ᠤᠯᠠᠭᠠᠨᠬᠠᠳᠠ ᠬᠤᠳᠠ ᠶᠢᠨ 2021 ᠣᠨ ᠤ 1 — 9 ᠰᠠᠷ᠎ᠠ ᠳᠤ ᠭᠠᠶᠢᠯᠢ ᠶᠢᠨ ᠪᠤᠰᠤ ᠣᠷᠣᠯᠭ᠎ᠠ ᠶᠢ 315577 ᠲᠦᠮᠡᠨ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2021/10/21
     2021 ᠣᠨ ᠤ 1 — 9 ᠰᠠᠷ᠎ᠠ ᠳᠤ᠂ ᠤᠯᠠᠭᠠᠨᠬᠠᠳᠠ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠭᠠᠶᠢᠯᠢ ᠶᠢᠨ ᠪᠤᠰᠤ ᠣᠷᠣᠯᠭ᠎ᠠ ᠶᠢ 315577 ᠲᠦᠮᠡᠨ ᠲᠥᠭᠦᠷᠢᠭ ᠪᠡᠶᠡᠯᠡᠭᠦᠯᠵᠦ᠂ 32% ᠢᠶᠠᠷ ᠨᠡᠮᠡᠭᠳᠡᠪᠡ᠃ ᠡᠭᠦᠨ ᠳᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠣᠷᠣᠯᠭ᠎ᠠ 65959 ᠲᠦᠮᠡᠨ ᠲᠥᠭᠦᠷᠢᠭ᠂ 26.6% ᠪᠠᠷ ᠪᠠᠭᠤᠷᠠᠪᠠ︔ ᠲᠣᠷᠭᠠᠵᠤ ᠬᠤᠷᠢᠶᠠᠨ ᠠᠪᠤᠭᠰᠠᠨ ᠣᠷᠣᠯᠭ᠎ᠠ 111948 ᠲᠦᠮᠡᠨ ᠲᠥᠭᠦᠷᠢᠭ᠂ 191.3% ᠪᠠᠷ ᠨᠡᠮᠡᠭᠳᠡᠪᠡ︔ ᠤᠯᠤᠰ ᠤᠨ ᠥᠮᠴᠢᠯᠡᠯᠲᠦ ᠡᠬᠢ ᠪᠠᠶᠠᠯᠢᠭ ︵ᠡᠳ᠋ ᠬᠦᠷᠦᠩᠭᠡ︶ ᠢ ᠲᠥᠯᠥᠪᠦᠷᠢ ᠲᠠᠢ ᠪᠠᠷ ᠬᠡᠷᠡᠭᠯᠡᠬᠦ ᠣᠷᠣᠯᠭ᠎ᠠ 62386 ᠲᠦᠮᠡᠨ ᠲᠥᠭᠦᠷᠢᠭ᠂ 8.9% ᠪᠠᠷ ᠪᠠᠭᠤᠷᠠᠪᠠ︔ ᠲᠤᠰᠬᠠᠶ ᠵᠦᠢᠯ ᠤᠨ ᠣᠷᠣᠯᠭ᠎ᠠ 30501 ᠲᠦᠮᠡᠨ ᠲᠥᠭᠦᠷᠢᠭ᠂ 9.8% ᠪᠠᠷ ᠨᠡᠮᠡᠭᠳᠡᠪᠡ︔ ᠵᠠᠰᠠᠭ ᠤᠨ ᠣᠷᠳᠣᠨ ᠤ ᠣᠷᠣᠨ ᠰᠠᠭᠤᠴᠠ ᠶᠢᠨ ᠰᠠᠭᠤᠷᠢ ᠮᠥᠩᠭᠦ ᠶᠢᠨ ᠣᠷᠣᠯᠭ᠎ᠠ ᠶᠢ 28197 ᠲᠦᠮᠡᠨ ᠲᠥᠭᠦᠷᠢᠭ᠂ 4720% ᠪᠠᠷ ᠨᠡᠮᠡᠭᠳᠡᠪᠡ︔ ᠪᠤᠰᠤᠳ ᠣᠷᠣᠯᠭ᠎ᠠ 11485 ᠲᠦᠮᠡᠨ ᠲᠥᠭᠦᠷᠢᠭ᠂ 46.9% ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ