ᠭᠠᠵᠠᠷ ᠵᠦᠢ᠂ ᠣᠷᠴᠢᠨ ᠲᠣᠭᠤᠷᠢᠨ
ᠨᠡᠶᠢᠲᠡᠯᠡᠭᠰᠡᠨ ᠴᠠᠭ᠄
2021/10/14
      ᠤᠯᠠᠭᠠᠨᠬᠠᠳᠠ ᠬᠤᠲᠠ ᠨᠢ ᠥᠪᠥᠷ ᠮᠣᠩᠭᠤᠯ ᠤᠨ ᠵᠡᠭᠦᠨ ᠡᠮᠦᠨᠡᠲᠦ ᠬᠡᠰᠡᠭ ᠲᠤ ᠪᠠᠶᠢᠷᠢᠯᠠᠵᠤ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠡᠰᠡᠭ ᠪᠠ ᠶᠠᠨᠱᠠᠨ ᠠᠭᠤᠯᠠ ᠶᠢᠨ ᠠᠷᠤ ᠬᠤᠷᠮᠣᠶ ᠶᠢᠨ ᠠᠭᠤᠯᠠᠷᠬᠠᠭ ᠭᠠᠵᠠᠷ᠂ ᠰᠢᠷᠠᠮᠥ᠋ᠷᠤᠨ ᠭᠤᠤᠯ ᠤᠨ ᠡᠮᠦᠨ᠎ᠡ ᠬᠤᠶᠢᠨ᠎ᠠ ᠬᠢᠭᠡᠳ ᠯᠤᠤᠬ᠎ᠠ ᠭᠤᠤᠯ ᠤᠨ ᠰᠠᠪᠠ ᠭᠠᠵᠠᠷ ᠤᠨ ᠥᠷᠭᠡᠨ ᠠᠭᠤᠳᠠᠮ ᠭᠠᠵᠠᠷ ᠣᠷᠣᠨ ᠳᠤ ᠪᠠᠶᠢᠷᠢᠯᠠᠵᠤ᠂ ᠥᠪᠥᠷ ᠮᠣᠩᠭᠤᠯ ᠤᠨ ᠥᠨᠳᠦᠷᠯᠢᠭ᠂ ᠾᠧᠪᠸᠢ ᠶᠢᠨ ᠬᠤᠶᠢᠲᠤ ᠬᠡᠰᠡᠭ ᠤᠨ ᠳᠣᠪᠣᠷᠬᠠᠭ ᠪᠠ ᠯᠢᠶᠣᠤᠨᠢᠩ ᠤᠨ ᠲᠠᠯ᠎ᠠ ᠭᠠᠵᠠᠷ ᠤᠨ ᠠᠭᠤᠯᠵᠠᠷ ᠤᠨ ᠬᠡᠰᠡᠭ ᠲᠤ ᠪᠠᠶᠢᠵᠤ᠂ ᠥᠪᠡᠷᠮᠢᠴᠡ ᠭᠠᠵᠠᠷ ᠵᠦᠶ ᠶᠢᠨ ᠪᠠᠶᠢᠷᠢᠯᠠᠯ ᠪᠠ ᠭᠠᠵᠠᠷ ᠤᠨ ᠪᠦᠲᠦᠴᠡ ᠲᠠᠢ ᠪᠠᠶᠢᠵᠤ᠂ ᠭᠤᠷᠪᠠᠨ ᠲᠠᠯ᠎ᠠ ᠪᠠᠷ ᠢᠶᠠᠨ ᠠᠭᠤᠯᠠ ᠪᠠᠷ ᠬᠦᠷᠢᠶᠡᠯᠡᠭᠳᠡᠭᠰᠡᠨ᠂ ᠪᠠᠷᠠᠭᠤᠨ ᠢᠶᠠᠨ ᠥᠨᠳᠥᠷ ᠵᠡᠭᠦᠨ ᠢᠶᠠᠨ ᠳᠣᠤᠷ᠎ᠠ᠂ ᠣᠯᠠᠨ ᠠᠭᠤᠯᠠ ᠳᠣᠪᠣᠷᠬᠠᠭ ᠭᠠᠵᠠᠷ ᠤᠨ ᠲᠥᠷᠬᠦ ᠶᠢᠨ ᠣᠨᠴᠠᠯᠢᠭ ᠲᠠᠢ ᠪᠠᠶᠢᠳᠠᠭ᠃      ᠤᠯᠠᠭᠠᠨᠬᠠᠳᠠ ᠬᠤᠲᠠ ᠶᠢᠨ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢᠨ ᠪᠠᠶᠢᠳᠠᠯ ᠨᠠᠷᠢᠨ ᠪᠤᠳᠤᠯᠢᠶᠠᠨᠲᠠᠶ ᠪᠥᠭᠡᠳ ᠣᠯᠠᠨ ᠶᠠᠩᠵᠤ ᠶᠢᠨ ᠪᠠᠶᠢᠵᠤ᠂ ᠠᠭᠤᠯᠠ ᠬᠠᠶᠢᠷᠬᠠᠨ ᠰᠦᠨᠳᠡᠷᠯᠡᠵᠦ᠂ ᠳᠣᠪᠣᠷᠬᠠᠭ ᠳᠣᠪᠣᠴᠠᠭ ᠣᠯᠠᠨ᠂ ᠬᠠᠪᠴᠢᠯ ᠭᠠᠩᠭ᠎ᠠ ᠰᠦᠯᠵᠢᠯᠳᠦᠵᠦ᠂ ᠭᠤᠤ ᠭᠠᠩᠭ᠎ᠠ ᠬᠦᠨᠳᠦᠯᠢᠰᠴᠦ᠂ ᠵᠥᠪᠬᠡᠨ ᠵᠢᠵᠢᠭ ᠬᠡᠰᠡᠭ ᠠᠭᠤᠯᠠ ᠶᠢᠨ ᠬᠤᠭᠤᠷᠣᠨᠳᠣᠬᠢ ᠲᠡᠭᠰᠢ ᠭᠠᠵᠠᠷ ᠪᠠ ᠭᠤᠤᠯ ᠳᠠᠭᠠᠤ ᠶᠢᠨ ᠲᠤᠨᠤᠮᠠᠯ ᠲᠠᠯ᠎ᠠ ᠭᠠᠵᠠᠷ ᠲᠠᠢ᠂ ︽ᠲᠤᠯᠤᠭᠠᠨ ᠬᠤᠪᠢ ᠶᠢᠨ ᠠᠭᠤᠯᠠ ᠨᠢᠭᠡ ᠬᠤᠪᠢ ᠶᠢᠨ ᠤᠰᠤ ᠬᠤᠶᠠᠷ ᠬᠤᠪᠢ ᠶᠢᠨ ᠲᠠᠷᠢᠶ᠎ᠠ︾᠎ ᠶᠢᠨ ᠪᠦᠲᠦᠴᠡ ᠲᠠᠢ ᠪᠠᠶᠢᠳᠠᠭ᠃ ᠭᠠᠵᠠᠷ ᠰᠢᠷᠣᠶ ᠶᠢᠨ ᠪᠠᠶᠢᠭᠠᠯᠢ ᠶᠢᠨ ᠲᠥᠷᠥᠯ ᠵᠦᠢᠯ ᠣᠯᠠᠨ ᠶᠠᠩᠵᠤ ᠶᠢᠨ ᠪᠠᠶᠢᠵᠤ᠂ ᠠᠭᠤᠯᠠᠷᠬᠠᠭ ᠭᠠᠵᠠᠷ᠂ ᠳᠣᠪᠣᠷᠬᠠᠭ ᠭᠠᠵᠠᠷ᠂ ᠲᠠᠯ᠎ᠠ ᠭᠠᠵᠠᠷ ᠰᠣᠯᠪᠢᠴᠠᠨ ᠲᠠᠷᠬᠠᠵᠤ ᠪᠠᠶᠢᠨ᠎ᠠ᠃ ᠶᠡᠭᠡ ᠲᠥᠯᠥᠪ ᠳᠥᠷᠪᠡᠨ ᠭᠠᠵᠠᠷ ᠤᠨ ᠭᠠᠳᠠᠷᠭᠤ ᠶᠢᠨ ᠣᠷᠣᠨ ᠬᠤᠪᠢᠶᠠᠵᠤ ᠪᠣᠯᠤᠨ᠎ᠠ᠄ ᠤᠮᠠᠷᠠᠲᠤ ᠬᠡᠰᠡᠭ ᠤᠨ ᠠᠭᠤᠯᠠᠷᠬᠠᠭ ᠭᠠᠵᠠᠷ ᠤᠨ ᠳᠣᠪᠣᠷᠬᠠᠭ ᠣᠷᠣᠨ᠂ ᠡᠮᠦᠨᠡᠲᠦ ᠬᠡᠰᠡᠭ ᠤᠨ ᠠᠭᠤᠯᠠᠷᠬᠠᠭ ᠭᠠᠵᠠᠷ ᠤᠨ ᠳᠣᠪᠣᠷᠬᠠᠭ ᠣᠷᠣᠨ᠂ ᠪᠠᠷᠠᠭᠤᠨ ᠬᠡᠰᠡᠭ ᠤᠨ ᠥᠨᠳᠥᠷ ᠲᠠᠯ᠎ᠠ ᠭᠠᠵᠠᠷ ᠤᠨ ᠣᠷᠣᠨ᠂ ᠵᠡᠭᠦᠨ ᠬᠡᠰᠡᠭ ᠤᠨ ᠲᠠᠯ᠎ᠠ ᠭᠠᠵᠠᠷ ᠤᠨ ᠣᠷᠣᠨ᠂ ᠳᠠᠯᠠᠶ ᠶᠢᠨ ᠲᠦᠪᠰᠢᠨ ᠠᠴᠠ 300 ~ 2000 ᠮᠧᠲᠷ ᠥᠨᠳᠥᠷ ᠪᠣᠯᠤᠨ᠎ᠠ᠃ ᠵᠡᠭᠦᠨ ᠬᠡᠰᠡᠭ ᠨᠢ ᠰᠢᠷᠠᠮᠥ᠋ᠷᠦᠨ ᠭᠤᠤᠯ ᠬᠢᠭᠡᠳ ᠯᠤᠤᠬ᠎ᠠ ᠭᠤᠤᠯ ᠤᠨ ᠠᠭᠤᠯᠵᠠᠷ ᠤᠨ ᠳ᠋ᠠ ᠰᠢᠩ ᠭᠤᠷᠪᠠᠯᠵᠢᠨ ᠬᠤᠶᠢᠭ ᠤᠨ ᠣᠷᠣᠨ ᠳᠤ ᠪᠠᠶᠢᠵᠤ᠂ ᠲᠡᠯᠡᠶ ᠶᠢᠨ ᠲᠦᠪᠰᠢᠨ ᠠᠴᠠ 300 ᠮᠧᠲᠷ ᠥᠨᠳᠥᠷ ᠬᠦᠷᠬᠦ ᠦᠭᠡᠢ᠂ ᠤᠯᠠᠭᠠᠨᠬᠠᠳᠠ ᠬᠤᠲᠠ ᠶᠢᠨ ᠭᠠᠵᠠᠷ ᠤᠨ ᠪᠠᠶᠢᠴᠠ ᠬᠠᠮᠤᠭ ᠤᠨ ᠳᠣᠤᠷ᠎ᠠ ᠣᠷᠣᠨ ᠪᠦᠰᠡ ᠪᠣᠯᠤᠨ᠎ᠠ︔ ᠪᠠᠷᠠᠭᠤᠨ ᠬᠡᠰᠡᠭ ᠤᠨ ᠬᠡᠰᠢᠭᠲᠡᠨ ᠬᠤᠰᠢᠭᠤ᠂ ᠰᠦᠩᠱᠠᠨ ᠲᠣᠭᠤᠷᠢᠭ ᠪᠠ ᠾᠧᠪᠸᠢ ᠮᠤᠵᠢ ᠶᠢᠨ ᠸᠧᠶ ᠴᠠᠩ ᠰᠢᠶᠠᠨ ᠤ ᠠᠭᠤᠯᠵᠠᠷ ᠲᠠᠬᠢ ᠶᠡᠭᠡ ᠬᠠᠯᠵᠠᠨ ᠠᠭᠤᠯᠠ ᠨᠢ ᠲᠡᠯᠡᠶ ᠶᠢᠨ ᠲᠦᠪᠰᠢᠨ ᠠᠴᠠ 2067 ᠮᠧᠲᠷ ᠥᠨᠳᠥᠷ ᠪᠠᠶᠢᠵᠤ᠂ ᠤᠯᠠᠭᠠᠨᠬᠠᠳᠠ ᠬᠤᠲᠠ ᠶᠢᠨ ᠨᠢᠭᠡᠳᠦᠭᠡᠷ ᠥᠨᠳᠥᠷ ᠣᠷᠭᠢᠯ ᠪᠣᠯᠤᠨ᠎ᠠ᠃ ᠭᠤᠣᠯ ᠪᠣᠯᠬᠤ ᠠᠭᠤᠯᠠ ᠨᠢᠷᠤᠭᠤ ᠨᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠡᠰᠡᠭ᠂ ᠨᠢᠷᠤᠭᠤ ᠬᠠᠷᠠᠯᠠᠭ ᠪᠠ ᠴᠢᠯᠠᠭᠤᠲᠤ ᠶᠢᠨ ᠭᠤᠷᠪᠠᠨ ᠠᠭᠤᠯᠠ ᠨᠢᠷᠤᠭᠤ ᠪᠣᠯᠤᠨ᠎ᠠ᠃ ᠪᠥᠬᠦ ᠬᠤᠲᠠ ᠶᠢᠨ ᠭᠠᠵᠠᠷ ᠤᠨ ᠪᠠᠶᠢᠴᠠ ᠨᠢ 1700 ᠮᠧᠲᠷ ᠣᠷᠴᠢᠮ ᠥᠨᠳᠥᠷ ᠪᠠᠶᠢᠳᠠᠭ᠃ ᠭᠤᠣᠯ ᠮᠥᠷᠡᠨ ᠨᠢ ᠦᠨᠳᠦᠰᠦᠨ ᠳᠡᠭᠡᠨ ᠪᠠᠶᠢᠭᠠᠯᠢ ᠶᠢᠨ ᠭᠠᠵᠠᠷ ᠤᠨ ᠪᠠᠶᠢᠴᠠ ᠶᠢ ᠳᠠᠭᠠᠵᠤ ᠪᠠᠷᠠᠭᠤᠨ ᠠᠴᠠ ᠵᠡᠭᠦᠨᠰᠢ ᠪᠠᠶᠢᠵᠤ᠂ ᠪᠠᠷᠠᠭᠤᠨ ᠯᠢᠶᠣᠣᠾᠧ ᠭᠤᠣᠯ ᠳᠤ ᠤᠷᠤᠰᠤᠨ ᠣᠷᠣᠵᠤ ᠳᠠᠯᠠᠶ ᠳᠤ ᠴᠢᠳᠬᠤᠳᠠᠭ᠂ ᠤᠰᠤᠨ ᠤᠷᠤᠰᠬᠠᠯ ᠨᠢ ᠲᠦᠷᠭᠡᠨ ᠪᠥᠭᠡᠳ ᠪᠠᠭᠤᠯᠲᠠ ᠶᠢᠨ ᠵᠥᠷᠢᠶ᠎ᠡ ᠨᠢ ᠨᠡᠯᠢᠶᠡᠳ ᠶᠡᠭᠡ ᠪᠠᠶᠢᠳᠠᠭ᠃       ᠤᠯᠠᠭᠠᠨᠬᠠᠳᠠ ᠬᠤᠲᠠ ᠳᠣᠲᠣᠭᠠᠳᠤ ᠬᠠᠭᠤᠷᠠᠶ ᠳᠤ ᠪᠠᠶᠢᠷᠢᠯᠠᠵᠤ᠂ ᠰᠡᠷᠢᠭᠦᠨ ᠪᠦᠰᠡ ᠶᠢᠨ ᠬᠠᠭᠠᠰ ᠭᠠᠩ ᠬᠠᠭᠤᠷᠠᠶ ᠡᠬᠡ ᠭᠠᠵᠠᠷ ᠤᠨ ᠴᠢᠨᠠᠷᠲᠠᠶ ᠤᠯᠠᠷᠢᠯ ᠤᠨ ᠰᠠᠯᠬᠢᠨ ᠤ ᠠᠭᠤᠷ ᠠᠮᠢᠰᠬᠤᠯ ᠤᠨ ᠣᠷᠣᠨ ᠳᠤ ᠬᠠᠷᠢᠶᠠᠯᠠᠭᠳᠠᠨ᠎ᠠ᠃ ᠶᠡᠬᠡᠩᠬᠢ ᠬᠡᠰᠡᠭ ᠭᠠᠵᠠᠷ ᠣᠷᠣᠨ ᠤ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 0~7℃ ᠪᠠᠶᠢᠵᠤ᠂ ᠪᠦᠬᠦ ᠬᠤᠲᠠ ᠶᠢᠨ ᠵᠢᠯ ᠤᠨ ᠳᠤᠮᠳᠠᠴᠢ ᠠᠭᠠᠷ ᠤᠨ ᠳᠤᠯᠠᠭᠠᠨ ᠤ ᠲᠠᠷᠬᠠᠯᠲᠠ ᠨᠢ ᠪᠠᠷᠠᠭᠤᠨ ᠬᠤᠶᠢᠨ᠎ᠠ ᠠᠴᠠ ᠵᠡᠭᠦᠨ ᠡᠮᠦᠨᠡᠰᠢ ᠠᠬᠢᠨ ᠨᠡᠮᠡᠭᠳᠡᠬᠦ ᠪᠣᠯᠤᠨ᠎ᠠ᠃ ᠪᠦᠬᠦ ᠬᠤᠲᠠ ᠶᠢᠨ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 381 ᠮᠢᠯᠢᠮᠧᠲᠷ ᠪᠠᠶᠢᠵᠤ᠂ ᠶᠡᠬᠡᠩᠬᠢ ᠭᠠᠵᠠᠷ ᠣᠷᠣᠨ ᠳᠤ 350 ~ 450 ᠮᠢᠯᠢᠮᠧᠲᠷ ᠪᠠᠶᠢᠳᠠᠭ᠃ ᠭᠠᠵᠠᠷ ᠤᠨ ᠪᠠᠶᠢᠴᠠ ᠪᠠ ᠤᠯᠠᠷᠢᠯ ᠤᠨ ᠰᠠᠯᠬᠢᠨ ᠤ ᠨᠥᠯᠥᠭᠡ ᠠᠴᠠ ᠪᠣᠯᠵᠤ᠂ ᠲᠤᠨᠳᠠᠰᠤᠨ ᠤ ᠬᠡᠮᠵᠢᠶ᠎ᠡ ᠶᠢᠨ ᠲᠠᠷᠬᠠᠯᠲᠠ ᠶᠢᠨ ᠬᠠᠨᠳᠤᠰᠢ ᠨᠢ ᠪᠠᠷᠠᠭᠤᠨ ᠡᠮᠦᠨ᠎ᠡ ᠠᠴᠠ ᠵᠡᠭᠦᠨ ᠬᠤᠶᠢᠰᠢ ᠠᠭᠠᠵᠢᠮ ᠢᠶᠠᠷ ᠪᠠᠭᠠᠰᠤᠨ᠎ᠠ᠃ ᠪᠦᠬᠦ ᠬᠤᠳᠠ ᠶᠢᠨ ᠡᠯ᠎ᠡ ᠭᠠᠵᠠᠷ ᠤᠨ ᠨᠡᠷᠡᠨ ᠤ ᠲᠤᠰᠤᠯᠲᠠ ᠶᠢᠨ ᠴᠠᠭ ᠤᠨ ᠲᠤᠭ᠎ᠠ ᠨᠢ ᠣᠯᠠᠩᠬᠢ ᠳᠠᠭᠠᠨ 2800 — 3100 ᠴᠠᠭ ᠪᠠᠶᠢᠳᠠᠭ᠃ ᠳᠥᠷᠪᠡᠨ ᠤᠯᠠᠷᠢᠯ ᠲᠣᠳᠣᠷᠬᠠᠶ᠃ ᠡᠪᠦᠯ ᠤᠨ ᠤᠯᠠᠷᠢᠯ ᠨᠢ ᠣᠷᠳᠣ᠂ ᠬᠠᠬᠢᠷ ᠬᠦᠢᠲᠡᠨ᠂ ᠴᠠᠰᠤ ᠪᠠᠭ᠎ᠠ ᠰᠠᠯᠬᠢ ᠶᠡᠬᠡᠲᠡᠢ ᠪᠠᠶᠢᠳᠠᠭ᠃ ᠬᠠᠪᠤᠷ ᠤᠨ ᠤᠯᠠᠷᠢᠯ ᠳᠤ ᠳᠤᠯᠠᠭᠠᠨ ᠤ ᠬᠡᠮᠵᠢᠶ᠎ᠡ ᠲᠦᠷᠭᠡᠨ ᠳᠡᠭᠡᠭᠰᠢᠯᠡᠵᠦ᠂ ᠭᠠᠩ ᠬᠠᠭᠤᠷᠠᠶ ᠰᠠᠯᠬᠢ ᠶᠡᠬᠡᠲᠡᠶ ᠪᠠᠶᠢᠳᠠᠭ᠃ ᠵᠣᠨ ᠤ ᠤᠯᠠᠷᠢᠯ ᠨᠢ ᠣᠭᠵᠣᠮ᠂ ᠪᠣᠷᠣᠭᠠᠨ ᠤ ᠬᠡᠮᠵᠢᠶ᠎ᠡ ᠬᠤᠷᠠᠨ᠎ᠠ᠃ ᠨᠠᠮᠤᠷ ᠤᠨ ᠤᠯᠠᠷᠢᠯ ᠤᠨ ᠠᠭᠠᠷ ᠤᠨ ᠳᠤᠯᠠᠭᠠᠨ ᠤ ᠳᠣᠷᠣᠭᠰᠢᠯᠠᠬᠤ ᠨᠢ ᠲᠦᠷᠭᠡᠨ᠂ ᠬᠢᠷᠠᠭᠤ ᠤᠨᠠᠬᠤ ᠨᠢ ᠡᠷᠲᠡ᠂ ᠲᠤᠩᠭᠠᠯᠠᠭ ᠰᠠᠶᠢᠬᠠᠨ ᠡᠳᠦᠷ ᠣᠯᠠᠨ ᠪᠠᠶᠢᠳᠠᠭ᠃       ᠤᠯᠠᠭᠠᠨᠬᠠᠳᠠ ᠬᠤᠲᠠ ᠶᠢᠨ ᠬᠢᠯᠢ ᠳᠣᠲᠣᠷ᠎ᠠ ᠨᠡᠶᠢᠲᠡ 4 ᠰᠠᠪᠠ ᠭᠠᠵᠠᠷ ᠪᠠᠶᠢᠨ᠎ᠠ᠂ ᠳᠠᠷᠤᠶ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ᠂ ᠳᠣᠲᠣᠭᠠᠳᠤ ᠬᠠᠭᠤᠷᠠᠶ ᠶᠢᠨ ᠭᠤᠣᠯ ᠤᠨ ᠰᠠᠪᠠ ᠭᠠᠵᠠᠷ᠂ ᠳ᠋ᠠ ᠯᠢᠩ ᠾᠧ ᠭᠤᠣᠯ ᠤᠨ ᠰᠠᠪᠠ ᠭᠠᠵᠠᠷ᠂ ᠯᠤᠸᠠᠨᠾᠧ ᠭᠤᠣᠯ ᠤᠨ ᠰᠠᠪᠠ ᠭᠠᠵᠠᠷ ᠪᠣᠯᠤᠨ᠎ᠠ᠃ ᠰᠠᠪᠠ ᠭᠠᠵᠠᠷ ᠤᠨ 50 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢᠬᠢ ᠭᠤᠣᠯ ᠮᠥᠷᠡᠨ 333 ᠪᠠᠶᠢᠵᠤ᠂ ᠪᠠᠷᠠᠭᠤᠨ ᠯᠢᠶᠣᠤᠾᠧ ᠭᠤᠣᠯ᠂ ᠰᠢᠨ ᠺᠠᠶ ᠾᠧ ᠭᠤᠣᠯ᠂ ᠨᠠᠷᠢᠳ ᠤᠨ ᠭᠤᠣᠯ᠂ ᠳ᠋ᠠ ᠯᠢᠩ ᠾᠧ ᠭᠤᠣᠯ᠂ ᠳᠠᠯᠠᠶᠢᠨᠠᠭᠤᠷ᠂ ᠰᠢᠯᠢ ᠶᠢᠨ ᠭᠤᠣᠯ᠂  ᠯᠤᠤᠬ᠎ᠠ ᠶᠢᠨ ᠭᠤᠣᠯ᠂ ᠯᠤᠸᠠᠨᠾᠧ ᠭᠤᠣᠯ ᠵᠡᠷᠭᠡ ᠨᠠᠢᠮᠠᠨ ᠶᠡᠭᠡ ᠤᠰᠤᠨ ᠰᠢᠰᠲ᠋ᠧᠮ ᠢ ᠪᠦᠷᠢᠯᠳᠦᠭᠦᠯᠦᠭᠰᠡᠨ ᠪᠠᠶᠢᠨ᠎ᠠ᠃ ᠪᠥᠬᠦ ᠬᠤᠲᠠ ᠳᠤ ᠶᠡᠭᠡ ᠪᠠᠭ᠎ᠠ ᠨᠠᠭᠤᠷ 128 ᠪᠠᠶᠢᠵᠤ᠂ ᠡᠭᠦᠨ ᠳᠤ ᠲᠠᠯᠠᠪᠠᠶ ᠨᠢ 1 ᠲᠡᠭᠰᠢ ᠳᠥᠷᠪᠡᠯᠵᠢᠨ ᠺᠢᠯᠣᠮᠧᠲᠷ ᠵᠢᠴᠢ ᠲᠡᠭᠦᠨ ᠠᠴᠠ ᠳᠡᠭᠡᠭᠰᠢᠬᠢ ᠨᠠᠭᠤᠷ ᠴᠥᠭᠦᠷᠥᠮ 12 ᠪᠣᠶ᠃ ᠲᠠᠯᠠᠪᠠᠶ ᠪᠠᠷ ᠬᠠᠮᠤᠭ ᠤᠨ ᠶᠡᠭᠡ ᠳᠠᠯᠠᠶᠢᠨᠠᠭᠤᠷ ᠨᠠᠭᠤᠷ ᠪᠣᠯ ᠰᠤᠳᠠ ᠮᠠᠶ᠋ᠢᠭ ᠤᠨ ᠬᠠᠭᠠᠰ ᠱᠣᠷᠪᠣᠭ ᠨᠠᠭᠤᠷ ᠪᠣᠯᠤᠨ᠎ᠠ᠂ ᠬᠠᠮᠤᠭ ᠤᠨ ᠶᠡᠭᠡ ᠵᠣᠬᠢᠶᠠᠮᠠᠯ ᠨᠠᠭᠤᠷ ᠪᠣᠯ ᠬᠤᠩᠱᠠᠨ ᠤᠰᠤᠨ ᠴᠥᠭᠦᠷᠥᠮ ᠪᠣᠯᠤᠨ᠎ᠠ᠂ ᠪᠠᠭᠲᠠᠭᠠᠮᠵᠢ ᠨᠢ 25.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠭᠥᠷᠳᠡᠭ᠃ ᠡᠭᠦᠨ ᠠᠴᠠ ᠪᠤᠰᠤᠳ ᠨᠡᠯᠢᠶᠡᠳ ᠨᠡᠷᠡᠲᠡᠶ ᠨᠢ ᠴᠡᠭᠡᠨᠨᠠᠭᠤᠷ᠂ ᠪᠦᠷᠢᠳᠦᠨ ᠨᠠᠭᠤᠷ᠂ ᠳ᠋ᠠᠯᠠᠬ᠎ᠠ ᠨᠠᠭᠤᠷ᠂ ᠰᠢᠶᠣᠣ ᠾᠧ ᠶᠠᠨ ᠨᠠᠭᠤᠷ ᠵᠡᠷᠭᠡ ᠪᠣᠯᠤᠨ᠎ᠠ᠃      ᠳᠠᠯᠠᠶᠢᠨᠠᠭᠤᠷ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠶᠡᠭᠡ ᠨᠠᠭᠤᠷ ᠪᠣᠯᠤᠨ᠎ᠠ᠂ ᠲᠠᠯᠠᠪᠠᠢ ᠨᠢ 258 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳᠤᠮᠳᠠᠴᠢ ᠤᠰᠤᠨ ᠤ ᠭᠦᠨ ᠨᠢ 10 ᠮᠧᠲᠷ ᠪᠣᠯᠤᠨ᠎ᠠ᠃ ᠨᠠᠭᠤᠷ ᠲᠤ ᠶᠠᠯᠦ ᠵᠢᠭᠠᠰᠤ ᠡᠯᠪᠡᠭ ᠭᠠᠷᠳᠠᠭ᠃ ᠳᠠᠯᠠᠶᠢᠨᠠᠭᠤᠷ ᠢᠶᠠᠷ ᠲᠥᠪ ᠪᠣᠯᠭᠠᠭᠰᠠᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠪᠠ᠃ ᠲᠣᠰ ᠬᠠᠮᠠᠭᠠᠯᠠᠯᠲᠠ ᠶᠢᠨ ᠣᠷᠣᠨ ᠪᠣᠯ ᠬᠤᠪᠣᠷ ᠴᠤᠬᠠᠭ ᠰᠢᠪᠠᠭᠤᠨ ᠤ ᠲᠥᠷᠥᠯ ᠵᠢᠴᠢ ᠰᠢᠪᠠᠭᠤᠨ ᠤ ᠲᠥᠷᠥᠯ ᠤᠨ ᠲᠦᠰᠢᠭᠯᠡᠨ ᠠᠮᠢᠳᠤᠷᠠᠵᠤ ᠪᠠᠶᠢᠭ᠎ᠠ ᠨᠠᠭᠤᠷ ᠴᠥᠭᠦᠷᠥᠮ᠂ ᠴᠢᠭᠢᠭᠯᠢᠭ ᠭᠠᠵᠠᠷ᠂ ᠨᠤᠲᠤᠭ ᠪᠡᠯᠴᠢᠭᠡᠷ᠂ ᠣᠶᠢᠲᠤ ᠭᠠᠵᠠᠷ ᠵᠡᠷᠭᠡ ᠣᠯᠠᠨ ᠶᠠᠩᠵᠤ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠᠷ ᠭᠤᠤᠯ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠶ ᠬᠠᠮᠠᠭᠠᠯᠠᠯᠲᠠ ᠶᠢᠨ ᠣᠷᠣᠨ ᠪᠣᠯᠤᠨ᠎ᠠ᠃ ᠬᠠᠮᠠᠭᠠᠯᠠᠯᠲᠠ ᠶᠢᠨ ᠣᠷᠣᠨ ᠳᠤ 16 ᠪᠠᠭ ᠤᠨ 33 ᠢᠵᠡᠭᠤᠷ ᠤᠨ 134 ᠳᠥᠷᠰᠦ ᠶᠢᠨ ᠰᠢᠪᠠᠭᠤᠨ ᠤ ᠲᠥᠷᠥᠯ ᠣᠷᠣᠰᠢᠨ ᠠᠮᠢᠳᠤᠷᠠᠵᠤ ᠪᠣᠶ ᠂ ᠡᠭᠦᠨ ᠳᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 23 ᠳᠦᠷᠰᠦ ᠪᠠᠶᠢᠵᠤ᠂ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠤᠨ ᠰᠣᠳᠣᠨ ᠭᠠᠵᠠᠷ ᠪᠣᠯᠤᠨ᠎ᠠ᠃       ᠤᠯᠠᠭᠠᠨᠬᠠᠳᠠ ᠬᠤᠲᠠ ᠶᠢᠨ ᠭᠠᠵᠠᠷ ᠤᠨ ᠪᠠᠶᠢᠴᠠ᠂ ᠠᠭᠤᠷ ᠠᠮᠢᠰᠬᠤᠯ ᠵᠢᠴᠢ ᠤᠰᠤᠨ ᠤ ᠭᠠᠵᠠᠷ ᠰᠢᠨᠵᠢᠯᠡᠭᠡᠨ ᠤ ᠨᠥᠬᠦᠴᠡᠯ ᠤᠨ ᠪᠤᠳᠤᠯᠢᠶᠠᠨᠲᠤ ᠴᠢᠨᠠᠷ ᠨᠢ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ ᠤᠨ ᠣᠯᠠᠨ ᠶᠠᠩᠵᠤᠲᠤ ᠴᠢᠨᠠᠷ ᠢ ᠲᠣᠭᠲᠠᠭᠠᠵᠤ᠂ ᠤᠯᠠᠭᠠᠨᠬᠠᠳᠠ ᠬᠤᠲᠠ ᠨᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠵᠢᠴᠢ ᠮᠣᠩᠭᠤᠯ ᠤᠷᠭᠤᠮᠠᠯ ᠤᠨ ᠣᠷᠣᠨᠵᠢᠯ ᠤᠨ ᠠᠭᠤᠯᠵᠠᠷ ᠣᠷᠣᠨ ᠳᠤ ᠣᠷᠣᠰᠢᠵᠤ᠂ ᠡᠯ᠎ᠡ ᠤᠷᠭᠤᠮᠠᠯ ᠤᠨ ᠣᠷᠣᠨᠵᠢᠯ ᠨᠢ ᠬᠤᠲᠠ ᠶᠢᠨ ᠬᠢᠯᠢ ᠳᠣᠲᠣᠷ᠎ᠠ ᠬᠠᠷᠢᠯᠴᠠᠨ ᠠᠭᠤᠰᠤᠯᠴᠠᠵᠤ᠂ ᠤᠷᠭᠤᠮᠠᠯ ᠤᠨ ᠬᠤᠴᠢᠯᠭ᠎ᠠ ᠶᠢᠨ ᠪᠦᠷᠢᠯᠳᠦᠬᠦᠨ ᠨᠢ ᠪᠤᠳᠤᠯᠢᠶᠠᠨᠲᠠᠶ ᠪᠥᠭᠡᠳ ᠪᠠᠰᠠ ᠵᠣᠬᠢᠬᠤ ᠰᠢᠯᠵᠢᠯᠲᠡ ᠶᠢᠨ ᠴᠢᠨᠠᠷᠲᠠᠶ ᠪᠠᠶᠢᠳᠠᠭ᠃ ᠭᠤᠣᠯ ᠪᠣᠯᠬᠤ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ ᠢ ᠣᠶ ᠰᠢᠭᠤᠶ᠂ ᠰᠥᠭᠡᠭ ᠤᠨ ᠬᠡᠭᠡᠷ᠎ᠡ ᠲᠠᠯ᠎ᠠ᠂ ᠨᠤᠭᠤ ᠶᠢᠨ ᠬᠡᠭᠡᠷ᠎ᠡ ᠲᠠᠯ᠎ᠠ᠂ ᠬᠠᠭᠤᠷᠠᠶ ᠬᠡᠭᠡᠷ᠎ᠡ ᠲᠠᠯ᠎ᠠ᠂ ᠨᠤᠭᠤ ᠭᠠᠵᠠᠷ᠂ ᠨᠠᠮᠤᠭ ᠭᠠᠵᠠᠷ᠂ ᠡᠯᠡᠰᠦᠨ ᠤᠷᠭᠤᠮᠠᠯ ᠭᠡᠵᠦ ᠬᠤᠪᠢᠶᠠᠵᠤ ᠪᠣᠯᠤᠨ᠎ᠠ᠃ ᠤᠯᠠᠭᠠᠨᠬᠠᠳᠠ ᠶᠢᠨ ᠡᠮᠦᠨᠡᠲᠦ ᠬᠡᠰᠡᠭ ᠤᠨ ᠭᠠᠵᠠᠷ ᠣᠷᠣᠨ ᠳᠤ ᠤᠮᠠᠷᠠᠲᠤ ᠣᠷᠣᠨ ᠤ ᠤᠷᠭᠤᠮᠠᠯ ᠤᠨ ᠲᠦᠷᠦᠯ ᠵᠦᠢᠯ ᠤᠯᠠᠨ ᠪᠠᠶᠢᠵᠤ᠂ ᠵᠡᠭᠦᠨ ᠬᠡᠰᠡᠭ ᠤᠨ ᠭᠠᠵᠠᠷ ᠣᠷᠣᠨ ᠳᠤ ᠵᠡᠭᠦᠨ ᠬᠤᠶᠢᠲᠤ ᠶᠢᠨ ᠤᠷᠭᠤᠮᠠᠯ ᠤᠨ ᠲᠦᠷᠦᠯ ᠵᠦᠢᠯ ᠤᠯᠠᠨ ᠪᠠᠶᠢᠵᠤ᠂ ᠬᠤᠶᠢᠲᠤ ᠬᠡᠰᠡᠭ ᠤᠨ ᠭᠠᠵᠠᠷ ᠣᠷᠣᠨ ᠳᠤ ᠶᠡᠭᠡ ᠬᠢᠩᠭᠠᠨ ᠳᠠᠪᠠᠭ᠎ᠠ ᠶᠢᠨ ᠤᠷᠭᠤᠮᠠᠯ ᠤᠨ ᠲᠦᠷᠦᠯ ᠵᠦᠢᠯ ᠤᠯᠠᠨ ᠪᠠᠶᠢᠳᠠᠭ᠃ ᠤᠯᠠᠭᠠᠨᠬᠠᠳᠠ ᠶᠢᠨ ᠭᠠᠵᠠᠷ ᠵᠦᠢ ᠶᠢᠨ ᠪᠠᠶᠢᠷᠢᠯᠠᠯ ᠨᠢ ᠣᠨᠴᠠᠭᠠᠢ᠂ ᠡᠮᠦᠨᠡᠲᠦ ᠤᠮᠠᠷᠠᠲᠤ ᠶᠢᠨ ᠠᠭᠤᠷ ᠠᠮᠢᠰᠬᠤᠯ ᠤᠨ ᠵᠥᠷᠢᠶ᠎ᠡ ᠨᠡᠯᠢᠶᠡᠳ ᠶᠡᠭᠡ᠂ ᠬᠡᠭᠡᠷ᠎ᠡ ᠶᠢᠨ ᠤᠷᠭᠤᠮᠠᠯ ᠤᠨ ᠲᠦᠷᠦᠯ ᠵᠦᠢᠯ ᠤᠯᠠᠨ᠂ ᠡᠬᠢ ᠪᠠᠶᠠᠯᠢᠭ ᠡᠯᠪᠡᠭ ᠪᠠᠶᠢᠳᠠᠭ᠃ ᠪᠦᠬᠦ ᠬᠤᠲᠠ ᠳᠤ ᠨᠡᠶᠢᠲᠡ 1863 ᠲᠥᠷᠦᠯ ᠤᠨ ᠬᠡᠭᠡᠷ᠎ᠡ ᠶᠢᠨ ᠤᠷᠭᠤᠮᠠᠯ ᠲᠠᠢ᠂ ᠡᠭᠦᠨ ᠤ ᠳᠣᠲᠣᠷ᠎ᠠ 586 ᠲᠥᠷᠦᠯ ᠨᠢ ᠬᠡᠭᠡᠷ᠎ᠡ ᠶᠢᠨ ᠡᠮ ᠳᠤ ᠬᠡᠷᠡᠭᠯᠡᠬᠦ ᠦᠨ᠎ᠡ ᠥᠷᠲᠡᠭ ᠲᠠᠢ᠂ 739 ᠲᠥᠷᠦᠯ ᠤᠨ ᠤᠷᠭᠤᠮᠠᠯ ᠨᠢ ᠲᠡᠵᠢᠭᠡᠯ ᠪᠣᠷᠳᠤᠭ᠎ᠠ ᠶᠢᠨ ᠦᠨ᠎ᠡ ᠥᠷᠲᠡᠭ ᠲᠠᠢ᠃       ᠭᠠᠵᠠᠷ ᠰᠢᠷᠣᠶ ᠶᠢᠨ ᠡᠬᠢ ᠪᠠᠶᠠᠯᠢᠭ᠄ ᠥᠪᠥᠷ ᠮᠣᠩᠭᠤᠯ ‍ᠤᠨ‌ᠥᠨᠳᠦᠷᠯᠢᠭ ᠲᠠᠯ᠎ᠠ ᠭᠠᠵᠠᠷ ᠠᠴᠠ ᠰᠤᠩᠭᠠᠷᠢ ᠮᠥᠷᠡᠨ ᠬᠢᠭᠡᠳ ᠯᠢᠶᠣᠤᠾᠧ ᠭᠤᠣᠯ ᠤᠨ ᠲᠠᠯ᠎ᠠ ᠭᠠᠵᠠᠷ ᠲᠡᠶᠢᠰᠢ ᠰᠢᠯᠵᠢᠬᠦ ᠰᠢᠯᠵᠢᠯᠲᠡ ᠶᠢᠨ ᠣᠷᠣᠨ ᠪᠦᠰᠡ ᠳᠤ ᠣᠷᠣᠰᠢᠵᠤ᠂ ᠤᠮᠠᠷᠠᠲᠤ ᠬᠡᠰᠡᠭ ᠨᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠡᠰᠡᠭ ᠤᠨ ᠠᠭᠤᠯᠠᠷᠬᠠᠭ ᠭᠠᠵᠠᠷ ᠪᠠᠶᠢᠵᠤ᠂ ᠶᠠᠨᠱᠠᠨ ᠠᠭᠤᠯᠠ ᠶᠢᠨ ᠰᠢᠰᠲ᠋ᠧᠮ ᠤᠨ ᠴᠢᠯᠠᠭᠤᠲᠤ ᠠᠭᠤᠯᠠ ᠨᠢ ᠪᠠᠷᠠᠭᠤᠨ ᠬᠡᠰᠡᠭ ᠳᠤ ᠪᠠᠶᠢᠵᠤ᠂ ᠨᠢᠷᠤᠭᠤ ᠬᠠᠷᠠᠯᠠᠭ ᠠᠭᠤᠯᠠ ᠨᠢ ᠵᠡᠭᠦᠨ ᠡᠮᠦᠨ᠎ᠡ ᠲᠠᠯ᠎ᠠ ᠳᠤ ᠪᠠᠶᠢᠵᠤ᠂ ᠭᠤᠷᠪᠠᠨ ᠲᠠᠯ᠎ᠠ ᠪᠠᠷ ᠢᠶᠠᠨ ᠠᠭᠤᠯᠠ ᠬᠦᠷᠢᠶᠡᠯᠡᠭᠰᠡᠨ ᠬᠠᠭᠠᠰ ᠬᠦᠷᠢᠶᠡᠯᠡᠭᠰᠡᠨ ᠪᠠᠶᠢᠳᠠᠯ ᠪᠦᠷᠢᠯᠳᠦᠵᠦ᠂ ᠭᠠᠵᠠᠷ ᠤᠨ ᠪᠠᠶᠢᠴᠠ ᠨᠢ ᠪᠠᠷᠠᠭᠤᠨ ᠢᠶᠠᠨ ᠥᠨᠳᠥᠷ ᠵᠡᠭᠦᠨ ᠢᠶᠠᠨ ᠳᠣᠣᠷ᠎ᠠ᠂ ᠳᠠᠯᠠᠶ ᠶᠢᠨ ᠲᠦᠪᠰᠢᠨ ᠠᠴᠠ ᠶᠡᠷᠦ ᠳᠡᠭᠡᠨ 500 ~ 1500 ᠮᠧᠲᠷ ᠥᠨᠳᠦᠷ ᠪᠠᠶᠢᠵᠤ᠂ ᠳᠠᠯᠠᠶ ᠶᠢᠨ ᠲᠦᠪᠰᠢᠨ ᠠᠴᠠ ᠬᠠᠮᠤᠭ ᠥᠨᠳᠥᠷ ᠲᠡᠭᠡᠨ 2067 ᠮᠧᠲᠷ ᠪᠣᠯᠤᠨ᠎ᠠ᠃ ᠭᠠᠵᠠᠷ ᠤᠨ ᠭᠠᠳᠠᠷᠭᠤ ᠶᠢᠨ ᠬᠡᠯᠪᠡᠷᠢ ᠶᠢ ᠠᠭᠤᠯᠠᠷᠬᠠᠭ ᠭᠠᠵᠠᠷ᠂ ᠥᠨᠳᠦᠷᠯᠢᠭ ᠲᠠᠯ᠎ᠠ ᠭᠠᠵᠠᠷ᠂ ᠬᠠᠶᠢᠯᠤᠮᠠᠯ ᠴᠢᠯᠠᠭᠤᠯᠢᠭ ᠤᠨ ᠳᠡᠨᠵᠢ ᠭᠠᠵᠠᠷ᠂ ᠪᠣᠭᠤᠨᠢ ᠠᠭᠤᠯᠠ ᠳᠣᠪᠣᠷᠬᠠᠭ᠂ ᠡᠯᠡᠰᠦᠨ ᠳᠣᠪᠣᠴᠠᠭ ᠤᠨ ᠲᠠᠯ᠎ᠠ ᠭᠠᠵᠠᠷ ᠭᠡᠵᠦ ᠬᠤᠪᠢᠶᠠᠵᠤ ᠪᠠᠶᠢᠳᠠᠭ᠃       ᠤᠯᠠᠭᠠᠨᠬᠠᠳᠠ ᠬᠤᠳᠠ ᠶᠢᠨ ᠬᠥᠷᠥᠰᠥ ᠰᠢᠷᠣᠢ ᠶᠢᠨ ᠶᠡᠷᠦᠩᠬᠡᠢ ᠲᠠᠯᠠᠪᠠᠢ 13306 ᠲᠦᠮᠡᠨ ᠮᠦ᠃ ᠨᠡᠶᠢᠲᠡ 17 ᠲᠥᠷᠥᠯ᠂ 39 ᠳᠡᠳ᠋ ᠲᠥᠷᠥᠯ᠂ 142 ᠰᠢᠷᠣᠶ ᠶᠢᠨ ᠲᠥᠷᠥᠯ ᠭᠡᠵᠦ ᠬᠤᠪᠢᠶᠠᠳᠠᠭ᠃ ᠤᠯᠠᠪᠤᠷ ᠬᠥᠷᠥᠰᠥ᠂ ᠬᠠᠷᠠᠪᠲᠤᠷ ᠤᠯᠠᠪᠤᠷ ᠬᠥᠷᠥᠰᠥ᠂ ᠪᠤᠳᠤᠩᠭᠤᠶ ᠣᠶ ᠰᠢᠭᠤᠶ ᠶᠢᠨ ᠬᠥᠷᠥᠰᠥ ᠪᠣᠯ ᠤᠯᠠᠭᠠᠨᠬᠠᠳᠠ ᠬᠤᠲᠠ ᠶᠢᠨ ᠬᠢᠯᠢ ᠳᠣᠲᠣᠷᠠᠬᠢ ᠭᠤᠤᠯ ᠪᠣᠯᠬᠤ ᠠᠭᠤᠯᠠᠷᠬᠠᠭ ᠭᠠᠵᠠᠷ ᠤᠨ ᠬᠥᠷᠥᠰᠥ ᠰᠢᠷᠣᠶ ᠪᠠᠶᠢᠵᠤ᠂ ᠪᠥᠬᠦ ᠬᠤᠲᠠ ᠶᠢᠨ ᠬᠥᠷᠥᠰᠥ ᠰᠢᠷᠣᠶ ᠶᠢᠨ ᠶᠡᠷᠦᠩᠬᠡᠶ ᠲᠠᠯᠠᠪᠠᠶ ᠶᠢᠨ 14.5%᠎ ᠶᠢ ᠡᠵᠡᠯᠡᠨ᠎ᠡ᠃       ᠤᠰᠤᠨ ᠤ ᠡᠬᠢ ᠪᠠᠶᠠᠯᠢᠭ᠄ ᠤᠯᠠᠭᠠᠨᠬᠠᠳᠠ ᠬᠤᠲᠠ ᠪᠣᠯ ᠯᠢᠶᠣᠤᠾᠧ ᠭᠤᠤᠯ ᠤᠨ ᠰᠠᠪᠠ ᠭᠠᠵᠠᠷ ᠤᠨ ᠬᠠᠮᠤᠭ ᠤᠨ ᠳᠡᠭᠡᠳᠦ ᠤᠷᠤᠰᠬᠠᠯ ᠳᠤ ᠪᠠᠶᠢᠷᠢᠯᠠᠵᠤ᠂ ᠪᠠᠷᠠᠭᠤᠨ ᠯᠢᠶᠣᠤᠾᠧ ᠭᠤᠤᠯ ᠤᠨ ᠰᠠᠪᠠ ᠭᠠᠵᠠᠷ ᠤᠨ ᠭᠤᠤᠯ ᠤᠷᠤᠰᠬᠠᠯ ᠤᠨ ᠣᠷᠣᠨ ᠪᠣᠯᠤᠨ᠎ᠠ᠃ ᠪᠦᠬᠦ ᠬᠤᠲᠠ ᠶᠢᠨ ᠣᠯᠠᠨ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 380 ᠮᠢᠯᠢᠮᠧᠲᠷ ᠪᠠᠶᠢᠵᠤ᠂ ᠦᠶᠡᠷ ᠤᠨ ᠬᠤᠭᠤᠴᠠᠭᠠᠨ ᠤ ᠲᠤᠨᠳᠠᠰᠤ ᠨᠢ ᠪᠦᠬᠦ ᠵᠢᠯ ᠤᠨ 80%᠎ ᠠᠴᠠ ᠳᠡᠭᠡᠭᠰᠢᠬᠢ ᠶᠢ ᠡᠵᠡᠯᠡᠵᠦ᠂ ᠣᠯᠠᠨ ᠵᠢᠯ ᠤᠨ ᠳᠤᠮᠳᠠᠴᠢ ᠠᠭᠤᠷᠰᠢᠯᠲᠠ ᠶᠢᠨ ᠬᠡᠮᠵᠢᠶ᠎ᠡ ᠨᠢ 1600 ~ 2500 ᠮᠢᠯᠢᠮᠧᠲᠷ ᠪᠣᠯᠤᠨ᠎ᠠ᠃ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 38.98 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ ᠤᠰᠤᠨ ᠤ ᠡᠬᠢ ᠪᠠᠶᠠᠯᠢᠭ ᠤᠨ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠤᠰᠤᠨ ᠤ ᠬᠡᠮᠵᠢᠶ᠎ᠡ 851 ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠦᠬᠦ ᠤᠯᠤᠰ ᠤᠨ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠬᠡᠮᠵᠢᠶᠡᠨ ᠤ 40% ᠪᠠᠶᠢᠵᠤ᠂ ᠣᠯᠠᠨ ᠤᠯᠤᠰ ᠤᠨ ᠨᠡᠶᠢᠲᠡ ᠪᠠᠷ ᠮᠡᠳᠡᠷᠡᠭᠰᠡᠨ ᠬᠥᠮᠦᠨ ᠪᠦᠷᠢ ᠳᠤ ᠨᠣᠭᠳᠠᠬᠤ ᠤᠰᠤᠨ ᠤ ᠡᠬᠢ ᠪᠠᠶᠠᠯᠢᠭ ᠤᠨ ᠬᠡᠮᠵᠢᠶ᠎ᠡ 1700 ᠪᠣᠰᠤᠭ᠎ᠠ ᠳᠥᠷᠪᠡᠯᠵᠢᠨ ᠮᠧᠲᠷ ᠤᠨ ᠰᠡᠷᠭᠡᠶᠢᠯᠡᠯᠲᠡ ᠶᠢᠨ ᠱᠤᠭᠤᠮ ᠠᠴᠠ ᠬᠤᠯᠠ ᠳᠣᠣᠷ᠎ᠠ ᠪᠠᠶᠢᠵᠤ᠂ ᠨᠡᠶᠢᠲᠡᠯᠢᠭ ᠴᠢᠨᠠᠷᠲᠠᠶ ᠤᠰᠤᠨ ᠤ ᠡᠬᠢ ᠪᠠᠶᠠᠯᠢᠭ ᠳᠤᠲᠠᠮᠠᠭ ᠭᠠᠵᠠᠷ ᠣᠷᠣᠨ ᠳᠤ ᠬᠠᠷᠢᠶᠠᠯᠠᠭᠳᠠᠨ᠎ᠠ᠃       ᠬᠡᠭᠡᠷ᠎ᠡ ᠶᠢᠨ ᠠᠮᠢᠳᠤ ᠪᠣᠳᠠᠰ ᠤᠨ ᠡᠬᠢ ᠪᠠᠶᠠᠯᠢᠭ᠄ ᠣᠲᠣ ᠪᠣᠯᠲᠠᠯ᠎ᠠ᠂ ᠪᠥᠬᠦ ᠬᠤᠲᠠ ᠳᠤ ᠨᠡᠶᠢᠲᠡ 497 ᠲᠥᠷᠦᠯ ᠤᠨ ᠰᠡᠭᠡᠷᠲᠡᠨ ᠠᠮᠢᠲᠠᠨ ᠢ ᠪᠠᠶᠢᠴᠠᠭᠠᠨ ᠳᠣᠲᠣᠯᠠᠵᠠᠶ᠂ ᠡᠭᠦᠨ ᠳᠤ ᠵᠢᠭᠠᠰᠤᠨ ᠤ ᠲᠥᠷᠥᠯ 37 ᠵᠦᠢᠯ᠂ ᠬᠤᠶᠠᠷ ᠨᠤᠲᠤᠭᠲᠠᠨ 5 ᠵᠦᠢᠯ᠂ ᠮᠥᠯᠬᠦᠭᠴᠢ ᠲᠥᠷᠥᠯ 15 ᠵᠦᠢᠯ᠂ ᠬᠥᠬᠦᠲᠡᠨ ᠤ ᠲᠥᠷᠥᠯ 63 ᠵᠦᠢᠯ᠂ ᠰᠢᠪᠠᠭᠤᠨ ᠤ ᠲᠥᠷᠥᠯ 377 ᠵᠦᠢᠯ ᠪᠣᠶ᠃ ᠡᠭᠦᠨ ᠳᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ 72 ᠵᠦᠢᠯ ᠪᠣᠶ᠂ ᠡᠭᠦᠨ ᠳᠤ ᠤᠯᠤᠰ ᠤᠨ Ⅰ ᠲᠠᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 11 ᠵᠦᠢᠯ᠂ ᠤᠯᠤᠰ ᠤᠨ Ⅱ ᠲᠠᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 54 ᠵᠦᠢᠯ ᠪᠠᠭᠲᠠᠨ᠎ᠠ᠃ ᠬᠢᠯᠢ ᠳᠣᠲᠣᠷᠠᠬᠢ ᠯᠤᠤᠬ᠎ᠠ ᠶᠢᠨ ᠭᠤᠣᠯ ᠪᠣᠯᠤᠨ ᠰᠢᠷᠠᠮᠥ᠋ᠷᠦᠨ ᠭᠤᠣᠯ ᠤᠨ ᠡᠷᠭᠢ ᠳᠠᠭᠠᠤ ᠶᠢᠨ ᠨᠦᠢᠲᠠᠨ ᠭᠠᠵᠠᠷ᠂ ᠬᠤᠩᠱᠠᠨ ᠤᠰᠤᠨ ᠴᠥᠭᠦᠷᠥᠮ᠂ ᠳᠠᠯᠠᠶᠢᠨᠠᠭᠤᠷ᠂ ᠵᠡᠭᠡᠰᠦᠲᠡᠢ ᠵᠡᠷᠭᠡ ᠳᠣᠲᠣᠭᠠᠳᠤ ᠬᠠᠭᠤᠷᠠᠢ ᠶᠢᠨ ᠨᠠᠭᠤᠷ ᠤᠨ ᠨᠦᠢᠲᠠᠨ ᠭᠠᠵᠠᠷ ᠪᠣᠯᠤᠨ ᠲᠠᠯ᠎ᠠ ᠭᠠᠵᠠᠷ ᠤᠨ ᠣᠷᠣᠨ ᠪᠣᠯ ᠲᠣᠭᠤᠷᠤᠤ ᠶᠢᠨ ᠲᠦᠷᠦᠯ᠂ ᠲᠣᠭᠤᠳᠠᠭ᠂ ᠬᠤᠨ ᠭᠠᠯᠠᠭᠤ᠂ ᠭᠠᠯᠠᠭᠤ ᠨᠤᠭᠤᠰᠤᠨ ᠤ ᠲᠦᠷᠦᠯ ᠤᠨ ᠨᠡᠭᠦᠳᠡᠯ ᠤᠨ ᠰᠢᠪᠠᠭᠤᠨ ᠤ ᠨᠡᠭᠦᠳᠡᠯᠯᠡᠬᠦ ᠵᠠᠮ ᠪᠠ ᠦᠷᠲᠡᠭᠡ ᠪᠣᠯᠤᠨ᠎ᠠ᠃ ᠡᠭᠦᠨ ᠳᠤ ᠭᠠᠯᠠᠭᠤ ᠨᠤᠭᠤᠰᠤᠨ ᠤ ᠲᠥᠷᠥᠯ ᠤᠨ ᠨᠡᠭᠦᠳᠡᠯ ᠤᠨ ᠰᠢᠪᠠᠭᠤ ᠪᠣᠯ ᠤᠯᠠᠭᠠᠨᠬᠠᠳᠠ ᠬᠤᠲᠠ ᠶᠢᠨ ᠨᠡᠭᠦᠳᠡᠯ ᠤᠨ ᠰᠢᠪᠠᠭᠤ ᠶᠢ ᠦᠷᠡᠵᠢᠭᠦᠯᠬᠦ ᠭᠤᠤᠯ ᠴᠣᠭᠴᠠ ᠮᠥᠨ᠂ ᠨᠡᠭᠦᠳᠡᠯ ᠤᠨ ᠤᠯᠠᠷᠢᠯ ᠳᠤ᠂ ᠵᠥᠪᠬᠡᠨ ᠳᠠᠯᠠᠶᠢᠨᠠᠭᠤᠷ ᠲᠤ 7 ᠲᠦᠮᠡ ᠭᠠᠷᠤᠶ ᠬᠤᠨ ᠭᠠᠯᠠᠭᠤ ᠵᠣᠭᠰᠣᠵᠤ᠂ ᠬᠤᠨ ᠭᠠᠯᠠᠭᠤ ᠪᠠ ᠬᠠᠯᠢᠭᠤᠨ ᠭᠠᠯᠠᠭᠤ ᠡᠯ᠎ᠡ ᠨᠠᠭᠤᠷ ᠨᠠᠮᠤᠭ ᠲᠤ ᠶᠡᠭᠡ ᠬᠡᠮᠵᠢᠶ᠎ᠡ ᠪᠠᠷ ᠣᠷᠣᠰᠢᠨ ᠠᠮᠢᠳᠤᠷᠠᠳᠠᠭ᠃ ᠥᠷᠭᠡᠨ ᠠᠭᠤᠳᠠᠮ ᠡᠭᠦᠰᠦᠮᠡᠯ ᠣᠶ ᠶᠢᠨ ᠣᠷᠣᠨ ᠪᠣᠯ ᠳᠣᠭᠰᠢᠨ ᠵᠢᠭᠦᠷᠲᠡᠨ ᠤ ᠦᠷᠡᠵᠢᠳᠡᠭ ᠭᠠᠵᠠᠷ ᠪᠣᠯᠤᠨ᠎ᠠ᠃       ᠤᠯᠠᠭᠠᠨᠬᠠᠳᠠ ᠬᠤᠲᠠ ᠪᠣᠯ ᠶᠡᠭᠡ ᠬᠢᠩᠭᠠᠨ ᠳᠠᠪᠠᠭ᠎ᠠ ᠪᠠ ᠤᠮᠠᠷᠠᠲᠤ ᠣᠷᠣᠨ ᠤ ᠭᠠᠵᠠᠷ ᠤᠨ ᠳᠡᠨᠵᠢ ᠶᠢᠨ ᠬᠤᠶᠢᠲᠤ ᠵᠠᠬ᠎ᠠ ᠶᠢᠨ ᠬᠤᠶᠠᠷ ᠲᠣᠮᠣ ᠲᠡᠮᠦᠷᠯᠢᠭ ᠢᠶᠠᠷ ᠪᠦᠲᠦᠭᠰᠡᠨ ᠠᠭᠤᠷᠬᠠᠶ ᠶᠢᠨ ᠪᠦᠰᠡ ᠶᠢ ᠰᠤᠨᠳᠠᠯᠠᠵᠤ᠂ ᠤᠯᠤᠰ ᠤᠨ ᠳᠣᠲᠣᠭᠠᠳᠤ ᠶᠢᠨ ᠴᠢᠬᠤᠯᠠ ᠦᠨᠡᠲᠦ ᠲᠡᠮᠦᠷᠯᠢᠭ ᠪᠠ ᠥᠩᠭᠡᠲᠦ ᠲᠡᠮᠦᠷᠯᠢᠭ ᠤᠨ ᠰᠠᠭᠤᠷᠢᠨ ᠭᠠᠵᠠᠷ ᠤᠨ ᠨᠢᠭᠡ ᠪᠣᠯᠤᠨ᠎ᠠ᠃ 2010 ᠣᠨ ᠳᠤ᠂ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ᠤᠯᠠᠭᠠᠨᠬᠠᠳᠠ ᠬᠤᠲᠠ ᠶᠢ ︽ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠨᠤᠲᠤᠭ︾ ᠭᠡᠵᠦ ᠨᠡᠷᠡᠶᠢᠳᠴᠦ᠂ ᠪᠥᠬᠦ ᠤᠯᠤᠰ ᠤᠨ ᠴᠣᠷ ᠤᠨ ᠭᠠᠭᠴᠠ ᠲᠣᠰ ᠢᠷᠠᠭᠤ ᠠᠯᠳᠠᠷ ᠢ ᠭᠥᠷᠳᠡᠭᠰᠡᠨ ᠣᠷᠣᠨ ᠤ ᠲᠠᠰ ᠤᠨ ᠬᠤᠲᠠ ᠪᠣᠯᠤᠭᠰᠠᠨ ᠪᠠᠶᠢᠨ᠎ᠠ᠃ ᠲᠤᠰᠬᠠᠶ ᠮᠡᠷᠭᠡᠵᠢᠯᠲᠡᠨ ᠤ ᠵᠢᠱᠢᠬᠦ ᠪᠠᠷ᠂ ᠮᠠᠨ ᠤ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠠᠯᠤᠰ ᠬᠡᠲᠦ ᠶᠢᠨ ᠬᠠᠳᠠᠭᠠᠯᠠᠭᠳᠠᠴᠠ ᠶᠢᠨ ᠳᠠᠯᠳᠠ ᠥᠷᠲᠡᠭ ᠨᠢ 5 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠨ᠎ᠠ᠃ ᠣᠳᠣᠬᠠᠨ ᠳᠤ᠂ ᠪᠥᠬᠦ ᠬᠤᠲᠠ ᠳᠤ ᠨᠢᠭᠡᠨᠲᠡ 83 ᠲᠥᠷᠦᠯ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ 1600 ᠭᠠᠷᠤᠶ ᠠᠭᠤᠷᠬᠠᠶ ᠶᠢᠨ ᠭᠠᠷᠤᠯᠲᠠ ᠶᠢᠨ ᠣᠷᠣᠨ ᠢ ᠢᠯᠡᠷᠡᠭᠦᠯᠵᠦ᠂ ᠭᠤᠤᠯ ᠪᠣᠯᠬᠤ ᠠᠭᠤᠷᠬᠠᠶ ᠶᠢᠨ ᠭᠠᠷᠤᠯᠲᠠ ᠳᠤ ᠵᠡᠰ᠂ ᠬᠠᠷ᠎ᠠ ᠲᠤᠭᠤᠯᠭ᠎ᠠ᠂ ᠴᠠᠶᠢᠷ᠂ ᠴᠠᠭᠠᠨ ᠲᠤᠭᠤᠯᠭ᠎ᠠ᠂ ᠸᠣᠯᠹᠷᠠᠮ᠂ ᠮᠣᠯᠢᠪᠳ᠋ᠸᠠ ᠵᠡᠷᠭᠡ ᠥᠩᠭᠡᠲᠦ ᠲᠡᠮᠦᠷᠯᠢᠭ᠂ ᠠᠯᠲᠠ᠂ ᠮᠥᠩᠭᠦ ᠵᠡᠷᠭᠡ ᠦᠨᠡᠲᠦ ᠲᠡᠮᠦᠷᠯᠢᠭ ᠵᠢᠴᠢ ᠮᠠᠩᠭᠠᠨ᠂ ᠲᠡᠮᠦᠷ ᠵᠡᠷᠭᠡ ᠬᠠᠷ᠎ᠠ ᠲᠡᠮᠦᠷᠯᠢᠭ ᠪᠠᠶᠢᠵᠤ᠂ ᠬᠠᠳᠠᠭᠠᠯᠠᠭᠳᠠᠴᠠ ᠨᠢ ᠡᠯᠪᠡᠭ ᠪᠠᠶᠠᠯᠢᠭ᠂ ᠦᠨ᠎ᠡ ᠥᠷᠲᠡᠭ ᠨᠢ ᠨᠡᠯᠢᠶᠡᠳ ᠥᠨᠳᠦᠷ ᠪᠠᠶᠢᠳᠠᠭ᠃ ᠬᠢᠯᠢ ᠶᠢᠨ ᠳᠣᠲᠣᠷᠠᠬᠢ ᠴᠤᠬᠤᠢ ᠶᠢᠨ ᠴᠢᠯᠠᠭᠤ᠂ ᠬᠠᠶᠢᠯᠤᠭᠤᠷ ᠵᠣᠩᠰᠢ᠂ ᠴᠠᠬᠢᠭᠤᠷ ᠴᠢᠯᠠᠭᠤ᠂ ᠴᠠᠬᠢᠯᠭᠠᠨ ᠴᠢᠯᠠᠭᠤ᠂ ᠲᠠᠮᠠᠭ᠎ᠠ ᠶᠢᠨ ᠴᠢᠯᠠᠭᠤ ᠵᠡᠷᠭᠡ ᠲᠡᠮᠦᠷᠯᠢᠭ ᠪᠤᠰᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠴᠤ ᠮᠠᠰᠢ ᠡᠯᠪᠡᠭ ᠪᠠᠶᠢᠳᠠᠭ᠃ ᠡᠭᠦᠨ ᠳᠤ ᠪᠠᠭᠠᠷᠢᠨ ᠴᠢᠯᠠᠭᠤ ᠨᠢ ᠨᠢᠭᠡᠨᠲᠡ ᠳᠥᠷᠪᠡᠨ ᠲᠣᠮᠣ ᠤᠯᠤᠰ ᠤᠨ ᠴᠢᠯᠠᠭᠤᠨ ᠤ ᠨᠢᠭᠡ ᠪᠣᠯᠵᠠᠶ᠃ ᠣᠲᠣ ᠪᠥᠬᠦ ᠬᠤᠲᠠ ᠳᠤ ᠨᠢᠭᠡᠨᠲᠡ 900 ᠭᠠᠷᠤᠶ ᠠᠭᠤᠷᠬᠠᠶ ᠬᠠᠶᠢᠬᠤ ᠡᠷᠬᠡ ᠲᠠᠢ᠂ 857 ᠠᠭᠤᠷᠬᠠᠶ ᠮᠠᠯᠲᠠᠬᠤ ᠡᠷᠬᠡ ᠲᠠᠢ᠃ ᠠᠤᠬᠠᠨ ᠬᠤᠰᠢᠭᠤᠨ ᠤ ᠵᠤᠸᠠᠨ ᠱᠠᠨ ᠽᠢ ᠶᠢᠨ ᠠᠯᠲᠠᠨ ᠤ ᠠᠭᠤᠷᠬᠠᠶ᠂ ᠠᠤᠬᠠᠨ ᠬᠤᠰᠢᠭᠤᠨ ᠤ ᠶᠢᠨ ᠴᠠᠩ ᠭᠸᠦ ᠯᠢᠶᠠᠩ ᠠᠯᠲᠠᠨ ᠠᠭᠤᠷᠬᠠᠶ᠂ ᠰᠦᠩᠱᠠᠨ ᠲᠣᠭᠤᠷᠢᠭ ᠤᠨ ᠴᠠᠢ ᠬᠤ᠋ ᠯᠠᠨ ᠽᠢ ᠠᠯᠲᠠᠨ ᠤ ᠠᠭᠤᠷᠬᠠᠶ᠂ ᠬᠠᠷᠠᠴᠢᠨ ᠬᠤᠰᠢᠭᠤᠨ ᠤ ᠳ᠋ᠠ ᠱᠦᠢ ᠴᠢᠩ ᠤᠨ ᠠᠯᠲᠠᠨ ᠤ ᠠᠭᠤᠷᠬᠠᠶ᠂ ᠬᠡᠰᠢᠭᠲᠡᠨ ᠬᠤᠰᠢᠭᠤᠨ ᠤ ᠪᠠᠷᠠᠨᠳᠠᠪᠠᠭ᠎ᠠ ᠮᠥᠩᠭᠦᠨ ᠤ ᠠᠭᠤᠷᠬᠠᠶ᠂ ᠬᠡᠰᠢᠭᠲᠡᠨ ᠬᠤᠰᠢᠭᠤᠨ ᠤ ᠶᠢᠨ ᠳ᠋ᠦ᠋ ᠠᠭᠤᠷᠬᠠᠶ ᠶᠢᠨ ᠦᠢᠯᠡᠰ ᠤᠨ ᠮᠥᠩᠭᠦ ᠪᠠᠷ ᠭᠤᠣᠯᠯᠠᠭᠤᠯᠤᠭᠰᠠᠨ ᠲᠡᠮᠦᠷᠯᠢᠭ ᠤᠨ ᠠᠭᠤᠷᠬᠠᠶ᠂ ᠪᠠᠭᠠᠷᠢᠨ ᠵᠡᠭᠦᠨ ᠬᠤᠰᠢᠭᠤᠨ ᠤ ᠪᠠᠶᠠᠨᠨᠠᠭᠤᠷ ᠤᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ᠂ ᠪᠠᠭᠠᠷᠢᠨ ᠵᠡᠭᠦᠨ ᠬᠤᠰᠢᠭᠤᠨ ᠤ ᠬᠤᠩ ᠯᠢᠩ ᠤᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ᠂ ᠪᠠᠭᠠᠷᠢᠨ ᠵᠡᠭᠦᠨ ᠬᠤᠰᠢᠭᠤᠨ ᠤ ᠱᠤᠸᠠᠩ ᠵᠢᠶᠠᠨ ᠽᠢ ᠠᠭᠤᠯᠠ ᠶᠢᠨ ᠮᠥᠩᠭᠦ ᠪᠠᠷ ᠭᠤᠣᠯᠯᠠᠭᠤᠯᠤᠭᠰᠠᠨ ᠲᠡᠮᠦᠷᠯᠢᠭ ᠤᠨ ᠠᠭᠤᠷᠬᠠᠶ᠂ ᠯᠢᠨᠰᠢ ᠶᠢᠨ ᠳ᠋ᠠ ᠵᠢᠩ ᠽᠢ ᠮᠥᠩᠭᠦ ᠵᠡᠰ ᠤᠨ ᠠᠭᠤᠷᠬᠠᠶ᠂ ᠠᠷᠤ ᠬᠤᠷᠴᠢᠨ ᠬᠤᠰᠢᠭᠤᠨ ᠤ ᠣᠯᠣᠨᠬᠤᠸᠠ ᠵᠡᠰ ᠮᠤᠯᠢᠪᠳᠧᠨ ᠤ ᠠᠭᠤᠷᠬᠠᠶ᠂ ᠬᠡᠰᠢᠭᠲᠡᠨ ᠬᠤᠰᠢᠭᠤᠨ ᠤ ᠬᠤᠩᠭᠤ ᠶᠢᠨ ᠳᠠᠪᠠᠭ᠎ᠠ ᠶᠢᠨ ᠲᠡᠮᠦᠷ ᠤᠨ ᠠᠭᠤᠷᠬᠠᠶ᠂ ᠬᠡᠰᠢᠭᠲᠡᠨ ᠬᠤᠰᠢᠭᠤᠨ ᠤ ᠸᠧᠢ ᠯᠠ ᠰᠧ ᠲᠦᠸᠧ ᠶᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ᠂ ᠶᠤᠸᠠᠨ ᠪᠦᠦ ᠱᠠᠨ ᠨᠡᠭᠦᠷᠡᠰᠦᠨ ᠠᠭᠤᠷᠬᠠᠶ ᠵᠡᠷᠭᠡ ᠨᠢᠭᠡ ᠪᠦᠯᠦᠭ ᠭᠤᠤᠯᠯᠠᠭᠴᠢ ᠬᠡᠯᠪᠡᠷᠢ ᠶᠢᠨ ᠠᠭᠤᠷᠬᠠᠶ ᠶᠢᠨ ᠠᠵᠤ ᠠᠬᠤᠶᠢᠯᠠᠯ ᠢ ᠪᠠᠶᠢᠭᠤᠯᠪᠠ᠃ ᠭᠤᠣᠯ ᠪᠣᠯᠬᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ᠄ ᠠᠯᠲᠠ 271.3 ᠲᠣᠨ᠂ ᠮᠥᠩᠭᠦ 3.4 ᠲᠦᠮᠡᠨ ᠲᠣᠨ᠂ ᠵᠡᠰ 87 ᠲᠦᠮᠡᠨ ᠲᠣᠨ᠂ ᠬᠠᠷ᠎ᠠ ᠲᠤᠭᠤᠯᠭ᠎ᠠ 552.8 ᠲᠦᠮᠡᠨ ᠲᠣᠨ᠂ ᠴᠠᠶᠢᠷ 907.4 ᠲᠦᠮᠡᠨ ᠲᠣᠨ᠂ ᠸᠣᠯᠹᠷᠠᠮ ᠢ 14.9 ᠲᠦᠮᠡᠨ ᠲᠣᠨ᠂ ᠴᠠᠭᠠᠨ ᠲᠤᠭᠤᠯᠭ᠎ᠠ 84.5 ᠲᠦᠮᠡᠨ ᠲᠣᠨ᠂ ᠮᠣᠯᠢᠪᠳᠧᠨ ᠢ 41.5 ᠲᠦᠮᠡᠨ ᠲᠣᠨ᠂ ᠲᠡᠮᠦᠷ ᠢ 5.9 ᠳ᠋ᠦᠩᠰᠢᠭᠤᠷ ᠲᠣᠨ᠂ ᠨᠡᠭᠦᠷᠡᠰᠦ 30 ᠳ᠋ᠦᠩᠰᠢᠭᠤᠷ ᠲᠣᠨ ᠪᠣᠯᠤᠨ᠎ᠠ᠃      ᠤᠯᠠᠭᠠᠨᠬᠠᠳᠠ ᠬᠤᠲᠠ ᠶᠢᠨ ᠭᠠᠵᠠᠷ ᠨᠤᠲᠤᠭ ᠥᠷᠭᠡᠨ ᠠᠭᠤᠳᠠᠮ᠂ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠠᠯᠢᠭ᠂ ᠠᠮᠢᠳᠤ ᠪᠣᠳᠠᠰ ᠣᠯᠠᠨ ᠶᠠᠩᠵᠤ ᠶᠢᠨ ᠪᠠᠶᠢᠵᠤ᠂ ᠮᠠᠰᠢ ᠣᠯᠠᠨ ᠪᠠᠶᠢᠭᠠᠯᠢ ᠶᠢᠨ ᠥᠩᠭᠡ ᠦᠵᠡᠮᠵᠢ ᠨᠢ ᠭᠤᠶᠣ ᠰᠠᠶᠢᠬᠠᠨ ᠠᠭᠤᠯᠠ ᠤᠰᠤ ᠨᠢ ᠬᠠᠴᠢᠨ ᠰᠣᠨᠢᠨ ᠣᠷᠣᠨ ᠪᠦᠰᠡ ᠲᠠᠢ ᠪᠠᠶᠢᠳᠠᠭ᠃ 1997 ᠣᠨ ᠤ 12 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠠᠭᠠᠨᠬᠠᠳᠠ ᠬᠤᠲᠠ ᠶᠢ ᠠᠩᠬᠠᠳᠠᠭᠴᠢ ᠳᠠᠯᠠᠶᠢᠨᠠᠭᠤᠷ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠭᠠᠬᠤ ᠶᠢ ᠵᠢᠩᠬᠢᠨᠢ ᠪᠠᠷ ᠵᠥᠪᠰᠢᠶᠡᠷᠡᠭᠰᠡᠨ ᠠᠴᠠ ᠠᠪᠤᠭᠠᠳ 2020 ᠣᠨ ᠤ ᠡᠴᠦᠰ ᠪᠣᠯᠲᠠᠯ᠎ᠠ᠂ ᠪᠥᠬᠦ ᠬᠤᠲᠠ ᠳᠤ ᠨᠡᠶᠢᠲᠡ 28 ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠶ᠃ ᠡᠭᠦᠨ ᠳᠤ᠂ ᠤᠯᠤᠰ ᠤᠨ ᠲᠠᠰ ᠤᠨ 8᠂ ᠥᠪᠡᠷᠲᠡᠭᠡᠨ ᠵᠠᠰᠠᠬᠤ ᠣᠷᠣᠨ ᠤ ᠲᠠᠰ ᠤᠨ 9᠂ ᠬᠤᠲᠠ ᠶᠢᠨ ᠲᠠᠰ ᠤᠨ 3᠂ ᠬᠤᠰᠢᠭᠤ ᠰᠢᠶᠠᠨ ᠲᠣᠭᠤᠷᠢᠭ ᠤᠨ ᠲᠠᠰ ᠤᠨ 8 ᠪᠣᠶ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ ᠨᠢ 113.2 ᠲᠦᠮᠡᠨ ᠾᠧᠺᠲ᠋ᠠᠷ ᠪᠣᠯᠤᠨ᠎ᠠ᠃ ᠡᠭᠦᠨ ᠳᠤ᠂ ᠤᠯᠤᠰ ᠤᠨ ᠲᠠᠰ ᠤᠨ 67 ᠲᠦᠮᠡᠨ ᠾᠧᠺᠲ᠋ᠠᠷ᠂ ᠥᠪᠡᠷᠲᠡᠭᠡᠨ ᠵᠠᠰᠠᠬᠤ ᠣᠷᠣᠨ ᠤ ᠲᠠᠰ ᠤᠨ 25.2 ᠲᠦᠮᠡᠨ ᠾᠧᠺᠲ᠋ᠠᠷ᠂ ᠬᠤᠲᠠ ᠶᠢᠨ ᠲᠠᠰ ᠤᠨ 6.8 ᠲᠦᠮᠡᠨ ᠾᠧᠺᠲ᠋ᠠᠷ᠂ ᠬᠤᠰᠢᠭᠤ ᠰᠢᠶᠠᠨ ᠲᠣᠭᠤᠷᠢᠭ ᠤᠨ ᠲᠠᠰ ᠤᠨ 14.2 ᠲᠦᠮᠡᠨ ᠾᠧᠺᠲ᠋ᠠᠷ ᠪᠣᠯᠤᠨ᠎ᠠ᠃
ᠢᠷᠡᠯᠲᠡ᠄ ᠲᠣᠲᠣᠷᠬᠠᠢ ᠦᠭᠡᠢ