢᠶᠠᠷᠬᠤ ᠬᠦᠴᠦᠨ ᠢ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠬᠤᠯᠪᠣᠭᠠᠯᠠᠨ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ︽ᠨᠢᠭᠡ ᠤᠳᠠᠭ᠎ᠠ ᠳᠤ ᠣᠯᠠᠨ ᠤᠴᠢᠷ ᠶᠠᠪᠤᠳᠠᠯ ᠢ ᠡᠷᠢᠬᠦ︾᠎ ᠶᠢ ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠳᠤ ᠦᠵᠡᠭᠦᠯᠬᠦ ᠬᠠᠷᠰᠢᠯᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ ᠃ ᠰᠤᠭᠤᠴᠢᠨ ᠪᠠᠶᠢᠴᠠᠭᠠᠬᠤ ᠠᠵᠢᠯ ᠢ ᠱᠠᠭᠠᠷᠳᠠᠨ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠲᠦᠷᠦᠭᠦᠯᠡᠨ ᠬᠢᠬᠦ ᠰᠠᠯᠠᠭ᠎ᠠ ᠮᠥᠴᠢᠷ ᠵᠣᠬᠢᠴᠠᠭᠤᠯᠬᠤ᠂ ᠡᠯ᠎ᠡ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃       ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠬᠦ ᠳᠤᠭᠤᠶᠢᠯᠠᠩ      ᠨᠢᠭᠡ᠂ 2020 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ       2020 ᠣᠨ ᠳᠤ᠂ ᠬᠤᠲᠠ ᠶᠢᠨ ᠨᠠᠮ ᠤᠨ ᠬᠤᠷᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠎ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ  ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠢᠯᠣᠭᠤᠳᠣᠯᠭ᠎ᠠ ᠳᠣᠣᠷ᠎ᠠ᠂ ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠬᠦ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠵᠠᠰᠠᠭ ᠤᠨ ᠶᠠᠪᠤᠳᠠᠯ ᠤᠨ ᠢᠲᠡᠭᠡᠮᠵᠢ ᠶᠢ ᠲᠠᠰᠤᠷᠠᠯᠲᠠ ᠥᠬᠡᠶ ᠴᠢᠩᠭᠠᠳᠬᠠᠨ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢ ᠦᠷᠭᠦᠯᠵᠢᠯᠡᠨ ᠠᠬᠢᠭᠤᠯᠵᠤ᠂ ᠬᠤᠪᠢ ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠲᠤᠬᠠᠶ ᠠᠷᠭ᠎ᠠ ᠬᠡᠮᠵᠢᠶ᠎ᠡ ᠨᠦᠭᠦᠳ︾᠎ ᠤᠨ 33 ᠵᠦᠢᠯ ᠤᠨ ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ᠂ 3 ᠲᠠᠯ᠎ᠠ ᠶᠢᠨ 12 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠢᠳᠡᠪᠬᠢᠲᠡᠶ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠪᠠ᠃       ︵ᠨᠢᠭᠡ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠲᠠᠯ᠎ᠠ ᠪᠠᠷ       ᠨᠢᠭᠡ ᠳᠤ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ︽ᠲᠡᠭ ᠪᠣᠯᠭᠠᠬᠤ︾᠎ ᠶᠢ ᠬᠦᠴᠦᠯᠡᠨ ᠪᠡᠶᠡᠯᠡᠭᠦᠯᠪᠡ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ 2020 ᠣᠨ ᠤ ᠣᠨ ᠤ ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠪᠥᠬᠦ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠬᠠᠷᠢᠶ᠎ᠠ ᠪᠥᠬᠦᠶ ᠪᠠᠶᠢᠭᠤᠯᠤᠮᠵᠢ ᠨᠤᠭᠤᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ 3.47 ᠳ᠋ᠦᠩᠰᠢᠭᠤᠷ ᠲᠥᠭᠦᠷᠢᠭ ︵ᠵᠥᠷᠢᠯᠳᠦᠭᠡᠨ ᠥᠬᠡᠶ ᠲᠠᠩᠰᠠᠨ ᠵᠣᠭᠤᠰ 3.11 ᠳ᠋ᠦᠩᠰᠢᠭᠤᠷ ᠲᠥᠭᠦᠷᠢᠭ ᠪᠠᠭᠲᠠᠨ᠎ᠠ︶ ᠥᠷᠢᠲᠦᠵᠦ᠂ ᠡᠭᠦᠨ ᠳᠤ ᠬᠤᠰᠢᠭᠤ ᠰᠢᠶᠠᠨ ᠲᠣᠭᠤᠷᠢᠭ 3.2 ᠳ᠋ᠦᠩᠰᠢᠭᠤᠷ ᠲᠥᠭᠦᠷᠢᠭ ︵ᠵᠥᠷᠢᠯᠳᠦᠭᠡᠨ ᠥᠬᠡᠶ ᠲᠠᠩᠰᠠᠨ ᠵᠣᠭᠤᠰ 2.83 ᠳ᠋ᠦᠩᠰᠢᠭᠤᠷ ᠲᠥᠭᠦᠷᠢᠭ ᠪᠠᠭᠲᠠᠨ᠎ᠠ︶᠂ ᠬᠤᠲᠠ ᠶᠢᠨ ᠲᠣᠰ ᠱᠠᠲᠤᠨ ᠤ 0.27 ᠳ᠋ᠦᠩᠰᠢᠭᠤᠷ ᠲᠥᠭᠦᠷᠢᠭ ᠪᠠᠶᠢᠵᠤ᠂ ᠣᠳᠣᠬᠠᠨ ᠳᠤ ᠳᠡᠭᠡᠷ᠎ᠡ ᠳᠤᠷᠠᠳᠤᠭᠰᠠᠨ ᠵᠥᠷᠢᠯᠳᠦᠭᠡᠨ ᠥᠬᠡᠶ ᠲᠠᠩᠰᠠᠨ ᠵᠣᠭᠤᠰ ᠢ ᠨᠢᠭᠡᠨᠲᠡ ᠪᠦᠬᠦᠨ ᠢ ᠳᠥᠯᠥᠵᠦ ᠳᠠᠭᠤᠰᠬᠠᠪᠠ᠃ ᠬᠤᠶᠠᠷ ᠲᠤ᠂ ᠬᠦᠨᠳᠦ ᠶᠡᠭᠡ ᠢᠲᠡᠭᠡᠯ ᠠᠯᠳᠠᠭᠰᠠᠨ ᠬᠡᠷᠡᠭ ᠢ ᠵᠠᠰᠠᠵᠤ ᠬᠠᠷᠢᠭᠤ ᠲᠤᠰᠬᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠪᠡ᠃ ᠤᠯᠠᠭᠠᠨᠬᠠᠳᠠ ᠬᠤᠲᠠ ᠶᠢᠨ ᠬᠦᠨᠳᠦ ᠶᠡᠭᠡ ᠢᠲᠡᠭᠡᠯ ᠠᠯᠳᠠᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ ︵ᠰᠠᠨᠠᠯ ᠬᠤᠷᠢᠶᠠᠬᠤ ᠨᠣᠤᠷᠠᠭ︶᠎ ᠢ ᠰᠤᠳᠤᠯᠤᠨ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠬᠦᠨᠳᠦ ᠶᠡᠭᠡ ᠢᠲᠡᠭᠡᠯ ᠠᠯᠳᠠᠭᠰᠠᠨ ᠬᠡᠷᠡᠭ ᠢ ᠰᠢᠢᠳᠪᠦᠷᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠣᠳᠣᠬᠠᠨ ᠳᠤ ᠶᠠᠭ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ ᠪᠠᠶᠢᠬᠤ ᠪᠥᠭᠡᠳ ᠬᠦᠨᠳᠦ ᠶᠡᠭᠡ ᠢᠲᠡᠭᠡᠯ ᠠᠯᠳᠠᠭᠰᠠᠨ ᠬᠡᠷᠡᠭ ᠢ ᠵᠠᠰᠠᠬᠤ ᠠᠵᠢᠯ ᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠶᠢ ᠳᠥᠯᠭᠢᠨ ᠠᠬᠢᠭᠤᠯᠵᠤ ᠪᠠᠶᠢᠨ᠎ᠠ᠃ ᠭᠤᠷᠪᠠ ᠳᠤ ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠠᠯᠠ ᠲᠠᠲᠠᠬᠤ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠢᠳᠡᠪᠬᠢᠲᠡᠶ ᠪᠠᠷ ᠪᠡᠶᠡᠯᠡᠭᠦᠯᠪᠡ᠃ 2015 ᠣᠨ ᠠᠴᠠ ᠨᠠᠰᠢ᠂ ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠠᠯᠠ ᠲᠠᠲᠠᠬᠤ ᠠᠮᠠᠯᠠᠯᠲᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠡᠶᠢᠲᠡ 142 ᠵᠦᠢᠯ ᠪᠠᠶᠢᠵᠤ᠂ ᠣᠳᠣᠬᠠᠨ ᠳᠤ ᠨᠢᠭᠡᠨᠲᠡ 135 ᠵᠦᠢᠯ ᠤᠨ ᠠᠮᠠᠯᠠᠯᠲᠠ ᠪᠠᠨ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 95.1%᠎ ᠳᠤ ᠬᠥᠷᠪᠡ᠃ ᠲᠦᠷᠪᠡ ᠳᠤ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠲᠡᠮᠳᠡᠭᠯᠡᠯ ᠢ ᠲᠦᠷᠭᠡᠨ ᠰᠢᠢᠳᠪᠦᠷᠢᠯᠡᠪᠡ᠃ ︽ᠢᠳᠡᠭᠡᠮᠵᠢᠲᠦ ᠳᠤᠮᠳᠠᠳᠤ ᠤᠯᠤᠰ︾ ᠲᠠᠪᠴᠠᠩ ᠤᠨ ᠨᠡᠶᠢᠲᠡᠯᠡᠭᠰᠡᠨ ᠮᠠᠨ ᠤ ᠬᠤᠲᠠ ᠶᠢᠨ ᠵᠠᠰᠠᠭ ᠤᠨ ᠣᠷᠳᠣᠨ ᠤ ᠢᠲᠡᠭᠡᠯ ᠠᠯᠳᠠᠭᠰᠠᠨ 11 ᠵᠣᠷᠪᠤᠰ ᠭᠦᠢᠴᠡᠳᠬᠡᠭᠳᠡᠭᠴᠢ ᠳᠤ ᠬᠤᠯᠪᠣᠭᠳᠠᠭᠰᠠᠨ ᠲᠡᠮᠳᠡᠭᠯᠡᠯ ᠠᠴᠠ ᠦᠵᠡᠪᠡᠯ᠂ ᠨᠢᠭᠡᠨᠲᠡ 9 ᠵᠣᠷᠪᠤᠰ ᠵᠠᠰᠠᠯᠲᠠ ᠶᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 81.8% ᠪᠠᠶᠢᠵᠤ᠂ ᠬᠠᠷᠠᠬᠠᠨ ᠪᠡᠶᠡᠯᠡᠭᠦᠯᠦᠭᠡᠳᠦᠶ 2 ᠵᠣᠷᠪᠤᠰ ᠵᠠᠰᠠᠯᠲᠠ ᠶᠢ 2021 ᠣᠨ ᠳᠤ ᠳᠠᠭᠤᠰᠬᠠᠬᠤ ᠪᠣᠯᠤᠨ᠎ᠠ᠃       ︵ᠬᠤᠶᠠᠷ︶ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠲᠠᠯ᠎ᠠ ᠪᠠᠷ       ᠨᠢᠭᠡ ᠳᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ 2020 ᠣᠨ ᠳᠤ᠂ ᠡᠯ᠎ᠡ ᠬᠤᠰᠢᠭᠤ ᠰᠢᠶᠠᠨ ᠲᠣᠭᠤᠷᠢᠭ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠳᠤ ᠨᠡᠶᠢᠲᠡ 145 ᠠᠵᠤ ᠠᠬᠤᠶᠢᠯᠠᠯ ᠢ ᠪᠠᠶᠢᠴᠠᠭᠠᠵᠤ᠂ ᠪᠥᠬᠦ ᠬᠤᠲᠠ ᠶᠢᠨ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ︽ᠬᠠᠷ᠎ᠠ ᠲᠠᠩᠰᠠ︾᠎ ᠳᠤ ᠵᠢᠭᠰᠠᠭᠠᠭᠳᠠᠭᠰᠠᠨ 4 ᠠᠵᠤ ᠠᠬᠤᠶᠢᠯᠠᠯ ᠢ ᠴᠥᠮ ︽ᠢᠲᠡᠭᠡᠮᠵᠢᠲᠦ ᠤᠯᠠᠭᠠᠨᠬᠠᠳᠠ︾ ᠲᠠᠪᠴᠠᠩ ᠳᠤ ᠣᠷᠣᠭᠤᠯᠬᠤ ᠶᠢᠨ ᠬᠠᠮᠲᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠪᠡ︔ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠨᠢᠭᠡᠴᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠮᠠᠨ ᠤ ᠬᠤᠲᠠ ᠶᠢᠨ ᠲᠠᠨᠢᠯᠴᠠᠭᠤᠯᠤᠭᠰᠠᠨ ᠹᠦ᠋ ᠯᠦᠩ ᠪᠦᠯᠦᠭᠯᠡᠯ ᠵᠡᠷᠭᠡ 6 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠨᠢᠭᠡᠴᠡ ᠪᠠᠷ ᠦᠨᠡᠯᠡᠭᠦᠯᠦᠭᠰᠡᠨ ᠤ ᠬᠠᠮᠲᠤ 18 ᠠᠵᠤ ᠠᠬᠤᠶᠢᠯᠠᠯ ᠢ ᠰᠣᠩᠭᠤᠨ ᠭᠠᠷᠭᠠᠵᠤ ᠬᠤᠲᠠ ᠶᠢᠨ ᠱᠠᠲᠤᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠨᠢᠭᠡᠴᠡ ᠳᠤ ᠣᠷᠣᠭᠤᠯᠪᠠ᠃ ᠬᠤᠶᠠᠷ ᠲᠤ ᠭᠠᠶᠢᠯᠢ ᠲᠤᠰᠢᠶᠠᠭᠴᠢ ᠶᠢᠨ ᠢᠲᠡᠭᠡᠮᠵᠢ ᠶᠢᠨ ᠵᠡᠷᠭᠡ ᠳᠡᠰ ᠢ ᠲᠦᠷᠭᠡᠪᠴᠢᠯᠡᠨ ᠳᠡᠭᠡᠭᠰᠢᠯᠡᠭᠦᠯᠪᠡ᠃ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠬᠦ ᠪᠠ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠭᠠᠶᠢᠯᠢ ᠲᠤᠰᠢᠶᠠᠭᠴᠢ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠪᠠᠨ ᠰᠡᠷᠭᠦᠭᠡᠬᠦ ᠶᠢ ᠬᠥᠲᠥᠯᠦᠨ ᠵᠢᠯᠣᠭᠤᠳᠴᠤ᠂ ᠪᠥᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ A ᠲᠠᠰ ᠤᠨ ᠭᠠᠶᠢᠯᠢ ᠲᠤᠰᠢᠶᠠᠭᠴᠢ ᠢᠲᠡᠭᠡᠮᠵᠢ ᠪᠠᠨ ᠰᠡᠷᠭᠦᠭᠡᠬᠦ ᠠᠴᠠ ᠡᠮᠦᠨᠡᠬᠢ 641 ᠡᠷᠦᠬᠡ ᠪᠠᠶᠢᠭᠰᠠᠨ ᠠᠴᠠ ᠪᠠᠨ ᠨᠡᠮᠡᠭᠳᠡᠭᠡᠳ 3420 ᠡᠷᠦᠬᠡ ᠪᠣᠯᠵᠣ᠂ 433%᠎ ᠪᠠᠷ ᠶᠡᠭᠡ ᠬᠡᠮᠵᠢᠶ᠎ᠡ ᠪᠠᠷ ᠨᠡᠮᠡᠭᠳᠡᠪᠡ᠃ ᠭᠤᠷᠪᠠ ᠳᠤ ᠤᠯᠤᠰ ᠤᠨ ︽ᠢᠲᠡᠭᠡᠮᠵᠢᠲᠦ ᠵᠢᠭᠡᠯᠡᠯᠭᠡ︾ ᠲᠠᠪᠴᠠᠩ ᠳᠤ ᠠᠮᠵᠢᠯᠲᠠ ᠲᠠᠢ ᠪᠠᠷ ᠣᠷᠤᠪᠠ᠃ ᠣᠳᠣᠬᠠᠨ ᠳᠤ᠂ ᠮᠠᠨ ᠤ ᠬᠤᠲᠠ ᠨᠢᠭᠡᠨᠲᠡ ᠤᠯᠤᠰ ᠤᠨ ︽ᠢᠲᠡᠭᠡᠮᠵᠢᠲᠦ ᠵᠢᠭᠡᠯᠡᠯᠭᠡ︾ ᠲᠠᠪᠴᠠᠩ ᠳᠤ ᠣᠷᠤᠬᠤ ᠶᠠᠪᠤᠴᠠ ᠶᠢ ᠳᠠᠭᠤᠰᠬᠠᠵᠤ᠂ 12 ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠠᠪᠴᠠᠩ ᠲᠠᠢ ᠵᠣᠯᠭᠠᠭᠰᠠᠨ ᠤ ᠬᠠᠮᠲᠤ ᠦᠢᠯᠡᠴᠢᠯᠡᠭᠡ ᠥᠷᠨᠢᠭᠦᠯᠬᠦ ᠶᠢ ᠪᠡᠶᠡᠯᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠲᠦᠷᠪᠡ ᠳᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠦᠨᠡᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠪᠡ᠃ ᠣᠳᠣᠬᠠᠨ ᠳᠤ᠂ ᠪᠥᠬᠦ ᠬᠤᠲᠠ ᠶᠢᠨ 452 ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢ ᠨᠡᠭᠡᠭᠡᠵᠦ᠂ 325 ᠰᠠᠯᠠᠭ᠎ᠠ ᠮᠥᠴᠢᠷ ᠨᠡᠶᠢᠲᠡ 20 ᠭᠠᠷᠤᠶ ᠲᠦᠮᠡᠨ ᠵᠤᠷᠪᠤᠰ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠣᠷᠣᠭᠤᠯᠤᠭᠰᠠᠨ ᠪᠥᠭᠡᠳ ᠪᠦᠬᠦᠨ ᠢ ᠴᠠᠭ ᠲᠤᠬᠠᠶ ᠳᠤᠨᠢ ᠪᠠᠶᠢᠴᠠᠭᠠᠵᠤ ᠪᠣᠯᠤᠨ᠎ᠠ᠃ ᠲᠠᠪᠤ ᠳᠤ ᠰᠠᠯᠠᠭ᠎ᠠ ᠮᠥᠴᠢᠷ ᠤᠨ ᠬᠠᠮᠲᠤᠷᠠᠭᠰᠠᠨ ᠱᠠᠩᠨᠠᠵᠤ ᠲᠣᠷᠭᠠᠬᠤ ᠲᠣᠭᠲᠠᠴᠠ ᠶᠢ ᠲᠦᠷᠭᠡᠪᠴᠢᠯᠡᠨ ᠪᠠᠶᠢᠭᠤᠯᠪᠠ᠃ ᠤᠯᠤᠰ ᠤᠨ ᠬᠠᠮᠲᠤᠷᠠᠭᠰᠠᠨ ᠱᠠᠩᠨᠠᠵᠤ ᠲᠣᠷᠭᠠᠬᠤ ᠰᠠᠨᠠᠮᠵᠢ ᠶᠢᠨ ᠪᠢᠴᠢᠭ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠦᠴᠦᠯᠡᠨ ᠠᠬᠢᠭᠤᠯᠵᠤ᠂ ᠨᠢᠭᠡᠨᠲᠡ 51 ᠤᠯᠤᠰ ᠤᠨ ᠬᠠᠮᠲᠤᠷᠠᠭᠰᠠᠨ ᠱᠠᠩᠨᠠᠵᠤ ᠲᠣᠷᠭᠠᠬᠤ ᠰᠠᠨᠠᠮᠵᠢ ᠶᠢᠨ ᠪᠢᠴᠢᠭ ᠤᠨ ᠲᠦᠷᠦᠭᠦᠯᠡᠬᠦ ᠰᠠᠯᠠᠭ᠎ᠠ ᠮᠥᠴᠢᠷ ᠢ ᠲᠣᠭᠲᠠᠭᠠᠵᠤ᠂ ᠣᠳᠣᠬᠠᠨ ᠳᠤ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠨ ᠰᠠᠨᠠᠮᠵᠢ ᠶᠢᠨ ᠪᠢᠴᠢᠭ ᠢ ᠬᠡᠷᠡᠭᠵᠢᠭᠦᠯᠬᠦ ᠲᠥᠰᠦᠯ ᠲᠣᠭᠲᠠᠭᠠᠬᠤ ᠶᠢ ᠱᠠᠭᠠᠷᠳᠠᠵᠤ ᠪᠠᠶᠢᠨ᠎ᠠ᠃       ︵ᠭᠤᠷᠪᠠ︶ ᠬᠤᠪᠢ ᠬᠥᠮᠦᠨ ᠤ ᠢᠲᠡᠭᠡᠮᠵᠢ ᠶᠢᠨ ᠲᠠᠯ᠎ᠠ ᠪᠠᠷ       ᠨᠢᠭᠡ ᠳᠤ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠬᠤᠪᠢ ᠬᠥᠮᠦᠨ ᠤ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠲᠦᠷᠭᠡᠪᠴᠢᠯᠡᠨ ᠪᠠᠶᠢᠭᠤᠯᠪᠠ᠃ ᠣᠳᠣᠬᠠᠨ ᠳᠤ᠂ ︽ᠤᠯᠠᠭᠠᠨᠬᠠᠳᠠ ᠬᠤᠲᠠ ᠶᠢᠨ ᠬᠤᠪᠢ ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠵᠢᠭᠦᠯᠬᠦ ᠲᠥᠰᠦᠯ︾᠎ ᠢ ᠨᠢᠭᠡᠨᠲᠡ ᠲᠣᠭᠲᠠᠭᠠᠵᠤ ᠳᠠᠭᠤᠰᠬᠠᠭᠠᠳ᠂ ᠶᠠᠭ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠲᠥᠪᠯᠡᠷᠡᠭᠦᠯᠦᠨ ᠬᠤᠷᠢᠶᠠᠵᠤ ᠪᠠᠶᠢᠨ᠎ᠠ᠃ ᠬᠤᠶᠠᠷ ᠲᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠪᠡ᠃ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ ᠨᠡᠶᠢᠲᠡᠯᠡᠬᠦ ᠠᠷᠭ᠎ᠠ ᠮᠠᠶ᠋ᠢᠭ ᠢ ᠢᠳᠡᠪᠬᠢᠲᠡᠢ ᠪᠠᠷ ᠰᠢᠨᠡᠴᠢᠯᠡᠵᠦ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ ᠬᠠᠤᠯᠢ ᠶᠣᠰᠣᠭᠠᠷ ᠨᠠᠶᠢᠲᠡᠯᠡᠪᠡ︔ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠮᠦᠷᠳᠡᠨ ᠬᠦᠷᠭᠡᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠤᠯᠪᠣᠭᠠᠯᠠᠨ ᠬᠠᠮᠵᠢᠯᠴᠠᠬᠤ ᠲᠣᠭᠲᠠᠴᠠ ᠶᠢ ᠲᠦᠷᠭᠡᠪᠴᠢᠯᠡᠨ ᠪᠠᠶᠢᠭᠤᠯᠪᠠ᠃ ᠣᠳᠣᠬᠠᠨ ᠳᠤ᠂ ᠮᠠᠨ ᠤ ᠬᠤᠲᠠ ᠳᠤᠮᠳᠠᠳᠤ ᠤᠯᠤᠰ ᠤᠨ ᠭᠦᠢᠴᠡᠳᠭᠡᠬᠦ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢᠶᠠᠷ ᠳᠠᠮᠵᠢᠭᠤᠯᠤᠨ ᠢᠲᠡᠭᠡᠯ ᠠᠯᠳᠠᠭᠰᠠᠨ ᠭᠦᠶ᠋ᠴᠡᠳᠬᠡᠭᠳᠡᠭᠴᠢ ᠶᠢᠨ ᠮᠡᠳᠡᠭᠡ ᠵᠠᠩᠭᠢ ᠶᠢ ᠨᠡᠶᠢᠲᠡ 5330 ᠵᠣᠷᠪᠤᠰ ᠨᠡᠶᠢᠲᠡᠯᠡᠪᠡ᠃       ᠬᠤᠶᠠᠷ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ       ︵ᠨᠢᠭᠡ︶ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠯᠡᠨ ᠲᠦᠷᠭᠡᠳᠬᠡᠨ᠎ᠡ᠃ ᠨᠢᠭᠡ ᠳᠤ ᠬᠠᠮᠲᠤᠷᠠᠭᠰᠠᠨ ᠱᠠᠩᠨᠠᠵᠤ ᠲᠣᠷᠭᠠᠬᠤ ᠰᠠᠨᠠᠭᠤᠯᠤᠮᠵᠢ ᠶᠢᠨ ᠪᠢᠴᠢᠭ ᠤᠨ ᠲᠦᠷᠦᠭᠦᠯᠡᠬᠦ ᠰᠠᠯᠠᠭ᠎ᠠ ᠮᠥᠴᠢᠷ ᠤᠳ ᠢ ᠦᠷᠭᠦᠯᠵᠢᠯᠡᠨ ᠱᠠᠭᠠᠷᠳᠠᠵᠤ᠂ ᠲᠥᠰᠦᠯ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠬᠤᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠲᠠᠰ ᠳᠡᠪᠰᠢᠭᠦᠯᠦᠨ ᠥᠭᠡᠷᠡᠴᠢᠯᠡᠬᠦ ᠲᠠᠢ ᠬᠠᠮᠵᠢᠯᠴᠠᠨ᠂ ᠬᠠᠮᠲᠤᠷᠠᠭᠰᠠᠨ ᠱᠠᠩᠨᠠᠵᠤ ᠲᠣᠷᠭᠠᠬᠤ ᠠᠦ᠋ᠲ᠋ᠣᠴᠢᠯᠠᠭᠰᠠᠨ ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠦᠨᠡᠯᠡᠬᠦ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠢᠲᠡᠭᠡᠮᠵᠢ ᠶᠢᠨ ᠰᠠᠭᠤᠷᠢ ᠲᠤᠭ᠎ᠠ ᠪᠠᠷᠢᠮᠲᠠ ᠶᠢ ᠪᠠᠲᠤ ᠠᠳᠬᠤᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠵᠦ᠂ ᠲᠠᠪᠴᠠᠩ ᠤᠨ ᠬᠡᠷᠡᠭᠯᠡᠭᠡᠨ ᠤ ᠲᠦᠪᠰᠢᠨ᠂ ᠪᠦᠷᠬᠦᠴᠡ ᠶᠢᠨ ᠨᠤᠷᠮ᠎ᠠ ᠪᠠ ᠨᠡᠶᠢᠭᠡᠮ ᠤᠨ ᠣᠶᠢᠯᠠᠭᠠᠬᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠ ᠳᠤ ᠪᠡᠶᠡᠴᠢ ᠴᠣᠭᠴᠠ ᠶᠢᠨ ᠡᠷᠬᠡ ᠠᠰᠢᠭ ᠤᠨ ᠪᠠᠲᠤᠯᠠᠭ᠎ᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠤᠬᠠᠶ ᠣᠨᠳᠣᠣ ᠰᠠᠨᠠᠯ ᠲᠠᠢ ᠵᠠᠭᠠᠯᠳᠤᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠬᠠᠷᠭᠤᠭᠤᠯᠤᠭᠠᠳ ᠪᠤᠷᠤᠭᠤ ᠲᠠᠢ ᠬᠤᠪᠢ ᠬᠥᠮᠦᠨ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠯᠠᠷᠠᠭᠤᠯᠬᠤ ᠪᠤᠶᠤ ᠬᠦᠴᠦᠨ ᠦᠭᠡᠢ ᠪᠣᠯᠭᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠰᠡᠷᠭᠦᠭᠡᠬᠦ ᠴᠢᠳᠠᠮᠵᠢ ᠶᠢ ᠲᠡᠭᠦᠯᠳᠡᠷᠵᠢᠭᠦᠯᠵᠦ᠂ ᠢᠲᠡᠭᠡᠮᠵᠢ ᠶᠢ ᠰᠡᠷᠭᠦᠭᠡᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠵᠤ ᠨᠤᠲᠠᠯᠠᠬᠤ᠂ ᠮᠡᠳᠡᠭᠡ ᠵᠠᠩᠭᠢ ᠶᠢ ᠰᠢᠢᠳᠪᠦᠷᠢᠯᠡᠬᠦ ᠵᠡᠷᠭᠡ ᠴᠤᠪᠤᠷᠠᠯ ᠢ ᠰᠦᠯᠵᠢᠶᠡᠨ ᠳᠡᠭᠡᠷ᠎ᠡ ᠠᠵᠢᠯᠯᠠᠭᠤᠯᠬᠤ ᠶᠢ ᠪᠡᠶᠡᠯᠡᠭᠦᠯᠵᠦ᠂ ᠢᠲᠡᠭᠡᠮᠵᠢ ᠶᠢ ᠰᠡᠷᠭᠦᠭᠡᠬᠦ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠪᠠ ᠨᠢᠭᠡ ᠴᠤᠭᠴᠠᠵᠢᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ᠃       ︵ᠬᠤᠶᠠᠷ︶ ᠬᠤᠪᠢ ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠬᠥᠮᠦᠰ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠬᠤᠲᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ ᠪᠠᠩᠬᠢ ᠶᠢᠨ ᠰᠢᠰᠲ᠋ᠧᠮ ᠤᠨ ᠤᠯᠤᠰ ᠤᠨ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠳᠤ ᠲᠦᠰᠢᠭᠯᠡᠨ᠂ ᠬᠤᠪᠢ ᠬᠥᠮᠦᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ᠂ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ᠂ ᠴᠤᠭᠯᠠᠭᠤᠯᠬᠤ᠂ ᠰᠢᠢᠳᠪᠦᠷᠢᠯᠡᠬᠦ᠂ ᠬᠠᠮᠲᠤᠪᠠᠷ ᠡᠳ᠋ᠯᠡᠬᠦ ᠪᠠ ᠬᠡᠷᠡᠭᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠨᠡᠶᠢᠭᠡᠮ ᠤᠨ ᠬᠥᠮᠦᠰ ᠢ ᠬᠠᠮᠤᠷᠤᠭᠰᠠᠨ ᠬᠤᠪᠢ ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ᠃      ︵ᠭᠤᠷᠪᠠ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠷᠠᠭᠤᠯᠤᠨ᠎ᠠ᠃ ᠨᠢᠭᠡ ᠳᠤ᠂ ᠠᠵᠤ ᠠᠬᠤᠶᠢᠯᠠᠯ ᠳᠤ ᠬᠤᠯᠪᠣᠭᠳᠠᠬᠤ ᠭᠡᠷ᠎ᠡ ᠪᠠᠨ ᠭᠦᠢᠴᠡᠳᠬᠡᠬᠦ ᠠᠮᠠᠯᠠᠯᠲᠠ ᠪᠠᠨ ᠭᠦᠢᠴᠡᠳᠬᠡᠬᠦ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠲᠦᠷᠦ ᠶᠢᠨ ᠪᠤᠳᠤᠯᠭ᠎ᠠ ᠶᠢ ᠱᠠᠭᠠᠷᠳᠠᠨ ᠨᠠᠶᠢᠳᠠᠪᠤᠷᠢᠵᠢᠭᠤᠯᠤᠨ᠎ᠠ︔ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠤᠶᠢᠯᠠᠭᠠᠨ ᠪᠠᠶᠢᠴᠠᠭᠠᠵᠤ᠂ ᠠᠵᠤ ᠠᠬᠤᠶᠢᠯᠠᠯ ᠯᠤᠭ᠎ᠠ ᠶᠢᠨ ᠵᠣᠯᠭᠠᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠯᠢ ᠲᠦᠷᠭᠡᠨ ᠢᠶᠠᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ᠃ ᠬᠤᠶᠠᠷ ᠲᠤ᠂ ᠬᠠᠮᠢᠶ᠎ᠠ ᠪᠥᠬᠦᠶ ᠬᠤᠰᠢᠭᠤ ᠰᠢᠶᠠᠨ ᠲᠣᠭᠤᠷᠢᠭ ᠤᠨ ᠵᠣᠬᠢᠴᠠᠭᠤᠯᠬᠤ ᠡᠷᠴᠢᠮ ᠢ ᠴᠢᠩᠭᠠᠷᠠᠭᠤᠯᠵᠤ᠂ ᠭᠦᠢᠴᠡᠳᠬᠡᠭᠳᠡᠭᠴᠢ ᠶᠢ ᠰᠢᠮᠳᠠᠭᠤᠯᠵᠤ ᠪᠠᠶᠢᠭᠠᠳ ᠳᠥᠯᠥᠬᠦ ᠡᠭᠦᠷᠭᠡ ᠪᠠᠨ ᠲᠦᠷᠭᠡᠬᠡᠨ ᠭᠦᠢᠴᠡᠳᠭᠡᠭᠦᠯᠵᠦ᠂ ︽ᠢᠲᠡᠭᠡᠮᠵᠢᠲᠦ ᠳᠤᠮᠳᠠᠳᠤ ᠤᠯᠤᠰ︾ ᠲᠠᠪᠴᠠᠩ ᠤᠨ ᠮᠠᠨ ᠤ ᠬᠤᠲᠠ ᠳᠤ ᠬᠤᠯᠪᠣᠭᠳᠠᠭᠰᠠᠨ 2 ᠵᠤᠷᠪᠤᠰ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠲᠡᠮᠳᠡᠭᠯᠡᠵᠦ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ