ᠤᠯᠠᠭᠠᠨᠬᠠᠳᠠ ᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠡᠮᠦᠨᠡᠲᠦ ᠬᠡᠰᠡᠭ ᠲᠤ ᠤᠷᠤᠰᠢᠵᠤ᠂ ᠥᠪᠥᠷ ᠮᠣᠩᠭᠤᠯ᠂ | ᠾᠧᠪᠧᠢ᠂ ᠯᠢᠶᠣᠤᠨᠢᠩ ᠭᠤᠷᠪᠠᠨ ᠮᠣᠵᠢ ᠣᠷᠣᠨ ᠤ ᠠᠭᠤᠯᠵᠠᠷ ᠭᠠᠵᠠᠷ ᠲᠤ ᠪᠠᠶᠢᠷᠢᠯᠠᠵᠤ᠂ ᠵᠡᠭᠦᠨᠰᠢ ᠲᠦᠩᠯᠢᠶᠤᠤ ᠬᠤᠲᠠ ᠲᠠᠢ ᠬᠦᠷᠰᠢᠯᠡᠵᠦ᠂ ᠵᠡᠭᠦᠨ ᠡᠮᠦᠨ᠎ᠡ ᠪᠠᠨ | ᠯᠢᠶᠤᠤᠨᠢᠩ ᠮᠣᠵᠢ ᠶᠢᠨ ᠴᠣᠣᠶᠠᠩ ᠬᠤᠲᠠ ᠲᠠᠢ ᠵᠠᠯᠭᠠᠵᠤ᠂ ᠪᠠᠷᠠᠭᠤᠨ ᠡᠮᠦᠨᠡᠰᠢ ᠾᠧᠪᠧᠢ ᠮᠣᠵᠢ ᠶᠢᠨ ᠴᠧᠩᠳᠧ ᠲᠠᠢ ᠵᠠᠬ᠎ᠠ ᠨᠡᠶᠢᠯᠡᠵᠦ᠂ ᠪᠠᠷᠠᠭᠤᠨ ᠬᠤᠶᠢᠰᠢ ᠪᠠᠨ | ᠰᠢᠯᠢᠨ ᠭᠤᠣᠯ ᠠᠶᠢᠮᠠᠭ ᠬᠦᠷᠴᠦ ᠪᠠᠶᠢᠳᠠᠭ᠃ ᠪᠦᠬᠦ ᠬᠤᠲᠠ ᠶᠢᠨ ᠶᠡᠷᠦᠩᠬᠡᠢ ᠲᠠᠯᠠᠪᠠᠢ ᠨᠢ 9 ᠲᠦᠮᠡᠨ ᠬᠠᠪᠲᠠᠭᠠᠢ ᠳᠥᠷᠪᠡᠯᠵᠢᠨ ᠺᠢᠯᠣᠮᠧᠲᠷ ᠪᠠᠶᠢᠵᠤ᠂ 3 | ᠲᠣᠭᠤᠷᠢᠭ 7 ᠬᠤᠰᠢᠭᠤ 2 ᠰᠢᠶᠠᠨ ᠢ ᠬᠠᠷᠢᠶᠠᠯᠠᠵᠤ᠂ ᠮᠣᠩᠭᠤᠯ᠂ ᠬᠢᠲᠠᠳ᠂ ᠬᠤᠲᠣᠩ᠂ ᠮᠠᠨᠵᠤ ᠵᠡᠷᠭᠡ 30 ᠭᠠᠷᠤᠶ ᠦᠨᠳᠦᠰᠦᠲᠡᠨ ᠬᠠᠮᠲᠤᠪᠠᠷ ᠠᠮᠢᠳᠤᠷᠠᠵᠤ | ᠪᠠᠶᠢᠳᠠᠭ᠃ ︽ᠤᠯᠠᠭᠠᠨᠬᠠᠳᠠ︾ ᠭᠡᠳᠡᠭ ᠨᠢ ᠬᠤᠲᠠ ᠲᠣᠭᠤᠷᠢᠭ ᠶᠢᠨ ᠵᠡᠭᠦᠨ ᠬᠤᠶᠢᠲᠤ ᠬᠡᠰᠡᠭ ᠤᠨ ᠬᠦᠷᠡᠩ ᠤᠯᠠᠭᠠᠨ ᠥᠩᠭᠡᠲᠡᠢ ᠬᠠᠳᠠᠨ ᠤᠷᠬᠢᠯ ᠠᠴᠠ | ᠨᠡᠷᠡᠯᠡᠭᠰᠡᠨ ᠤᠴᠢᠷ ᠲᠠᠢ᠃ ᠤᠯᠠᠭᠠᠨᠬᠠᠳᠠ ᠬᠤᠳᠠ ᠶᠢ ᠤᠤᠯ ᠨᠢ ᠵᠤᠤ ᠤᠳᠠ ᠠᠶᠢᠮᠠᠭ ᠭᠡᠵᠦ ᠪᠠᠢᠭᠰᠠᠨᠶᠤᠮ᠂ ᠵᠤᠤ ᠤᠳᠠ ᠨᠢ ︽ᠵᠠᠭᠤᠨ ᠤᠳᠠ︾ ᠭᠡᠰᠡᠨ | ᠤᠳᠬ᠎ᠠ ᠲᠠᠢ᠃ | ᠤᠯᠠᠭᠠᠨᠬᠠᠳᠠ ᠬᠤᠲᠠ ᠨᠢ ᠴᠢᠨ ᠤᠯᠤᠰ᠂ ᠬᠠᠠ ᠤᠯᠣᠰ ᠤᠨ ᠦᠶ᠎ᠠ ᠳᠤ ᠶᠠᠨ ᠤᠯᠤᠰ᠂ ᠳ᠋ᠦᠩᠬᠤ᠂ ᠰᠢᠶᠠᠠᠪᠢ ᠳᠤ ᠬᠠᠷᠢᠶᠠᠯᠠᠬᠳᠠᠵᠣ᠂ ᠰᠦᠢ ᠲᠠᠩ | ᠤᠯᠣᠰ ᠤᠨ ᠦᠶ᠎ᠠ ᠳᠤ᠂ ᠿᠣᠣᠯᠧ ᠳ᠋ᠦᠳᠦ᠋ ᠤᠨ ᠤᠷᠳᠣᠠ ᠪᠠ ᠰᠥᠩ ᠮᠦᠸᠧ ᠶᠢᠨ ᠳ᠋ᠦᠳᠦ᠋ ᠤᠨ ᠤᠷᠳᠣᠠ ᠢ ᠪᠠᠶᠢᠭᠤᠯᠣᠠ᠂ ᠮᠢᠩ ᠤᠯᠤᠰ ᠤᠨ ᠦᠶ᠎ᠠ ᠳᠤ | ᠤᠷᠢᠳ ᠬᠤᠵᠢᠳ ᠳ᠋ᠠ ᠨᠢᠩ ᠬᠠᠷᠠᠭᠤᠯ᠂ ᠴᠢᠤᠸᠠᠨ ᠨᠢᠩ ᠬᠠᠷᠠᠭᠤᠯ᠂ ᠶᠢᠩ ᠴᠠᠩ ᠬᠠᠷᠠᠭᠤᠯ ᠬᠢᠭᠡᠳ ᠤᠷᠢᠶᠠᠩᠬᠠᠢ ᠶᠢᠨ ᠭᠤᠷᠪᠠᠠ ᠬᠠᠷᠠᠭᠤᠯ ᠳᠤ ᠬᠠᠷᠢᠶᠠᠯᠠᠬᠳᠠᠵᠣ | ᠪᠠᠶᠢᠵᠠᠢ᠃ ᠴᠢᠩ ᠤᠯᠤᠰ ᠤᠨ ᠦᠶ᠎ᠡ ᠳᠤ ᠤᠯᠠᠭᠠᠨᠬᠠᠳᠠ ᠶᠢᠨ ᠶᠡᠬᠡᠩᠬᠢ ᠬᠡᠰᠡᠭ ᠭᠠᠵᠠᠷ ᠣᠷᠣᠨ ᠨᠢ ᠵᠣᠣ ᠤᠳᠠ ᠠᠶᠢᠮᠠᠭ ᠲᠤ ᠬᠠᠷᠢᠶᠠᠯᠠᠭᠳᠠᠵᠤ᠂ ᠢᠷᠭᠡᠨ | ᠤᠯᠤᠰ ᠤᠨ ᠦᠶ᠎ᠡ ᠳᠤ ᠿᠧᠾᠧ ᠣᠨᠴᠠᠭᠠᠢ ᠣᠷᠣᠨ ᠳᠤ ᠬᠠᠷᠢᠶᠠᠯᠠᠭᠳᠠᠵᠤ ᠪᠠᠶᠢᠵᠠᠢ᠃ 1949 ᠣᠨ ᠳᠤ ᠪᠦᠭᠦᠳᠡ ᠨᠠᠶᠢᠷᠠᠮᠳᠤᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ ᠤ ᠳᠠᠷᠠᠭ᠎ᠠ᠂ ᠤᠷᠢᠳ ᠬᠤᠵᠢᠳ ᠿᠧᠾᠧ ᠮᠤᠵᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠵᠤ ᠪᠠᠶᠢᠪᠠ᠃ | 1969 ᠣᠨ ᠳᠤ ᠯᠢᠶᠣᠤᠨᠢᠩ ᠮᠤᠵᠢ ᠳᠤ ᠬᠠᠷᠢᠶᠠᠯᠠᠭᠳᠠᠵᠤ᠂ 1979 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠣᠴᠠᠨ | ᠬᠠᠷᠢᠶᠠᠯᠠᠭᠳᠠᠵᠠᠢ᠃ 1983 ᠣᠨ ᠤ 10 ᠰᠠᠷ᠎ᠠ ᠳᠤ ᠵᠣᠣ ᠤᠳᠠ ᠠᠶᠢᠮᠠᠭ ᠢ ᠬᠦᠴᠦᠨ ᠦᠭᠡᠢ ᠪᠤᠯᠭᠠᠵᠦ᠂ ᠤᠯᠠᠭᠠᠨᠬᠠᠳᠠ ᠬᠤᠲᠠ ᠪᠣᠯᠭᠠᠵᠤ᠂ ᠣᠳᠣ ᠬᠤᠲᠠ | ᠠᠴᠠ ᠬᠤᠰᠢᠭᠤ ᠰᠢᠶᠠᠨ ᠢ ᠬᠠᠮᠢᠶᠠᠷᠬᠤ ᠪᠠᠶᠢᠭᠤᠯᠤᠯ ᠢ ᠬᠡᠷᠡᠭᠵᠢᠭᠦᠯᠵᠦ ᠪᠠᠶᠢᠨ᠎ᠠ᠃ | ᠤᠯᠠᠭᠠᠨᠬᠠᠳᠠ ᠬᠤᠲᠠ ᠨᠢ ᠮᠣᠩᠭᠤᠯ ᠤᠨ ᠥᠨᠳᠦᠷᠯᠢᠭ ᠠᠴᠠ ᠯᠢᠶᠣᠤ ᠾᠧ ᠭᠤᠣᠯ ᠤᠨ ᠲᠠᠯ᠎ᠠ ᠭᠠᠵᠠᠷ ᠵᠦᠭ ᠰᠢᠯᠵᠢᠬᠦ ᠰᠢᠯᠵᠢᠯᠲᠡ ᠶᠢᠨ ᠣᠷᠣᠨ | ᠪᠦᠰᠡ ᠳᠤ ᠣᠷᠣᠰᠢᠵᠤ᠂ ᠪᠠᠷᠠᠭᠤᠨ ᠬᠤᠶᠢᠲᠤ ᠣᠷᠣᠨ ᠨᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠶ ᠬᠦᠷᠴᠦ᠂ ᠪᠠᠷᠠᠭᠤᠨ ᠡᠮᠦᠨ᠎ᠡ ᠪᠠᠨ ᠴᠢᠯᠠᠭᠤᠲᠤ | ᠠᠭᠤᠯᠠ ᠨᠢᠷᠤᠭᠤ ᠪᠠᠷ ᠬᠦᠷᠢᠶᠡᠯᠡᠭᠳᠡᠵᠦ᠂ ᠵᠡᠭᠦᠨ ᠡᠮᠦᠨ᠎ᠡ ᠪᠠᠨ ᠨᠢᠷᠤᠭᠤ ᠬᠠᠷᠠᠯᠠᠭ ᠠᠭᠤᠯᠠ ᠨᠢᠷᠤᠭᠤ ᠪᠠᠷ ᠪᠠᠶᠢᠭᠠᠯᠢ ᠶᠢᠨ ᠬᠠᠯᠬᠠᠪᠴᠢ ᠪᠤᠯᠭᠠᠵᠦ᠂ ᠵᠡᠭᠦᠨ | ᠬᠤᠶᠢᠰᠢ ᠪᠠᠨ ᠯᠢᠶᠣᠤ ᠾᠧ ᠭᠤᠣᠯ ᠤᠨ ᠲᠠᠯ᠎ᠠ ᠭᠠᠵᠠᠷ ᠲᠠᠢ ᠵᠠᠯᠭᠠᠯᠳᠤᠵᠤ᠂ ᠳᠣᠲᠣᠷ᠎ᠠ ᠭᠠᠵᠠᠷ ᠲᠤᠨᠢ ᠳᠣᠪᠤ ᠭᠠᠵᠠᠷ ᠣᠯᠠᠨ ᠪᠠᠶᠢᠳᠠᠭ᠃ ᠤᠯᠠᠭᠠᠨᠬᠠᠳᠠ ᠵᠡᠭᠦᠨ | ᠬᠤᠶᠢᠲᠦ ᠤᠷᠤᠨ ᠤ ᠭᠠᠵᠠᠷ ᠤᠨ ᠳᠡᠨᠵᠢ ᠪᠤᠯᠤᠨ ᠲᠡᠭᠷᠢ ᠠᠭᠤᠯᠠ — ᠬᠢᠩᠭᠠᠨ ᠮᠣᠩᠭᠤᠯ ᠤᠨ ᠭᠠᠵᠠᠷ ᠤᠨ ᠬᠤᠩᠭᠢᠯ ᠢ ᠰᠤᠨᠳᠠᠯᠠᠵᠦ᠂ ᠶᠢᠨ ᠱᠠᠨ ᠠᠭᠤᠯᠠ ᠶᠢᠨ | ᠵᠡᠭᠦᠨᠰᠢ ᠪᠠᠷᠠᠭᠤᠨᠰᠢ ᠴᠢᠭᠯᠡᠯ ᠲᠠᠢ ᠲᠣᠭᠲᠠᠴᠠ ᠶᠢᠨ ᠪᠦᠰᠡ ᠪᠣᠯᠤᠨ ᠶᠡᠭᠡ ᠬᠢᠩᠭᠠᠨ ᠳᠠᠪᠠᠭ᠎ᠠ ᠶᠢᠨ ᠲᠣᠭᠲᠠᠴᠠ ᠶᠢᠨ ᠪᠦᠰᠡ ᠶᠢᠨ ᠠᠭᠤᠯᠵᠠᠷ ᠭᠠᠵᠠᠷ ᠲᠤ ᠣᠷᠣᠰᠢᠵᠤ | ᠪᠠᠶᠢᠳᠠᠭ᠃ ᠪᠠᠷᠤᠭ 7000 ᠲᠦᠮᠡᠨ ᠵᠢᠯ ᠤᠨ ᠡᠮᠦᠨ᠎ᠡ ᠡᠭᠦᠰᠦᠭᠰᠡᠨ ᠳᠡᠯᠡᠬᠡᠶ ᠶᠢᠨ ᠴᠠᠷᠴᠠᠳᠠᠰᠤ ᠶᠢᠨ ᠰᠢᠷᠦᠭᠦᠨ ᠬᠥᠳᠡᠯᠭᠡᠭᠡᠨ — ᠶᠠᠨ ᠱᠠᠨ ᠤ ᠠᠭᠤᠯᠠ | ᠪᠦᠲᠦᠭᠡᠬᠦ ᠬᠥᠳᠡᠯᠭᠡᠭᠡᠨ ᠤ ᠳᠠᠷᠠᠭ᠎ᠠ᠂ ᠤᠯᠠᠭᠠᠨᠬᠠᠳᠠ ᠶᠢᠨ ᠣᠷᠴᠢᠨ ᠦᠶ᠎ᠡ ᠶᠢᠨ ᠠᠭᠤᠯᠠᠨ ᠰᠢᠰᠲ᠋ᠧᠮ ᠤᠨ ᠠᠩᠬᠠᠨ ᠤ ᠳᠦᠷᠰᠦ ᠦᠨᠳᠦᠰᠦᠨ ᠳᠡᠭᠡᠨ ᠪᠦᠷᠢᠯᠳᠦᠵᠡᠶ | ᠃ ᠣᠨᠴᠠ ᠲᠣᠭᠲᠠᠭᠰᠠᠨ ᠡᠬᠡ ᠭᠠᠵᠠᠷ ᠤᠨ ᠲᠣᠭᠲᠠᠴᠠ ᠶᠢᠨ ᠣᠷᠴᠢᠨ ᠲᠣᠭᠤᠷᠢᠨ᠂ ᠨᠠᠷᠢᠨ ᠪᠤᠳᠤᠯᠢᠶᠠᠨᠲᠠᠢ ᠬᠥᠭᠵᠢᠯᠲᠡ ᠶᠢᠨ ᠬᠤᠪᠢᠰᠤᠯᠲᠠ ᠶᠢᠨ ᠶᠠᠪᠤᠴᠠ ᠵᠢᠴᠢ | ᠠᠭᠤᠷ ᠠᠮᠢᠰᠬᠤᠯ ᠤᠨ ᠬᠤᠪᠢᠷᠠᠯᠲᠠ ᠨᠢ ᠤᠯᠠᠭᠠᠨᠬᠠᠳᠠ ᠶᠢᠨ ᠰᠦᠷᠯᠢᠭ ᠰᠠᠶᠢᠬᠠᠨ᠂ ᠡᠯᠳᠡᠪ ᠶᠠᠩᠵᠤ ᠶᠢᠨ ᠭᠠᠵᠠᠷ ᠵᠦᠢ ᠶᠢᠨ ᠭᠠᠶᠢᠬᠠᠮᠰᠢᠭᠲᠤ ᠦᠵᠡᠮᠵᠢ ᠶᠢ ᠪᠤᠢ | ᠪᠣᠯᠭᠠᠵᠠᠢ᠃ ᠬᠢᠯᠢ ᠳᠣᠲᠣᠷᠠᠬᠢ ᠭᠠᠵᠠᠷ ᠤᠨ ᠪᠠᠶᠢᠴᠠ ᠶᠢᠨ ᠲᠥᠷᠥᠯ ᠵᠦᠢᠯ ᠡᠯᠪᠡᠭ ᠪᠠᠶᠠᠯᠢᠭ ᠪᠠᠶᠢᠵᠦ᠂ ᠠᠭᠤᠯᠠᠷᠬᠠᠭ ᠭᠠᠵᠠᠷ᠂ ᠳᠣᠪᠤ ᠭᠠᠵᠠᠷ᠂ ᠪᠡᠯᠴᠢᠭᠡᠷ᠂ ᠣᠶ | ᠰᠢᠭᠤᠶ᠂ ᠭᠤᠤᠯ ᠮᠥᠷᠡᠨ᠂ ᠨᠠᠭᠤᠷ ᠴᠥᠭᠦᠷᠥᠮ᠂ ᠬᠠᠶᠢᠯᠤᠮᠠᠯ ᠴᠢᠯᠠᠭᠤᠯᠢᠭ ᠤᠨ ᠳᠡᠨᠵᠢ ᠭᠠᠵᠠᠷ ᠪᠠ ᠮᠠᠩᠬᠠᠨ ᠭᠠᠵᠠᠷ ᠪᠦᠷ ᠪᠠᠭᠲᠠᠵᠤ ᠪᠠᠶᠢᠳᠠᠭ᠃ ᠪᠢᠴᠢᠯ | ᠭᠠᠵᠠᠷ ᠤᠨ ᠳᠦᠷᠰᠦ ᠶᠢᠨ ᠲᠥᠷᠥᠯ ᠵᠦᠢᠯ ᠨᠢ ᠣᠯᠠᠨ᠂ ᠪᠦᠲᠦᠭᠰᠡᠨ ᠰᠢᠯᠲᠠᠭᠠᠨ ᠨᠢ ᠪᠤᠳᠤᠯᠢᠶᠠᠨᠲᠠᠶ᠂ ᠬᠡᠯᠪᠡᠷᠢ ᠳᠦᠷᠰᠦ ᠨᠢ ᠠᠳᠠᠯᠢ ᠪᠤᠰᠤ ᠪᠠᠶᠢᠵᠤ᠂ ᠭᠤᠣᠯᠳᠠᠭᠤ | ᠰᠠᠯᠬᠢᠨ ᠳᠤ ᠢᠳᠡᠭᠳᠡᠭᠰᠡᠨ ᠦᠯᠡᠳᠡᠭᠳᠡᠯ ᠪᠠᠭᠠᠨ᠎ᠠ᠂ ᠦᠯᠡᠳᠡᠭᠳᠡᠯ ᠠᠭᠤᠯᠠ᠂ ᠭᠠᠯᠲᠤ ᠠᠭᠤᠯᠠ ᠶᠢᠨ ᠠᠮᠠᠰᠠᠷ᠂ ᠡᠷᠢᠬᠡᠨ ᠬᠥᠨᠳᠡᠶ᠂ ᠲᠣᠩᠭᠤᠷᠤᠤ ᠴᠢᠯᠠᠭᠤᠨ | ᠱᠣᠷᠣᠯᠵᠢᠨ᠂ ᠡᠯᠡᠭᠳᠡᠮᠡᠯ ᠱᠠᠲᠤᠯᠢᠭ ᠭᠠᠵᠠᠷ ᠵᠡᠷᠭᠡ ᠠᠷᠪᠠᠨ ᠬᠡᠳᠦᠨ ᠵᠦᠢᠯ ᠪᠤᠶ᠃ ᠳᠥᠷᠪᠡᠳᠦᠭᠡᠷ ᠤᠯᠠᠷᠢᠯ ᠤᠨ ᠮᠥᠰᠥᠲᠦᠯᠭᠡ ᠶᠢᠨ ᠦᠯᠡᠳᠡᠭᠳᠡᠯ᠂ | ᠮᠥᠰᠥᠲᠦᠯᠭᠡ ᠶᠢᠨ ᠤᠭᠤᠷ ᠤᠨ ᠰᠦᠷᠦᠭ᠂ ᠴᠢᠯᠠᠭᠤᠨ ᠣᠶ᠂ ᠡᠪᠡᠷ ᠣᠷᠭᠢᠯ᠂ ᠮᠥᠰᠥᠨ ᠴᠢᠯᠠᠭᠤᠨ ᠭᠤᠤᠯ ᠵᠡᠷᠭᠡ ᠦᠯᠡᠳᠡᠭᠳᠡᠯ ᠥᠷᠭᠡᠨ ᠳᠡᠯᠭᠡᠷ ᠲᠠᠷᠬᠠᠵᠦ | ᠪᠠᠶᠢᠳᠠᠭ᠃ ᠣᠳᠣᠬᠠᠨ ᠤ ᠳᠡᠯᠡᠬᠡᠶ ᠳᠡᠭᠡᠷ᠎ᠡ ᠳᠥᠷᠪᠡᠳᠦᠭᠡᠷ ᠤᠯᠠᠷᠢᠯ ᠤᠨ ᠮᠥᠰᠥᠲᠦᠯᠭᠡ ᠶᠢᠨ ᠦᠯᠡᠳᠡᠭᠳᠡᠯ ᠢ ᠢᠯᠡᠷᠡᠭᠦᠯᠦᠭᠰᠡᠨ ᠲᠤᠭ᠎ᠠ ᠪᠠᠷ ᠬᠠᠮᠤᠭ ᠣᠯᠠᠨ᠂ | ᠬᠠᠮᠤᠭ ᠤᠨ ᠪᠦᠷᠢᠨ ᠪᠦᠲᠦᠨ ᠭᠠᠵᠠᠷ ᠣᠷᠣᠨ ᠪᠣᠯᠤᠨ᠎ᠠ᠃ ᠡᠭᠦᠨ ᠳᠤ᠂ ᠠᠰᠬᠠᠲᠤ ᠶᠢᠨ ᠪᠣᠷᠵᠢᠨ ᠴᠢᠯᠠᠭᠤᠯᠢᠭ ᠤᠨ ᠴᠢᠯᠠᠭᠤᠨ ᠣᠶ ᠨᠢ ᠳᠡᠯᠡᠬᠡᠶ ᠶᠢᠨ ᠭᠠᠵᠠᠷ | ᠰᠢᠨᠵᠢᠯᠡᠭᠡᠨ ᠤ ᠭᠠᠶᠢᠬᠠᠮᠰᠢᠭᠲᠤ ᠦᠵᠡᠮᠵᠢ ᠬᠡᠮᠡᠨ ᠠᠯᠳᠠᠷᠰᠢᠵᠠᠶ᠃ | ᠤᠯᠠᠭᠠᠨᠬᠠᠳᠠ ᠣᠷᠣᠨ ᠪᠣᠯ ᠡᠷᠲᠡᠨ ᠠᠴᠠ ᠠᠪᠤᠭᠠᠳ ᠡᠪᠡᠰᠦ ᠮᠣᠳᠣ ᠢᠭᠴᠤ ᠰᠠᠬᠤᠯᠢᠭ᠂ ᠠᠭᠤᠯᠠ ᠲᠠᠯ᠎ᠠ ᠴᠡᠯᠡᠭᠡᠷ ᠠᠭᠤᠳᠠᠮ᠂ ᠭᠤᠣᠯ ᠮᠥᠷᠡᠨ ᠮᠢᠷᠠᠯᠵᠠᠨ | ᠣᠷᠣᠰᠴᠣ᠂ ᠨᠠᠭᠤᠷ ᠪᠦᠷᠢᠳᠦ ᠲᠠᠷᠬᠠᠭᠰᠠᠨ ᠰᠠᠶᠢᠬᠠᠨ ᠨᠤᠲᠤᠭ ᠶᠤᠮ᠃ ᠯᠢᠶᠣᠤ ᠤᠯᠤᠰ ᠤᠨ ᠦᠶ᠎ᠡ ᠳᠤ ᠠᠳᠡ ᠪᠠᠰᠠ ᠭᠠᠵᠠᠷ ᠳᠦᠭᠦᠷᠡᠩ ᠨᠠᠷᠠᠰᠤᠨ ᠣᠶ ᠪᠠᠶᠢᠵᠤ | ᠂ ᠲᠡᠦᠬᠡᠨ ᠪᠢᠴᠢᠭ ᠲᠠᠬᠢ ︽ᠲᠠᠯ᠎ᠠ ᠭᠠᠵᠠᠷ ᠤᠨ ᠨᠠᠷᠠᠰᠤᠨ ᠣᠶ︾᠂ ︽ᠮᠢᠩᠭᠠᠨ ᠭᠠᠵᠠᠷ ᠤᠨ ᠨᠠᠷᠠᠰᠤᠨ ᠣᠶ︾ ᠶᠢᠨ ᠤᠭ ᠳᠦᠷᠰᠦ ᠶᠢ ᠬᠠᠳᠠᠭᠠᠯᠠᠭᠰᠠᠭᠠᠷ ᠪᠠᠶᠢᠪᠠ | ᠃ ᠭᠡᠬᠦ ᠳᠤ ᠪᠠᠨ ᠠᠯᠲᠠᠨ ᠤᠯᠤᠰ᠂ ᠶᠤᠸᠠᠨ ᠤᠯᠤᠰ ᠠᠴᠠ ᠨᠠᠰᠢ᠂ ᠠᠭᠤᠷ ᠠᠮᠢᠰᠬᠤᠯ᠂ ᠳᠠᠶᠢᠨ ᠳᠠᠵᠢᠨ᠂ ᠭᠠᠯ ᠤᠨ ᠠᠶᠤᠯ᠂ ᠬᠡᠲᠦᠷᠡᠲᠡᠯ᠎ᠡ ᠣᠭᠲᠣᠯᠬᠤ ᠵᠡᠷᠭᠡ | ᠬᠦᠴᠦᠨ ᠵᠦᠢᠯ ᠤᠨ ᠨᠥᠯᠦᠭᠡ ᠠᠴᠠ ᠪᠣᠯᠵᠣ᠂ ᠣᠶ ᠰᠢᠭᠤᠶ ᠶᠢᠨ ᠲᠠᠯᠠᠪᠠᠶ ᠲᠦᠷᠭᠡᠨ ᠪᠠᠷ ᠪᠠᠭᠤᠷᠠᠭᠰᠠᠨ ᠪᠠᠶᠢᠨ᠎ᠠ᠃ ᠪᠠᠯᠠᠷ ᠣᠶ ᠰᠢᠭᠤᠶ ᠨᠢ ᠱᠢᠯᠮᠦᠰᠦᠲᠦ ᠤᠢ᠂ | ᠥᠷᠭᠡᠨ ᠨᠠᠪᠴᠢᠲᠤ ᠣᠶ ᠪᠠᠷ ᠭᠤᠣᠯ ᠪᠣᠯᠭᠠᠭᠰᠠᠨ ᠪᠠᠶᠢᠭᠠᠯᠢᠯᠢᠭ ᠳᠡᠳ᠋ ᠤᠢ ᠪᠣᠯᠵᠤ ᠬᠤᠪᠢᠷᠠᠵᠠᠶ᠃ ᠣᠶᠢᠷ᠎ᠠ ᠶᠢᠨ ᠵᠢᠯ ᠤᠨ ᠲᠤᠷᠰᠢ᠂ ᠣᠶ ᠮᠣᠳᠣ ᠲᠠᠷᠢᠵᠤ | ᠣᠶᠢᠵᠢᠭᠤᠯᠤᠭᠰᠠᠨ ᠠᠴᠠ ᠣᠶ ᠰᠢᠭᠤᠶ ᠶᠢᠨ ᠲᠠᠯᠠᠪᠠᠶ 4511 ᠭᠠᠷᠤᠶ ᠲᠦᠮᠡᠨ ᠮᠦ ᠭᠠᠵᠠᠷ ᠬᠦᠷᠴᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ 35. | 5% ᠳᠤ ᠭᠦᠷᠴᠦ᠂ ᠪᠡᠭᠡᠵᠢᠩ᠂ ᠲᠢᠶᠠᠨᠵᠢᠨ᠂ ᠯᠢᠶᠣᠣᠨᠢᠩ᠂ ᠱᠧᠨᠶᠠᠩ ᠣᠷᠣᠨ ᠤ ᠬᠠᠮᠤᠭ ᠴᠢᠬᠤᠯᠠ ᠠᠮᠢ ᠠᠬᠤᠶ ᠶᠢᠨ ᠬᠠᠯᠬᠠᠪᠴᠢ ᠪᠤᠯᠵᠠᠢ᠃ | ᠤᠯᠠᠭᠠᠨᠬᠠᠳᠠ ᠣᠷᠣᠨ ᠤ ᠲᠠᠯ᠎ᠠ ᠨᠤᠲᠤᠭ ᠪᠣᠯ ᠥᠪᠥᠷ ᠮᠣᠩᠭᠤᠯ ᠤᠨ ᠲᠠᠯ᠎ᠠ ᠨᠤᠲᠤᠭ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠶᠡᠷᠦᠩᠬᠡᠶ | ᠲᠠᠯᠠᠪᠠᠶ ᠨᠢ 8700 ᠭᠠᠷᠤᠶ ᠲᠦᠮᠡᠨ ᠮᠥ ᠪᠠᠶᠢᠵᠤ᠂ ᠭᠤᠤᠯᠳᠠᠭᠤ ᠤᠮᠠᠷᠠᠲᠤ ᠬᠡᠰᠡᠭ ᠤᠨ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ | ᠬᠤᠰᠢᠭᠤ ᠪᠠ ᠣᠩᠨᠢᠭᠤᠳ ᠬᠤᠰᠢᠭᠤᠨ ᠤ ᠬᠢᠯᠢ ᠳᠤ ᠲᠠᠷᠬᠠᠵᠤ ᠪᠠᠶᠢᠳᠠᠭ᠃ ᠡᠭᠦᠨ ᠤ ᠳᠤᠮᠳᠠ ᠨᠢ ᠤᠯᠠᠭᠠᠨᠪᠤᠲᠤᠩ ᠤᠨ ᠲᠠᠯ᠎ᠠ ᠨᠤᠲᠤᠭ᠂ ᠭᠥᠩᠭᠦᠷ ᠤᠨ ᠲᠠᠯ᠎ᠠ | ᠨᠤᠲᠤᠭ᠂ ᠪᠠᠭᠠᠷᠢᠨ ᠤ ᠲᠠᠯ᠎ᠠ ᠨᠤᠲᠤᠭ ᠵᠡᠷᠭᠡ ᠨᠡᠷ᠎ᠡ ᠠᠯᠳᠠᠷᠲᠠᠢ ᠲᠠᠯ᠎ᠠ ᠨᠤᠲᠤᠭ ᠪᠠᠶᠢᠳᠠᠭ᠃ ᠢᠯᠠᠩᠭᠤᠶ᠎ᠠ ᠬᠡᠰᠢᠭᠲᠡᠨ ᠬᠤᠰᠢᠭᠤᠨ ᠤ ᠤᠯᠠᠭᠠᠨᠪᠤᠲᠤᠩ ᠤᠨ ᠲᠠᠯ᠎ᠠ | ᠨᠤᠲᠤᠭ ᠪᠣᠯ ᠪᠡᠭᠡᠵᠢᠩ ᠠᠴᠠ ᠬᠠᠮᠤᠭ ᠤᠨ ᠣᠶᠢᠷ᠎ᠠ ᠬᠠᠮᠤᠭ ᠰᠠᠶᠢᠬᠠᠨ ᠲᠠᠯ᠎ᠠ ᠨᠤᠲᠤᠭ ᠪᠣᠯᠤᠨ᠎ᠠ᠃ | ᠤᠯᠠᠭᠠᠨᠬᠠᠳᠠ ᠶᠢᠨ ᠬᠢᠯᠢ ᠳᠣᠲᠣᠷᠠᠬᠢ ᠤᠷᠭᠤᠮᠠᠯ ᠤᠨ ᠬᠤᠴᠢᠯᠭ᠎ᠠ ᠨᠢ ᠦᠷᠡᠲᠦ ᠤᠷᠭᠤᠮᠠᠯ᠂ ᠣᠢᠢᠮᠠ ᠶᠢᠨ ᠲᠦᠷᠦᠯ ᠤᠨ ᠤᠷᠭᠤᠮᠠᠯ᠂ ᠬᠥᠪᠳᠥ ᠬᠢᠨ᠎ᠡ | ᠤᠷᠭᠤᠮᠠᠯ᠂ ᠪᠠᠺᠲ᠋ᠧᠷᠢ ᠶᠢᠨ ᠲᠦᠷᠦᠯ ᠤᠨ ᠤᠷᠭᠤᠮᠠᠯ᠂ ᠬᠠᠭᠲᠤ ᠤᠷᠭᠤᠮᠠᠯ ᠵᠡᠷᠭᠡ ᠠᠳᠠᠯᠢ ᠪᠤᠰᠤ ᠲᠦᠷᠦᠯ ᠵᠦᠢᠯ ᠢᠶᠠᠷ ᠪᠦᠷᠢᠯᠳᠦᠵᠡᠢ᠃ ᠣᠳᠣ 118 ᠠᠳᠠᠯᠢ | ᠪᠤᠰᠤ ᠰᠠᠯᠠᠭᠠᠨ ᠤ ᠵᠡᠷᠯᠢᠭ ᠤᠷᠭᠤᠮᠠᠯ 1863 ᠲᠥᠷᠥᠯ ᠵᠥᠢᠯ ᠪᠠᠶᠢᠬᠤ ᠶᠢ ᠪᠦᠷᠢᠳᠬᠡᠨ ᠣᠯᠵᠠᠢ᠂ ᠪᠠᠷᠤᠭ 2115 ᠲᠦᠮᠡᠨ ᠮᠥ ᠲᠠᠷᠢᠶᠠᠨ ᠭᠠᠵᠠᠷ ᠲᠠᠢ᠃ | 2017 ᠣᠨ ᠳᠤ᠂ ᠪᠥᠬᠦ ᠬᠤᠲᠠ ᠶᠢᠨ ᠠᠮᠤ ᠪᠤᠳᠠᠭᠠᠨ ᠤ ᠭᠠᠷᠤᠯᠲᠠ 503.6 ᠲᠦᠮᠡᠨ ᠲᠣᠨ᠂ ᠬᠡᠷ ᠤᠨ ᠲᠡᠵᠢᠭᠡᠪᠦᠷᠢ ᠶᠢᠨ ᠲᠤᠭ᠎ᠠ 1985.3 ᠲᠦᠮᠡᠨ | ᠲᠣᠯᠣᠭᠠᠶ ᠪᠠᠶᠢᠪᠠ᠃ | ᠤᠯᠠᠭᠠᠨᠬᠠᠳᠠ ᠶᠢᠨ ᠬᠢᠯᠢ ᠳᠤᠲᠦᠷᠠ ᠨᠢ ᠨᠡᠯᠢᠶᠡᠳ ᠶᠡᠭᠡ ᠲᠠᠯᠠᠪᠠᠶ ᠲᠠᠢ ᠡᠯᠡᠰᠦᠷᠬᠡᠭ ᠭᠠᠵᠠᠷ ᠪᠠᠶᠢᠳᠠᠭ᠃ ᠬᠤᠷᠴᠢᠨ ᠪᠣᠯᠤᠨ ᠬᠤᠯᠠᠨ ᠰᠢᠷ᠎ᠠ ᠳᠠᠭ᠎ᠠ ᠬᠤᠶᠠᠷ | ᠶᠡᠭᠡ ᠡᠯᠡᠰᠦᠷᠬᠡᠭ ᠭᠠᠵᠠᠷ ᠤᠨ ᠶᠡᠷᠦᠩᠬᠡᠶ ᠲᠠᠯᠠᠪᠠᠶ ᠨᠢ 2850 ᠲᠦᠮᠡᠨ ᠮᠥ ᠪᠠᠶᠢᠵᠤ᠂ ᠬᠡᠰᠢᠭᠲᠡᠨ ᠬᠤᠰᠢᠭᠤ᠂ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ | ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ᠂ ᠣᠩᠨᠢᠭᠤᠳ ᠬᠤᠰᠢᠭᠤ᠂ ᠰᠦᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ ᠵᠡᠷᠭᠡ 8 | ᠬᠤᠰᠢᠭᠤ ᠰᠢᠶᠠᠨ ᠲᠣᠭᠤᠷᠢᠭ ᠤᠨ ᠬᠢᠵᠠᠭᠠᠷ ᠲᠠᠷᠬᠠᠵᠤ ᠪᠠᠶᠢᠳᠠᠭ᠃ ᠡᠭᠦᠨ ᠳᠤ ᠣᠩᠨᠢᠭᠤᠳ ᠬᠤᠰᠢᠭᠤᠨ ᠤ ᠵᠡᠭᠦᠨ ᠬᠡᠰᠡᠭ ᠨᠢ ᠤᠤᠯ ᠠᠴᠠ ᠪᠠᠨ ︽ᠨᠠᠢᠮᠠᠨ ᠵᠠᠭᠤᠨ | ᠭᠠᠵᠠᠷ ᠤᠨ ᠡᠯᠡᠰᠦᠨ ᠳᠠᠯᠠᠢ︾ ᠭᠡᠳᠡᠭ ᠨᠡᠷ᠎ᠡ ᠲᠠᠢ ᠶᠤᠮ᠃ | ᠤᠯᠠᠭᠠᠨᠬᠠᠳᠠ ᠶᠢᠨ ᠬᠢᠯᠢ ᠳᠤᠲᠤᠷ᠎ᠠ ᠭᠤᠣᠯ ᠮᠥᠷᠡᠨ᠂ ᠨᠠᠭᠤᠷ ᠴᠥᠭᠦᠷᠥᠮ ᠮᠦᠨ ᠣᠯᠠᠨ ᠪᠠᠶᠢᠳᠠᠭ᠃ ᠰᠢᠷᠠᠮᠥ᠋ᠷᠡᠨ ᠭᠤᠣᠯ ᠪᠠ ᠯᠤᠤᠬ᠎ᠠ ᠶᠢᠨ ᠭᠤᠤᠯ ᠨᠢ | ᠤᠯᠠᠭᠠᠨᠬᠠᠳᠠ ᠶᠢ ᠬᠦᠨᠳᠡᠯᠡᠨ ᠭᠤᠤᠯᠳᠦ ᠪᠠᠷ ᠤᠭᠲᠤᠯᠵᠤ᠂ ᠯᠢᠶᠣᠤ ᠾᠧ ᠭᠤᠣᠯ ᠤᠨ ᠬᠤᠶᠠᠷ ᠶᠡᠭᠡ ᠡᠬᠢ ᠰᠤᠷᠪᠤᠯᠵᠢ ᠪᠤᠯᠤᠭᠰᠠᠨ ᠪᠠᠶᠢᠨ᠎ᠠ᠃ ᠰᠢᠷᠠᠮᠥ᠋ᠷᠡᠨ | ᠭᠤᠣᠯ ᠤᠨ ᠤᠰᠤ ᠨᠢ ᠪᠠᠭᠤᠯᠲᠠ ᠶᠢᠨ ᠵᠥᠷᠢᠶ᠎ᠡ ᠶᠡᠭᠡ᠂ ᠤᠷᠤᠰᠬᠠᠯ ᠲᠦᠷᠭᠡᠨ ᠳᠤᠭᠰᠢᠨ᠂ ᠬᠤᠶᠠᠷ ᠡᠷᠭᠢ ᠪᠠᠷ ᠢᠶᠠᠨ ᠠᠭᠤᠯᠠ ᠨᠢᠷᠦᠭᠤ ᠵᠠᠯᠭᠠᠯᠳᠤᠵᠤ᠂ ︽ | ᠪᠣᠭᠤᠮᠲᠠ ᠶᠢᠨ ᠭᠠᠳᠠᠨᠠᠬᠢ ᠪᠠᠭ᠎ᠠ ᠭᠤᠷᠪᠠᠨ ᠬᠠᠪᠴᠢᠯ︾ ᠬᠡᠮᠡᠨ ᠨᠡᠷ᠎ᠡ ᠠᠯᠳᠠᠷᠰᠢᠭᠰᠠᠨ ᠪᠠᠶᠢᠳᠠᠭ᠃ ᠠᠳᠡ ᠠᠴᠠ ᠡᠭᠦᠰᠦᠭᠰᠡᠨ ᠡᠷᠲᠡᠨ ᠤ ᠪᠣᠯᠪᠠᠰᠤᠨ ᠨᠢ ᠬᠠᠲᠤᠨ | ᠭᠤᠣᠯ ᠤᠨ ᠰᠠᠪᠠ ᠭᠠᠵᠠᠷ ᠤᠨ ᠪᠤᠯᠪᠠᠰᠤᠨ ᠰᠤᠶᠤᠯ ᠠᠴᠠ ᠪᠠᠰᠠ ᠡᠷᠲᠡ ᠪᠠᠶᠢᠵᠤ᠂ ᠲᠡᠦᠬᠡ ᠰᠤᠳᠤᠯᠤᠯ ᠤᠨ ᠬᠢᠨ ᠳᠤ ︽ᠡᠮᠡᠭᠡ ᠭᠤᠣᠯ︾ ᠬᠡᠮᠡᠭᠳᠡᠭᠰᠡᠨ ᠪᠠᠶᠢᠨ᠎ᠠ᠃ | ᠪᠦᠬᠦ ᠬᠤᠲᠠ ᠶᠢᠨ ᠵᠢᠯ ᠲᠤᠷᠰᠢ ᠤᠰᠤ ᠬᠠᠳᠠᠭᠠᠯᠠᠳᠠᠭ ᠪᠠᠶᠢᠭᠠᠯᠢ ᠶᠢᠨ ᠨᠠᠭᠤᠷ ᠴᠥᠭᠦᠷᠥᠮ 70 ᠭᠠᠷᠤᠶ ᠪᠠᠶᠢᠳᠠᠭ᠃ ᠡᠭᠦᠨ ᠤ ᠳᠣᠲᠣᠷ᠎ᠠ ᠳᠠᠯᠠᠶᠢᠨᠠᠭᠤᠷ ᠪᠣᠯ | ᠥᠪᠥᠷ ᠮᠣᠩᠭᠤᠯ ᠤᠨ ᠬᠤᠶᠠᠳᠤᠭᠠᠷ ᠶᠡᠭᠡ ᠨᠠᠭᠤᠷ ᠪᠣᠯᠤᠨ᠎ᠠ᠂ ᠵᠢᠯ ᠪᠦᠷᠢ 7 ᠲᠦᠮᠡ ᠭᠠᠷᠤᠶ ᠴᠠᠭᠠᠨ ᠬᠤᠨ ᠭᠠᠯᠠᠭᠤ ᠠᠳᠡ ᠨᠡᠭᠦᠳᠡᠯᠯᠡᠵᠦ ᠪᠠᠶᠢᠳᠠᠭ ᠠᠴᠠ | ᠤᠤᠯ ᠠᠴᠠ ᠪᠠᠨ ︽ᠬᠤᠨ ᠭᠠᠯᠠᠭᠤᠲᠤ ᠨᠠᠭᠤᠷ︾ ᠭᠡᠰᠡᠨ ᠰᠠᠶᠢᠬᠠᠨ ᠨᠡᠷᠡᠳᠠᠢ ᠶᠤᠮ᠃ | ᠤᠯᠠᠭᠠᠨᠬᠠᠳᠠ ᠣᠷᠣᠨ ᠳᠤ ᠬᠠᠯᠠᠭᠤᠨ ᠷᠠᠰᠢᠶᠠᠨ᠂ ᠰᠡᠷᠢᠭᠦᠨ ᠪᠤᠯᠠᠭ ᠤᠨ ᠡᠬᠢ ᠪᠠᠶᠠᠯᠢᠭ ᠪᠠᠰᠠ ᠤᠯᠠᠨ ᠪᠠᠶᠢᠳᠠᠭ᠃ ᠬᠡᠰᠢᠭᠲᠡᠨ ᠬᠤᠰᠢᠭᠤ᠂ ᠨᠢᠩᠴᠧᠩ | ᠰᠢᠶᠠᠨ᠂ ᠠᠤᠬᠠᠨ ᠬᠤᠰᠢᠭᠤᠨ ᠤ ᠭᠤᠷᠪᠠᠨ ᠬᠠᠯᠠᠭᠤᠨ ᠷᠠᠰᠢᠶᠠᠨ ᠤᠰᠤᠨ ᠤ ᠳᠤᠯᠠᠭᠠᠨ ᠨᠢ 66-96℃ ᠤᠨ ᠬᠤᠭᠤᠷᠣᠨᠳᠣ ᠪᠠᠶᠢᠳᠠᠭ᠃ ᠪᠠᠭᠠᠷᠢᠨ ᠪᠠᠷᠠᠭᠤᠨ | ᠬᠤᠰᠢᠭᠤᠨ ᠤ ᠪᠢᠲᠡᠭᠦᠦ ᠶᠢᠨ ᠷᠠᠰᠢᠶᠠᠨ ᠨᠢ ᠯᠢᠲ᠋ᠢ᠂ ᠰᠲᠷᠤᠨᠲ᠂ ᠴᠠᠢᠷ᠂ ᠮᠠᠭᠨᠢ᠂ ᠮᠣᠯᠢᠪᠳᠧᠨ᠂ ᠰᠧᠯᠧᠨ ᠵᠡᠷᠭᠡ 6 ᠵᠦᠢᠯ ᠤᠨ ᠪᠢᠴᠢᠯ ᠡᠯᠧᠮᠧᠨ᠋ᠲ | ᠠᠭᠤᠯᠳᠠᠭ ᠠᠴᠠ ᠳᠡᠯᠡᠬᠡᠶ ᠳᠡᠭᠡᠷ᠎ᠡ ᠬᠤᠪᠣᠷ ᠪᠠᠶᠢᠳᠠᠭ ︽ᠵᠢᠷᠭᠤᠭᠠᠨ ᠠᠮᠲᠠᠲᠤ ᠷᠠᠰᠢᠶᠠᠨ︾ ᠬᠡᠮᠡᠨ ᠨᠡᠷᠡᠯᠡᠭᠳᠡᠪᠡ᠃ | ᠤᠯᠠᠭᠠᠨᠬᠠᠳᠠ ᠳᠤ ᠡᠯᠪᠡᠭ ᠪᠠᠶᠠᠯᠢᠭ ᠠᠭᠤᠷᠬᠠᠢ ᠶᠢᠨ ᠭᠠᠷᠤᠯᠲᠠ ᠶᠢᠨ ᠠᠭᠤᠯᠠᠭᠳᠠᠴᠠ ᠲᠠᠢ ᠪᠠᠶᠢᠳᠠᠭ᠃ ᠣᠳᠣ ᠪᠣᠯᠬᠤ ᠳᠤ ᠨᠢᠭᠡᠨᠲᠡ ᠬᠠᠶᠢᠨ | ᠢᠯᠡᠷᠡᠭᠦᠯᠦᠭᠰᠡᠨ ᠠᠭᠤᠷᠬᠠᠶ ᠶᠢᠨ ᠪᠠᠶᠠᠯᠢᠭ ᠤᠨ ᠲᠦᠷᠥᠯ ᠵᠦᠢᠯ 70 ᠭᠠᠷᠤᠶ ᠪᠠᠶᠢᠵᠤ᠂ ᠠᠭᠤᠷᠬᠠᠶ ᠶᠢᠨ ᠭᠠᠷᠤᠯᠲᠠ ᠶᠢᠨ ᠭᠠᠵᠠᠷ 1200 ᠭᠠᠷᠤᠶ ᠪᠠᠶᠢᠨ᠎ᠠ᠃ | ᠡᠭᠦᠨ ᠤ ᠳᠣᠲᠣᠷ᠎ᠠ ᠲᠤᠮᠤ ᠬᠡᠯᠪᠡᠷᠢ ᠶᠢᠨ ᠬᠦᠳᠡᠷ ᠤᠨ ᠠᠭᠤᠷᠬᠠᠢ 25 ᠪᠠᠶᠢᠵᠤ᠂ ᠠᠯᠲᠠ ᠮᠥᠩᠭᠦ ᠵᠡᠷᠭᠡ ᠦᠨᠡᠲᠦ ᠲᠡᠮᠦᠷᠯᠢᠭ ᠪᠣᠯᠤᠨ ᠬᠠᠷ᠎ᠠ ᠲᠤᠭᠤᠯᠭ᠎ᠠ᠂ ᠴᠠᠶᠢᠷ᠂ | ᠵᠡᠰ᠂ ᠴᠠᠭᠠᠨ ᠲᠤᠭᠤᠯᠭ᠎ᠠ᠂ ᠮᠤᠯᠢᠪᠳᠤᠨ ᠵᠡᠷᠭᠡ ᠤᠯᠠᠨ ᠵᠦᠢᠯ ᠤᠨ ᠥᠩᠭᠡᠲᠦ ᠲᠡᠮᠦᠷᠯᠢᠭ ᠠᠭᠤᠯᠠᠭᠳᠠᠵᠤ ᠪᠠᠶᠢᠳᠠᠭ᠃ ᠡᠶᠢᠮᠦ ᠤᠴᠢᠷ᠂ 2010 ᠣᠨ ᠳᠤ | ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ︽ᠳᠤᠮᠳᠠᠳᠤ ᠤᠯᠤᠰ ᠤᠨ ᠥᠩᠭᠡᠲᠦ ᠲᠡᠮᠦᠷᠯᠢᠭ ᠤᠨ ᠨᠤᠲᠤᠭ︾ | ᠭᠡᠰᠡᠨ ᠨᠡᠷᠡᠶᠢᠳᠦᠯ ᠣᠯᠭᠤᠪᠠ᠃ ᠡᠭᠦᠨ ᠪᠠᠷ ᠪᠠᠷᠠᠬᠤ ᠦᠭᠡᠢ ᠤᠯᠠᠭᠠᠨᠬᠠᠳᠠ ᠳᠤ ᠪᠠᠰᠠ ᠣᠯᠠᠨ ᠲᠦᠷᠦᠯ ᠤᠨ ᠴᠢᠨᠠᠷ ᠰᠠᠶᠢᠲᠠᠢ ᠲᠡᠮᠦᠷᠯᠢᠭ ᠪᠤᠰᠤ ᠶᠢᠨ ᠡᠬᠢ | ᠪᠠᠶᠠᠯᠢᠭ ᠤᠨ ᠬᠠᠳᠠᠭᠠᠯᠠᠭᠴᠠ ᠲᠠᠢ ᠪᠠᠶᠢᠵᠤ᠂ ᠪᠠᠭᠠᠷᠢᠨ ᠲᠡᠨᠢᠭᠡᠷ ᠤᠨ ᠠᠭᠤᠷᠬᠠᠢ ᠨᠢ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠠᠯᠳᠠᠷᠰᠢᠭᠰᠠᠨ ᠶᠤᠮ᠃ | ᠬᠠᠶᠢᠯᠤᠭᠤᠷ ᠴᠢᠯᠠᠭᠤ᠂ ᠴᠣᠬᠤᠢ ᠶᠢᠨ ᠴᠢᠯᠠᠭᠤ᠂ ᠭᠤᠤ ᠯᠢᠩ ᠰᠢᠷᠣᠶ᠂ ᠬᠥᠪᠰᠥᠭᠡᠷ ᠰᠢᠷᠣᠶ ᠵᠡᠷᠭᠡ ᠨᠡᠭᠡᠭᠡᠨ ᠬᠥᠭᠵᠢᠭᠦᠯᠬᠦ ᠳᠠᠯᠳᠠ ᠬᠦᠴᠦᠨ ᠲᠠᠢ ᠡᠬᠢ | ᠪᠠᠶᠠᠯᠢᠭ ᠤᠨ ᠠᠭᠤᠯᠠᠭᠳᠠᠴᠠ ᠡᠯᠪᠡᠭ ᠳᠡᠯᠪᠡᠭ ᠬᠠᠳᠠᠭᠠᠯᠠᠭᠳᠠᠵᠤ ᠪᠠᠶᠢᠳᠠᠭ᠃ | ᠤᠯᠠᠭᠠᠨᠬᠠᠳᠠ ᠵᠡᠭᠦᠨ ᠬᠤᠶᠢᠲᠤ ᠣᠷᠣᠨ ᠪᠠ ᠤᠮᠠᠷᠠᠲᠤ ᠣᠷᠣᠨ ᠤ ᠠᠭᠤᠯᠵᠠᠷ ᠬᠡᠰᠡᠭ ᠲᠤ ᠣᠷᠣᠰᠢᠵᠤ ᠪᠠᠶᠢᠳᠠᠭ ᠠᠴᠠ ᠣᠷᠣᠨ ᠪᠠᠶᠢᠴᠠ ᠳᠠᠪᠠᠭᠤᠯᠢᠭ᠂ ᠵᠠᠮ | ᠬᠠᠷᠢᠯᠴᠠᠭ᠎ᠠ ᠳᠥᠭᠦᠮ ᠳᠥᠲᠡ᠃ ᠨᠡᠶᠢᠰᠯᠡᠯ ᠪᠡᠭᠡᠵᠢᠩ ᠠᠴᠠ 390 ᠺᠢᠯᠣᠮᠧᠲᠷ ᠵᠠᠮ ᠵᠠᠶᠢᠲᠠᠶ᠂ ᠵᠡᠭᠦᠨ ᠬᠤᠶᠢᠲᠤ ᠶᠢᠨ ᠲᠥᠪ ᠬᠤᠲᠠ ᠶᠢᠨ ᠮᠦᠭᠳᠡᠨ ᠠᠴᠠ 500 | ᠺᠢᠯᠣᠮᠧᠲᠷ ᠵᠠᠮ ᠬᠦᠷᠬᠦ ᠦᠭᠡᠶ᠂ ᠯᠢᠶᠣᠤᠨᠢᠩ ᠤᠨ ᠵᠢᠨᠵᠧᠦ ᠭᠠᠷᠠᠮ ᠠᠴᠠ ᠵᠥᠪᠬᠡᠨ 250 ᠺᠢᠯᠣᠮᠧᠲᠷ ᠵᠠᠮ ᠵᠠᠶᠢᠲᠠᠶ᠂ ᠳᠠᠯᠠᠶ ᠶᠢᠨ ᠪᠣᠭᠤᠮᠲᠠ ᠠᠴᠠ ᠬᠠᠮᠤᠭ ᠤᠨ | ᠣᠶᠢᠷ᠎ᠠ ᠪᠣᠯᠬᠤ ᠨᠡᠶᠢᠰᠯᠡᠯ ᠤᠨ ᠠᠵᠤ ᠠᠬᠤᠶ ᠶᠢᠨ ᠲᠤᠭᠤᠷᠢᠮ ᠪᠣᠯᠤᠨ ᠪᠦᠸᠧᠬᠠᠶ ᠲᠠᠩᠭᠢᠰ ᠢ ᠲᠣᠭᠤᠷᠢᠭᠰᠠᠨ ᠠᠵᠤ ᠠᠬᠤᠶ ᠶᠢᠨ ᠲᠤᠭᠤᠷᠢᠮ ᠤᠨ ᠴᠢᠬᠤᠯᠠ | ᠵᠠᠩᠭᠢᠯᠠᠭ᠎ᠠ ᠶᠢᠨ ᠴᠡᠭ ᠪᠣᠯᠬᠤ ᠬᠤᠲᠠ ᠪᠤᠯᠤᠨ᠎ᠠ ᠬᠦᠭᠵᠢᠭᠰᠡᠨ ᠪᠠᠶᠢᠨ᠎ᠠ᠃ 2017 ᠣᠨ ᠤ ᠡᠴᠦᠰ ᠪᠣᠯᠲᠠᠯ᠎ᠠ᠂ ᠤᠯᠠᠭᠠᠨᠬᠠᠳᠠ ᠬᠤᠲᠠ ᠶᠢᠨ ᠵᠠᠰᠠᠮᠠᠯ ᠵᠠᠮ ᠤᠨ | ᠶᠡᠷᠦᠩᠬᠡᠶ ᠣᠷᠳᠣ 2.7 ᠲᠦᠮᠡᠨ ᠺᠢᠯᠤᠮᠧᠲᠷ ᠪᠠᠶᠢᠵᠤ᠂ ᠲᠦᠷᠭᠡᠨ ᠳᠠᠪᠬᠢᠬᠤ ᠵᠠᠰᠠᠮᠠᠯ ᠵᠠᠮ 523.4 ᠺᠢᠯᠣᠮᠧᠲᠷ᠂ 4 ᠵᠤᠷᠪᠤᠰ ᠲᠡᠮᠦᠷ ᠵᠠᠮ ᠤᠨ 1101 | ᠺᠢᠯᠣᠮᠧᠳ᠋ᠷ ᠵᠠᠮ ᠤᠨ ᠤᠷᠲᠤ ᠨᠢ ᠠᠰᠢᠭᠯᠠᠯᠲᠠ ᠳᠤ ᠣᠷᠣᠪᠠ᠃ 11 ᠵᠤᠷᠪᠤᠰ ᠠᠶᠠᠯᠠᠯ ᠤᠨ ᠱᠤᠭᠤᠮ ᠢ ᠨᠢᠭᠡᠨᠲᠡ ᠨᠡᠪᠲᠡᠷᠡᠭᠦᠯᠵᠦ᠂ ᠪᠡᠭᠡᠵᠢᠩ᠂ ᠬᠥᠬᠡᠬᠤᠲᠠ᠂ | ᠮᠦᠭᠳᠡᠨ᠂ ᠳ᠋ᠠᠯᠢᠶᠠᠨ᠂ ᠲᠢᠶᠠᠨᠵᠢᠨ᠂ ᠱᠠᠩᠬᠠᠶ᠂ ᠬᠠᠩᠵᠧᠦ᠂ ᠬᠠᠷᠪᠢᠨ᠂ ᠰᠢ ᠠᠨ᠂ ᠵᠧᠩᠵᠧᠤ᠂ ᠱᠧᠨᠵᠧᠨ᠂ ᠬᠠᠶᠢᠯᠠᠷ ᠵᠡᠷᠭᠡ ᠣᠯᠠᠨ ᠬᠤᠲᠠ ᠲᠠᠢ ᠠᠶᠠᠯᠠᠯ | ᠨᠡᠪᠲᠡᠷᠡᠵᠦ᠂ ᠠᠩᠬ᠎ᠠ ᠠᠯᠬᠤᠮ ᠪᠣᠰᠤᠭ᠎ᠠ ᠴᠣᠭᠴᠠᠲᠤ ᠳᠥᠭᠦᠮ ᠳᠥᠲᠡ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢ ᠪᠦᠷᠢᠯᠳᠦᠭᠦᠯᠵᠡᠶ᠃ | ᠤᠯᠠᠭᠠᠨᠬᠠᠳᠠ ᠥᠨᠢ ᠤᠳᠠᠭᠠᠨ ᠲᠡᠦᠬᠡ ᠲᠠᠢ᠂ ᠭᠡᠷᠡᠯ ᠰᠠᠴᠤᠷᠠᠩᠭᠤᠢ ᠰᠣᠶᠣᠯ ᠪᠤᠯᠪᠠᠰᠤᠨ ᠲᠠᠢ ᠡᠷᠲᠡᠨ ᠤ ᠬᠤᠳᠠ ᠪᠤᠯᠤᠨ᠎ᠠ᠃ ᠪᠥᠬᠦ ᠬᠤᠲᠠ ᠳᠤ | ᠤᠯᠤᠰ ᠤᠨ ᠲᠠᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ 50 ᠪᠠᠶᠢᠵᠤ᠂ ᠬᠢᠯᠢ ᠶᠢᠨ ᠳᠣᠲᠣᠷᠠᠬᠢ ᠭᠠᠵᠠᠷ ᠤᠨ ᠨᠡᠷᠡᠶᠢᠳᠦᠯ ᠢᠶᠠᠷ | ᠨᠡᠷᠡᠶᠢᠳᠦᠭᠰᠡᠨ 8 ᠰᠣᠶᠣᠯ ᠪᠣᠶ᠃ ᠰᠢᠶᠤᠤ ᠾᠧ ᠰᠢ ᠶᠢᠨ ᠰᠣᠶᠣᠯ ︵ᠣᠲᠣ ᠠᠴᠠ ᠪᠠᠷᠤᠭ 9000 ᠵᠢᠯ︶᠂ ᠰᠢᠩ ᠯᠦᠩ ᠸᠠ ᠰᠣᠶᠣᠯ ︵ᠣᠲᠣ ᠠᠴᠠ | 8150 — 7350 ᠣᠨ︶᠂ ᠵᠣᠣ ᠪᠦᠦ ᠭᠸᠤ ᠰᠣᠶᠣᠯ ︵ᠣᠲᠣ ᠠᠴᠠ 7350 — 6420 ᠣᠨ︶᠂ ᠬᠤᠩᠱᠠᠨ ᠰᠣᠶᠣᠯ ︵ᠣᠲᠣ ᠠᠴᠠ 6660 | — 5000 ᠵᠢᠯ︶᠂ ᠹᠦ᠋ ᠾᠧ ᠰᠣᠶᠣᠯ ︵ᠣᠲᠣ ᠠᠴᠠ 6000 ᠵᠢᠯ︶᠂ ᠰᠢᠶᠤᠤ ᠾᠧ ᠶᠠᠨ ᠤ ᠰᠣᠶᠣᠯ ︵ᠣᠲᠣ ᠠᠴᠠ 5000 — 4870 ᠣᠨ︶᠂ | ᠰᠢᠶᠠ ᠵᠢᠶᠠ ᠳ᠋ᠢᠶᠠᠨ ᠤ ᠳᠣᠤᠷᠠᠳᠤ ᠳᠠᠪᠬᠤᠷᠭ᠎ᠠ ᠶᠢᠨ ᠰᠣᠶᠣᠯ ︵ᠣᠲᠣ ᠠᠴᠠ 4200 — 3600 ᠣᠨ︶᠂ ᠰᠢᠶᠠ ᠵᠢᠶᠠ ᠳ᠋ᠢᠶᠠᠨ ᠤ ᠳᠡᠭᠡᠳᠦ | ᠳᠠᠪᠬᠤᠷᠭ᠎ᠠ ᠶᠢᠨ ᠰᠣᠶᠣᠯ ︵ᠣᠲᠣ ᠠᠴᠠ 3000 — 2500 ᠵᠢᠯ︶᠂ ᠨᠢᠭᠡᠨᠲᠡ 7340 ᠡᠷᠲᠡᠨ ᠤ ᠬᠥᠮᠦᠨ ᠲᠥᠷᠥᠯᠬᠢᠲᠡᠨ ᠤ ᠰᠣᠶᠣᠯ ᠤᠨ ᠪᠠᠭᠤᠷᠢ ᠶᠢ | ᠢᠯᠡᠷᠡᠭᠦᠯᠪᠡ᠃ ᠰᠢᠩ ᠯᠦᠩ ᠸᠠ ᠰᠤᠶᠤᠯ ᠤᠨ ᠪᠠᠭᠤᠷᠢ ᠪᠠ ᠬᠤᠩᠱᠠᠨ ᠤ ᠰᠣᠶᠣᠯ ᠤᠨ ᠪᠡᠯᠭᠡ ᠲᠡᠮᠳᠡᠭ ᠤᠨ ᠴᠢᠨᠠᠷᠲᠠᠶ ᠪᠠᠭᠠᠵᠢ ᠬᠡᠷᠡᠭᠰᠡᠯ C ᠬᠡᠯᠪᠡᠷᠢ ᠶᠢᠨ | ᠨᠣᠭᠤᠭᠠᠨ ᠬᠠᠰ ᠯᠣᠤ ᠶᠢ ᠲᠡᠤᠬᠡ ᠶᠢᠨ ᠰᠤᠳᠤᠯᠤᠯ ᠤᠨ ᠬᠢᠨ ᠳᠤ ︽ᠬᠤᠸᠠᠰᠢᠶᠠ ᠶᠢᠨ ᠨᠢᠭᠡᠳᠦᠭᠡᠷ ᠲᠣᠰᠬᠤᠨ︾᠂ ︽ᠳᠤᠮᠳᠠᠳᠤ ᠶᠢᠨ ᠲᠡᠷᠢᠭᠦᠨ ᠯᠣᠤ︾ | ᠬᠡᠮᠡᠭᠳᠡᠵᠡᠶ᠃ ᠬᠤᠩᠱᠠᠨ ᠤ ᠰᠣᠶᠣᠯ ᠤᠨ ︽ᠤᠯᠤᠰ ᠤᠨ ᠡᠷᠳᠡᠨᠢ︾ ᠨᠣᠮᠢᠨ ᠬᠠᠰ ᠯᠣᠤ ᠶᠢᠨ ᠢᠯᠡᠷᠡᠭᠦᠯᠦᠯᠲᠡ ᠠᠴᠠ ᠪᠣᠯᠵᠣ᠂ ᠤᠯᠠᠭᠠᠨᠬᠠᠳᠠ ︽ᠬᠠᠰ ᠯᠣᠤ ᠶᠢᠨ | ᠨᠤᠲᠤᠭ︾ ᠭᠡᠰᠡᠨ ᠰᠠᠶᠢᠬᠠᠨ ᠨᠡᠷᠡᠶᠢᠳᠦᠯ ᠤᠯᠤᠭᠰᠠᠨ ᠪᠠᠶᠢᠨ᠎ᠠ᠃ ᠯᠢᠶᠣᠤ ᠤᠯᠤᠰ ᠤᠨ ᠬᠤᠶᠠᠷ ᠶᠡᠭᠡ ᠨᠡᠶᠢᠰᠯᠡᠯ — ᠳᠡᠭᠡᠳᠦ ᠨᠡᠶᠢᠰᠯᠡᠯ ᠪᠠ ᠳᠤᠮᠳᠠ | ᠨᠡᠶᠢᠰᠯᠡᠯ ᠨᠢ ᠲᠤᠰ ᠲᠤᠰ ᠪᠠᠭᠠᠷᠢᠨ ᠵᠡᠭᠦᠨ ᠬᠤᠰᠢᠭᠤ ᠪᠠ ᠨᠢᠩᠴᠧᠩ ᠰᠢᠶᠠᠨ ᠤ ᠬᠢᠯᠢ ᠳᠤ ᠪᠠᠶᠢᠷᠢᠯᠠᠵᠤ᠂ ᠯᠢᠶᠣᠤ ᠤᠯᠤᠰ ᠤᠨ ᠸᠠᠩᠲᠤ ᠲᠥᠷᠥ ᠶᠢᠨ ᠤᠯᠤᠰ | ᠲᠥᠷᠥ᠂ ᠠᠵᠤ ᠠᠬᠤᠶ ᠰᠣᠶᠣᠯ ᠤᠨ ᠲᠥᠪ ᠪᠠᠶᠢᠪᠠ᠃ ᠬᠤᠩᠱᠠᠨ ᠤ ᠰᠣᠶᠣᠯ ᠤᠨ ᠪᠠᠭᠤᠷᠢ᠂ ᠯᠢᠶᠣᠤ ᠤᠯᠤᠰ ᠤᠨ ᠰᠣᠶᠣᠯ ᠤᠨ ᠪᠠᠭᠤᠷᠢ ᠶᠢ ᠨᠢᠭᠡᠨᠲᠡ ᠳᠤᠮᠳᠠᠳᠤ | ᠤᠯᠤᠰ ᠤᠨ ᠳᠡᠯᠡᠬᠡᠢ ᠶᠢᠨ ᠰᠣᠶᠣᠯ ᠤᠨ ᠥᠪ ᠤᠨ ᠪᠡᠯᠡᠳᠬᠡᠯ ᠨᠡᠷᠡᠰ ᠲᠤ ᠣᠷᠣᠭᠤᠯᠪᠠ᠃ ᠬᠠᠷᠠᠴᠢᠨ ᠴᠢᠨ ᠸᠠᠩ ᠤᠨ ᠣᠷᠳᠣᠨ ᠪᠣᠯ ᠤᠯᠤᠰ ᠤᠨ ᠳᠣᠲᠣᠭᠠᠳᠤ ᠳᠤ | ᠬᠠᠮᠤᠭ ᠤᠨ ᠶᠡᠭᠡ ᠬᠦᠷᠢᠶ᠎ᠡ ᠬᠡᠪᠴᠢᠶ᠎ᠡ ᠲᠠᠢ ᠴᠢᠩ ᠤᠯᠤᠰ ᠤᠨ ᠦᠶ᠎ᠡ ᠶᠢᠨ ᠮᠣᠩᠭᠤᠯ ᠸᠠᠩ ᠤᠨ ᠣᠷᠳᠣᠨ ᠪᠣᠯᠤᠨ᠎ᠠ᠃ ᠣᠳᠣᠬᠠᠨ ᠳᠤ ᠪᠦᠬᠦ ᠬᠤᠲᠠ ᠳᠤ ᠨᠢᠭᠡᠨᠲᠡ | 90 ᠭᠠᠷᠤᠶ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ᠂ ᠤᠯᠤᠰ ᠤᠨ A ᠲᠠᠰ ᠠᠴᠠ ᠳᠡᠭᠡᠭᠰᠢᠬᠢ ᠦᠵᠡᠮᠵᠢᠲᠦ ᠣᠷᠣᠨ 49 ᠪᠠᠶᠢᠵᠤ᠂ | ᠡᠭᠦᠨ ᠳᠤ 4A ᠲᠠᠰ ᠤᠨ ᠦᠵᠡᠮᠵᠢᠲᠦ ᠣᠷᠣᠨ 8 ᠪᠣᠶ᠃ | ᠤᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ ︽ᠠᠮᠢ ᠠᠬᠤᠢ ᠪᠠᠷ ᠬᠤᠲᠠ ᠪᠠᠨ ᠪᠠᠶᠢᠭᠤᠯᠬᠤ᠂ ᠠᠵᠤ ᠦᠢᠯᠡᠳᠪᠦᠷᠢ ᠪᠠᠷ ᠬᠤᠲᠠ ᠪᠠᠨ | ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠪᠦᠬᠦ ᠬᠤᠲᠠ ᠶᠢᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠯᠤᠲᠤ ᠶᠡᠭᠡ ᠠᠮᠵᠢᠯᠲᠠ ᠣᠯᠪᠠ᠃ 2019 ᠣᠨ ᠳᠤ᠂ ᠤᠯᠠᠭᠠᠨᠬᠠᠳᠠ | ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ 433.09 ᠲᠦᠮᠡᠨ ᠬᠥᠮᠦᠨ ᠪᠤᠯᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1708. | 4 ᠳ᠋ᠦᠩᠰᠢᠭᠤᠷ ᠲᠥᠭᠦᠷᠢᠭ ᠲᠤ ᠬᠦᠷᠴᠦ᠂ ᠰᠠᠭᠤᠭᠠᠯᠢ ᠠᠷᠠᠳ ᠤᠨ ᠬᠥᠮᠦᠨ ᠪᠦᠷᠢ ᠶᠢᠨ ᠵᠠᠷᠤᠴᠤᠭᠤᠯᠵᠤ ᠪᠤᠯᠠᠬᠤ ᠳᠤᠮᠳᠠᠴᠢ ᠣᠷᠤᠯᠭ᠎ᠠ 22826 ᠲᠥᠭᠦᠷᠢᠭ ︵ | ᠡᠭᠦᠨ ᠳᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠵᠠᠷᠤᠴᠠᠭᠤᠯᠵᠤ ᠪᠤᠯᠠᠬᠤ ᠳᠤᠮᠳᠠᠴᠢ ᠣᠷᠤᠯᠭ᠎ᠠ 34101 | ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠵᠠᠷᠤᠴᠠᠭᠤᠯᠵᠤ ᠪᠤᠯᠠᠬᠤ ᠲᠤᠮᠳᠠᠴᠢ ᠣᠷᠣᠯᠭ᠎ᠠ | 12620 ᠲᠥᠭᠦᠷᠢᠭ︶ ᠲᠤ ᠬᠦᠷᠪᠡ᠃ | |