ᠪᠠᠲᠤ
ᠨᠡᠶᠢᠲᠡᠯᠡᠭᠰᠡᠨ ᠴᠠᠭ᠄
2021/11/10
      ᠪᠠᠲᠤ᠂ ᠡᠷᠡᠭᠲᠡᠢ᠂ ᠮᠣᠩᠭᠤᠯ ᠦᠨᠳᠦᠰᠦᠲᠡᠨ᠂ ᠪᠠᠭᠠᠷᠢᠨ ᠪᠠᠷᠠᠭᠤᠨ ᠭᠠᠷᠤᠨ ᠬᠤᠰᠢᠭᠤᠨ ᠤ ᠨᠠᠶ᠋ᠮᠠᠳᠤᠭᠠᠷ ᠦᠶ᠎ᠡ ᠶᠢᠨ ᠵᠠᠰᠠᠭ ᠲᠦᠷᠦ ᠶᠢᠨ ᠳᠦᠭᠦᠷᠡᠩ ᠵᠢᠶᠦ᠋ᠨ ᠸᠠᠩ ᠪᠠᠶᠢᠪᠠ᠂ ᠲᠣᠯᠣᠳᠤᠭᠠᠷ ᠦᠶ᠎ᠡ ᠶᠢᠨ ᠵᠠᠰᠠᠭ ᠲᠦᠷᠦ ᠶᠢᠨ ᠳᠦᠭᠦᠷᠡᠩ ᠵᠢᠶᠦ᠋ᠨ ᠸᠠᠩ᠂ ᠵᠤᠤ ᠤᠳᠠ ᠴᠢᠭᠤᠯᠭᠠᠨ ᠤ ᠲᠡᠷᠢᠭᠦᠨ᠂ ᠬᠤᠣᠪᠢ ᠰᠠᠶᠢᠳ ᠷᠢᠨᠴᠢᠨ ᠤ ᠬᠤᠶᠠᠳᠤᠭᠠᠷ ᠬᠦᠪᠡᠭᠦᠨ ᠪᠤᠯᠤᠨ ᠮᠠᠨᠳᠦᠯᠡᠵᠠᠢ᠃ ᠲᠡᠭᠷᠢ ᠲᠡᠳᠭᠦᠭᠴᠢ ᠶᠢᠨ ᠬᠤᠷᠢᠨ ᠨᠢᠭᠡᠳᠦᠭᠡᠷ ᠣᠨ ︵1750 ᠣᠨ︶᠎ ᠳᠤ ᠵᠠᠰᠠᠭ ᠸᠠᠩ ᠤᠨ ᠰᠠᠭᠤᠷᠢᠨ ᠢ ᠵᠠᠯᠭᠠᠮᠵᠢᠯᠠᠵᠦ᠂ ᠲᠡᠭᠷᠢ ᠲᠡᠳᠭᠦᠭᠴᠢ ᠶᠢᠨ ᠲᠦᠴᠢᠨ ᠨᠢᠭᠡᠳᠦᠭᠡᠷ ᠣᠨ ︵1776 ᠣᠨ︶᠎ ᠳᠤ ᠴᠢᠨ ᠸᠠᠩ ᠤᠨ ᠬᠡᠷᠬᠡᠮ ᠬᠦᠷᠲᠡᠵᠦ᠂ ᠲᠤᠰ ᠵᠢᠯ ᠵᠤᠤ ᠤᠳᠠ ᠴᠢᠭᠤᠯᠭᠠᠨ ᠤ ᠳᠡᠳ᠋ ᠲᠡᠷᠢᠭᠦᠨ ᠪᠣᠯᠵᠠᠢ᠃ ᠮᠦᠨ ᠲᠤᠰ ᠵᠢᠯ ᠬᠢᠵᠠᠭᠠᠷ ᠢ ᠲᠣᠭᠲᠠᠭᠠᠭᠴᠢ ᠵᠡᠭᠦᠨ ᠵᠢᠭᠦᠷ ᠤᠨ ᠶᠡᠭᠡ ᠵᠠᠩᠵᠤᠨ ᠡᠷᠭᠦᠮᠵᠢᠯᠡᠭᠳᠡᠨ᠂ ᠤᠯᠢᠶᠠᠰᠤᠲᠠᠢ ᠳᠤ ᠰᠠᠬᠢᠨ ᠰᠠᠭᠤᠵᠤ ᠪᠠᠶᠢᠪᠠ᠃ ᠰᠠᠶᠢᠰᠢᠶᠠᠯ ᠢᠷᠦᠭᠡᠯᠲᠦ ᠶᠢᠨ ᠲᠦᠷᠪᠡᠳᠦᠭᠡᠷ ᠣᠨ ︵1800 ᠣᠨ︶᠎ ᠳᠤ ᠪᠡᠭᠡᠵᠢᠩ ᠳᠤ ᠨᠠᠰᠤ ᠪᠠᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ