ᠪᠢ ᠬᠠᠨ ᠵᠢᠶᠧ
ᠨᠡᠶᠢᠲᠡᠯᠡᠭᠰᠡᠨ ᠴᠠᠭ᠄
2021/11/10
      ᠪᠢ ᠬᠠᠨ ᠵᠢᠶᠧ᠂ ᠡᠷᠡᠭᠲᠡᠢ᠂ ᠬᠢᠲᠠᠳ ᠦᠨᠳᠦᠰᠦᠲᠡᠨ᠂ 1793 ᠣᠨ ᠤ 3 ᠰᠠᠷ᠎ᠠ ᠳᠤ ᠠᠤᠬᠠᠨ ᠬᠤᠰᠢᠭᠤᠨ ᠤ ᠰᠧ ᠳ᠋ᠧ ᠲᠠᠩ ᠰᠢᠶᠠᠩ ᠤᠨ ᠰᠢᠨ ᠸᠧ ᠫᠦ᠋ ᠲᠤᠰᠬᠤᠨ ᠳᠤ ᠲᠦᠷᠦᠵᠠᠢ᠃ ᠱᠠᠨᠳᠦ᠋ᠡᠭ ᠤᠨ ᠳ᠋ᠧᠡᠭ ᠵᠸᠤ ᠨᠤᠲᠤᠭ ᠲᠠᠢ᠃       ᠪᠢ ᠬᠠᠨ ᠵᠢᠶᠧ ᠬᠠᠷᠠᠬᠠᠨ ᠪᠠᠭ᠎ᠠ ᠠᠴᠠ ᠪᠠᠨ ᠵᠡᠪᠰᠡᠭ ᠤᠨ ᠡᠷᠳᠡᠮ ᠳᠤ ᠳᠤᠷ᠎ᠠ ᠪᠠᠭ᠋ᠠᠳᠠᠢ᠂ ᠱᠠᠨᠳᠦ᠋ᠡᠭ ᠤᠨ ᠨᠡᠷᠡᠲᠦ ᠪᠠᠭᠰᠢ ᠶᠢᠨ ᠵᠢᠭᠠᠨ ᠵᠢᠯᠦᠭᠤᠳᠤᠯᠭ᠎ᠠ ᠪᠠᠷ ᠢᠯᠳᠦ᠂ ᠵᠢᠳᠠ᠂ ᠰᠢᠳᠠᠮ᠂ ᠰᠠᠯᠠᠮ᠎ᠡ ᠶᠢᠨ ᠡᠷᠳᠡᠮ ᠳᠤ ᠴᠠᠭᠠᠷᠠᠵᠤ᠂ ᠨᠡᠩ ᠴᠦ ᠢᠯᠳᠦ ᠶᠢᠨ ᠡᠷᠳᠡᠮ ᠳᠤ ᠨᠡᠪᠳᠡᠷᠡᠭᠰᠡᠨ ᠪᠠᠶᠢᠨ᠎ᠠ᠃ ᠲᠡᠭᠦᠨ ᠤ ᠪᠣᠯᠪᠠᠰᠤᠷᠠᠯ ᠳᠤ ᠬᠡᠷᠡᠭᠯᠡᠳᠡᠭ ᠢᠯᠳᠦ ᠶᠢᠨ ᠬᠦᠨᠳᠦ ᠨᠢ 60 ᠺᠢᠯᠣᠭ᠍ᠷᠠᠮ ᠪᠠᠶᠢᠵᠦ᠂ ᠰᠡᠬᠦᠯᠡᠷ ᠨᠢ ᠬᠣ᠋ ᠣᠪᠣᠭᠲᠤ ᠱᠠᠪᠢ ᠳᠤ ᠪᠠᠨ ᠥᠭᠪᠡ᠃       ᠴᠢᠩ ᠤᠯᠤᠰ ᠤᠨ ᠰᠠᠶᠢᠰᠢᠶᠠᠯ ᠢᠷᠦᠭᠡᠯᠲᠦ ᠶᠢᠨ ᠬᠤᠷᠢᠨ ᠭᠤᠷᠪᠠᠳᠤᠭᠠᠷ ᠣᠨ ︵1818 ᠣᠨ︶ ᠳᠤ ᠴᠧᠩᠳᠧ ᠳᠤ ᠪᠣᠯᠣᠭᠰᠠᠨ ᠵᠠᠪᠰᠡᠭ ᠤᠨ ᠡᠷᠳᠡᠮ ᠤᠨ ᠰᠢᠯᠭᠠᠯᠲᠠ ᠳᠤ ᠣᠷᠣᠭᠠᠳ 26 ᠨᠠᠰᠤᠲᠠᠢ ᠵᠡᠪᠰᠡᠭ ᠤᠨ ᠡᠷᠭᠦᠭᠰᠡᠳ ᠪᠣᠯᠵᠠᠢ᠂ ᠡᠷᠭᠦᠭᠰᠡᠳ ᠪᠣᠯᠣᠭᠰᠠᠨ ᠤ ᠪᠠᠨ ᠳᠠᠷᠠᠭ᠎ᠠ ᠲᠤᠬᠠᠢ ᠶᠢᠨ ᠦᠶ᠎ᠡ ᠶᠢᠨ ᠨᠡᠶᠢᠬᠡᠮ ᠤᠨ ᠪᠣᠳᠤᠯᠢᠶᠠᠨᠲᠠᠢ ᠪᠠᠶᠢᠳᠠᠯ ᠢ ᠠᠵᠢᠨ ᠡᠪᠡᠳᠴᠢᠨ ᠲᠠᠢ ᠬᠡᠮᠡᠨ ᠭᠡᠷ ᠲᠤ ᠪᠠᠨ ᠬᠠᠷᠢᠵᠤ᠂ ᠨᠣᠶᠠᠨ ᠰᠠᠭᠤᠭᠰᠠᠨ ᠦᠭᠡᠢ᠃ ᠲᠦᠷᠦ ᠭᠡᠷᠡᠯᠲᠦ ᠶᠢᠨ ᠬᠤᠷᠢ ᠶᠢᠰᠦᠨ ᠣᠨ ︵1849︶ ᠤ 10 ᠰᠠᠷ᠎ᠠ ᠳᠤ ᠭᠡᠷ ᠲᠤ ᠪᠠᠨ ᠡᠪᠡᠳᠴᠢᠨ ᠢᠶᠠᠷ ᠨᠠᠰᠤ ᠪᠠᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ