2019 ᠣᠨ ᠤ 12 ᠰᠠᠷ᠎ᠠ ᠶᠢᠨ 24 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠱᠢ ᠵᠢᠶᠠ ᠵᠤᠸᠠᠩ ᠵᠡᠷᠭᠡ 24 ᠬᠤᠲᠠ ᠳᠤ ᠬᠢᠯᠢ | ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠪᠠᠶᠢᠭᠤᠯᠬᠤ ᠶᠢ ᠵᠥᠪᠰᠢᠶᠡᠷᠡᠬᠦ ᠲᠤᠬᠠᠶ ᠴᠣᠬᠤᠯᠠᠪᠤᠷᠢ︾ ︵ | ᠲᠥᠷᠥ ᠵᠠᠬᠢᠳᠠᠯ ﹇2019﹈ 137 ᠳ᠋ᠤᠭᠠᠷ ᠲᠣᠭᠠᠲᠤ︶ ᠶᠢ ᠨᠡᠶᠢᠲᠡᠯᠡᠵᠦ᠂ ᠰᠠᠶᠢᠨ ᠰᠠᠶᠢᠬᠠᠨ ᠰᠠᠭᠤᠷᠢ ᠨᠥᠬᠦᠴᠡᠯ ᠪᠠ ᠢᠳᠡᠪᠬᠢᠲᠡᠶ ᠴᠢᠷᠮᠠᠶᠢᠯᠭ᠎ᠠ ᠪᠠᠷ ᠢᠶᠠᠨ | ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠵᠢᠩᠬᠢᠨᠢ ᠪᠠᠷ | ᠵᠥᠪᠰᠢᠶᠡᠷᠡᠭᠳᠡᠪᠡ᠃ 2020 ᠣᠨ ᠤ 4 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠳᠤᠮᠳᠠᠳᠤ ᠤᠯᠤᠰ ︵ | ᠤᠯᠠᠭᠠᠨᠬᠠᠳᠠ︶ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ︾ ︵ᠥᠪᠥᠷ ᠵᠠᠰᠠᠭ ᠥᠰᠥᠭ ﹇2020﹈ 29 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ | ᠨᠢᠭᠡ᠂ ︽ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ | ᠳᠡᠭᠡᠷᠡᠬᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠬᠥᠬᠡᠬᠤᠲᠠ᠂ ᠲᠠᠩᠱᠠᠨ᠂ ᠬᠠᠩᠵᠧᠦ᠂ ᠨᠢᠩᠪᠦ᠋ᠸᠧ ᠵᠡᠷᠭᠡ ᠡᠮᠦᠨ᠎ᠡ ᠭᠤᠷᠪᠠᠨ | ᠪᠦᠯᠦᠭ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠷ | ᠯᠠᠪᠯᠠᠯᠲᠠ ᠪᠣᠯᠭᠠᠵᠤ᠂ ᠲᠡᠷᠡᠴᠢᠯᠡᠨ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠲᠦᠷᠦᠭᠦᠯᠡᠨ | ︽ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ | ᠬᠥᠭᠵᠢᠯᠲᠡ ᠶᠢ ᠠᠬᠢᠭᠤᠯᠬᠤ ᠲᠤᠬᠠᠶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ︵ᠳᠣᠷᠣᠭᠰᠢ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠭᠡᠵᠦ | ᠲᠣᠪᠴᠢᠯᠠᠨ᠎ᠠ︶ ᠶᠢ ᠲᠤᠭᠤᠷᠪᠢᠵᠤ᠂ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠨᠢ ᠨᠢᠭᠡᠨᠲᠡ ᠪᠣᠭᠤᠮᠲᠠ᠂ ᠬᠤᠩᠱᠠᠨ ᠲᠣᠭᠤᠷᠢᠭ ᠤᠨ ᠵᠠᠰᠠᠭ ᠤᠨ ᠣᠷᠳᠣᠨ | ᠂ ᠭᠠᠶᠢᠯᠢ ᠪᠠᠲᠤᠯᠠᠬᠤ ᠲᠥᠪ ᠵᠡᠷᠭᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠪᠠ ᠰᠠᠯᠠᠭ᠎ᠠ ᠮᠥᠴᠢᠷ ᠤᠨ ᠰᠠᠨᠠᠯ ᠢ ᠣᠯᠠᠨᠲᠠ ᠬᠤᠷᠢᠶᠠᠭᠰᠠᠨ ᠪᠠᠶᠢᠨ᠎ᠠ᠃ 9 ᠰᠠᠷ᠎ᠠ ᠶᠢᠨ | 3 ᠤ ᠡᠳᠦᠷ᠂ ᠬᠤᠲᠠ ᠶᠢᠨ ᠳᠡᠳ᠋ ᠳᠠᠷᠤᠭ᠎ᠠ ᠵᠧᠤ ᠶᠢᠨ ᠵᠤᠸᠠᠩ ᠪᠠᠰᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠤᠬᠠᠭᠤᠯᠬᠤ ᠬᠡᠯᠲᠡᠰ᠂ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠬᠡᠷ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠣᠭᠤᠮᠲᠠ᠂ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ᠂ ᠬᠤᠩᠱᠠᠨ ᠲᠣᠭᠤᠷᠢᠭ ᠤᠨ ᠵᠠᠰᠠᠭ ᠤᠨ ᠣᠷᠳᠣᠨ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠵᠡᠷᠭᠡ ᠬᠠᠮᠢᠶ᠎ᠠ ᠪᠥᠬᠦᠶ | ᠪᠠᠶᠢᠭᠤᠯᠭ᠎ᠠ ᠨᠢᠭᠡᠴᠡ ᠪᠠ ᠰᠠᠯᠠᠭ᠎ᠠ ᠮᠦᠴᠢᠷ ᠢ ᠵᠣᠬᠢᠶᠠᠨ ᠪᠠᠶᠢᠭᠤᠯᠵᠤ᠂ ︽ᠳᠡᠳᠬᠦᠨ ᠳᠡᠮᠵᠢᠬᠦ ᠲᠥᠷᠦ ᠶᠢᠨ ᠪᠣᠳᠤᠯᠭ᠎ᠠ︾ ᠳᠤ ᠭᠦᠨᠵᠡᠭᠡᠢ ᠰᠣᠳᠤᠯᠤᠯᠲᠠ ᠬᠢᠪᠡ᠃ | ᠬᠤᠷᠠᠯ ᠤᠨ ᠲᠠᠷᠠᠭ᠎ᠠ᠂ ᠬᠤᠳᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠᠰᠠ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠲᠠᠢ ︽ᠲᠡᠳᠬᠦᠨ ᠳᠡᠮᠵᠢᠬᠦ | ᠲᠦᠷᠤ ᠶᠢᠨ ᠪᠤᠳᠤᠯᠭ᠎ᠠ︾ ᠶᠢ ᠵᠤᠷᠪᠤᠰ ᠳᠠᠷᠠᠭᠠᠯᠠᠨ ᠶᠠᠷᠢᠯᠴᠠᠨ ᠰᠤᠳᠤᠯᠵᠤ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠦᠭᠰᠡᠨ ᠤ ᠲᠠᠷᠠᠭ᠎ᠠ ᠲᠤᠰ ᠡᠭᠡ | ᠪᠢᠴᠢᠭ ᠢ ᠪᠢᠴᠢᠵᠦ ᠭᠠᠷᠭᠠᠪᠠ᠃ | ᠬᠤᠶᠠᠷ᠂ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠨᠡᠶᠢᠲᠡᠯᠡᠬᠦ ᠶᠢᠨ ᠴᠢᠬᠤᠯᠠ ᠴᠢᠨᠠᠷ | ︽ᠲᠥᠷᠥ ᠵᠠᠬᠢᠳᠠᠯ ﹇2019﹈ 137 ᠳ᠋ᠤᠭᠠᠷ ᠲᠣᠭᠠᠲᠤ︾ ᠶᠢᠨ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠡᠮᠦᠨ᠎ᠡ ᠭᠤᠷᠪᠠᠨ ᠪᠦᠯᠦᠭ ᠤᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠢ ᠠᠮᠵᠢᠯᠲᠠ ᠲᠠᠢ ᠪᠥᠲᠥᠭᠡᠨ ᠪᠠᠶᠢᠭᠤᠯᠤᠭᠰᠠᠨ ᠲᠤᠷᠰᠢᠯᠭ᠎ᠠ ᠪᠠ ︽ᠳᠤᠮᠳᠠᠳᠤ ᠤᠯᠤᠰ ︵ᠤᠯᠠᠭᠠᠨᠬᠠᠳᠠ︶ ᠤᠨ ᠬᠢᠯᠢ | ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠥᠰᠥᠭ ﹇2020﹈ 29 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠬᠤᠲᠠ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ | ᠨᠡᠶᠢᠲᠡᠯᠡᠭᠰᠡᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ | ᠴᠤ ᠪᠥᠬᠦ ᠤᠯᠤᠰ ᠤᠨ ᠪᠤᠰᠤᠳ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠣᠷᠤᠨ ᠤ ᠬᠤᠲᠠ᠂ ᠣᠷᠣᠨ ᠨᠤᠲᠤᠭ ᠤᠨ | ᠵᠠᠰᠠᠭ ᠤᠨ ᠣᠷᠳᠣᠨ ᠤ ᠨᠡᠶᠢᠲᠡᠯᠡᠭᠰᠡᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠤᠨ ᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠡᠷᠢᠭᠦᠨ ᠤ | ᠲᠤᠷᠰᠢᠯᠭ᠎ᠠ ᠪᠠᠷ ᠲᠣᠯᠢ ᠪᠣᠯᠭᠠᠭᠰᠠᠨ ᠶᠤᠮ᠃ | ᠭᠤᠷᠪᠠ᠂ ︽ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ︾ ᠶᠢᠨ ᠭᠤᠣᠯ ᠠᠭᠤᠯᠭ᠎ᠠ ᠶᠢᠨ ᠲᠤᠬᠠᠶ | ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠤᠷᠢᠳ ᠬᠤᠵᠢᠳ ᠬᠤᠶᠠᠷ | ᠤᠳᠠᠭ᠎ᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠶᠢ ᠵᠣᠬᠢᠶᠠᠨ ᠪᠠᠶᠢᠭᠤᠯᠤᠨ ᠬᠠᠩᠵᠧᠦ᠂ ᠨᠢᠩᠪᠦ᠋ᠸᠧ᠂ ᠲᠠᠩᠱᠠᠨ᠂ ᠬᠥᠬᠡᠬᠤᠲᠠ ᠶᠢᠨ ᠬᠤᠷᠢᠨᠭᠡᠷ ᠰᠢᠨ᠎ᠡ | ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠨ ᠰᠤᠷᠤᠯᠴᠠᠵᠤ᠂ ᠡᠯ᠎ᠡ ᠭᠠᠵᠠᠷ ᠤᠨ ᠠᠮᠵᠢᠯᠲᠠ ᠲᠠᠢ ᠲᠤᠷᠰᠢᠯᠭ᠎ᠠ ᠪᠠ ᠠᠷᠭ᠎ᠠ ᠪᠠᠷ ᠯᠠᠪᠯᠠᠯᠲᠠ ᠪᠣᠯᠭᠠᠵᠤ᠂ ᠮᠠᠨ ᠤ | ᠬᠤᠲᠠ ᠶᠢᠨ ᠪᠣᠳᠠᠲᠠᠶ ᠲᠠᠢ ᠤᠶᠠᠯᠳᠤᠭᠤᠯᠤᠨ᠂ ᠪᠣᠯᠤᠮᠵᠢᠲᠤ ᠴᠢᠨᠠᠷ ᠤᠨ ᠰᠤᠳᠤᠯᠭᠠᠨ ᠬᠢᠭᠰᠡᠨ ᠤ ᠳᠠᠷᠠᠭ᠎ᠠ᠂ ︽ᠳᠤᠮᠳᠠᠳᠤ ᠤᠯᠤᠰ ︵ᠬᠥᠬᠡᠬᠤᠲᠠ︶ ᠤᠨ ᠬᠢᠯᠢ | ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ | ᠪᠣᠳᠣᠯᠭ᠎ᠠ ᠨᠤᠭᠤᠳ︾ ︵ᠬᠥᠬᠡᠬᠤᠲᠠ ᠭᠤᠷᠪᠠᠨ ᠵᠢᠯ ᠳᠤ ᠨᠡᠶᠢᠲᠡ 2.1 ᠳ᠋ᠦᠩᠰᠢᠭᠤᠷ ᠲᠥᠭᠦᠷᠢᠭ ᠤᠨ ᠲᠥᠷᠥ ᠶᠢᠨ ᠪᠣᠳᠣᠯᠭ᠎ᠠ ᠶᠢᠨ ᠲᠡᠳᠬᠦᠨ ᠳᠡᠮᠵᠢᠬᠦ ᠪᠠᠯᠠ | ᠮᠥᠩᠭᠦ ᠭᠠᠷᠭᠠᠪᠠ︶ ᠢᠶᠠᠷ ᠭᠤᠤᠯᠳᠠᠯᠭ᠎ᠠ ᠲᠠᠢ ᠯᠠᠪᠯᠠᠯᠲᠠ ᠪᠣᠯᠭᠠᠵᠤ᠂ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠲᠤᠭᠤᠷᠪᠢᠵᠤ᠂ ᠨᠡᠶᠢᠲᠡ ᠠᠷᠪᠠᠨ | ᠲᠠᠪᠤᠨ ᠵᠤᠷᠪᠤᠰ ᠲᠠᠢ᠂ ᠨᠢᠭᠡᠳᠦᠭᠡᠷ ᠵᠤᠷᠪᠤᠰ ᠲᠤ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ︔ ᠬᠤᠶᠠᠳᠤᠭᠠᠷ᠂ | ᠭᠤᠷᠪᠠᠳᠤᠭᠠᠷ ᠵᠣᠷᠪᠤᠰ ᠲᠤ ︽ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ︾ ᠶᠢᠨ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠪᠠ︔ ᠳᠥᠷᠪᠡᠳᠦᠭᠡᠷ ᠵᠣᠷᠪᠤᠰ ᠨᠢ | ᠤᠯᠠᠭᠠᠨᠬᠠᠳᠠ ᠬᠤᠲᠠ ᠶᠡᠷᠦᠩᠬᠡᠶ ᠲᠤᠭ᠎ᠠ ᠨᠢ 1.2 ᠳ᠋ᠦᠩᠰᠢᠭᠤᠷ ᠲᠥᠭᠦᠷᠢᠭ ᠤᠨ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ | ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ ᠪᠠᠶᠢᠭᠤᠯᠵᠤ᠂ ᠲᠣᠰ ᠲᠣᠰ 2021 — 2023 ᠣᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ | ᠣᠷᠣᠭᠤᠯᠪᠠ᠂ ᠠᠩᠬ᠎ᠠ ᠠᠯᠬᠤᠮ ᠤᠨ ᠲᠥᠰᠦᠭᠡᠯᠡᠨ ᠪᠤᠳᠤᠭᠰᠠᠨ ᠢᠶᠠᠷ᠂ 3 ᠵᠢᠯ ᠤᠨ ᠲᠥᠰᠦᠪ ᠨᠢ ᠲᠣᠰ ᠲᠣᠰ 2021 ᠣᠨ ᠤ 2200 ᠲᠦᠮᠡᠨ ᠲᠥᠭᠦᠷᠢᠭ᠂ | 2022 ᠣᠨ ᠤ 3000 ᠲᠦᠮᠡᠨ ᠲᠥᠭᠦᠷᠢᠭ᠂ 2023 ᠣᠨ ᠤ 6800 ᠲᠦᠮᠡᠨ ᠲᠥᠭᠦᠷᠢᠭ ᠪᠣᠯᠤᠨ᠎ᠠ︔ ᠲᠠᠪᠤᠳᠤᠭᠠᠷ ᠵᠣᠷᠪᠤᠰ ᠨᠢ ᠪᠡᠯᠡ ᠮᠥᠩᠭᠦ ᠶᠢ | ᠬᠡᠷᠡᠭᠯᠡᠬᠦ ᠵᠠᠷᠴᠢᠮ ᠪᠣᠯᠤᠨ᠎ᠠ︔ ᠵᠢᠷᠭᠤᠳᠤᠭᠠᠷ ᠵᠣᠷᠪᠤᠰ ᠨᠢ ︽ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ︾ ᠶᠢᠨ ᠭᠤᠤᠯ ᠠᠭᠤᠯᠭ᠎ᠠ ᠶᠢᠨ ᠲᠥᠯᠥᠭᠡ 10 | ᠲᠠᠯ᠎ᠠ ᠪᠠᠷ ᠵᠣᠬᠢᠬᠤ ᠪᠠᠯᠠ ᠮᠥᠩᠭᠦᠨ ᠤ ᠳᠡᠮᠵᠢᠯᠭᠡ ᠦᠵᠡᠭᠦᠯᠬᠦ ᠲᠤᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ︔ ᠳᠣᠯᠣᠳᠤᠭᠠᠷ ᠵᠣᠷᠪᠤᠰ ᠠᠴᠠ ᠠᠷᠪᠠᠨ | ᠳᠥᠷᠪᠡᠳᠦᠭᠡᠷ ᠵᠣᠷᠪᠤᠰ ᠪᠣᠯ ᠬᠢᠯᠢ ᠠᠯᠤᠰᠯᠠᠭᠰᠠᠨ ᠴᠠᠬᠢᠮ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ | ᠪᠣᠳᠠᠲᠠᠶ ᠮᠡᠳᠡᠭᠦᠯᠬᠦ ᠱᠠᠭᠠᠷᠳᠠᠯᠭ᠎ᠠ ᠶᠢᠨ ᠨᠠᠷᠢᠨ ᠲᠦᠷᠢᠮ ᠪᠣᠯᠤᠨ᠎ᠠ︔ ᠠᠷᠪᠠᠨ ᠲᠠᠪᠤᠳᠤᠭᠠᠷ ᠵᠣᠷᠪᠤᠰ ᠨᠢ ︽ᠲᠡᠳᠬᠦᠬᠦ ᠲᠥᠷᠥ ᠶᠢᠨ ᠪᠣᠳᠣᠯᠭ᠎ᠠ︾ ᠶᠢᠨ | ᠬᠦᠴᠦᠨ ᠲᠠᠢ ᠬᠤᠭᠤᠴᠠᠭ᠎ᠠ ᠶᠢ ᠲᠣᠳᠤᠷᠬᠠᠶᠢᠯᠠᠪᠠ᠃ |