ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ
ᠨᠡᠶᠢᠲᠡᠯᠡᠭᠰᠡᠨ ᠴᠠᠭ᠄
2021/10/14
ᠰᠤᠷᠭᠠᠨ ᠬᠥᠮᠦᠵᠢᠯ      ᠤᠯᠠᠭᠠᠨᠬᠠᠳᠠ ᠤᠤᠯ ᠠᠴᠠ ᠪᠠᠨ ᠰᠣᠶᠣᠯ ᠢ ᠳᠡᠭᠡᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠯᠢᠳᠡᠭ ᠤᠯᠠᠮᠵᠢᠯᠠᠯ ᠲᠠᠢ ᠶᠤᠮ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠬᠤ ᠶᠢ ᠢᠮᠠᠭᠲᠠ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ᠰᠠᠭᠤᠷᠢ ᠲᠠᠯᠪᠢᠬᠤ ᠢᠨᠵᠧᠨᠧᠷᠢᠩ︾ ᠪᠠ ᠴᠢᠬᠤᠯᠠ ︽ᠠᠷᠠᠳ ᠤᠨ ᠠᠮᠢᠳᠤᠷᠠᠯ ᠤᠨ ᠢᠨᠵᠧᠨᠧᠷᠢᠩ︾ ᠪᠣᠯᠭᠠᠨ ᠠᠳᠬᠤᠵᠤ᠂ ᠨᠡᠯᠢᠶᠡᠳ ᠪᠦᠷᠢᠨ ᠲᠡᠭᠦᠯᠳᠡᠷ᠂ ᠭᠠᠵᠠᠷ ᠣᠷᠣᠨ ᠤ ᠣᠨᠴᠠᠯᠢᠭ ᠲᠠᠢ ᠪᠠ ᠦᠨᠳᠦᠰᠦᠲᠡᠨ ᠤ ᠣᠨᠴᠠᠯᠢᠭ ᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ ᠪᠦᠷᠢᠯᠳᠦᠭᠦᠯᠪᠡ᠃      ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠃ ᠪᠥᠬᠦ ᠬᠤᠲᠠ ᠳᠤ ᠣᠲᠣ ᠡᠯ᠎ᠡ ᠲᠥᠷᠥᠯ ᠤᠨ ᠬᠡᠤᠬᠡᠳ ᠤᠨ ᠴᠡᠴᠡᠷᠯᠢᠭ 969᠂ ᠪᠠᠭᠰᠢ ᠠᠵᠢᠯᠲᠠᠨ 11466 ᠬᠦᠮᠦᠨ᠂ ᠴᠡᠴᠡᠷᠯᠢᠭ ᠲᠤ ᠪᠠᠶᠢᠭ᠎ᠠ ᠬᠡᠤᠬᠡᠳ 119486 ᠬᠦᠮᠦᠨ ᠪᠣᠶ᠃       ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ︽ᠤᠯᠠᠭᠠᠨᠬᠠᠳᠠ ᠬᠤᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠲᠦᠷᠭᠡᠳᠬᠡᠬᠦ ᠰᠠᠨᠠᠯ︾᠎ ᠢ ᠲᠣᠭᠲᠠᠭᠠᠨ ᠨᠡᠶᠢᠲᠡᠯᠡᠵᠦ᠂ ︽ᠨᠢᠭᠡᠳᠦᠯᠲᠡᠶ ᠲᠥᠯᠥᠪᠵᠢᠭᠦᠯᠬᠦ᠂ ᠲᠦᠷᠭᠡᠨ ᠬᠥᠭᠵᠢᠭᠦᠯᠬᠦ᠂ ᠬᠡᠯᠪᠡᠷᠢ ᠶᠢ ᠣᠯᠠᠨ ᠡᠰᠢᠵᠢᠭᠦᠯᠬᠦ᠂ ᠵᠢᠷᠤᠮᠵᠢᠯ ᠡᠮᠬᠢ ᠵᠢᠷᠤᠮ ᠲᠠᠢ ᠪᠠᠶᠢᠯᠭᠠᠬᠤ︾ ᠠᠵᠢᠯ ᠤᠨ ᠴᠢᠭᠯᠡᠯᠲᠡ ᠶᠢ ᠲᠣᠭᠲᠠᠭᠠᠨ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠤᠨ ᠬᠢᠨ ᠣᠷᠣᠯᠴᠠᠬᠤ᠂ ᠠᠷᠠᠳ ᠠᠴᠠ ᠡᠷᠭᠢᠯᠡᠬᠦ ᠶᠢ ᠵᠡᠷᠭᠡ ᠪᠠᠷ ᠴᠢᠬᠤᠯᠠᠴᠢᠯᠠᠬᠤ︾ ᠬᠡᠤᠬᠡᠳ ᠤᠨ ᠴᠡᠴᠡᠷᠯᠢᠭ ᠡᠷᠭᠢᠯᠡᠬᠦ ᠪᠠᠶᠢᠭᠤᠯᠤᠯ ᠢ ᠲᠡᠭᠦᠯᠳᠡᠷᠵᠢᠭᠦᠯᠦᠨ ᠪᠦᠷᠢᠯᠳᠦᠭᠦᠯᠪᠡ᠃ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠠᠰᠢᠭᠯᠠᠨ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠶᠡᠭᠡ ᠪᠠᠷ ᠬᠥᠭᠵᠢᠭᠦᠯᠪᠡ︔ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠪᠠᠶᠢᠭᠤᠯᠵᠤ ᠠᠯᠪᠠᠨ ᠠᠴᠠ ᠲᠤᠰᠠᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠢ ᠢᠳᠡᠪᠬᠢᠲᠡᠶ ᠪᠠᠷ ᠲᠡᠳᠬᠦᠨ ᠳᠡᠮᠵᠢᠪᠡ︔ ᠪᠥᠲᠥᠭᠡᠨ ᠪᠠᠶᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨᠳᠦᠰᠦᠲᠡᠨ ᠤ ᠬᠡᠤᠬᠡᠳ ᠤᠨ ᠴᠡᠴᠡᠷᠯᠢᠭ ᠢ ᠤᠷᠢᠳᠠᠪᠠᠷ ᠭᠤᠤᠯᠳᠠᠯᠭ᠎ᠠ ᠲᠠᠢ ᠬᠥᠭᠵᠢᠭᠦᠯᠪᠡ︔ ᠲᠥᠷᠥᠯ ᠬᠤᠪᠢᠶᠠᠨ ᠲᠠᠰ ᠲᠣᠭᠲᠠᠭᠠᠬᠤ᠂ ᠬᠥᠳᠡᠯᠦᠩᠭᠦᠶ ᠪᠠᠷ ᠬᠠᠮᠢᠶᠠᠷᠬᠤ ᠶᠢ ᠬᠡᠷᠡᠭᠵᠢᠭᠦᠯᠵᠦ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠵᠢᠷᠤᠮᠵᠢᠭᠤᠯᠤᠨ ᠬᠥᠭᠵᠢᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠠᠴᠠ ᠨᠠᠰᠢ᠂ ᠪᠥᠬᠦ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠲᠦᠷᠭᠡᠨ ᠬᠥᠭᠵᠢᠯᠲᠡ ᠶᠢᠨ ᠴᠠᠭ ᠦᠶ᠎ᠡ ᠳᠤ ᠤᠷᠤᠭᠰᠠᠨ ᠪᠠᠶᠢᠨ᠎ᠠ᠃ ᠰᠢᠨ᠎ᠡ ᠲᠣᠭᠤᠷᠢᠭ ᠤᠨ ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠪᠠ ᠭᠤᠷᠪᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ︽ᠬᠡᠤᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠶ︾ ︽ᠬᠡᠤᠬᠡᠳ ᠤᠨ ᠴᠡᠴᠡᠷᠯᠢᠭ ᠲᠤ ᠣᠷᠣᠬᠤ ᠳᠤ ᠦᠨᠡᠲᠡᠶ︾ ᠪᠠᠶᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠪᠡ᠃     ᠠᠯᠪᠠᠨ ᠵᠢᠷᠤᠮ ᠤᠨ ᠰᠤᠷᠭᠠᠨ ᠬᠥᠮᠦᠵᠢᠯ᠃ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ 488 ᠪᠠᠶᠢᠵᠤ᠂ ᠡᠭᠦᠨ ᠳᠤ ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 105᠂ ᠪᠠᠭ᠎ᠠ ᠰᠤᠷᠭᠠᠭᠤᠯᠢ 383 ᠪᠣᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠠᠵᠢᠯᠲᠠᠨ 38325 ᠬᠥᠮᠦᠨ᠂ ᠰᠤᠷᠭᠠᠭᠤᠯᠢ ᠳᠤ ᠪᠠᠶᠢᠭ᠎ᠠ ᠰᠣᠷᠣᠭᠴᠢ 369014 ᠬᠥᠮᠦᠨ ᠪᠠᠶᠢᠨ᠎ᠠ᠃ ᠪᠥᠬᠦ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 96.8%᠎ ᠳᠤ ᠬᠥᠷᠪᠡ᠃       ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠠᠴᠠ ᠨᠠᠰᠢ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠢᠭᠡ ᠴᠤᠭᠴᠠᠵᠢᠭᠰᠠᠨ ᠥᠭᠡᠷᠡᠴᠢᠯᠡᠯᠲᠡ ᠬᠥᠭᠵᠢᠯᠲᠡ ᠶᠢ ᠶᠡᠬᠡᠪᠡᠷ ᠳᠥᠯᠭᠢᠨ ᠠᠬᠢᠭᠤᠯᠵᠤ᠂ ᠬᠥᠳᠡᠭᠡ ᠲᠣᠰᠬᠤᠨ ᠤ ᠪᠠᠭᠤᠷᠠᠶ ᠰᠤᠷᠭᠠᠭᠤᠯᠢ ᠶᠢ ᠢᠳᠡᠪᠬᠢᠲᠡᠶ ᠪᠠᠷ ᠲᠡᠳᠬᠦᠨ ᠳᠡᠮᠵᠢᠬᠦ ᠶᠢᠨ ᠬᠠᠮᠲᠤ᠂ ᠬᠤᠲᠠ ᠪᠠᠯᠭᠠᠰᠤᠨ ᠤ ᠰᠤᠷᠭᠠᠭᠤᠯᠢ ᠶᠢ ᠵᠡᠷᠭᠡ ᠪᠠᠷ ᠪᠥᠲᠥᠭᠡᠨ ᠪᠠᠶᠢᠭᠤᠯᠵᠤ᠂ ︽ᠬᠥᠳᠡᠭᠡ ᠲᠣᠰᠬᠤᠨ ᠳᠤ ᠪᠠᠭᠤᠷᠠᠶ︾ ᠪᠠ ︽ᠬᠤᠲᠠ ᠪᠠᠯᠭᠠᠰᠤᠨ ᠳᠤ ᠰᠢᠬᠠᠭᠤ︾ ᠠᠰᠠᠭᠤᠳᠠᠯ ᠢ ᠬᠠᠮᠵᠢᠯᠴᠠᠨ ᠰᠢᠢᠳᠪᠦᠷᠢᠯᠡᠪᠡ᠃ 7.25 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠂ ᠤᠯᠠᠭᠠᠨᠬᠠᠳᠠ ᠬᠤᠲᠠ ᠶᠢᠨ ᠬᠥᠳᠡᠭᠡ ᠲᠤᠰᠬᠤᠨ ᠮᠠᠯᠵᠢᠬᠤ ᠣᠷᠣᠨ ᠤ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠥᠳᠡᠭᠡ ᠲᠤᠰᠬᠤᠨ ᠮᠠᠯᠵᠢᠬᠤ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠲᠦᠢᠯᠪᠤᠷᠢᠲᠠᠶ ᠰᠠᠶᠢᠵᠢᠷᠠᠭᠤᠯᠪᠠ᠃       ᠡᠩ ᠤᠨ ᠥᠨᠳᠥᠷ ᠳᠤᠮᠳᠠᠳᠤ ᠶᠢᠨ ᠰᠤᠷᠭᠠᠨ ᠬᠥᠮᠦᠵᠢᠯ᠃ ᠪᠥᠬᠦ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 38 ᠪᠠᠶᠢᠵᠤ᠂ ᠡᠭᠦᠨ ᠳᠤ ᠪᠦᠷᠢᠨ ᠳᠤᠮᠳᠠᠳᠤ ᠰᠤᠷᠭᠠᠭᠤᠯᠢ 7᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 27᠂ ᠠᠷᠪᠠᠨ ᠬᠤᠶᠠᠷ ᠵᠢᠯ ᠤᠨ ᠳᠦᠷᠢᠮᠲᠦ ᠰᠤᠷᠭᠠᠭᠤᠯᠢ 4 ᠪᠣᠶ ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠭᠰᠢ ᠠᠵᠢᠯᠲᠠᠨ 8851 ᠬᠥᠮᠦᠨ᠂ ᠰᠤᠷᠭᠠᠭᠤᠯᠢ ᠳᠤ ᠪᠠᠶᠢᠭ᠎ᠠ ᠰᠣᠷᠣᠭᠴᠢ 83022 ᠬᠥᠮᠦᠨ ᠪᠣᠶ᠃       ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ︽ᠤᠯᠠᠭᠠᠨᠬᠠᠳᠠ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠲᠣᠭᠲᠠᠭᠠᠨ ᠨᠡᠶᠢᠲᠡᠯᠡᠵᠦ᠂ ᠪᠥᠬᠦ ᠬᠤᠲᠠ ᠶᠢᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠬᠤᠪᠢᠶᠠᠨ ᠰᠤᠷᠭᠠᠭᠤᠯᠢ ᠡᠷᠭᠢᠯᠡᠬᠦ᠂ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠪᠠ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠠᠴᠠ ᠨᠠᠰᠢ᠂ ᠮᠠᠨ ᠤ ᠬᠤᠲᠠ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠠᠨᠳᠤᠰᠢ ᠠᠴᠠ ᠪᠣᠳᠣᠯᠬᠢᠯᠠᠨ᠂ ᠬᠠᠮᠢᠶᠠᠷᠤᠯᠲᠠ ᠪᠠ ᠶᠠᠰᠤ ᠴᠢᠨᠠᠷ ᠢᠶᠠᠷ ᠭᠤᠤᠯ ᠰᠡᠳᠦᠪ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠥᠪᠡᠷᠮᠢᠴᠡ ᠣᠨᠴᠠᠯᠢᠭ ᠲᠠᠢ ᠣᠯᠠᠨ ᠶᠠᠩᠵᠤ ᠶᠢᠨ ᠬᠥᠭᠵᠢᠯᠲᠡ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ︽ᠨᠢᠭᠡ ᠶᠢ ᠰᠢᠯᠢᠳᠡᠭᠵᠢᠭᠦᠯᠵᠦ ᠬᠤᠶᠠᠷ ᠢ ᠥᠭᠡᠷᠡᠴᠢᠯᠡᠵᠦ ᠭᠤᠷᠪᠠ ᠶᠢ ᠦᠨᠡᠯᠡᠬᠦ︾ ᠪᠠ ︽ᠵᠢᠷᠭᠤᠭᠠᠨ ᠠᠵᠢᠯᠯᠠᠭ᠎ᠠ︾᠎ ᠪᠠᠷ ᠠᠴᠢᠶᠠᠯᠠᠪᠤᠷᠢ ᠪᠣᠯᠭᠠᠵᠤ᠂ ︽ᠵᠠᠬᠢᠷᠤᠯ ᠣᠯᠠᠨ ᠴᠢᠳᠠᠪᠤᠷᠢᠵᠢᠭᠰᠠᠨ᠂ ᠬᠢᠴᠢᠶᠡᠯ ᠣᠯᠠᠨ ᠡᠰᠢᠵᠢᠭᠰᠡᠨ᠂ ᠣᠷᠣᠨ ᠵᠠᠶ ᠣᠯᠠᠨ ᠬᠡᠷᠡᠭᠴᠡᠭᠡ ᠲᠠᠢ᠂ ᠪᠠᠭᠰᠢ ᠣᠯᠠᠨ ᠠᠪᠢᠶᠠᠰ ᠲᠠᠢ᠂ ᠵᠠᠰᠠᠯᠲᠠ ᠣᠯᠠᠨ ᠲᠠᠯ᠎ᠠ ᠲᠠᠢ᠂ ᠦᠷ᠎ᠡ ᠪᠦᠲᠦᠭᠡᠯ ᠣᠯᠠᠨ ᠶᠠᠩᠵᠤ ᠲᠠᠢ︾ ᠰᠤᠷᠭᠠᠨ ᠬᠥᠮᠦᠵᠢᠯ ᠤᠨ ᠰᠢᠨ᠎ᠡ ᠬᠡᠯᠪᠡᠷᠢ ᠶᠢ ᠬᠦᠴᠦᠯᠡᠨ ᠪᠣᠶ ᠪᠣᠯᠭᠠᠵᠤ᠂ ᠪᠥᠬᠦ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠪᠠ᠃       ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠃ ᠪᠥᠬᠦ ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 42 ᠪᠠᠶᠢᠵᠤ᠂ ᠡᠭᠦᠨ ᠳᠤ ᠡᠩ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ 2᠂ ᠨᠠᠰᠤᠨ ᠳᠤ ᠭᠦᠷᠦᠭᠰᠡᠳ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ 10᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 30 ᠪᠣᠶ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ 3362 ᠬᠥᠮᠦᠨ᠂ ᠰᠤᠷᠭᠠᠭᠤᠯᠢ ᠳᠤ ᠪᠠᠶᠢᠭ᠎ᠠ ᠰᠣᠷᠣᠭᠴᠢ 32265 ᠬᠥᠮᠦᠨ ᠪᠠᠶᠢᠨ᠎ᠠ᠃ ᠪᠥᠬᠦ ᠬᠤᠲᠠ ᠶᠢᠨ ᠠᠵᠢᠯ ᠮᠡᠷᠭᠡᠵᠢᠯ ᠤᠨ ᠪᠠ ᠡᠩ ᠤᠨ ᠰᠤᠷᠭᠠᠨ ᠬᠥᠮᠦᠵᠢᠯ ᠤᠨ ᠬᠠᠷᠢᠴᠠᠯ 3.4:6.6᠎ ᠳᠤ ᠬᠥᠷᠪᠡ᠃       ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠵᠢᠯ ᠮᠡᠷᠭᠡᠵᠢᠯ ᠤᠨ ᠰᠤᠷᠭᠠᠨ ᠬᠦᠢᠮᠣᠵᠢᠯ ᠤᠨ ᠬᠥᠭᠵᠢᠯᠲᠡ ᠶᠢ ᠤᠷᠢᠳᠤ ᠡᠮᠦᠨ᠎ᠡ ᠪᠠᠶᠢᠭ᠎ᠠ ᠣᠢᠭᠡᠢ ᠴᠢᠬᠤᠯᠠᠴᠢᠯᠠᠨ ᠦᠵᠡᠵᠦ᠂ ᠠᠵᠢᠯ ᠮᠡᠷᠭᠡᠵᠢᠯ ᠤᠨ ᠰᠤᠷᠭᠠᠨ ᠬᠦᠢᠮᠣᠵᠢᠯ ᠤᠨ ᠣᠷᠣᠭᠤᠯᠤᠯᠲᠠ ᠶᠢᠨ ᠡᠷᠴᠢᠮ ᠢᠯᠡᠳᠲᠡ ᠴᠢᠩᠭᠠᠷᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠬᠡᠷᠡᠭᠵᠢᠭᠦᠯᠪᠡ᠃ 2015 ᠣᠨ ᠳᠤ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠢᠶᠠᠷ ᠵᠢᠭᠰᠠᠭᠠᠭᠳᠠᠵᠤ᠂ ᠲᠤᠯᠤᠭᠠᠨ ᠶᠡᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠦᠭᠰᠡᠨ ᠪᠥᠭᠡᠳ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽3+2︾᠎ ᠤᠨ ᠰᠣᠷᠣᠭᠴᠢ ᠡᠯᠰᠡᠬᠦ᠂ ᠰᠢᠯᠢᠳᠡᠭ ᠪᠠᠭᠰᠢ ᠶᠢᠨ ︽ᠰᠤᠷᠭᠠᠭᠤᠯᠢ ᠳᠠᠮᠵᠢᠵᠤ ᠬᠢᠴᠢᠶᠡᠯᠡᠬᠦ ᠲᠦᠷᠢᠮ︾᠎ ᠤᠨ ᠲᠤᠷᠰᠢᠯᠲᠠ ᠴᠡᠭ᠂ ᠠᠮᠢᠳᠤᠯᠢᠭ ᠣᠷᠣᠨ ᠲᠤᠭ᠎ᠠ ᠶᠢᠨ ᠲᠦᠷᠢᠮ ᠢ ᠬᠡᠷᠡᠭᠵᠢᠭᠦᠯᠬᠦ ᠵᠡᠷᠭᠡ ᠲᠠᠯ᠎ᠠ ᠪᠠᠷ ᠦᠨᠡᠨ ᠪᠣᠳᠠᠲᠠᠶ ᠠᠵᠢᠯᠯᠠᠭ᠎ᠠ ᠬᠢᠵᠦ᠂ ᠣᠳᠣᠬᠠᠨ ᠳᠤ ᠡᠯ᠎ᠡ ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠨᠢᠭᠡᠨᠲᠡ ᠪᠥᠬᠦ ᠲᠠᠯ᠎ᠠ ᠪᠠᠷ ᠶᠠᠪᠤᠭᠳᠠᠭᠤᠯᠵᠤ᠂ ᠳᠤᠮᠳᠠ ᠬᠤᠭᠤᠴᠠᠭᠠᠨ ᠤ ᠰᠡᠳᠦᠪ ᠳᠠᠭᠤᠰᠬᠠᠬᠤ ᠱᠠᠲᠤᠨ ᠳᠤ ᠣᠷᠣᠪᠠ᠃ 2016 ᠣᠨ ᠤ 5 ᠰᠠᠷ᠎ᠠ ᠳᠤ᠂ ᠮᠠᠨ ᠤ ᠬᠤᠲᠠ ᠤᠯᠤᠰ ᠤᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠮᠡᠷᠭᠡᠵᠢᠯ ᠤᠷ᠎ᠠ ᠴᠢᠳᠠᠪᠤᠷᠢᠲᠠᠨ ᠤ ︽ᠬᠤᠤᠰ ᠡᠰᠢᠲᠦ︾ ᠬᠥᠮᠦᠵᠢᠭᠦᠯᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠪᠠᠷ ᠵᠢᠭᠰᠠᠭᠠᠭᠳᠠᠵᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠨ ᠰᠣᠷᠣᠭᠴᠢ ᠡᠯᠰᠡᠬᠦ᠂ ᠬᠠᠮᠲᠤᠷᠠᠨ ᠬᠥᠮᠦᠵᠢᠭᠦᠯᠵᠦ ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃       ᠦᠨᠳᠦᠰᠦᠲᠡᠨ ᠤ ᠰᠤᠷᠭᠠᠨ ᠬᠥᠮᠦᠵᠢᠯ᠃ ᠪᠥᠬᠦ ᠬᠤᠲᠠ ᠳᠤ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠨᠡᠶᠢᠲᠡ 191 ᠂ ᠪᠠᠭᠰᠢ ᠠᠵᠢᠯᠲᠠᠨ 11384 ᠬᠦᠮᠦᠨ᠂ ᠰᠤᠷᠭᠠᠭᠤᠯᠢ ᠳᠤ ᠪᠠᠶᠢᠭ᠎ᠠ ᠰᠣᠷᠣᠭᠴᠢ 93896 ᠬᠦᠮᠦᠨ ᠪᠣᠶ᠃ ᠡᠭᠦᠨ ᠳᠤ᠂ ᠦᠨᠳᠦᠰᠦᠲᠡᠨ ᠤ ᠬᠡᠤᠬᠡᠳ ᠤᠨ ᠴᠡᠴᠡᠷᠯᠢᠭ 72᠂ ᠦᠨᠳᠦᠰᠦᠲᠡᠨ ᠤ ᠪᠠᠭ᠎ᠠ ᠰᠤᠷᠭᠠᠭᠤᠯᠢ 81᠂ ᠦᠨᠳᠦᠰᠦᠲᠡᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 22᠂ ᠦᠨᠳᠦᠰᠦᠲᠡᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 10᠂ ᠦᠨᠳᠦᠰᠦᠲᠡᠨ ᠤ ᠠᠵᠢᠯ ᠮᠡᠷᠭᠡᠵᠢᠯ ᠤᠨ ᠰᠤᠷᠭᠠᠭᠤᠯᠢ 4᠂ ᠦᠨᠳᠦᠰᠦᠲᠡᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ 2 ᠪᠣᠶ᠃       ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠤᠨ᠂ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂ ᠦᠨᠳᠦᠰᠦᠲᠡᠨ ᠤ ᠰᠤᠷᠭᠠᠭᠤᠯᠢ ᠶᠢᠨ ᠤᠨᠴᠠᠯᠢᠭᠳᠤ ᠬᠥᠭᠵᠢᠯᠲᠡ ᠶᠢ ᠠᠬᠢᠭᠤᠯᠪᠠ᠃ 2014 ᠣᠨ ᠳᠤ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ︽ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠲᠦᠷᠭᠡᠳᠬᠡᠬᠦ ᠲᠤᠬᠠᠶ ᠲᠣᠭᠲᠠᠭᠠᠯ︾᠎ ᠢ ᠨᠡᠶᠢᠲᠡᠯᠡᠵᠦ᠂ ᠪᠥᠬᠦ ᠬᠤᠲᠠ ᠶᠢᠨ ᠬᠡᠪᠴᠢᠶᠡᠨ ᠳᠤ ᠦᠨᠳᠦᠰᠦᠲᠡᠨ ᠤ ᠰᠤᠷᠭᠠᠨ ᠬᠥᠮᠦᠵᠢᠯ ᠤᠨ ᠲᠤᠰᠬᠠᠶ ᠨᠥᠬᠦᠪᠥᠷᠢ ᠶᠢᠨ ᠪᠠᠯᠠ ᠮᠥᠩᠭᠦ ᠭᠠᠷᠭᠠᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠵᠠᠷᠤᠳᠠᠯ ᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ᠂ ᠬᠤᠤᠰ ᠬᠡᠯᠡᠨ ᠤ ᠵᠢᠭᠠᠨ ᠰᠤᠷᠭᠠᠯᠲᠠ ᠶᠢᠨ ᠨᠢᠭᠡᠳᠦᠭᠡᠷ ᠲᠥᠷᠥᠯ ᠤᠨ ᠬᠡᠯᠪᠡᠷᠢ ᠶᠢᠨ ᠬᠡᠤᠬᠡᠳ ᠤᠨ ᠰᠤᠷᠭᠠᠨ ᠬᠥᠮᠦᠵᠢᠯ ᠤᠨ ᠰᠦᠢᠳᠬᠡᠯ ᠥᠯᠥ ᠬᠤᠷᠢᠶᠠᠬᠤ ᠲᠦᠷᠢᠮ ᠢ ᠬᠡᠷᠡᠭᠵᠢᠭᠦᠯᠪᠡ᠃ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠠᠴᠠ ᠨᠠᠰᠢ᠂ ᠮᠠᠨ ᠤ ᠬᠤᠲᠠ ᠪᠥᠬᠦ ᠤᠯᠤᠰ᠂ ᠪᠥᠬᠦ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠦᠷᠢᠮ︾᠎ ᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠤᠨᠴᠠᠯᠢᠭᠳᠤ ᠴᠢᠭᠯᠡᠯ ᠢ ᠡᠵᠡᠮᠳᠡᠨ᠂ ᠡᠯ᠎ᠡ ᠱᠠᠲᠤᠨ ᠤ ᠡᠯ᠎ᠡ ᠲᠥᠷᠥᠯ ᠤᠨ ᠦᠨᠳᠦᠰᠦᠲᠡᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃       ᠣᠨᠴᠠᠭᠠᠶ ᠰᠤᠷᠭᠠᠨ ᠬᠥᠮᠦᠵᠢᠯ᠃ ᠪᠥᠬᠦ ᠬᠤᠲᠠ ᠶᠢᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ 10᠂ ᠪᠠᠭᠰᠢ ᠠᠵᠢᠯᠲᠠᠨ 414 ᠬᠥᠮᠦᠨ᠂ ᠰᠤᠷᠭᠠᠭᠤᠯᠢ ᠳᠤ ᠪᠠᠶᠢᠭ᠎ᠠ ᠰᠣᠷᠣᠭᠴᠢ 1174 ᠬᠥᠮᠦᠨ ᠪᠠᠶᠢᠵᠤ᠂ ᠪᠥᠬᠦ ᠬᠤᠲᠠ ᠶᠢᠨ ᠰᠤᠷᠬᠤ ᠨᠠᠰᠤᠨ ᠤ ᠵᠡᠮᠳᠡᠭ ᠬᠡᠤᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠨᠣᠷᠮ᠎ᠠ 92.71%᠎ ᠳᠤ ᠬᠦᠷᠴᠦ᠂ ᠵᠡᠮᠳᠡᠭ ᠬᠡᠤᠬᠡᠳ ᠪᠠᠭᠠᠴᠤᠳ ᠤᠨ ︽ᠶᠢᠰᠦᠨ ᠵᠢᠯ ᠤᠨ ᠳᠦᠷᠢᠮᠲᠦ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ︾ ᠰᠤᠷᠭᠠᠨ ᠬᠥᠮᠦᠵᠢᠯ ᠢ ᠦᠨᠳᠦᠰᠦᠨ ᠳᠡᠭᠡᠨ ᠪᠡᠶᠡᠯᠡᠭᠦᠯᠪᠡ᠃       ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠠᠴᠠ ᠨᠠᠰᠢ᠂ ᠤᠯᠠᠭᠠᠨᠬᠠᠳᠠ ᠶᠢᠨ ᠣᠨᠴᠠᠭᠠᠢ ᠰᠤᠷᠭᠠᠨ ᠬᠥᠮᠦᠵᠢᠯ ᠲᠦᠷᠭᠡᠨ ᠬᠥᠭᠵᠢᠪᠡ᠃ ᠨᠡᠶᠢᠲᠡ 3757 ᠲᠦᠮᠡᠨ ᠲᠥᠭᠦᠷᠢᠭ ᠤᠨ ᠪᠠᠯᠠ ᠣᠷᠣᠭᠤᠯᠵᠤ᠂ 8 ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠡᠭᠦᠷᠭᠡ ᠶᠢ ᠬᠡᠷᠡᠭᠵᠢᠭᠦᠯᠵᠦ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 21400 ᠲᠡᠭᠰᠢ ᠳᠥᠷᠪᠡᠯᠵᠢᠨ ᠮᠧᠲᠷ ᠲᠤ ᠬᠥᠷᠪᠡ᠃ ᠣᠨᠴᠠᠭᠠᠶ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ᠶᠢ ᠡᠬᠢᠯᠡᠨ ᠬᠡᠷᠡᠭᠵᠢᠭᠦᠯᠪᠡ ︵2014 — 2016 ᠣᠨ︶᠃ 2015 ᠣᠨ ᠳᠤ ᠮᠠᠨ ᠤ ᠬᠤᠲᠠ ᠤᠯᠤᠰ ᠤᠨ 37 ᠣᠨᠴᠠᠭᠠᠶ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ ᠤᠨ ᠨᠢᠭᠡ ᠪᠠᠷ ᠲᠣᠭᠳᠠᠭᠠᠭᠳᠠᠵᠤ᠂ ᠠᠩᠭᠢ ᠳᠠᠭᠠᠵᠤ ᠰᠤᠷᠤᠯᠴᠠᠬᠤ᠂ ᠰᠤᠷᠭᠠᠨ ᠬᠥᠮᠦᠵᠢᠯ ᠢ ᠬᠥᠳᠡᠭᠡ ᠬᠦᠷᠭᠡᠬᠦ ᠪᠣᠯᠤᠨ ᠡᠮᠴᠢᠯᠡᠭᠡ ᠪᠠ ᠰᠤᠷᠭᠠᠨ ᠬᠥᠮᠦᠵᠢᠯ ᠢ ᠤᠶᠠᠯᠳᠤᠭᠤᠯᠬᠤ ᠲᠥᠷᠥᠯ ᠵᠦᠢᠯ ᠤᠨ ᠰᠤᠳᠤᠯᠭᠠᠨ ᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠪᠠᠷ ᠭᠤᠤᠯ ᠴᠣᠭᠴᠠ ᠪᠣᠯᠭᠠᠭᠰᠠᠨ᠂ ᠭᠤᠷᠪᠠᠳᠤᠭᠠᠷ ᠲᠥᠷᠥᠯ ᠤᠨ ᠵᠡᠮᠳᠡᠭ ᠬᠡᠤᠬᠡᠳ ᠪᠠᠭᠠᠴᠤᠳ ᠤᠨ ᠠᠩᠭᠢ ᠳᠠᠭᠠᠵᠤ ᠰᠤᠷᠤᠯᠴᠠᠬᠤ ᠪᠠᠷ ᠭᠤᠤᠯ ᠬᠡᠯᠪᠡᠷᠢ ᠪᠣᠯᠭᠠᠭᠰᠠᠨ ᠣᠨᠴᠠᠭᠠᠶ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠷᠢᠰᠢᠯ ᠢ ᠠᠩᠬ᠎ᠠ ᠠᠯᠬᠤᠮ ᠪᠣᠶ ᠪᠣᠯᠭᠠᠵᠤ᠂ ᠪᠥᠬᠦ ᠬᠤᠲᠠ ᠶᠢᠨ ᠣᠨᠴᠠᠭᠠᠶ ᠰᠤᠷᠭᠠᠨ ᠬᠥᠮᠦᠵᠢᠯ ᠢ ᠨᠠᠩ ᠥᠨᠳᠥᠷ ᠲᠠᠰ ᠳᠠᠪᠬᠤᠷᠭ᠎ᠠ ᠳᠤ ᠣᠷᠤᠭᠤᠯᠪᠠ᠃       ᠳᠡᠭᠡᠳᠦ ᠵᠡᠷᠭᠡ ᠶᠢᠨ ᠰᠤᠷᠭᠠᠨ ᠬᠥᠮᠦᠵᠢᠯ᠃ ᠪᠥᠬᠦ ᠬᠤᠲᠠ ᠳᠤ ᠣᠲᠣ ᠶᠡᠭᠡ ᠳᠡᠭᠡᠳᠦ ᠰᠤᠷᠭᠠᠭᠤᠯᠢ 4᠂ ᠪᠠᠭᠰᠢ ᠠᠵᠢᠯᠲᠠᠨ 2784 ᠬᠦᠮᠦᠨ᠂ ᠰᠤᠷᠭᠠᠭᠤᠯᠢ ᠳᠤ ᠪᠠᠶᠢᠭ᠎ᠠ ᠰᠣᠷᠣᠭᠴᠢ 22591 ᠬᠦᠮᠦᠨ ᠪᠣᠶ᠃ ᠤᠯᠠᠭᠠᠨᠬᠠᠳᠠ ᠶᠢᠨ ᠳᠡᠭᠡᠳᠦ ᠰᠤᠷᠭᠠᠭᠤᠯᠢ ᠪᠠᠷ ᠲᠣᠯᠣᠭᠠᠶᠢᠯᠠᠭᠤᠯᠤᠭᠰᠠᠨ᠂ ᠣᠯᠠᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠷᠢᠯᠴᠠᠨ ᠨᠥᠬᠦᠪᠥᠷᠢᠯᠡᠭᠰᠡᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ 2017 ᠣᠨ ᠳᠤ ᠤᠯᠠᠭᠠᠨᠬᠠᠳᠠ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠵᠥᠪᠯᠡᠯ ᠢ ᠪᠠᠶᠢᠭᠤᠯᠵᠤ᠂ ᠰᠠᠭᠤᠷᠢ ᠰᠤᠷᠭᠠᠨ ᠬᠥᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠪᠦᠷᠬᠦᠬᠦᠯᠦᠭᠰᠡᠨ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠪᠠ᠃       ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ᠃ ᠪᠥᠬᠦ ᠬᠤᠲᠠ ᠶᠢᠨ ᠠᠷᠠᠳ ᠠᠴᠠ ᠡᠷᠭᠢᠯᠡᠭᠰᠡᠨ ᠰᠤᠷᠤᠯᠭ᠎ᠠ ᠶᠢᠨ ᠨᠠᠮᠲᠠᠷ ᠲᠠᠢ ᠰᠤᠷᠭᠠᠭᠤᠯᠢ 24 ᠪᠣᠯᠤᠨ ᠬᠥᠭᠵᠢᠵᠦ᠂ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ 632 ᠪᠣᠯᠵᠣ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠨᠢ ᠨᠢᠭᠡᠨᠲᠡ ᠤᠯᠠᠭᠠᠨᠬᠠᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠪᠠᠶᠢᠨ᠎ᠠ᠃       ︽ᠠᠷᠪᠠᠨ ᠬᠤᠶᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠠᠴᠠ ᠨᠠᠰᠢ᠂ ︽ᠲᠣᠭᠲᠠᠴᠠ ᠶᠢᠨ ᠰᠢᠨ᠎ᠡ ᠶᠢ ᠡᠭᠦᠳᠬᠦ᠂ ᠠᠮᠢᠵᠢᠷᠠᠯ ᠤᠨ ᠬᠦᠴᠦᠨ ᠢ ᠴᠢᠩᠭᠠᠷᠠᠭᠤᠯᠬᠤ᠂ ᠬᠠᠮᠢᠶᠠᠷᠤᠯᠲᠠ ᠶᠢ ᠵᠢᠷᠤᠮᠵᠢᠭᠤᠯᠬᠤ᠂ ᠡᠷᠡᠭᠦᠯ ᠢᠶᠠᠷ ᠬᠥᠭᠵᠢᠭᠦᠯᠬᠦ︾ ᠴᠢᠭᠯᠡᠯᠲᠡ ᠶᠢ ᠲᠣᠭᠲᠠᠭᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠵᠢᠷᠤᠮᠵᠢᠯ ᠲᠠᠢ᠂ ᠴᠢᠨᠠᠷ ᠰᠠᠶᠢᠲᠠᠶ᠂ ᠡᠷᠡᠭᠦᠯ ᠢᠶᠠᠷ ᠬᠥᠭᠵᠢᠬᠦ ᠶᠢ ᠳᠥᠯᠭᠢᠨ ᠠᠬᠢᠭᠤᠯᠪᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠯᠪᠠᠨ ᠬᠡᠷ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠬᠦᠴᠦᠨ ᠥᠬᠡᠶ ᠪᠣᠯᠭᠠᠵᠤ᠂ ᠲᠡᠭᠦᠨ ᠤ ᠡᠭᠦᠷᠭᠡ ᠴᠢᠳᠠᠪᠤᠷᠢ ᠶᠢ ᠰᠠᠭᠤᠷᠢ ᠰᠤᠷᠭᠠᠨ ᠬᠥᠮᠦᠵᠢᠯ ᠤᠨ ᠰᠠᠯᠠᠭ᠎ᠠ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠯᠠᠭ᠎ᠠ ᠳᠤ ᠬᠠᠷᠢᠶᠠᠯᠠᠭᠤᠯᠤᠨ᠂ ᠪᠥᠬᠦ ᠬᠤᠲᠠ ᠶᠢᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢ ᠰᠢᠯᠢᠳᠡᠭᠵᠢᠭᠦᠯᠪᠡ᠃      2020 ᠣᠨ ᠤ ᠡᠴᠦᠰ ᠲᠤ ᠡᠩ ᠤᠨ ᠳᠡᠭᠡᠳᠦ ᠰᠤᠷᠭᠠᠭᠤᠯᠢ 5 ᠪᠠᠶᠢᠵᠤ᠂ ᠪᠥᠬᠦ ᠵᠢᠯ ᠳᠤ 0.8 ᠲᠦᠮᠡᠨ ᠰᠣᠷᠣᠭᠴᠢ ᠡᠯᠰᠡᠵᠦ᠂ ᠲᠦᠷᠦᠭᠦᠤ ᠵᠢᠯ ᠤᠨ ᠬᠢ ᠠᠴᠠ 1.2%᠎ ᠢᠶᠠᠷ ᠨᠡᠮᠡᠭᠳᠡᠪᠡ︔ ᠰᠤᠷᠭᠠᠭᠤᠯᠢ ᠳᠤ ᠪᠠᠶᠢᠭ᠎ᠠ ᠰᠣᠷᠣᠭᠴᠢ 2.4 ᠲᠦᠮᠡᠨ ᠬᠦᠮᠦᠨ᠂ 1.6%᠎ ᠪᠠᠷ ᠨᠡᠮᠡᠭᠳᠡᠪᠡ︔ ᠲᠡᠭᠦᠰᠬᠦ ᠰᠤᠷᠤᠭᠴᠢ 0.7 ᠲᠦᠮᠡᠨ ᠬᠥᠮᠦᠨ᠂ 5.6%᠎ ᠪᠠᠷ ᠨᠡᠮᠡᠭᠳᠡᠪᠡ᠃ ᠵᠢᠯ ᠤᠨ ᠡᠴᠦᠰ ᠲᠤ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠡᠶᠢᠲᠡ 33 ᠪᠠᠶᠢᠵᠤ᠂ ᠪᠥᠬᠦ ᠵᠢᠯ ᠳᠤ 1.5 ᠲᠦᠮᠡᠨ ᠰᠣᠷᠣᠭᠴᠢ ᠡᠯᠰᠡᠵᠦ᠂ 15.3%᠎ ᠪᠠᠷ ᠨᠡᠮᠡᠭᠳᠡᠪᠡ︔ ᠰᠤᠷᠭᠠᠭᠤᠯᠢ ᠳᠤ ᠪᠠᠶᠢᠭ᠎ᠠ ᠰᠣᠷᠣᠭᠴᠢ ᠶᠢ 3.5 ᠲᠦᠮᠡᠨ ᠬᠦᠮᠦᠨ᠂ 13.6%᠎ ᠪᠠᠷ ᠨᠡᠮᠡᠭᠳᠡᠪᠡ︔ ᠲᠡᠭᠦᠰᠬᠦ ᠰᠣᠷᠣᠭᠴᠢ 0.9 ᠲᠦᠮᠡᠨ ᠬᠦᠮᠦᠨ᠂ 9.7%᠎ ᠪᠠᠷ ᠪᠠᠭᠤᠷᠠᠪᠠ᠃ ᠵᠢᠯ ᠤᠨ ᠡᠴᠦᠰ ᠲᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠡᠶᠢᠲᠡ 41 ᠪᠠᠶᠢᠵᠤ᠂ ᠪᠥᠬᠦ ᠵᠢᠯ ᠳᠤ 2.8 ᠲᠦᠮᠡᠨ ᠰᠣᠷᠣᠭᠴᠢ ᠡᠯᠰᠡᠵᠦ᠂ 6.3%᠎ ᠪᠠᠷ ᠨᠡᠮᠡᠭᠳᠡᠪᠡ︔ ᠰᠤᠷᠭᠠᠭᠤᠯᠢ ᠳᠤ ᠪᠠᠶᠢᠭ᠎ᠠ ᠰᠣᠷᠣᠭᠴᠢ 7.9 ᠲᠦᠮᠡᠨ ᠬᠦᠮᠦᠨ᠂ 0.7%᠎ ᠪᠠᠷ ᠨᠡᠮᠡᠭᠳᠡᠪᠡ︔ ᠲᠡᠭᠦᠰᠬᠦ ᠰᠣᠷᠣᠭᠴᠢ 2.7 ᠲᠦᠮᠡᠨ ᠬᠦᠮᠦᠨ᠂ 1.5%᠎ ᠪᠠᠷ ᠪᠠᠭᠤᠷᠠᠪᠠ᠃ ᠵᠢᠯ ᠤᠨ ᠡᠴᠦᠰ ᠲᠤ ᠨᠡᠶᠢᠲᠡ 104 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠠᠶᠢᠵᠤ᠂ ᠪᠥᠬᠦ ᠵᠢᠯ ᠳᠤ 4.2 ᠲᠦᠮᠡᠨ ᠰᠣᠷᠣᠭᠴᠢ ᠡᠯᠰᠡᠵᠦ᠂ 3.7%᠎ ᠪᠠᠷ ᠨᠡᠮᠡᠭᠳᠡᠪᠡ︔ ᠰᠤᠷᠭᠠᠭᠤᠯᠢ ᠳᠤ ᠪᠠᠶᠢᠭ᠎ᠠ ᠰᠣᠷᠣᠭᠴᠢ 12.6 ᠲᠦᠮᠡᠨ ᠬᠦᠮᠦᠨ᠂ 1.7%᠎ ᠪᠠᠷ ᠪᠠᠭᠤᠷᠠᠪᠠ︔ ᠲᠡᠭᠦᠰᠬᠦ ᠰᠣᠷᠣᠭᠴᠢ 4.4 ᠲᠦᠮᠡᠨ ᠬᠦᠮᠦᠨ᠂ 7.7%᠎ ᠪᠠᠷ ᠨᠡᠮᠡᠭᠳᠡᠪᠡ᠃ ᠵᠢᠯ ᠤᠨ ᠡᠴᠦᠰ ᠲᠤ ᠨᠡᠶᠢᠳᠡ 392 ᠪᠠᠭ᠎ᠠ ᠰᠤᠷᠭᠠᠭᠤᠯᠢ ᠪᠠᠶᠢᠵᠤ᠂ ᠪᠦᠬᠦ ᠵᠢᠯ ᠳᠤ 4.5 ᠲᠦᠮᠡᠨ ᠰᠤᠷᠤᠭᠴᠢ ᠡᠯᠰᠡᠵᠦ᠂ 9.1%᠎ ᠪᠠᠷ ᠨᠡᠮᠡᠭᠳᠡᠪᠡ︔ ᠰᠤᠷᠭᠠᠭᠤᠯᠢ ᠳᠤ ᠪᠠᠶᠢᠭ᠎ᠠ ᠰᠣᠷᠣᠭᠴᠢ 25.6 ᠲᠦᠮᠡᠨ ᠬᠦᠮᠦᠨ᠂ 1.4%᠎ ᠪᠠᠷ ᠨᠡᠮᠡᠭᠳᠡᠪᠡ︔ ᠲᠡᠭᠦᠰᠬᠦ ᠰᠣᠷᠣᠭᠴᠢ 4.1 ᠲᠦᠮᠡᠨ ᠬᠦᠮᠦᠨ᠂ 3.4%᠎ ᠪᠠᠷ ᠨᠡᠮᠡᠭᠳᠡᠪᠡ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠣᠷᠣᠬᠤ ᠨᠣᠷᠮ᠎ᠠ 94.7% ᠪᠠᠶᠢᠵᠤ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠥᠬᠦ ᠨᠣᠷᠮ᠎ᠠ 96.1% ᠪᠠᠶᠢᠵᠤ᠂ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ ᠣᠷᠣᠬᠤ ᠨᠣᠷᠮ᠎ᠠ 100% ᠪᠠᠶᠢᠪᠠ᠃ᠰᠢᠨᠵᠢᠯᠡᠬᠦ ᠤᠬᠠᠭᠠᠨ ᠮᠡᠷᠭᠡᠵᠢᠯ      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠ ᠠᠴᠢᠶᠠᠯᠠᠪᠤᠷᠢ ᠶᠢᠨ ᠪᠠᠶᠢᠭᠤᠯᠤᠯᠲᠠ᠃ ᠤᠯᠤᠰ ᠤᠨ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ 1᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 43᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 2᠂ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ 1᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ 1᠂ ᠦᠷᠭᠦᠯᠵᠢᠯᠡᠬᠦ ᠬᠥᠭᠵᠢᠯᠲᠡ ᠶᠢᠨ ᠲᠤᠷᠰᠢᠯᠲᠠ ᠶᠢᠨ ᠲᠣᠭᠤᠷᠢᠭ 3᠂ ᠳᠠᠶᠠᠭᠠᠷ ᠡᠭᠦᠳᠬᠦ ᠣᠷᠣᠨ ᠵᠠᠶ 3᠂ ᠣᠴᠢ ᠲᠥᠯᠦᠪᠯᠡᠭᠡᠲᠦ ᠦᠢᠯᠡᠰ ᠴᠣᠭᠴᠠᠯᠠᠬᠤ ᠰᠠᠭᠤᠷᠢᠨ ᠭᠠᠵᠠᠷ 5 ᠪᠣᠶ᠃ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ 6᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ 10᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ 5᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 38᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ 2᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 10᠂ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ 11᠂ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ 27 ᠪᠠᠶᠢᠵᠤ᠂ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 8᠂ ᠰᠢᠨ᠎ᠡ ᠶᠢ ᠡᠭᠦᠳᠬᠦ ᠲᠤᠷᠰᠢᠯᠲᠠ ᠶᠢᠨ ᠠᠵᠤ ᠠᠬᠤᠶᠢᠯᠠᠯ 6᠂ ᠳᠡᠭᠡᠳᠦ ᠰᠢᠨ᠎ᠡ ᠮᠡᠷᠭᠡᠵᠢᠯ ᠤᠨ ᠤᠨᠴᠠᠯᠢᠭᠳᠤ ᠠᠵᠤ ᠦᠢᠯᠡᠳᠪᠦᠷᠢ ᠶᠢᠨ ᠠᠵᠤ ᠦᠶᠢᠯᠡᠰᠵᠢᠯᠲᠡ ᠶᠢᠨ ᠰᠠᠭᠤᠷᠢᠨ ᠭᠠᠵᠠᠷ 5᠂ ᠲᠠᠷᠢᠶᠠᠯᠠᠩ ᠤᠨ ᠤᠨᠴᠠᠯᠢᠭᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠶᠢᠯᠡᠰᠵᠢᠯᠲᠡ ᠶᠢᠨ ᠰᠠᠭᠤᠷᠢᠨ ᠭᠠᠵᠠᠷ 2᠂ ᠦᠷᠭᠦᠯᠵᠢᠯᠡᠬᠦ ᠬᠥᠭᠵᠢᠯᠲᠡ ᠶᠢᠨ ᠲᠤᠷᠰᠢᠯᠲᠠ ᠶᠢᠨ ᠣᠷᠣᠨ 3᠂ ᠳᠠᠶᠠᠭᠠᠷ ᠡᠭᠦᠳᠬᠦ ᠣᠷᠣᠨ ᠵᠠᠶ ᠶᠢᠨ ᠲᠤᠷᠰᠢᠯᠲᠠ ᠶᠢᠨ ᠴᠡᠭ ᠤᠨ ᠰᠠᠭᠤᠷᠢᠨ ᠭᠠᠵᠠᠷ 5᠂ ᠳᠠᠶᠠᠭᠠᠷ ᠡᠭᠦᠳᠬᠦ ᠣᠷᠣᠨ ᠵᠠᠶ ᠶᠢᠨ ᠲᠤᠷᠰᠢᠯᠲᠠ ᠶᠢᠨ ᠴᠡᠭ ᠢ ᠬᠥᠮᠦᠵᠢᠭᠦᠯᠬᠦ ᠰᠠᠭᠤᠷᠢᠨ ᠭᠠᠵᠠᠷ 4᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠰᠤᠳᠤᠯᠭᠠᠨ ᠤ ᠬᠦᠷᠢᠶᠡᠯᠡᠩ 3᠂ ᠣᠴᠢ ᠲᠥᠯᠦᠪᠯᠡᠭᠡᠲᠦ ᠦᠢᠯᠡᠰ ᠴᠣᠭᠴᠠᠯᠠᠬᠤ ᠶᠢ ᠬᠥᠮᠦᠵᠢᠭᠦᠯᠬᠦ ᠰᠠᠭᠤᠷᠢᠨ ᠭᠠᠵᠠᠷ 3᠂ ᠣᠴᠢ ᠲᠥᠯᠦᠪᠯᠡᠭᠡᠲᠦ ᠦᠢᠯᠡᠰ ᠴᠣᠭᠴᠠᠯᠠᠬᠤ ᠰᠠᠭᠤᠷᠢᠨ ᠤ ᠲᠤᠷᠰᠢᠯᠲᠠ ᠶᠢᠨ ᠨᠢᠭᠡᠴᠡ 5᠂ ᠬᠤᠲᠠ ᠶᠢᠨ ᠲᠠᠰ ᠤᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ 11᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 2᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ 11 ᠪᠣᠶ᠃       ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ᠃ ᠤᠯᠠᠭᠠᠨᠬᠠᠳᠠ ᠬᠤᠲᠠ 2001 ᠣᠨ ᠠᠴᠠ ᠡᠬᠢᠯᠡᠨ ᠦᠵᠡᠭᠦᠯᠦᠯᠭᠡ ᠶᠢᠨ ᠴᠤᠭᠯᠠᠭᠠᠨ ᠡᠷᠭᠢᠯᠡᠵᠦ᠂ 18 ᠵᠢᠯ ᠤᠨ ᠲᠤᠷᠰᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ ᠪᠠᠶᠢᠭᠰᠠᠨ ᠠᠴᠠ ᠪᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠳᠠᠬᠢᠭᠠᠳ ᠤᠯᠤᠰ ᠤᠨ ᠰᠢᠨ᠎ᠡ ᠲᠣᠷᠭᠠᠨ ᠵᠠᠮ ᠤᠨ ᠰᠢᠨ᠎ᠡ ᠶᠢ ᠡᠭᠦᠳᠬᠦ ᠨᠠᠷᠠᠲᠤ ᠲᠡᠮᠳᠡᠭᠲᠦ ᠶᠢᠨ ᠳᠡᠯᠭᠡᠨ ᠦᠵᠡᠭᠦᠯᠬᠦ ᠠᠷᠠᠯᠵᠢᠶᠠᠨ ᠤ ᠴᠤᠭᠯᠠᠭᠠᠨ ᠪᠣᠯᠵᠣ ᠬᠥᠭᠵᠢᠭᠰᠡᠨ ᠪᠠᠶᠢᠨ᠎ᠠ᠃ ᠠᠷᠪᠠᠨ ᠲᠤᠯᠤᠭᠠᠨ ᠵᠢᠯ ᠤᠨ ᠰᠠᠯᠬᠢ ᠪᠣᠷᠣᠭᠠᠨ ᠢ ᠥᠩᠭᠡᠷᠡᠭᠡᠭᠡᠳ᠂ ᠭᠤᠷᠪᠠᠨ ᠱᠠᠲᠤᠨ ᠤ ᠬᠥᠭᠵᠢᠯᠲᠡ ᠶᠢᠨ ᠶᠠᠪᠤᠴᠠ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠮᠤ ᠴᠤᠭᠯᠠᠷᠠᠯ ᠤᠨ ᠮᠠᠶ᠋ᠢᠭ ᠤᠨ ᠣᠷᠣᠨ ᠨᠤᠲᠤᠭ ᠤᠨ ᠦᠵᠡᠰᠬᠦᠯᠡᠩ ᠪᠠᠶᠢᠭᠰᠠᠨ ᠠᠴᠠ ᠪᠠᠨ ᠤᠯᠤᠰ ᠤᠨ ᠲᠡᠰ ᠤᠨ ᠦᠵᠡᠰᠬᠦᠯᠡᠩ ᠪᠣᠯᠤᠨ ᠬᠥᠭᠵᠢᠨ ᠪᠤᠵᠠᠭᠠᠶᠢᠷᠠᠪᠠ᠃ 2012 ᠣᠨ ᠳᠤ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠢ ᠳᠤᠮᠳᠠᠳᠤ ᠤᠯᠤᠰ ᠤᠨ ᠤᠮᠠᠷᠠᠲᠤ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠪᠣᠯᠭᠠᠨ ᠲᠡᠰ ᠳᠡᠪᠰᠢᠭᠦᠯᠵᠦ᠂ 2014 ᠣᠨ ᠳᠤ ︽ᠤᠯᠠᠭᠠᠨᠬᠠᠳᠠ · ᠳᠤᠮᠳᠠᠳᠤ ᠤᠯᠤᠰ ᠤᠨ ᠤᠮᠠᠷᠠᠲᠤ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠵᠢᠴᠢ ᠪᠦᠬᠦ ᠤᠯᠤᠰ ᠤᠨ ᠬᠥᠳᠡᠭᠡ ᠠᠵᠤ ᠠᠬᠤᠢ ᠶᠢᠨ ᠳᠡᠭᠡᠳᠦ ᠮᠡᠷᠭᠡᠵᠢᠯ ᠤᠨ ᠦᠵᠡᠰᠭᠦᠯᠡᠩ ᠤᠨ ᠰᠢᠨ᠎ᠡ ᠲᠣᠷᠭᠠᠨ ᠵᠠᠮ ᠤᠨ ᠰᠢᠨ᠎ᠡ ᠶᠢ ᠡᠭᠦᠳᠬᠦ ᠨᠡᠷᠡᠲᠦ ᠲᠡᠮᠳᠡᠭ ᠤᠨ ᠦᠵᠡᠰᠬᠦᠯᠡᠩ︾ ᠪᠣᠯᠭᠠᠨ ᠲᠡᠰ ᠳᠡᠪᠰᠢᠭᠦᠯᠪᠡ᠃ 2018 ᠣᠨ ᠤ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠳᠤ᠂ ᠪᠡᠭᠡᠵᠢᠩ᠂ ᠲᠢᠶᠠᠨᠵᠢᠨ᠂ ᠱᠠᠨᠳᠦ᠋ᠩ᠂ ᠬᠢᠷᠢᠨ ᠵᠡᠷᠭᠡ 23 ᠮᠤᠵᠢ ᠬᠤᠳᠠ ᠥᠪᠡᠷᠲᠡᠭᠡᠨ ᠵᠠᠰᠠᠬᠤ ᠣᠷᠣᠨ ᠵᠢᠴᠢ ᠠᠮᠧᠷᠢᠺᠠ᠂ ᠭᠧᠷᠮᠠᠨ᠂ ᠬᠤᠯᠠᠨᠳ᠋ ᠵᠡᠷᠭᠡ 8 ᠤᠯᠤᠰ ᠤᠨ 1403 ᠦᠵᠡᠰᠬᠦᠯᠡᠩ ᠤᠨ ᠬᠤᠳᠠᠯᠳᠤᠭᠠᠴᠢᠨ ᠲᠤᠰ ᠬᠤᠭᠤᠴᠠᠭᠠᠨ ᠤ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ᠃ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠲᠣᠰ ᠬᠤᠭᠤᠴᠠᠭᠠᠨ ᠤ ᠬᠥᠳᠡᠭᠡ ᠠᠵᠤ ᠠᠬᠤᠢ ᠶᠢᠨ ᠦᠵᠡᠰᠬᠦᠯᠡᠩ ᠤᠨ ᠴᠤᠭᠯᠠᠭᠠᠨ ᠤ ᠲᠤᠰᠬᠠᠶ ᠮᠡᠷᠭᠡᠵᠢᠯ ᠤᠨ ᠴᠢᠨᠠᠷ ᠨᠢ ᠨᠠᠩ ᠴᠢᠩᠭ᠎ᠠ᠂ ᠬᠡᠪᠴᠢᠶ᠎ᠡ ᠨᠢ ᠨᠠᠩ ᠶᠡᠭᠡ᠂ ᠨᠥᠯᠥᠭᠡᠯᠡᠬᠦ ᠬᠡᠪᠴᠢᠶ᠎ᠡ ᠨᠢ ᠨᠠᠩ ᠥᠷᠭᠡᠨ ᠪᠠᠶᠢᠳᠠᠭ᠃ ᠶᠡᠷᠦᠩᠬᠡᠶᠢᠯᠡᠭᠰᠡᠨ ᠦᠵᠡᠭᠦᠯᠦᠯᠭᠡ ᠶᠢᠨ ᠴᠤᠭᠯᠠᠭᠠᠨ ᠳᠡᠭᠡᠷ᠎ᠡ᠂ ᠴᠤᠭᠯᠠᠭᠠᠨ ᠳᠤ ᠣᠷᠣᠯᠴᠠᠭᠰᠠᠨ ᠬᠥᠮᠦᠨ ᠤ ᠲᠤᠭ᠎ᠠ 16 ᠲᠦᠮᠡᠨ ᠬᠥᠮᠦᠨ ᠤᠳᠠᠭ᠎ᠠ ᠳᠤ ᠬᠦᠷᠴᠦ᠂ ᠴᠤᠭᠯᠠᠭᠠᠨ ᠳᠤ ᠲᠠᠷᠢᠶᠠᠯᠠᠩ ᠤᠨ ᠰᠢᠨ᠎ᠡ ᠮᠡᠷᠭᠡᠵᠢᠯ᠂ ᠰᠢᠨ᠎ᠡ ᠲᠦᠷᠦᠯ ᠵᠦᠢᠯ᠂ ᠰᠢᠨ᠎ᠡ ᠦᠢᠯᠡᠳᠬᠦᠨ᠂ ᠰᠢᠨ᠎ᠡ ᠲᠥᠬᠦᠭᠡᠷᠦᠮᠵᠢ᠂ ᠰᠢᠨ᠎ᠡ ᠦᠷ᠎ᠡ ᠪᠦᠲᠦᠭᠡᠯ ᠢ 5000 ᠭᠠᠷᠤᠢ ᠵᠦᠢᠯ ᠳᠡᠯᠭᠡᠨ ᠦᠵᠡᠭᠦᠯᠵᠦ ᠠᠷᠠᠯᠵᠢᠶᠠᠪᠠ᠃ ᠲᠤᠬᠠᠶ ᠶᠢᠨ ᠲᠠᠯᠠᠪᠤᠷ ᠲᠤ 3.4 ᠳ᠋ᠦᠩᠰᠢᠭᠤᠷ ᠲᠥᠭᠦᠷᠢᠭ ᠤᠨ ᠠᠷᠠᠯᠵᠢᠶ᠎ᠠ ᠶᠢ ᠪᠡᠶᠡᠯᠡᠭᠦᠯᠵᠦ᠂ ᠰᠠᠨᠠᠮᠵᠢ ᠶᠢᠨ ᠠᠷᠠᠯᠵᠢᠶ᠎ᠠ ᠪᠦᠲᠦᠭᠰᠡᠨ ᠲᠤᠭ᠎ᠠ 6.5 ᠳ᠋ᠦᠩᠰᠢᠭᠤᠷ ᠲᠥᠭᠦᠷᠢᠭ ᠲᠤ ᠬᠦᠷᠴᠦ᠂ 21 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 2.4 ᠳ᠋ᠦᠩᠰᠢᠭᠤᠷ ᠲᠥᠭᠦᠷᠢᠭ ᠲᠤ ᠬᠥᠷᠪᠡ᠃       2020 ᠣᠨ ᠤ ᠪᠥᠬᠦ ᠵᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠡᠩᠰᠡᠯᠡᠯᠲᠡ ᠶᠢᠨ ᠵᠦᠢᠯ 41 ᠪᠠᠶᠢᠵᠤ᠂ ᠲᠦᠷᠦᠭᠦᠤ ᠵᠢᠯ ᠤᠨ ᠬᠢ ᠠᠴᠠ 24.1%᠎ ᠪᠠᠷ ᠪᠠᠭᠤᠷᠠᠪᠠ᠃ ᠲᠤᠰᠬᠠᠶ ᠠᠰᠢᠭ ᠤᠨ ᠡᠷᠬᠡ ᠶᠢᠨ ᠭᠤᠶᠤᠴᠢᠯᠠᠯ 2160 ᠬᠤᠪᠢ ᠪᠠᠶᠢᠵᠤ᠂ 36%᠎ ᠪᠠᠷ ᠨᠡᠮᠡᠭᠳᠡᠪᠡ᠃ ᠡᠷᠬᠡ ᠣᠯᠭᠤᠭᠰᠠᠨ ᠲᠤᠰᠬᠠᠶ ᠠᠰᠢᠭ ᠤᠨ ᠡᠷᠬᠡ 1455 ᠬᠤᠪᠢ ᠪᠠᠶᠢᠵᠤ᠂ 55.5%᠎ ᠪᠠᠷ ᠨᠡᠮᠡᠭᠳᠡᠪᠡ᠃ ᠪᠥᠬᠦ ᠵᠢᠯ ᠳᠤ ᠨᠡᠶᠢᠲᠡ 201 ᠲᠥᠷᠦᠯ ᠤᠨ ᠮᠡᠷᠭᠡᠵᠢᠯ ᠤᠨ ᠭᠡᠷ᠎ᠡ ᠲᠣᠭᠲᠠᠵᠤ᠂ 23%᠎ ᠪᠠᠷ ᠪᠠᠭᠤᠷᠠᠪᠠ᠃ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠵᠣᠭᠤᠰ ᠤᠨ ᠲᠤᠭ᠎ᠠ 1.7 ᠳ᠋ᠦᠩᠰᠢᠭᠤᠷ ᠲᠥᠭᠦᠷᠢᠭ ᠲᠤ ᠬᠦᠷᠴᠦ᠂ 2.4%᠎ ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ