| ᠤᠯᠠᠭᠠᠨᠬᠠᠳᠠ ᠬᠤᠲᠠ ᠨᠢ ᠥᠪᠥᠷ ᠮᠣᠩᠭᠤᠯ ᠤᠨ ᠵᠡᠭᠦᠨ ᠡᠮᠦᠨᠡᠲᠦ ᠬᠡᠰᠡᠭ ᠲᠤ ᠪᠠᠶᠢᠷᠢᠯᠠᠵᠤ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠡᠰᠡᠭ ᠪᠠ ᠶᠠᠨᠱᠠᠨ | ᠠᠭᠤᠯᠠ ᠶᠢᠨ ᠠᠷᠤ ᠬᠤᠷᠮᠣᠶ ᠶᠢᠨ ᠠᠭᠤᠯᠠᠷᠬᠠᠭ ᠭᠠᠵᠠᠷ᠂ ᠰᠢᠷᠠᠮᠥ᠋ᠷᠤᠨ ᠭᠤᠤᠯ ᠤᠨ ᠡᠮᠦᠨ᠎ᠡ ᠬᠤᠶᠢᠨ᠎ᠠ ᠬᠢᠭᠡᠳ ᠯᠤᠤᠬ᠎ᠠ ᠭᠤᠤᠯ ᠤᠨ ᠰᠠᠪᠠ ᠭᠠᠵᠠᠷ ᠤᠨ ᠥᠷᠭᠡᠨ | ᠠᠭᠤᠳᠠᠮ ᠭᠠᠵᠠᠷ ᠣᠷᠣᠨ ᠳᠤ ᠪᠠᠶᠢᠷᠢᠯᠠᠵᠤ᠂ ᠥᠪᠥᠷ ᠮᠣᠩᠭᠤᠯ ᠤᠨ ᠥᠨᠳᠦᠷᠯᠢᠭ᠂ ᠾᠧᠪᠸᠢ ᠶᠢᠨ ᠬᠤᠶᠢᠲᠤ ᠬᠡᠰᠡᠭ ᠤᠨ ᠳᠣᠪᠣᠷᠬᠠᠭ ᠪᠠ ᠯᠢᠶᠣᠤᠨᠢᠩ ᠤᠨ ᠲᠠᠯ᠎ᠠ | ᠭᠠᠵᠠᠷ ᠤᠨ ᠠᠭᠤᠯᠵᠠᠷ ᠤᠨ ᠬᠡᠰᠡᠭ ᠲᠤ ᠪᠠᠶᠢᠵᠤ᠂ ᠥᠪᠡᠷᠮᠢᠴᠡ ᠭᠠᠵᠠᠷ ᠵᠦᠶ ᠶᠢᠨ ᠪᠠᠶᠢᠷᠢᠯᠠᠯ ᠪᠠ ᠭᠠᠵᠠᠷ ᠤᠨ ᠪᠦᠲᠦᠴᠡ ᠲᠠᠢ ᠪᠠᠶᠢᠵᠤ᠂ ᠭᠤᠷᠪᠠᠨ ᠲᠠᠯ᠎ᠠ ᠪᠠᠷ ᠢᠶᠠᠨ | ᠠᠭᠤᠯᠠ ᠪᠠᠷ ᠬᠦᠷᠢᠶᠡᠯᠡᠭᠳᠡᠭᠰᠡᠨ᠂ ᠪᠠᠷᠠᠭᠤᠨ ᠢᠶᠠᠨ ᠥᠨᠳᠥᠷ ᠵᠡᠭᠦᠨ ᠢᠶᠠᠨ ᠳᠣᠤᠷ᠎ᠠ᠂ ᠣᠯᠠᠨ ᠠᠭᠤᠯᠠ ᠳᠣᠪᠣᠷᠬᠠᠭ ᠭᠠᠵᠠᠷ ᠤᠨ ᠲᠥᠷᠬᠦ ᠶᠢᠨ ᠣᠨᠴᠠᠯᠢᠭ ᠲᠠᠢ | ᠪᠠᠶᠢᠳᠠᠭ᠃ | ᠤᠯᠠᠭᠠᠨᠬᠠᠳᠠ ᠬᠤᠲᠠ ᠶᠢᠨ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢᠨ ᠪᠠᠶᠢᠳᠠᠯ ᠨᠠᠷᠢᠨ ᠪᠤᠳᠤᠯᠢᠶᠠᠨᠲᠠᠶ ᠪᠥᠭᠡᠳ ᠣᠯᠠᠨ ᠶᠠᠩᠵᠤ ᠶᠢᠨ ᠪᠠᠶᠢᠵᠤ᠂ | ᠠᠭᠤᠯᠠ ᠬᠠᠶᠢᠷᠬᠠᠨ ᠰᠦᠨᠳᠡᠷᠯᠡᠵᠦ᠂ ᠳᠣᠪᠣᠷᠬᠠᠭ ᠳᠣᠪᠣᠴᠠᠭ ᠣᠯᠠᠨ᠂ ᠬᠠᠪᠴᠢᠯ ᠭᠠᠩᠭ᠎ᠠ ᠰᠦᠯᠵᠢᠯᠳᠦᠵᠦ᠂ ᠭᠤᠤ ᠭᠠᠩᠭ᠎ᠠ ᠬᠦᠨᠳᠦᠯᠢᠰᠴᠦ᠂ ᠵᠥᠪᠬᠡᠨ ᠵᠢᠵᠢᠭ | ᠬᠡᠰᠡᠭ ᠠᠭᠤᠯᠠ ᠶᠢᠨ ᠬᠤᠭᠤᠷᠣᠨᠳᠣᠬᠢ ᠲᠡᠭᠰᠢ ᠭᠠᠵᠠᠷ ᠪᠠ ᠭᠤᠤᠯ ᠳᠠᠭᠠᠤ ᠶᠢᠨ ᠲᠤᠨᠤᠮᠠᠯ ᠲᠠᠯ᠎ᠠ ᠭᠠᠵᠠᠷ ᠲᠠᠢ᠂ ︽ᠲᠤᠯᠤᠭᠠᠨ ᠬᠤᠪᠢ ᠶᠢᠨ ᠠᠭᠤᠯᠠ ᠨᠢᠭᠡ | ᠬᠤᠪᠢ ᠶᠢᠨ ᠤᠰᠤ ᠬᠤᠶᠠᠷ ᠬᠤᠪᠢ ᠶᠢᠨ ᠲᠠᠷᠢᠶ᠎ᠠ︾ ᠶᠢᠨ ᠪᠦᠲᠦᠴᠡ ᠲᠠᠢ ᠪᠠᠶᠢᠳᠠᠭ᠃ ᠭᠠᠵᠠᠷ ᠰᠢᠷᠣᠶ ᠶᠢᠨ ᠪᠠᠶᠢᠭᠠᠯᠢ ᠶᠢᠨ ᠲᠥᠷᠥᠯ ᠵᠦᠢᠯ ᠣᠯᠠᠨ ᠶᠠᠩᠵᠤ ᠶᠢᠨ | ᠪᠠᠶᠢᠵᠤ᠂ ᠠᠭᠤᠯᠠᠷᠬᠠᠭ ᠭᠠᠵᠠᠷ᠂ ᠳᠣᠪᠣᠷᠬᠠᠭ ᠭᠠᠵᠠᠷ᠂ ᠲᠠᠯ᠎ᠠ ᠭᠠᠵᠠᠷ ᠰᠣᠯᠪᠢᠴᠠᠨ ᠲᠠᠷᠬᠠᠵᠤ ᠪᠠᠶᠢᠨ᠎ᠠ᠃ ᠶᠡᠭᠡ ᠲᠥᠯᠥᠪ ᠳᠥᠷᠪᠡᠨ ᠭᠠᠵᠠᠷ ᠤᠨ ᠭᠠᠳᠠᠷᠭᠤ ᠶᠢᠨ | ᠣᠷᠣᠨ ᠬᠤᠪᠢᠶᠠᠵᠤ ᠪᠣᠯᠤᠨ᠎ᠠ᠄ ᠤᠮᠠᠷᠠᠲᠤ ᠬᠡᠰᠡᠭ ᠤᠨ ᠠᠭᠤᠯᠠᠷᠬᠠᠭ ᠭᠠᠵᠠᠷ ᠤᠨ ᠳᠣᠪᠣᠷᠬᠠᠭ ᠣᠷᠣᠨ᠂ ᠡᠮᠦᠨᠡᠲᠦ ᠬᠡᠰᠡᠭ ᠤᠨ ᠠᠭᠤᠯᠠᠷᠬᠠᠭ ᠭᠠᠵᠠᠷ ᠤᠨ | ᠳᠣᠪᠣᠷᠬᠠᠭ ᠣᠷᠣᠨ᠂ ᠪᠠᠷᠠᠭᠤᠨ ᠬᠡᠰᠡᠭ ᠤᠨ ᠥᠨᠳᠥᠷ ᠲᠠᠯ᠎ᠠ ᠭᠠᠵᠠᠷ ᠤᠨ ᠣᠷᠣᠨ᠂ ᠵᠡᠭᠦᠨ ᠬᠡᠰᠡᠭ ᠤᠨ ᠲᠠᠯ᠎ᠠ ᠭᠠᠵᠠᠷ ᠤᠨ ᠣᠷᠣᠨ᠂ ᠳᠠᠯᠠᠶ ᠶᠢᠨ ᠲᠦᠪᠰᠢᠨ ᠠᠴᠠ | 300 ~ 2000 ᠮᠧᠲᠷ ᠥᠨᠳᠥᠷ ᠪᠣᠯᠤᠨ᠎ᠠ᠃ ᠵᠡᠭᠦᠨ ᠬᠡᠰᠡᠭ ᠨᠢ ᠰᠢᠷᠠᠮᠥ᠋ᠷᠦᠨ ᠭᠤᠤᠯ ᠬᠢᠭᠡᠳ ᠯᠤᠤᠬ᠎ᠠ ᠭᠤᠤᠯ ᠤᠨ ᠠᠭᠤᠯᠵᠠᠷ ᠤᠨ ᠳ᠋ᠠ ᠰᠢᠩ ᠭᠤᠷᠪᠠᠯᠵᠢᠨ | ᠬᠤᠶᠢᠭ ᠤᠨ ᠣᠷᠣᠨ ᠳᠤ ᠪᠠᠶᠢᠵᠤ᠂ ᠲᠡᠯᠡᠶ ᠶᠢᠨ ᠲᠦᠪᠰᠢᠨ ᠠᠴᠠ 300 ᠮᠧᠲᠷ ᠥᠨᠳᠥᠷ ᠬᠦᠷᠬᠦ ᠦᠭᠡᠢ᠂ ᠤᠯᠠᠭᠠᠨᠬᠠᠳᠠ ᠬᠤᠲᠠ ᠶᠢᠨ ᠭᠠᠵᠠᠷ ᠤᠨ ᠪᠠᠶᠢᠴᠠ | ᠬᠠᠮᠤᠭ ᠤᠨ ᠳᠣᠤᠷ᠎ᠠ ᠣᠷᠣᠨ ᠪᠦᠰᠡ ᠪᠣᠯᠤᠨ᠎ᠠ︔ ᠪᠠᠷᠠᠭᠤᠨ ᠬᠡᠰᠡᠭ ᠤᠨ ᠬᠡᠰᠢᠭᠲᠡᠨ ᠬᠤᠰᠢᠭᠤ᠂ ᠰᠦᠩᠱᠠᠨ ᠲᠣᠭᠤᠷᠢᠭ ᠪᠠ ᠾᠧᠪᠸᠢ ᠮᠤᠵᠢ ᠶᠢᠨ ᠸᠧᠶ ᠴᠠᠩ | ᠰᠢᠶᠠᠨ ᠤ ᠠᠭᠤᠯᠵᠠᠷ ᠲᠠᠬᠢ ᠶᠡᠭᠡ ᠬᠠᠯᠵᠠᠨ ᠠᠭᠤᠯᠠ ᠨᠢ ᠲᠡᠯᠡᠶ ᠶᠢᠨ ᠲᠦᠪᠰᠢᠨ ᠠᠴᠠ 2067 ᠮᠧᠲᠷ ᠥᠨᠳᠥᠷ ᠪᠠᠶᠢᠵᠤ᠂ ᠤᠯᠠᠭᠠᠨᠬᠠᠳᠠ ᠬᠤᠲᠠ ᠶᠢᠨ ᠨᠢᠭᠡᠳᠦᠭᠡᠷ | ᠥᠨᠳᠥᠷ ᠣᠷᠭᠢᠯ ᠪᠣᠯᠤᠨ᠎ᠠ᠃ ᠭᠤᠣᠯ ᠪᠣᠯᠬᠤ ᠠᠭᠤᠯᠠ ᠨᠢᠷᠤᠭᠤ ᠨᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠡᠰᠡᠭ᠂ ᠨᠢᠷᠤᠭᠤ ᠬᠠᠷᠠᠯᠠᠭ ᠪᠠ ᠴᠢᠯᠠᠭᠤᠲᠤ ᠶᠢᠨ | ᠭᠤᠷᠪᠠᠨ ᠠᠭᠤᠯᠠ ᠨᠢᠷᠤᠭᠤ ᠪᠣᠯᠤᠨ᠎ᠠ᠃ ᠪᠥᠬᠦ ᠬᠤᠲᠠ ᠶᠢᠨ ᠭᠠᠵᠠᠷ ᠤᠨ ᠪᠠᠶᠢᠴᠠ ᠨᠢ 1700 ᠮᠧᠲᠷ ᠣᠷᠴᠢᠮ ᠥᠨᠳᠥᠷ ᠪᠠᠶᠢᠳᠠᠭ᠃ ᠭᠤᠣᠯ ᠮᠥᠷᠡᠨ ᠨᠢ | ᠦᠨᠳᠦᠰᠦᠨ ᠳᠡᠭᠡᠨ ᠪᠠᠶᠢᠭᠠᠯᠢ ᠶᠢᠨ ᠭᠠᠵᠠᠷ ᠤᠨ ᠪᠠᠶᠢᠴᠠ ᠶᠢ ᠳᠠᠭᠠᠵᠤ ᠪᠠᠷᠠᠭᠤᠨ ᠠᠴᠠ ᠵᠡᠭᠦᠨᠰᠢ ᠪᠠᠶᠢᠵᠤ᠂ ᠪᠠᠷᠠᠭᠤᠨ ᠯᠢᠶᠣᠣᠾᠧ ᠭᠤᠣᠯ ᠳᠤ ᠤᠷᠤᠰᠤᠨ ᠣᠷᠣᠵᠤ | ᠳᠠᠯᠠᠶ ᠳᠤ ᠴᠢᠳᠬᠤᠳᠠᠭ᠂ ᠤᠰᠤᠨ ᠤᠷᠤᠰᠬᠠᠯ ᠨᠢ ᠲᠦᠷᠭᠡᠨ ᠪᠥᠭᠡᠳ ᠪᠠᠭᠤᠯᠲᠠ ᠶᠢᠨ ᠵᠥᠷᠢᠶ᠎ᠡ ᠨᠢ ᠨᠡᠯᠢᠶᠡᠳ ᠶᠡᠭᠡ ᠪᠠᠶᠢᠳᠠᠭ᠃ | ᠤᠯᠠᠭᠠᠨᠬᠠᠳᠠ ᠬᠤᠲᠠ ᠳᠣᠲᠣᠭᠠᠳᠤ ᠬᠠᠭᠤᠷᠠᠶ ᠳᠤ ᠪᠠᠶᠢᠷᠢᠯᠠᠵᠤ᠂ ᠰᠡᠷᠢᠭᠦᠨ ᠪᠦᠰᠡ ᠶᠢᠨ ᠬᠠᠭᠠᠰ ᠭᠠᠩ ᠬᠠᠭᠤᠷᠠᠶ ᠡᠬᠡ ᠭᠠᠵᠠᠷ ᠤᠨ ᠴᠢᠨᠠᠷᠲᠠᠶ ᠤᠯᠠᠷᠢᠯ ᠤᠨ | ᠰᠠᠯᠬᠢᠨ ᠤ ᠠᠭᠤᠷ ᠠᠮᠢᠰᠬᠤᠯ ᠤᠨ ᠣᠷᠣᠨ ᠳᠤ ᠬᠠᠷᠢᠶᠠᠯᠠᠭᠳᠠᠨ᠎ᠠ᠃ ᠶᠡᠬᠡᠩᠬᠢ ᠬᠡᠰᠡᠭ ᠭᠠᠵᠠᠷ ᠣᠷᠣᠨ ᠤ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ 0~7℃ | ᠪᠠᠶᠢᠵᠤ᠂ ᠪᠦᠬᠦ ᠬᠤᠲᠠ ᠶᠢᠨ ᠵᠢᠯ ᠤᠨ ᠳᠤᠮᠳᠠᠴᠢ ᠠᠭᠠᠷ ᠤᠨ ᠳᠤᠯᠠᠭᠠᠨ ᠤ ᠲᠠᠷᠬᠠᠯᠲᠠ ᠨᠢ ᠪᠠᠷᠠᠭᠤᠨ ᠬᠤᠶᠢᠨ᠎ᠠ ᠠᠴᠠ ᠵᠡᠭᠦᠨ ᠡᠮᠦᠨᠡᠰᠢ ᠠᠬᠢᠨ ᠨᠡᠮᠡᠭᠳᠡᠬᠦ ᠪᠣᠯᠤᠨ᠎ᠠ᠃ | ᠪᠦᠬᠦ ᠬᠤᠲᠠ ᠶᠢᠨ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 381 ᠮᠢᠯᠢᠮᠧᠲᠷ ᠪᠠᠶᠢᠵᠤ᠂ ᠶᠡᠬᠡᠩᠬᠢ ᠭᠠᠵᠠᠷ ᠣᠷᠣᠨ ᠳᠤ 350 ~ 450 ᠮᠢᠯᠢᠮᠧᠲᠷ | ᠪᠠᠶᠢᠳᠠᠭ᠃ ᠭᠠᠵᠠᠷ ᠤᠨ ᠪᠠᠶᠢᠴᠠ ᠪᠠ ᠤᠯᠠᠷᠢᠯ ᠤᠨ ᠰᠠᠯᠬᠢᠨ ᠤ ᠨᠥᠯᠥᠭᠡ ᠠᠴᠠ ᠪᠣᠯᠵᠤ᠂ ᠲᠤᠨᠳᠠᠰᠤᠨ ᠤ ᠬᠡᠮᠵᠢᠶ᠎ᠡ ᠶᠢᠨ ᠲᠠᠷᠬᠠᠯᠲᠠ ᠶᠢᠨ ᠬᠠᠨᠳᠤᠰᠢ ᠨᠢ ᠪᠠᠷᠠᠭᠤᠨ | ᠡᠮᠦᠨ᠎ᠡ ᠠᠴᠠ ᠵᠡᠭᠦᠨ ᠬᠤᠶᠢᠰᠢ ᠠᠭᠠᠵᠢᠮ ᠢᠶᠠᠷ ᠪᠠᠭᠠᠰᠤᠨ᠎ᠠ᠃ ᠪᠦᠬᠦ ᠬᠤᠳᠠ ᠶᠢᠨ ᠡᠯ᠎ᠡ ᠭᠠᠵᠠᠷ ᠤᠨ ᠨᠡᠷᠡᠨ ᠤ ᠲᠤᠰᠤᠯᠲᠠ ᠶᠢᠨ ᠴᠠᠭ ᠤᠨ ᠲᠤᠭ᠎ᠠ ᠨᠢ | ᠣᠯᠠᠩᠬᠢ ᠳᠠᠭᠠᠨ 2800 — 3100 ᠴᠠᠭ ᠪᠠᠶᠢᠳᠠᠭ᠃ ᠳᠥᠷᠪᠡᠨ ᠤᠯᠠᠷᠢᠯ ᠲᠣᠳᠣᠷᠬᠠᠶ᠃ ᠡᠪᠦᠯ ᠤᠨ ᠤᠯᠠᠷᠢᠯ ᠨᠢ ᠣᠷᠳᠣ᠂ ᠬᠠᠬᠢᠷ ᠬᠦᠢᠲᠡᠨ᠂ ᠴᠠᠰᠤ | ᠪᠠᠭ᠎ᠠ ᠰᠠᠯᠬᠢ ᠶᠡᠬᠡᠲᠡᠢ ᠪᠠᠶᠢᠳᠠᠭ᠃ ᠬᠠᠪᠤᠷ ᠤᠨ ᠤᠯᠠᠷᠢᠯ ᠳᠤ ᠳᠤᠯᠠᠭᠠᠨ ᠤ ᠬᠡᠮᠵᠢᠶ᠎ᠡ ᠲᠦᠷᠭᠡᠨ ᠳᠡᠭᠡᠭᠰᠢᠯᠡᠵᠦ᠂ ᠭᠠᠩ ᠬᠠᠭᠤᠷᠠᠶ ᠰᠠᠯᠬᠢ ᠶᠡᠬᠡᠲᠡᠶ ᠪᠠᠶᠢᠳᠠᠭ᠃ | ᠵᠣᠨ ᠤ ᠤᠯᠠᠷᠢᠯ ᠨᠢ ᠣᠭᠵᠣᠮ᠂ ᠪᠣᠷᠣᠭᠠᠨ ᠤ ᠬᠡᠮᠵᠢᠶ᠎ᠡ ᠬᠤᠷᠠᠨ᠎ᠠ᠃ ᠨᠠᠮᠤᠷ ᠤᠨ ᠤᠯᠠᠷᠢᠯ ᠤᠨ ᠠᠭᠠᠷ ᠤᠨ ᠳᠤᠯᠠᠭᠠᠨ ᠤ ᠳᠣᠷᠣᠭᠰᠢᠯᠠᠬᠤ ᠨᠢ ᠲᠦᠷᠭᠡᠨ᠂ ᠬᠢᠷᠠᠭᠤ | ᠤᠨᠠᠬᠤ ᠨᠢ ᠡᠷᠲᠡ᠂ ᠲᠤᠩᠭᠠᠯᠠᠭ ᠰᠠᠶᠢᠬᠠᠨ ᠡᠳᠦᠷ ᠣᠯᠠᠨ ᠪᠠᠶᠢᠳᠠᠭ᠃ | ᠤᠯᠠᠭᠠᠨᠬᠠᠳᠠ ᠬᠤᠲᠠ ᠶᠢᠨ ᠬᠢᠯᠢ ᠳᠣᠲᠣᠷ᠎ᠠ ᠨᠡᠶᠢᠲᠡ 4 ᠰᠠᠪᠠ ᠭᠠᠵᠠᠷ ᠪᠠᠶᠢᠨ᠎ᠠ᠂ ᠳᠠᠷᠤᠶ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ᠂ ᠳᠣᠲᠣᠭᠠᠳᠤ | ᠬᠠᠭᠤᠷᠠᠶ ᠶᠢᠨ ᠭᠤᠣᠯ ᠤᠨ ᠰᠠᠪᠠ ᠭᠠᠵᠠᠷ᠂ ᠳ᠋ᠠ ᠯᠢᠩ ᠾᠧ ᠭᠤᠣᠯ ᠤᠨ ᠰᠠᠪᠠ ᠭᠠᠵᠠᠷ᠂ ᠯᠤᠸᠠᠨᠾᠧ ᠭᠤᠣᠯ ᠤᠨ ᠰᠠᠪᠠ ᠭᠠᠵᠠᠷ ᠪᠣᠯᠤᠨ᠎ᠠ᠃ ᠰᠠᠪᠠ ᠭᠠᠵᠠᠷ ᠤᠨ | 50 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢᠬᠢ ᠭᠤᠣᠯ ᠮᠥᠷᠡᠨ 333 ᠪᠠᠶᠢᠵᠤ᠂ ᠪᠠᠷᠠᠭᠤᠨ ᠯᠢᠶᠣᠤᠾᠧ ᠭᠤᠣᠯ᠂ ᠰᠢᠨ ᠺᠠᠶ ᠾᠧ ᠭᠤᠣᠯ᠂ ᠨᠠᠷᠢᠳ ᠤᠨ | ᠭᠤᠣᠯ᠂ ᠳ᠋ᠠ ᠯᠢᠩ ᠾᠧ ᠭᠤᠣᠯ᠂ ᠳᠠᠯᠠᠶᠢᠨᠠᠭᠤᠷ᠂ ᠰᠢᠯᠢ ᠶᠢᠨ ᠭᠤᠣᠯ᠂ ᠯᠤᠤᠬ᠎ᠠ ᠶᠢᠨ ᠭᠤᠣᠯ᠂ ᠯᠤᠸᠠᠨᠾᠧ ᠭᠤᠣᠯ ᠵᠡᠷᠭᠡ ᠨᠠᠢᠮᠠᠨ ᠶᠡᠭᠡ ᠤᠰᠤᠨ ᠰᠢᠰᠲ᠋ᠧᠮ ᠢ | ᠪᠦᠷᠢᠯᠳᠦᠭᠦᠯᠦᠭᠰᠡᠨ ᠪᠠᠶᠢᠨ᠎ᠠ᠃ ᠪᠥᠬᠦ ᠬᠤᠲᠠ ᠳᠤ ᠶᠡᠭᠡ ᠪᠠᠭ᠎ᠠ ᠨᠠᠭᠤᠷ 128 ᠪᠠᠶᠢᠵᠤ᠂ ᠡᠭᠦᠨ ᠳᠤ ᠲᠠᠯᠠᠪᠠᠶ ᠨᠢ 1 ᠲᠡᠭᠰᠢ ᠳᠥᠷᠪᠡᠯᠵᠢᠨ ᠺᠢᠯᠣᠮᠧᠲᠷ ᠵᠢᠴᠢ | ᠲᠡᠭᠦᠨ ᠠᠴᠠ ᠳᠡᠭᠡᠭᠰᠢᠬᠢ ᠨᠠᠭᠤᠷ ᠴᠥᠭᠦᠷᠥᠮ 12 ᠪᠣᠶ᠃ ᠲᠠᠯᠠᠪᠠᠶ ᠪᠠᠷ ᠬᠠᠮᠤᠭ ᠤᠨ ᠶᠡᠭᠡ ᠳᠠᠯᠠᠶᠢᠨᠠᠭᠤᠷ ᠨᠠᠭᠤᠷ ᠪᠣᠯ ᠰᠤᠳᠠ ᠮᠠᠶ᠋ᠢᠭ ᠤᠨ ᠬᠠᠭᠠᠰ ᠱᠣᠷᠪᠣᠭ | ᠨᠠᠭᠤᠷ ᠪᠣᠯᠤᠨ᠎ᠠ᠂ ᠬᠠᠮᠤᠭ ᠤᠨ ᠶᠡᠭᠡ ᠵᠣᠬᠢᠶᠠᠮᠠᠯ ᠨᠠᠭᠤᠷ ᠪᠣᠯ ᠬᠤᠩᠱᠠᠨ ᠤᠰᠤᠨ ᠴᠥᠭᠦᠷᠥᠮ ᠪᠣᠯᠤᠨ᠎ᠠ᠂ ᠪᠠᠭᠲᠠᠭᠠᠮᠵᠢ ᠨᠢ 25.6 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠲᠤ ᠭᠥᠷᠳᠡᠭ᠃ ᠡᠭᠦᠨ ᠠᠴᠠ ᠪᠤᠰᠤᠳ ᠨᠡᠯᠢᠶᠡᠳ ᠨᠡᠷᠡᠲᠡᠶ ᠨᠢ ᠴᠡᠭᠡᠨᠨᠠᠭᠤᠷ᠂ ᠪᠦᠷᠢᠳᠦᠨ ᠨᠠᠭᠤᠷ᠂ ᠳ᠋ᠠᠯᠠᠬᠠ ᠨᠠᠭᠤᠷ᠂ ᠰᠢᠶᠣᠣ ᠾᠧ ᠶᠠᠨ | ᠨᠠᠭᠤᠷ ᠵᠡᠷᠭᠡ ᠪᠣᠯᠤᠨ᠎ᠠ᠃ | ᠳᠠᠯᠠᠶᠢᠨᠠᠭᠤᠷ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠶᠡᠭᠡ ᠨᠠᠭᠤᠷ ᠪᠣᠯᠤᠨ᠎ᠠ᠂ ᠲᠠᠯᠠᠪᠠᠢ ᠨᠢ 258 ᠲᠡᠭᠰᠢ | ᠳᠥᠷᠪᠡᠯᠵᠢᠨ ᠺᠢᠯᠣᠮᠧᠲᠷ ᠪᠠᠶᠢᠵᠤ᠂ ᠳᠤᠮᠳᠠᠴᠢ ᠤᠰᠤᠨ ᠤ ᠭᠦᠨ ᠨᠢ 10 ᠮᠧᠲᠷ ᠪᠣᠯᠤᠨ᠎ᠠ᠃ ᠨᠠᠭᠤᠷ ᠲᠤ ᠶᠠᠯᠦ ᠵᠢᠭᠠᠰᠤ ᠡᠯᠪᠡᠭ ᠭᠠᠷᠳᠠᠭ᠃ ᠳᠠᠯᠠᠶᠢᠨᠠᠭᠤᠷ ᠢᠶᠠᠷ | ᠲᠥᠪ ᠪᠣᠯᠭᠠᠭᠰᠠᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠭᠤᠯᠪᠠ᠃ ᠲᠣᠰ ᠬᠠᠮᠠᠭᠠᠯᠠᠯᠲᠠ ᠶᠢᠨ ᠣᠷᠣᠨ ᠪᠣᠯ ᠬᠤᠪᠣᠷ ᠴᠤᠬᠠᠭ | ᠰᠢᠪᠠᠭᠤᠨ ᠤ ᠲᠥᠷᠥᠯ ᠵᠢᠴᠢ ᠰᠢᠪᠠᠭᠤᠨ ᠤ ᠲᠥᠷᠥᠯ ᠤᠨ ᠲᠦᠰᠢᠭᠯᠡᠨ ᠠᠮᠢᠳᠤᠷᠠᠵᠤ ᠪᠠᠶᠢᠭ᠎ᠠ ᠨᠠᠭᠤᠷ ᠴᠥᠭᠦᠷᠥᠮ᠂ ᠴᠢᠭᠢᠭᠯᠢᠭ ᠭᠠᠵᠠᠷ᠂ ᠨᠤᠲᠤᠭ ᠪᠡᠯᠴᠢᠭᠡᠷ᠂ | ᠣᠶᠢᠲᠤ ᠭᠠᠵᠠᠷ ᠵᠡᠷᠭᠡ ᠣᠯᠠᠨ ᠶᠠᠩᠵᠤ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠᠷ ᠭᠤᠤᠯ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠶ ᠬᠠᠮᠠᠭᠠᠯᠠᠯᠲᠠ ᠶᠢᠨ | ᠣᠷᠣᠨ ᠪᠣᠯᠤᠨ᠎ᠠ᠃ ᠬᠠᠮᠠᠭᠠᠯᠠᠯᠲᠠ ᠶᠢᠨ ᠣᠷᠣᠨ ᠳᠤ 16 ᠪᠠᠭ ᠤᠨ 33 ᠢᠵᠡᠭᠤᠷ ᠤᠨ 134 ᠳᠥᠷᠰᠦ ᠶᠢᠨ ᠰᠢᠪᠠᠭᠤᠨ ᠤ ᠲᠥᠷᠥᠯ ᠣᠷᠣᠰᠢᠨ ᠠᠮᠢᠳᠤᠷᠠᠵᠤ ᠪᠣᠶ | ᠂ ᠡᠭᠦᠨ ᠳᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 23 ᠳᠦᠷᠰᠦ ᠪᠠᠶᠢᠵᠤ᠂ ᠲᠠᠯ᠎ᠠ ᠨᠤᠲᠤᠭ ᠤᠨ ᠠᠮᠢ ᠠᠬᠤᠶ ᠶᠢᠨ | ᠵᠢᠭᠤᠯᠴᠢᠯᠠᠯ ᠤᠨ ᠰᠣᠳᠣᠨ ᠭᠠᠵᠠᠷ ᠪᠣᠯᠤᠨ᠎ᠠ᠃ | ᠤᠯᠠᠭᠠᠨᠬᠠᠳᠠ ᠬᠤᠲᠠ ᠶᠢᠨ ᠭᠠᠵᠠᠷ ᠤᠨ ᠪᠠᠶᠢᠴᠠ᠂ ᠠᠭᠤᠷ ᠠᠮᠢᠰᠬᠤᠯ ᠵᠢᠴᠢ ᠤᠰᠤᠨ ᠤ ᠭᠠᠵᠠᠷ ᠰᠢᠨᠵᠢᠯᠡᠭᠡᠨ ᠤ ᠨᠥᠬᠦᠴᠡᠯ ᠤᠨ ᠪᠤᠳᠤᠯᠢᠶᠠᠨᠲᠤ ᠴᠢᠨᠠᠷ ᠨᠢ | ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ ᠤᠨ ᠣᠯᠠᠨ ᠶᠠᠩᠵᠤᠲᠤ ᠴᠢᠨᠠᠷ ᠢ ᠲᠣᠭᠲᠠᠭᠠᠵᠤ᠂ ᠤᠯᠠᠭᠠᠨᠬᠠᠳᠠ ᠬᠤᠲᠠ ᠨᠢ ᠤᠮᠠᠷᠠᠲᠤ ᠣᠷᠣᠨ᠂ ᠵᠡᠭᠦᠨ ᠬᠤᠶᠢᠲᠤ | ᠣᠷᠣᠨ ᠵᠢᠴᠢ ᠮᠣᠩᠭᠤᠯ ᠤᠷᠭᠤᠮᠠᠯ ᠤᠨ ᠣᠷᠣᠨᠵᠢᠯ ᠤᠨ ᠠᠭᠤᠯᠵᠠᠷ ᠣᠷᠣᠨ ᠳᠤ ᠣᠷᠣᠰᠢᠵᠤ᠂ ᠡᠯ᠎ᠡ ᠤᠷᠭᠤᠮᠠᠯ ᠤᠨ ᠣᠷᠣᠨᠵᠢᠯ ᠨᠢ ᠬᠤᠲᠠ ᠶᠢᠨ ᠬᠢᠯᠢ ᠳᠣᠲᠣᠷ᠎ᠠ | ᠬᠠᠷᠢᠯᠴᠠᠨ ᠠᠭᠤᠰᠤᠯᠴᠠᠵᠤ᠂ ᠤᠷᠭᠤᠮᠠᠯ ᠤᠨ ᠬᠤᠴᠢᠯᠭ᠎ᠠ ᠶᠢᠨ ᠪᠦᠷᠢᠯᠳᠦᠬᠦᠨ ᠨᠢ ᠪᠤᠳᠤᠯᠢᠶᠠᠨᠲᠠᠶ ᠪᠥᠭᠡᠳ ᠪᠠᠰᠠ ᠵᠣᠬᠢᠬᠤ ᠰᠢᠯᠵᠢᠯᠲᠡ ᠶᠢᠨ ᠴᠢᠨᠠᠷᠲᠠᠶ ᠪᠠᠶᠢᠳᠠᠭ᠃ | ᠭᠤᠣᠯ ᠪᠣᠯᠬᠤ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ ᠢ ᠣᠶ ᠰᠢᠭᠤᠶ᠂ ᠰᠥᠭᠡᠭ ᠤᠨ ᠬᠡᠭᠡᠷ᠎ᠡ ᠲᠠᠯ᠎ᠠ᠂ ᠨᠤᠭᠤ ᠶᠢᠨ ᠬᠡᠭᠡᠷ᠎ᠡ ᠲᠠᠯ᠎ᠠ᠂ ᠬᠠᠭᠤᠷᠠᠶ ᠬᠡᠭᠡᠷ᠎ᠡ | ᠲᠠᠯ᠎ᠠ᠂ ᠨᠤᠭᠤ ᠭᠠᠵᠠᠷ᠂ ᠨᠠᠮᠤᠭ ᠭᠠᠵᠠᠷ᠂ ᠡᠯᠡᠰᠦᠨ ᠤᠷᠭᠤᠮᠠᠯ ᠭᠡᠵᠦ ᠬᠤᠪᠢᠶᠠᠵᠤ ᠪᠣᠯᠤᠨ᠎ᠠ᠃ ᠤᠯᠠᠭᠠᠨᠬᠠᠳᠠ ᠶᠢᠨ ᠡᠮᠦᠨᠡᠲᠦ ᠬᠡᠰᠡᠭ ᠤᠨ ᠭᠠᠵᠠᠷ ᠣᠷᠣᠨ ᠳᠤ | ᠤᠮᠠᠷᠠᠲᠤ ᠣᠷᠣᠨ ᠤ ᠤᠷᠭᠤᠮᠠᠯ ᠤᠨ ᠲᠦᠷᠦᠯ ᠵᠦᠢᠯ ᠤᠯᠠᠨ ᠪᠠᠶᠢᠵᠤ᠂ ᠵᠡᠭᠦᠨ ᠬᠡᠰᠡᠭ ᠤᠨ ᠭᠠᠵᠠᠷ ᠣᠷᠣᠨ ᠳᠤ ᠵᠡᠭᠦᠨ ᠬᠤᠶᠢᠲᠤ ᠶᠢᠨ ᠤᠷᠭᠤᠮᠠᠯ ᠤᠨ ᠲᠦᠷᠦᠯ | ᠵᠦᠢᠯ ᠤᠯᠠᠨ ᠪᠠᠶᠢᠵᠤ᠂ ᠬᠤᠶᠢᠲᠤ ᠬᠡᠰᠡᠭ ᠤᠨ ᠭᠠᠵᠠᠷ ᠣᠷᠣᠨ ᠳᠤ ᠶᠡᠭᠡ ᠬᠢᠩᠭᠠᠨ ᠳᠠᠪᠠᠭ᠎ᠠ ᠶᠢᠨ ᠤᠷᠭᠤᠮᠠᠯ ᠤᠨ ᠲᠦᠷᠦᠯ ᠵᠦᠢᠯ ᠤᠯᠠᠨ ᠪᠠᠶᠢᠳᠠᠭ᠃ | ᠤᠯᠠᠭᠠᠨᠬᠠᠳᠠ ᠶᠢᠨ ᠭᠠᠵᠠᠷ ᠵᠦᠢ ᠶᠢᠨ ᠪᠠᠶᠢᠷᠢᠯᠠᠯ ᠨᠢ ᠣᠨᠴᠠᠭᠠᠢ᠂ ᠡᠮᠦᠨᠡᠲᠦ ᠤᠮᠠᠷᠠᠲᠤ ᠶᠢᠨ ᠠᠭᠤᠷ ᠠᠮᠢᠰᠬᠤᠯ ᠤᠨ ᠵᠥᠷᠢᠶ᠎ᠡ ᠨᠡᠯᠢᠶᠡᠳ ᠶᠡᠭᠡ᠂ ᠬᠡᠭᠡᠷ᠎ᠡ ᠶᠢᠨ | ᠤᠷᠭᠤᠮᠠᠯ ᠤᠨ ᠲᠦᠷᠦᠯ ᠵᠦᠢᠯ ᠤᠯᠠᠨ᠂ ᠡᠬᠢ ᠪᠠᠶᠠᠯᠢᠭ ᠡᠯᠪᠡᠭ ᠪᠠᠶᠢᠳᠠᠭ᠃ ᠪᠦᠬᠦ ᠬᠤᠲᠠ ᠳᠤ ᠨᠡᠶᠢᠲᠡ 1863 ᠲᠥᠷᠦᠯ ᠤᠨ ᠬᠡᠭᠡᠷ᠎ᠡ ᠶᠢᠨ ᠤᠷᠭᠤᠮᠠᠯ ᠲᠠᠢ᠂ | ᠡᠭᠦᠨ ᠤ ᠳᠣᠲᠣᠷ᠎ᠠ 586 ᠲᠥᠷᠦᠯ ᠨᠢ ᠬᠡᠭᠡᠷ᠎ᠡ ᠶᠢᠨ ᠡᠮ ᠳᠤ ᠬᠡᠷᠡᠭᠯᠡᠬᠦ ᠦᠨ᠎ᠡ ᠥᠷᠲᠡᠭ ᠲᠠᠢ᠂ 739 ᠲᠥᠷᠦᠯ ᠤᠨ ᠤᠷᠭᠤᠮᠠᠯ ᠨᠢ ᠲᠡᠵᠢᠭᠡᠯ ᠪᠣᠷᠳᠤᠭ᠎ᠠ ᠶᠢᠨ | ᠦᠨ᠎ᠡ ᠥᠷᠲᠡᠭ ᠲᠠᠢ᠃ | ᠭᠠᠵᠠᠷ ᠰᠢᠷᠣᠶ ᠶᠢᠨ ᠡᠬᠢ ᠪᠠᠶᠠᠯᠢᠭ᠄ ᠥᠪᠥᠷ ᠮᠣᠩᠭᠤᠯ ᠤᠨᠥᠨᠳᠦᠷᠯᠢᠭ ᠲᠠᠯ᠎ᠠ ᠭᠠᠵᠠᠷ ᠠᠴᠠ ᠰᠤᠩᠭᠠᠷᠢ ᠮᠥᠷᠡᠨ ᠬᠢᠭᠡᠳ ᠯᠢᠶᠣᠤᠾᠧ ᠭᠤᠣᠯ ᠤᠨ ᠲᠠᠯ᠎ᠠ | ᠭᠠᠵᠠᠷ ᠲᠡᠶᠢᠰᠢ ᠰᠢᠯᠵᠢᠬᠦ ᠰᠢᠯᠵᠢᠯᠲᠡ ᠶᠢᠨ ᠣᠷᠣᠨ ᠪᠦᠰᠡ ᠳᠤ ᠣᠷᠣᠰᠢᠵᠤ᠂ ᠤᠮᠠᠷᠠᠲᠤ ᠬᠡᠰᠡᠭ ᠨᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠡᠰᠡᠭ ᠤᠨ | ᠠᠭᠤᠯᠠᠷᠬᠠᠭ ᠭᠠᠵᠠᠷ ᠪᠠᠶᠢᠵᠤ᠂ ᠶᠠᠨᠱᠠᠨ ᠠᠭᠤᠯᠠ ᠶᠢᠨ ᠰᠢᠰᠲ᠋ᠧᠮ ᠤᠨ ᠴᠢᠯᠠᠭᠤᠲᠤ ᠠᠭᠤᠯᠠ ᠨᠢ ᠪᠠᠷᠠᠭᠤᠨ ᠬᠡᠰᠡᠭ ᠳᠤ ᠪᠠᠶᠢᠵᠤ᠂ ᠨᠢᠷᠤᠭᠤ ᠬᠠᠷᠠᠯᠠᠭ ᠠᠭᠤᠯᠠ ᠨᠢ | ᠵᠡᠭᠦᠨ ᠡᠮᠦᠨ᠎ᠡ ᠲᠠᠯ᠎ᠠ ᠳᠤ ᠪᠠᠶᠢᠵᠤ᠂ ᠭᠤᠷᠪᠠᠨ ᠲᠠᠯ᠎ᠠ ᠪᠠᠷ ᠢᠶᠠᠨ ᠠᠭᠤᠯᠠ ᠬᠦᠷᠢᠶᠡᠯᠡᠭᠰᠡᠨ ᠬᠠᠭᠠᠰ ᠬᠦᠷᠢᠶᠡᠯᠡᠭᠰᠡᠨ ᠪᠠᠶᠢᠳᠠᠯ ᠪᠦᠷᠢᠯᠳᠦᠵᠦ᠂ ᠭᠠᠵᠠᠷ ᠤᠨ | ᠪᠠᠶᠢᠴᠠ ᠨᠢ ᠪᠠᠷᠠᠭᠤᠨ ᠢᠶᠠᠨ ᠥᠨᠳᠥᠷ ᠵᠡᠭᠦᠨ ᠢᠶᠠᠨ ᠳᠣᠣᠷ᠎ᠠ᠂ ᠳᠠᠯᠠᠶ ᠶᠢᠨ ᠲᠦᠪᠰᠢᠨ ᠠᠴᠠ ᠶᠡᠷᠦ ᠳᠡᠭᠡᠨ 500 ~ 1500 ᠮᠧᠲᠷ ᠥᠨᠳᠦᠷ ᠪᠠᠶᠢᠵᠤ᠂ | ᠳᠠᠯᠠᠶ ᠶᠢᠨ ᠲᠦᠪᠰᠢᠨ ᠠᠴᠠ ᠬᠠᠮᠤᠭ ᠥᠨᠳᠥᠷ ᠲᠡᠭᠡᠨ 2067 ᠮᠧᠲᠷ ᠪᠣᠯᠤᠨ᠎ᠠ᠃ ᠭᠠᠵᠠᠷ ᠤᠨ ᠭᠠᠳᠠᠷᠭᠤ ᠶᠢᠨ ᠬᠡᠯᠪᠡᠷᠢ ᠶᠢ ᠠᠭᠤᠯᠠᠷᠬᠠᠭ ᠭᠠᠵᠠᠷ᠂ ᠥᠨᠳᠦᠷᠯᠢᠭ | ᠲᠠᠯ᠎ᠠ ᠭᠠᠵᠠᠷ᠂ ᠬᠠᠶᠢᠯᠤᠮᠠᠯ ᠴᠢᠯᠠᠭᠤᠯᠢᠭ ᠤᠨ ᠳᠡᠨᠵᠢ ᠭᠠᠵᠠᠷ᠂ ᠪᠣᠭᠤᠨᠢ ᠠᠭᠤᠯᠠ ᠳᠣᠪᠣᠷᠬᠠᠭ᠂ ᠡᠯᠡᠰᠦᠨ ᠳᠣᠪᠣᠴᠠᠭ ᠤᠨ ᠲᠠᠯ᠎ᠠ ᠭᠠᠵᠠᠷ ᠭᠡᠵᠦ ᠬᠤᠪᠢᠶᠠᠵᠤ | ᠪᠠᠶᠢᠳᠠᠭ᠃ | ᠤᠯᠠᠭᠠᠨᠬᠠᠳᠠ ᠬᠤᠳᠠ ᠶᠢᠨ ᠬᠥᠷᠥᠰᠥ ᠰᠢᠷᠣᠢ ᠶᠢᠨ ᠶᠡᠷᠦᠩᠬᠡᠢ ᠲᠠᠯᠠᠪᠠᠢ 13306 ᠲᠦᠮᠡᠨ ᠮᠦ᠃ ᠨᠡᠶᠢᠲᠡ 17 ᠲᠥᠷᠥᠯ᠂ 39 ᠳᠡᠳ᠋ ᠲᠥᠷᠥᠯ᠂ | 142 ᠰᠢᠷᠣᠶ ᠶᠢᠨ ᠲᠥᠷᠥᠯ ᠭᠡᠵᠦ ᠬᠤᠪᠢᠶᠠᠳᠠᠭ᠃ ᠤᠯᠠᠪᠤᠷ ᠬᠥᠷᠥᠰᠥ᠂ ᠬᠠᠷᠠᠪᠲᠤᠷ ᠤᠯᠠᠪᠤᠷ ᠬᠥᠷᠥᠰᠥ᠂ ᠪᠤᠳᠤᠩᠭᠤᠶ ᠣᠶ ᠰᠢᠭᠤᠶ ᠶᠢᠨ ᠬᠥᠷᠥᠰᠥ ᠪᠣᠯ | ᠤᠯᠠᠭᠠᠨᠬᠠᠳᠠ ᠬᠤᠲᠠ ᠶᠢᠨ ᠬᠢᠯᠢ ᠳᠣᠲᠣᠷᠠᠬᠢ ᠭᠤᠤᠯ ᠪᠣᠯᠬᠤ ᠠᠭᠤᠯᠠᠷᠬᠠᠭ ᠭᠠᠵᠠᠷ ᠤᠨ ᠬᠥᠷᠥᠰᠥ ᠰᠢᠷᠣᠶ ᠪᠠᠶᠢᠵᠤ᠂ ᠪᠥᠬᠦ ᠬᠤᠲᠠ ᠶᠢᠨ ᠬᠥᠷᠥᠰᠥ ᠰᠢᠷᠣᠶ ᠶᠢᠨ | ᠶᠡᠷᠦᠩᠬᠡᠶ ᠲᠠᠯᠠᠪᠠᠶ ᠶᠢᠨ 14.5% ᠶᠢ ᠡᠵᠡᠯᠡᠨ᠎ᠡ᠃ | ᠤᠰᠤᠨ ᠤ ᠡᠬᠢ ᠪᠠᠶᠠᠯᠢᠭ᠄ ᠤᠯᠠᠭᠠᠨᠬᠠᠳᠠ ᠬᠤᠲᠠ ᠪᠣᠯ ᠯᠢᠶᠣᠤᠾᠧ ᠭᠤᠤᠯ ᠤᠨ ᠰᠠᠪᠠ ᠭᠠᠵᠠᠷ ᠤᠨ ᠬᠠᠮᠤᠭ ᠤᠨ ᠳᠡᠭᠡᠳᠦ ᠤᠷᠤᠰᠬᠠᠯ ᠳᠤ ᠪᠠᠶᠢᠷᠢᠯᠠᠵᠤ᠂ | ᠪᠠᠷᠠᠭᠤᠨ ᠯᠢᠶᠣᠤᠾᠧ ᠭᠤᠤᠯ ᠤᠨ ᠰᠠᠪᠠ ᠭᠠᠵᠠᠷ ᠤᠨ ᠭᠤᠤᠯ ᠤᠷᠤᠰᠬᠠᠯ ᠤᠨ ᠣᠷᠣᠨ ᠪᠣᠯᠤᠨ᠎ᠠ᠃ ᠪᠦᠬᠦ ᠬᠤᠲᠠ ᠶᠢᠨ ᠣᠯᠠᠨ ᠵᠢᠯ ᠤᠨ ᠳᠤᠮᠳᠠᠴᠢ ᠲᠤᠨᠳᠠᠰᠤᠨ ᠤ | ᠬᠡᠮᠵᠢᠶ᠎ᠡ ᠨᠢ 380 ᠮᠢᠯᠢᠮᠧᠲᠷ ᠪᠠᠶᠢᠵᠤ᠂ ᠦᠶᠡᠷ ᠤᠨ ᠬᠤᠭᠤᠴᠠᠭᠠᠨ ᠤ ᠲᠤᠨᠳᠠᠰᠤ ᠨᠢ ᠪᠦᠬᠦ ᠵᠢᠯ ᠤᠨ 80% ᠠᠴᠠ ᠳᠡᠭᠡᠭᠰᠢᠬᠢ ᠶᠢ ᠡᠵᠡᠯᠡᠵᠦ᠂ ᠣᠯᠠᠨ ᠵᠢᠯ ᠤᠨ | ᠳᠤᠮᠳᠠᠴᠢ ᠠᠭᠤᠷᠰᠢᠯᠲᠠ ᠶᠢᠨ ᠬᠡᠮᠵᠢᠶ᠎ᠡ ᠨᠢ 1600 ~ 2500 ᠮᠢᠯᠢᠮᠧᠲᠷ ᠪᠣᠯᠤᠨ᠎ᠠ᠃ ᠪᠥᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ | 38.98 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ ᠤᠰᠤᠨ ᠤ ᠡᠬᠢ ᠪᠠᠶᠠᠯᠢᠭ ᠤᠨ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠤᠰᠤᠨ ᠤ | ᠬᠡᠮᠵᠢᠶ᠎ᠡ 851 ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠪᠦᠬᠦ ᠤᠯᠤᠰ ᠤᠨ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠬᠡᠮᠵᠢᠶᠡᠨ ᠤ 40% ᠪᠠᠶᠢᠵᠤ᠂ | ᠣᠯᠠᠨ ᠤᠯᠤᠰ ᠤᠨ ᠨᠡᠶᠢᠲᠡ ᠪᠠᠷ ᠮᠡᠳᠡᠷᠡᠭᠰᠡᠨ ᠬᠥᠮᠦᠨ ᠪᠦᠷᠢ ᠳᠤ ᠨᠣᠭᠳᠠᠬᠤ ᠤᠰᠤᠨ ᠤ ᠡᠬᠢ ᠪᠠᠶᠠᠯᠢᠭ ᠤᠨ ᠬᠡᠮᠵᠢᠶ᠎ᠡ 1700 ᠪᠣᠰᠤᠭ᠎ᠠ ᠳᠥᠷᠪᠡᠯᠵᠢᠨ | ᠮᠧᠲᠷ ᠤᠨ ᠰᠡᠷᠭᠡᠶᠢᠯᠡᠯᠲᠡ ᠶᠢᠨ ᠱᠤᠭᠤᠮ ᠠᠴᠠ ᠬᠤᠯᠠ ᠳᠣᠣᠷ᠎ᠠ ᠪᠠᠶᠢᠵᠤ᠂ ᠨᠡᠶᠢᠲᠡᠯᠢᠭ ᠴᠢᠨᠠᠷᠲᠠᠶ ᠤᠰᠤᠨ ᠤ ᠡᠬᠢ ᠪᠠᠶᠠᠯᠢᠭ ᠳᠤᠲᠠᠮᠠᠭ ᠭᠠᠵᠠᠷ ᠣᠷᠣᠨ ᠳᠤ | ᠬᠠᠷᠢᠶᠠᠯᠠᠭᠳᠠᠨ᠎ᠠ᠃ | ᠬᠡᠭᠡᠷ᠎ᠡ ᠶᠢᠨ ᠠᠮᠢᠳᠤ ᠪᠣᠳᠠᠰ ᠤᠨ ᠡᠬᠢ ᠪᠠᠶᠠᠯᠢᠭ᠄ ᠣᠲᠣ ᠪᠣᠯᠲᠠᠯ᠎ᠠ᠂ ᠪᠥᠬᠦ ᠬᠤᠲᠠ ᠳᠤ ᠨᠡᠶᠢᠲᠡ 497 ᠲᠥᠷᠦᠯ ᠤᠨ ᠰᠡᠭᠡᠷᠲᠡᠨ ᠠᠮᠢᠲᠠᠨ ᠢ ᠪᠠᠶᠢᠴᠠᠭᠠᠨ | ᠳᠣᠲᠣᠯᠠᠵᠠᠶ᠂ ᠡᠭᠦᠨ ᠳᠤ ᠵᠢᠭᠠᠰᠤᠨ ᠤ ᠲᠥᠷᠥᠯ 37 ᠵᠦᠢᠯ᠂ ᠬᠤᠶᠠᠷ ᠨᠤᠲᠤᠭᠲᠠᠨ 5 ᠵᠦᠢᠯ᠂ ᠮᠥᠯᠬᠦᠭᠴᠢ ᠲᠥᠷᠥᠯ 15 ᠵᠦᠢᠯ᠂ ᠬᠥᠬᠦᠲᠡᠨ ᠤ ᠲᠥᠷᠥᠯ 63 | ᠵᠦᠢᠯ᠂ ᠰᠢᠪᠠᠭᠤᠨ ᠤ ᠲᠥᠷᠥᠯ 377 ᠵᠦᠢᠯ ᠪᠣᠶ᠃ ᠡᠭᠦᠨ ᠳᠤ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ 72 ᠵᠦᠢᠯ ᠪᠣᠶ᠂ | ᠡᠭᠦᠨ ᠳᠤ ᠤᠯᠤᠰ ᠤᠨ Ⅰ ᠲᠠᠰ ᠤᠨ ᠭᠤᠤᠯᠳᠠᠯᠭ᠎ᠠ ᠲᠠᠢ ᠬᠠᠮᠠᠭᠠᠯᠠᠬᠤ ᠰᠢᠪᠠᠭᠤᠨ ᠤ ᠲᠥᠷᠥᠯ 11 ᠵᠦᠢᠯ᠂ ᠤᠯᠤᠰ ᠤᠨ Ⅱ ᠲᠠᠰ ᠤᠨ ᠭᠤᠤᠯᠳᠠᠯᠭ᠎ᠠ ᠲᠠᠢ | ᠬᠠᠮᠠᠭᠠᠯᠠᠬᠤ ᠰᠢᠪᠠᠭᠤᠨ ᠤ ᠲᠥᠷᠥᠯ 54 ᠵᠦᠢᠯ ᠪᠠᠭᠲᠠᠨ᠎ᠠ᠃ ᠬᠢᠯᠢ ᠳᠣᠲᠣᠷᠠᠬᠢ ᠯᠤᠤᠬ᠎ᠠ ᠶᠢᠨ ᠭᠤᠣᠯ ᠪᠣᠯᠤᠨ ᠰᠢᠷᠠᠮᠥ᠋ᠷᠦᠨ ᠭᠤᠣᠯ ᠤᠨ ᠡᠷᠭᠢ ᠳᠠᠭᠠᠤ ᠶᠢᠨ | ᠨᠦᠢᠲᠠᠨ ᠭᠠᠵᠠᠷ᠂ ᠬᠤᠩᠱᠠᠨ ᠤᠰᠤᠨ ᠴᠥᠭᠦᠷᠥᠮ᠂ ᠳᠠᠯᠠᠶᠢᠨᠠᠭᠤᠷ᠂ ᠵᠡᠭᠡᠰᠦᠲᠡᠢ ᠵᠡᠷᠭᠡ ᠳᠣᠲᠣᠭᠠᠳᠤ ᠬᠠᠭᠤᠷᠠᠢ ᠶᠢᠨ ᠨᠠᠭᠤᠷ ᠤᠨ ᠨᠦᠢᠲᠠᠨ ᠭᠠᠵᠠᠷ ᠪᠣᠯᠤᠨ ᠲᠠᠯ᠎ᠠ | ᠭᠠᠵᠠᠷ ᠤᠨ ᠣᠷᠣᠨ ᠪᠣᠯ ᠲᠣᠭᠤᠷᠤᠤ ᠶᠢᠨ ᠲᠦᠷᠦᠯ᠂ ᠲᠣᠭᠤᠳᠠᠭ᠂ ᠬᠤᠨ ᠭᠠᠯᠠᠭᠤ᠂ ᠭᠠᠯᠠᠭᠤ ᠨᠤᠭᠤᠰᠤᠨ ᠤ ᠲᠦᠷᠦᠯ ᠤᠨ ᠨᠡᠭᠦᠳᠡᠯ ᠤᠨ ᠰᠢᠪᠠᠭᠤᠨ ᠤ | ᠨᠡᠭᠦᠳᠡᠯᠯᠡᠬᠦ ᠵᠠᠮ ᠪᠠ ᠦᠷᠲᠡᠭᠡ ᠪᠣᠯᠤᠨ᠎ᠠ᠃ ᠡᠭᠦᠨ ᠳᠤ ᠭᠠᠯᠠᠭᠤ ᠨᠤᠭᠤᠰᠤᠨ ᠤ ᠲᠥᠷᠥᠯ ᠤᠨ ᠨᠡᠭᠦᠳᠡᠯ ᠤᠨ ᠰᠢᠪᠠᠭᠤ ᠪᠣᠯ ᠤᠯᠠᠭᠠᠨᠬᠠᠳᠠ ᠬᠤᠲᠠ ᠶᠢᠨ | ᠨᠡᠭᠦᠳᠡᠯ ᠤᠨ ᠰᠢᠪᠠᠭᠤ ᠶᠢ ᠦᠷᠡᠵᠢᠭᠦᠯᠬᠦ ᠭᠤᠤᠯ ᠴᠣᠭᠴᠠ ᠮᠥᠨ᠂ ᠨᠡᠭᠦᠳᠡᠯ ᠤᠨ ᠤᠯᠠᠷᠢᠯ ᠳᠤ᠂ ᠵᠥᠪᠬᠡᠨ ᠳᠠᠯᠠᠶᠢᠨᠠᠭᠤᠷ ᠲᠤ 7 ᠲᠦᠮᠡ ᠭᠠᠷᠤᠶ ᠬᠤᠨ ᠭᠠᠯᠠᠭᠤ | ᠵᠣᠭᠰᠣᠵᠤ᠂ ᠬᠤᠨ ᠭᠠᠯᠠᠭᠤ ᠪᠠ ᠬᠠᠯᠢᠭᠤᠨ ᠭᠠᠯᠠᠭᠤ ᠡᠯ᠎ᠡ ᠨᠠᠭᠤᠷ ᠨᠠᠮᠤᠭ ᠲᠤ ᠶᠡᠭᠡ ᠬᠡᠮᠵᠢᠶ᠎ᠡ ᠪᠠᠷ ᠣᠷᠣᠰᠢᠨ ᠠᠮᠢᠳᠤᠷᠠᠳᠠᠭ᠃ ᠥᠷᠭᠡᠨ ᠠᠭᠤᠳᠠᠮ ᠡᠭᠦᠰᠦᠮᠡᠯ | ᠣᠶ ᠶᠢᠨ ᠣᠷᠣᠨ ᠪᠣᠯ ᠳᠣᠭᠰᠢᠨ ᠵᠢᠭᠦᠷᠲᠡᠨ ᠤ ᠦᠷᠡᠵᠢᠳᠡᠭ ᠭᠠᠵᠠᠷ ᠪᠣᠯᠤᠨ᠎ᠠ᠃ | ᠤᠯᠠᠭᠠᠨᠬᠠᠳᠠ ᠬᠤᠲᠠ ᠪᠣᠯ ᠶᠡᠭᠡ ᠬᠢᠩᠭᠠᠨ ᠳᠠᠪᠠᠭ᠎ᠠ ᠪᠠ ᠤᠮᠠᠷᠠᠲᠤ ᠣᠷᠣᠨ ᠤ ᠭᠠᠵᠠᠷ ᠤᠨ ᠳᠡᠨᠵᠢ ᠶᠢᠨ ᠬᠤᠶᠢᠲᠤ ᠵᠠᠬ᠎ᠠ ᠶᠢᠨ ᠬᠤᠶᠠᠷ ᠲᠣᠮᠣ | ᠲᠡᠮᠦᠷᠯᠢᠭ ᠢᠶᠠᠷ ᠪᠦᠲᠦᠭᠰᠡᠨ ᠠᠭᠤᠷᠬᠠᠶ ᠶᠢᠨ ᠪᠦᠰᠡ ᠶᠢ ᠰᠤᠨᠳᠠᠯᠠᠵᠤ᠂ ᠤᠯᠤᠰ ᠤᠨ ᠳᠣᠲᠣᠭᠠᠳᠤ ᠶᠢᠨ ᠴᠢᠬᠤᠯᠠ ᠦᠨᠡᠲᠦ ᠲᠡᠮᠦᠷᠯᠢᠭ ᠪᠠ ᠥᠩᠭᠡᠲᠦ | ᠲᠡᠮᠦᠷᠯᠢᠭ ᠤᠨ ᠰᠠᠭᠤᠷᠢᠨ ᠭᠠᠵᠠᠷ ᠤᠨ ᠨᠢᠭᠡ ᠪᠣᠯᠤᠨ᠎ᠠ᠃ 2010 ᠣᠨ ᠳᠤ᠂ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ | ᠨᠡᠶᠢᠭᠡᠮᠯᠢᠭ ᠠᠴᠠ ᠤᠯᠠᠭᠠᠨᠬᠠᠳᠠ ᠬᠤᠲᠠ ᠶᠢ ︽ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠨᠤᠲᠤᠭ︾ ᠭᠡᠵᠦ ᠨᠡᠷᠡᠶᠢᠳᠴᠦ᠂ ᠪᠥᠬᠦ ᠤᠯᠤᠰ ᠤᠨ ᠴᠣᠷ ᠤᠨ | ᠭᠠᠭᠴᠠ ᠲᠣᠰ ᠢᠷᠠᠭᠤ ᠠᠯᠳᠠᠷ ᠢ ᠭᠥᠷᠳᠡᠭᠰᠡᠨ ᠣᠷᠣᠨ ᠤ ᠲᠠᠰ ᠤᠨ ᠬᠤᠲᠠ ᠪᠣᠯᠤᠭᠰᠠᠨ ᠪᠠᠶᠢᠨ᠎ᠠ᠃ ᠲᠤᠰᠬᠠᠶ ᠮᠡᠷᠭᠡᠵᠢᠯᠲᠡᠨ ᠤ ᠵᠢᠱᠢᠬᠦ ᠪᠠᠷ᠂ ᠮᠠᠨ ᠤ ᠬᠤᠲᠠ ᠶᠢᠨ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠠᠯᠤᠰ ᠬᠡᠲᠦ ᠶᠢᠨ ᠬᠠᠳᠠᠭᠠᠯᠠᠭᠳᠠᠴᠠ ᠶᠢᠨ ᠳᠠᠯᠳᠠ ᠥᠷᠲᠡᠭ ᠨᠢ 5 ᠲᠦᠮᠡᠨ ᠳ᠋ᠦᠩᠰᠢᠭᠤᠷ ᠲᠥᠭᠦᠷᠢᠭ ᠠᠴᠠ | ᠳᠡᠭᠡᠭᠰᠢ ᠪᠠᠶᠢᠨ᠎ᠠ᠃ ᠣᠳᠣᠬᠠᠨ ᠳᠤ᠂ ᠪᠥᠬᠦ ᠬᠤᠲᠠ ᠳᠤ ᠨᠢᠭᠡᠨᠲᠡ 83 ᠲᠥᠷᠦᠯ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ 1600 ᠭᠠᠷᠤᠶ | ᠠᠭᠤᠷᠬᠠᠶ ᠶᠢᠨ ᠭᠠᠷᠤᠯᠲᠠ ᠶᠢᠨ ᠣᠷᠣᠨ ᠢ ᠢᠯᠡᠷᠡᠭᠦᠯᠵᠦ᠂ ᠭᠤᠤᠯ ᠪᠣᠯᠬᠤ ᠠᠭᠤᠷᠬᠠᠶ ᠶᠢᠨ ᠭᠠᠷᠤᠯᠲᠠ ᠳᠤ ᠵᠡᠰ᠂ ᠬᠠᠷ᠎ᠠ ᠲᠤᠭᠤᠯᠭ᠎ᠠ᠂ ᠴᠠᠶᠢᠷ᠂ ᠴᠠᠭᠠᠨ | ᠲᠤᠭᠤᠯᠭ᠎ᠠ᠂ ᠸᠣᠯᠹᠷᠠᠮ᠂ ᠮᠣᠯᠢᠪᠳ᠋ᠸᠠ ᠵᠡᠷᠭᠡ ᠥᠩᠭᠡᠲᠦ ᠲᠡᠮᠦᠷᠯᠢᠭ᠂ ᠠᠯᠲᠠ᠂ ᠮᠥᠩᠭᠦ ᠵᠡᠷᠭᠡ ᠦᠨᠡᠲᠦ ᠲᠡᠮᠦᠷᠯᠢᠭ ᠵᠢᠴᠢ ᠮᠠᠩᠭᠠᠨ᠂ ᠲᠡᠮᠦᠷ ᠵᠡᠷᠭᠡ ᠬᠠᠷ᠎ᠠ | ᠲᠡᠮᠦᠷᠯᠢᠭ ᠪᠠᠶᠢᠵᠤ᠂ ᠬᠠᠳᠠᠭᠠᠯᠠᠭᠳᠠᠴᠠ ᠨᠢ ᠡᠯᠪᠡᠭ ᠪᠠᠶᠠᠯᠢᠭ᠂ ᠦᠨ᠎ᠡ ᠥᠷᠲᠡᠭ ᠨᠢ ᠨᠡᠯᠢᠶᠡᠳ ᠥᠨᠳᠦᠷ ᠪᠠᠶᠢᠳᠠᠭ᠃ ᠬᠢᠯᠢ ᠶᠢᠨ ᠳᠣᠲᠣᠷᠠᠬᠢ ᠴᠤᠬᠤᠢ ᠶᠢᠨ | ᠴᠢᠯᠠᠭᠤ᠂ ᠬᠠᠶᠢᠯᠤᠭᠤᠷ ᠵᠣᠩᠰᠢ᠂ ᠴᠠᠬᠢᠭᠤᠷ ᠴᠢᠯᠠᠭᠤ᠂ ᠴᠠᠬᠢᠯᠭᠠᠨ ᠴᠢᠯᠠᠭᠤ᠂ ᠲᠠᠮᠠᠭ᠎ᠠ ᠶᠢᠨ ᠴᠢᠯᠠᠭᠤ ᠵᠡᠷᠭᠡ ᠲᠡᠮᠦᠷᠯᠢᠭ ᠪᠤᠰᠤ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠴᠤ ᠮᠠᠰᠢ ᠡᠯᠪᠡᠭ ᠪᠠᠶᠢᠳᠠᠭ᠃ ᠡᠭᠦᠨ ᠳᠤ ᠪᠠᠭᠠᠷᠢᠨ ᠴᠢᠯᠠᠭᠤ ᠨᠢ ᠨᠢᠭᠡᠨᠲᠡ ᠳᠥᠷᠪᠡᠨ ᠲᠣᠮᠣ ᠤᠯᠤᠰ ᠤᠨ ᠴᠢᠯᠠᠭᠤᠨ ᠤ ᠨᠢᠭᠡ ᠪᠣᠯᠵᠠᠶ᠃ ᠣᠲᠣ | ᠪᠥᠬᠦ ᠬᠤᠲᠠ ᠳᠤ ᠨᠢᠭᠡᠨᠲᠡ 900 ᠭᠠᠷᠤᠶ ᠠᠭᠤᠷᠬᠠᠶ ᠬᠠᠶᠢᠬᠤ ᠡᠷᠬᠡ ᠲᠠᠢ᠂ 857 ᠠᠭᠤᠷᠬᠠᠶ ᠮᠠᠯᠲᠠᠬᠤ ᠡᠷᠬᠡ ᠲᠠᠢ᠃ ᠠᠤᠬᠠᠨ ᠬᠤᠰᠢᠭᠤᠨ ᠤ ᠵᠤᠸᠠᠨ ᠱᠠᠨ | ᠽᠢ ᠶᠢᠨ ᠠᠯᠲᠠᠨ ᠤ ᠠᠭᠤᠷᠬᠠᠶ᠂ ᠠᠤᠬᠠᠨ ᠬᠤᠰᠢᠭᠤᠨ ᠤ ᠶᠢᠨ ᠴᠠᠩ ᠭᠸᠦ ᠯᠢᠶᠠᠩ ᠠᠯᠲᠠᠨ ᠠᠭᠤᠷᠬᠠᠶ᠂ ᠰᠦᠩᠱᠠᠨ ᠲᠣᠭᠤᠷᠢᠭ ᠤᠨ ᠴᠠᠢ ᠬᠤ᠋ ᠯᠠᠨ ᠽᠢ ᠠᠯᠲᠠᠨ ᠤ | ᠠᠭᠤᠷᠬᠠᠶ᠂ ᠬᠠᠷᠠᠴᠢᠨ ᠬᠤᠰᠢᠭᠤᠨ ᠤ ᠳ᠋ᠠ ᠱᠦᠢ ᠴᠢᠩ ᠤᠨ ᠠᠯᠲᠠᠨ ᠤ ᠠᠭᠤᠷᠬᠠᠶ᠂ ᠬᠡᠰᠢᠭᠲᠡᠨ ᠬᠤᠰᠢᠭᠤᠨ ᠤ ᠪᠠᠷᠠᠨᠳᠠᠪᠠᠭᠠ ᠮᠥᠩᠭᠦᠨ ᠤ ᠠᠭᠤᠷᠬᠠᠶ᠂ ᠬᠡᠰᠢᠭᠲᠡᠨ | ᠬᠤᠰᠢᠭᠤᠨ ᠤ ᠶᠢᠨ ᠳ᠋ᠦ᠋ ᠠᠭᠤᠷᠬᠠᠶ ᠶᠢᠨ ᠦᠢᠯᠡᠰ ᠤᠨ ᠮᠥᠩᠭᠦ ᠪᠠᠷ ᠭᠤᠣᠯᠯᠠᠭᠤᠯᠤᠭᠰᠠᠨ ᠲᠡᠮᠦᠷᠯᠢᠭ ᠤᠨ ᠠᠭᠤᠷᠬᠠᠶ᠂ ᠪᠠᠭᠠᠷᠢᠨ ᠵᠡᠭᠦᠨ ᠬᠤᠰᠢᠭᠤᠨ ᠤ | ᠪᠠᠶᠠᠨᠨᠠᠭᠤᠷ ᠤᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ᠂ ᠪᠠᠭᠠᠷᠢᠨ ᠵᠡᠭᠦᠨ ᠬᠤᠰᠢᠭᠤᠨ ᠤ ᠬᠤᠩ ᠯᠢᠩ ᠤᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ᠂ | ᠪᠠᠭᠠᠷᠢᠨ ᠵᠡᠭᠦᠨ ᠬᠤᠰᠢᠭᠤᠨ ᠤ ᠱᠤᠸᠠᠩ ᠵᠢᠶᠠᠨ ᠽᠢ ᠠᠭᠤᠯᠠ ᠶᠢᠨ ᠮᠥᠩᠭᠦ ᠪᠠᠷ ᠭᠤᠣᠯᠯᠠᠭᠤᠯᠤᠭᠰᠠᠨ ᠲᠡᠮᠦᠷᠯᠢᠭ ᠤᠨ ᠠᠭᠤᠷᠬᠠᠶ᠂ ᠯᠢᠨᠰᠢ ᠶᠢᠨ ᠳ᠋ᠠ ᠵᠢᠩ ᠽᠢ | ᠮᠥᠩᠭᠦ ᠵᠡᠰ ᠤᠨ ᠠᠭᠤᠷᠬᠠᠶ᠂ ᠠᠷᠤ ᠬᠤᠷᠴᠢᠨ ᠬᠤᠰᠢᠭᠤᠨ ᠤ ᠣᠯᠣᠨᠬᠤᠸᠠ ᠵᠡᠰ ᠮᠤᠯᠢᠪᠳᠧᠨ ᠤ ᠠᠭᠤᠷᠬᠠᠶ᠂ ᠬᠡᠰᠢᠭᠲᠡᠨ ᠬᠤᠰᠢᠭᠤᠨ ᠤ ᠬᠤᠩᠭᠤ ᠶᠢᠨ | ᠳᠠᠪᠠᠭ᠎ᠠ ᠶᠢᠨ ᠲᠡᠮᠦᠷ ᠤᠨ ᠠᠭᠤᠷᠬᠠᠶ᠂ ᠬᠡᠰᠢᠭᠲᠡᠨ ᠬᠤᠰᠢᠭᠤᠨ ᠤ ᠸᠧᠢ ᠯᠠ ᠰᠧ ᠲᠦᠸᠧ ᠶᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ᠂ ᠶᠤᠸᠠᠨ ᠪᠦᠦ ᠱᠠᠨ | ᠨᠡᠭᠦᠷᠡᠰᠦᠨ ᠠᠭᠤᠷᠬᠠᠶ ᠵᠡᠷᠭᠡ ᠨᠢᠭᠡ ᠪᠦᠯᠦᠭ ᠭᠤᠤᠯᠯᠠᠭᠴᠢ ᠬᠡᠯᠪᠡᠷᠢ ᠶᠢᠨ ᠠᠭᠤᠷᠬᠠᠶ ᠶᠢᠨ ᠠᠵᠤ ᠠᠬᠤᠶᠢᠯᠠᠯ ᠢ ᠪᠠᠶᠢᠭᠤᠯᠪᠠ᠃ ᠭᠤᠣᠯ ᠪᠣᠯᠬᠤ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ᠄ ᠠᠯᠲᠠ 271.3 ᠲᠣᠨ᠂ ᠮᠥᠩᠭᠦ 3.4 ᠲᠦᠮᠡᠨ ᠲᠣᠨ᠂ ᠵᠡᠰ 87 ᠲᠦᠮᠡᠨ ᠲᠣᠨ᠂ ᠬᠠᠷ᠎ᠠ ᠲᠤᠭᠤᠯᠭ᠎ᠠ | 552.8 ᠲᠦᠮᠡᠨ ᠲᠣᠨ᠂ ᠴᠠᠶᠢᠷ 907.4 ᠲᠦᠮᠡᠨ ᠲᠣᠨ᠂ ᠸᠣᠯᠹᠷᠠᠮ ᠢ 14.9 ᠲᠦᠮᠡᠨ ᠲᠣᠨ᠂ ᠴᠠᠭᠠᠨ ᠲᠤᠭᠤᠯᠭ᠎ᠠ 84.5 ᠲᠦᠮᠡᠨ ᠲᠣᠨ᠂ | ᠮᠣᠯᠢᠪᠳᠧᠨ ᠢ 41.5 ᠲᠦᠮᠡᠨ ᠲᠣᠨ᠂ ᠲᠡᠮᠦᠷ ᠢ 5.9 ᠳ᠋ᠦᠩᠰᠢᠭᠤᠷ ᠲᠣᠨ᠂ ᠨᠡᠭᠦᠷᠡᠰᠦ 30 ᠳ᠋ᠦᠩᠰᠢᠭᠤᠷ ᠲᠣᠨ ᠪᠣᠯᠤᠨ᠎ᠠ᠃ | ᠤᠯᠠᠭᠠᠨᠬᠠᠳᠠ ᠬᠤᠲᠠ ᠶᠢᠨ ᠭᠠᠵᠠᠷ ᠨᠤᠲᠤᠭ ᠥᠷᠭᠡᠨ ᠠᠭᠤᠳᠠᠮ᠂ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠠᠯᠢᠭ᠂ ᠠᠮᠢᠳᠤ ᠪᠣᠳᠠᠰ ᠣᠯᠠᠨ ᠶᠠᠩᠵᠤ ᠶᠢᠨ | ᠪᠠᠶᠢᠵᠤ᠂ ᠮᠠᠰᠢ ᠣᠯᠠᠨ ᠪᠠᠶᠢᠭᠠᠯᠢ ᠶᠢᠨ ᠥᠩᠭᠡ ᠦᠵᠡᠮᠵᠢ ᠨᠢ ᠭᠤᠶᠣ ᠰᠠᠶᠢᠬᠠᠨ ᠠᠭᠤᠯᠠ ᠤᠰᠤ ᠨᠢ ᠬᠠᠴᠢᠨ ᠰᠣᠨᠢᠨ ᠣᠷᠣᠨ ᠪᠦᠰᠡ ᠲᠠᠢ ᠪᠠᠶᠢᠳᠠᠭ᠃ 1997 | ᠣᠨ ᠤ 12 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠠᠭᠠᠨᠬᠠᠳᠠ ᠬᠤᠲᠠ ᠶᠢ ᠠᠩᠬᠠᠳᠠᠭᠴᠢ ᠳᠠᠯᠠᠶᠢᠨᠠᠭᠤᠷ ᠤᠨ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠭᠠᠬᠤ ᠶᠢ ᠵᠢᠩᠬᠢᠨᠢ ᠪᠠᠷ ᠵᠥᠪᠰᠢᠶᠡᠷᠡᠭᠰᠡᠨ ᠠᠴᠠ ᠠᠪᠤᠭᠠᠳ 2020 ᠣᠨ ᠤ ᠡᠴᠦᠰ ᠪᠣᠯᠲᠠᠯ᠎ᠠ᠂ ᠪᠥᠬᠦ ᠬᠤᠲᠠ ᠳᠤ | ᠨᠡᠶᠢᠲᠡ 28 ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠶ᠃ ᠡᠭᠦᠨ ᠳᠤ᠂ ᠤᠯᠤᠰ ᠤᠨ ᠲᠠᠰ ᠤᠨ 8᠂ ᠥᠪᠡᠷᠲᠡᠭᠡᠨ | ᠵᠠᠰᠠᠬᠤ ᠣᠷᠣᠨ ᠤ ᠲᠠᠰ ᠤᠨ 9᠂ ᠬᠤᠲᠠ ᠶᠢᠨ ᠲᠠᠰ ᠤᠨ 3᠂ ᠬᠤᠰᠢᠭᠤ ᠰᠢᠶᠠᠨ ᠲᠣᠭᠤᠷᠢᠭ ᠤᠨ ᠲᠠᠰ ᠤᠨ 8 ᠪᠣᠶ᠃ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠲᠠᠯᠠᠪᠠᠶ ᠨᠢ 113.2 ᠲᠦᠮᠡᠨ ᠾᠧᠺᠲ᠋ᠠᠷ ᠪᠣᠯᠤᠨ᠎ᠠ᠃ ᠡᠭᠦᠨ ᠳᠤ᠂ ᠤᠯᠤᠰ ᠤᠨ ᠲᠠᠰ ᠤᠨ 67 ᠲᠦᠮᠡᠨ ᠾᠧᠺᠲ᠋ᠠᠷ᠂ ᠥᠪᠡᠷᠲᠡᠭᠡᠨ ᠵᠠᠰᠠᠬᠤ | ᠣᠷᠣᠨ ᠤ ᠲᠠᠰ ᠤᠨ 25.2 ᠲᠦᠮᠡᠨ ᠾᠧᠺᠲ᠋ᠠᠷ᠂ ᠬᠤᠲᠠ ᠶᠢᠨ ᠲᠠᠰ ᠤᠨ 6.8 ᠲᠦᠮᠡᠨ ᠾᠧᠺᠲ᠋ᠠᠷ᠂ ᠬᠤᠰᠢᠭᠤ ᠰᠢᠶᠠᠨ ᠲᠣᠭᠤᠷᠢᠭ ᠤᠨ ᠲᠠᠰ ᠤᠨ 14.2 | ᠲᠦᠮᠡᠨ ᠾᠧᠺᠲ᠋ᠠᠷ ᠪᠣᠯᠤᠨ᠎ᠠ᠃ | | |