ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ
ᠨᠡᠶᠢᠲᠡᠯᠡᠭᠰᠡᠨ ᠴᠠᠭ᠄
2021/11/17
ᠬᠥᠲᠥᠯᠥᠭᠴᠢ ᠄    ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠦᠦ︕ ᠥᠨᠥᠳᠦᠷ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠬᠦᠷᠦᠯᠴᠡᠨ ᠢᠷᠡᠭᠰᠡᠨ ᠵᠣᠴᠢᠨ ᠪᠣᠯ ᠤᠯᠠᠭᠠᠨᠬᠠᠳᠠ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠡᠴᠡᠨ ᠪᠣᠯᠤᠨ᠎ᠠ᠃ ᠰᠡᠴᠡᠨ ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕   ᠥᠨᠥᠳᠦᠷ ᠤᠨ ᠰᠤᠷᠪᠤᠯᠵᠢᠯᠠᠭ᠎ᠠ ᠨᠢ ︽ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠭᠡᠰᠡᠨ ᠭᠤᠣᠯ ᠰᠡᠳᠦᠪ ᠢᠶᠠᠷ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠨ᠎ᠠ᠃ᠰᠡᠴᠡᠨ ᠄    ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠦᠦ︕ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠳᠤ ᠢᠷᠡᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠣᠷᠳᠣ ᠬᠤᠭᠤᠴᠠᠭᠠᠨ ᠤ ᠲᠤᠷᠰᠢ ᠤᠯᠠᠭᠠᠨᠬᠠᠳᠠ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠦᠢᠯ ᠢᠶᠠᠷ ᠲᠠᠯᠠᠷᠬᠠᠵᠤ ᠪᠠᠶᠢᠬᠤ ᠪᠥᠭᠡᠳ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠠᠴᠠ ᠥᠷᠭᠡᠨ ᠣᠯᠠᠨ ᠰᠦᠯᠵᠢᠶᠡᠨ ᠤ ᠠᠨᠳᠠ ᠨᠠᠷ ᠲᠠᠢ ᠰᠠᠨᠠᠯ ᠢᠶᠠᠨ ᠰᠣᠯᠢᠯᠴᠠᠬᠤ ᠡᠶᠢᠮᠦ ᠨᠢᠭᠡᠨ ᠲᠣᠬᠢᠶᠠᠯ ᠣᠯᠭᠤᠭᠰᠠᠨ ᠳᠤ ᠲᠠᠯᠠᠷᠬᠠᠵᠤ ᠪᠠᠶᠢᠨ᠎ᠠ᠃ᠬᠥᠲᠥᠯᠥᠭᠴᠢ ᠄    ᠰᠡᠴᠡᠨ ᠡᠷᠬᠢᠯᠡᠭᠴᠢ ᠡ᠂ ᠲᠠ ᠰᠠᠶᠢᠨ ᠦᠦ᠂ ᠣᠯᠠᠨ ᠤ ᠮᠡᠳᠡᠭᠡᠵᠢ ᠪᠠᠷ᠂ ᠨᠠᠮ ᠤᠨ ᠲᠥᠪ ᠬᠤᠷᠢᠶ᠎ᠠ ᠡᠨᠡ ᠵᠢᠯ ᠤᠨ 8 ᠰᠠᠷ᠎ᠠ ᠳᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠂ ᠮᠠᠨ ᠤ ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠬᠡᠷᠬᠢᠨ ᠰᠤᠷᠤᠯᠴᠠᠵᠤ ᠤᠬᠠᠭᠤᠯᠤᠭᠰᠠᠨ ᠪᠣᠶ︖ᠰᠡᠴᠡᠨ ᠄    ᠶᠡᠷᠦᠩᠬᠡᠶ ᠱᠦᠵᠢ ᠰᠢ ᠶᠢᠨ ᠫᠢᠩ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠠᠯᠤᠰ ᠬᠡᠳᠦ ᠶᠢᠨ ᠤᠳᠬ᠎ᠠ ᠰᠠᠨᠠᠭ᠎ᠠ ᠲᠠᠢ ᠪᠦᠭᠡᠳ‌ᠦᠵᠡᠯ ᠰᠠᠨᠠᠭ᠎ᠠ ᠭᠦᠨ ᠭᠦᠨᠵᠡᠭᠡᠶ᠂ ᠮᠠᠨ ᠤ ᠨᠠᠮ ᠤᠨ ᠦᠨᠳᠦᠰᠦᠲᠡᠨ ᠤ ᠠᠵᠢᠯ ᠤᠨ ᠵᠠᠭᠤᠨ ᠵᠢᠯ ᠤᠨ ᠭᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ ᠶᠢ ᠪᠦᠬᠦ ᠲᠠᠯ᠎ᠠ ᠪᠠᠷ ᠡᠷᠭᠢᠴᠡᠭᠦᠯᠵᠦ᠂ ᠣᠳᠣᠬᠠᠨ ᠤ ᠨᠠᠮ ᠤᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠶ ᠵᠠᠳᠠᠯᠵᠤ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠂ ᠡᠨᠡ ᠪᠣᠯ ᠨᠠᠮ ᠤᠨ ᠦᠨᠳᠦᠰᠦᠲᠡᠨ ᠤ ᠠᠵᠢᠯ ᠤᠨ ᠦᠢᠯᠡᠳᠦᠯᠭᠡ ᠶᠢᠨ ᠬᠠᠮᠤᠭ ᠤᠨ ᠰᠢᠨ᠎ᠡ ᠳ᠋ᠦᠩᠨᠡᠯᠲᠡ ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠣᠯᠤᠨ᠎ᠠ᠃ ᠮᠠᠨ ᠤ ᠪᠥᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠨᠡᠪᠲᠡᠷᠡᠲᠡᠯ᠎ᠡ ᠰᠤᠷᠤᠯᠴᠠᠨ ᠣᠶᠢᠯᠠᠭᠠᠵᠤ ᠪᠣᠳᠠᠲᠠᠶᠢᠵᠢᠭᠤᠯᠬᠤ ᠪᠠᠷ ᠬᠠᠷᠠᠯᠲᠠ ᠪᠠᠨ ᠪᠣᠯᠭᠠᠬᠤ ᠶᠢ ᠪᠠᠷᠢᠮᠲᠠᠯᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠢᠯᠠᠩᠭᠤᠶ᠎ᠠ ᠰᠢ ᠎ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠪᠡ᠃ ᠨᠢᠭᠡ ᠳᠤ ᠨᠠᠮ ᠤᠨ ᠤᠳᠤᠷᠢᠳᠤᠯᠭ᠎ᠠ ᠶᠢ ᠴᠢᠩᠭᠠᠳᠬᠠᠪᠠ᠃ ᠪᠥᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠢᠮᠠᠭᠲᠠ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠡᠭᠦᠨ ᠤ ᠭᠤᠤᠯ ᠠᠭᠤᠯᠭ᠎ᠠ ᠪᠠ ᠭᠤᠤᠯ ᠴᠢᠮᠥᠭᠡ ᠶᠢ ᠭᠦᠨᠵᠡᠭᠡᠶ ᠡᠵᠡᠮᠰᠢᠨ᠂ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠳᠥᠯᠭᠢᠨ ᠠᠬᠢᠭᠤᠯᠤᠭᠰᠠᠭᠠᠷ ᠢᠷᠡᠵᠡᠶ᠃ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ ᠡᠯ᠎ᠡ ᠵᠦᠢᠯ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠳᠦᠷᠢᠮ ᠲᠣᠭᠲᠠᠴᠠ ᠶᠢ ᠲᠣᠭᠲᠠᠭᠠᠨ ᠲᠡᠭᠦᠯᠳᠡᠷᠵᠢᠭᠦᠯᠵᠦ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠨᠳᠦᠰᠦᠲᠡᠨ ᠤ ᠠᠵᠢᠯ ᠤᠨ ᠤᠳᠤᠷᠢᠳᠬᠤ ᠳᠤᠭᠤᠶᠢᠯᠠᠩ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠠᠵᠢᠯ ᠤᠨ ᠭᠤᠣᠯ ᠱᠤᠭᠤᠮ ᠢ ᠴᠢᠩᠭ᠎ᠠ ᠡᠵᠡᠮᠳᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ︾᠎ ᠶᠢ ᠪᠦᠬᠦ ᠬᠤᠳᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠶᠡᠷᠦᠩᠬᠡᠶ ᠲᠥᠯᠥᠪᠵᠢᠭᠦᠯᠭᠡ ᠪᠠ ︽2035 ᠣᠨ ᠤ ᠠᠯᠤᠰ ᠤᠨ ᠬᠠᠷᠠᠯᠲᠠ︾᠎ ᠳᠤ ᠣᠷᠣᠭᠤᠯᠬᠤ ᠶᠢ ᠲᠦᠯᠬᠢᠨ ᠠᠬᠢᠭᠤᠯᠪᠠ᠃ ᠦᠨᠳᠦᠰᠦᠲᠡᠨ ᠤ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠬᠠᠮᠤᠭ ᠤᠨ ᠰᠢᠨ᠎ᠡ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠨᠥᠬᠦᠷ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠠᠬᠢ ᠦᠨᠳᠦᠰᠦᠲᠡᠨ ᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠲᠡᠷᠡ ᠳᠠᠷᠤᠶ ᠳᠤᠨᠢ ᠤᠯᠠᠮᠵᠢᠯᠠᠨ ᠰᠤᠷᠤᠯᠴᠠᠪᠠ᠃ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠠᠯ᠎ᠠ ᠪᠠᠷ ᠬᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠩᠭᠤᠵᠢᠭᠤᠯᠤᠨ ᠳᠣᠭᠢᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠪᠣᠳᠠᠲᠠᠶᠢᠵᠢᠭᠤᠯᠵᠤ᠂ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠦᠨᠡᠨᠬᠦ ᠴᠢᠩᠭᠠᠳᠬᠠᠪᠠ᠃ ᠬᠤᠶᠠᠷ ᠲᠤ ᠤᠨᠤᠯ ᠢᠶᠠᠷ ᠵᠡᠪᠰᠡᠭᠯᠡᠬᠦ ᠶᠢ  ᠴᠢᠩᠭᠠᠳᠬᠠᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠨᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠭᠦᠨᠵᠡᠭᠡᠶ ᠰᠤᠷᠤᠯᠴᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠎ ᠤ ᠬᠠᠮᠤᠭ  ᠰᠢᠨ᠎ᠡ ᠵᠣᠷᠢᠭ ᠰᠠᠨᠠᠭ᠎ᠠ  ᠪᠠ  ᠲᠥᠪ ᠤᠨ ᠤᠯᠤᠰ ᠲᠥᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠤᠨ ᠥᠪᠦᠷ ᠮᠣᠩᠭᠤᠯ ᠳᠤ ᠪᠠᠶᠢᠴᠠᠭᠠᠨ ᠰᠣᠳᠤᠯᠤᠯᠲᠠ ᠬᠢᠬᠦ ᠬᠤᠭᠤᠴᠠᠭᠠᠨ ᠳᠠᠬᠢ ᠦᠨᠳᠦᠰᠦᠲᠡᠨ ᠤ ᠠᠵᠢᠯ ᠤᠨ ᠬᠤᠷᠠᠯᠳᠤᠭᠠᠨ ᠎ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠲᠠᠭᠠᠨ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ᠂ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠭᠦᠨᠵᠡᠭᠡᠶ ᠤᠶᠢᠯᠠᠭᠠᠨ᠂ ᠶᠡᠷᠦᠩᠬᠡᠶ ᠱᠦᠵᠢ ᠰᠢ ᠶᠢᠨ ᠫᠢᠩ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠳᠥᠯᠭᠢᠨ  ᠠᠬᠢᠭᠤᠯᠤᠭᠰᠠᠭᠠᠷ ᠢᠷᠡᠵᠡᠢ᠃ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ ᠤᠨᠤᠯ ᠤᠨ ᠭᠤᠣᠯ ᠳᠤᠭᠤᠶᠢᠯᠠᠩ ︵ᠥᠷᠭᠡᠳᠬᠡᠭᠰᠡᠨ︶᠎ ᠤᠨ ᠰᠤᠷᠤᠯᠴᠠᠯᠭ᠎ᠠ ᠶᠢ ᠨᠡᠶᠢᠳᠡ 29 ᠤᠳᠠᠭ᠎ᠠ ᠵᠣᠬᠢᠶᠠᠨ ᠪᠠᠶᠢᠭᠤᠯᠵᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ 9 ᠤᠳᠠᠭ᠎ᠠ ᠵᠣᠬᠢᠶᠠᠨ ᠪᠠᠶᠢᠭᠤᠯᠪᠠ᠃ ᠡᠭᠦᠨ ᠤ ᠬᠠᠮᠲᠤ᠂ ︽ᠲᠤᠬᠠᠶᠢᠯᠠᠭᠰᠠᠨ ᠠᠵᠢᠯ ᠤᠨ ᠶᠡᠭᠡ ᠪᠣᠯᠪᠠᠰᠤᠷᠠᠯ᠂ ᠴᠢ ᠰᠣᠨᠣᠰᠤᠭᠠᠷᠠᠶ︾ ᠭᠡᠬᠦ ᠰᠢᠷᠢᠰ ᠬᠢᠴᠢᠶᠡᠯ ᠤᠨ ᠲᠠᠩᠬᠢᠮ᠂ ᠭᠤᠤᠯ ᠰᠡᠳᠦᠪᠲᠦ ᠶᠠᠷᠢᠶ᠎ᠠ ᠢᠯᠡᠳᠬᠡᠯ᠂ ᠤᠷᠠᠨ ᠤᠩᠰᠢᠯᠭ᠎ᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠭᠤᠷᠪᠠ ᠳᠤ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠪᠠ ᠃ ᠬᠤᠲᠠ ᠶᠢᠨ ᠨᠠᠮ ᠤᠨ ᠬᠤᠷᠢᠶ᠎ᠠ ᠶᠢᠨ ︽ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠤ ᠠᠵᠢᠯ ᠢ ᠯᠠᠪᠳᠠᠭᠤᠨ ᠢᠶᠠᠷ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠬᠤᠶᠠᠷ ᠱᠠᠲᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ︽ᠶᠡᠷᠦᠩᠬᠡᠶ ᠱᠦᠵᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ︾᠎ ᠶᠢ ᠲᠤᠰᠬᠠᠶ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠥᠷᠨᠢᠭᠦᠯᠪᠡ᠃ 2021 ᠣᠨ ᠢ ︽ᠦᠨᠳᠦᠰᠦᠲᠡᠨ ᠤ ᠠᠵᠢᠯ ᠤᠨ ᠪᠠᠶᠢᠴᠠᠭᠠᠨ ᠰᠤᠳᠤᠯᠤᠯᠲᠠ ᠶᠢᠨ ᠣᠨ︾᠎ ᠢᠶᠠᠷ ᠲᠣᠭᠲᠠᠭᠠᠵᠤ᠂ ᠪᠥᠬᠦ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠨ᠂ ᠶᠡᠭᠡ ᠰᠤᠷᠤᠯᠴᠠᠯᠭ᠎ᠠ᠂ ᠶᠡᠭᠡ ᠶᠠᠷᠢᠯᠴᠠᠭ᠎ᠠ᠂ ᠶᠡᠭᠡ ᠪᠠᠶᠢᠴᠠᠭᠠᠨ ᠰᠤᠳᠤᠯᠤᠯᠲᠠ᠂ ᠶᠡᠭᠡ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠪᠠᠶᠢᠳᠠᠯ ᠢ ᠭᠦᠨᠵᠡᠭᠡᠶ ᠤᠶᠢᠯᠠᠭᠠᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠣᠶ ᠪᠣᠯᠭᠠᠵᠤ᠂ ᠦᠨᠳᠦᠰᠦᠲᠡᠨ ᠤ ᠠᠵᠢᠯ ᠤᠨ ᠵᠥᠪᠯᠡᠭᠴᠢ ᠪᠠ ᠬᠠᠪᠰᠤᠷᠤᠭᠴᠢ ᠶᠢᠨ ᠦᠢᠯᠡᠳᠦᠯ ᠢ ᠪᠠᠳᠠᠷᠠᠭᠤᠯᠪᠠ᠃ ᠲᠦᠷᠪᠡ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠭᠦᠨᠵᠡᠭᠡᠢ ᠠᠭᠤᠰᠤᠯᠴᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠭᠤᠯᠭ᠎ᠠ ᠶᠢ ᠪᠠᠲᠤ ᠪᠠᠬᠢ ᠪᠤᠢ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭ᠎ᠠ ᠠᠳᠬᠤᠪᠠ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠭᠠᠰ ᠰᠠᠷ᠎ᠠ ᠳᠤ ᠨᠢᠭᠡ ᠤᠳᠠᠭ᠎ᠠ ᠠᠵᠢᠯ ᠤᠨ ᠡᠭᠦᠷᠭᠡ ᠶᠢ ᠲᠣᠬᠢᠷᠠᠭᠤᠯᠪᠠ ᠃ ᠭᠠᠷᠠᠭ ᠪᠦᠷᠢ ᠶᠢᠨ ᠲᠣᠭᠲᠠᠮᠠᠯ ᠴᠠᠭ ᠲᠤ ᠬᠠᠮᠲᠤ ᠶᠢᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠭᠠᠷᠠᠭ ᠪᠦᠷᠢ ᠶᠢᠨ ᠲᠦᠷᠪᠡᠨ ᠤ ᠤᠷᠤᠢ ︽ᠰᠤᠷᠤᠯᠴᠠᠯᠭ᠎ᠠ ᠶᠢᠨ ᠤᠷᠤᠢ ᠶᠢᠨ ᠰᠤᠷᠭᠠᠭᠤᠯᠢ︾᠎ ᠶᠢ ᠡᠷᠬᠢᠯᠡᠵᠤ᠂ ᠲᠤᠰᠬᠠᠶ ᠰᠡᠳᠦᠪᠲᠦ ᠰᠤᠷᠤᠯᠴᠠᠯᠭ᠎ᠠ ᠨᠢᠭᠡᠪᠦᠷᠢ ᠳᠤ ᠴᠥᠮ ᠰᠤᠳᠤᠯᠤᠨ ᠶᠠᠷᠢᠯᠴᠠᠵᠤ ᠰᠣᠯᠢᠯᠴᠠᠬᠤ ᠪᠠ ᠤᠨᠤᠯ ᠤᠨ ᠰᠢᠯᠭᠠᠯᠲᠠ ᠶᠢ ᠵᠣᠬᠢᠶᠠᠨ ᠪᠠᠶᠢᠭᠤᠯᠳᠠᠭ  ᠶᠤᠮ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠨᠠᠮ ᠤᠨ ᠡᠭᠦᠷ ᠤᠨ ᠱᠦᠵᠢ 5 ᠰᠠᠷ᠎ᠠ᠂ 6 ᠰᠠᠷ᠎ᠠ ᠳᠤ ᠲᠣᠰ ᠲᠣᠰ ᠨᠠᠮ ᠤᠨ ᠭᠡᠰᠢᠭᠦᠨ ᠺᠠᠳ᠋ᠷᠴᠤᠳ ᠲᠤ ᠨᠠᠮ ᠤᠨ ᠲᠡᠤᠬᠡ ᠶᠢᠨ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠵᠤ᠂ ᠬᠠᠮᠲᠤ ᠶᠢᠨ ᠰᠤᠷᠤᠯᠴᠠᠯᠭ᠎ᠠ ᠶᠢ ᠨᠡᠶᠢᠲᠡ 15 ᠤᠳᠠᠭ᠎ᠠ ᠵᠣᠬᠢᠶᠠᠨ ᠪᠠᠶᠢᠭᠤᠯᠵᠤ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠪᠠ ᠣᠨᠣᠯ ᠤᠨ ᠰᠢᠯᠭᠠᠯᠲᠠ ᠶᠢ 5 ᠤᠳᠠᠭ᠎ᠠ ᠵᠣᠬᠢᠶᠠᠨ ᠪᠠᠶᠢᠭᠤᠯᠵᠤ᠂ ᠲᠤᠰᠬᠠᠶ ᠰᠡᠳᠦᠪᠲᠦ ᠨᠣᠮ ᠤᠩᠰᠢᠬᠤ ᠠᠩᠭᠢ ᠶᠢ 2 ᠬᠤᠭᠤᠴᠠᠭ᠎ᠠ ᠡᠷᠭᠢᠯᠡᠵᠦ᠂ ᠤᠯᠠᠭᠠᠨᠬᠠᠳᠠ ᠶᠢᠨ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ᠂ ᠨᠢᠩᠴᠧᠩ ᠤᠨ ᠭᠤᠤ ᠴᠢᠶᠣᠤ ᠶᠢᠨ ᠦᠷᠡᠭᠳᠡᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠳᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢ ᠥᠷᠨᠢᠭᠦᠯᠪᠡ᠃ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠡᠷ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ︽ᠭᠤᠷᠪᠠᠨ ᠠᠰᠠᠭᠤᠯᠲᠠ︾᠎ ᠶᠢᠨ ᠠᠵᠢᠯᠯᠠᠭ᠎ᠠ ᠥᠷᠨᠢᠭᠦᠯᠵᠦ᠂ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠡᠭᠦᠷᠭᠡ ᠶᠢᠨ ᠨᠠᠷᠢᠨ ᠲᠠᠩᠰᠠ ᠶᠢ ᠪᠣᠶ ᠪᠣᠯᠭᠠᠵᠤ᠂ 9 ᠵᠦᠢᠯ ᠤᠨ ᠪᠣᠳᠠᠲᠠᠶ ᠡᠭᠦᠷᠭᠡ ᠶᠢ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠪᠠ᠃ᠬᠥᠲᠥᠯᠥᠭᠴᠢ ᠄    ᠶᠡᠷᠦᠩᠬᠡᠢ ᠱᠦᠵᠢ ᠥᠪᠥᠷ ᠮᠣᠩᠭᠤᠯ ᠳᠤ ︽ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ  ᠪᠠᠲᠤᠯᠠᠬᠤ ᠬᠡᠷᠡᠭᠲᠡᠢ︾ ᠭᠡᠬᠦ ᠨᠠᠨᠳᠢᠨ ᠨᠠᠶᠢᠳᠠᠯᠭ᠎ᠠ ᠶᠢ ᠳᠤᠷᠠᠳᠴᠠᠢ᠃ ᠲᠠᠨ ᠤ ᠦᠵᠡᠬᠦ ᠪᠠᠷ ᠣᠳᠣᠬᠢᠴᠢᠯᠠᠯᠲᠠ ᠶᠢᠨ ᠰᠢᠨ᠎ᠡ ᠠᠶᠠᠨ ᠵᠠᠮ ᠳᠤ ᠦᠨᠳᠦᠰᠦᠲᠡᠨ ᠨᠥᠬᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠬᠡᠷᠬᠢᠨ ᠠᠬᠢᠭᠤᠯᠬᠤ ᠪᠤᠢ︖ᠰᠡᠴᠡᠨ ᠄    ᠰᠢᠨ᠎ᠡ ᠴᠠᠭ ᠦᠶ᠎ᠡ ᠰᠢᠨ᠎ᠡ ᠠᠶᠠᠨ ᠵᠠᠮ ᠨᠢ ᠰᠢᠨ᠎ᠡ ᠥᠷᠢᠰᠥᠯᠳᠦᠭᠡᠨ ᠢ ᠠᠪᠴᠢᠷᠠᠬᠤ ᠪᠣᠯᠤᠨ᠎ᠠ᠃ ᠦᠨᠳᠦᠰᠦᠲᠡᠨ ᠤ ᠠᠵᠢᠯᠲᠠᠨ ᠪᠣᠯᠤᠭᠰᠠᠨ ᠤ ᠬᠤᠪᠢ ᠳᠤ᠂ ᠮᠢᠨᠦ ᠪᠤᠳᠤᠬᠤ ᠪᠠᠷ ᠡᠩ ᠲᠡᠷᠢᠭᠦᠨ ᠳᠤ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠭᠦᠢᠴᠡᠳ ᠣᠨᠣᠪᠴᠢᠲᠠᠶ ᠤᠶᠢᠯᠠᠭᠠᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠭᠦᠨᠵᠡᠭᠡᠢ ᠮᠡᠳᠡᠷᠡᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠶᠡᠷᠦᠩᠬᠡᠢ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭ᠎ᠠ᠂ ᠨᠠᠨᠳᠢᠨ ᠨᠠᠶᠢᠳᠠᠯᠭ᠎ᠠ ᠶᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠵᠡᠯ ᠰᠠᠨᠠᠭᠠᠨ ᠤ ᠡᠬᠢ ᠪᠤᠯᠠᠭ ᠪᠠ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠃ ᠳᠠᠷᠠᠭᠠᠯᠠᠪᠠᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠯᠠᠪᠳᠠᠭᠤᠨ ᠪᠠᠲᠤᠲᠠᠶ ᠦᠷᠨᠢᠭᠦᠯᠪᠡ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠠᠭᠠᠨᠬᠠᠳᠠ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠷᠳᠤ ᠬᠤᠭᠤᠴᠠᠭ᠎ᠠ ᠪᠠᠷ ᠮᠠᠯᠵᠢᠬᠤ ᠲᠠᠷᠢᠶᠠᠯᠠᠬᠤ ᠣᠷᠣᠨ᠂ ᠬᠤᠳᠠ ᠶᠢᠨ ᠨᠡᠶᠢᠭᠡᠮ ᠲᠣᠭᠤᠷᠢᠭ᠂ ᠵᠠᠯᠠᠭᠤᠴᠤᠳ ᠪᠠᠭᠠᠴᠤᠳ᠂ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠬᠢᠵᠢᠭᠦᠯᠬᠦ ᠤᠬᠠᠮᠰᠠᠷ ᠤᠨ ᠬᠥᠮᠦᠵᠢᠯ ᠢ ᠥᠷᠨᠢᠭᠦᠯᠵᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠵᠡᠷᠭᠡ ᠠᠯᠢ ᠤᠯᠠᠨ ᠭᠠᠷᠳᠠᠴᠠ ᠶᠢ ᠳᠡᠯᠭᠡᠷᠡᠭᠦᠯᠦᠨ ᠲᠦᠭᠡᠮᠡᠯᠵᠢᠭᠦᠯᠬᠦ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠤᠬᠠᠶ ᠦᠵᠡᠯ ᠰᠠᠨᠠᠭ᠎ᠠ ᠲᠠᠨᠢᠯᠲᠠ ᠶᠢ ᠦᠷᠭᠦᠯᠵᠢᠯᠡᠨ  ᠭᠦᠨᠵᠡᠭᠡᠶᠢᠷᠡᠭᠦᠯᠪᠡ᠃ ᠨᠢᠳᠤᠨᠤᠨ ᠤ 9 ᠰᠠᠷ᠎ᠠ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠬᠥᠮᠦᠵᠢᠯ ᠪᠣᠯᠪᠠᠰᠤᠷᠠᠭᠤᠯᠤᠯ ᠤᠬᠠᠭᠤᠯᠤᠨ ᠲᠠᠶᠢᠯᠪᠤᠷᠢᠯᠠᠬᠤ ᠶᠢ ᠨᠡᠶᠢᠳᠡᠮ ᠬᠡᠷᠡᠭᠵᠢᠭᠦᠯᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠢᠳᠡ ᠲᠥᠪ ᠤᠨ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠬᠥᠮᠦᠵᠢᠯ ᠤᠨ ᠰᠢᠰᠲ᠋ᠧᠮ ᠤᠨ ᠪᠣᠯᠪᠠᠰᠤᠷᠠᠯ ᠤᠨ ᠠᠩᠭᠢ ᠶᠢ ᠵᠠᠯᠭᠠᠭ᠎ᠠ ᠪᠠᠷ 5 ᠬᠤᠭᠤᠴᠠᠭ᠎ᠠ ᠡᠷᠭᠢᠯᠡᠵᠦ᠂ ᠪᠥᠬᠦ ᠬᠤᠲᠠ ᠶᠢᠨ ᠨᠠᠮ ᠤᠨ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠪᠠ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠡᠶ᠃ ᠪᠣᠯᠪᠠᠰᠤᠷᠠᠯ ᠳᠤ ᠣᠷᠣᠯᠴᠠᠭᠰᠠᠨ ᠬᠡᠰᠡᠭ ᠬᠥᠮᠦᠰ ᠢ ᠰᠣᠩᠭᠤᠨ ᠲᠣᠮᠢᠯᠠᠵᠤ ᠪᠦᠬᠦ ᠬᠤᠳᠠ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ 2000 ᠭᠠᠷᠤᠢ ᠤᠳᠠᠭ᠎ᠠ ᠥᠷᠨᠢᠭᠦᠯᠵᠦ᠂ 40 ᠲᠦᠮᠡ ᠰᠢᠬᠠᠮ ᠬᠥᠮᠦᠨ ᠤᠳᠠᠭ᠎ᠠ ᠶᠢ ᠬᠠᠮᠤᠷᠴᠤ᠂ ︽ᠭᠤᠷᠪᠠ ᠠᠴᠠ ᠰᠠᠯᠵᠤ ᠴᠢᠳᠠᠬᠤ ᠦᠭᠡᠢ︾᠂ ︽ᠲᠠᠪᠤ ᠶᠢ ᠮᠡᠳᠡᠷᠡᠨ ᠵᠥᠪᠰᠢᠶᠡᠷᠡᠬᠦ︾ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠬᠤ ᠪᠠᠷ ᠴᠢᠷᠮᠠᠶᠢᠪᠠ᠃ ᠣᠳᠣᠬᠠᠨ ᠳᠤ ᠪᠢᠳᠡ ᠨᠢᠭᠡᠨᠲᠡ ᠤᠯᠠᠭᠠᠨᠬᠠᠳᠠ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠦᠢᠯᠡᠳᠦᠯᠭᠡ ᠶᠢᠨ ᠰᠤᠳᠤᠯᠭᠠᠨ ᠤ ᠲᠥᠪ ᠢ ᠪᠠᠶᠢᠭᠤᠯᠵᠤ᠂ ᠤᠯᠠᠨ ᠲᠠᠯ᠎ᠠ ᠶᠢᠨ ᠡᠬᠢ ᠪᠠᠶᠠᠯᠢᠭ ᠢ ᠤᠯᠠᠮ ᠴᠢᠨᠠᠭᠰᠢᠳᠠ ᠨᠡᠶᠢᠳᠬᠡᠵᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠶᠢᠨ ᠬᠥᠮᠦᠵᠢᠯ᠂ ᠤᠨᠤᠯ ᠤᠨ ᠰᠤᠳᠤᠯᠭᠠᠨ ᠠᠴᠠ ᠦᠢᠯᠡᠳᠦᠯᠭᠡ ᠶᠢᠨ ᠰᠢᠨ᠎ᠡ ᠶᠢ ᠡᠭᠦᠳᠬᠦ ᠲᠡᠰᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠪᠠ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠨ ᠵᠠᠮ ᠳᠤ᠂ ᠮᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠦᠵᠡᠯ ᠰᠠᠨᠠᠭ᠎ᠠ ᠪᠠᠨ ᠴᠢᠨᠠᠭᠰᠢᠳᠠ ᠴᠢᠯᠥᠭᠡᠯᠡᠵᠦ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠤᠯᠠᠭᠠᠨᠬᠠᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ