| | ᠥᠨᠥᠳᠦᠷ ᠤᠨ ᠦᠳᠡ ᠶᠢᠨ ᠬᠤᠶᠢᠨ᠎ᠠ᠂ ᠤᠯᠠᠭᠠᠨᠬᠠᠳᠠ ᠬᠤᠳᠠ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠰᠣᠨᠢᠨ | ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 2020 ᠣᠨ ᠠᠴᠠ ᠨᠠᠰᠢᠬᠢ ᠮᠠᠨ ᠤ ᠬᠤᠳᠠ ᠶᠢᠨ ᠬᠠᠤᠯᠢ ᠴᠠᠭᠠᠵᠠ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠳᠤᠭᠤᠶᠢᠯᠠᠩ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠤ ᠳᠤᠭᠤᠶᠢᠯᠠᠩ᠂ ᠨᠡᠶᠢᠭᠡᠮ ᠤᠨ ᠢᠲᠡᠭᠡᠮᠵᠢ ᠶᠢᠨ ᠣᠷᠴᠢᠨ | ᠲᠣᠭᠤᠷᠢᠨ ᠤ ᠳᠤᠭᠤᠶᠢᠯᠠᠩ ᠤᠨ ᠠᠵᠢᠯ ᠤᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠪᠡ᠃ ᠳᠣᠣᠷᠠᠬᠢ ᠪᠣᠯ ᠨᠡᠶᠢᠲᠡᠯᠡᠭᠰᠡᠨ ᠪᠣᠳᠠᠲᠤ ᠲᠡᠮᠳᠡᠭᠯᠡᠯ ᠪᠣᠯᠤᠨ᠎ᠠ᠄ | | ᠬᠤᠳᠠ ᠶᠢᠨ ᠬᠠᠤᠯᠢ ᠴᠠᠭᠠᠵᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ | | ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ | ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠪᠥᠬᠦ ᠬᠤᠲᠠ ᠶᠢᠨ ᠡᠵᠡᠩᠨᠡᠯᠲᠡ | ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠨᠠᠷᠢᠨ ᠨᠢᠮᠪᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ | ᠵᠦᠢᠯ ᠤᠨ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠵᠤ᠂ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠪᠠ᠃ | ᠨᠢᠭᠡ᠂ ᠡᠮᠦᠨ᠎ᠡ ᠨᠢᠭᠡ ᠱᠠᠲᠤᠨ ᠤ ᠠᠵᠢᠯ ᠤᠨ ᠥᠷᠨᠢᠭᠦᠯᠦᠭᠰᠡᠨ ᠪᠠᠶᠢᠳᠠᠯ | ᠮᠠᠨ ᠤ ᠬᠤᠲᠠ ᠶᠢᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠥᠬᠦ | ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠦᠭᠡ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ 2020 ᠣᠨ ᠤ 7 ᠰᠠᠷ᠎ᠠ ᠳᠤ ᠬᠤᠲᠠ ᠶᠢᠨ ᠰᠢᠭᠦᠬᠦ ᠬᠤᠷᠢᠶ᠎ᠠ᠂ ᠬᠤᠲᠠ ᠶᠢᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ | ᠰᠠᠯᠠᠭ᠎ᠠ ᠮᠥᠴᠢᠷ ᠤᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠭᠤᠨ ᠵᠦᠢᠯ ᠤᠨ ᠠᠷᠭ᠎ᠠ ᠬᠡᠮᠵᠢᠶ᠎ᠡ︾ ᠶᠢ | ᠨᠡᠶᠢᠲᠡᠯᠡᠪᠡ᠂ ᠡᠭᠦᠨ ᠳᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ 3 ᠵᠦᠢᠯ᠂ ᠬᠤᠲᠠ ᠶᠢᠨ ᠰᠢᠭᠦᠬᠦ ᠬᠤᠷᠢᠶ᠎ᠠ 33 | ᠵᠦᠢᠯ᠂ ᠬᠤᠲᠠ ᠶᠢᠨ ᠪᠠᠶᠢᠴᠠᠭᠠᠬᠤ ᠬᠤᠷᠢᠶ᠎ᠠ 32 ᠵᠦᠢᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 22 ᠵᠦᠢᠯ᠂ ᠬᠤᠲᠠ ᠶᠢᠨ ᠬᠠᠤᠯᠢ | ᠴᠠᠭᠠᠵᠠ ᠶᠢᠨ ᠲᠣᠪᠴᠢᠶ᠎ᠠ 10 ᠵᠦᠢᠯ ᠪᠣᠶ᠃ | ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠭᠠᠷᠠᠭ ᠤᠨ ᠲᠣᠬᠢᠷᠠᠭᠤᠯᠤᠯᠲᠠ ᠶᠢ ᠪᠠᠷᠢᠮᠲᠠᠯᠠᠨ᠂ ᠪᠥᠬᠦ ᠬᠤᠲᠠ ᠶᠢᠨ | ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠠᠰᠠᠭᠤᠳᠠᠯ ᠢ | ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠪᠡ᠃ 7 ᠰᠠᠷ᠎ᠠ ᠳᠤ᠂ ᠬᠥᠮᠦᠰ ᠢ ᠵᠣᠬᠢᠶᠠᠨ ᠪᠠᠶᠢᠭᠤᠯᠵᠤ ᠡᠵᠡᠩᠨᠡᠯᠲᠡ ᠠᠷᠠᠯᠵᠢᠶᠠᠨ ᠤ ᠬᠠᠤᠯᠢ ᠪᠠᠷ | ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠶᠢᠴᠠᠭᠠᠨ ᠰᠤᠳᠤᠯᠤᠯᠲᠠ ᠶᠢᠨ | ᠮᠡᠳᠡᠭᠦᠯᠦᠯᠲᠡ ᠶᠢ ᠪᠦᠷᠢᠯᠳᠦᠭᠦᠯᠪᠡ᠃ 8 ᠰᠠᠷ᠎ᠠ ᠶᠢᠨ 12 ᠤᠨ ᠡᠳᠦᠷ᠂ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠳᠠᠶᠢᠴᠢᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠰᠢᠭᠦᠬᠦ ᠬᠤᠷᠢᠶ᠎ᠠ᠂ ᠬᠤᠲᠠ ᠶᠢᠨ ᠪᠠᠶᠢᠴᠠᠭᠠᠬᠤ ᠬᠤᠷᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠤᠯᠭ᠎ᠠ ᠲᠤᠰᠪᠤᠷᠢ ᠳᠠᠶᠢᠴᠢᠯᠠᠯᠲᠠ ᠶᠢᠨ ᠶᠠᠷᠢᠶ᠎ᠠ ᠪᠠ ᠠᠵᠢᠯ ᠤᠨ ᠪᠠᠶᠢᠷᠢᠯᠠᠭᠤᠯᠤᠯᠲᠠ ᠬᠢᠪᠠ᠃ 12 | ᠰᠠᠷ᠎ᠠ ᠶᠢᠨ 2 ᠤᠨ ᠡᠳᠦᠷ᠂ 3 ᠤ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠤᠳᠤᠷᠢᠳᠬᠤ ᠺᠠᠳ᠋ᠷᠴᠤᠳ ᠤᠨ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠶᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠵᠡᠩᠨᠡᠯᠲᠡ | ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠳᠤ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ 12 ᠰᠠᠷ᠎ᠠ ᠶᠢᠨ | ᠳᠤᠮᠳᠠᠴᠢ ᠪᠠᠷ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ | ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠳᠤ ᠱᠠᠭᠠᠷᠳᠠᠨ ᠪᠠᠶᠢᠴᠠᠭᠠᠯᠲᠠ ᠬᠢᠵᠦ᠂ ᠴᠡᠭᠴᠡᠯᠡᠨ ᠥᠭᠡᠷᠡᠴᠢᠯᠡᠬᠦ ᠰᠠᠨᠠᠯ ᠪᠠ ᠱᠠᠭᠠᠷᠳᠠᠯᠭ᠎ᠠ | ᠳᠤᠷᠠᠳᠪᠠ᠃ | ᠣᠳᠣᠬᠠᠨ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ | ᠴᠥᠮ ᠨᠠᠶᠢᠳᠠᠪᠤᠷᠢᠵᠢᠭᠤᠯᠤᠭᠰᠠᠨ ᠪᠥᠭᠡᠳ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃ | ᠨᠢᠭᠡᠳᠦᠭᠡᠷ ᠵᠦᠢᠯ ᠤᠨ ᠠᠷᠭ᠎ᠠ ᠬᠡᠮᠵᠢᠶ᠎ᠡ ᠭᠡᠪᠡᠯ᠂ 12 ᠬᠤᠰᠢᠭᠤ ᠰᠢᠶᠠᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠥᠷᠲᠡᠭᠡ ᠪᠠᠶᠢᠭᠤᠯᠪᠠ᠃ ᠬᠠᠷᠢᠶ᠎ᠠ ᠭᠠᠵᠠᠷ ᠤᠨ ᠬᠤᠰᠢᠭᠤ | ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠠᠴᠠ ᠲᠤᠰᠪᠤᠷᠢ ᠨᠢᠭᠡ ᠠᠵᠢᠯᠲᠠᠨ ᠲᠣᠮᠢᠯᠠᠵᠤ ᠲᠣᠭᠲᠠᠮᠠᠯ ᠬᠤᠭᠤᠴᠠᠭ᠎ᠠ ᠲᠠᠢ ᠪᠠᠷ | ᠥᠷᠲᠡᠭᠡᠨ ᠳᠤ ᠰᠠᠭᠤᠯᠭᠠᠨ ᠠᠵᠢᠯᠯᠠᠭᠤᠯᠤᠭᠰᠠᠨ ᠤ ᠬᠠᠮᠲᠤ᠂ ᠬᠦᠷᠢᠶᠡᠯᠡᠩ ᠲᠣᠭᠤᠷᠢᠭ ᠤᠨ ᠠᠯᠪᠠᠨ ᠬᠡᠷ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ | ᠂ ᠠᠷᠠᠯᠵᠢᠶᠠᠴᠢᠨ ᠤᠷᠢᠬᠤ ᠲᠣᠪᠴᠢᠶ᠎ᠠ᠂ ᠬᠠᠷᠢᠶ᠎ᠠ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠭᠰᠠᠨ ᠨᠠᠮ ᠤᠨ ᠬᠤᠷᠢᠶ᠎ᠠ ᠪᠠᠶᠢᠭᠤᠯᠵᠤ᠂ ᠬᠦᠷᠢᠶᠡᠯᠡᠩ ᠲᠣᠭᠤᠷᠢᠭ ᠲᠤ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃ ᠪᠥᠬᠦ | ᠬᠤᠲᠠ ᠳᠤ ᠨᠡᠶᠢᠲᠡ 14 ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠤ ᠠᠵᠢᠯ ᠤᠨ ᠥᠷᠲᠡᠭᠡ ᠶᠢ ᠪᠠᠶᠢᠭᠤᠯᠤᠨ ᠰᠢᠯᠢᠳᠡᠭᠵᠢᠭᠦᠯᠵᠦ᠂ | ᠠᠵᠢᠯᠯᠠᠭᠰᠠᠨ ᠠᠴᠠ ᠨᠠᠰᠢ 180 ᠭᠠᠷᠤᠶ ᠬᠠᠤᠯᠢ ᠴᠠᠭᠠᠵᠠ ᠶᠢᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠵᠦ ᠂ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠤᠨ ᠣᠶᠢᠷ᠎ᠠ ᠬᠠᠪᠢ ᠳᠠᠭᠠᠨ ᠬᠠᠤᠯᠢ ᠴᠠᠭᠠᠵᠠ ᠶᠢᠨ ᠬᠡᠷᠡᠭ ᠶᠠᠪᠤᠳᠠᠯ ᠭᠦᠢᠴᠡᠳᠭᠡᠬᠦ ᠳᠤ ᠲᠥᠬᠦᠮ ᠦᠵᠡᠭᠦᠯᠵᠦ᠂ ᠬᠠᠤᠯᠢ ᠴᠠᠭᠠᠵᠠ ᠶᠢᠨ | ᠦᠢᠯᠡᠴᠢᠯᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠠᠷᠪᠢᠯᠠᠪᠠ᠃ | ᠬᠤᠶᠠᠳᠤᠭᠠᠷ ᠵᠦᠢᠯ ᠤᠨ ᠠᠷᠭ᠎ᠠ ᠬᠡᠮᠵᠢᠶ᠎ᠡ ᠭᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠪᠠᠷᠢᠮᠵᠢᠶᠠᠲᠤ ᠴᠠᠭᠳᠠᠭᠠᠨ ᠤ ᠶᠠᠪᠤᠳᠠᠯ ᠤᠨ | ᠲᠠᠰᠤᠭ ᠪᠠ ᠠᠷᠠᠳ ᠤᠨ ᠡᠶᠡᠳᠡᠭᠦᠯᠬᠦ ᠲᠠᠰᠤᠭ ᠢ ᠪᠠᠶᠢᠭᠤᠯᠪᠠ᠃ ᠠᠵᠤ ᠠᠬᠤᠶᠢᠯᠠᠯ ᠤᠨ ᠴᠠᠭᠳᠠᠭᠠᠨ ᠤ ᠶᠠᠪᠤᠳᠠᠯ ᠤᠨ ᠲᠠᠰᠤᠭ ᠤᠨ ᠭᠠᠳᠠᠷ ᠪᠠᠶᠢᠳᠠᠯ᠂ | ᠳᠣᠲᠣᠭᠠᠳᠤ ᠶᠢᠨ ᠲᠥᠬᠦᠭᠡᠷᠦᠮᠵᠢ᠂ ᠴᠠᠭᠳᠠᠭᠠᠨ ᠤ ᠲᠣᠨᠤᠭ ᠲᠥᠬᠦᠭᠡᠷᠦᠮᠵᠢ ᠵᠡᠷᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠢᠭᠡᠳᠦᠯᠲᠡᠶ ᠪᠥᠭᠡᠳ | ᠲᠣᠳᠣᠷᠬᠠᠶ ᠪᠣᠯᠭᠠᠵᠤ᠂ ᠴᠠᠭᠳᠠᠭᠠᠨ ᠤ ᠶᠠᠪᠤᠳᠠᠯ ᠤᠨ ᠲᠠᠰᠤᠭ ᠨᠢᠭᠡᠪᠦᠷᠢ ︽ᠲᠠᠯᠠᠪᠤᠷ ᠭᠠᠵᠠᠷ ᠲᠠᠢ᠂ ᠴᠠᠭᠳᠠᠭᠠᠨ ᠤ ᠬᠦᠴᠦᠨ ᠲᠠᠢ᠂ ᠲᠣᠨᠤᠭ ᠲᠥᠬᠦᠭᠡᠷᠦᠮᠵᠢ ᠲᠠᠢ︾ | ᠪᠠᠶᠢᠬᠤ ᠶᠢ ᠪᠠᠲᠤᠯᠠᠪᠠ᠃ ᠣᠳᠣᠬᠠᠨ ᠳᠤ᠂ ᠪᠥᠬᠦ ᠬᠤᠲᠠ ᠳᠤ 88 ᠠᠵᠤ ᠠᠬᠤᠶᠢᠯᠠᠯ ᠤᠨ ᠪᠠᠷᠢᠮᠵᠢᠶᠠᠵᠢᠭᠤᠯᠤᠭᠰᠠᠨ ᠴᠠᠭᠳᠠᠭᠠᠨ ᠤ ᠶᠠᠪᠤᠳᠠᠯ ᠤᠨ ᠲᠠᠰᠤᠭ ᠢ | ᠰᠢᠨ᠎ᠡ ᠪᠠᠷ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠠᠵᠤ ᠠᠬᠤᠶᠢᠯᠠᠯ ᠤᠨ ᠳᠣᠲᠣᠭᠠᠳᠤ ᠳᠤ ᠲᠤᠰᠠᠯᠠᠬᠤ ᠴᠠᠭᠳᠠᠭᠠᠨ ᠤ ᠬᠦᠴᠦᠨ ᠢ | ᠨᠡᠮᠡᠭᠳᠡᠭᠦᠯᠵᠦ᠂ ᠠᠵᠤ ᠠᠬᠤᠶᠢᠯᠠᠯ ᠤᠨ ᠳᠣᠲᠣᠭᠠᠳᠤ ᠳᠤ ᠠᠮᠤᠷ ᠢ ᠬᠠᠮᠠᠭᠠᠯᠠᠬᠤ ᠪᠤᠶᠤ ᠡᠷᠡᠭᠦᠤ ᠶᠢᠨ ᠬᠡᠷᠡᠭ ᠭᠠᠷᠤᠭᠰᠠᠨ ᠤ ᠳᠠᠷᠠᠭ᠎ᠠ᠂ ᠰᠡᠷᠭᠡᠶᠢᠯᠡᠯᠲᠡ ᠶᠢᠨ ᠱᠤᠭᠤᠮ | ᠂ ᠰᠡᠷᠡᠮᠵᠢ ᠶᠢᠨ ᠳ᠋ᠧᠩ᠂ ᠬᠠᠤᠯᠢ ᠬᠡᠷᠡᠭᠵᠢᠭᠦᠯᠬᠦ ᠲᠡᠮᠳᠡᠭᠯᠡᠭᠦᠷ ᠵᠡᠷᠭᠡ ᠶᠢ ᠲᠡᠷᠡ ᠳᠠᠷᠤᠶ ᠳᠤᠨᠢ ᠪᠣᠳᠠᠲᠠᠶᠢᠵᠢᠭᠤᠯᠵᠤ᠂ ᠲᠡᠷᠡ ᠳᠠᠷᠤᠶ ᠳᠤᠨᠢ ᠲᠤᠬᠠᠶ ᠶᠢᠨ ᠲᠠᠯᠠᠪᠤᠷ ᠢ | ᠬᠠᠮᠠᠭᠠᠯᠠᠨ᠂ ᠲᠡᠷᠡ ᠳᠠᠷᠤᠶ ᠳᠤᠨᠢ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠵᠤ ᠴᠢᠳᠠᠬᠤ ᠪᠣᠯᠭᠠᠵᠠᠶ᠃ ᠡᠭᠦᠨ ᠤ ᠬᠠᠮᠲᠤ᠂ ᠪᠥᠬᠦ ᠬᠤᠲᠠ ᠳᠤ ᠬᠡᠪᠴᠢᠶ᠎ᠡ ᠠᠴᠠ | ᠳᠡᠭᠡᠭᠰᠢᠬᠢ ᠠᠵᠤ ᠠᠬᠤᠶᠢᠯᠠᠯ ᠳᠤ ᠨᠡᠶᠢᠲᠡ 54 ᠠᠷᠠᠳ ᠤᠨ ᠡᠶᠡᠳᠡᠭᠦᠯᠬᠦ ᠲᠠᠰᠤᠭ ᠢ ᠰᠢᠨ᠎ᠡ ᠪᠠᠷ ᠪᠠᠶᠢᠭᠤᠯᠵᠤ᠂ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ | ᠠᠵᠢᠯᠴᠢᠨ ᠤ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠣᠶᠢᠷ᠎ᠠ ᠬᠠᠪᠢ ᠳᠠᠭᠠᠨ ᠡᠶᠡᠳᠡᠭᠦᠯᠦᠨ ᠰᠢᠢᠳᠪᠦᠷᠢᠯᠡᠬᠦ ᠳᠤ ᠲᠥᠬᠦᠮ ᠦᠵᠡᠭᠦᠯᠪᠡ᠃ | ᠭᠤᠷᠪᠠᠳᠤᠭᠠᠷ ᠵᠦᠢᠯ ᠤᠨ ᠠᠷᠭ᠎ᠠ ᠬᠡᠮᠵᠢᠶ᠎ᠡ ᠨᠢ᠂ ᠭᠠᠳᠠᠨ᠎ᠠ ᠣᠷᠣᠨ ᠤ ᠪᠠᠯᠠ ᠣᠷᠣᠭᠤᠯᠤᠯᠲᠠ ᠶᠢᠨ ᠬᠡᠪᠴᠢᠶᠡᠲᠦ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ ᠳᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠺᠠᠷᠲ ᠭᠦᠢᠴᠡᠳᠬᠡᠵᠦ ᠥᠭᠭᠦᠨ᠎ᠡ᠃ | ᠬᠤᠲᠠ ᠰᠢᠶᠠᠨ ᠬᠤᠶᠠᠷ ᠱᠠᠲᠤ ᠬᠡᠰᠡᠭ ᠭᠤᠤᠯᠳᠠᠯᠭ᠎ᠠ ᠲᠠᠢ ᠬᠡᠪᠴᠢᠶ᠎ᠡ ᠠᠴᠠ ᠳᠡᠭᠡᠭᠰᠢᠬᠢ ᠭᠠᠳᠠᠨ᠎ᠠ ᠣᠷᠣᠨ ᠤ ᠪᠠᠯᠠ ᠣᠷᠣᠭᠤᠯᠤᠭᠰᠠᠨ ᠠᠵᠤ ᠠᠬᠤᠶᠢᠯᠠᠯ ᠢ | ᠲᠤᠰᠪᠦᠷᠢ ᠰᠢᠯᠢᠨ ᠰᠣᠩᠭᠤᠵᠤ᠂ ᠲᠡᠳᠡᠨ ᠳᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠺᠠᠷᠲ | ᠬᠢᠵᠦ ᠲᠠᠷᠬᠠᠨ᠂ ᠦᠢᠯᠡᠴᠢᠯᠡᠭᠡᠨ ᠤ ᠺᠠᠷᠲ ᠳᠤ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠣᠪᠣᠭ ᠨᠡᠷ᠎ᠡ᠂ ᠲᠤᠰᠢᠶᠠᠯ ᠵᠡᠷᠭᠡ ᠮᠡᠳᠡᠭᠡ | ᠵᠠᠩᠭᠢ ᠶᠢ ᠲᠣᠳᠤᠷᠬᠠᠶᠢᠯᠠᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠶᠢᠨ ᠵᠠᠭᠠᠯᠳᠤᠬᠤ ᠤᠲᠠᠰᠤ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠶᠢᠨ ᠬᠢᠨᠠᠯᠲᠠ ᠲᠠᠯᠪᠢᠬᠤ ᠤᠲᠠᠰᠤ ᠶᠢ ᠳᠠᠷᠤᠮᠠᠯᠯᠠᠭᠰᠠᠨ ᠪᠠᠶᠢᠨ᠎ᠠ᠃ ᠪᠥᠬᠦ ᠬᠤᠲᠠ ᠳᠤ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ | ᠣᠷᠴᠢᠨ ᠲᠣᠭᠤᠷᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠺᠠᠷᠲ ᠢ ᠨᠡᠶᠢᠲᠡ 129 ᠬᠤᠪᠢ ᠲᠠᠷᠬᠠᠭᠠᠵᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠲᠣᠰ | ᠺᠠᠷᠲ ᠢ ᠬᠡᠷᠡᠭᠯᠡᠵᠦ᠂ ᠬᠠᠤᠯᠢ ᠶᠣᠰᠣᠭᠠᠷ ᠬᠡᠷᠡᠭ ᠰᠢᠢᠳᠪᠦᠷᠢᠯᠡᠭᠰᠡᠨ ᠤᠷᠢᠲᠠᠯ ᠳᠣᠤᠷ᠎ᠠ᠂ ᠠᠯᠢ ᠴᠢᠳᠠᠬᠤ ᠪᠠᠷ ᠰᠢᠭᠦᠬᠦ ᠬᠤᠷᠢᠶ᠎ᠠ ᠶᠢᠨ ᠪᠠᠶᠢᠴᠠᠭᠠᠬᠤ ᠺᠣᠮᠫᠠᠨᠢ ᠶᠢᠨ | ᠡᠯ᠎ᠡ ᠵᠠᠩᠭᠢᠯᠠᠭ᠎ᠠ ᠳᠤ ᠲᠠᠰ ᠳᠠᠷᠠᠭᠠᠯᠠᠯ ᠢ ᠪᠠᠭᠠᠰᠬᠠᠵᠤ᠂ ᠳᠥᠭᠦᠮ ᠳᠥᠲᠡ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠪᠣᠯᠤᠨ᠎ᠠ᠃ | ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ 97 ᠵᠦᠢᠯ ᠤᠨ ᠠᠷᠭ᠎ᠠ ᠬᠡᠮᠵᠢᠶ᠎ᠡ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠤᠯᠤᠰ | ᠲᠥᠷᠥ ᠬᠠᠤᠯᠢ ᠴᠠᠭᠠᠵᠠ ᠶᠢᠨ ᠬᠤᠷᠢᠶ᠎ᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠪᠠ ᠱᠠᠭᠠᠷᠳᠠᠨ ᠪᠠᠶᠢᠴᠠᠭᠠᠬᠤ ᠶᠢ ᠴᠢᠩᠭᠠᠳᠬᠠᠨ᠂ ᠵᠦᠢᠯ ᠳᠠᠷᠠᠭᠠᠯᠠᠨ ᠠᠬᠢᠭᠤᠯᠤᠨ ᠨᠠᠶᠢᠳᠠᠪᠤᠷᠢᠵᠢᠭᠤᠯᠵᠤ᠂ 99% ᠨᠢ ᠴᠥᠮ ᠬᠠᠤᠯᠢ | ᠴᠠᠭᠠᠵᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠵᠤ ᠴᠢᠳᠠᠨ᠎ᠠ᠃ | ︽ᠡᠵᠡᠩᠨᠡᠯᠲᠡ ᠠᠷᠠᠯᠵᠢᠶᠠᠨ ᠤ ᠬᠠᠤᠯᠢ ᠴᠠᠭᠠᠵᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠡᠭᠦᠷᠭᠡ ᠶᠢᠨ ᠲᠣᠳᠣᠷᠬᠠᠶ ᠬᠠᠭᠤᠳᠠᠰᠤ︾ | ᠳᠤ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠲᠦᠷᠦᠭᠦᠯᠡᠨ ᠨᠠᠶᠢᠳᠠᠪᠤᠷᠢᠵᠢᠭᠤᠯᠬᠤ 4 ᠲᠠᠯ᠎ᠠ ᠶᠢᠨ 8 | ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶ ᠲᠣᠭᠲᠠᠭᠠᠵᠠᠶ᠃ ᠨᠢᠭᠡᠳᠦᠭᠡᠷ ᠲᠠᠯ᠎ᠠ ᠪᠣᠯ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠡᠷᠬᠡ ᠠᠰᠢᠭ ᠢ | ᠬᠠᠤᠯᠢ ᠶᠣᠰᠣᠭᠠᠷ ᠪᠠᠲᠤᠯᠠᠨ᠎ᠠ᠃ ᠡᠭᠦᠨ ᠤ ᠭᠤᠣᠯᠳᠠᠯᠭ᠎ᠠ ᠨᠢ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠭᠤᠷᠪᠠᠨ | ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠤᠨ᠎ᠠ᠄ ᠨᠢᠭᠡ ᠳᠤ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠤᠳᠠᠲᠠᠯ᠎ᠠ ᠮᠡᠳᠡᠭᠦᠯᠦᠭᠡᠳ ᠦᠯᠦ ᠳᠠᠩᠰᠠᠯᠠᠬᠤ᠂ | ᠤᠳᠠᠲᠠᠯ᠎ᠠ ᠳᠠᠩᠰᠠᠯᠠᠭᠠᠳ ᠦᠯᠦ ᠰᠢᠢᠳᠪᠦᠷᠢᠯᠡᠬᠦ᠂ ᠤᠳᠠᠲᠠᠯ᠎ᠠ ᠰᠢᠭᠦᠭᠡᠳ ᠦᠯᠦ ᠲᠠᠰᠤᠯᠬᠤ ᠠᠰᠠᠭᠤᠳᠠᠯ︔ ᠬᠤᠶᠠᠷ ᠲᠤ ᠬᠠᠤᠯᠢ ᠴᠠᠭᠠᠵᠠ ᠪᠠᠷ ᠬᠡᠷᠡᠭ | ᠰᠢᠢᠳᠪᠦᠷᠢᠯᠡᠬᠦ ᠠᠴᠠ ᠪᠤᠯᠵᠤ ᠠᠵᠤ ᠠᠬᠤᠶᠢᠯᠠᠯ ᠤᠨ ᠡᠵᠡᠩᠨᠡᠯᠲᠡ ᠶᠢ ᠬᠦᠴᠢᠷᠳᠡᠯ ᠲᠠᠢ ᠪᠣᠯᠭᠠᠭᠰᠠᠨ ᠠᠰᠠᠭᠤᠳᠠᠯ︔ ᠭᠤᠷᠪᠠ ᠳᠤ ᠠᠵᠤ ᠠᠬᠤᠶᠢᠯᠠᠯ ᠳᠤ | ᠬᠤᠯᠪᠣᠭᠳᠠᠭᠰᠠᠨ ᠬᠡᠷᠡᠭ ᠤᠨ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠵᠦ ᠬᠤᠬᠢᠷᠠᠯ ᠳᠤ ᠤᠴᠠᠷᠠᠬᠤ ᠳᠤ ᠪᠡᠷᠬᠡᠲᠡᠶ ᠠᠰᠠᠭᠤᠳᠠᠯ ᠪᠣᠯᠤᠨ᠎ᠠ᠃ ᠬᠤᠶᠠᠳᠤᠭᠠᠷ ᠲᠠᠯ᠎ᠠ | ᠪᠣᠯ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠪᠠᠶᠢᠭᠤᠯᠤᠯᠲᠠ ᠶᠢ ᠳᠦᠷᠢᠮᠵᠢᠭᠦᠯᠬᠦ ᠪᠣᠯᠤᠨ᠎ᠠ᠃ ᠡᠭᠦᠨ ᠤ ᠭᠤᠣᠯᠳᠠᠯᠭ᠎ᠠ ᠨᠢ ᠤᠯᠤᠰ ᠲᠦᠷᠦ ᠬᠠᠤᠯᠢ | ᠴᠠᠭᠠᠵᠠ ᠶᠢᠨ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠭᠤᠷᠪᠠᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠪᠣᠯᠤᠨ᠎ᠠ᠄ ᠨᠢᠭᠡ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠪᠠᠶᠢᠭᠤᠯᠭ᠎ᠠ ᠬᠡᠷᠡᠭ ᠪᠠᠶᠢᠲᠠᠯ᠎ᠠ ᠦᠯᠦ ᠰᠢᠯᠵᠢᠭᠦᠯᠬᠦ᠂ ᠲᠣᠷᠭᠠᠭᠤᠯᠢ ᠪᠠᠷ ᠡᠷᠡᠭᠦᠦ ᠶᠢ ᠣᠷᠣᠯᠠᠭᠤᠯᠬᠤ᠂ ᠶᠠᠯ᠎ᠠ ᠲᠠᠢ ᠪᠠᠶᠢᠲᠠᠯ᠎ᠠ ᠦᠯᠦ ᠨᠡᠬᠡᠮᠵᠢᠯᠡᠬᠦ | ᠠᠰᠠᠭᠤᠳᠠᠯ︔ ᠬᠤᠶᠠᠷ ᠲᠤ ᠳᠤᠷ᠎ᠠ ᠪᠠᠷ ᠬᠠᠤᠯᠢ ᠬᠡᠷᠡᠭᠵᠢᠭᠦᠯᠬᠦ᠂ ᠰᠣᠩᠭᠤᠯᠲᠠ ᠶᠢᠨ ᠴᠢᠨᠠᠷᠲᠠᠶ ᠬᠠᠤᠯᠢ ᠬᠡᠷᠡᠭᠵᠢᠭᠦᠯᠬᠦ ᠪᠠ ᠬᠡᠯᠪᠡᠷᠢᠯ ᠤᠨ ᠴᠢᠨᠠᠷᠲᠠᠶ ᠬᠠᠤᠯᠢ | ᠬᠡᠷᠡᠭᠵᠢᠭᠦᠯᠬᠦ ᠠᠰᠠᠭᠤᠳᠠᠯ︔ ᠭᠤᠷᠪᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢᠶᠠᠷ ᠳᠠᠩᠰᠠᠯᠠᠬᠤ ᠶᠣᠰᠣᠲᠠᠢ ᠶᠢ ᠨᠢ | ᠳᠠᠩᠰᠠᠯᠠᠬᠤ ᠦᠭᠡᠢ᠂ ᠲᠣᠭᠲᠠᠭᠠᠯ ᠢ ᠵᠥᠷᠢᠴᠡᠨ ᠳᠠᠩᠰᠠᠯᠠᠭᠰᠠᠨ᠂ ᠬᠠᠤᠯᠢ ᠶᠢ ᠵᠥᠷᠢᠴᠡᠨ ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠬᠡᠷᠡᠭᠯᠡᠵᠦ ᠠᠵᠤ ᠠᠬᠤᠢ ᠶᠢᠨ | ᠵᠠᠭᠤᠷᠠᠯᠳᠤᠭᠠᠨ ᠳᠤ ᠭᠠᠷ ᠲᠦᠷᠦᠭᠰᠡᠨ ᠵᠢᠴᠢ ᠡᠷᠡᠭᠦᠳᠡᠵᠦ ᠥᠴᠢᠭᠯᠡᠭᠦᠯᠦᠭᠰᠡᠨ᠂ ᠬᠠᠤᠯᠢ ᠶᠢ ᠵᠥᠷᠢᠴᠡᠨ ᠵᠣᠭᠤᠰ ᠮᠥᠩᠭᠦ ᠡᠳ᠋ ᠪᠣᠳᠠᠰ ᠢ ᠪᠠᠶᠢᠴᠠᠭᠠᠨ | ᠪᠢᠲᠡᠭᠦᠮᠵᠢᠯᠡᠵᠦ ᠳᠠᠷᠤᠵᠤ ᠠᠪᠤᠭᠰᠠᠨ ᠵᠡᠷᠭᠡ ᠠᠰᠠᠭᠤᠳᠠᠯ᠃ ᠭᠤᠷᠪᠠᠳᠤᠭᠠᠷ ᠲᠠᠯ᠎ᠠ ᠪᠣᠯ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠵᠠᠷᠭᠤ ᠶᠢᠨ | ᠳᠠᠷᠤᠭᠳᠠᠮᠠᠯ ᠬᠡᠷᠡᠭ ᠢ ᠢᠯᠭᠠᠷᠠᠭᠤᠯᠤᠨ ᠲᠢᠭᠯᠡᠨ᠎ᠡ᠃ ᠡᠭᠦᠨ ᠤ ᠭᠤᠣᠯᠳᠠᠯᠭ᠎ᠠ ᠨᠢ ᠠᠵᠤ ᠠᠬᠤᠶᠢᠯᠠᠯ ᠤᠨ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ | ᠬᠤᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠤᠨ ᠦᠯᠡᠳᠡᠭᠡᠯ ᠬᠡᠷᠡᠭ ᠢ ᠰᠢᠢᠳᠪᠦᠷᠢᠯᠡᠨ᠎ᠡ᠃ ᠳᠥᠷᠪᠡᠳᠦᠭᠡᠷ ᠲᠠᠯ᠎ᠠ ᠪᠣᠯ ᠠᠵᠤ | ᠠᠬᠤᠶᠢᠯᠠᠯ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠡᠭᠦᠨ ᠤ | ᠭᠤᠣᠯᠳᠠᠯᠭ᠎ᠠ ᠨᠢ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠥᠨᠳᠥᠷ ᠪᠢᠰᠢ ᠠᠰᠠᠭᠤᠳᠠᠯ ᠢ | ᠭᠤᠣᠯᠳᠠᠯᠭ᠎ᠠ ᠲᠠᠢ ᠪᠠᠷ ᠰᠢᠢᠳᠪᠦᠷᠢᠯᠡᠨ᠎ᠡ᠃ ᠳᠡᠭᠡᠷ᠎ᠡ ᠳᠤᠷᠠᠳᠤᠭᠰᠠᠨ ᠠᠰᠠᠭᠤᠳᠠᠯ ᠢ ᠨᠢᠭᠡᠨᠲᠡ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠪᠥᠭᠡᠳ | ᠤᠷᠳᠤ ᠬᠤᠭᠤᠴᠠᠭ᠎ᠠ ᠪᠠᠷ ᠪᠠᠷᠢᠮᠲᠠᠯᠠᠬᠤ ᠴᠢᠬᠤᠯᠠᠲᠠᠢ ᠪᠠᠶᠢᠨ᠎ᠠ᠃ 2021 ᠣᠨ ᠤ 1 ᠰᠠᠷ᠎ᠠ ᠶᠢᠨ 8 ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠶ ᠲᠣᠭᠤᠷᠢᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ︽ᠪᠡᠶᠡᠴᠢ ᠴᠣᠭᠴᠠ ᠶᠢᠨ | ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ︾ ᠶᠢᠨ 4 ᠵᠦᠢᠯ ᠤᠨ ᠰᠠᠨᠠᠯ ᠳᠤ᠂ ᠶᠠᠭ ᠱᠠᠭᠠᠷᠳᠠᠯᠭ᠎ᠠ ᠶᠣᠰᠣᠭᠠᠷ | ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ ᠪᠠᠶᠢᠨ᠎ᠠ᠃ | ᠬᠤᠶᠠᠷ᠂ ᠳᠠᠷᠠᠭᠠᠴᠢ ᠶᠢᠨ ᠠᠵᠢᠯ ᠤᠨ ᠠᠷᠭ᠎ᠠ ᠬᠡᠮᠵᠢᠶ᠎ᠡ | ᠨᠢᠭᠡ ᠳᠤ ︽ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠡᠵᠡᠩᠨᠡᠯᠲᠡ ᠠᠷᠠᠯᠵᠢᠶᠠᠨ ᠤ ᠬᠠᠤᠯᠢ ᠪᠠᠷ ᠵᠠᠰᠠᠬᠤ | ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠭᠤᠨ ᠵᠦᠢᠯ ᠤᠨ ᠠᠷᠭ᠎ᠠ ᠬᠡᠮᠵᠢᠶ᠎ᠡ︾ ᠶᠢ ᠭᠦᠨᠵᠡᠭᠡᠶ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠠᠵᠤ | ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠨ ᠪᠠᠲᠤᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠬᠤᠶᠠᠷ ᠲᠤ᠂ ︽ᠤᠯᠠᠭᠠᠨᠬᠠᠳᠠ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ︿ᠮᠢᠩᠭᠠᠨ ᠺᠠᠳ᠋ᠷ ᠴᠠᠭᠳᠠᠭ᠎ᠠ ᠬᠠᠤᠯᠢ ᠶᠢ ᠬᠥᠳᠡᠭᠡ | ᠬᠦᠷᠭᠡᠬᠦ﹀ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠬᠠᠤᠯᠢ ᠴᠠᠭᠠᠵᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠴᠢᠨᠠᠷ ᠰᠠᠶᠢᠲᠠᠶ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢᠨ | ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃ | ᠭᠤᠷᠪᠠ ᠳᠤ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ ᠵᠠᠬ᠎ᠠ ᠳᠡᠯᠭᠡᠭᠦᠷ ᠤᠨ ᠠᠵᠤ | ᠠᠬᠤᠶ ᠶᠢᠨ ᠡᠮᠬᠢ ᠵᠢᠷᠤᠮ ᠢ ᠡᠪᠳᠡᠭᠰᠡᠨ ᠪᠠ ᠡᠵᠡᠩᠨᠡᠯᠲᠡ ᠶᠢᠨ ᠪᠡᠶᠡᠴᠢ ᠴᠣᠭᠴᠠ ᠶᠢᠨ ᠬᠥᠮᠦᠨ ᠤ ᠪᠡᠶ᠎ᠡ ᠮᠠᠬᠠᠪᠣᠳ ᠡᠳ᠋ ᠬᠦᠷᠦᠩᠭᠡ ᠶᠢᠨ ᠡᠷᠬᠡ ᠳᠤ ᠬᠠᠯᠳᠠᠭᠰᠠᠨ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠮᠤᠷ | ᠲᠦᠪᠰᠢᠨ ᠪᠥᠭᠡᠳ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠩᠭᠠᠨ᠎ᠠ᠃ | ᠲᠦᠷᠪᠡ ᠳᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠯᠢᠰ | ᠬᠤᠳᠠᠯ ᠪᠤᠷᠤᠭᠤ ᠬᠡᠷᠡᠭ ᠢ ᠢᠯᠭᠠᠨ ᠲᠤᠳᠤᠯᠠᠵᠤ ᠵᠠᠯᠠᠷᠠᠭᠤᠯᠬᠤ ᠲᠣᠭᠲᠠᠴᠠ ᠶᠢ ᠪᠦᠷᠢᠨᠰᠢᠬᠦᠯᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠭᠦᠯᠦᠨ᠎ᠡ᠃ | | ᠬᠤᠲᠠ ᠶᠢᠨ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ | | 2020 ᠣᠨ ᠳᠤ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ ᠤᠨ ᠡᠯ᠎ᠡ ᠪᠦᠷᠢᠯᠳᠦᠬᠦᠨ | ᠨᠢᠭᠡᠴᠡ ᠨᠦᠭᠦᠳ ᠬᠤᠲᠠ ᠶᠢᠨ ᠨᠠᠮ ᠤᠨ ᠬᠤᠷᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠤᠷ᠎ᠠ᠂ ᠠᠯᠬᠤᠮ ᠳᠠᠷᠠᠭ᠎ᠠ ᠶᠢ ᠤᠯᠠᠮ | ᠨᠢᠭᠡ ᠠᠯᠬᠤᠮ ᠳᠥᠭᠦᠮᠴᠢᠯᠡᠵᠦ᠂ ᠴᠠᠭ ᠤᠨ ᠬᠢᠵᠠᠭᠠᠷ ᠢ ᠪᠠᠭᠠᠰᠬᠠᠨ᠂ ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠲᠦᠷᠭᠡᠨ ᠪᠥᠭᠡᠳ ᠥᠨᠳᠥᠷ ᠪᠦᠲᠦᠮᠵᠢᠲᠡᠶ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ 13 ᠲᠠᠯ᠎ᠠ ᠶᠢᠨ 32 ᠵᠦᠢᠯ ᠤᠨ | ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | ︵ᠨᠢᠭᠡ︶ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ | ᠠᠵᠤ ᠠᠬᠤᠶᠢᠯᠠᠯ ᠳᠤ ᠲᠥᠯᠥᠪᠦᠷᠢ ᠥᠬᠡᠶ ᠪᠠᠷ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠰᠠᠭᠠᠳ ᠥᠬᠡᠶ ᠨᠡᠪᠲᠡᠷᠡᠬᠦ ᠵᠠᠮ ᠢ ᠨᠡᠪᠲᠡᠷᠡᠭᠦᠯᠬᠦ ᠶᠢᠨ | ᠬᠠᠮᠲᠤ ᠬᠤᠳᠠᠯᠳᠤᠭᠠᠴᠢᠳ ᠤᠨ ᠡᠪᠯᠡᠯ᠂ ᠠᠵᠢᠯ ᠲᠥᠷᠥᠯ ᠤᠨ ᠨᠡᠶᠢᠭᠡᠮᠯᠢᠭ ᠤᠨ ᠬᠠᠮᠲᠤᠷᠠᠭᠰᠠᠨ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠤᠷᠤᠭᠰᠢ | ᠰᠢᠯᠵᠢᠭᠦᠯᠬᠦ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠰᠠᠭ ᠤᠨ ᠶᠠᠪᠤᠳᠠᠯ ᠤᠨ | ᠦᠢᠢᠯᠡᠴᠢᠯᠡᠭᠡᠨ ᠤ ᠲᠥᠪ ᠲᠤ ᠠᠵᠤ ᠠᠬᠤᠶᠢᠯᠠᠯ ᠡᠷᠬᠢᠯᠡᠬᠦ ᠪᠠ ᠬᠠᠭᠠᠬᠤ ᠶᠡᠷᠦᠩᠬᠡᠶᠢᠯᠡᠭᠰᠡᠨ ︽ᠨᠢᠭᠡ ᠴᠣᠩᠬᠤᠪᠴᠢ ᠮᠠᠶ᠋ᠢᠭ︾ ᠤᠨ ᠦᠢᠯᠡᠴᠢᠯᠡᠭᠡᠨ ᠤ ᠲᠤᠰᠬᠠᠶ | ᠬᠡᠰᠡᠭ ᠢ ᠨᠡᠭᠡᠭᠡᠨ ᠪᠠᠶᠢᠭᠤᠯᠵᠤ᠂ ᠠᠵᠤ ᠠᠬᠤᠶᠢᠯᠠᠯ ᠳᠤ ᠪᠠᠭᠴᠠᠯᠠᠭᠰᠠᠨ ᠦᠢᠯᠡᠴᠢᠯᠡᠭᠡ ᠬᠠᠩᠭᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠯ᠎ᠡ ᠰᠠᠯᠠᠭ᠎ᠠ | ᠮᠥᠴᠢᠷ ᠤᠨ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠡᠵᠦ ᠬᠠᠮᠲᠤᠪᠠᠷ ᠡᠳ᠋ᠯᠡᠬᠦ ᠲᠦᠭᠵᠢᠷᠡᠯ ᠢ ᠨᠡᠪᠲᠡᠷᠡᠭᠦᠯᠵᠦ᠂ ᠴᠠᠬᠢᠮ ᠭᠡᠷᠡᠴᠢ ᠦᠨᠡᠮᠯᠡᠯ ᠢ ᠴᠤᠭᠯᠠᠭᠤᠯᠬᠤ | ᠠᠵᠢᠯ ᠢ ᠴᠢᠩᠭᠠᠳᠬᠠᠪᠠ᠃ ︽ᠮᠥᠩᠬᠡ ᠰᠤᠪᠠᠭ︾ App ᠢ ᠭᠦᠨᠵᠡᠭᠡᠶ ᠳᠡᠯᠭᠡᠷᠡᠭᠦᠯᠪᠡ᠃ ᠮᠥᠩᠬᠡ ᠰᠤᠪᠠᠭ App ᠳᠤ ᠨᠡᠶᠢᠲᠡ ᠶᠢᠨ ᠬᠤᠷᠠᠮᠳᠤᠯᠭ᠎ᠠ ᠶᠢᠨ | ᠮᠥᠩᠭᠦ ᠶᠢ ᠪᠠᠶᠢᠴᠠᠭᠠᠨ ᠯᠠᠪᠯᠠᠬᠤ ᠵᠡᠷᠭᠡ 46 ᠥᠪᠡᠷᠮᠢᠴᠡ ᠣᠨᠴᠠᠯᠢᠭ ᠲᠠᠢ ᠪᠠᠶᠢᠴᠠᠭᠠᠨ ᠯᠠᠪᠯᠠᠬᠤ ᠦᠢᠯᠡᠴᠢᠯᠡᠭᠡ ᠶᠢ ᠪᠡᠶᠡᠯᠡᠭᠦᠯᠵᠦ ᠪᠣᠯᠤᠨ᠎ᠠ᠃ | ︽ᠰᠠᠶᠢᠨ ᠪᠠᠷᠤᠭᠲᠠᠢ ᠶᠢ ᠦᠨᠡᠯᠡᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠭᠦᠢᠴᠡᠳᠭᠡᠬᠦ ᠬᠦᠮᠦᠰ ᠰᠢᠭᠤᠳ ᠠᠵᠢᠯ ᠭᠦᠢᠴᠡᠳᠭᠡᠬᠦ | ᠴᠣᠩᠬᠤᠨ ᠳᠤ ︽ᠨᠢᠭᠡ ᠤᠳᠠᠭ᠎ᠠ ᠳᠤ ᠨᠢᠭᠡ ᠦᠨᠡᠯᠡᠬᠦ︾ ︽ᠨᠢᠭᠡ ᠤᠴᠢᠷ ᠲᠤ ᠨᠢᠭᠡ ᠦᠨᠡᠯᠡᠬᠦ︾ ᠶᠢ ᠪᠡᠶᠡᠯᠡᠭᠦᠯᠵᠦ᠂ ᠦᠨᠡᠯᠡᠭᠰᠡᠨ ᠲᠤᠭ᠎ᠠ ᠪᠠᠷᠢᠮᠲᠠ ᠶᠢᠨ ᠦᠷ᠎ᠡ | ᠳ᠋ᠦᠩ ᠢ ᠠᠰᠢᠭᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ | ︵ᠬᠤᠶᠠᠷ︶ ᠡᠷᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠷᠬᠡ ᠶᠢᠨ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠪᠠ | ᠨᠢᠭᠡ ᠲᠠᠯ᠎ᠠ ᠪᠠᠷ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠠᠵᠢᠯ ᠢ ᠢᠳᠡᠪᠬᠢᠲᠡᠶ ᠠᠬᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ 2020 ᠣᠨ ᠳᠤ ᠪᠥᠬᠦ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ︽ᠬᠤᠶᠠᠷ ᠢ | ᠰᠤᠭᠤᠴᠢᠵᠤ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠯᠲᠠ ᠶᠢ ᠨᠡᠶᠢᠲᠡ 1349 ᠪᠦᠯᠦᠭ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ | 30265 ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠤᠭᠤᠴᠢᠨ ᠪᠠᠶᠢᠴᠠᠭᠠᠪᠠ᠃ ᠨᠥᠭᠦᠭᠡ ᠲᠠᠯ᠎ᠠ ᠪᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ | ᠵᠠᠭᠤᠴᠢᠯᠠᠬᠤ ᠦᠢᠯᠡᠴᠢᠯᠡᠭᠡ ᠶᠢ ᠵᠢᠷᠤᠮᠵᠢᠭᠤᠯᠵᠤ᠂ ᠣᠳᠣᠬᠠᠨ ᠳᠤ ᠨᠢᠭᠡᠨᠲᠡ 75 ᠵᠠᠭᠤᠴᠢᠯᠠᠬᠤ ᠪᠠᠶᠢᠭᠤᠯᠤᠮᠵᠢ ᠵᠠᠭᠤᠴᠢᠯᠠᠬᠤ ᠬᠡᠲᠦ ᠳᠡᠯᠭᠡᠭᠦᠷ ᠲᠤ ᠣᠷᠣᠵᠤ᠂ | ᠠᠵᠤ ᠠᠬᠤᠶᠢᠯᠠᠯ ᠪᠠ ᠣᠯᠠᠨ ᠲᠦᠮᠡᠨ ᠳᠤ ᠢᠯᠡ ᠲᠣᠳᠣ ᠵᠠᠭᠤᠴᠢᠯᠠᠬᠤ ᠦᠢᠯᠡᠴᠢᠯᠡᠭᠡ ᠬᠠᠩᠭᠠᠵᠤ ᠪᠠᠶᠢᠨ᠎ᠠ᠃ | ︵ᠭᠤᠷᠪᠠ︶ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠴᠢᠩᠭ᠎ᠠ ᠠᠩᠬᠠᠷᠴᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠳᠦᠭᠦᠮ | ᠦᠵᠡᠭᠦᠯᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠥᠷᠭᠡᠳᠬᠡᠪᠡ | ᠨᠢᠭᠡ ᠳᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠠᠭ ᠤᠨᠬᠢᠵᠠᠭᠠᠷ ᠢ ᠪᠠᠭᠠᠰᠬᠠᠪᠠ᠂ ᠭᠠᠵᠠᠷ ᠰᠣᠩᠭᠤᠬᠤ | ᠰᠠᠨᠠᠯ ᠤᠨ ᠪᠢᠴᠢᠭ ᠬᠢᠭᠡᠳ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠶᠢ 7 ᠠᠵᠢᠯ ᠤᠨ ᠡᠳᠦᠷ ᠪᠠᠶᠢᠭᠰᠠᠨ ᠠᠴᠠ 5 ᠠᠵᠢᠯ ᠤᠨ ᠡᠳᠦᠷ ᠪᠣᠯᠭᠠᠨ ᠪᠠᠭᠠᠰᠬᠠᠵᠤ᠂ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠤᠨ ᠨᠢᠭᠡᠳᠦᠭᠡᠷ ᠱᠠᠲᠤᠨ ᠤ ᠶᠡᠷᠦᠩᠬᠡᠶ ᠴᠠᠭ ᠤᠨ ᠬᠢᠵᠠᠭᠠᠷ ᠢ 20 ᠠᠵᠢᠯ ᠤᠨ ᠡᠳᠦᠷ ᠪᠣᠯᠭᠠᠨ | ᠪᠠᠭᠠᠰᠬᠠᠵᠤ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠳᠠᠩᠰᠠᠯᠠᠬᠤ ᠲᠥᠷᠥᠯ ᠤᠨ ᠨᠢᠭᠡᠳᠦᠭᠡᠷ ᠱᠠᠲᠤᠨ ᠤ ᠶᠡᠷᠦᠩᠬᠡᠶ ᠴᠠᠭ ᠤᠨ ᠬᠢᠵᠠᠭᠠᠷ ᠢ 6 ᠠᠵᠢᠯ ᠤᠨ ᠡᠳᠦᠷ | ᠪᠣᠯᠭᠠᠨ ᠪᠠᠭᠠᠰᠬᠠᠵᠤ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠬᠢᠨᠠᠨ ᠵᠥᠪᠰᠢᠶᠡᠷᠡᠬᠦ ᠲᠥᠷᠥᠯ ᠤᠨ ᠨᠢᠭᠡᠳᠦᠭᠡᠷ ᠱᠠᠲᠤᠨ ᠤ ᠶᠡᠷᠦᠩᠬᠡᠶ ᠴᠠᠭ ᠤᠨ ᠬᠢᠵᠠᠭᠠᠷ ᠢ 10 | ᠠᠵᠢᠯ ᠤᠨ ᠡᠳᠦᠷ ᠪᠣᠯᠭᠠᠨ ᠪᠠᠭᠠᠰᠬᠠᠪᠠ᠃ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠲᠠᠪᠴᠠᠩ ᠢ ᠪᠠᠶᠢᠭᠤᠯᠤᠨ ᠪᠡᠶᠡᠯᠡᠭᠦᠯᠵᠦ᠂ ︽ᠨᠢᠭᠡ ᠵᠢᠷᠤᠭ ᠲᠥᠰᠦᠪ︾ | ᠤᠨ ᠲᠤᠭ᠎ᠠ ᠪᠠᠷᠢᠮᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠦᠨᠡᠯᠡᠨ ᠵᠢᠱᠢᠯᠲᠡ ᠶᠢ ᠦᠷᠭᠦᠯᠵᠢᠯᠡᠨ ᠲᠦᠯᠬᠢᠨ ᠠᠬᠢᠭᠤᠯᠪᠠ᠃ ᠤᠰᠤ | ᠂ ᠴᠠᠬᠢᠯᠭᠠᠨ᠂ ᠳᠤᠯᠠᠭᠠᠯᠠᠭ᠎ᠠ᠂ ᠬᠡᠢ ᠶᠢᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠮᠡᠳᠡᠭᠦᠯᠦᠨ | ᠤᠭᠰᠠᠷᠠᠭᠤᠯᠬᠤ ᠶᠢ ᠬᠢᠨᠠᠨ ᠵᠥᠪᠰᠢᠶᠡᠷᠡᠭᠦᠯᠬᠦ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠃ | ᠬᠤᠶᠠᠷ ᠲᠤ ᠬᠡᠷ ᠪᠠᠶᠢᠰᠢᠩ ᠤᠨ ᠬᠥᠷᠥᠩᠭᠡ ᠶᠢᠨ ᠠᠷᠠᠯᠵᠢᠶᠠᠨ ᠤ ᠭᠤᠭᠴᠤᠭ᠎ᠠ ᠶᠢ ᠡᠮᠬᠢᠯᠡᠨ ᠨᠡᠶᠢᠯᠡᠭᠦᠯᠵᠦ᠂ ᠭᠦᠢᠴᠡᠳᠭᠡᠬᠦ ᠶᠠᠪᠤᠴᠠ ᠶᠢ ᠳᠥᠭᠦᠮᠴᠢᠯᠡᠪᠡ᠃ | ᠳᠠᠩᠰᠠᠯᠠᠬᠤ᠂ ᠠᠷᠠᠯᠵᠢᠶᠠᠯᠠᠬᠤ ᠬᠤᠶᠠᠷ ᠭᠤᠭᠴᠤᠭ᠎ᠠ ᠶᠢ ᠨᠡᠶᠢᠯᠡᠭᠦᠯᠦᠭᠡᠳ ᠨᠢᠭᠡ ᠭᠤᠭᠴᠤᠭ᠎ᠠ ᠪᠣᠯᠭᠠᠨ᠎ᠠ᠃ ᠭᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ | ᠰᠢᠯᠵᠢᠭᠦᠯᠦᠨ ᠳᠠᠩᠰᠠᠯᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠠᠭ ᠤᠨ ᠬᠢᠵᠠᠭᠠᠷ ᠢ 1 ᠠᠵᠢᠯ ᠤᠨ ᠡᠳᠦᠷ ᠪᠣᠯᠭᠠᠨ ᠪᠠᠭᠠᠰᠬᠠᠵᠤ᠂ ᠤᠷᠢᠳᠴᠢᠯᠠᠨ | ᠬᠤᠳᠠᠯᠳᠤᠨ ᠠᠪᠬᠤ ᠲᠠᠸᠠᠷ ᠤᠨ ᠬᠡᠷ ᠪᠠᠶᠢᠰᠢᠩ ᠢ ᠤᠷᠢᠳᠴᠢᠯᠠᠨ ᠮᠡᠳᠡᠭᠳᠡᠵᠦ ᠳᠠᠩᠰᠠᠯᠠᠭᠤᠯᠬᠤ ᠪᠠᠷ ᠭᠤᠶᠤᠴᠢᠯᠠᠬᠤ ᠵᠡᠷᠭᠡ 12 ᠵᠦᠢᠯ ᠤᠨ ᠲᠣᠭᠲᠠᠮᠠᠯ | ᠬᠥᠷᠥᠩᠭᠡ ᠶᠢᠨ ᠳᠡᠩᠰᠡᠯᠡᠯᠲᠡ ᠶᠢᠨ ᠲᠤᠬᠠᠶᠢᠯᠠᠭᠰᠠᠨ ᠠᠵᠢᠯ ᠢ ᠤᠯᠠᠭᠠᠨᠬᠠᠳᠠ ᠶᠢᠨ ᠬᠤᠲᠠ ᠲᠣᠭᠤᠷᠢᠭ ᠤᠨ ᠨᠢᠭᠡ ᠬᠤᠲᠠ ᠳᠤ ᠨᠡᠶᠢᠳᠡᠮ ᠭᠦᠢᠴᠡᠳᠭᠡᠬᠦ ᠶᠢ | ᠪᠡᠶᠡᠯᠡᠭᠦᠯᠦᠨ᠎ᠡ᠃ | ᠭᠤᠷᠪᠠ ᠳᠤ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠪᠡ᠃ ᠨᠡᠭᠡᠭᠡᠨ ᠡᠷᠭᠢᠯᠡᠭᠰᠡᠨ ᠠᠵᠤ | ᠠᠬᠤᠶᠢᠯᠠᠯ ᠤᠨ ᠠᠯᠪᠠᠨ ᠲᠠᠮᠠᠭ᠎ᠠ ᠰᠡᠶᠢᠯᠦᠨ ᠦᠢᠯᠡᠳᠬᠦ ᠶᠢ ᠵᠠᠰᠠᠭ ᠤᠨ ᠣᠷᠳᠣᠨ ᠠᠴᠠ ᠲᠠᠩᠰᠠ ᠪᠤᠳᠤᠵᠤ᠂ ᠠᠯᠪᠠᠨ ᠲᠠᠮᠠᠭ᠎ᠠ ᠶᠢ ᠳᠡᠩᠰᠡᠯᠡᠨ ᠭᠦᠢᠴᠡᠳᠭᠡᠬᠦ | ᠭᠤᠭᠴᠤᠭ᠎ᠠ ᠶᠢ ᠵᠡᠷᠭᠡ ᠳᠤᠨᠢ ᠨᠡᠶᠢᠯᠡᠭᠦᠯᠪᠡ᠃ ᠠᠵᠤ ᠠᠬᠤᠶᠢᠯᠠᠯ ᠤᠨ ᠬᠦᠴᠦᠨ ᠥᠬᠡᠶ ᠪᠣᠯᠭᠠᠬᠤ ᠶᠢᠨ ︽ᠬᠠᠭᠠᠬᠤ ᠳᠤ ᠬᠦᠴᠢᠷᠲᠡᠶ︾ ᠠᠰᠠᠭᠤᠳᠠᠯ ᠢ ᠲᠥᠷᠥᠯ | ᠬᠤᠪᠢᠶᠠᠨ ᠰᠢᠢᠳᠪᠦᠷᠢᠯᠡᠵᠦ᠂ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠲᠥᠬᠦᠮ ᠠᠵᠤ ᠠᠬᠤᠶᠢᠯᠠᠯ ᠤᠨ ᠠᠯᠪᠠᠨ ᠵᠠᠷ ᠤᠨ ᠴᠠᠭ ᠢ 45 ᠡᠳᠦᠷ ᠪᠠᠶᠢᠭᠰᠠᠨ ᠠᠴᠠ | 20 ᠡᠳᠦᠷ ᠪᠣᠯᠭᠠᠨ ᠪᠣᠭᠤᠨᠢᠰᠬᠠᠪᠠ᠃ | ᠲᠠᠷᠠᠭᠠᠴᠢ ᠶᠢᠨ ᠠᠯᠬᠤᠮ ᠳᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤᠭᠤᠶᠢᠯᠠᠩ ᠦᠷᠭᠦᠯᠵᠢᠯᠡᠨ ᠳᠥᠭᠦᠮ | ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠪᠠᠷ ᠵᠠᠷᠴᠢᠮ ᠪᠣᠯᠭᠠᠵᠤ᠂ ︽ᠡᠵᠡᠩᠨᠡᠯᠲᠡ ᠠᠷᠠᠯᠵᠢᠶᠠᠨ ᠤ | ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠨᠠᠩ ᠰᠠᠶᠢᠨ ᠦᠢᠯᠡᠴᠢᠯᠡᠬᠦ ᠲᠤᠬᠠᠶ ᠠᠷᠭ᠎ᠠ | ᠬᠡᠮᠵᠢᠶ᠎ᠡ ᠨᠦᠭᠦᠳ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃ | ︵ᠨᠢᠭᠡ︶ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ᠂ ᠲᠣᠭᠲᠠᠮᠠᠯ | ᠬᠦᠷᠦᠩᠭᠡ ᠶᠢ ᠳᠠᠩᠰᠠᠯᠠᠬᠤ᠂ ᠠᠵᠤ ᠠᠬᠤᠶᠢᠯᠠᠯ ᠢ ᠪᠠᠶᠢᠭᠤᠯᠵᠤ ᠬᠠᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠬᠦᠯᠦᠨ᠂ ᠥᠭᠡᠷᠡᠴᠢᠯᠡᠯᠲᠡ ᠶᠢᠨ ᠠᠰᠢᠭ ᠲᠤᠰᠠ ᠶᠢ | ᠲᠠᠰᠤᠷᠠᠯᠳᠠ ᠦᠭᠡᠢ ᠪᠠᠳᠠᠷᠠᠭᠤᠯᠵᠤ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠨᠡᠶᠢᠭᠡᠮ ᠪᠠ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ | ᠬᠦᠴᠦᠨ ᠢ ᠴᠢᠩᠭᠠᠷᠠᠭᠤᠯᠤᠨ᠎ᠠ᠃ | ︵ᠬᠤᠶᠠᠷ︶ ︽ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠥᠷᠭᠡᠳᠬᠡᠨ᠎ᠡ᠃ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ | ᠰᠢᠰᠲ᠋ᠧᠮ ᠤᠨ ᠡᠭᠦᠯᠡᠨ ᠳᠤ ᠣᠷᠣᠬᠤ ᠶᠢ ᠳᠥᠯᠭᠢᠨ ᠠᠬᠢᠭᠤᠯᠵᠤ᠂ ᠬᠠᠮᠲᠤ ᠪᠠᠷ ᠡᠳ᠋ᠯᠡᠬᠦ ᠲᠠᠪᠴᠠᠩ ᠪᠠ ᠵᠠᠰᠠᠭ ᠤᠨ ᠣᠷᠳᠣᠨ ᠤ ᠰᠦᠯᠵᠢᠶ᠎ᠡ ᠶᠢᠨ | ᠡᠷᠴᠢᠮᠵᠢᠭᠦᠯᠦᠭᠰᠡᠨ ᠲᠠᠪᠴᠠᠩ ᠢ ᠪᠠᠶᠢᠭᠤᠯᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ | ᠪᠠᠶᠢᠭᠤᠯᠵᠤ᠂ ᠨᠠᠩ ᠶᠡᠭᠡ ᠬᠡᠪᠴᠢᠶᠡᠨ ᠳᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ᠂ ᠣᠨᠳᠣᠤ ᠭᠠᠵᠠᠷ ᠲᠤ ᠰᠢᠢᠳᠪᠦᠷᠢᠯᠡᠬᠦ᠂ ᠠᠯᠠᠭᠠᠨ ᠳᠡᠭᠡᠷ᠎ᠡ ᠪᠠᠨ | ᠭᠦᠢᠴᠡᠳᠭᠡᠬᠦ︾ ᠶᠢ ᠪᠡᠶᠡᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠰᠦᠯᠵᠢᠶᠡᠨ ᠳᠡᠭᠡᠷ᠎ᠡ ᠭᠦᠢᠴᠡᠳᠭᠡᠬᠦ ᠶᠢ ᠵᠣᠷᠢᠭᠵᠢᠭᠤᠯᠬᠤ ᠪᠠ ᠬᠥᠲᠥᠯᠦᠨ | ᠵᠢᠯᠣᠭᠤᠳᠴᠤ᠂ ︽ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠨᠢᠭᠡ ᠵᠦᠢᠯ ᠤᠨ ᠬᠡᠪᠰᠢᠭᠰᠡᠨ ᠦᠢᠯᠡᠴᠢᠯᠡᠭᠡᠨ ᠤ ᠠᠷᠭ᠎ᠠ ᠵᠠᠮ ᠪᠣᠯᠭᠠᠨ᠎ᠠ᠃ | ︵ᠭᠤᠷᠪᠠ︶ ᠬᠠᠮᠵᠢᠯᠴᠠᠨ ᠬᠢᠨᠠᠨ ᠬᠠᠮᠢᠶᠠᠷᠬᠤ ᠬᠦᠴᠦᠨ ᠢ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠬᠤᠯᠪᠣᠭᠠᠯᠠᠨ ︽ᠬᠤᠶᠠᠷ ᠢ ᠰᠤᠭᠤᠴᠢᠵᠤ ᠨᠢᠭᠡ ᠶᠢ | ᠢᠯᠡ ᠪᠣᠯᠭᠠᠬᠤ︾ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ︽ᠨᠢᠭᠡ ᠤᠳᠠᠭ᠎ᠠ ᠳᠤ ᠣᠯᠠᠨ ᠤᠴᠢᠷ ᠶᠠᠪᠤᠳᠠᠯ ᠢ ᠡᠷᠢᠬᠦ︾ ᠶᠢ | ᠪᠠᠲᠤᠯᠠᠵᠤ᠂ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠳᠤ ᠦᠵᠡᠭᠦᠯᠬᠦ ᠬᠠᠷᠰᠢᠯᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ | ᠃ ᠰᠤᠭᠤᠴᠢᠨ ᠪᠠᠶᠢᠴᠠᠭᠠᠬᠤ ᠠᠵᠢᠯ ᠢ ᠱᠠᠭᠠᠷᠳᠠᠨ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠲᠦᠷᠦᠭᠦᠯᠡᠨ ᠬᠢᠬᠦ | ᠰᠠᠯᠠᠭ᠎ᠠ ᠮᠥᠴᠢᠷ ᠵᠣᠬᠢᠴᠠᠭᠤᠯᠬᠤ᠂ ᠡᠯ᠎ᠡ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ | | ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠬᠦ ᠳᠤᠭᠤᠶᠢᠯᠠᠩ | | ᠨᠢᠭᠡ᠂ 2020 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ | 2020 ᠣᠨ ᠳᠤ᠂ ᠬᠤᠲᠠ ᠶᠢᠨ ᠨᠠᠮ ᠤᠨ ᠬᠤᠷᠢᠶ᠎ᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠵᠢᠯᠣᠭᠤᠳᠣᠯᠭ᠎ᠠ ᠳᠣᠣᠷ᠎ᠠ᠂ ᠨᠡᠶᠢᠭᠡᠮ ᠤᠨ | ᠢᠲᠡᠭᠡᠮᠵᠢ ᠶᠢᠨ ᠪᠠᠶᠢᠭᠤᠯᠤᠯᠲᠠ ᠶᠢ ᠰᠢᠯᠢᠳᠡᠭᠵᠢᠭᠦᠯᠬᠦ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠵᠠᠰᠠᠭ ᠤᠨ ᠶᠠᠪᠤᠳᠠᠯ ᠤᠨ ᠢᠲᠡᠭᠡᠮᠵᠢ ᠶᠢ ᠲᠠᠰᠤᠷᠠᠯᠲᠠ ᠥᠬᠡᠶ | ᠴᠢᠩᠭᠠᠳᠬᠠᠨ᠂ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢ ᠦᠷᠭᠦᠯᠵᠢᠯᠡᠨ ᠠᠬᠢᠭᠤᠯᠵᠤ᠂ ᠬᠤᠪᠢ ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢ ᠰᠦᠪᠡᠭᠴᠢᠯᠡᠨ | ᠪᠠᠶᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠦᠢᠯᠡᠴᠢᠯᠡᠬᠦ ᠲᠤᠬᠠᠶ ᠠᠷᠭ᠎ᠠ ᠬᠡᠮᠵᠢᠶ᠎ᠡ ᠨᠦᠭᠦᠳ︾ ᠤᠨ 33 ᠵᠦᠢᠯ ᠤᠨ ᠠᠷᠭ᠎ᠠ ᠬᠡᠮᠵᠢᠶ᠎ᠡ ᠶᠢ ᠬᠦᠴᠦᠯᠡᠨ | ᠨᠠᠶᠢᠳᠠᠪᠤᠷᠢᠵᠢᠭᠤᠯᠵᠤ᠂ 3 ᠲᠠᠯ᠎ᠠ ᠶᠢᠨ 12 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠢᠳᠡᠪᠬᠢᠲᠡᠶ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠪᠠ᠃ | ︵ᠨᠢᠭᠡ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠲᠠᠯ᠎ᠠ ᠪᠠᠷ | ᠨᠢᠭᠡ ᠳᠤ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ︽ᠲᠡᠭ ᠪᠣᠯᠭᠠᠬᠤ︾ ᠶᠢ ᠬᠦᠴᠦᠯᠡᠨ ᠪᠡᠶᠡᠯᠡᠭᠦᠯᠪᠡ᠃ ᠣᠳᠣᠬᠠᠨ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠤ 2020 ᠣᠨ ᠤ ᠣᠨ ᠤ ᠲᠥᠯᠥᠪᠯᠡᠭᠡ ᠳᠤ ᠵᠢᠭᠰᠠᠭᠠᠨ ᠣᠷᠣᠭᠤᠯᠤᠭᠰᠠᠨ ᠪᠥᠬᠦ ᠬᠤᠲᠠ ᠶᠢᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ | ᠬᠠᠷᠢᠶ᠎ᠠ ᠪᠥᠬᠦᠶ ᠪᠠᠶᠢᠭᠤᠯᠤᠮᠵᠢ ᠨᠤᠭᠤᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ 3.47 | ᠳ᠋ᠦᠩᠰᠢᠭᠤᠷ ᠲᠥᠭᠦᠷᠢᠭ ︵ᠵᠥᠷᠢᠯᠳᠦᠭᠡᠨ ᠥᠬᠡᠶ ᠲᠠᠩᠰᠠᠨ ᠵᠣᠭᠤᠰ 3.11 ᠳ᠋ᠦᠩᠰᠢᠭᠤᠷ ᠲᠥᠭᠦᠷᠢᠭ ᠪᠠᠭᠲᠠᠨ᠎ᠠ︶ ᠥᠷᠢᠲᠦᠵᠦ᠂ ᠡᠭᠦᠨ ᠳᠤ ᠬᠤᠰᠢᠭᠤ ᠰᠢᠶᠠᠨ | ᠲᠣᠭᠤᠷᠢᠭ 3.2 ᠳ᠋ᠦᠩᠰᠢᠭᠤᠷ ᠲᠥᠭᠦᠷᠢᠭ ︵ᠵᠥᠷᠢᠯᠳᠦᠭᠡᠨ ᠥᠬᠡᠶ ᠲᠠᠩᠰᠠᠨ ᠵᠣᠭᠤᠰ 2.83 ᠳ᠋ᠦᠩᠰᠢᠭᠤᠷ ᠲᠥᠭᠦᠷᠢᠭ ᠪᠠᠭᠲᠠᠨ᠎ᠠ︶᠂ ᠬᠤᠲᠠ ᠶᠢᠨ ᠲᠣᠰ | ᠱᠠᠲᠤᠨ ᠤ 0.27 ᠳ᠋ᠦᠩᠰᠢᠭᠤᠷ ᠲᠥᠭᠦᠷᠢᠭ ᠪᠠᠶᠢᠵᠤ᠂ ᠣᠳᠣᠬᠠᠨ ᠳᠤ ᠳᠡᠭᠡᠷ᠎ᠡ ᠳᠤᠷᠠᠳᠤᠭᠰᠠᠨ ᠵᠥᠷᠢᠯᠳᠦᠭᠡᠨ ᠥᠬᠡᠶ ᠲᠠᠩᠰᠠᠨ ᠵᠣᠭᠤᠰ ᠢ ᠨᠢᠭᠡᠨᠲᠡ ᠪᠦᠬᠦᠨ ᠢ | ᠳᠥᠯᠥᠵᠦ ᠳᠠᠭᠤᠰᠬᠠᠪᠠ᠃ ᠬᠤᠶᠠᠷ ᠲᠤ᠂ ᠬᠦᠨᠳᠦ ᠶᠡᠭᠡ ᠢᠲᠡᠭᠡᠯ ᠠᠯᠳᠠᠭᠰᠠᠨ ᠬᠡᠷᠡᠭ ᠢ ᠵᠠᠰᠠᠵᠤ ᠬᠠᠷᠢᠭᠤ ᠲᠤᠰᠬᠠᠬᠤ ᠲᠣᠭᠲᠠᠴᠠ ᠶᠢ ᠪᠦᠷᠢᠨᠰᠢᠬᠦᠯᠦᠨ | ᠲᠡᠭᠦᠯᠳᠡᠷᠵᠢᠭᠦᠯᠪᠡ᠃ ᠤᠯᠠᠭᠠᠨᠬᠠᠳᠠ ᠬᠤᠲᠠ ᠶᠢᠨ ᠬᠦᠨᠳᠦ ᠶᠡᠭᠡ ᠢᠲᠡᠭᠡᠯ ᠠᠯᠳᠠᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠥᠰᠦᠯ ︵ | ᠰᠠᠨᠠᠯ ᠬᠤᠷᠢᠶᠠᠬᠤ ᠨᠣᠤᠷᠠᠭ︶ ᠢ ᠰᠤᠳᠤᠯᠤᠨ ᠲᠣᠭᠲᠠᠭᠠᠵᠤ᠂ ᠡᠯ᠎ᠡ ᠰᠠᠯᠠᠭ᠎ᠠ ᠮᠥᠴᠢᠷ ᠤᠨ ᠬᠦᠨᠳᠦ ᠶᠡᠭᠡ ᠢᠲᠡᠭᠡᠯ ᠠᠯᠳᠠᠭᠰᠠᠨ ᠬᠡᠷᠡᠭ ᠢ ᠰᠢᠢᠳᠪᠦᠷᠢᠯᠡᠬᠦ ᠠᠵᠢᠯ ᠤᠨ | ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠣᠳᠣᠬᠠᠨ ᠳᠤ ᠶᠠᠭ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ ᠪᠠᠶᠢᠬᠤ | ᠪᠥᠭᠡᠳ ᠬᠦᠨᠳᠦ ᠶᠡᠭᠡ ᠢᠲᠡᠭᠡᠯ ᠠᠯᠳᠠᠭᠰᠠᠨ ᠬᠡᠷᠡᠭ ᠢ ᠵᠠᠰᠠᠬᠤ ᠠᠵᠢᠯ ᠢ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠣᠨ ᠤ ᠰᠢᠯᠭᠠᠨ | ᠬᠢᠨᠠᠬᠤ ᠠᠭᠤᠯᠭ᠎ᠠ ᠳᠤ ᠣᠷᠣᠭᠤᠯᠬᠤ ᠶᠢ ᠳᠥᠯᠭᠢᠨ ᠠᠬᠢᠭᠤᠯᠵᠤ ᠪᠠᠶᠢᠨ᠎ᠠ᠃ ᠭᠤᠷᠪᠠ ᠳᠤ ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ ᠲᠣᠭᠤᠷᠢᠭ ᠤᠨ | ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠠᠯᠠ ᠲᠠᠲᠠᠬᠤ ᠲᠥᠷᠥ ᠶᠢᠨ ᠪᠣᠳᠣᠯᠭ᠎ᠠ ᠶᠢᠨ ᠠᠮᠠᠯᠠᠯᠲᠠ ᠪᠠᠨ ᠢᠳᠡᠪᠬᠢᠲᠡᠶ ᠪᠠᠷ ᠪᠡᠶᠡᠯᠡᠭᠦᠯᠪᠡ᠃ 2015 | ᠣᠨ ᠠᠴᠠ ᠨᠠᠰᠢ᠂ ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠠᠷᠠᠯᠵᠢᠶᠠᠴᠢᠨ ᠤᠷᠢᠵᠤ ᠪᠠᠯᠠ ᠲᠠᠲᠠᠬᠤ | ᠠᠮᠠᠯᠠᠯᠲᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠡᠶᠢᠲᠡ 142 ᠵᠦᠢᠯ ᠪᠠᠶᠢᠵᠤ᠂ ᠣᠳᠣᠬᠠᠨ ᠳᠤ ᠨᠢᠭᠡᠨᠲᠡ 135 ᠵᠦᠢᠯ ᠤᠨ ᠠᠮᠠᠯᠠᠯᠲᠠ ᠪᠠᠨ | ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 95.1% ᠳᠤ ᠬᠥᠷᠪᠡ᠃ ᠲᠦᠷᠪᠡ ᠳᠤ᠂ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ | ᠲᠡᠮᠳᠡᠭᠯᠡᠯ ᠢ ᠲᠦᠷᠭᠡᠨ ᠰᠢᠢᠳᠪᠦᠷᠢᠯᠡᠪᠡ᠃ ︽ᠢᠳᠡᠭᠡᠮᠵᠢᠲᠦ ᠳᠤᠮᠳᠠᠳᠤ ᠤᠯᠤᠰ︾ ᠲᠠᠪᠴᠠᠩ ᠤᠨ ᠨᠡᠶᠢᠲᠡᠯᠡᠭᠰᠡᠨ ᠮᠠᠨ ᠤ ᠬᠤᠲᠠ ᠶᠢᠨ ᠵᠠᠰᠠᠭ ᠤᠨ ᠣᠷᠳᠣᠨ ᠤ | ᠢᠲᠡᠭᠡᠯ ᠠᠯᠳᠠᠭᠰᠠᠨ 11 ᠵᠣᠷᠪᠤᠰ ᠭᠦᠢᠴᠡᠳᠬᠡᠭᠳᠡᠭᠴᠢ ᠳᠤ ᠬᠤᠯᠪᠣᠭᠳᠠᠭᠰᠠᠨ ᠲᠡᠮᠳᠡᠭᠯᠡᠯ ᠠᠴᠠ ᠦᠵᠡᠪᠡᠯ᠂ ᠨᠢᠭᠡᠨᠲᠡ 9 ᠵᠣᠷᠪᠤᠰ ᠵᠠᠰᠠᠯᠲᠠ ᠶᠢ ᠪᠡᠶᠡᠯᠡᠭᠦᠯᠵᠦ᠂ | ᠪᠡᠶᠡᠯᠡᠭᠦᠯᠦᠭᠰᠡᠨ ᠨᠣᠷᠮ᠎ᠠ ᠨᠢ 81.8% ᠪᠠᠶᠢᠵᠤ᠂ ᠬᠠᠷᠠᠬᠠᠨ ᠪᠡᠶᠡᠯᠡᠭᠦᠯᠦᠭᠡᠳᠦᠶ 2 ᠵᠣᠷᠪᠤᠰ ᠵᠠᠰᠠᠯᠲᠠ ᠶᠢ 2021 ᠣᠨ ᠳᠤ ᠳᠠᠭᠤᠰᠬᠠᠬᠤ ᠪᠣᠯᠤᠨ᠎ᠠ᠃ | ︵ᠬᠤᠶᠠᠷ︶ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠲᠠᠯ᠎ᠠ ᠪᠠᠷ | ᠨᠢᠭᠡ ᠳᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠪᠠ᠃ 2020 ᠣᠨ ᠳᠤ᠂ ᠡᠯ᠎ᠡ ᠬᠤᠰᠢᠭᠤ | ᠰᠢᠶᠠᠨ ᠲᠣᠭᠤᠷᠢᠭ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠳᠤ | ᠨᠡᠶᠢᠲᠡ 145 ᠠᠵᠤ ᠠᠬᠤᠶᠢᠯᠠᠯ ᠢ ᠪᠠᠶᠢᠴᠠᠭᠠᠵᠤ᠂ ᠪᠥᠬᠦ ᠬᠤᠲᠠ ᠶᠢᠨ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ︽ᠬᠠᠷ᠎ᠠ | ᠲᠠᠩᠰᠠ︾ ᠳᠤ ᠵᠢᠭᠰᠠᠭᠠᠭᠳᠠᠭᠰᠠᠨ 4 ᠠᠵᠤ ᠠᠬᠤᠶᠢᠯᠠᠯ ᠢ ᠴᠥᠮ ︽ᠢᠲᠡᠭᠡᠮᠵᠢᠲᠦ ᠤᠯᠠᠭᠠᠨᠬᠠᠳᠠ︾ ᠲᠠᠪᠴᠠᠩ ᠳᠤ ᠣᠷᠣᠭᠤᠯᠬᠤ ᠶᠢᠨ ᠬᠠᠮᠲᠤ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠪᠡ︔ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠨᠢᠭᠡᠴᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠢᠳᠡᠪᠬᠢᠲᠡᠶ ᠥᠷᠨᠢᠭᠦᠯᠵᠦ᠂ ᠮᠠᠨ ᠤ ᠬᠤᠲᠠ ᠶᠢᠨ ᠲᠠᠨᠢᠯᠴᠠᠭᠤᠯᠤᠭᠰᠠᠨ ᠹᠦ᠋ ᠯᠦᠩ ᠪᠦᠯᠦᠭᠯᠡᠯ ᠵᠡᠷᠭᠡ 6 ᠠᠵᠤ ᠠᠬᠤᠶᠢᠯᠠᠯ ᠢ ᠥᠪᠡᠷᠲᠡᠭᠡᠨ ᠵᠠᠰᠠᠬᠤ ᠣᠷᠣᠨ ᠤ | ᠱᠠᠲᠤᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠨᠢᠭᠡᠴᠡ ᠪᠠᠷ ᠦᠨᠡᠯᠡᠭᠦᠯᠦᠭᠰᠡᠨ ᠤ ᠬᠠᠮᠲᠤ 18 ᠠᠵᠤ ᠠᠬᠤᠶᠢᠯᠠᠯ ᠢ ᠰᠣᠩᠭᠤᠨ ᠭᠠᠷᠭᠠᠵᠤ | ᠬᠤᠲᠠ ᠶᠢᠨ ᠱᠠᠲᠤᠨ ᠤ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢᠨ ᠨᠢᠭᠡᠴᠡ ᠳᠤ ᠣᠷᠣᠭᠤᠯᠪᠠ᠃ ᠬᠤᠶᠠᠷ ᠲᠤ ᠭᠠᠶᠢᠯᠢ ᠲᠤᠰᠢᠶᠠᠭᠴᠢ ᠶᠢᠨ | ᠢᠲᠡᠭᠡᠮᠵᠢ ᠶᠢᠨ ᠵᠡᠷᠭᠡ ᠳᠡᠰ ᠢ ᠲᠦᠷᠭᠡᠪᠴᠢᠯᠡᠨ ᠳᠡᠭᠡᠭᠰᠢᠯᠡᠭᠦᠯᠪᠡ᠃ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠬᠦ ᠪᠠ ᠬᠠᠨᠳᠤᠯᠭᠠᠲᠤ ᠴᠢᠨᠠᠷᠲᠠᠶ | ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠭᠠᠶᠢᠯᠢ ᠲᠤᠰᠢᠶᠠᠭᠴᠢ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠪᠠᠨ ᠰᠡᠷᠭᠦᠭᠡᠬᠦ ᠶᠢ ᠬᠥᠲᠥᠯᠦᠨ | ᠵᠢᠯᠣᠭᠤᠳᠴᠤ᠂ ᠪᠥᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ A ᠲᠠᠰ ᠤᠨ ᠭᠠᠶᠢᠯᠢ ᠲᠤᠰᠢᠶᠠᠭᠴᠢ ᠢᠲᠡᠭᠡᠮᠵᠢ ᠪᠠᠨ ᠰᠡᠷᠭᠦᠭᠡᠬᠦ ᠠᠴᠠ ᠡᠮᠦᠨᠡᠬᠢ | 641 ᠡᠷᠦᠬᠡ ᠪᠠᠶᠢᠭᠰᠠᠨ ᠠᠴᠠ ᠪᠠᠨ ᠨᠡᠮᠡᠭᠳᠡᠭᠡᠳ 3420 ᠡᠷᠦᠬᠡ ᠪᠣᠯᠵᠣ᠂ 433% ᠪᠠᠷ ᠶᠡᠭᠡ ᠬᠡᠮᠵᠢᠶ᠎ᠡ ᠪᠠᠷ ᠨᠡᠮᠡᠭᠳᠡᠪᠡ᠃ ᠭᠤᠷᠪᠠ ᠳᠤ ᠤᠯᠤᠰ ᠤᠨ ︽ | ᠢᠲᠡᠭᠡᠮᠵᠢᠲᠦ ᠵᠢᠭᠡᠯᠡᠯᠭᠡ︾ ᠲᠠᠪᠴᠠᠩ ᠳᠤ ᠠᠮᠵᠢᠯᠲᠠ ᠲᠠᠢ ᠪᠠᠷ ᠣᠷᠤᠪᠠ᠃ ᠣᠳᠣᠬᠠᠨ ᠳᠤ᠂ ᠮᠠᠨ ᠤ ᠬᠤᠲᠠ ᠨᠢᠭᠡᠨᠲᠡ ᠤᠯᠤᠰ ᠤᠨ ︽ᠢᠲᠡᠭᠡᠮᠵᠢᠲᠦ ᠵᠢᠭᠡᠯᠡᠯᠭᠡ︾ | ᠲᠠᠪᠴᠠᠩ ᠳᠤ ᠣᠷᠤᠬᠤ ᠶᠠᠪᠤᠴᠠ ᠶᠢ ᠳᠠᠭᠤᠰᠬᠠᠵᠤ᠂ 12 ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠠᠪᠴᠠᠩ ᠲᠠᠢ ᠵᠣᠯᠭᠠᠭᠰᠠᠨ ᠤ ᠬᠠᠮᠲᠤ ᠦᠢᠯᠡᠴᠢᠯᠡᠭᠡ | ᠥᠷᠨᠢᠭᠦᠯᠬᠦ ᠶᠢ ᠪᠡᠶᠡᠯᠡᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠤᠯᠠᠮ ᠨᠢᠭᠡ | ᠠᠯᠬᠤᠮ ᠳᠡᠭᠡᠭᠰᠢᠯᠡᠪᠡ᠃ ᠲᠦᠷᠪᠡ ᠳᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠦᠨᠡᠯᠡᠬᠦ ᠰᠢᠰᠲ᠋ᠧᠮ ᠢ ᠪᠠᠶᠢᠭᠤᠯᠤᠨ | ᠪᠦᠷᠢᠨᠰᠢᠭᠦᠯᠪᠡ᠃ ᠣᠳᠣᠬᠠᠨ ᠳᠤ᠂ ᠪᠥᠬᠦ ᠬᠤᠲᠠ ᠶᠢᠨ 452 ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢ ᠨᠡᠭᠡᠭᠡᠵᠦ᠂ 325 ᠰᠠᠯᠠᠭ᠎ᠠ | ᠮᠥᠴᠢᠷ ᠨᠡᠶᠢᠲᠡ 20 ᠭᠠᠷᠤᠶ ᠲᠦᠮᠡᠨ ᠵᠤᠷᠪᠤᠰ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠴᠤᠭᠯᠠᠭᠤᠯᠤᠨ ᠣᠷᠣᠭᠤᠯᠤᠭᠰᠠᠨ ᠪᠥᠭᠡᠳ ᠪᠦᠬᠦᠨ ᠢ ᠴᠠᠭ | ᠲᠤᠬᠠᠶ ᠳᠤᠨᠢ ᠪᠠᠶᠢᠴᠠᠭᠠᠵᠤ ᠪᠣᠯᠤᠨ᠎ᠠ᠃ ᠲᠠᠪᠤ ᠳᠤ ᠰᠠᠯᠠᠭ᠎ᠠ ᠮᠥᠴᠢᠷ ᠤᠨ ᠬᠠᠮᠲᠤᠷᠠᠭᠰᠠᠨ ᠱᠠᠩᠨᠠᠵᠤ ᠲᠣᠷᠭᠠᠬᠤ ᠲᠣᠭᠲᠠᠴᠠ ᠶᠢ ᠲᠦᠷᠭᠡᠪᠴᠢᠯᠡᠨ ᠪᠠᠶᠢᠭᠤᠯᠪᠠ᠃ | ᠤᠯᠤᠰ ᠤᠨ ᠬᠠᠮᠲᠤᠷᠠᠭᠰᠠᠨ ᠱᠠᠩᠨᠠᠵᠤ ᠲᠣᠷᠭᠠᠬᠤ ᠰᠠᠨᠠᠮᠵᠢ ᠶᠢᠨ ᠪᠢᠴᠢᠭ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠦᠴᠦᠯᠡᠨ ᠠᠬᠢᠭᠤᠯᠵᠤ᠂ ᠨᠢᠭᠡᠨᠲᠡ | 51 ᠤᠯᠤᠰ ᠤᠨ ᠬᠠᠮᠲᠤᠷᠠᠭᠰᠠᠨ ᠱᠠᠩᠨᠠᠵᠤ ᠲᠣᠷᠭᠠᠬᠤ ᠰᠠᠨᠠᠮᠵᠢ ᠶᠢᠨ ᠪᠢᠴᠢᠭ ᠤᠨ ᠲᠦᠷᠦᠭᠦᠯᠡᠬᠦ ᠰᠠᠯᠠᠭ᠎ᠠ ᠮᠥᠴᠢᠷ ᠢ ᠲᠣᠭᠲᠠᠭᠠᠵᠤ᠂ ᠣᠳᠣᠬᠠᠨ ᠳᠤ ᠡᠯ᠎ᠡ | ᠲᠦᠷᠦᠭᠦᠯᠡᠬᠦ ᠰᠠᠯᠠᠭ᠎ᠠ ᠮᠥᠴᠢᠷ ᠤᠨ ᠰᠠᠨᠠᠮᠵᠢ ᠶᠢᠨ ᠪᠢᠴᠢᠭ ᠢ ᠬᠡᠷᠡᠭᠵᠢᠭᠦᠯᠬᠦ ᠲᠥᠰᠦᠯ ᠲᠣᠭᠲᠠᠭᠠᠬᠤ ᠶᠢ ᠱᠠᠭᠠᠷᠳᠠᠵᠤ ᠪᠠᠶᠢᠨ᠎ᠠ᠃ | ︵ᠭᠤᠷᠪᠠ︶ ᠬᠤᠪᠢ ᠬᠥᠮᠦᠨ ᠤ ᠢᠲᠡᠭᠡᠮᠵᠢ ᠶᠢᠨ ᠲᠠᠯ᠎ᠠ ᠪᠠᠷ | ᠨᠢᠭᠡ ᠳᠤ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠪᠠ ᠬᠤᠪᠢ ᠬᠥᠮᠦᠨ ᠤ ᠢᠲᠡᠭᠡᠮᠵᠢ ᠶᠢ ᠰᠡᠷᠭᠦᠭᠡᠬᠦ ᠲᠣᠭᠲᠠᠴᠠ ᠶᠢ | ᠲᠦᠷᠭᠡᠪᠴᠢᠯᠡᠨ ᠪᠠᠶᠢᠭᠤᠯᠪᠠ᠃ ᠣᠳᠣᠬᠠᠨ ᠳᠤ᠂ ︽ᠤᠯᠠᠭᠠᠨᠬᠠᠳᠠ ᠬᠤᠲᠠ ᠶᠢᠨ ᠬᠤᠪᠢ ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠵᠢᠭᠦᠯᠬᠦ ᠲᠥᠰᠦᠯ︾ ᠢ ᠨᠢᠭᠡᠨᠲᠡ ᠲᠣᠭᠲᠠᠭᠠᠵᠤ ᠳᠠᠭᠤᠰᠬᠠᠭᠠᠳ᠂ ᠶᠠᠭ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ | ᠲᠥᠪᠯᠡᠷᠡᠭᠦᠯᠦᠨ ᠬᠤᠷᠢᠶᠠᠵᠤ ᠪᠠᠶᠢᠨ᠎ᠠ᠃ ᠬᠤᠶᠠᠷ ᠲᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠪᠡ᠃ | ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠢ ᠨᠡᠶᠢᠲᠡᠯᠡᠬᠦ ᠠᠷᠭ᠎ᠠ ᠮᠠᠶ᠋ᠢᠭ ᠢ ᠢᠳᠡᠪᠬᠢᠲᠡᠢ ᠪᠠᠷ ᠰᠢᠨᠡᠴᠢᠯᠡᠵᠦ᠂ ᠢᠲᠡᠭᠡᠯ ᠠᠯᠳᠠᠭᠰᠠᠨ | ᠭᠦᠢᠴᠡᠳᠬᠡᠭᠳᠡᠭᠴᠢ ᠶᠢᠨ ᠨᠡᠷᠡᠰ ᠢ ᠬᠠᠤᠯᠢ ᠶᠣᠰᠣᠭᠠᠷ ᠨᠠᠶᠢᠲᠡᠯᠡᠪᠡ︔ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠮᠦᠷᠳᠡᠨ ᠬᠦᠷᠭᠡᠬᠦ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠤᠯᠪᠣᠭᠠᠯᠠᠨ ᠬᠠᠮᠵᠢᠯᠴᠠᠬᠤ ᠲᠣᠭᠲᠠᠴᠠ ᠶᠢ ᠲᠦᠷᠭᠡᠪᠴᠢᠯᠡᠨ ᠪᠠᠶᠢᠭᠤᠯᠪᠠ᠃ ᠣᠳᠣᠬᠠᠨ ᠳᠤ᠂ ᠮᠠᠨ ᠤ ᠬᠤᠲᠠ | ᠳᠤᠮᠳᠠᠳᠤ ᠤᠯᠤᠰ ᠤᠨ ᠭᠦᠢᠴᠡᠳᠭᠡᠬᠦ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢᠶᠠᠷ ᠳᠠᠮᠵᠢᠭᠤᠯᠤᠨ ᠢᠲᠡᠭᠡᠯ ᠠᠯᠳᠠᠭᠰᠠᠨ ᠭᠦᠶ᠋ᠴᠡᠳᠬᠡᠭᠳᠡᠭᠴᠢ ᠶᠢᠨ ᠮᠡᠳᠡᠭᠡ | ᠵᠠᠩᠭᠢ ᠶᠢ ᠨᠡᠶᠢᠲᠡ 5330 ᠵᠣᠷᠪᠤᠰ ᠨᠡᠶᠢᠲᠡᠯᠡᠪᠡ᠃ | ᠬᠤᠶᠠᠷ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠤᠨ ᠲᠥᠯᠥᠪᠯᠡᠭᠡ | ︵ᠨᠢᠭᠡ︶ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠯᠡᠨ ᠲᠦᠷᠭᠡᠳᠬᠡᠨ᠎ᠡ᠃ ᠨᠢᠭᠡ ᠳᠤ ᠬᠠᠮᠲᠤᠷᠠᠭᠰᠠᠨ ᠱᠠᠩᠨᠠᠵᠤ | ᠲᠣᠷᠭᠠᠬᠤ ᠰᠠᠨᠠᠭᠤᠯᠤᠮᠵᠢ ᠶᠢᠨ ᠪᠢᠴᠢᠭ ᠤᠨ ᠲᠦᠷᠦᠭᠦᠯᠡᠬᠦ ᠰᠠᠯᠠᠭ᠎ᠠ ᠮᠥᠴᠢᠷ ᠤᠳ ᠢ ᠦᠷᠭᠦᠯᠵᠢᠯᠡᠨ ᠱᠠᠭᠠᠷᠳᠠᠵᠤ᠂ ᠲᠥᠰᠦᠯ ᠲᠣᠭᠲᠠᠭᠠᠬᠤ ᠶᠢᠨ ᠬᠠᠮᠲᠤ | ᠨᠠᠶᠢᠳᠠᠪᠤᠷᠢᠵᠢᠭᠤᠯᠵᠤ᠂ ᠬᠤᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠲᠠᠰ ᠳᠡᠪᠰᠢᠭᠦᠯᠦᠨ ᠥᠭᠡᠷᠡᠴᠢᠯᠡᠬᠦ ᠲᠠᠢ ᠬᠠᠮᠵᠢᠯᠴᠠᠨ᠂ ᠬᠠᠮᠲᠤᠷᠠᠭᠰᠠᠨ | ᠱᠠᠩᠨᠠᠵᠤ ᠲᠣᠷᠭᠠᠬᠤ ᠠᠦ᠋ᠲ᠋ᠣᠴᠢᠯᠠᠭᠰᠠᠨ ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ | ᠯᠠᠪᠯᠠᠵᠤ ᠦᠨᠡᠯᠡᠬᠦ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠢᠲᠡᠭᠡᠮᠵᠢ ᠶᠢᠨ ᠰᠠᠭᠤᠷᠢ ᠲᠤᠭ᠎ᠠ ᠪᠠᠷᠢᠮᠲᠠ ᠶᠢ ᠪᠠᠲᠤ ᠠᠳᠬᠤᠵᠤ᠂ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ ᠪᠠᠬᠢᠵᠢᠭᠦᠯᠵᠦ᠂ ᠲᠠᠪᠴᠠᠩ ᠤᠨ ᠬᠡᠷᠡᠭᠯᠡᠭᠡᠨ ᠤ ᠲᠦᠪᠰᠢᠨ᠂ ᠪᠦᠷᠬᠦᠴᠡ ᠶᠢᠨ ᠨᠤᠷᠮ᠎ᠠ ᠪᠠ ᠨᠡᠶᠢᠭᠡᠮ ᠤᠨ ᠣᠶᠢᠯᠠᠭᠠᠬᠤ | ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠤᠷᠪᠠ ᠳᠤ ᠪᠡᠶᠡᠴᠢ ᠴᠣᠭᠴᠠ ᠶᠢᠨ ᠡᠷᠬᠡ ᠠᠰᠢᠭ ᠤᠨ ᠪᠠᠲᠤᠯᠠᠭ᠎ᠠ ᠶᠢᠨ ᠲᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠤᠬᠠᠶ ᠣᠨᠳᠣᠣ ᠰᠠᠨᠠᠯ ᠲᠠᠢ ᠵᠠᠭᠠᠯᠳᠤᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ | ᠬᠠᠷᠭᠤᠭᠤᠯᠤᠭᠠᠳ ᠪᠤᠷᠤᠭᠤ ᠲᠠᠢ ᠬᠤᠪᠢ ᠬᠥᠮᠦᠨ ᠪᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠯᠠᠷᠠᠭᠤᠯᠬᠤ ᠪᠤᠶᠤ | ᠬᠦᠴᠦᠨ ᠦᠭᠡᠢ ᠪᠣᠯᠭᠠᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠰᠡᠷᠭᠦᠭᠡᠬᠦ ᠴᠢᠳᠠᠮᠵᠢ ᠶᠢ ᠲᠡᠭᠦᠯᠳᠡᠷᠵᠢᠭᠦᠯᠵᠦ᠂ ᠢᠲᠡᠭᠡᠮᠵᠢ ᠶᠢ ᠰᠡᠷᠭᠦᠭᠡᠬᠦ | ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠵᠤ ᠨᠤᠲᠠᠯᠠᠬᠤ᠂ ᠮᠡᠳᠡᠭᠡ ᠵᠠᠩᠭᠢ ᠶᠢ ᠰᠢᠢᠳᠪᠦᠷᠢᠯᠡᠬᠦ ᠵᠡᠷᠭᠡ ᠴᠤᠪᠤᠷᠠᠯ ᠢ ᠰᠦᠯᠵᠢᠶᠡᠨ | ᠳᠡᠭᠡᠷ᠎ᠡ ᠠᠵᠢᠯᠯᠠᠭᠤᠯᠬᠤ ᠶᠢ ᠪᠡᠶᠡᠯᠡᠭᠦᠯᠵᠦ᠂ ᠢᠲᠡᠭᠡᠮᠵᠢ ᠶᠢ ᠰᠡᠷᠭᠦᠭᠡᠬᠦ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠪᠠ ᠨᠢᠭᠡ ᠴᠤᠭᠴᠠᠵᠢᠭᠤᠯᠤᠨ ᠰᠢᠢᠳᠪᠦᠷᠢᠯᠡᠬᠦ ᠶᠢ | ᠠᠬᠢᠭᠤᠯᠤᠨ᠎ᠠ᠃ | ︵ᠬᠤᠶᠠᠷ︶ ᠬᠤᠪᠢ ᠬᠥᠮᠦᠨ ᠤ ᠢᠲᠡᠭᠡᠮᠵᠢ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ | ᠬᠥᠮᠦᠰ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠬᠤᠲᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ ᠪᠠᠩᠬᠢ ᠶᠢᠨ | ᠰᠢᠰᠲ᠋ᠧᠮ ᠤᠨ ᠤᠯᠤᠰ ᠤᠨ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠳᠤ ᠲᠦᠰᠢᠭᠯᠡᠨ᠂ ᠬᠤᠪᠢ | ᠬᠥᠮᠦᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ᠂ ᠬᠤᠪᠢ ᠬᠥᠮᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ᠂ ᠴᠤᠭᠯᠠᠭᠤᠯᠬᠤ᠂ | ᠰᠢᠢᠳᠪᠦᠷᠢᠯᠡᠬᠦ᠂ ᠬᠠᠮᠲᠤᠪᠠᠷ ᠡᠳ᠋ᠯᠡᠬᠦ ᠪᠠ ᠬᠡᠷᠡᠭᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠨᠡᠶᠢᠭᠡᠮ ᠤᠨ ᠬᠥᠮᠦᠰ ᠢ ᠬᠠᠮᠤᠷᠤᠭᠰᠠᠨ ᠬᠤᠪᠢ ᠬᠥᠮᠦᠨ ᠤ | ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ᠃ | ︵ᠭᠤᠷᠪᠠ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠷᠠᠭᠤᠯᠤᠨ᠎ᠠ᠃ ᠨᠢᠭᠡ ᠳᠤ᠂ ᠠᠵᠤ ᠠᠬᠤᠶᠢᠯᠠᠯ ᠳᠤ | ᠬᠤᠯᠪᠣᠭᠳᠠᠬᠤ ᠭᠡᠷ᠎ᠡ ᠪᠠᠨ ᠭᠦᠢᠴᠡᠳᠬᠡᠬᠦ ᠠᠮᠠᠯᠠᠯᠲᠠ ᠪᠠᠨ ᠭᠦᠢᠴᠡᠳᠬᠡᠬᠦ ᠶᠢ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠲᠦᠷᠦ ᠶᠢᠨ ᠪᠤᠳᠤᠯᠭ᠎ᠠ ᠶᠢ | ᠱᠠᠭᠠᠷᠳᠠᠨ ᠨᠠᠶᠢᠳᠠᠪᠤᠷᠢᠵᠢᠭᠤᠯᠤᠨ᠎ᠠ︔ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠤᠶᠢᠯᠠᠭᠠᠨ ᠪᠠᠶᠢᠴᠠᠭᠠᠵᠤ᠂ ᠠᠵᠤ ᠠᠬᠤᠶᠢᠯᠠᠯ ᠯᠤᠭ᠎ᠠ ᠶᠢᠨ ᠵᠣᠯᠭᠠᠯᠴᠠᠭ᠎ᠠ | ᠨᠡᠪᠲᠡᠷᠡᠯᠴᠡᠭᠡ ᠪᠠᠨ ᠴᠢᠩᠭᠠᠳᠬᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠠᠯᠢ ᠲᠦᠷᠭᠡᠨ ᠢᠶᠠᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠬᠦᠴᠦᠯᠡᠨ ᠠᠬᠢᠭᠤᠯᠤᠨ᠎ᠠ᠃ ᠬᠤᠶᠠᠷ ᠲᠤ᠂ ᠬᠠᠮᠢᠶ᠎ᠠ ᠪᠥᠬᠦᠶ ᠬᠤᠰᠢᠭᠤ ᠰᠢᠶᠠᠨ ᠲᠣᠭᠤᠷᠢᠭ ᠤᠨ ᠵᠣᠬᠢᠴᠠᠭᠤᠯᠬᠤ ᠡᠷᠴᠢᠮ ᠢ ᠴᠢᠩᠭᠠᠷᠠᠭᠤᠯᠵᠤ᠂ | ᠭᠦᠢᠴᠡᠳᠬᠡᠭᠳᠡᠭᠴᠢ ᠶᠢ ᠰᠢᠮᠳᠠᠭᠤᠯᠵᠤ ᠪᠠᠶᠢᠭᠠᠳ ᠳᠥᠯᠥᠬᠦ ᠡᠭᠦᠷᠭᠡ ᠪᠠᠨ ᠲᠦᠷᠭᠡᠬᠡᠨ ᠭᠦᠢᠴᠡᠳᠭᠡᠭᠦᠯᠵᠦ᠂ ︽ᠢᠲᠡᠭᠡᠮᠵᠢᠲᠦ ᠳᠤᠮᠳᠠᠳᠤ ᠤᠯᠤᠰ︾ ᠲᠠᠪᠴᠠᠩ ᠤᠨ | ᠮᠠᠨ ᠤ ᠬᠤᠲᠠ ᠳᠤ ᠬᠤᠯᠪᠣᠭᠳᠠᠭᠰᠠᠨ 2 ᠵᠤᠷᠪᠤᠰ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢ ᠲᠡᠮᠳᠡᠭᠯᠡᠵᠦ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | | |