ᠲᠡᠦᠬᠡ ᠶᠢᠨ ᠤᠯᠠᠷᠢᠯ ᠬᠤᠪᠢᠰᠤᠯ
ᠨᠡᠶᠢᠲᠡᠯᠡᠭᠰᠡᠨ ᠴᠠᠭ᠄
2021/10/14
       ᠤᠯᠠᠭᠠᠨᠬᠠᠳᠠ ᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ᠂ ᠵᠡᠭᠦᠨ ᠬᠤᠶᠢᠲᠤ ᠣᠷᠣᠨ ᠤ ᠪᠠᠷᠠᠭᠤᠨ ᠦᠵᠦᠭᠦᠷ᠂ ᠪᠠᠷᠠᠭᠤᠨ ᠯᠢᠶᠣᠤᠾᠧ ᠭᠤᠣᠯ ᠤᠨ ᠳᠡᠭᠡᠳᠦ ᠤᠷᠤᠰᠬᠠᠯ᠂ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠡᠮᠦᠨ᠎ᠡ ᠬᠡᠰᠡᠭ ᠤᠨ ᠠᠭᠤᠯᠠ ᠨᠢᠷᠤᠭᠤ ᠬᠢᠭᠡᠳ ᠶᠠᠨᠱᠠᠨ ᠠᠭᠤᠯᠠ ᠶᠢᠨ ᠠᠷᠤ ᠬᠤᠷᠮᠣᠶ ᠶᠢᠨ ᠠᠭᠤᠯᠠᠷᠬᠠᠭ ᠭᠠᠵᠠᠷ᠂ ᠥᠪᠥᠷ ᠮᠣᠩᠭᠤᠯ ‍ᠤᠨ‌ᠥᠨᠳᠦᠷᠯᠢᠭ ᠲᠠᠯ᠎ᠠ ᠭᠠᠵᠠᠷ᠂ ᠪᠠᠷᠠᠭᠤᠨ ᠯᠢᠶᠣᠤᠾᠧ ᠭᠤᠣᠯ ᠤᠨ ᠲᠠᠯ᠎ᠠ ᠭᠠᠵᠠᠷ ᠤᠨ ᠨᠡᠶᠢᠯᠡᠨ ᠵᠠᠯᠭᠠᠯᠳᠤᠭᠰᠠᠨ ᠬᠡᠰᠡᠭ ᠲᠤ ᠣᠷᠣᠰᠢᠵᠤ ᠪᠠᠶᠢᠳᠠᠭ᠃ ᠰᠢᠷᠠᠮᠥ᠋ᠷᠦᠨ ᠭᠤᠣᠯ ᠪᠣᠯᠤᠨ ᠯᠤᠤᠬ᠎ᠠ ᠶᠢᠨ ᠭᠤᠣᠯ ᠤᠯᠠᠭᠠᠨᠬᠠᠳᠠ ᠶᠢᠨ ᠳᠤᠮᠳᠠ ᠬᠡᠰᠡᠭ ᠢᠶᠠᠷ ᠬᠥᠨᠳᠡᠯᠢᠰᠦᠨ ᠲᠤᠭᠤᠯᠵᠠᠢ᠃ ᠶᠡᠷᠦᠩᠬᠡᠶ ᠲᠠᠯᠠᠪᠠᠶ ᠨᠢ 90021 ᠲᠡᠭᠰᠢ ᠳᠥᠷᠪᠡᠯᠵᠢᠨ ᠺᠢᠯᠣᠮᠧᠲᠷ ᠪᠣᠯᠤᠨ᠎ᠠ᠃       ᠬᠤᠲᠠ ᠶᠢᠨ ᠵᠠᠰᠠᠭ ᠤᠨ ᠣᠷᠳᠣᠨ ᠨᠢ ᠤᠯᠠᠭᠠᠨᠬᠠᠳᠠ ᠶᠢᠨ ᠰᠦᠩᠱᠠᠨ ᠲᠣᠭᠤᠷᠢᠭ ᠲᠤ ᠪᠠᠶᠢᠵᠤ᠂ ᠵᠡᠭᠦᠨ ᠲᠠᠯ᠎ᠠ ᠪᠠᠷ ᠯᠢᠶᠣᠤᠨᠢᠩ ᠮᠥᠭᠳᠡᠨ ᠲᠠᠢ ᠬᠥᠷᠰᠢᠯᠡᠵᠦ᠂ ᠡᠮᠦᠨ᠎ᠡ ᠲᠠᠯ᠎ᠠ ᠪᠠᠷ ᠪᠡᠭᠡᠵᠢᠩ ᠲᠢᠶᠠᠨᠵᠢᠨ ᠲᠠᠩᠱᠠᠨ ᠲᠠᠢ ᠣᠶᠢᠷᠠᠲᠤᠵᠤ᠂ ᠪᠠᠷᠠᠭᠤᠨ ᠬᠤᠶᠢᠨ᠎ᠠ ᠪᠠᠷ ᠰᠢᠯᠢ ᠶᠢᠨ ᠭᠤᠣᠯ ᠤᠨ ᠲᠠᠯ᠎ᠠ ᠨᠤᠲᠤᠭ ᠲᠠᠢ ᠵᠠᠯᠭᠠᠯᠳᠤᠵᠤ᠂ ᠵᠠᠮ ᠬᠠᠷᠢᠯᠴᠠᠭ᠎ᠠ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠵᠡᠶ᠃      ᠲᠦᠮᠡᠨ ᠵᠢᠯ ᠤᠨ ᠡᠮᠦᠨ᠎ᠡ ᠬᠤᠶᠢᠨ᠎ᠠ᠂ ᠤᠯᠠᠭᠠᠨᠬᠠᠳᠠ ᠶᠢᠨ ᠡᠪᠦᠭᠡ ᠳᠡᠭᠡᠳᠦᠰ ᠬᠠᠮᠤᠭ ᠲᠦᠷᠦᠭᠦᠨ ᠳᠤ ᠰᠢᠨ᠎ᠡ ᠴᠢᠯᠠᠭᠤᠨ ᠵᠡᠪᠰᠡᠭ ᠤᠨ ᠬᠤᠪᠢᠰᠬᠠᠯ ᠬᠢᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠥᠷ ᠤᠨ ᠲᠤᠶᠠᠭ᠎ᠠ ᠶᠢ ᠤᠭᠲᠤᠨ ᠠᠪᠴᠢᠷᠠᠵᠠᠢ᠃ ᠨᠠᠢᠮᠠᠨ ᠮᠢᠩᠭᠠᠨ ᠵᠢᠯ ᠤᠨ ᠡᠮᠦᠨᠡᠬᠢ ᠰᠢᠩ ᠯᠦᠩ ᠸᠠ ᠰᠣᠶᠣᠯ ᠤᠨ ᠴᠠᠭ ᠦᠶ᠎ᠡ ᠳᠤ᠂ ᠤᠯᠠᠭᠠᠨᠬᠠᠳᠠ ᠶᠢᠨ ᠡᠪᠦᠭᠡ ᠳᠡᠭᠡᠳᠦᠰ ᠲᠠᠷᠢᠶᠠᠯᠠᠬᠤ᠂ ᠵᠢᠭᠠᠰᠤ ᠠᠩᠨᠠᠬᠤ᠂ ᠲᠡᠭᠦᠵᠦ ᠴᠤᠭᠯᠠᠭᠤᠯᠬᠤ᠂ ᠮᠠᠯ ᠠᠵᠤ ᠠᠬᠤᠢ ᠡᠷᠬᠢᠯᠡᠨ᠂ ᠰᠠᠭᠤᠷᠢᠰᠢᠨ ᠠᠮᠢᠳᠤᠷᠠᠵᠤ᠂ ᠶᠡᠭᠡ ᠬᠡᠪᠴᠢᠶᠡᠨ ᠤ ᠰᠠᠭᠤᠷᠢᠰᠢᠯ ᠤᠨ ᠪᠠᠭᠤᠷᠢ ᠶᠢ ᠦᠯᠡᠳᠡᠭᠡᠵᠦ᠂ ᠡᠷᠳᠡᠮ ᠰᠢᠨᠵᠢᠯᠡᠭᠡᠨ ᠤ ᠡᠲᠡᠭᠡᠳ ᠲᠤ ︽ᠬᠤᠸᠠᠰᠢᠶᠠ ᠶᠢᠨ ᠨᠢᠭᠡᠳᠦᠭᠡᠷ ᠲᠣᠰᠬᠤᠨ︾ ᠬᠡᠮᠡᠭᠳᠡᠪᠡ᠃ ᠣᠲᠣ ᠠᠴᠠ ᠲᠤᠯᠤᠭᠠᠨ ᠮᠢᠩᠭᠠᠨ ᠵᠢᠯ ᠤᠨ ᠡᠮᠦᠨᠡᠬᠢ ᠵᠣᠣ ᠪᠦᠦ ᠭᠸᠤ ᠶᠢᠨ ᠰᠣᠶᠣᠯ ᠤᠨ ᠴᠠᠭ ᠦᠶ᠎ᠡ ᠳᠤ᠂ ᠤᠯᠠᠭᠠᠨᠬᠠᠳᠠ ᠶᠢᠨ ᠡᠪᠦᠭᠡ ᠳᠡᠭᠡᠳᠦᠰ ᠣᠯᠠᠨ ᠤ ᠰᠠᠶᠢᠨᠲᠠᠶ ᠲᠠᠯ᠎ᠠ ᠶᠢ ᠥᠷᠭᠡᠨ ᠢᠶᠠᠷ ᠰᠢᠩᠭᠡᠭᠡᠨ ᠠᠪᠴᠤ᠂ ᠪᠦᠬᠦᠨ ᠢ ᠠᠪᠴᠤ ᠪᠠᠶᠢᠳᠠᠭ ᠢ ᠬᠠᠳᠠᠭᠠᠯᠠᠨ᠂ ᠯᠣᠤ ᠶᠢ ᠳᠡᠭᠡᠳᠦᠯᠡᠵᠦ ᠭᠠᠷᠤᠳᠢ ᠶᠢ ᠡᠷᠬᠢᠮᠯᠡᠵᠦ᠂ ᠥᠪᠡᠷᠮᠢᠴᠡ ᠣᠨᠴᠠᠯᠢᠭ ᠲᠠᠢ ᠰᠢᠨ᠎ᠡ ᠴᠢᠯᠠᠭᠤᠨ ᠵᠡᠪᠰᠡᠭ ᠤᠨ ᠰᠣᠶᠣᠯ ᠢ ᠡᠭᠦᠳᠦᠨ ᠪᠦᠲᠦᠭᠡᠭᠰᠡᠨ ᠪᠠᠶᠢᠨ᠎ᠠ᠃ ᠣᠲᠣ ᠠᠴᠠ ᠲᠠᠪᠤ ᠵᠢᠷᠭᠤᠭᠠᠨ ᠮᠢᠩᠭᠠᠨ ᠵᠢᠯ ᠤᠨ ᠡᠮᠦᠨᠡᠬᠢ ᠬᠤᠩᠱᠠᠨ ᠰᠣᠶᠣᠯ ᠤᠨ ᠴᠠᠭ ᠦᠶ᠎ᠡ ᠳᠤ᠂ ᠤᠯᠠᠭᠠᠨᠬᠠᠳᠠ ᠨᠢ ᠳᠤᠮᠳᠠᠳᠤ ᠶᠢᠨ ᠡᠷᠲᠡᠨ ᠤ ᠪᠣᠯᠪᠠᠰᠤᠨ ᠤ ᠮᠡᠨᠳᠦᠯᠡᠭᠰᠡᠨ ᠭᠠᠵᠠᠷ ᠪᠣᠯᠵᠣ᠂ ᠣᠩᠨᠢᠭᠤᠳ ᠬᠤᠰᠢᠭᠤᠨ ᠤ ᠰᠠᠴᠢᠨᠲᠠᠯ᠎ᠠ ᠠᠴᠠ ᠮᠠᠯᠲᠠᠵᠤ ᠭᠠᠷᠭᠠᠭᠰᠠᠨ ᠲᠣᠮᠣ ᠬᠡᠯᠪᠡᠷᠢ ᠶᠢᠨ ᠨᠣᠮᠢᠨ ᠬᠠᠰ ᠤᠨ ᠰᠡᠶᠢᠯᠦᠮᠡᠯ ᠯᠤᠤ ᠨᠢ ᠡᠨᠡᠬᠦ ᠴᠠᠭ ᠦᠶ᠎ᠡ ᠶᠢᠨ ᠬᠡᠷᠡᠯ ᠭᠢᠯᠪᠠᠭ᠎ᠠ ᠶᠢ ᠪᠡᠯᠭᠡᠳᠡᠵᠦ᠂ ᠳᠤᠮᠳᠠᠳᠤ ᠶᠢᠨ ᠡᠬᠡ ᠭᠠᠵᠠᠷ ᠤᠨ ᠬᠠᠮᠤᠭ ᠡᠷᠲᠡᠨ ᠤ ᠯᠣᠤ ᠶᠢᠨ ᠬᠡᠯᠪᠡᠷᠢᠲᠦ ᠪᠠᠭᠠᠵᠢ ᠪᠣᠯᠬᠤ ᠪᠥᠭᠡᠳ ︽ᠳᠡᠯᠡᠬᠡᠶ ᠶᠢᠨ ᠲᠡᠷᠢᠭᠦᠨ ᠯᠤᠤ︾ ᠬᠡᠮᠡᠭᠳᠡᠭᠰᠡᠨ ᠶᠤᠮ᠃ ᠣᠲᠣ ᠠᠴᠠ ᠳᠥᠷᠪᠡᠨ ᠮᠢᠩᠭ᠎ᠠ ᠲᠠᠪᠤᠨ ᠵᠠᠭᠤᠨ ᠵᠢᠯ ᠤᠨ ᠡᠮᠦᠨᠡᠬᠢ ᠰᠢᠶᠤᠤ ᠾᠧ ᠶᠠᠨ ᠤ ᠰᠣᠶᠣᠯ ᠤᠨ ᠴᠠᠭ ᠦᠶ᠎ᠡ ᠳᠤ᠂ ᠤᠯᠠᠭᠠᠨᠬᠠᠳᠠ ᠶᠢᠨ ᠡᠪᠦᠭᠡ ᠳᠡᠭᠡᠳᠦᠰ ᠥᠰᠥᠭ ᠪᠢᠴᠢᠭ ᠢᠶᠠᠷ ᠤᠴᠢᠷ ᠶᠠᠪᠤᠳᠠᠯ ᠢ ᠲᠡᠮᠳᠡᠭᠯᠡᠵᠦ᠂ ᠪᠠᠯᠠᠷ ᠪᠠᠯᠠᠶ ᠠᠴᠠ ᠠᠩᠭᠢᠵᠢᠷᠠᠵᠤ᠂ ᠪᠣᠯᠪᠠᠰᠤᠨ ᠪᠠᠶᠢᠳᠠᠯ ᠳᠤ ᠤᠷᠤᠭᠰᠠᠨ ᠪᠠᠶᠢᠨ᠎ᠠ᠃ ᠣᠲᠣ ᠠᠴᠠ ᠳᠥᠷᠪᠡᠨ ᠮᠢᠩᠭ᠎ᠠ ᠭᠤᠷᠪᠠᠨ ᠵᠠᠭᠤᠨ ᠵᠢᠯ ᠤᠨ ᠡᠮᠦᠨᠡᠬᠢ ᠰᠢᠶᠠ ᠵᠢᠶᠠ ᠳ᠋ᠢᠶᠠᠨ ᠤ ᠳᠣᠤᠷᠠᠳᠤ ᠳᠠᠪᠬᠤᠷᠭ᠎ᠠ ᠶᠢᠨ ᠰᠣᠶᠣᠯ ᠤᠨ ᠴᠠᠭ ᠦᠶ᠎ᠡ ᠳᠤ᠂ ᠤᠯᠠᠭᠠᠨᠬᠠᠳᠠ ᠣᠷᠣᠨ ᠬᠦᠷᠡᠯ ᠵᠡᠪᠰᠡᠭ ᠤᠨ ᠴᠠᠭ ᠦᠶ᠎ᠡ ᠳᠤ ᠣᠷᠣᠵᠤ᠂ ᠪᠣᠭᠤᠯᠲᠤ ᠪᠠᠶᠢᠭᠤᠯᠤᠯ ᠤᠨ ᠸᠠᠩᠲᠤ ᠤᠯᠤᠰ ᠪᠣᠶ ᠪᠣᠯᠤᠭᠰᠠᠨ ᠪᠠᠶᠢᠨ᠎ᠠ᠂ ᠤᠯᠠᠭᠠᠨᠬᠠᠳᠠ ᠶᠢᠨ ᠬᠢᠯᠢ ᠳᠣᠲᠣᠷᠠᠬᠢ ᠶᠡᠭᠡ ᠪᠠᠭ᠎ᠠ ᠬᠡᠳᠦᠨ ᠵᠠᠭᠤᠨ ᠬᠤᠲᠠ ᠴᠠᠶᠢᠵᠠ ᠨᠢ ᠡᠭᠦᠨ ᠤ ᠪᠡᠯᠭᠡ ᠲᠡᠮᠳᠡᠭ ᠪᠣᠯᠤᠨ᠎ᠠ᠃      ᠱᠠᠩ ᠤᠯᠤᠰ ᠤᠨ ᠰᠡᠭᠦᠯᠴᠢ ᠶᠢᠨ ᠬᠤᠭᠤᠴᠠᠭ᠎ᠠ ᠠᠴᠠ ᠪᠠᠶᠢᠯᠳᠤᠭᠠᠨᠲᠤ ᠤᠯᠤᠰ ᠶᠢᠨ ᠦᠶ᠎ᠡ ᠪᠣᠯ ᠬᠠᠭᠤᠴᠢ ᠰᠤᠳᠤᠯᠤᠯ ᠤᠨ ᠰᠢᠶᠠ ᠵᠢᠶᠠ ᠳ᠋ᠢᠶᠠᠨ ᠤ ᠳᠡᠭᠡᠳᠦ ᠳᠠᠪᠬᠤᠷᠭ᠎ᠠ ᠶᠢᠨ ᠰᠣᠶᠣᠯ ᠤᠨ ᠴᠠᠭ ᠦᠶ᠎ᠡ ᠪᠣᠯᠤᠨ᠎ᠠ᠂ ᠤᠯᠠᠭᠠᠨᠬᠠᠳᠠ ᠳᠤ ᠠᠵᠢᠯᠯᠠᠭ᠎ᠠ ᠬᠢᠵᠦ ᠪᠠᠶᠢᠭᠰᠠᠨ ᠨᠢ ᠭᠤᠣᠯᠳᠠᠭᠤ ᠳ᠋ᠥᠩᠬᠤ ᠶᠢᠨ ᠪᠦᠯᠦᠭ ᠤᠨ ᠦᠨᠳᠦᠰᠦᠲᠡᠨ ᠪᠣᠯᠤᠨ᠎ᠠ᠃ ᠪᠠᠶᠢᠯᠳᠤᠭᠠᠨᠲᠤ ᠤᠯᠤᠰ ᠤᠨ ᠰᠡᠭᠦᠯᠴᠢ ᠶᠢᠨ ᠦᠶ᠎ᠡ ᠳᠤ᠂ ᠶᠠᠨ ᠤᠯᠤᠰ ᠤᠨ ᠬᠢᠯᠢ ᠳᠡᠭᠡᠷ᠎ᠡ ᠪᠠᠶᠢᠭᠤᠯᠤᠭᠰᠠᠨ ᠶᠠᠨ ᠪᠸᠢ ᠶᠢᠨ ᠣᠷᠳᠣ ᠴᠠᠭᠠᠨ ᠬᠡᠷᠡᠮ ᠢ ᠤᠯᠠᠭᠠᠨᠬᠠᠳᠠ ᠶᠢᠨ ᠡᠮᠦᠨ᠎ᠡ ᠪᠠᠷ ᠥᠩᠭᠡᠷᠡᠨ ᠭᠠᠷᠴᠠᠶ᠃ ᠤᠯᠠᠭᠠᠨᠬᠠᠳᠠ ᠶᠢᠨ ᠡᠮᠦᠨᠡᠲᠦ ᠬᠡᠰᠡᠭ ᠨᠢ ᠶᠠᠨ ᠤᠯᠤᠰ ᠤᠨ ᠪᠠᠷᠠᠭᠤᠨ ᠪᠸᠢᠢᠫᠢᠩ ᠵᠢᠶᠦ᠋ᠨ ᠪᠠᠶᠢᠵᠤ᠂ ᠨᠢᠩᠴᠧᠩ ᠬᠤᠳᠠ ᠶᠢᠨ ᠾᠧᠢ ᠴᠧᠩ ᠳᠤ ᠵᠠᠬᠢᠷᠤᠭᠳᠠᠵᠤ ᠪᠠᠶᠢᠪᠠ᠃      ᠴᠢᠨ ᠤᠯᠤᠰ ᠵᠢᠷᠭᠤᠭᠠᠨ ᠤᠯᠤᠰ ᠢ ᠨᠡᠶᠢᠯᠡᠭᠦᠯᠦᠭᠰᠡᠨ ᠨᠢ ᠰᠦᠶ ᠤᠯᠤᠰ ᠲᠠᠩ ᠤᠯᠤᠰ ᠬᠦᠷᠲᠡᠯ᠎ᠡ ᠦᠷᠭᠦᠯᠵᠢᠯᠡᠵᠡᠶ᠃ ᠰᠦᠶ ᠤᠯᠤᠰ ᠲᠠᠩ ᠤᠯᠤᠰ ᠤᠨ ᠦᠶ᠎ᠡ ᠳᠤ ᠷᠤᠤ ᠯᠧ ᠵᠠᠬᠢᠷᠤᠭᠴᠢ ᠶᠢᠨ ᠣᠷᠳᠣᠨ ᠪᠠ ᠰᠥᠩ ᠮᠥᠸᠧ ᠵᠠᠬᠢᠷᠤᠭᠴᠢ ᠶᠢᠨ ᠣᠷᠳᠣᠨ ᠢ ᠪᠠᠶᠢᠭᠤᠯᠵᠠᠶ᠃      ᠯᠢᠶᠣᠤ ᠤᠯᠤᠰ ᠤᠨ ᠦᠶ᠎ᠡ ᠳᠤ᠂ ᠤᠳᠤ ᠶᠢᠨ ᠤᠯᠠᠭᠠᠨᠬᠠᠳᠠ ᠬᠤᠳᠠ ᠶᠢᠨ ᠪᠦᠬᠦ ᠬᠢᠯᠢ ᠨᠢ ᠳᠡᠭᠡᠳᠦ ᠨᠡᠶᠢᠰᠯᠡᠯ ᠤᠨ ᠯᠢᠨ ᠬᠤᠸᠠᠩ ᠣᠷᠳᠤᠨ ᠪᠣᠯᠤᠨ ᠳᠤᠮᠳᠠᠳᠤ ᠨᠡᠶᠢᠰᠯᠡᠯ ᠤᠨ ᠳ᠋ᠡ ᠳ᠋ᠢᠩ ᠣᠷᠳᠤᠨ ᠳᠤ ᠬᠠᠷᠢᠶᠠᠯᠠᠭᠳᠠᠨ᠎ᠠ᠃ ᠳᠡᠭᠡᠳᠦ ᠨᠡᠶᠢᠰᠯᠡᠯ ᠨᠢ ᠯᠢᠶᠣᠤ ᠤᠯᠤᠰ ᠤᠨ ᠨᠡᠶᠢᠰᠯᠡᠯ᠂ ᠳᠤᠮᠳᠠᠳᠤ ᠨᠡᠶᠢᠰᠯᠡᠯ ᠨᠢ ᠬᠠᠮᠤᠭ ᠲᠣᠮᠣ ᠳᠠᠭᠠᠯᠲᠠ ᠨᠡᠶᠢᠰᠯᠡᠯ ᠪᠣᠯᠤᠨ᠎ᠠ᠃      ᠠᠯᠲᠠᠨ ᠤᠯᠤᠰ ᠤᠨ ᠦᠶ᠎ᠡ ᠳᠤ᠂ ᠣᠷᠣᠨ ᠨᠤᠲᠤᠭ ᠤᠨ ᠵᠠᠰᠠᠭ ᠵᠠᠬᠢᠷᠭᠠᠨ ᠤ ᠣᠷᠣᠨ ᠢ ᠴᠦᠯᠭᠡ᠂ ᠣᠷᠳᠤᠨ᠂ ᠵᠧᠤ᠂ ᠰᠢᠶᠠᠨ ᠭᠡᠵᠦ ᠪᠠᠶᠢᠭᠤᠯᠵᠠᠶ᠃ ᠤᠳᠤ ᠶᠢᠨ ᠤᠯᠠᠭᠠᠨᠬᠠᠳᠠ ᠬᠤᠳᠠ ᠶᠢᠨ ᠪᠦᠬᠦ ᠬᠢᠯᠢ ᠨᠢ ᠪᠡᠭᠡᠵᠢᠩ ᠴᠦᠯᠭᠡ ᠳᠤ ᠬᠠᠷᠢᠶᠠᠯᠠᠭᠳᠠᠪᠠ᠃      ᠶᠤᠸᠠᠨ ᠤᠯᠤᠰ ᠤᠨ ᠦᠶ᠎ᠡ ᠳᠤ᠂ ᠤᠳᠤ ᠶᠢᠨ ᠤᠯᠠᠭᠠᠨᠬᠠᠳᠠ ᠬᠤᠳᠠ ᠨᠢ ᠲᠥᠪ ᠮᠤᠵᠢ ᠶᠢᠨ ᠱᠠᠩᠳᠤ ᠴᠦᠯᠭᠡ᠂ ᠯᠢᠶᠤᠤᠶᠠᠩ ᠵᠠᠬᠢᠷᠭᠠᠨ ᠮᠤᠵᠢ ᠶᠢᠨ ᠳ᠋ᠠ ᠨᠢᠩ ᠴᠦᠯᠭᠡ᠂ ᠴᠢᠤᠸᠠᠨ ᠨᠢᠩ ᠴᠦᠯᠭᠡ ᠪᠣᠯᠤᠨ ᠶᠢᠩᠴᠠᠩ ᠴᠦᠯᠭᠡ ᠳᠤ ᠬᠠᠷᠢᠶᠠᠯᠠᠭᠳᠠᠪᠠ᠃      ᠮᠢᠩ ᠤᠯᠤᠰ ᠤᠨ ᠦᠶ᠎ᠡ ᠳᠤ᠂ ᠬᠢᠯᠢ ᠬᠢᠵᠠᠭᠠᠷ ᠣᠷᠣᠨ ᠳᠤ ᠲᠤᠰᠠᠯᠠᠬᠤ ᠲᠦᠰᠢᠮᠡᠯ᠂ ᠰᠡᠷᠭᠡᠶᠢᠯᠡᠨ ᠬᠠᠮᠠᠭᠠᠯᠠᠬᠤ ᠭᠠᠵᠠᠷ ᠪᠠ ᠬᠠᠷᠢᠶᠠᠲᠤ ᠶᠠᠮᠤᠨ ᠢ ᠪᠠᠶᠢᠭᠤᠯᠤᠨ ᠵᠠᠬᠢᠷᠴᠤ ᠪᠠᠶᠢᠪᠠ᠃ ᠤᠳᠤ ᠶᠢᠨ ᠤᠯᠠᠭᠠᠨᠬᠠᠳᠠ ᠬᠤᠳᠠ ᠶᠢᠨ ᠪᠠᠶᠢᠷᠢᠯᠠᠭᠤᠯᠤᠯᠲᠠ ᠶᠢ ᠶᠡᠭᠡ ᠲᠥᠯᠥᠪ ᠶᠥᠩ ᠯᠧ ︵1403 — 1424 ᠣᠨ︶ ᠶᠢᠨ ᠡᠬᠢᠨ ᠤ ᠵᠢᠯ ᠢᠶᠠᠷ ᠱᠤᠭᠤᠮ ᠪᠣᠯᠭᠠᠵᠤ᠂ ᠬᠤᠶᠠᠷ ᠬᠤᠭᠤᠴᠠᠭ᠎ᠠ ᠬᠤᠪᠢᠶᠠᠵᠠᠶ᠃ ᠡᠬᠢᠨ ᠤ ᠦᠶ᠎ᠡ ᠳᠡᠭᠡᠨ ᠳ᠋ᠡ ᠨᠢᠩ ᠲᠤᠰᠠᠯᠠᠬᠤ ᠲᠦᠰᠢᠮᠡᠯ ᠳᠤ ᠬᠠᠷᠢᠶᠠᠯᠠᠭᠳᠠᠵᠤ᠂ ᠰᠡᠭᠦᠯᠴᠢ ᠶᠢᠨ ᠦᠶ᠎ᠡ ᠳᠡᠭᠡᠨ ᠨᠦᠷᠭᠠᠨ ᠤ ᠲᠤᠰᠠᠯᠠᠬᠤ ᠲᠦᠰᠢᠮᠡᠯ ᠳᠤ ᠬᠠᠷᠢᠶᠠᠯᠠᠭᠳᠠᠵᠤ ᠪᠠᠶᠢᠭᠰᠠᠨ ᠤᠷᠢᠶᠠᠩᠬᠠ ᠶᠢᠨ ᠭᠤᠷᠪᠠᠨ ᠬᠠᠮᠠᠭᠠᠯᠠᠭᠴᠢ ᠪᠠᠶᠢᠪᠠ᠃       ᠴᠢᠩ ᠤᠯᠤᠰ ᠤᠨ ᠦᠶ᠎ᠡ ᠳᠤ᠂ ᠤᠳᠤ ᠶᠢᠨ ᠤᠯᠠᠭᠠᠨᠬᠠᠳᠠ ᠬᠤᠳᠠ ᠶᠢᠨ ᠶᠡᠬᠡᠩᠬᠢ ᠨᠢ ᠵᠤᠤ ᠤᠳᠠ ᠠᠶᠢᠮᠠᠭ ᠲᠤ ᠬᠠᠷᠢᠶᠠᠯᠠᠭᠳᠠᠵᠤ᠂ ᠬᠡᠰᠡᠭ ᠨᠢ ᠵᠣᠰᠣᠲᠤ ᠠᠶᠢᠮᠠᠭ ᠲᠤ ᠬᠠᠷᠢᠶᠠᠯᠠᠭᠳᠠᠪᠠ᠃      ᠢᠷᠭᠡᠨ ᠤᠯᠤᠰ ᠤᠨ ᠡᠬᠢᠨ ᠤ ᠦᠶ᠎ᠡ ᠳᠤ᠂ ᠣᠲᠣ ᠶᠢᠨ ᠤᠯᠠᠭᠠᠨᠬᠠᠳᠠ ᠬᠤᠲᠠ ᠶᠢᠨ ᠪᠥᠬᠦ ᠬᠢᠯᠢ ᠨᠢ ᠤᠷᠢᠳ ᠬᠤᠵᠢᠳ 1914 ᠣᠨ ᠳᠤ ᠪᠠᠶᠢᠭᠤᠯᠤᠭᠰᠠᠨ ᠿᠧᠾᠧ ᠣᠨᠴᠠᠭᠠᠶ ᠣᠷᠣᠨ ᠪᠠ 1928 ᠣᠨ ᠳᠤ ᠣᠨᠴᠠᠭᠠᠶ ᠣᠷᠣᠨ ᠠᠴᠠ ᠥᠭᠡᠷᠡᠴᠢᠯᠡᠨ ᠪᠠᠶᠢᠭᠤᠯᠤᠭᠰᠠᠨ ᠿᠧᠾᠧ ᠮᠤᠵᠢ ᠳᠤ ᠬᠠᠷᠢᠶᠠᠯᠠᠭᠳᠠᠵᠤ ᠪᠠᠶᠢᠪᠠ᠃ 1932 ᠣᠨ ᠪᠣᠯᠲᠠᠯ᠎ᠠ᠂ ᠣᠲᠣ ᠶᠢᠨ ᠤᠯᠠᠭᠠᠨᠬᠠᠳᠠ ᠬᠤᠲᠠ ᠶᠢᠨ ᠬᠢᠵᠠᠭᠠᠷ ᠲᠠᠬᠢ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠲᠦᠷᠢᠮ ᠳᠤ ᠪᠠᠭᠠᠷᠢᠨ ᠵᠡᠭᠦᠨ᠂ ᠪᠠᠭᠠᠷᠢᠨ ᠪᠠᠷᠠᠭᠤᠨ᠂ ᠠᠤᠬᠠᠨ ᠵᠡᠭᠦᠨ᠂ ᠠᠤᠬᠠᠨ ᠪᠠᠷᠠᠭᠤᠨ᠂ ᠠᠤᠬᠠᠨ ᠡᠮᠦᠨ᠎ᠡ᠂ ᠬᠡᠰᠢᠭᠲᠡᠨ᠂ ᠠᠷᠤ ᠬᠤᠷᠴᠢᠨ᠂ ᠣᠩᠨᠢᠭᠤᠳ ᠵᠡᠭᠦᠨ ᠭᠠᠷᠤᠨ᠂ ᠣᠩᠨᠢᠭᠤᠳ ᠪᠠᠷᠠᠭᠤᠨ ᠭᠠᠷᠤᠨ ᠵᠡᠷᠭᠡ 9 ᠬᠤᠰᠢᠭᠤ ᠪᠣᠶ︔ ᠤᠯᠠᠭᠠᠨᠬᠠᠳᠠ᠂ ᠪᠢᠷᠠᠭᠤ᠂ ᠯᠢᠨᠰᠢ᠂ ᠯᠢᠨᠳᠦ᠋ᠩ ᠵᠡᠷᠭᠡ 4 ᠰᠢᠶᠠᠨ ᠪᠠ ᠨᠢᠩᠴᠧᠩ᠂ ᠴᠢᠪᠠᠭ᠎ᠠ ᠠᠭᠤᠯᠠ ᠳᠤ ᠵᠠᠰᠠᠭ ᠤᠨ ᠲᠣᠪᠴᠢᠶ᠎ᠠ ᠪᠠᠶᠢᠭᠤᠯᠵᠤ᠂ ᠰᠢᠶᠠᠨ ᠤ ᠱᠠᠲᠤᠨ ᠤ ᠨᠢᠭᠡᠴᠡ ᠨᠡᠶᠢᠲᠡ 15 ᠪᠣᠶ᠃ 1933 ᠣᠨ ᠳᠤ ᠶᠠᠫᠣᠨ ᠴᠡᠷᠢᠭ ᠿᠧᠾᠧ ᠮᠤᠵᠢ ᠶᠢᠨ ᠪᠦᠬᠦ ᠬᠢᠯᠢ ᠪᠠ ᠥᠪᠥᠷ ᠮᠣᠩᠭᠤᠯ ᠤᠨ ᠵᠡᠭᠦᠨ ᠬᠡᠰᠡᠭ ᠢ ᠲᠦᠷᠢᠮᠡᠬᠡᠶᠢᠯᠡᠨ ᠡᠵᠡᠯᠡᠵᠦ᠂ ᠪᠦᠬᠦ᠋ᠢᠯᠡ ᠵᠡᠭᠦᠨ ᠬᠤᠶᠢᠲᠤ ᠣᠷᠣᠨ ᠨᠢ ᠶᠠᠫᠣᠨ ᠤ ᠡᠵᠡᠷᠬᠡᠭ ᠲᠦᠷᠢᠮᠡᠬᠡᠶᠢᠲᠡᠨ ᠤ ᠺᠣᠯᠣᠨᠢ ᠣᠷᠣᠨ ᠪᠣᠯᠤᠭᠰᠠᠨ ᠪᠠᠶᠢᠪᠠ᠃     1945 ᠣᠨ ᠤ 8 ᠰᠠᠷ᠎ᠠ ᠶᠢᠨ 15 ᠤ ᠡᠳᠦᠷ ᠶᠠᠫᠣᠨ ᠤ ᠡᠵᠡᠷᠬᠡᠭ ᠲᠦᠷᠢᠮᠡᠬᠡᠶᠢᠲᠡᠨ ᠪᠠᠭᠤᠵᠤ ᠥᠭᠭᠦᠭᠰᠡᠨ ᠠᠴᠠ 1949 ᠣᠨ ᠤ 10 ᠰᠠᠷ᠎ᠠ ᠶᠢᠨ 1 ᠤ ᠡᠳᠦᠷ ᠪᠣᠯᠲᠠᠯ᠎ᠠ᠂ ᠣᠲᠣ ᠶᠢᠨ ᠤᠯᠠᠭᠠᠨᠬᠠᠳᠠ ᠬᠤᠲᠠ ᠶᠢᠨ ᠡᠮᠦᠨᠡᠲᠦ ᠬᠡᠰᠡᠭ ᠨᠢ ᠲᠤᠰᠪᠤᠷᠢ ᠿᠧᠾᠧ ᠯᠢᠶᠣᠤᠨᠢᠩ ᠤᠨ ᠵᠠᠰᠠᠭ ᠵᠠᠬᠢᠷᠭᠠᠨ ᠤ ᠵᠠᠬᠢᠷᠭ᠎ᠠ ᠶᠢᠨ ᠪᠠᠶᠢᠭᠤᠯᠤᠭᠰᠠᠨ ᠿᠧᠾᠧ ᠤᠨ ᠳᠤᠮᠳᠠ ᠬᠡᠰᠡᠭ ᠤᠨ ᠲᠤᠰᠬᠠᠶ ᠣᠷᠣᠨ᠂ ᠬᠤᠷᠢᠨ ᠬᠤᠶᠠᠳᠤᠭᠠᠷ ᠲᠤᠰᠬᠠᠶ ᠣᠷᠣᠨ ᠪᠠ ᠿᠧᠾᠧ ᠯᠢᠶᠣᠤᠨᠢᠩ ᠤᠨ ᠲᠤᠰᠬᠠᠶ ᠣᠷᠣᠨ ᠳᠤ ᠬᠠᠷᠢᠶᠠᠯᠠᠭᠳᠠᠪᠠ︔ ᠤᠮᠠᠷᠠᠲᠤ ᠬᠡᠰᠡᠭ ᠨᠢ ᠤᠷᠢᠳ ᠢᠶᠠᠷ ᠵᠡᠭᠦᠨ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠪᠠᠶᠢᠭᠤᠯᠤᠭᠰᠠᠨ ︽ᠵᠣᠣ ᠤᠳᠠ ᠮᠤᠵᠢ︾ ᠪᠠ ᠿᠧᠾᠧ ᠤᠨ ᠤᠮᠠᠷᠠᠲᠤ ᠬᠡᠰᠡᠭ ᠤᠨ ᠲᠤᠰᠬᠠᠶ ᠣᠷᠣᠨ ᠳᠤ ᠬᠠᠷᠢᠶᠠᠯᠠᠭᠳᠠᠵᠤ᠂ ᠰᠡᠭᠦᠯᠡᠷ ᠨᠢ ᠵᠣᠣ ᠤᠳᠠ ᠠᠶᠢᠮᠠᠭ ᠲᠤ ᠬᠠᠷᠢᠶᠠᠯᠠᠭᠳᠠᠪᠠ᠃ 1945 ᠣᠨ ᠤ 11 ᠰᠠᠷ᠎ᠠ ᠶᠢᠨ 1 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠭᠰᠠᠨ ᠿᠧᠾᠧ ᠮᠤᠵᠢ ᠪᠦᠭᠦᠲᠡ ᠬᠠᠷᠢᠶᠠᠯᠠᠭᠳᠠᠪᠠ᠃      1949 ᠣᠨ ᠤ 10 ᠰᠠᠷ᠎ᠠ ᠶᠢᠨ 1 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠮᠡᠨᠳᠦᠯᠡᠵᠦ᠂ 1955 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠣᠲᠣ ᠶᠢᠨ ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠣ ᠤᠳᠠ ᠠᠶᠢᠮᠠᠭ ᠲᠤ ᠪᠠᠶᠢᠵᠤ᠂ ᠠᠷᠤ ᠬᠤᠷᠴᠢᠨ᠂ ᠪᠠᠭᠠᠷᠢᠨ ᠵᠡᠭᠦᠨ᠂ ᠪᠠᠭᠠᠷᠢᠨ ᠪᠠᠷᠠᠭᠤᠨ᠂ ᠬᠡᠰᠢᠭᠲᠡᠨ 4 ᠬᠤᠰᠢᠭᠤ ᠪᠠ ᠯᠢᠨᠰᠢ ᠰᠢᠶᠠᠨ ᠢ ᠬᠠᠷᠢᠶᠠᠯᠠᠵᠤ ᠪᠠᠶᠢᠪᠠ︔ ᠡᠮᠦᠨᠡᠲᠦ ᠬᠡᠰᠡᠭ ᠤᠨ ᠠᠤᠬᠠᠨ᠂ ᠬᠠᠷᠠᠴᠢᠨ᠂ ᠣᠩᠨᠢᠭᠤᠳ 3 ᠬᠤᠰᠢᠭᠤ ᠪᠠ ᠨᠢᠩᠴᠧᠩ᠂ ᠤᠯᠠᠭᠠᠨᠬᠠᠳᠠ᠂ ᠪᠣᠷᠤᠬᠤᠲᠠ 3 ᠰᠢᠶᠠᠨ ᠵᠢᠴᠢ ᠤᠯᠠᠭᠠᠨᠬᠠᠳᠠ ᠬᠤᠲᠠ ᠿᠧᠾᠸᠧ ᠮᠤᠵᠢ ᠳᠤ ᠬᠠᠷᠢᠶᠠᠯᠠᠭᠳᠠᠵᠤ ᠪᠠᠶᠢᠪᠠ᠃       1956 ᠣᠨ ᠤ 1 ᠰᠠᠷ᠎ᠠ ᠶᠢᠨ 1 ᠤ ᠡᠳᠦᠷ ᠿᠧᠾᠧ ᠮᠤᠵᠢ ᠶᠢ ᠬᠠᠰᠤᠵᠤ᠂ ᠲᠡᠭᠦᠨ ᠤ ᠬᠠᠷᠢᠶᠠᠨ ᠳᠠᠬᠢ ᠠᠤᠬᠠᠨ᠂ ᠬᠠᠷᠠᠴᠢᠨ᠂ ᠣᠩᠨᠢᠭᠤᠳ 3 ᠬᠤᠰᠢᠭᠤ᠂ ᠨᠢᠩᠴᠧᠩ᠂ ᠤᠯᠠᠭᠠᠨᠬᠠᠳᠠ᠂ ᠪᠣᠷᠤᠬᠤᠲᠠ 3 ᠰᠢᠶᠠᠨ ᠢ ᠵᠣᠣ ᠤᠳᠠ ᠠᠶᠢᠮᠠᠭ ᠲᠤ ᠬᠤᠪᠢᠶᠠᠷᠢᠯᠠᠨ ᠣᠷᠣᠭᠤᠯᠵᠤ᠂ ᠵᠣᠣ ᠤᠳᠠ ᠠᠶᠢᠮᠠᠭ ᠤᠨ ᠠᠷᠠᠳ ᠤᠨ ᠵᠥᠪᠯᠡᠯ ᠢ ᠯᠢᠨᠳᠦ᠋ᠩ ᠠᠴᠠ ᠤᠯᠠᠭᠠᠨᠬᠠᠳᠠ ᠳᠤ ᠨᠡᠭᠦᠯᠭᠡᠪᠡ᠃      1969 ᠣᠨ ᠤ 7 ᠰᠠᠷ᠎ᠠ ᠶᠢᠨ 5 ᠤ ᠡᠳᠦᠷ᠂ ᠵᠤᠤ ᠤᠳᠠ ᠠᠶᠢᠮᠠᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠯᠢᠶᠣᠤᠨᠢᠩ ᠮᠤᠵᠢ ᠳᠤ ᠬᠠᠷᠢᠶᠠᠯᠠᠭᠤᠯᠪᠠ᠃       1979 ᠣᠨ ᠤ 7 ᠰᠠᠷ᠎ᠠ ᠶᠢᠨ 1 ᠤ ᠡᠳᠦᠷ᠂ ᠵᠤᠤ ᠤᠳᠠ ᠠᠶᠢᠮᠠᠭ ᠢ ᠯᠢᠶᠣᠤᠨᠢᠩ ᠮᠤᠵᠢ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠤᠪᠢᠶᠠᠷᠢᠯᠠᠨ ᠠᠪᠴᠢᠷᠠᠪᠠ᠃       1983 ᠣᠨ ᠤ 10 ᠰᠠᠷ᠎ᠠ ᠶᠢᠨ 9 ᠤ ᠡᠳᠦᠷ᠂ ᠣᠲᠣ ᠶᠢᠨ ᠤᠯᠠᠭᠠᠨᠬᠠᠳᠠ ᠬᠤᠲᠠ ᠶᠢᠨ ᠪᠥᠬᠦ ᠬᠢᠵᠠᠭᠠᠷ ᠢ ᠵᠣᠣ ᠤᠳᠠ ᠠᠶᠢᠮᠠᠭ ᠭᠡᠵᠦ ᠨᠡᠷᠡᠯᠡᠵᠦ᠂ ᠠᠷᠤ ᠬᠤᠷᠴᠢᠨ᠂ ᠪᠠᠭᠠᠷᠢᠨ ᠵᠡᠭᠦᠨ᠂ ᠪᠠᠭᠠᠷᠢᠨ ᠪᠠᠷᠠᠭᠤᠨ᠂ ᠬᠡᠰᠢᠭᠲᠡᠨ᠂ ᠣᠩᠨᠢᠭᠤᠳ᠂ ᠬᠠᠷᠠᠴᠢᠨ᠂ ᠠᠤᠬᠠᠨ 7 ᠬᠤᠰᠢᠭᠤ᠂ ᠯᠢᠨᠰᠢ᠂ ᠨᠢᠩᠴᠧᠩ᠂ ᠤᠯᠠᠭᠠᠨᠬᠠᠳᠠ 3 ᠰᠢᠶᠠᠨ ᠪᠠ ᠤᠯᠠᠭᠠᠨᠬᠠᠳᠠ ᠬᠤᠲᠠ ᠶᠢ ᠬᠠᠷᠢᠶᠠᠯᠠᠵᠤ᠂ ᠰᠢᠶᠠᠨ ᠤ ᠱᠠᠲᠤᠨ ᠤ ᠨᠢᠭᠡᠴᠡ ᠨᠡᠶᠢᠲᠡ 11 ᠪᠠᠶᠢᠪᠠ᠃     1983 ᠣᠨ ᠤ 10 ᠰᠠᠷ᠎ᠠ ᠶᠢᠨ 10 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠵᠣᠣ ᠤᠳᠠ ᠠᠶᠢᠮᠠᠭ ᠤᠨ ᠵᠠᠰᠠᠭ ᠵᠠᠬᠢᠷᠭ᠎ᠠ ᠶᠢᠨ ᠪᠠᠶᠢᠭᠤᠯᠤᠮᠵᠢ ᠶᠢ ᠬᠦᠴᠦᠨ ᠥᠬᠡᠶ ᠪᠣᠯᠭᠠᠵᠤ᠂ ᠤᠯᠠᠭᠠᠨᠬᠠᠳᠠ ᠬᠤᠲᠠ ᠶᠢ ᠪᠠᠶᠢᠭᠤᠯᠤᠨ᠂ ᠬᠤᠲᠠ ᠠᠴᠠ ᠰᠢᠶᠠᠨ ᠢ ᠬᠠᠮᠢᠶᠠᠷᠬᠤ ᠪᠠᠶᠢᠭᠤᠯᠤᠮᠵᠢ ᠶᠢ ᠬᠡᠷᠡᠭᠵᠢᠭᠦᠯᠵᠦ᠂ ᠬᠠᠷᠢᠶᠠᠯᠠᠬᠤ ᠭᠠᠵᠠᠷ ᠣᠷᠣᠨ ᠨᠢ ᠤᠤᠯ ᠤᠨ ᠵᠣᠣ ᠤᠳᠠ ᠠᠶᠢᠮᠠᠭ ᠤᠨ ᠬᠠᠷᠢᠶᠠᠯᠠᠵᠤ ᠪᠠᠶᠢᠭᠰᠠᠨ ᠭᠠᠵᠠᠷ ᠣᠷᠣᠨ ᠲᠠᠢ ᠠᠳᠠᠯᠢ ᠪᠠᠶᠢᠪᠠ᠃ ᠰᠢᠨ᠎ᠡ ᠪᠠᠷ ᠪᠠᠶᠢᠭᠤᠯᠤᠭᠰᠠᠨ ᠤᠯᠠᠭᠠᠨᠬᠠᠳᠠ ᠬᠤᠳᠠ ᠳᠤ 3 ᠲᠣᠭᠤᠷᠢᠭ ᠭᠠᠷᠭᠠᠵᠤ᠂ 7 ᠬᠤᠰᠢᠭᠤ 2 ᠰᠢᠶᠠᠨ ᠢ ᠬᠠᠮᠢᠶᠠᠷᠤᠨ᠎ᠠ᠂ ᠲᠤᠬᠠᠶᠢᠯᠠᠪᠠᠯ᠄ ᠬᠤᠩᠱᠠᠨ ᠲᠣᠭᠤᠷᠢᠭ᠂ ᠬᠤᠳᠠ ᠶᠢᠨ ᠲᠡᠭᠦᠷᠭᠡ ︵ᠤᠳᠤ ᠶᠢᠨ ᠰᠦᠩᠱᠠᠨ ᠲᠣᠭᠤᠷᠢᠭ︶᠂ ᠶᠤᠸᠠᠨ ᠪᠦᠦ ᠱᠠᠨ ᠲᠣᠭᠤᠷᠢᠭ︔ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤ᠂ ᠣᠩᠨᠢᠭᠤᠳ ᠬᠤᠰᠢᠭᠤ᠂ ᠬᠠᠷᠠᠴᠢᠨ ᠬᠤᠰᠢᠭᠤ᠂ ᠠᠤᠬᠠᠨ ᠬᠤᠰᠢᠭᠤ︔ ᠯᠢᠨᠰᠢ ᠰᠢᠶᠠᠨ᠂ ᠨᠢᠩᠴᠧᠩ ᠰᠢᠶᠠᠨ ᠪᠣᠯᠤᠨ᠎ᠠ᠃       1983 ᠣᠨ ᠳᠤ ᠠᠶᠢᠮᠠᠭ ᠢ ᠬᠠᠰᠤᠵᠤ ᠬᠤᠲᠠ ᠪᠣᠯᠭᠠᠭᠰᠠᠨ ᠤ ᠳᠠᠷᠠᠭ᠎ᠠ᠂ ᠤᠯᠠᠭᠠᠨᠬᠠᠳᠠ ᠬᠤᠲᠠ ᠳᠤ 3 ᠲᠣᠭᠤᠷᠢᠭ᠂ 7 ᠬᠤᠰᠢᠭᠤ᠂ 2 ᠰᠢᠶᠠᠨ ᠬᠠᠷᠢᠶᠠᠯᠠᠭᠳᠠᠪᠠ᠃ 30 ᠵᠢᠯ ᠤᠨ ᠲᠤᠷᠰᠢ᠂ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠨᠢ ᠭᠤᠤᠯᠳᠠᠭᠤ ᠰᠤᠮᠤ᠂ ᠰᠢᠶᠠᠩ ᠪᠠᠯᠭᠠᠰᠤᠨ ᠤ ᠱᠠᠲᠤᠨ ᠳᠤ ᠶᠠᠪᠤᠭᠳᠠᠵᠤ᠂ ᠨᠡᠯᠢᠶᠡᠳ ᠶᠡᠭᠡ ᠨᠢ ᠬᠤᠶᠠᠷ ᠤᠳᠠᠭ᠎ᠠ ᠶᠠᠪᠤᠭᠳᠠᠵᠠᠶ᠃ 2001 ᠣᠨ ᠤ 7 ᠰᠠᠷ᠎ᠠ ᠳᠤ᠂ ᠰᠤᠮᠤ᠂ ᠰᠢᠶᠠᠩ ᠪᠠᠯᠭᠠᠰᠤ 273 ᠪᠠᠶᠢᠭᠰᠠᠨ ᠠᠴᠠ ᠪᠠᠨ 236 ᠪᠣᠯᠵᠠᠶ᠃ 2006 ᠣᠨ ᠳᠤ ᠰᠤᠮᠤ᠂ ᠰᠢᠶᠠᠩ ᠪᠠᠯᠭᠠᠰᠤ 236 ᠪᠠᠶᠢᠭᠰᠠᠨ ᠢ 116 ᠪᠣᠯᠭᠠᠨ ᠲᠣᠬᠢᠷᠠᠭᠤᠯᠪᠠ᠃ 2012 ᠣᠨ ᠳᠤ᠂ ᠰᠤᠮᠤ ᠰᠢᠶᠠᠩ ᠪᠠᠯᠭᠠᠰᠤ 116 ᠪᠠᠶᠢᠭᠰᠠᠨ ᠠᠴᠠ ᠪᠠᠨ 132 ᠪᠣᠯᠵᠣ ᠰᠡᠷᠭᠦᠪᠡ᠃ 2018 ᠣᠨ ᠤ ᠡᠴᠦᠰ ᠪᠣᠯᠲᠠᠯ᠎ᠠ᠂ ᠤᠯᠠᠭᠠᠨᠬᠠᠳᠠ ᠬᠤᠲᠠ 3 ᠲᠣᠭᠤᠷᠢᠭ᠂ 7 ᠬᠤᠰᠢᠭᠤ᠂ 2 ᠰᠢᠶᠠᠨ ᠢ ᠬᠠᠮᠢᠶᠠᠷᠪᠠ᠂ ᠲᠤᠬᠠᠶᠢᠯᠠᠪᠠᠯ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ︔ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤ᠂ ᠣᠩᠨᠢᠭᠤᠳ ᠬᠤᠰᠢᠭᠤ᠂ ᠬᠠᠷᠠᠴᠢᠨ ᠬᠤᠰᠢᠭᠤ᠂ ᠠᠤᠬᠠᠨ ᠬᠤᠰᠢᠭᠤ︔ ᠯᠢᠨᠰᠢ ᠰᠢᠶᠠᠨ᠂ ᠨᠢᠩᠴᠧᠩ ᠰᠢᠶᠠᠨ ᠪᠣᠯᠤᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ 21᠂ ᠰᠤᠮᠤ᠂ ᠰᠢᠶᠠᠩ ᠪᠠᠯᠭᠠᠰᠤ 132 ᠪᠣᠶ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ