ᠤᠯᠠᠭᠠᠨᠬᠠᠳᠠ ᠬᠤᠲᠠ ᠶᠢᠨ 2021 ᠣᠨ ᠤ 1 — 9 ᠰᠠᠷ᠎ᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠭᠦᠢᠴᠡᠳᠭᠡᠭᠰᠡᠨ ᠪᠠᠶᠢᠳᠠᠯ
ᠨᠡᠶᠢᠲᠡᠯᠡᠭᠰᠡᠨ ᠴᠠᠭ᠄
2021/10/21
     ᠨᠢᠭᠡ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ      1 — 9 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ 954224 ᠲᠦᠮᠡᠨ ᠲᠥᠭᠦᠷᠢᠭ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 60712 ᠲᠦᠮᠡᠨ ᠲᠥᠭᠦᠷᠢᠭ ᠨᠡᠮᠡᠭᠳᠡᠵᠦ᠂ 6.8% ᠪᠠᠷ ᠨᠡᠮᠡᠭᠳᠡᠪᠡ᠃ ᠡᠭᠦᠨ ᠤ ᠳᠣᠲᠣᠷ᠎ᠠ᠂ ᠭᠠᠶᠢᠯᠢ ᠶᠢᠨ ᠣᠷᠣᠯᠭ᠎ᠠ 638647 ᠲᠦᠮᠡᠨ ᠲᠥᠭᠦᠷᠢᠭ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 15867 ᠲᠦᠮᠡᠨ ᠲᠥᠭᠦᠷᠢᠭ ᠬᠠᠰᠤᠭᠳᠠᠵᠤ᠂ 2.4% ᠪᠠᠷ ᠪᠠᠭᠤᠷᠠᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 66.9% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 315577 ᠲᠦᠮᠡᠨ ᠲᠥᠭᠦᠷᠢᠭ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 76579 ᠲᠦᠮᠡᠨ ᠲᠥᠭᠦᠷᠢᠭ ᠨᠡᠮᠡᠭᠳᠡᠵᠦ᠂ 32% ᠢᠶᠠᠷ ᠨᠡᠮᠡᠭᠳᠡᠨ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 31.1% ᠶᠢ ᠡᠵᠡᠯᠡᠪᠡ᠃      ᠬᠤᠶᠠᠷ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠪᠡᠶᠡᠯᠡᠭᠦᠯᠦᠭᠰᠡᠨ ᠪᠠᠶᠢᠳᠠᠯ      1 — 9 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 4096228 ᠲᠦᠮᠡᠨ ᠲᠥᠭᠦᠷᠢᠭ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 188502 ᠲᠦᠮᠡᠨ ᠲᠥᠭᠦᠷᠢᠭ ᠪᠠᠭᠠᠰᠴᠤ᠂ 4.4% ᠪᠠᠷ ᠪᠠᠭᠤᠷᠠᠪᠠ᠃ ᠪᠥᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 2932728 ᠲᠦᠮᠡᠨ ᠲᠥᠭᠦᠷᠢᠭ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 71.6% ᠶᠢ ᠡᠵᠡᠯᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ