ᠰᠦᠩᠱᠠᠨ ᠲᠣᠭᠤᠷᠢᠭ
ᠨᠡᠶᠢᠲᠡᠯᠡᠭᠰᠡᠨ ᠴᠠᠭ᠄
2021/11/25
          ᠭᠠᠵᠠᠷ ᠵᠦᠢ ᠶᠢᠨ ᠪᠠᠶᠢᠷᠢᠰᠢᠯ ᠄       ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠯᠠᠭᠠᠨᠬᠠᠳᠠ ᠬᠤᠳᠠ ᠶᠢᠨ ᠡᠮᠦᠨ᠎ᠡ ᠪᠡᠶ᠎ᠡ ᠳᠤ ᠪᠠᠶᠢᠷᠢᠯᠠᠵᠤ᠂ ᠪᠠᠷᠠᠭᠤᠨ ᠯᠢᠶᠣᠤᠾᠧ ᠭᠤᠣᠯ ᠤᠨ ᠤᠰᠤᠨ ᠰᠢᠰᠲ᠋ᠧᠮ ᠤᠨ ᠳᠡᠭᠡᠳᠦ ᠤᠷᠤᠰᠬᠠᠯ ᠳᠤ ᠣᠷᠣᠰᠢᠵᠤ ᠪᠠᠶᠢᠳᠠᠭ᠃ ᠵᠡᠭᠦᠨ ᠦᠵᠦᠭᠦᠷ ᠨᠢ ᠬᠠᠷᠠᠲᠤᠬᠤᠢ ᠪᠠᠯᠭᠠᠰᠤᠨ ᠤ ᠯᠠᠩ ᠵᠢᠶᠦ᠋ᠨ ᠬᠠᠷ᠎ᠠ ᠠᠭᠤᠯᠠᠨ ᠠᠴᠠ ᠵᠡᠭᠦᠨᠰᠢ 4.5 ᠺᠢᠯᠣᠮᠧᠲᠷ ᠤᠨ ᠯᠤᠤᠬ᠎ᠠ ᠶᠢᠨ ᠭᠤᠣᠯ ᠤᠨ ᠵᠡᠭᠦᠨ ᠡᠷᠭᠢ᠂ ᠪᠠᠷᠠᠭᠤᠨ ᠦᠵᠦᠭᠦᠷ ᠨᠢ ᠳ᠋ᠡ ᠭᠤᠸᠠᠩ ᠳ᠋ᠢᠩ ᠽᠢ ᠠᠭᠤᠯᠠ᠂ ᠡᠮᠦᠨ᠎ᠡ ᠦᠵᠦᠭᠦᠷ ᠨᠢ ᠬᠠᠭᠤᠴᠢᠨ ᠬᠤᠷᠤᠭ᠎ᠠ ᠪᠠᠯᠭᠠᠰᠤᠨ ᠤ ᠶᠠᠩ ᠱᠤ᠋ ᠸᠠᠨ ᠽᠢ ᠲᠣᠰᠬᠤᠨ ᠤ ᠡᠮᠦᠨ᠎ᠡ ᠪᠡᠶ᠎ᠡ᠂ ᠬᠤᠶᠢᠲᠤ ᠦᠵᠦᠭᠦᠷ ᠨᠢ ᠬᠠᠷᠠᠲᠤᠬᠤᠢ ᠪᠠᠯᠭᠠᠰᠤᠨ ᠤ ᠲᠤᠤ ‍ᠤᠤᠢ ᠶᠢᠩᠽᠢ ᠶᠢᠨ ᠪᠸᠢ ᠱᠢ ᠮᠧᠨ ᠭᠤᠤ ᠪᠠᠶᠢᠵᠤ᠂ ᠵᠡᠭᠦᠨᠰᠢ ᠪᠠᠷᠠᠭᠤᠨᠰᠢ ᠬᠠᠮᠤᠭ ᠣᠷᠳᠣ ᠨᠢ 152.5 ᠺᠢᠯᠣᠮᠧᠲᠷ᠂ ᠡᠮᠦᠨᠡᠰᠢ ᠤᠮᠠᠷᠠᠰᠢ ᠬᠠᠮᠤᠭ ᠥᠷᠭᠡᠨ ᠨᠢ 77 ᠺᠢᠯᠣᠮᠧᠲᠷ ᠪᠠᠶᠢᠳᠠᠭ᠃ ᠵᠡᠭᠦᠨ ᠲᠠᠯ᠎ᠠ ᠪᠠᠷ ᠢᠶᠠᠨ ᠠᠤᠬᠠᠨ ᠬᠤᠰᠢᠭᠤ ᠲᠠᠢ ᠨᠢᠭᠤᠷᠯᠠᠵᠤ᠂ ᠡᠮᠦᠨ᠎ᠡ ᠲᠠᠯ᠎ᠠ ᠪᠠᠷ ᠢᠶᠠᠨ ᠬᠠᠷᠠᠴᠢᠨ ᠬᠤᠰᠢᠭᠤ᠂ ᠬᠤᠩᠱᠠᠨ ᠲᠣᠭᠤᠷᠢᠭ᠂ ᠶᠤᠸᠠᠨ ᠪᠦᠦ ᠱᠠᠨ ᠲᠤᠭᠤᠷᠢᠭ ᠲᠠᠢ ᠵᠠᠬ᠎ᠠ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ  ᠡᠾᠧᠪᠸᠢ ᠮᠤᠵᠢ ᠶᠢᠨ ᠸᠧᠶ ᠴᠠᠩ ᠰᠢᠶᠠᠨ ᠲᠠᠢ ᠬᠥᠷᠰᠢᠯᠡᠵᠦ᠂ ᠪᠠᠷᠠᠭᠤᠨ ᠬᠤᠶᠢᠲᠤ ᠲᠠᠯ᠎ᠠ ᠪᠠᠷ ᠢᠶᠠᠨ ᠬᠡᠰᠢᠭᠲᠡᠨ ᠬᠤᠰᠢᠭᠤ ᠲᠠᠢ ᠵᠠᠬ᠎ᠠ ᠨᠡᠶᠢᠯᠡᠵᠦ᠂  ᠬᠤᠶᠢᠲᠤ  ᠲᠠᠯ᠎ᠠ ᠪᠠᠷ ᠢᠶᠠᠨ ᠣᠩᠨᠢᠭᠤᠳ ᠬᠤᠰᠢᠭᠤ ᠲᠠᠢ ᠵᠠᠯᠭᠠᠯᠳᠤᠵᠤ ᠪᠠᠶᠢᠨ᠎ᠠ᠃      ᠭᠠᠵᠠᠷ ᠤᠨ ᠲᠥᠷᠬᠦ᠄       ᠰᠦᠩᠱᠠᠨ ᠲᠣᠭᠤᠷᠢᠭ ᠤᠨ ᠭᠠᠵᠠᠷ ᠤᠨ ᠪᠠᠶᠢᠴᠠ ᠨᠢ ᠪᠠᠷᠠᠭᠤᠨ ᠢᠶᠠᠨ ᠥᠨᠳᠥᠷ ᠵᠡᠭᠦᠨ ᠢᠶᠠᠨ ᠳᠣᠣᠷ᠎ᠠ ᠪᠠᠶᠢᠵᠤ᠂ ᠭᠤᠣᠯ ᠮᠥᠷᠡᠨ ᠨᠢ ᠦᠨᠳᠦᠰᠦᠨ ᠳᠡᠭᠡᠨ ᠪᠠᠶᠢᠭᠠᠯᠢ ᠶᠢᠨ ᠭᠠᠵᠠᠷ ᠤᠨ ᠪᠠᠶᠢᠴᠠ ᠶᠢ ᠳᠠᠭᠠᠵᠤ ᠪᠠᠷᠠᠭᠤᠨ ᠠᠴᠠ ᠵᠡᠭᠦᠨᠰᠢ ᠣᠷᠣᠰᠴᠤ᠂ ᠯᠤᠤᠬ᠎ᠠ ᠶᠢᠨ ᠭᠤᠣᠯ ᠳᠤ ᠤᠷᠤᠰᠤᠨ ᠣᠷᠣᠨ᠎ᠠ᠃ ᠬᠠᠮᠤᠭ ᠥᠨᠳᠥᠷ ᠴᠡᠭ ᠨᠢ ᠰᠦᠩᠱᠠᠨ ᠲᠣᠭᠤᠷᠢᠭ᠂ ᠬᠡᠰᠢᠭᠲᠡᠨ ᠬᠤᠰᠢᠭᠤ ᠪᠠ ᠸᠧᠶ ᠴᠠᠩ ᠰᠢᠶᠠᠨ ᠤ ᠬᠤᠭᠤᠷᠣᠨᠳᠣᠬᠢ ᠳ᠋ᠠ ᠭᠤᠸᠠᠩ ᠳ᠋ᠢᠩ ᠽᠢ ᠠᠭᠤᠯᠠ ᠪᠠᠶᠢᠵᠤ᠂ ᠳᠠᠯᠠᠶ ᠶᠢᠨ ᠲᠦᠪᠰᠢᠨ ᠠᠴᠠ 2067 ᠮᠧᠲᠷ ᠡᠷᠭᠦᠭᠳᠡᠵᠦ᠂ ᠬᠠᠮᠤᠭ ᠳᠣᠣᠷ᠎ᠠ ᠭᠠᠵᠠᠷ ᠨᠢ ᠶᠠᠩ ᠴᠠᠩ ᠽᠢ ᠭᠤᠣᠯ ᠪᠣᠯᠤᠨ ᠯᠤᠤᠬ᠎ᠠ ᠶᠢᠨ ᠭᠤᠣᠯ ᠤᠨ ᠤᠷᠤᠰᠬᠠᠯ ᠨᠡᠶᠢᠯᠡᠵᠦ ᠪᠠᠶᠢᠭ᠎ᠠ ᠪᠥᠸᠧ ᠯᠦᠸᠧ ᠾᠧ ᠱᠦᠸᠧ ᠣᠷᠣᠨ ᠪᠠᠶᠢᠵᠤ᠂ ᠳᠠᠯᠠᠶ ᠶᠢᠨ ᠲᠦᠪᠰᠢᠨ ᠠᠴᠠ 440 ᠮᠧᠲᠷ ᠣᠷᠴᠢᠮ ᠡᠷᠭᠦᠭᠳᠡᠭᠰᠡᠨ ᠪᠠᠶᠢᠨ᠎ᠠ᠃ ᠬᠠᠷᠢᠴᠠᠩᠭᠤᠶ ᠥᠨᠳᠥᠷ ᠤᠨ ᠵᠥᠷᠢᠶ᠎ᠡ ᠨᠢ 1627 ᠮᠧᠲᠷ ᠪᠠᠶᠢᠵᠤ᠂ ᠳᠤᠮᠳᠠᠴᠢ ᠪᠠᠷ ᠳᠠᠯᠠᠶ ᠶᠢᠨ ᠲᠦᠪᠰᠢᠨ ᠠᠴᠠ 500 ~ 700 ᠮᠧᠲᠷ ᠡᠷᠭᠦᠭᠳᠡᠭᠰᠡᠨ ᠪᠠᠶᠢᠨ᠎ᠠ᠃ ᠪᠦᠬᠦ ᠬᠢᠯᠢ ᠶᠢᠨ ᠲᠤᠳᠤᠷ᠎ᠠ ᠳᠠᠯᠠᠶ ᠶᠢᠨ ᠲᠦᠪᠰᠢᠨ ᠠᠴᠠ 1000 ᠮᠧᠲᠷ ᠠᠴᠠ ᠳᠡᠭᠡᠭᠰᠢ ᠡᠷᠭᠦᠭᠳᠡᠭᠰᠡᠨ ᠠᠭᠤᠯᠠᠨ ᠣᠷᠭᠢᠯ 81 ᠪᠠᠶᠢᠵᠤ᠂ ᠡᠭᠦᠨ ᠤ ᠳᠣᠲᠣᠷ᠎ᠠ 1500 ᠮᠧᠲᠷ ᠠᠴᠠ ᠳᠡᠭᠡᠭᠰᠢ ᠨᠢ 15 ᠪᠤᠶ᠃      ᠬᠥᠷᠥᠰᠥ ᠰᠢᠷᠣᠶ᠄       ᠪᠥᠬᠦ ᠲᠤᠭᠤᠷᠢᠭ ᠤᠨ ᠶᠡᠷᠦᠩᠬᠡᠶ ᠲᠠᠯᠠᠪᠠᠶ 842.7 ᠲᠦᠮᠡᠨ ᠮᠥ ᠪᠠᠶᠢᠵᠤ᠂ ᠲᠠᠷᠢᠶᠠᠯᠠᠬᠤ ᠳᠤ ᠳᠣᠭᠢᠷᠠᠬᠤ ᠭᠠᠵᠠᠷ ᠨᠢ ᠪᠥᠬᠦ ᠲᠠᠯᠠᠪᠠᠶ ᠶᠢᠨ 22.8%᠎ ᠶᠢ ᠡᠵᠡᠯᠡᠵᠦ᠂ ᠮᠠᠯᠵᠢᠬᠤ ᠳᠤ ᠳᠣᠭᠢᠷᠠᠬᠤ ᠭᠠᠵᠠᠷ ᠨᠢ ᠪᠥᠬᠦ ᠲᠠᠯᠠᠪᠠᠶ ᠶᠢᠨ 30.3%᠎ ᠶᠢ ᠡᠵᠡᠯᠡᠨ᠎ᠡ᠃ ᠪᠥᠬᠦ ᠲᠤᠭᠤᠷᠢᠭ ᠤᠨ ᠬᠥᠷᠥᠰᠥ ᠰᠢᠷᠣᠶ ᠨᠡᠶᠢᠲᠡ 7 ᠲᠥᠷᠥᠯ ᠬᠡᠯᠪᠡᠷᠢ ᠲᠠᠢ ᠪᠠᠶᠢᠵᠤ᠂ ᠤᠯᠠᠪᠤᠷ ᠬᠥᠷᠥᠰᠥᠨ ᠤ ᠲᠠᠯᠠᠪᠠᠶ ᠨᠢ 160.6 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 19.1%᠎ ᠶᠢ ᠡᠵᠡᠯᠡᠨ᠎ᠡ︔ ᠬᠦᠷᠡᠩ ᠰᠢᠷᠣᠶ 326.9 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 38.8%᠎ ᠶᠢ ᠡᠵᠡᠯᠡᠨ᠎ᠡ︔ ᠰᠢᠷ᠎ᠠ ᠬᠥᠪᠰᠥᠭᠡᠷ ᠰᠢᠷᠣᠶ 249.2 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 29.6%᠎ ᠶᠢ ᠡᠵᠡᠯᠡᠨ᠎ᠡ︔ ᠡᠯᠡᠰᠦᠨ ᠰᠢᠭᠤᠷᠭᠠᠲᠤ ᠬᠥᠷᠥᠰᠥ 18.2 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 2.2%᠎ ᠢ ᠡᠵᠡᠯᠡᠨ᠎ᠡ︔ ᠨᠤᠭᠤ ᠶᠢᠨ ᠬᠥᠷᠥᠰᠥ 15.6 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 1.9%᠎ ᠶᠢ ᠡᠵᠡᠯᠡᠨ᠎ᠡ︔ ᠬᠠᠷ᠎ᠠ ᠺᠠᠯᠽᠳᠤ ᠬᠥᠷᠥᠰᠥ 26.1 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 3.1%᠎ ᠶᠢ ᠡᠵᠡᠯᠡᠨ᠎ᠡ︔ ᠬᠠᠷ᠎ᠠ ᠬᠥᠷᠥᠰᠥᠲᠦ ᠰᠢᠷᠣᠶ 21.1 ᠲᠦᠮᠡᠨ ᠮᠥ ᠪᠠᠶᠢᠵᠤ᠂ ᠶᠡᠷᠦᠩᠬᠡᠶ ᠲᠠᠯᠠᠪᠠᠶ ᠶᠢᠨ 2.5%᠎ ᠶᠢ ᠡᠵᠡᠯᠡᠨ᠎ᠡ᠃       ᠤᠷᠭᠤᠮᠠᠯ ᠤᠨ ᠬᠤᠴᠢᠯᠭ᠎ᠠ ᠄      ᠰᠦᠩᠱᠠᠨ ᠲᠣᠭᠤᠷᠢᠭ ᠰᠤᠩᠭᠠᠷᠢ ᠮᠥᠷᠡᠨ ᠬᠢᠭᠡᠳ ᠯᠢᠶᠣᠤᠾᠧ ᠭᠤᠣᠯ ᠤᠨ ᠲᠠᠯ᠎ᠠ ᠭᠠᠵᠠᠷ᠂ ᠥᠪᠥᠷ ᠮᠣᠩᠭᠤᠯ ᠤᠨ ᠥᠨᠳᠦᠷᠯᠢᠭ ᠤᠨ ᠳᠤᠮᠳᠠ ᠬᠡᠰᠡᠭ ᠲᠤ ᠣᠷᠣᠰᠢᠵᠤ᠂ ᠤᠮᠠᠷᠠᠲᠤ ᠣᠷᠣᠨ ᠤ ᠤᠷᠭᠤᠮᠠᠯ ᠤᠨ ᠣᠷᠣᠨ ᠤ ᠰᠢᠰᠲ᠋ᠧᠮ ᠬᠢᠭᠡᠳ ᠵᠡᠭᠦᠨ ᠬᠤᠶᠢᠲᠤ ᠶᠢᠨ ᠤᠷᠭᠤᠮᠠᠯ ᠤᠨ ᠣᠷᠣᠨ ᠤ ᠰᠢᠰᠲ᠋ᠧᠮ ᠤᠨ ᠠᠭᠤᠯᠵᠠᠷ ᠲᠤ ᠬᠠᠷᠢᠶᠠᠯᠠᠭᠳᠠᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠤ ᠤᠷᠭᠤᠮᠠᠯ  ᠪᠦᠷ ᠪᠠᠶᠢᠳᠠᠭ᠃ ᠪᠠᠷᠠᠭᠤᠨ ᠬᠡᠰᠡᠭ ᠤᠨ ᠠᠭᠤᠯᠠᠷᠬᠠᠭ ᠣᠷᠣᠨ ᠳᠤ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠲᠠᠷᠬᠠᠵᠤ᠂ ᠳᠤᠮᠳᠠ ᠵᠡᠭᠦᠨ ᠬᠡᠰᠡᠭ ᠤᠨ ᠪᠣᠭᠤᠨᠢ ᠠᠭᠤᠯᠠ ᠳᠣᠪᠣᠷᠬᠠᠭ ᠣᠷᠣᠨ ᠳᠤ ᠭᠠᠩ ᠬᠠᠭᠤᠷᠠᠶ ᠬᠡᠭᠡᠷ᠎ᠡ ᠲᠠᠯ᠎ᠠ ᠶᠢᠨ ᠤᠷᠭᠤᠮᠠᠯ ᠤᠨ ᠬᠤᠴᠢᠯᠭ᠎ᠠ ᠲᠠᠷᠬᠠᠵᠤ ᠪᠠᠶᠢᠳᠠᠭ᠃      ᠬᠥᠮᠦᠨ ᠠᠮᠠ᠄        2020 ᠣᠨ ᠤ ᠡᠴᠦᠰ ᠲᠤ᠂ ᠪᠥᠬᠦ ᠲᠤᠭᠤᠷᠢᠭ ᠤᠨ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ 246758 ᠡᠷᠦᠬᠡ᠂ 611014 ᠬᠥᠮᠦᠨ ᠪᠠᠶᠢᠵᠤ᠂ ᠡᠭᠦᠨ ᠳᠤ ᠡᠷᠡᠭᠲᠡᠶ 314678 ᠬᠥᠮᠦᠨ᠂ ᠡᠮᠡᠭᠲᠡᠶ 296336 ᠬᠥᠮᠦᠨ ᠪᠣᠶ︔ ᠬᠥᠳᠡᠭᠡ ᠲᠣᠰᠬᠤᠨ ᠤ ᠬᠥᠮᠦᠨ ᠠᠮᠠ 394461᠂ ᠬᠤᠲᠠ ᠪᠠᠯᠭᠠᠰᠤ ᠶᠢᠨ ᠬᠦᠮᠦᠨ ᠠᠮᠠ 216553 ᠪᠠᠶᠢᠵᠤ᠂  ᠰᠢᠨ᠎ᠡ ᠪᠠᠷ 6637 ᠬᠥᠮᠦᠨ ᠳᠦᠷᠦᠵᠦ᠂ ᠬᠥᠮᠦᠨ ᠠᠮᠠ ᠶᠢᠨ ᠲᠥᠷᠥᠯᠲᠡ ᠶᠢᠨ ᠨᠣᠷᠮ᠎ᠠ 10.9‰ ᠪᠠᠶᠢᠵᠤ᠂ 7496 ᠬᠥᠮᠦᠨ ᠥᠭᠦᠵᠦ᠂ ᠥᠭᠦᠭᠰᠡᠨ ᠨᠣᠷᠮ᠎ᠠ 12.3‰  ᠪᠠᠶᠢᠵᠤ᠂ ᠠᠶᠠᠨᠳᠠᠭᠠᠨ ᠨᠡᠮᠡᠭᠳᠡᠬᠦ ᠨᠣᠷᠮ᠎ᠠ -1.4‰ ︵2020 ᠣᠨ ᠳᠤ ᠰᠦᠩᠱᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠡᠷᠦᠬᠡ ᠠᠮᠠ ᠶᠢᠨ ᠲᠠᠩᠰᠠ ᠶᠢ ᠴᠡᠭᠴᠡᠯᠡᠭᠰᠡᠨ ᠲᠤᠯᠠ ᠥᠭᠦᠭᠰᠡᠨ ᠬᠥᠮᠦᠨ ᠠᠮᠠ ᠶᠢᠨ ᠲᠤᠭ᠎ᠠ ᠥᠩᠭᠡᠷᠡᠭᠰᠡᠨ ᠵᠢᠯ ᠤᠳ ᠤᠨ ᠬᠢ ᠠᠴᠠ ᠥᠨᠳᠥᠷ ᠪᠣᠯᠵᠣ᠂ ᠬᠥᠮᠦᠨ ᠠᠮᠠ ᠶᠢᠨ ᠲᠤᠭ᠎ᠠ ᠶᠢ ᠰᠥᠭᠡᠷᠭᠦ ᠨᠡᠮᠡᠭᠳᠡᠯ ᠲᠠᠢ ᠪᠣᠯᠭᠠᠪᠠ︶︔ 12794 ᠬᠥᠮᠦᠨ ᠨᠡᠭᠦᠨ ᠢᠷᠡᠵᠦ᠂ 8772 ᠬᠦᠮᠦᠨ ᠨᠡᠭᠦᠨ ᠶᠠᠪᠤᠪᠠ᠃      ᠦᠨᠳᠦᠰᠦᠲᠡᠨ᠄      2020 ᠣᠨ ᠤ ᠵᠢᠯ ᠤᠨ ᠡᠴᠦᠰ ᠲᠤ᠂ ᠡᠷᠦᠬᠡ ᠠᠮᠠ ᠶᠢᠨ ᠲᠠᠩᠰᠠ ᠲᠠᠢ ᠬᠥᠮᠦᠨ ᠠᠮᠠ ᠶᠢ ᠦᠨᠳᠦᠰᠦᠯᠡᠪᠡᠯ᠂ ᠪᠥᠬᠦ ᠲᠤᠭᠤᠷᠢᠭ ᠲᠤ ᠬᠢᠲᠠᠳ ᠦᠨᠳᠦᠰᠦᠲᠡᠨ 422699 ᠬᠥᠮᠦᠨ ᠪᠠᠶᠢᠵᠤ᠂ 26 ᠴᠥᠭᠡᠨ ᠲᠣᠭᠠᠲᠤ ᠦᠨᠳᠦᠰᠦᠲᠡᠨ ᠪᠠᠶᠢᠵᠤ᠂ 188315 ᠬᠥᠮᠦᠨ ᠠᠮᠠ ᠪᠤᠢ᠃ ᠡᠭᠦᠨ ᠳᠤ ᠮᠣᠩᠭᠤᠯ ᠦᠨᠳᠦᠰᠦᠲᠡᠨ 138801 ᠬᠥᠮᠦᠨ᠂ ᠬᠤᠲᠣᠩ ᠦᠨᠳᠦᠰᠦᠲᠡᠨ 4068 ᠬᠥᠮᠦᠨ᠂ ᠮᠠᠨᠵᠤ ᠦᠨᠳᠦᠰᠦᠲᠡᠨ 44569 ᠬᠥᠮᠦᠨ᠂ ᠰᠣᠯᠣᠩᠭᠤᠰ ᠦᠨᠳᠦᠰᠦᠲᠡᠨ 212 ᠬᠥᠮᠦᠨ᠂ ᠳᠠᠭᠤᠷ ᠦᠨᠳᠦᠰᠦᠲᠡᠨ 109 ᠬᠥᠮᠦᠨ᠂ ᠡᠸᠡᠩᠬᠢ ᠦᠨᠳᠦᠰᠦᠲᠡᠨ 20 ᠬᠥᠮᠦᠨ᠂ ᠣᠷᠴᠣᠨ ᠦᠨᠳᠦᠰᠦᠲᠡᠨ 22 ᠬᠥᠮᠦᠨ᠂ ᠵᠤᠸᠠᠩ ᠦᠨᠳᠦᠰᠦᠲᠡᠨ 73 ᠬᠥᠮᠦᠨ᠂ ᠲᠥᠪᠡᠳ ᠦᠨᠳᠦᠰᠦᠲᠡᠨ 13 ᠬᠥᠮᠦᠨ᠂ ᠰᠢᠪᠡᠭᠡ ᠦᠨᠳᠦᠰᠦᠲᠡᠨ 53 ᠬᠥᠮᠦᠨ᠂ ᠢ ᠦᠨᠳᠦᠰᠦᠲᠡᠨ 21 ᠬᠥᠮᠦᠨ᠂ ᠲᠦᠵᠢᠶᠠ ᠦᠨᠳᠦᠰᠦᠲᠡᠨ 69 ᠬᠥᠮᠦᠨ᠂ ᠮᠢᠶᠣᠣ ᠦᠨᠳᠦᠰᠦᠲᠡᠨ 72 ᠬᠥᠮᠦᠨ᠂ ᠤᠶᠢᠭᠤᠷ ᠦᠨᠳᠦᠰᠦᠲᠡᠨ 1 ᠬᠥᠮᠦᠨ᠂ ᠪᠤᠰᠤᠳ ᠴᠥᠭᠡᠨ ᠲᠣᠭᠠᠲᠤ ᠦᠨᠳᠦᠰᠦᠲᠡᠨ 212 ᠬᠥᠮᠦᠨ ᠪᠤᠢ᠃      ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠄      ᠰᠦᠩᠱᠠᠨ ᠲᠣᠭᠤᠷᠢᠭ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠠᠶᠢᠵᠤ᠂ ᠪᠦᠬᠦ ᠬᠤᠳᠠ ᠶᠢᠨ ᠤᠯᠤᠰ ᠲᠦᠷᠦ᠂ ᠰᠣᠶᠣᠯ ᠤᠨ ᠲᠥᠪ ᠪᠣᠯᠤᠨ᠎ᠠ᠃ ᠪᠥᠬᠦ ᠲᠤᠭᠤᠷᠢᠭ ᠲᠤ 9 ᠪᠠᠯᠭᠠᠰᠤ 5 ᠰᠢᠶᠠᠩ᠂ 7 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 244 ᠵᠠᠰᠠᠭ ᠵᠠᠬᠢᠷᠭᠠᠨ ᠤ ᠲᠣᠰᠬᠤᠨ᠂ 44 ᠬᠤᠲᠠ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ 3 ᠬᠥᠳᠡᠭᠡ ᠲᠣᠰᠬᠤᠨ ᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠪᠤᠢ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠷᠬᠢᠯᠡᠬᠦ ᠭᠠᠵᠠᠷ ᠤᠨ ᠪᠠᠶᠢᠭᠤᠯᠤᠮᠵᠢ ᠨᠢ ᠪᠣᠳᠠᠲᠠᠶ ᠪᠠᠷ᠄ ᠮᠦ ᠵᠢᠶᠠ ᠶᠢᠩᠽᠢ ᠪᠠᠯᠭᠠᠰᠤ᠂ ᠬᠠᠭᠤᠴᠢᠨ ᠬᠤᠷᠤᠭ᠎ᠠ ᠪᠠᠯᠭᠠᠰᠤ᠂ ᠴᠢᠳᠬᠤᠯᠠᠩ ᠪᠠᠯᠭᠠᠰᠤ᠂ ᠲᠠᠢ ᠫᠢᠩ ᠳ᠋ᠢ ᠪᠠᠯᠭᠠᠰᠤ᠂ ᠸᠠᠩ ᠤᠨ ᠬᠤᠷᠤᠭ᠎ᠠ ᠪᠠᠯᠭᠠᠰᠤ᠂ ᠳ᠋ᠠ ᠮᠢᠶᠣᠣ ᠪᠠᠯᠭᠠᠰᠤ᠂ ᠠᠩᠴᠢᠨ ᠪᠠᠯᠭᠠᠰᠤ᠂ ᠬᠠᠷᠠᠲᠤᠬᠤᠢ ᠪᠠᠯᠭᠠᠰᠤ᠂ ᠱᠠᠩ ᠭᠤᠸᠠᠨ ᠳ᠋ᠢ ᠪᠠᠯᠭᠠᠰᠤ᠂ ᠰᠢᠶᠠ ᠵᠢᠶᠠ ᠳ᠋ᠢᠶᠠᠨ ᠰᠢᠶᠠᠩ᠂ ᠳ᠋ᠠᠩ ᠫᠦ᠋ ᠳ᠋ᠢ ᠶᠢᠨ ᠮᠠᠨᠵᠤ ᠦᠨᠳᠦᠰᠦᠲᠡᠨ ᠤ ᠰᠢᠶᠠᠩ᠂ ᠭᠠᠩᠽᠢ ᠰᠢᠶᠠᠩ᠂  ᠴᠧᠩᠽᠢ ᠰᠢᠶᠠᠩ᠂ ᠳ᠋ᠠᠢ ᠹᠦ᠋ ᠶᠢᠩᠽᠢ ᠰᠢᠶᠠᠩ᠂ ᠰᠢᠶᠠᠩ ᠶᠠᠩ  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠧᠨ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠦᠩᠵᠧᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠢᠶᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠢᠩᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠢᠦᠢ ᠯᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠴᠢᠤᠸᠠᠨ ᠨᠢᠩ  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠯᠤᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ