ᠤᠯᠠᠭᠠᠨᠬᠠᠳᠠ ᠶᠢᠨ ᠲᠤᠶᠢᠮᠦ ᠪᠠᠶᠢᠳᠠᠯ
ᠨᠡᠶᠢᠲᠡᠯᠡᠭᠰᠡᠨ ᠴᠠᠭ᠄
2021/11/12
      ᠤᠯᠠᠭᠠᠨᠬᠠᠳᠠ ᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠡᠮᠦᠨᠡᠲᠦ ᠬᠡᠰᠡᠭ ᠲᠤ ᠤᠷᠤᠰᠢᠵᠤ᠂ ᠥᠪᠥᠷ ᠮᠣᠩᠭᠤᠯ᠂ ᠾᠧᠪᠧᠢ᠂ ᠯᠢᠶᠣᠤᠨᠢᠩ ᠭᠤᠷᠪᠠᠨ ᠮᠣᠵᠢ ᠣᠷᠣᠨ ᠤ ᠠᠭᠤᠯᠵᠠᠷ ᠭᠠᠵᠠᠷ ᠲᠤ ᠪᠠᠶᠢᠷᠢᠯᠠᠵᠤ᠂ ᠵᠡᠭᠦᠨᠰᠢ ᠲᠦᠩᠯᠢᠶᠤᠤ ᠬᠤᠲᠠ ᠲᠠᠢ ᠬᠦᠷᠰᠢᠯᠡᠵᠦ᠂ ᠵᠡᠭᠦᠨ ᠡᠮᠦᠨ᠎ᠡ ᠪᠠᠨ ᠯᠢᠶᠤᠤᠨᠢᠩ ᠮᠣᠵᠢ ᠶᠢᠨ ᠴᠣᠣᠶᠠᠩ ᠬᠤᠲᠠ ᠲᠠᠢ ᠵᠠᠯᠭᠠᠵᠤ᠂ ᠪᠠᠷᠠᠭᠤᠨ ᠡᠮᠦᠨᠡᠰᠢ ᠾᠧᠪᠧᠢ ᠮᠣᠵᠢ ᠶᠢᠨ ᠴᠧᠩᠳᠧ ᠲᠠᠢ ᠵᠠᠬ᠎ᠠ ᠨᠡᠶᠢᠯᠡᠵᠦ᠂ ᠪᠠᠷᠠᠭᠤᠨ ᠬᠤᠶᠢᠰᠢ ᠪᠠᠨ ᠰᠢᠯᠢᠨ ᠭᠤᠣᠯ ᠠᠶᠢᠮᠠᠭ ᠬᠦᠷᠴᠦ ᠪᠠᠶᠢᠳᠠᠭ᠃ ᠪᠦᠬᠦ ᠬᠤᠲᠠ ᠶᠢᠨ ᠶᠡᠷᠦᠩᠬᠡᠢ ᠲᠠᠯᠠᠪᠠᠢ ᠨᠢ 9 ᠲᠦᠮᠡᠨ ᠬᠠᠪᠲᠠᠭᠠᠢ ᠳᠥᠷᠪᠡᠯᠵᠢᠨ ᠺᠢᠯᠣᠮᠧᠲᠷ ᠪᠠᠶᠢᠵᠤ᠂ 3 ᠲᠣᠭᠤᠷᠢᠭ 7 ᠬᠤᠰᠢᠭᠤ 2 ᠰᠢᠶᠠᠨ ᠢ ᠬᠠᠷᠢᠶᠠᠯᠠᠵᠤ᠂ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 30 ᠭᠠᠷᠤᠶ ᠦᠨᠳᠦᠰᠦᠲᠡᠨ ᠬᠠᠮᠲᠤᠪᠠᠷ ᠠᠮᠢᠳᠤᠷᠠᠵᠤ ᠪᠠᠶᠢᠳᠠᠭ᠃ ︽ᠤᠯᠠᠭᠠᠨᠬᠠᠳᠠ︾ ᠭᠡᠳᠡᠭ ᠨᠢ ᠬᠤᠲᠠ ᠲᠣᠭᠤᠷᠢᠭ ᠶᠢᠨ ᠵᠡᠭᠦᠨ ᠬᠤᠶᠢᠲᠤ ᠬᠡᠰᠡᠭ ᠤᠨ ᠬᠦᠷᠡᠩ ᠤᠯᠠᠭᠠᠨ ᠥᠩᠭᠡᠲᠡᠢ ᠬᠠᠳᠠᠨ ᠤᠷᠬᠢᠯ ᠠᠴᠠ ᠨᠡᠷᠡᠯᠡᠭᠰᠡᠨ ᠤᠴᠢᠷ ᠲᠠᠢ᠃ ᠤᠯᠠᠭᠠᠨᠬᠠᠳᠠ ᠬᠤᠳᠠ ᠶᠢ ᠤᠤᠯ ᠨᠢ ᠵᠤᠤ ᠤᠳᠠ ᠠᠶᠢᠮᠠᠭ ᠭᠡᠵᠦ ᠪᠠᠢᠭᠰᠠᠨ‌‍ᠶᠤᠮ᠂ ᠵᠤᠤ ᠤᠳᠠ ᠨᠢ ︽ᠵᠠᠭᠤᠨ ᠤᠳᠠ︾ ᠭᠡᠰᠡᠨ ᠤᠳᠬ᠎ᠠ ᠲᠠᠢ᠃      ᠤᠯᠠᠭᠠᠨᠬᠠᠳᠠ ᠬᠤᠲᠠ ᠨᠢ ᠴᠢᠨ ᠤᠯᠤᠰ᠂ ᠬᠠᠠ ᠤᠯᠣᠰ ᠤᠨ ᠦᠶ᠎ᠠ ᠳᠤ ᠶᠠᠨ ᠤᠯᠤᠰ᠂ ᠳ᠋ᠦᠩᠬᠤ᠂ ᠰᠢᠶᠠᠠᠪᠢ ᠳᠤ ᠬᠠᠷᠢᠶᠠᠯᠠᠬᠳᠠᠵᠣ᠂ ᠰᠦᠢ ᠲᠠᠩ ᠤᠯᠣᠰ ᠤᠨ ᠦᠶ᠎ᠠ ᠳᠤ᠂ ᠿᠣᠣᠯᠧ ᠳ᠋ᠦᠳᠦ᠋ ᠤᠨ ᠤᠷᠳᠣᠠ ᠪᠠ ᠰᠥᠩ ᠮᠦᠸᠧ ᠶᠢᠨ ᠳ᠋ᠦᠳᠦ᠋ ᠤᠨ ᠤᠷᠳᠣᠠ ᠢ ᠪᠠᠶᠢᠭᠤᠯᠣᠠ᠂ ᠮᠢᠩ ᠤᠯᠤᠰ ᠤᠨ ᠦᠶ᠎ᠠ ᠳᠤ ᠤᠷᠢᠳ ᠬᠤᠵᠢᠳ ᠳ᠋ᠠ ᠨᠢᠩ ᠬᠠᠷᠠᠭᠤᠯ᠂ ᠴᠢᠤᠸᠠᠨ ᠨᠢᠩ ᠬᠠᠷᠠᠭᠤᠯ᠂ ᠶᠢᠩ ᠴᠠᠩ ᠬᠠᠷᠠᠭᠤᠯ ᠬᠢᠭᠡᠳ ᠤᠷᠢᠶᠠᠩᠬᠠᠢ ᠶᠢᠨ ᠭᠤᠷᠪᠠᠠ ᠬᠠᠷᠠᠭᠤᠯ ᠳᠤ ᠬᠠᠷᠢᠶᠠᠯᠠᠬᠳᠠᠵᠣ ᠪᠠᠶᠢᠵᠠᠢ᠃ ᠴᠢᠩ ᠤᠯᠤᠰ ᠤᠨ ᠦᠶ᠎ᠡ ᠳᠤ ᠤᠯᠠᠭᠠᠨᠬᠠᠳᠠ ᠶᠢᠨ ᠶᠡᠬᠡᠩᠬᠢ ᠬᠡᠰᠡᠭ ᠭᠠᠵᠠᠷ ᠣᠷᠣᠨ ᠨᠢ ᠵᠣᠣ ᠤᠳᠠ ᠠᠶᠢᠮᠠᠭ ᠲᠤ ᠬᠠᠷᠢᠶᠠᠯᠠᠭᠳᠠᠵᠤ᠂ ᠢᠷᠭᠡᠨ ᠤᠯᠤᠰ ᠤᠨ ᠦᠶ᠎ᠡ ᠳᠤ ᠿᠧᠾᠧ ᠣᠨᠴᠠᠭᠠᠢ ᠣᠷᠣᠨ ᠳᠤ ᠬᠠᠷᠢᠶᠠᠯᠠᠭᠳᠠᠵᠤ ᠪᠠᠶᠢᠵᠠᠢ᠃ 1949 ᠣᠨ ᠳᠤ  ᠪᠦᠭᠦᠳᠡ ᠨᠠᠶᠢᠷᠠᠮᠳᠤᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠤᠷᠢᠳ ᠬᠤᠵᠢᠳ ᠿᠧᠾᠧ ᠮᠤᠵᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠵᠤ ᠪᠠᠶᠢᠪᠠ᠃ 1969 ᠣᠨ ᠳᠤ ᠯᠢᠶᠣᠤᠨᠢᠩ ᠮᠤᠵᠢ ᠳᠤ ᠬᠠᠷᠢᠶᠠᠯᠠᠭᠳᠠᠵᠤ᠂ 1979 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠣᠴᠠᠨ ᠬᠠᠷᠢᠶᠠᠯᠠᠭᠳᠠᠵᠠᠢ᠃ 1983 ᠣᠨ ᠤ 10 ᠰᠠᠷ᠎ᠠ ᠳᠤ ᠵᠣᠣ ᠤᠳᠠ ᠠᠶᠢᠮᠠᠭ ᠢ ᠬᠦᠴᠦᠨ ᠦᠭᠡᠢ ᠪᠤᠯᠭᠠᠵᠦ᠂ ᠤᠯᠠᠭᠠᠨᠬᠠᠳᠠ ᠬᠤᠲᠠ ᠪᠣᠯᠭᠠᠵᠤ᠂ ᠣᠳᠣ ᠬᠤᠲᠠ ᠎ ᠠᠴᠠ ᠬᠤᠰᠢᠭᠤ ᠰᠢᠶᠠᠨ ᠢ ᠬᠠᠮᠢᠶᠠᠷᠬᠤ ᠪᠠᠶᠢᠭᠤᠯᠤᠯ ᠢ ᠬᠡᠷᠡᠭᠵᠢᠭᠦᠯᠵᠦ ᠪᠠᠶᠢᠨ᠎ᠠ᠃      ᠤᠯᠠᠭᠠᠨᠬᠠᠳᠠ ᠬᠤᠲᠠ ᠨᠢ ᠮᠣᠩᠭᠤᠯ ᠤᠨ ᠥᠨᠳᠦᠷᠯᠢᠭ ᠠᠴᠠ ᠯᠢᠶᠣᠤ ᠾᠧ ᠭᠤᠣᠯ ᠤᠨ ᠲᠠᠯ᠎ᠠ ᠭᠠᠵᠠᠷ ᠵᠦᠭ ᠰᠢᠯᠵᠢᠬᠦ ᠰᠢᠯᠵᠢᠯᠲᠡ ᠶᠢᠨ ᠣᠷᠣᠨ ᠪᠦᠰᠡ ᠳᠤ ᠣᠷᠣᠰᠢᠵᠤ᠂ ᠪᠠᠷᠠᠭᠤᠨ ᠬᠤᠶᠢᠲᠤ ᠣᠷᠣᠨ ᠨᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠶ ᠬᠦᠷᠴᠦ᠂ ᠪᠠᠷᠠᠭᠤᠨ ᠡᠮᠦᠨ᠎ᠡ ᠪᠠᠨ ᠴᠢᠯᠠᠭᠤᠲᠤ ᠠᠭᠤᠯᠠ ᠨᠢᠷᠤᠭᠤ ᠪᠠᠷ ᠬᠦᠷᠢᠶᠡᠯᠡᠭᠳᠡᠵᠦ᠂ ᠵᠡᠭᠦᠨ ᠡᠮᠦᠨ᠎ᠡ ᠪᠠᠨ ᠨᠢᠷᠤᠭᠤ ᠬᠠᠷᠠᠯᠠᠭ ᠠᠭᠤᠯᠠ ᠨᠢᠷᠤᠭᠤ ᠪᠠᠷ ᠪᠠᠶᠢᠭᠠᠯᠢ ᠶᠢᠨ ᠬᠠᠯᠬᠠᠪᠴᠢ ᠪᠤᠯᠭᠠᠵᠦ᠂ ᠵᠡᠭᠦᠨ ᠬᠤᠶᠢᠰᠢ ᠪᠠᠨ ᠯᠢᠶᠣᠤ ᠾᠧ ᠭᠤᠣᠯ ᠤᠨ ᠲᠠᠯ᠎ᠠ ᠭᠠᠵᠠᠷ ᠲᠠᠢ ᠵᠠᠯᠭᠠᠯᠳᠤᠵᠤ᠂ ᠳᠣᠲᠣᠷ᠎ᠠ ᠭᠠᠵᠠᠷ ᠲᠤᠨᠢ ᠳᠣᠪᠤ ᠭᠠᠵᠠᠷ ᠣᠯᠠᠨ ᠪᠠᠶᠢᠳᠠᠭ᠃ ᠤᠯᠠᠭᠠᠨᠬᠠᠳᠠ ᠵᠡᠭᠦᠨ ᠬᠤᠶᠢᠲᠦ ᠤᠷᠤᠨ ᠤ ᠭᠠᠵᠠᠷ ᠤᠨ ᠳᠡᠨᠵᠢ ᠪᠤᠯᠤᠨ ᠲᠡᠭᠷᠢ ᠠᠭᠤᠯᠠ — ᠬᠢᠩᠭᠠᠨ ᠮᠣᠩᠭᠤᠯ ᠤᠨ ᠭᠠᠵᠠᠷ ᠤᠨ ᠬᠤᠩᠭᠢᠯ ᠢ ᠰᠤᠨᠳᠠᠯᠠᠵᠦ᠂ ᠶᠢᠨ ᠱᠠᠨ ᠠᠭᠤᠯᠠ ᠶᠢᠨ ᠵᠡᠭᠦᠨᠰᠢ ᠪᠠᠷᠠᠭᠤᠨᠰᠢ ᠴᠢᠭᠯᠡᠯ ᠲᠠᠢ ᠲᠣᠭᠲᠠᠴᠠ ᠶᠢᠨ ᠪᠦᠰᠡ ᠪᠣᠯᠤᠨ ᠶᠡᠭᠡ ᠬᠢᠩᠭᠠᠨ ᠳᠠᠪᠠᠭ᠎ᠠ ᠶᠢᠨ ᠲᠣᠭᠲᠠᠴᠠ ᠶᠢᠨ ᠪᠦᠰᠡ ᠶᠢᠨ ᠠᠭᠤᠯᠵᠠᠷ ᠭᠠᠵᠠᠷ ᠲᠤ ᠣᠷᠣᠰᠢᠵᠤ ᠪᠠᠶᠢᠳᠠᠭ᠃ ᠪᠠᠷᠤᠭ 7000 ᠲᠦᠮᠡᠨ ᠵᠢᠯ ᠤᠨ ᠡᠮᠦᠨ᠎ᠡ ᠡᠭᠦᠰᠦᠭᠰᠡᠨ ᠳᠡᠯᠡᠬᠡᠶ ᠶᠢᠨ ᠴᠠᠷᠴᠠᠳᠠᠰᠤ ᠶᠢᠨ ᠰᠢᠷᠦᠭᠦᠨ ᠬᠥᠳᠡᠯᠭᠡᠭᠡᠨ — ᠶᠠᠨ ᠱᠠᠨ ᠤ ᠠᠭᠤᠯᠠ ᠪᠦᠲᠦᠭᠡᠬᠦ ᠬᠥᠳᠡᠯᠭᠡᠭᠡᠨ ᠤ ᠳᠠᠷᠠᠭ᠎ᠠ᠂ ᠤᠯᠠᠭᠠᠨᠬᠠᠳᠠ ᠶᠢᠨ ᠣᠷᠴᠢᠨ ᠦᠶ᠎ᠡ ᠶᠢᠨ ᠠᠭᠤᠯᠠᠨ ᠰᠢᠰᠲ᠋ᠧᠮ ᠤᠨ ᠠᠩᠬᠠᠨ ᠤ ᠳᠦᠷᠰᠦ ᠦᠨᠳᠦᠰᠦᠨ ᠳᠡᠭᠡᠨ ᠪᠦᠷᠢᠯᠳᠦᠵᠡᠶ ᠃ ᠣᠨᠴᠠ ᠲᠣᠭᠲᠠᠭᠰᠠᠨ ᠡᠬᠡ ᠭᠠᠵᠠᠷ ᠤᠨ ᠲᠣᠭᠲᠠᠴᠠ ᠶᠢᠨ ᠣᠷᠴᠢᠨ ᠲᠣᠭᠤᠷᠢᠨ᠂ ᠨᠠᠷᠢᠨ ᠪᠤᠳᠤᠯᠢᠶᠠᠨᠲᠠᠢ ᠬᠥᠭᠵᠢᠯᠲᠡ ᠶᠢᠨ ᠬᠤᠪᠢᠰᠤᠯᠲᠠ ᠶᠢᠨ ᠶᠠᠪᠤᠴᠠ ᠵᠢᠴᠢ ᠠᠭᠤᠷ ᠠᠮᠢᠰᠬᠤᠯ ᠤᠨ ᠬᠤᠪᠢᠷᠠᠯᠲᠠ ᠨᠢ ᠤᠯᠠᠭᠠᠨᠬᠠᠳᠠ ᠶᠢᠨ ᠰᠦᠷᠯᠢᠭ ᠰᠠᠶᠢᠬᠠᠨ᠂ ᠡᠯᠳᠡᠪ ᠶᠠᠩᠵᠤ ᠶᠢᠨ ᠭᠠᠵᠠᠷ ᠵᠦᠢ ᠶᠢᠨ ᠭᠠᠶᠢᠬᠠᠮᠰᠢᠭᠲᠤ ᠦᠵᠡᠮᠵᠢ ᠶᠢ ᠪᠤᠢ ᠪᠣᠯᠭᠠᠵᠠᠢ᠃ ᠬᠢᠯᠢ ᠳᠣᠲᠣᠷᠠᠬᠢ ᠭᠠᠵᠠᠷ ᠤᠨ ᠪᠠᠶᠢᠴᠠ ᠶᠢᠨ ᠲᠥᠷᠥᠯ ᠵᠦᠢᠯ ᠡᠯᠪᠡᠭ ᠪᠠᠶᠠᠯᠢᠭ ᠪᠠᠶᠢᠵᠦ᠂ ᠠᠭᠤᠯᠠᠷᠬᠠᠭ ᠭᠠᠵᠠᠷ᠂ ᠳᠣᠪᠤ ᠭᠠᠵᠠᠷ᠂ ᠪᠡᠯᠴᠢᠭᠡᠷ᠂ ᠣᠶ ᠰᠢᠭᠤᠶ᠂ ᠭᠤᠤᠯ ᠮᠥᠷᠡᠨ᠂ ᠨᠠᠭᠤᠷ ᠴᠥᠭᠦᠷᠥᠮ᠂ ᠬᠠᠶᠢᠯᠤᠮᠠᠯ ᠴᠢᠯᠠᠭᠤᠯᠢᠭ ᠤᠨ ᠳᠡᠨᠵᠢ ᠭᠠᠵᠠᠷ ᠪᠠ ᠮᠠᠩᠬᠠᠨ ᠭᠠᠵᠠᠷ ᠪᠦᠷ ᠪᠠᠭᠲᠠᠵᠤ ᠪᠠᠶᠢᠳᠠᠭ᠃ ᠪᠢᠴᠢᠯ ᠭᠠᠵᠠᠷ ᠤᠨ ᠳᠦᠷᠰᠦ ᠶᠢᠨ ᠲᠥᠷᠥᠯ ᠵᠦᠢᠯ ᠨᠢ ᠣᠯᠠᠨ᠂ ᠪᠦᠲᠦᠭᠰᠡᠨ ᠰᠢᠯᠲᠠᠭᠠᠨ ᠨᠢ ᠪᠤᠳᠤᠯᠢᠶᠠᠨᠲᠠᠶ᠂ ᠬᠡᠯᠪᠡᠷᠢ ᠳᠦᠷᠰᠦ ᠨᠢ ᠠᠳᠠᠯᠢ ᠪᠤᠰᠤ ᠪᠠᠶᠢᠵᠤ᠂ ᠭᠤᠣᠯᠳᠠᠭᠤ ᠰᠠᠯᠬᠢᠨ ᠳᠤ ᠢᠳᠡᠭᠳᠡᠭᠰᠡᠨ ᠦᠯᠡᠳᠡᠭᠳᠡᠯ ᠪᠠᠭᠠᠨ᠎ᠠ᠂ ᠦᠯᠡᠳᠡᠭᠳᠡᠯ ᠠᠭᠤᠯᠠ᠂ ᠭᠠᠯᠲᠤ ᠠᠭᠤᠯᠠ ᠶᠢᠨ ᠠᠮᠠᠰᠠᠷ᠂ ᠡᠷᠢᠬᠡᠨ ᠬᠥᠨᠳᠡᠶ᠂ ᠲᠣᠩᠭᠤᠷᠤᠤ ᠴᠢᠯᠠᠭᠤᠨ ᠱᠣᠷᠣᠯᠵᠢᠨ᠂ ᠡᠯᠡᠭᠳᠡᠮᠡᠯ ᠱᠠᠲᠤᠯᠢᠭ ᠭᠠᠵᠠᠷ ᠵᠡᠷᠭᠡ ᠠᠷᠪᠠᠨ ᠬᠡᠳᠦᠨ ᠵᠦᠢᠯ ᠪᠤᠶ᠃ ᠳᠥᠷᠪᠡᠳᠦᠭᠡᠷ ᠤᠯᠠᠷᠢᠯ ᠤᠨ ᠮᠥᠰᠥᠲᠦᠯᠭᠡ ᠶᠢᠨ ᠦᠯᠡᠳᠡᠭᠳᠡᠯ᠂ ᠮᠥᠰᠥᠲᠦᠯᠭᠡ ᠶᠢᠨ ᠤᠭᠤᠷ ᠤᠨ ᠰᠦᠷᠦᠭ᠂ ᠴᠢᠯᠠᠭᠤᠨ ᠣᠶ᠂ ᠡᠪᠡᠷ ᠣᠷᠭᠢᠯ᠂ ᠮᠥᠰᠥᠨ ᠴᠢᠯᠠᠭᠤᠨ ᠭᠤᠤᠯ ᠵᠡᠷᠭᠡ ᠦᠯᠡᠳᠡᠭᠳᠡᠯ ᠥᠷᠭᠡᠨ ᠳᠡᠯᠭᠡᠷ ᠲᠠᠷᠬᠠᠵᠦ ᠪᠠᠶᠢᠳᠠᠭ᠃ ᠣᠳᠣᠬᠠᠨ ᠤ ᠳᠡᠯᠡᠬᠡᠶ ᠳᠡᠭᠡᠷ᠎ᠡ ᠳᠥᠷᠪᠡᠳᠦᠭᠡᠷ ᠤᠯᠠᠷᠢᠯ ᠤᠨ ᠮᠥᠰᠥᠲᠦᠯᠭᠡ ᠶᠢᠨ ᠦᠯᠡᠳᠡᠭᠳᠡᠯ ᠢ ᠢᠯᠡᠷᠡᠭᠦᠯᠦᠭᠰᠡᠨ ᠲᠤᠭ᠎ᠠ ᠪᠠᠷ ᠬᠠᠮᠤᠭ ᠣᠯᠠᠨ᠂ ᠬᠠᠮᠤᠭ ᠤᠨ ᠪᠦᠷᠢᠨ ᠪᠦᠲᠦᠨ ᠭᠠᠵᠠᠷ ᠣᠷᠣᠨ ᠪᠣᠯᠤᠨ᠎ᠠ᠃ ᠡᠭᠦᠨ ᠳᠤ᠂ ᠠᠰᠬᠠᠲᠤ ᠶᠢᠨ ᠪᠣᠷᠵᠢᠨ ᠴᠢᠯᠠᠭᠤᠯᠢᠭ ᠤᠨ ᠴᠢᠯᠠᠭᠤᠨ ᠣᠶ ᠨᠢ ᠳᠡᠯᠡᠬᠡᠶ ᠶᠢᠨ ᠭᠠᠵᠠᠷ ᠰᠢᠨᠵᠢᠯᠡᠭᠡᠨ ᠤ ᠭᠠᠶᠢᠬᠠᠮᠰᠢᠭᠲᠤ ᠦᠵᠡᠮᠵᠢ ᠬᠡᠮᠡᠨ ᠠᠯᠳᠠᠷᠰᠢᠵᠠᠶ᠃        ᠤᠯᠠᠭᠠᠨᠬᠠᠳᠠ ᠣᠷᠣᠨ ᠪᠣᠯ ᠡᠷᠲᠡᠨ ᠠᠴᠠ ᠠᠪᠤᠭᠠᠳ ᠡᠪᠡᠰᠦ ᠮᠣᠳᠣ ᠢᠭᠴᠤ ᠰᠠᠬᠤᠯᠢᠭ᠂ ᠠᠭᠤᠯᠠ ᠲᠠᠯ᠎ᠠ ᠴᠡᠯᠡᠭᠡᠷ ᠠᠭᠤᠳᠠᠮ᠂ ᠭᠤᠣᠯ ᠮᠥᠷᠡᠨ ᠮᠢᠷᠠᠯᠵᠠᠨ ᠣᠷᠣᠰᠴᠣ᠂ ᠨᠠᠭᠤᠷ ᠪᠦᠷᠢᠳᠦ ᠲᠠᠷᠬᠠᠭᠰᠠᠨ ᠰᠠᠶᠢᠬᠠᠨ ᠨᠤᠲᠤᠭ ᠶᠤᠮ᠃ ᠯᠢᠶᠣᠤ ᠤᠯᠤᠰ ᠤᠨ ᠦᠶ᠎ᠡ ᠳᠤ ᠠᠳᠡ ᠪᠠᠰᠠ ᠭᠠᠵᠠᠷ ᠳᠦᠭᠦᠷᠡᠩ ᠨᠠᠷᠠᠰᠤᠨ ᠣᠶ ᠪᠠᠶᠢᠵᠤ ᠂ ᠲᠡᠦᠬᠡᠨ ᠪᠢᠴᠢᠭ ᠲᠠᠬᠢ ︽ᠲᠠᠯ᠎ᠠ ᠭᠠᠵᠠᠷ ᠤᠨ ᠨᠠᠷᠠᠰᠤᠨ ᠣᠶ︾᠂ ︽ᠮᠢᠩᠭᠠᠨ ᠭᠠᠵᠠᠷ ᠤᠨ ᠨᠠᠷᠠᠰᠤᠨ ᠣᠶ︾᠎ ᠶᠢᠨ ᠤᠭ ᠳᠦᠷᠰᠦ ᠶᠢ ᠬᠠᠳᠠᠭᠠᠯᠠᠭᠰᠠᠭᠠᠷ ᠪᠠᠶᠢᠪᠠ ᠃ ᠭᠡᠬᠦ ᠳᠤ ᠪᠠᠨ ᠠᠯᠲᠠᠨ ᠤᠯᠤᠰ᠂ ᠶᠤᠸᠠᠨ ᠤᠯᠤᠰ ᠠᠴᠠ ᠨᠠᠰᠢ᠂ ᠠᠭᠤᠷ ᠠᠮᠢᠰᠬᠤᠯ᠂ ᠳᠠᠶᠢᠨ ᠳᠠᠵᠢᠨ᠂ ᠭᠠᠯ ᠤᠨ ᠠᠶᠤᠯ᠂ ᠬᠡᠲᠦᠷᠡᠲᠡᠯ᠎ᠡ ᠣᠭᠲᠣᠯᠬᠤ ᠵᠡᠷᠭᠡ ᠬᠦᠴᠦᠨ ᠵᠦᠢᠯ ᠤᠨ ᠨᠥᠯᠦᠭᠡ ᠠᠴᠠ ᠪᠣᠯᠵᠣ᠂ ᠣᠶ ᠰᠢᠭᠤᠶ ᠶᠢᠨ ᠲᠠᠯᠠᠪᠠᠶ ᠲᠦᠷᠭᠡᠨ ᠪᠠᠷ ᠪᠠᠭᠤᠷᠠᠭᠰᠠᠨ ᠪᠠᠶᠢᠨ᠎ᠠ᠃ ᠪᠠᠯᠠᠷ ᠣᠶ ᠰᠢᠭᠤᠶ ᠨᠢ ᠱᠢᠯᠮᠦᠰᠦᠲᠦ ᠤᠢ᠂ ᠥᠷᠭᠡᠨ ᠨᠠᠪᠴᠢᠲᠤ ᠣᠶ ᠪᠠᠷ ᠭᠤᠣᠯ ᠪᠣᠯᠭᠠᠭᠰᠠᠨ ᠪᠠᠶᠢᠭᠠᠯᠢᠯᠢᠭ ᠳᠡᠳ᠋ ᠤᠢ ᠪᠣᠯᠵᠤ ᠬᠤᠪᠢᠷᠠᠵᠠᠶ᠃ ᠣᠶᠢᠷ᠎ᠠ ᠶᠢᠨ ᠵᠢᠯ ᠤᠨ ᠲᠤᠷᠰᠢ᠂ ᠣᠶ ᠮᠣᠳᠣ ᠲᠠᠷᠢᠵᠤ ᠣᠶᠢᠵᠢᠭᠤᠯᠤᠭᠰᠠᠨ ᠠᠴᠠ ᠣᠶ ᠰᠢᠭᠤᠶ ᠶᠢᠨ ᠲᠠᠯᠠᠪᠠᠶ 4511 ᠭᠠᠷᠤᠶ ᠲᠦᠮᠡᠨ ᠮᠦ ᠭᠠᠵᠠᠷ ᠬᠦᠷᠴᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ 35.5%᠎ ᠳᠤ ᠭᠦᠷᠴᠦ᠂ ᠪᠡᠭᠡᠵᠢᠩ᠂ ᠲᠢᠶᠠᠨᠵᠢᠨ᠂ ᠯᠢᠶᠣᠣᠨᠢᠩ᠂ ᠱᠧᠨᠶᠠᠩ ᠣᠷᠣᠨ ᠤ ᠬᠠᠮᠤᠭ ᠴᠢᠬᠤᠯᠠ ᠠᠮᠢ ᠠᠬᠤᠶ ᠶᠢᠨ ᠬᠠᠯᠬᠠᠪᠴᠢ ᠪᠤᠯᠵᠠᠢ᠃      ᠤᠯᠠᠭᠠᠨᠬᠠᠳᠠ ᠣᠷᠣᠨ ᠤ ᠲᠠᠯ᠎ᠠ ᠨᠤᠲᠤᠭ ᠪᠣᠯ ᠥᠪᠥᠷ ᠮᠣᠩᠭᠤᠯ ᠤᠨ ᠲᠠᠯ᠎ᠠ ᠨᠤᠲᠤᠭ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠶᠡᠷᠦᠩᠬᠡᠶ ᠲᠠᠯᠠᠪᠠᠶ ᠨᠢ 8700 ᠭᠠᠷᠤᠶ ᠲᠦᠮᠡᠨ ᠮᠥ ᠪᠠᠶᠢᠵᠤ᠂ ᠭᠤᠤᠯᠳᠠᠭᠤ ᠤᠮᠠᠷᠠᠲᠤ ᠬᠡᠰᠡᠭ ᠤᠨ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤ ᠪᠠ ᠣᠩᠨᠢᠭᠤᠳ ᠬᠤᠰᠢᠭᠤᠨ ᠤ ᠬᠢᠯᠢ ᠳᠤ ᠲᠠᠷᠬᠠᠵᠤ ᠪᠠᠶᠢᠳᠠᠭ᠃ ᠡᠭᠦᠨ ᠤ ᠳᠤᠮᠳᠠ ᠨᠢ ᠤᠯᠠᠭᠠᠨᠪᠤᠲᠤᠩ ᠤᠨ ᠲᠠᠯ᠎ᠠ ᠨᠤᠲᠤᠭ᠂ ᠭᠥᠩᠭᠦᠷ ᠤᠨ ᠲᠠᠯ᠎ᠠ ᠨᠤᠲᠤᠭ᠂ ᠪᠠᠭᠠᠷᠢᠨ ᠤ ᠲᠠᠯ᠎ᠠ ᠨᠤᠲᠤᠭ ᠵᠡᠷᠭᠡ ᠨᠡᠷ᠎ᠡ ᠠᠯᠳᠠᠷᠲᠠᠢ ᠲᠠᠯ᠎ᠠ ᠨᠤᠲᠤᠭ ᠪᠠᠶᠢᠳᠠᠭ᠃ ᠢᠯᠠᠩᠭᠤᠶ᠎ᠠ ᠬᠡᠰᠢᠭᠲᠡᠨ ᠬᠤᠰᠢᠭᠤᠨ ᠤ ᠤᠯᠠᠭᠠᠨᠪᠤᠲᠤᠩ ᠤᠨ ᠲᠠᠯ᠎ᠠ ᠨᠤᠲᠤᠭ ᠪᠣᠯ ᠪᠡᠭᠡᠵᠢᠩ ᠠᠴᠠ ᠬᠠᠮᠤᠭ ᠤᠨ ᠣᠶᠢᠷ᠎ᠠ ᠬᠠᠮᠤᠭ ᠰᠠᠶᠢᠬᠠᠨ ᠲᠠᠯ᠎ᠠ ᠨᠤᠲᠤᠭ ᠪᠣᠯᠤᠨ᠎ᠠ᠃       ᠤᠯᠠᠭᠠᠨᠬᠠᠳᠠ ᠶᠢᠨ ᠬᠢᠯᠢ ᠳᠣᠲᠣᠷᠠᠬᠢ ᠤᠷᠭᠤᠮᠠᠯ ᠤᠨ ᠬᠤᠴᠢᠯᠭ᠎ᠠ ᠨᠢ ᠦᠷᠡᠲᠦ ᠤᠷᠭᠤᠮᠠᠯ᠂ ᠣᠢᠢᠮ᠎ᠠ ᠶᠢᠨ ᠲᠦᠷᠦᠯ ᠤᠨ ᠤᠷᠭᠤᠮᠠᠯ᠂ ᠬᠥᠪᠳᠥ ᠬᠢᠨ᠎ᠡ ᠤᠷᠭᠤᠮᠠᠯ᠂ ᠪᠠᠺᠲ᠋ᠧᠷᠢ ᠶᠢᠨ ᠲᠦᠷᠦᠯ ᠤᠨ ᠤᠷᠭᠤᠮᠠᠯ᠂ ᠬᠠᠭᠲᠤ ᠤᠷᠭᠤᠮᠠᠯ ᠵᠡᠷᠭᠡ ᠠᠳᠠᠯᠢ ᠪᠤᠰᠤ ᠲᠦᠷᠦᠯ ᠵᠦᠢᠯ ᠢᠶᠠᠷ ᠪᠦᠷᠢᠯᠳᠦᠵᠡᠢ᠃ ᠣᠳᠣ 118 ᠠᠳᠠᠯᠢ ᠪᠤᠰᠤ ᠰᠠᠯᠠᠭᠠᠨ ᠤ ᠵᠡᠷᠯᠢᠭ ᠤᠷᠭᠤᠮᠠᠯ 1863 ᠲᠥᠷᠥᠯ ᠵᠥᠢᠯ ᠪᠠᠶᠢᠬᠤ ᠶᠢ ᠪᠦᠷᠢᠳᠬᠡᠨ ᠣᠯᠵᠠᠢ᠂ ᠪᠠᠷᠤᠭ 2115 ᠲᠦᠮᠡᠨ ᠮᠥ ᠲᠠᠷᠢᠶᠠᠨ ᠭᠠᠵᠠᠷ ᠲᠠᠢ᠃ 2017 ᠣᠨ ᠳᠤ᠂ ᠪᠥᠬᠦ ᠬᠤᠲᠠ ᠶᠢᠨ ᠠᠮᠤ ᠪᠤᠳᠠᠭᠠᠨ ᠤ ᠭᠠᠷᠤᠯᠲᠠ 503.6 ᠲᠦᠮᠡᠨ ᠲᠣᠨ᠂ ᠬᠡᠷ ᠤᠨ ᠲᠡᠵᠢᠭᠡᠪᠦᠷᠢ ᠶᠢᠨ ᠲᠤᠭ᠎ᠠ 1985.3 ᠲᠦᠮᠡᠨ ᠲᠣᠯᠣᠭᠠᠶ ᠪᠠᠶᠢᠪᠠ᠃       ᠤᠯᠠᠭᠠᠨᠬᠠᠳᠠ ᠶᠢᠨ ᠬᠢᠯᠢ ᠳᠤᠲᠦᠷ᠎ᠠ ᠨᠢ ᠨᠡᠯᠢᠶᠡᠳ ᠶᠡᠭᠡ ᠲᠠᠯᠠᠪᠠᠶ ᠲᠠᠢ ᠡᠯᠡᠰᠦᠷᠬᠡᠭ ᠭᠠᠵᠠᠷ ᠪᠠᠶᠢᠳᠠᠭ᠃ ᠬᠤᠷᠴᠢᠨ ᠪᠣᠯᠤᠨ ᠬᠤᠯᠠᠨ ᠰᠢᠷ᠎ᠠ ᠳᠠᠭ᠎ᠠ ᠬᠤᠶᠠᠷ ᠶᠡᠭᠡ ᠡᠯᠡᠰᠦᠷᠬᠡᠭ ᠭᠠᠵᠠᠷ ᠤᠨ ᠶᠡᠷᠦᠩᠬᠡᠶ ᠲᠠᠯᠠᠪᠠᠶ ᠨᠢ 2850 ᠲᠦᠮᠡᠨ ᠮᠥ ᠪᠠᠶᠢᠵᠤ᠂ ᠬᠡᠰᠢᠭᠲᠡᠨ ᠬᠤᠰᠢᠭᠤ᠂ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ᠂ ᠣᠩᠨᠢᠭᠤᠳ ᠬᠤᠰᠢᠭᠤ᠂ ᠰᠦᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ ᠵᠡᠷᠭᠡ 8 ᠬᠤᠰᠢᠭᠤ ᠰᠢᠶᠠᠨ ᠲᠣᠭᠤᠷᠢᠭ ᠤᠨ ᠬᠢᠵᠠᠭᠠᠷ ᠲᠠᠷᠬᠠᠵᠤ ᠪᠠᠶᠢᠳᠠᠭ᠃ ᠡᠭᠦᠨ ᠳᠤ ᠣᠩᠨᠢᠭᠤᠳ ᠬᠤᠰᠢᠭᠤᠨ ᠤ ᠵᠡᠭᠦᠨ ᠬᠡᠰᠡᠭ ᠨᠢ ᠤᠤᠯ ᠠᠴᠠ ᠪᠠᠨ ︽ᠨᠠᠢᠮᠠᠨ ᠵᠠᠭᠤᠨ ᠭᠠᠵᠠᠷ ᠤᠨ  ᠡᠯᠡᠰᠦᠨ ᠳᠠᠯᠠᠢ︾ ᠭᠡᠳᠡᠭ ᠨᠡᠷ᠎ᠡ ᠲᠠᠢ ᠶᠤᠮ᠃       ᠤᠯᠠᠭᠠᠨᠬᠠᠳᠠ ᠶᠢᠨ ᠬᠢᠯᠢ ᠳᠤᠲᠤᠷ᠎ᠠ ᠭᠤᠣᠯ ᠮᠥᠷᠡᠨ᠂ ᠨᠠᠭᠤᠷ ᠴᠥᠭᠦᠷᠥᠮ ᠮᠦᠨ ᠣᠯᠠᠨ ᠪᠠᠶᠢᠳᠠᠭ᠃ ᠰᠢᠷᠠᠮᠥ᠋ᠷᠡᠨ ᠭᠤᠣᠯ ᠪᠠ ᠯᠤᠤᠬ᠎ᠠ ᠶᠢᠨ ᠭᠤᠤᠯ ᠨᠢ ᠤᠯᠠᠭᠠᠨᠬᠠᠳᠠ ᠶᠢ ᠬᠦᠨᠳᠡᠯᠡᠨ ᠭᠤᠤᠯᠳᠦ ᠪᠠᠷ ᠤᠭᠲᠤᠯᠵᠤ᠂ ᠯᠢᠶᠣᠤ ᠾᠧ ᠭᠤᠣᠯ ᠤᠨ ᠬᠤᠶᠠᠷ ᠶᠡᠭᠡ ᠡᠬᠢ ᠰᠤᠷᠪᠤᠯᠵᠢ ᠪᠤᠯᠤᠭᠰᠠᠨ ᠪᠠᠶᠢᠨ᠎ᠠ᠃ ᠰᠢᠷᠠᠮᠥ᠋ᠷᠡᠨ ᠭᠤᠣᠯ ᠤᠨ ᠤᠰᠤ ᠨᠢ ᠪᠠᠭᠤᠯᠲᠠ ᠶᠢᠨ ᠵᠥᠷᠢᠶ᠎ᠡ ᠶᠡᠭᠡ᠂ ᠤᠷᠤᠰᠬᠠᠯ ᠲᠦᠷᠭᠡᠨ ᠳᠤᠭᠰᠢᠨ᠂ ᠬᠤᠶᠠᠷ ᠡᠷᠭᠢ ᠪᠠᠷ ᠢᠶᠠᠨ ᠠᠭᠤᠯᠠ ᠨᠢᠷᠦᠭᠤ ᠵᠠᠯᠭᠠᠯᠳᠤᠵᠤ᠂ ︽ᠪᠣᠭᠤᠮᠲᠠ ᠶᠢᠨ ᠭᠠᠳᠠᠨᠠᠬᠢ ᠪᠠᠭ᠎ᠠ ᠭᠤᠷᠪᠠᠨ ᠬᠠᠪᠴᠢᠯ︾ ᠬᠡᠮᠡᠨ ᠨᠡᠷ᠎ᠡ ᠠᠯᠳᠠᠷᠰᠢᠭᠰᠠᠨ ᠪᠠᠶᠢᠳᠠᠭ᠃ ᠠᠳᠡ ᠠᠴᠠ ᠡᠭᠦᠰᠦᠭᠰᠡᠨ ᠡᠷᠲᠡᠨ ᠤ ᠪᠣᠯᠪᠠᠰᠤᠨ ᠨᠢ ᠬᠠᠲᠤᠨ ᠭᠤᠣᠯ ᠤᠨ ᠰᠠᠪᠠ ᠭᠠᠵᠠᠷ ᠤᠨ ᠪᠤᠯᠪᠠᠰᠤᠨ ᠰᠤᠶᠤᠯ ᠠᠴᠠ ᠪᠠᠰᠠ ᠡᠷᠲᠡ ᠪᠠᠶᠢᠵᠤ᠂ ᠲᠡᠦᠬᠡ ᠰᠤᠳᠤᠯᠤᠯ ᠤᠨ ᠬᠢᠨ ᠳᠤ ︽ᠡᠮᠡᠭᠡ ᠭᠤᠣᠯ︾ ᠬᠡᠮᠡᠭᠳᠡᠭᠰᠡᠨ ᠪᠠᠶᠢᠨ᠎ᠠ᠃ ᠪᠦᠬᠦ ᠬᠤᠲᠠ ᠶᠢᠨ ᠵᠢᠯ ᠲᠤᠷᠰᠢ ᠤᠰᠤ ᠬᠠᠳᠠᠭᠠᠯᠠᠳᠠᠭ ᠪᠠᠶᠢᠭᠠᠯᠢ ᠶᠢᠨ ᠨᠠᠭᠤᠷ ᠴᠥᠭᠦᠷᠥᠮ 70 ᠭᠠᠷᠤᠶ ᠪᠠᠶᠢᠳᠠᠭ᠃ ᠡᠭᠦᠨ ᠤ ᠳᠣᠲᠣᠷ᠎ᠠ ᠳᠠᠯᠠᠶᠢᠨᠠᠭᠤᠷ ᠪᠣᠯ ᠥᠪᠥᠷ ᠮᠣᠩᠭᠤᠯ ᠤᠨ ᠬᠤᠶᠠᠳᠤᠭᠠᠷ ᠶᠡᠭᠡ ᠨᠠᠭᠤᠷ ᠪᠣᠯᠤᠨ᠎ᠠ᠂ ᠵᠢᠯ ᠪᠦᠷᠢ 7 ᠲᠦᠮᠡ ᠭᠠᠷᠤᠶ ᠴᠠᠭᠠᠨ ᠬᠤᠨ ᠭᠠᠯᠠᠭᠤ ᠠᠳᠡ ᠨᠡᠭᠦᠳᠡᠯᠯᠡᠵᠦ ᠪᠠᠶᠢᠳᠠᠭ ᠠᠴᠠ ᠤᠤᠯ ᠠᠴᠠ ᠪᠠᠨ ︽ᠬᠤᠨ ᠭᠠᠯᠠᠭᠤᠲᠤ ᠨᠠᠭᠤᠷ︾ ᠭᠡᠰᠡᠨ ᠰᠠᠶᠢᠬᠠᠨ ᠨᠡᠷᠡᠳᠠᠢ ᠶᠤᠮ᠃       ᠤᠯᠠᠭᠠᠨᠬᠠᠳᠠ ᠣᠷᠣᠨ ᠳᠤ ᠬᠠᠯᠠᠭᠤᠨ ᠷᠠᠰᠢᠶᠠᠨ᠂ ᠰᠡᠷᠢᠭᠦᠨ ᠪᠤᠯᠠᠭ ᠤᠨ ᠡᠬᠢ ᠪᠠᠶᠠᠯᠢᠭ ᠪᠠᠰᠠ ᠤᠯᠠᠨ ᠪᠠᠶᠢᠳᠠᠭ᠃ ᠬᠡᠰᠢᠭᠲᠡᠨ ᠬᠤᠰᠢᠭᠤ᠂ ᠨᠢᠩᠴᠧᠩ ᠰᠢᠶᠠᠨ᠂ ᠠᠤᠬᠠᠨ ᠬᠤᠰᠢᠭᠤᠨ ᠤ ᠭᠤᠷᠪᠠᠨ ᠬᠠᠯᠠᠭᠤᠨ ᠷᠠᠰᠢᠶᠠᠨ ᠤᠰᠤᠨ ᠤ ᠳᠤᠯᠠᠭᠠᠨ ᠨᠢ 66-96℃᠎ ᠤᠨ ᠬᠤᠭᠤᠷᠣᠨᠳᠣ ᠪᠠᠶᠢᠳᠠᠭ᠃ ᠪᠠᠭᠠᠷᠢᠨ ᠪᠠᠷᠠᠭᠤᠨ ᠬᠤᠰᠢᠭᠤᠨ ᠤ ᠪᠢᠲᠡᠭᠦᠦ ᠶᠢᠨ ᠷᠠᠰᠢᠶᠠᠨ ᠨᠢ ᠯᠢᠲ᠋ᠢ᠂ ᠰᠲᠷᠤᠨᠲ᠂ ᠴᠠᠢᠷ᠂ ᠮᠠᠭᠨᠢ᠂ ᠮᠣᠯᠢᠪᠳᠧᠨ᠂ ᠰᠧᠯᠧᠨ ᠵᠡᠷᠭᠡ 6 ᠵᠦᠢᠯ ᠤᠨ ᠪᠢᠴᠢᠯ ᠡᠯᠧᠮᠧᠨ᠋ᠲ ᠠᠭᠤᠯᠳᠠᠭ ᠠᠴᠠ ᠳᠡᠯᠡᠬᠡᠶ ᠳᠡᠭᠡᠷ᠎ᠡ ᠬᠤᠪᠣᠷ ᠪᠠᠶᠢᠳᠠᠭ ︽ᠵᠢᠷᠭᠤᠭᠠᠨ ᠠᠮᠲᠠᠲᠤ  ᠷᠠᠰᠢᠶᠠᠨ︾ ᠬᠡᠮᠡᠨ ᠨᠡᠷᠡᠯᠡᠭᠳᠡᠪᠡ᠃      ᠤᠯᠠᠭᠠᠨᠬᠠᠳᠠ ᠳᠤ ᠡᠯᠪᠡᠭ ᠪᠠᠶᠠᠯᠢᠭ ᠠᠭᠤᠷᠬᠠᠢ ᠶᠢᠨ ᠭᠠᠷᠤᠯᠲᠠ ᠶᠢᠨ ᠠᠭᠤᠯᠠᠭᠳᠠᠴᠠ ᠲᠠᠢ ᠪᠠᠶᠢᠳᠠᠭ᠃ ᠣᠳᠣ ᠪᠣᠯᠬᠤ ᠳᠤ ᠨᠢᠭᠡᠨᠲᠡ ᠬᠠᠶᠢᠨ ᠢᠯᠡᠷᠡᠭᠦᠯᠦᠭᠰᠡᠨ ᠠᠭᠤᠷᠬᠠᠶ ᠶᠢᠨ ᠪᠠᠶᠠᠯᠢᠭ ᠤᠨ ᠲᠦᠷᠥᠯ ᠵᠦᠢᠯ 70 ᠭᠠᠷᠤᠶ ᠪᠠᠶᠢᠵᠤ᠂ ᠠᠭᠤᠷᠬᠠᠶ ᠶᠢᠨ ᠭᠠᠷᠤᠯᠲᠠ ᠶᠢᠨ ᠭᠠᠵᠠᠷ 1200 ᠭᠠᠷᠤᠶ ᠪᠠᠶᠢᠨ᠎ᠠ᠃ ᠡᠭᠦᠨ ᠤ ᠳᠣᠲᠣᠷ᠎ᠠ ᠲᠤᠮᠤ ᠬᠡᠯᠪᠡᠷᠢ ᠶᠢᠨ ᠬᠦᠳᠡᠷ ᠤᠨ ᠠᠭᠤᠷᠬᠠᠢ 25 ᠪᠠᠶᠢᠵᠤ᠂ ᠠᠯᠲᠠ ᠮᠥᠩᠭᠦ ᠵᠡᠷᠭᠡ ᠦᠨᠡᠲᠦ ᠲᠡᠮᠦᠷᠯᠢᠭ ᠪᠣᠯᠤᠨ ᠬᠠᠷ᠎ᠠ ᠲᠤᠭᠤᠯᠭ᠎ᠠ᠂ ᠴᠠᠶᠢᠷ᠂ ᠵᠡᠰ᠂ ᠴᠠᠭᠠᠨ ᠲᠤᠭᠤᠯᠭ᠎ᠠ᠂ ᠮᠤᠯᠢᠪᠳᠤᠨ ᠵᠡᠷᠭᠡ ᠤᠯᠠᠨ ᠵᠦᠢᠯ ᠤᠨ ᠥᠩᠭᠡᠲᠦ ᠲᠡᠮᠦᠷᠯᠢᠭ ᠠᠭᠤᠯᠠᠭᠳᠠᠵᠤ ᠪᠠᠶᠢᠳᠠᠭ᠃ ᠡᠶᠢᠮᠦ ᠤᠴᠢᠷ᠂ 2010 ᠣᠨ ᠳᠤ ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ︽ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠨᠤᠲᠤᠭ︾ ᠭᠡᠰᠡᠨ ᠨᠡᠷᠡᠶᠢᠳᠦᠯ ᠣᠯᠭᠤᠪᠠ᠃ ᠡᠭᠦᠨ ᠪᠠᠷ ᠪᠠᠷᠠᠬᠤ ᠦᠭᠡᠢ ᠤᠯᠠᠭᠠᠨᠬᠠᠳᠠ ᠳᠤ ᠪᠠᠰᠠ ᠣᠯᠠᠨ ᠲᠦᠷᠦᠯ ᠤᠨ ᠴᠢᠨᠠᠷ ᠰᠠᠶᠢᠲᠠᠢ ᠲᠡᠮᠦᠷᠯᠢᠭ ᠪᠤᠰᠤ ᠶᠢᠨ ᠡᠬᠢ ᠪᠠᠶᠠᠯᠢᠭ ᠤᠨ ᠬᠠᠳᠠᠭᠠᠯᠠᠭᠴᠠ ᠲᠠᠢ ᠪᠠᠶᠢᠵᠤ᠂ ᠪᠠᠭᠠᠷᠢᠨ ᠲᠡᠨᠢᠭᠡᠷ ᠤᠨ ᠠᠭᠤᠷᠬᠠᠢ ᠨᠢ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠠᠯᠳᠠᠷᠰᠢᠭᠰᠠᠨ ᠶᠤᠮ᠃ ᠬᠠᠶᠢᠯᠤᠭᠤᠷ ᠴᠢᠯᠠᠭᠤ᠂ ᠴᠣᠬᠤᠢ ᠶᠢᠨ ᠴᠢᠯᠠᠭᠤ᠂ ᠭᠤᠤ ᠯᠢᠩ ᠰᠢᠷᠣᠶ᠂ ᠬᠥᠪᠰᠥᠭᠡᠷ ᠰᠢᠷᠣᠶ ᠵᠡᠷᠭᠡ ᠨᠡᠭᠡᠭᠡᠨ ᠬᠥᠭᠵᠢᠭᠦᠯᠬᠦ ᠳᠠᠯᠳᠠ ᠬᠦᠴᠦᠨ ᠲᠠᠢ ᠡᠬᠢ ᠪᠠᠶᠠᠯᠢᠭ ᠤᠨ ᠠᠭᠤᠯᠠᠭᠳᠠᠴᠠ ᠡᠯᠪᠡᠭ ᠳᠡᠯᠪᠡᠭ ᠬᠠᠳᠠᠭᠠᠯᠠᠭᠳᠠᠵᠤ ᠪᠠᠶᠢᠳᠠᠭ᠃      ᠤᠯᠠᠭᠠᠨᠬᠠᠳᠠ ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠤ ᠠᠭᠤᠯᠵᠠᠷ ᠬᠡᠰᠡᠭ ᠲᠤ ᠣᠷᠣᠰᠢᠵᠤ ᠪᠠᠶᠢᠳᠠᠭ ᠠᠴᠠ ᠣᠷᠣᠨ ᠪᠠᠶᠢᠴᠠ ᠳᠠᠪᠠᠭᠤᠯᠢᠭ᠂ ᠵᠠᠮ ᠬᠠᠷᠢᠯᠴᠠᠭ᠎ᠠ ᠳᠥᠭᠦᠮ ᠳᠥᠲᠡ᠃ ᠨᠡᠶᠢᠰᠯᠡᠯ ᠪᠡᠭᠡᠵᠢᠩ ᠠᠴᠠ 390 ᠺᠢᠯᠣᠮᠧᠲᠷ ᠵᠠᠮ ᠵᠠᠶᠢᠲᠠᠶ᠂ ᠵᠡᠭᠦᠨ ᠬᠤᠶᠢᠲᠤ ᠶᠢᠨ ᠲᠥᠪ ᠬᠤᠲᠠ ᠶᠢᠨ ᠮᠦᠭᠳᠡᠨ ᠠᠴᠠ 500 ᠺᠢᠯᠣᠮᠧᠲᠷ ᠵᠠᠮ ᠬᠦᠷᠬᠦ ᠦᠭᠡᠶ᠂ ᠯᠢᠶᠣᠤᠨᠢᠩ ᠤᠨ ᠵᠢᠨᠵᠧᠦ ᠭᠠᠷᠠᠮ ᠠᠴᠠ ᠵᠥᠪᠬᠡᠨ 250 ᠺᠢᠯᠣᠮᠧᠲᠷ ᠵᠠᠮ ᠵᠠᠶᠢᠲᠠᠶ᠂ ᠳᠠᠯᠠᠶ ᠶᠢᠨ ᠪᠣᠭᠤᠮᠲᠠ ᠠᠴᠠ ᠬᠠᠮᠤᠭ ᠤᠨ ᠣᠶᠢᠷ᠎ᠠ ᠪᠣᠯᠬᠤ ᠨᠡᠶᠢᠰᠯᠡᠯ ᠤᠨ ᠠᠵᠤ ᠠᠬᠤᠶ ᠶᠢᠨ ᠲᠤᠭᠤᠷᠢᠮ ᠪᠣᠯᠤᠨ ᠪᠦᠸᠧᠬᠠᠶ ᠲᠠᠩᠭᠢᠰ ᠢ ᠲᠣᠭᠤᠷᠢᠭᠰᠠᠨ ᠠᠵᠤ ᠠᠬᠤᠶ ᠶᠢᠨ ᠲᠤᠭᠤᠷᠢᠮ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠬᠤᠲᠠ ᠪᠤᠯᠤᠨ᠎ᠠ ᠬᠦᠭᠵᠢᠭᠰᠡᠨ ᠪᠠᠶᠢᠨ᠎ᠠ᠃ 2017 ᠣᠨ ᠤ ᠡᠴᠦᠰ ᠪᠣᠯᠲᠠᠯ᠎ᠠ᠂ ᠤᠯᠠᠭᠠᠨᠬᠠᠳᠠ ᠬᠤᠲᠠ ᠶᠢᠨ ᠵᠠᠰᠠᠮᠠᠯ ᠵᠠᠮ ᠤᠨ ᠶᠡᠷᠦᠩᠬᠡᠶ ᠣᠷᠳᠣ 2.7 ᠲᠦᠮᠡᠨ ᠺᠢᠯᠤᠮᠧᠲᠷ ᠪᠠᠶᠢᠵᠤ᠂ ᠲᠦᠷᠭᠡᠨ ᠳᠠᠪᠬᠢᠬᠤ ᠵᠠᠰᠠᠮᠠᠯ ᠵᠠᠮ 523.4 ᠺᠢᠯᠣᠮᠧᠲᠷ᠂ 4 ᠵᠤᠷᠪᠤᠰ ᠲᠡᠮᠦᠷ ᠵᠠᠮ ᠤᠨ 1101 ᠺᠢᠯᠣᠮᠧᠳ᠋ᠷ ᠵᠠᠮ ᠤᠨ ᠤᠷᠲᠤ ᠨᠢ ᠠᠰᠢᠭᠯᠠᠯᠲᠠ ᠳᠤ ᠣᠷᠣᠪᠠ᠃ 11 ᠵᠤᠷᠪᠤᠰ ᠠᠶᠠᠯᠠᠯ ᠤᠨ ᠱᠤᠭᠤᠮ ᠢ ᠨᠢᠭᠡᠨᠲᠡ ᠨᠡᠪᠲᠡᠷᠡᠭᠦᠯᠵᠦ᠂ ᠪᠡᠭᠡᠵᠢᠩ᠂ ᠬᠥᠬᠡᠬᠤᠲᠠ᠂ ᠮᠦᠭᠳᠡᠨ᠂ ᠳ᠋ᠠᠯᠢᠶᠠᠨ᠂ ᠲᠢᠶᠠᠨᠵᠢᠨ᠂ ᠱᠠᠩᠬᠠᠶ᠂ ᠬᠠᠩᠵᠧᠦ᠂ ᠬᠠᠷᠪᠢᠨ᠂ ᠰᠢ ᠠᠨ᠂ ᠵᠧᠩᠵᠧᠤ᠂ ᠱᠧᠨᠵᠧᠨ᠂ ᠬᠠᠶᠢᠯᠠᠷ ᠵᠡᠷᠭᠡ ᠣᠯᠠᠨ ᠬᠤᠲᠠ ᠲᠠᠢ ᠠᠶᠠᠯᠠᠯ ᠨᠡᠪᠲᠡᠷᠡᠵᠦ᠂ ᠠᠩᠬ᠎ᠠ ᠠᠯᠬᠤᠮ ᠪᠣᠰᠤᠭ᠎ᠠ ᠴᠣᠭᠴᠠᠲᠤ ᠳᠥᠭᠦᠮ ᠳᠥᠲᠡ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠦᠷᠢᠯᠳᠦᠭᠦᠯᠵᠡᠶ᠃       ᠤᠯᠠᠭᠠᠨᠬᠠᠳᠠ ᠥᠨᠢ ᠤᠳᠠᠭᠠᠨ ᠲᠡᠦᠬᠡ ᠲᠠᠢ᠂ ᠭᠡᠷᠡᠯ ᠰᠠᠴᠤᠷᠠᠩᠭᠤᠢ ᠰᠣᠶᠣᠯ ᠪᠤᠯᠪᠠᠰᠤᠨ ᠲᠠᠢ ᠡᠷᠲᠡᠨ ᠤ ᠬᠤᠳᠠ ᠪᠤᠯᠤᠨ᠎ᠠ᠃ ᠪᠥᠬᠦ ᠬᠤᠲᠠ ᠳᠤ ᠤᠯᠤᠰ ᠤᠨ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 50 ᠪᠠᠶᠢᠵᠤ᠂ ᠬᠢᠯᠢ ᠶᠢᠨ ᠳᠣᠲᠣᠷᠠᠬᠢ ᠭᠠᠵᠠᠷ ᠤᠨ ᠨᠡᠷᠡᠶᠢᠳᠦᠯ ᠢᠶᠠᠷ ᠨᠡᠷᠡᠶᠢᠳᠦᠭᠰᠡᠨ 8 ᠰᠣᠶᠣᠯ ᠪᠣᠶ᠃ ᠰᠢᠶᠤᠤ ᠾᠧ ᠰᠢ ᠶᠢᠨ ᠰᠣᠶᠣᠯ ︵ᠣᠲᠣ ᠠᠴᠠ ᠪᠠᠷᠤᠭ 9000 ᠵᠢᠯ︶᠂ ᠰᠢᠩ ᠯᠦᠩ ᠸᠠ ᠰᠣᠶᠣᠯ ︵ᠣᠲᠣ ᠠᠴᠠ 8150 — 7350 ᠣᠨ︶᠂ ᠵᠣᠣ ᠪᠦᠦ ᠭᠸᠤ ᠰᠣᠶᠣᠯ ︵ᠣᠲᠣ ᠠᠴᠠ 7350 — 6420 ᠣᠨ︶᠂ ᠬᠤᠩᠱᠠᠨ ᠰᠣᠶᠣᠯ ︵ᠣᠲᠣ ᠠᠴᠠ 6660 — 5000 ᠵᠢᠯ︶᠂ ᠹᠦ᠋ ᠾᠧ ᠰᠣᠶᠣᠯ ︵ᠣᠲᠣ ᠠᠴᠠ 6000 ᠵᠢᠯ︶᠂ ᠰᠢᠶᠤᠤ ᠾᠧ ᠶᠠᠨ ᠤ ᠰᠣᠶᠣᠯ ︵ᠣᠲᠣ ᠠᠴᠠ 5000 — 4870 ᠣᠨ︶᠂ ᠰᠢᠶᠠ ᠵᠢᠶᠠ ᠳ᠋ᠢᠶᠠᠨ ᠤ ᠳᠣᠤᠷᠠᠳᠤ ᠳᠠᠪᠬᠤᠷᠭ᠎ᠠ ᠶᠢᠨ ᠰᠣᠶᠣᠯ ︵ᠣᠲᠣ ᠠᠴᠠ 4200 — 3600 ᠣᠨ︶᠂ ᠰᠢᠶᠠ ᠵᠢᠶᠠ ᠳ᠋ᠢᠶᠠᠨ ᠤ ᠳᠡᠭᠡᠳᠦ ᠳᠠᠪᠬᠤᠷᠭ᠎ᠠ ᠶᠢᠨ ᠰᠣᠶᠣᠯ ︵ᠣᠲᠣ ᠠᠴᠠ 3000 — 2500 ᠵᠢᠯ︶᠂ ᠨᠢᠭᠡᠨᠲᠡ 7340 ᠡᠷᠲᠡᠨ ᠤ ᠬᠥᠮᠦᠨ ᠲᠥᠷᠥᠯᠬᠢᠲᠡᠨ ᠤ ᠰᠣᠶᠣᠯ ᠤᠨ ᠪᠠᠭᠤᠷᠢ ᠶᠢ ᠢᠯᠡᠷᠡᠭᠦᠯᠪᠡ᠃ ᠰᠢᠩ ᠯᠦᠩ ᠸᠠ ᠰᠤᠶᠤᠯ ᠤᠨ ᠪᠠᠭᠤᠷᠢ ᠪᠠ ᠬᠤᠩᠱᠠᠨ ᠤ ᠰᠣᠶᠣᠯ ᠤᠨ ᠪᠡᠯᠭᠡ ᠲᠡᠮᠳᠡᠭ ᠤᠨ ᠴᠢᠨᠠᠷᠲᠠᠶ ᠪᠠᠭᠠᠵᠢ ᠬᠡᠷᠡᠭᠰᠡᠯ C ᠬᠡᠯᠪᠡᠷᠢ ᠶᠢᠨ ᠨᠣᠭᠤᠭᠠᠨ ᠬᠠᠰ ᠯᠣᠤ ᠶᠢ ᠲᠡᠤᠬᠡ ᠶᠢᠨ ᠰᠤᠳᠤᠯᠤᠯ ᠤᠨ ᠬᠢᠨ ᠳᠤ ︽ᠬᠤᠸᠠᠰᠢᠶᠠ ᠶᠢᠨ ᠨᠢᠭᠡᠳᠦᠭᠡᠷ ᠲᠣᠰᠬᠤᠨ︾᠂ ︽ᠳᠤᠮᠳᠠᠳᠤ ᠶᠢᠨ ᠲᠡᠷᠢᠭᠦᠨ ᠯᠣᠤ︾ ᠬᠡᠮᠡᠭᠳᠡᠵᠡᠶ᠃ ᠬᠤᠩᠱᠠᠨ ᠤ ᠰᠣᠶᠣᠯ ᠤᠨ ︽ᠤᠯᠤᠰ ᠤᠨ ᠡᠷᠳᠡᠨᠢ︾ ᠨᠣᠮᠢᠨ ᠬᠠᠰ ᠯᠣᠤ ᠶᠢᠨ ᠢᠯᠡᠷᠡᠭᠦᠯᠦᠯᠲᠡ ᠠᠴᠠ ᠪᠣᠯᠵᠣ᠂ ᠤᠯᠠᠭᠠᠨᠬᠠᠳᠠ ︽ᠬᠠᠰ ᠯᠣᠤ ᠶᠢᠨ ᠨᠤᠲᠤᠭ︾ ᠭᠡᠰᠡᠨ ᠰᠠᠶᠢᠬᠠᠨ ᠨᠡᠷᠡᠶᠢᠳᠦᠯ ᠤᠯᠤᠭᠰᠠᠨ ᠪᠠᠶᠢᠨ᠎ᠠ᠃ ᠯᠢᠶᠣᠤ ᠤᠯᠤᠰ ᠤᠨ ᠬᠤᠶᠠᠷ ᠶᠡᠭᠡ ᠨᠡᠶᠢᠰᠯᠡᠯ — ᠳᠡᠭᠡᠳᠦ ᠨᠡᠶᠢᠰᠯᠡᠯ ᠪᠠ ᠳᠤᠮᠳᠠ ᠨᠡᠶᠢᠰᠯᠡᠯ ᠨᠢ ᠲᠤᠰ ᠲᠤᠰ ᠪᠠᠭᠠᠷᠢᠨ ᠵᠡᠭᠦᠨ ᠬᠤᠰᠢᠭᠤ ᠪᠠ ᠨᠢᠩᠴᠧᠩ ᠰᠢᠶᠠᠨ ᠤ ᠬᠢᠯᠢ ᠳᠤ ᠪᠠᠶᠢᠷᠢᠯᠠᠵᠤ᠂ ᠯᠢᠶᠣᠤ ᠤᠯᠤᠰ ᠤᠨ ᠸᠠᠩᠲᠤ ᠲᠥᠷᠥ ᠶᠢᠨ ᠤᠯᠤᠰ ᠲᠥᠷᠥ᠂ ᠠᠵᠤ ᠠᠬᠤᠶ ᠰᠣᠶᠣᠯ ᠤᠨ ᠲᠥᠪ ᠪᠠᠶᠢᠪᠠ᠃ ᠬᠤᠩᠱᠠᠨ ᠤ ᠰᠣᠶᠣᠯ ᠤᠨ ᠪᠠᠭᠤᠷᠢ᠂ ᠯᠢᠶᠣᠤ ᠤᠯᠤᠰ ᠤᠨ ᠰᠣᠶᠣᠯ ᠤᠨ ᠪᠠᠭᠤᠷᠢ ᠶᠢ ᠨᠢᠭᠡᠨᠲᠡ ᠳᠤᠮᠳᠠᠳᠤ ᠤᠯᠤᠰ ᠤᠨ ᠳᠡᠯᠡᠬᠡᠢ ᠶᠢᠨ ᠰᠣᠶᠣᠯ ᠤᠨ ᠥᠪ ᠤᠨ ᠪᠡᠯᠡᠳᠬᠡᠯ ᠨᠡᠷᠡᠰ ᠲᠤ ᠣᠷᠣᠭᠤᠯᠪᠠ᠃ ᠬᠠᠷᠠᠴᠢᠨ ᠴᠢᠨ ᠸᠠᠩ ᠤᠨ ᠣᠷᠳᠣᠨ ᠪᠣᠯ ᠤᠯᠤᠰ ᠤᠨ ᠳᠣᠲᠣᠭᠠᠳᠤ ᠳᠤ ᠬᠠᠮᠤᠭ ᠤᠨ ᠶᠡᠭᠡ ᠬᠦᠷᠢᠶ᠎ᠡ ᠬᠡᠪᠴᠢᠶ᠎ᠡ ᠲᠠᠢ ᠴᠢᠩ ᠤᠯᠤᠰ ᠤᠨ ᠦᠶ᠎ᠡ ᠶᠢᠨ ᠮᠣᠩᠭᠤᠯ ᠸᠠᠩ ᠤᠨ ᠣᠷᠳᠣᠨ ᠪᠣᠯᠤᠨ᠎ᠠ᠃ ᠣᠳᠣᠬᠠᠨ ᠳᠤ ᠪᠦᠬᠦ ᠬᠤᠲᠠ ᠳᠤ ᠨᠢᠭᠡᠨᠲᠡ 90 ᠭᠠᠷᠤᠶ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ᠂ ᠤᠯᠤᠰ ᠤᠨ A ᠲᠠᠰ ᠠᠴᠠ ᠳᠡᠭᠡᠭᠰᠢᠬᠢ ᠦᠵᠡᠮᠵᠢᠲᠦ ᠣᠷᠣᠨ 49 ᠪᠠᠶᠢᠵᠤ᠂ ᠡᠭᠦᠨ ᠳᠤ 4A ᠲᠠᠰ ᠤᠨ ᠦᠵᠡᠮᠵᠢᠲᠦ ᠣᠷᠣᠨ 8 ᠪᠣᠶ᠃      ᠤᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ ︽ᠠᠮᠢ ᠠᠬᠤᠢ ᠪᠠᠷ ᠬᠤᠲᠠ ᠪᠠᠨ ᠪᠠᠶᠢᠭᠤᠯᠬᠤ᠂ ᠠᠵᠤ ᠦᠢᠯᠡᠳᠪᠦᠷᠢ ᠪᠠᠷ ᠬᠤᠲᠠ ᠪᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠦᠬᠦ ᠬᠤᠲᠠ ᠶᠢᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠯᠤᠲᠤ ᠶᠡᠭᠡ ᠠᠮᠵᠢᠯᠲᠠ ᠣᠯᠪᠠ᠃ 2019 ᠣᠨ ᠳᠤ᠂ ᠤᠯᠠᠭᠠᠨᠬᠠᠳᠠ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ 433.09 ᠲᠦᠮᠡᠨ ᠬᠥᠮᠦᠨ ᠪᠤᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1708.4 ᠳ᠋ᠦᠩᠰᠢᠭᠤᠷ ᠲᠥᠭᠦᠷᠢᠭ ᠲᠤ ᠬᠦᠷᠴᠦ᠂ ᠰᠠᠭᠤᠭᠠᠯᠢ ᠠᠷᠠᠳ ᠤᠨ ᠬᠥᠮᠦᠨ ᠪᠦᠷᠢ ᠶᠢᠨ ᠵᠠᠷᠤᠴᠤᠭᠤᠯᠵᠤ ᠪᠤᠯᠠᠬᠤ ᠳᠤᠮᠳᠠᠴᠢ ᠣᠷᠤᠯᠭ᠎ᠠ 22826 ᠲᠥᠭᠦᠷᠢᠭ ︵ᠡᠭᠦᠨ ᠳᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠵᠠᠷᠤᠴᠠᠭᠤᠯᠵᠤ ᠪᠤᠯᠠᠬᠤ ᠳᠤᠮᠳᠠᠴᠢ ᠣᠷᠤᠯᠭ᠎ᠠ 34101 ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠵᠠᠷᠤᠴᠠᠭᠤᠯᠵᠤ ᠪᠤᠯᠠᠬᠤ ᠲᠤᠮᠳᠠᠴᠢ ᠣᠷᠣᠯᠭ᠎ᠠ 12620 ᠲᠥᠭᠦᠷᠢᠭ︶᠎ ᠲᠤ ᠬᠦᠷᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ